ᠸᠠᠩ ᠢᠦᠢ ᠴᠢᠶᠠᠩ ᠠᠷᠯᠠᠢ ᠭᠠᠴᠠᠭᠠᠨ ᠳᠤ ᠬᠦᠷᠴᠤ ᠰᠢᠷᠤᠬᠦᠨ ᠪᠤᠷᠤᠭᠠᠨ ᠤ ᠭᠠᠮᠰᠢᠭ ᠤᠨ ᠪᠠᠶᠢᠳᠠᠯ ᠢ ᠪᠠᠶᠢᠴᠠᠭᠠᠨ ᠦᠵᠡᠵᠤ ᠭᠠᠮᠰᠢᠭᠳᠠᠭᠰᠡᠨ ᠤᠯᠠᠨ ᠲᠦᠮᠡᠨ ᠢ ᠳᠤᠬᠤᠨᠢᠭᠤᠯᠪᠠ
ᠨᠡᠶᠢᠲᠡᠯᠡᠭᠰᠡᠨ ᠴᠠᠭ᠄
2022/8/19
     8 ᠰᠠᠷ᠎ᠠ ᠶᠢᠨ 18 ᠤ ᠡᠳᠤᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠨᠠᠩᠰᠤ ᠪᠠᠯᠭᠠᠰᠤᠨ ᠤ ᠠᠷᠯᠠᠢ ᠭᠠᠴᠠᠭᠠᠨ ᠳᠤ ᠭᠠᠮᠰᠢᠭᠳᠠᠭᠰᠡᠨ ᠪᠠᠶᠢᠳᠠᠯ ᠢ ᠪᠠᠶᠢᠴᠠᠭᠠᠨ ᠦᠵᠡᠵᠤ᠂ ᠭᠠᠮᠰᠢᠭᠳᠠᠭᠰᠡᠨ ᠤᠯᠠᠨ ᠲᠦᠮᠡᠨ ᠢ ᠳᠤᠬᠤᠨᠢᠭᠤᠯᠤᠭᠰᠡᠨ ᠮᠦᠷᠳᠡᠬᠡᠨ ᠭᠠᠮᠰᠢᠭ ᠠᠴᠠ ᠠᠪᠤᠷᠠᠨ ᠭᠠᠮᠰᠢᠭ ᠢ ᠪᠠᠭᠠᠰᠬᠠᠬᠤ ᠠᠵᠢᠯ ᠢ ᠳᠤᠬᠠᠢ  ᠶᠢᠨ ᠳᠠᠯᠠᠪᠤᠷ ᠲᠤ ᠨᠢ ᠵᠢᠯᠤᠭᠤᠳᠤᠨ ᠪᠠᠶᠢᠷᠢᠯᠠᠭᠤᠯᠪᠠ᠃       ᠸᠠᠩ ᠢᠦᠢ ᠴᠢᠶᠠᠩ᠂ ᠠᠷᠠᠤᠨ ᠤᠯᠠᠨ ᠤ ᠠᠮᠢ ᠨᠠᠰᠤᠨ ᠤ ᠠᠮᠤᠷ ᠲᠦᠪᠰᠢᠨ ᠢ ᠡᠬᠦᠷᠢᠳᠠ ᠳᠡᠷᠢᠬᠦᠨ ᠪᠠᠶᠢᠷᠢᠨ ᠳᠤ ᠳᠠᠯᠪᠢᠨ᠂ ᠦᠶᠡᠷ ᠢ ᠰᠡᠷᠬᠡᠶᠢᠯᠡᠨ ᠭᠠᠮᠰᠢᠭ ᠠᠴᠠ ᠠᠪᠤᠷᠠᠬᠤ ᠶᠢ ᠤᠳᠤᠬᠠᠨ ᠤ ᠳᠤᠪᠤᠶᠢᠮ᠎ᠠ ᠡᠬᠦᠷᠬᠡ ᠪᠤᠯᠭᠠᠵᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ ᠠᠷᠭ᠎ᠠ ᠠᠪᠴᠠᠯ ᠢᠶᠠᠨ ᠨᠠᠷᠢᠯᠢᠭᠵᠢᠭᠤᠯᠤᠨ᠂ ᠭᠠᠮᠰᠢᠭ ᠤᠨ ᠳᠠᠷᠠᠭᠠᠬᠢ ᠤᠶᠢᠯᠡᠤᠨᠪᠤᠷᠢᠯᠡᠯ ᠠᠮᠢᠳᠤᠷᠠᠯ ᠤᠨ ᠰᠡᠷᠬᠦᠯᠳᠠ ᠶᠢᠨ ᠠᠵᠢᠯ ᠢ ᠰᠡᠤᠨᠬᠢᠯ ᠳᠠᠯᠪᠢᠨ ᠳᠠᠷᠤᠶᠢᠬᠠᠨ ᠦᠷᠨᠢᠬᠦᠯᠬᠦ ᠬᠡᠷᠡᠭᠳᠠᠢ᠃ ᠭᠠᠮᠰᠢᠭᠳᠠᠭᠰᠡᠨ ᠪᠠᠶᠢᠳᠠᠯ ᠢ ᠤᠨᠤᠪᠴᠢᠳᠠᠢ ᠤᠶᠢᠯᠠᠭᠠᠨ᠂ ᠴᠠᠭ ᠳᠤᠬᠠᠢ ᠳᠤ ᠨᠢ ᠳᠡᠬᠡᠭᠰᠢ ᠮᠡᠳᠡᠬᠦᠯᠤᠨ ᠬᠤᠯᠪᠤᠭᠠᠯᠠᠨ ᠵᠤᠬᠢᠴᠠᠭᠤᠯᠵᠤ᠂ ᠠᠷᠭ᠎ᠠ ᠪᠤᠳᠤᠯᠭ᠎ᠠ ᠶᠢ ᠨᠠᠷᠢᠯᠢᠭ ᠬᠡᠷᠡᠭᠵᠢᠬᠦᠯᠤᠨ᠂ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠬᠤ᠂ ᠭᠠᠮᠰᠢᠭᠳᠠᠭᠰᠡᠨ ᠤᠯᠠᠨ ᠲᠦᠮᠡᠨ ᠢ ᠲᠦᠪᠬᠢᠨᠡᠬᠦᠯᠬᠦ ᠪᠠ ᠦᠨᠳᠤᠰᠤᠨ ᠠᠮᠢᠳᠤᠷᠠᠯ ᠢ ᠪᠠᠳᠤᠯᠠᠬᠤ ᠵᠡᠷᠬᠡ ᠠᠵᠢᠯ ᠢ ᠪᠦᠬᠦ ᠬᠦᠴᠤᠨ ᠢᠶᠠᠷ ᠰᠠᠶᠢᠳᠤᠷ ᠬᠢᠵᠤ᠂ ᠠᠷᠠᠤᠨ ᠲᠦᠮᠡᠨ ᠤ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠳᠠᠢ᠃ ᠴᠠᠭ ᠠᠭᠤᠷ ᠤᠨ ᠬᠤᠪᠢᠷᠠᠯᠳᠠ ᠶᠢ ᠰᠠᠶᠢᠳᠤᠷ ᠠᠩᠬᠠᠷᠤᠨ᠂ ᠭᠠᠢ ᠭᠠᠮᠰᠢᠭ ᠢ ᠬᠢᠨᠠᠨ ᠬᠡᠮᠵᠢᠵᠤ ᠤᠷᠢᠤᠨᠴᠢᠯᠡᠨ ᠰᠡᠷᠡᠮᠵᠢᠬᠦᠯᠬᠦ ᠪᠠᠨ ᠴᠢᠩᠭᠠᠤᠨᠬᠠᠵᠤ᠂ ᠦᠶᠡᠷ ᠢ ᠰᠡᠷᠬᠡᠶᠢᠯᠡᠨ ᠭᠠᠮᠰᠢᠭ ᠲᠠᠢ ᠳᠡᠮᠡᠴᠡᠵᠤ ᠵᠢᠵᠢᠬᠦᠷᠯᠡᠨ ᠰᠠᠬᠢᠬᠤ ᠪᠠᠨ ᠴᠢᠩᠭᠠᠤᠨᠬᠠᠨ᠂ ᠡᠯ᠎ᠡ ᠵᠦᠢᠯ ᠤᠨ ᠳᠠᠯᠳᠠ ᠬᠡᠮ ᠢ ᠪᠦᠬᠦ ᠳᠠᠯ᠎ᠠ ᠪᠠᠷ ᠪᠠᠶᠢᠴᠠᠭᠠᠵᠤ᠂ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠬᠦᠯᠬᠦ ᠬᠡᠷᠡᠭᠳᠠᠢ ᠬᠡᠪᠡ᠃       ᠬᠤᠰᠢᠭᠤ ᠤᠳᠤᠷᠢᠳᠤᠯᠭ᠎ᠠ ᠴᠢᠦ ᠯᠢᠨ᠂ ᠹᠦ᠋ ᠺᠧ᠂ ᠶᠢᠤ ᠵᠢᠶᠠᠨ ᠴᠢᠩ ᠵᠢᠴᠢ ᠨᠠᠩᠰᠤ ᠪᠠᠯᠭᠠᠰᠤ᠂ ᠬᠤᠰᠢᠭᠤ ᠰᠢᠭᠤᠤᠨ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠤᠨ ᠬᠠᠮᠳᠤ ᠳᠤᠬᠤᠨᠢᠭᠤᠯᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号