ᠣᠶᠢᠷ᠎ᠠ ᠶᠢᠨ ᠡᠳᠦᠷ ᠦᠨᠳᠦᠷ ᠬᠠᠯᠠᠭᠤᠨ ᠠᠭᠤᠷ ᠠᠮᠢᠰᠬᠤᠯ ᠦᠷᠭᠦᠯᠵᠢᠯᠡᠵᠣ ᠪᠠᠶᠢᠪᠠᠴᠦ ᠪᠣᠯᠪᠠᠰᠣᠨ ᠬᠤᠳᠠ | ᠶᠢ ᠡᠭᠦᠳᠦᠨ ᠪᠠᠶᠢᠭᠤᠯᠵᠣ ᠪᠠᠶᠢᠭ᠎ᠠ ᠨᠢᠭᠡᠳᠦᠭᠡᠷ ᠹᠷᠣᠨᠲ ᠤᠨ ᠠᠵᠢᠯᠳᠠᠳ ᠮᠦᠨ ᠯᠡ ᠠᠵᠢᠯ ᠤᠨ ᠪᠠᠶᠢᠷᠢ ᠪᠠᠨ ᠪᠠᠳᠦ | ᠰᠠᠬᠢᠵᠣ᠂ ᠬᠤᠳᠠ ᠶᠢᠨ ᠴᠡᠪᠡᠷ ᠲᠡᠭᠰᠢ ᠡᠮᠬᠢ ᠵᠢᠷᠣᠮ ᠲᠠᠢ ᠪᠠᠶᠢᠬᠤ ᠶᠢᠨ ᠲᠦᠯᠦᠭᠡ ᠦᠪᠡᠷ ᠤᠨ ᠬᠠᠷᠠᠮ ᠦᠭᠡᠢ | ᠵᠢᠳᠬᠦᠯ ᠢᠶᠠᠨ ᠦᠵᠡᠭᠦᠯᠦᠨ᠎ᠡ᠃ | ᠣᠯᠵᠠᠴᠢ ᠪᠠᠯᠭᠠᠰᠦ ᠶᠢᠨ ᠱᠠᠩᠬᠠᠢ ᠶᠢᠨ ᠰᠦᠮ᠎ᠡ ᠵᠠᠮ ᠤᠨ ᠬᠡᠰᠡᠭ ᠲᠤ᠂ ᠬᠠᠯᠠᠭᠤᠨ ᠨᠠᠷᠠ ᠰᠢᠷᠠᠵᠣ ᠪᠠᠶᠢᠪᠠᠴᠣ᠂ | ᠵᠠᠮ ᠬᠠᠮᠠᠭᠠᠯᠠᠬᠤ ᠠᠵᠢᠯᠴᠢᠳ ᠵᠠᠮ ᠤᠨ ᠲᠡᠮᠳᠡᠭ ᠱᠣᠭᠤᠮ ᠲᠠᠳᠠᠬᠤ ᠠᠵᠢᠯ ᠢ ᠡᠮᠬᠢ ᠵᠠᠮᠪᠠᠷᠠᠭ᠎ᠠ ᠲᠠᠢ ᠬᠢᠵᠣ | ᠪᠠᠶᠢᠯ᠎ᠠ᠃ ᠬᠤᠳᠠ ᠪᠠᠯᠭᠠᠰᠦ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠣ᠂ ᠴᠢᠨᠠᠷ ᠴᠢᠨᠰᠠᠭ᠎ᠠ ᠶᠢ | ᠲᠡᠭᠡᠭᠰᠢᠯᠡᠭᠦᠯᠬᠦ ᠶᠢᠨ ᠲᠦᠯᠦᠭᠡ᠂ ᠮᠠᠨ ᠤ ᠬᠤᠰᠢᠭᠤᠨ ᠤ ᠬᠢᠨ ᠪᠠᠯᠭᠠᠰᠣᠨ ᠤ ᠲᠡᠷᠭᠡᠨ ᠵᠠᠮ᠂ ᠶᠠᠪᠠᠭᠠᠨ ᠬᠦᠮᠦᠨ ᠤ | ᠵᠡᠮ ᠪᠣᠯᠣᠨ ᠵᠠᠮ ᠤᠨ ᠬᠤᠶᠠᠷ ᠲᠠᠯ᠎ᠠ ᠶᠢᠨ ᠲᠡᠮᠳᠡᠭ ᠱᠣᠭᠤᠮ ᠪᠠ ᠪᠣᠰᠣᠳ ᠲᠠᠭᠠᠯᠳᠠ ᠲᠦᠭᠦᠭᠡᠷᠦᠮᠵᠢ ᠶᠢ ᠪᠦᠬᠦ | ᠲᠠᠯ᠎ᠠ ᠪᠠᠷ ᠰᠡᠯᠪᠢᠨ ᠵᠠᠰᠠᠵᠣ᠂ ᠣᠯᠠᠨ ᠲᠦᠮᠡᠨ ᠳᠤ ᠠᠮᠣᠷ ᠲᠦᠪᠰᠢᠨ᠂ ᠰᠠᠭᠠᠳ ᠦᠭᠡᠢ᠂ ᠲᠦᠭᠦᠮ ᠲᠦᠳᠡ | ᠠᠶᠠᠯᠠᠯ ᠤᠨ ᠣᠷᠴᠢᠨ ᠲᠣᠭᠤᠷᠢᠨ ᠢ ᠪᠣᠢ ᠪᠣᠯᠭᠠᠵᠣ ᠦᠭᠭᠦᠨ᠎ᠡ᠃ | | | | | ᠬᠤᠰᠢᠭᠤᠨ ᠤ ᠨᠡᠶᠢᠳᠡ ᠶᠢᠨ ᠬᠡᠷᠡᠭᠯᠡᠭᠡᠨ ᠤ ᠣᠶᠢᠯᠠᠰ ᠤᠨ ᠣᠶᠢᠯᠡᠴᠢᠯᠡᠭᠡᠨ ᠤ ᠲᠦᠪ ᠤᠨ ᠶᠠᠨ ᠫᠧᠢ ᠯᠢᠶᠠᠩ | ᠤᠨ ᠬᠡᠯᠡᠬᠦ ᠪᠠᠷ᠂ ᠲᠡᠳᠡ ᠡᠳᠦᠷ ᠪᠦᠷᠢ ᠦᠷᠯᠦᠭᠡ ᠶᠢᠨ 6 ᠴᠠᠭ ᠠᠴᠠ ᠣᠷᠣᠢ ᠶᠢᠨ 9 ᠴᠠᠭ ᠪᠣᠯᠳᠠᠯ᠎ᠠ ᠠᠵᠢᠯᠯᠠᠵᠣ᠂ | ᠭᠤᠷᠪᠠᠨ ᠠᠵᠢᠯᠯᠠᠬᠤ ᠲᠣᠭᠤᠶᠢᠯᠠᠩ ᠨᠢ ᠦᠨᠳᠦᠰᠦᠨ ᠳᠤ ᠪᠠᠨ 800 ᠠᠴᠠ 1000 ᠲᠡᠭᠰᠢ ᠲᠦᠷᠪᠡᠯᠵᠢᠨ ᠮᠧᠲᠷ | ᠪᠠᠶᠢᠬᠤ ᠶᠢ ᠪᠠᠳᠣᠯᠠᠵᠣ᠂ ᠬᠤᠳᠠ ᠶᠢᠨ ᠪᠦᠳᠦᠭᠡᠨ ᠪᠠᠶᠢᠭᠤᠯᠣᠯᠳᠠ ᠳᠤ ᠬᠦᠴᠦᠨ ᠨᠡᠮᠡᠷᠢᠯᠡᠵᠣ ᠪᠠᠶᠢᠨ᠎ᠠ᠃ | | | | | ᠲᠣᠯᠣᠨ ᠵᠠᠬ᠎ᠠ ᠲᠡᠯᠭᠡᠭᠦᠷ ᠤᠨ ᠬᠤᠶᠢᠳᠦ ᠲᠠᠯ᠎ᠠ ᠶᠢᠨ ᠬᠦᠷᠢᠶᠡᠨ ᠤ ᠪᠠᠷᠢᠯᠭ᠎ᠠ ᠶᠢᠨ ᠠᠵᠢᠯᠴᠢᠳ ᠬᠠᠯᠠᠭᠤᠨ | ᠨᠠᠷᠠᠨ ᠤ ᠲᠣᠣᠷ᠎ᠠ ᠬᠦᠯᠦᠰᠦ ᠠᠰᠬᠠᠷᠠᠭᠤᠯᠣᠨ᠂ ᠰᠡᠶ᠋ᠢᠬᠠᠨ ᠵᠦᠭᠡᠭᠡᠪᠦᠷᠢᠯᠡᠵᠣ ᠠᠪᠴᠢᠷᠠᠭᠰᠠᠨ ᠲᠣᠭᠤᠰᠬ᠎ᠠ ᠶᠢ | ᠪᠠᠭᠤᠯᠭᠠᠨ ᠰᠡᠲᠡᠷᠬᠡᠢ ᠶᠢ ᠨᠦᠬᠦᠬᠦ᠂ ᠠᠳᠠᠷᠠᠣ ᠬᠦᠳᠦᠷᠠᠣ ᠶᠢ ᠨᠢ ᠲᠡᠭᠰᠢᠯᠡᠭᠦ ᠪᠠ ᠬᠠᠳᠠᠭᠤᠷᠠᠭᠤᠯᠬᠤ ᠠᠵᠢᠯ ᠳᠤ | ᠰᠢᠭᠤᠷᠬᠠᠶᠢᠯᠠᠨ᠂ ᠬᠤᠶᠠᠷ ᠲᠠᠯᠠᠪᠠᠢ ᠨᠡᠶᠢᠳᠡ ᠶᠢᠨ ᠬᠡᠷᠡᠭᠯᠡᠭᠡᠨ ᠤ ᠲᠡᠷᠭᠡ ᠵᠣᠭᠰᠣᠭᠠᠬᠤ ᠭᠠᠵᠠᠷ ᠢ ᠪᠠᠶᠢᠭᠤᠯᠵᠣ᠂ | ᠲᠡᠷᠭᠡ ᠵᠣᠭᠰᠣᠬᠤ ᠡᠮᠬᠢ ᠵᠢᠷᠦᠮ ᠢ ᠬᠦᠴᠦᠯᠡᠨ ᠵᠢᠷᠣᠮᠵᠢᠭᠤᠯᠵᠣ᠂ ᠣᠯᠠᠨ ᠲᠦᠮᠠᠨ ᠤ ︽ᠲᠡᠷᠭᠡ ᠵᠣᠭᠰᠣᠭᠠᠬᠤ ᠳᠤ | ᠬᠦᠴᠢᠷ︾ ᠠᠰᠠᠭᠤᠳᠠᠯ ᠢ ᠰᠢᠢᠳᠪᠦᠷᠢᠯᠡᠨ᠂ 8 ᠰᠠᠷ᠎ᠠ ᠶᠢᠨ ᠰᠡᠭᠦᠯᠴᠢ ᠠᠴᠠ ᠡᠮᠦᠨ᠎ᠡ ᠠᠰᠢᠭᠯᠠᠯᠳᠠ ᠳᠤ | ᠣᠷᠣᠭᠤᠯᠬᠤ ᠪᠠᠷ ᠶᠠᠭᠠᠷᠠᠯᠳᠠᠶᠢᠬᠠᠨ ᠠᠵᠢᠯᠯᠠᠵᠠᠭᠠᠵᠣ ᠪᠠᠶᠢᠯ᠎ᠠ᠃ | | | | | ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ ᠬᠤᠰᠢᠭᠤᠨ ᠤ ᠨᠡᠶᠢᠳᠡ ᠶᠢᠨ ᠭᠡᠷᠡᠭᠯᠡᠭᠡᠨ ᠤ ᠣᠶᠢᠯᠠᠰ ᠤᠨ | ᠣᠶᠢᠯᠡᠴᠢᠯᠡᠭᠡᠨ ᠤ ᠲᠦᠪ ᠨᠢ ᠨᠡᠶᠢᠳᠡ 1700 ᠲᠡᠭᠰᠢ ᠲᠦᠷᠪᠡᠯᠵᠢᠨ ᠮᠧᠲᠷ ᠵᠠᠮ ᠤᠨ ᠭᠠᠳᠠᠷᠭᠤ ᠶᠢ ᠰᠡᠯᠪᠢᠨ | ᠵᠠᠰᠠᠵᠣ᠂ 77000 ᠲᠡᠭᠰᠢ ᠲᠦᠷᠪᠡᠯᠵᠢᠨ ᠮᠧᠲᠷ ᠣᠰᠣᠨ ᠬᠤᠭᠤᠯᠠᠢ ᠶᠢ ᠰᠡᠯᠪᠢᠨ ᠵᠠᠰᠠᠵᠣ᠂ 24000 ᠲᠡᠭᠰᠢ | ᠲᠦᠷᠪᠡᠯᠵᠢᠨ ᠮᠧᠲᠷ ᠵᠠᠮ ᠤᠨ ᠵᠢᠷᠣᠭᠠᠰᠦ ᠶᠢ ᠵᠢᠷᠣᠭᠰᠨ ᠤ ᠬᠠᠮᠳᠦ ᠪᠣᠰᠣᠳ ᠵᠠᠮ ᠤᠨ ᠲᠠᠭᠠᠯᠳᠠ ᠲᠦᠬᠦᠭᠡᠷᠦᠮᠵᠢ᠂ | ᠵᠠᠮ ᠤᠨ ᠫᠠᠶᠢᠰᠠ᠂ ᠲᠣᠬᠢᠶᠠᠨ ᠳ᠋ᠧᠩ᠂ ᠵᠠᠮ ᠬᠠᠷᠢᠯᠴᠠᠭᠠᠨ ᠤ ᠲᠣᠰᠠᠭᠠᠷᠯᠠᠬᠤ ᠬᠡᠷᠡᠰᠬᠡ ᠵᠡᠷᠭᠡ ᠶᠢ ᠰᠡᠯᠪᠢᠨ ᠵᠠᠰᠠᠵᠠᠢ᠃ | | | | | | |