ᠱᠠᠩᠬᠠᠢ ᠶᠢᠨ ᠰᠦᠮ᠎ᠡ ᠪᠠᠯᠭᠠᠰᠣᠨ ᠤ ᠮᠠᠩᠬᠠᠲᠤ ᠭᠠᠴᠠᠭ᠎ᠠ ᠠᠷᠠᠳ ᠣᠯᠠᠨ ᠤ ᠲᠦᠯᠦᠬᠡ ᠪᠤᠲᠠᠲᠤ ᠠᠵᠢᠯ ᠬᠢᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠳᠤ ᠬᠦᠴᠦᠨ ᠨᠡᠮᠡᠷᠢᠯᠡᠵᠦ ᠪᠤᠢ
ᠨᠡᠶᠢᠲᠡᠯᠡᠭᠰᠡᠨ ᠴᠠᠭ᠄
2022/8/2
    ᠨᠢᠭᠡ ᠳᠤ᠂ ᠬᠡᠷᠡᠭᠯᠡᠭᠡ ᠪᠠᠷ ᠳᠠᠭᠠᠭᠠᠴᠢᠯᠠᠨ ᠳᠡᠳᠬᠦᠬᠦ ᠶᠢ ᠠᠬᠢᠭᠤᠯᠪᠠ᠃ ᠣᠯᠠᠨ ᠲᠦᠮᠡᠨ ᠳᠤ ᠠᠰᠢᠭᠲᠠᠢ ᠣᠴᠢᠷ ᠶᠠᠪᠤᠳᠠᠯ ᠬᠢᠬᠦ ᠠᠴᠠ ᠭᠠᠷᠳᠠᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠦᠯᠦᠬᠡᠯᠡᠯ᠂ ᠭᠠᠩ ᠤᠨ ᠪᠠᠶᠢᠳᠠᠯ ᠵᠢᠴᠢ ᠮᠠᠯ ᠤᠨ ᠮᠢᠬᠠᠨ ᠤ ᠵᠠᠬ᠎ᠠ ᠳᠡᠯᠬᠡᠬᠦᠷ ᠤᠨ ᠦᠨ᠎ᠡ ᠬᠠᠩᠰᠢ ᠳᠣᠣᠷ᠎ᠠ ᠵᠡᠷᠭᠡ ᠪᠠᠶᠢᠳᠠᠯ ᠠᠴᠠ ᠰᠢᠯᠲᠠᠭᠠᠯᠠᠭᠰᠠᠨ ᠡᠯ᠎ᠡ ᠵᠦᠢᠯ ᠤᠨ ᠠᠰᠢᠭ ᠦᠬᠡᠢ ᠨᠦᠯᠦᠬᠡᠯᠡᠯ ᠢ ᠠᠷᠭᠠᠴᠠᠬᠤ ᠶᠢᠨ ᠲᠤᠰᠠᠳᠠ᠂ ᠬᠡᠷᠡᠭᠯᠡᠭᠡ᠂ ᠬᠦᠢᠯᠭᠡᠭᠡᠨ ᠤ ᠬᠢᠵᠠᠭᠠᠷᠯᠠᠯ ᠠᠴᠠ ᠪᠣᠯᠣᠭᠰᠠᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠬᠦᠴᠢᠷ ᠠᠰᠠᠭᠤᠳᠠᠯ ᠪᠠ ᠲᠦᠪᠡᠭᠲᠡᠢ ᠵᠦᠢᠯ ᠢ ᠰᠢᠢᠳᠪᠦᠷᠢᠯᠡᠵᠦ᠂ ᠪᠦᠲᠦᠬᠡᠭᠳᠡᠬᠦᠨ ᠤ ᠪᠤᠷᠤᠯᠠᠭᠤᠯᠭ᠎ᠠ ᠶᠢᠨ ᠠᠷᠭ᠎ᠠ ᠵᠠᠮ ᠢ ᠦᠷᠬᠡᠳᠬᠡᠨ᠂ ᠭᠠᠴᠠᠭᠠᠨ ᠳᠤ ᠰᠠᠭᠤᠭ᠎ᠠ ᠠᠵᠢᠯᠯᠠᠬᠤ ᠠᠩᠬᠢ ᠠᠴᠠ ᠬᠠᠮᠢᠶ᠎ᠠ ᠪᠦᠬᠦᠢ ᠠᠵᠤ ᠠᠬᠤᠶᠢᠯᠠᠯ ᠲᠠᠢ ᠢᠳᠡᠪᠬᠢᠲᠡᠢ ᠪᠠᠷ ᠬᠠᠷᠢᠯᠴᠠᠵᠤ᠂ 1 ᠠᠴᠠ 7 ᠰᠠᠷ᠎ᠠ ᠳᠤ 10 ᠡᠷᠦᠬᠡ ᠮᠠᠯᠴᠢᠨ ᠲᠠᠷᠢᠶᠠᠴᠢᠨ ᠢ ᠬᠠᠪᠰᠣᠷᠴᠣ 2800 ᠵᠢᠩ ᠮᠠᠯ ᠤᠨ ᠮᠢᠬ᠎ᠠ ᠪᠤᠷᠤᠯᠠᠭᠤᠯᠪᠠ᠃     ᠬᠤᠶᠠᠷ ᠲᠤ᠂ ᠣᠷᠣᠰᠢᠨ ᠰᠠᠭᠤᠬᠤ ᠣᠷᠴᠢᠨ ᠲᠤᠭᠤᠷᠢᠨ ᠢ ᠰᠠᠶᠢᠵᠢᠷᠠᠭᠤᠯᠪᠠ᠃ ᠭᠠᠴᠠᠭ᠎ᠠ ᠲᠤᠰᠬᠤᠨ ᠢ ᠬᠠᠪᠰᠣᠷᠣᠨ 5 ᠣᠳᠠᠭᠠᠨ ᠤ ᠣᠷᠴᠢᠨ ᠲᠤᠭᠤᠷᠢᠨ ᠤ ᠴᠡᠭᠴᠡᠯᠡᠯᠲᠡ ᠶᠢᠨ ᠠᠵᠢᠯᠯᠠᠭᠠᠨ ᠢ ᠵᠤᠬᠢᠶᠠᠨ ᠪᠠᠶᠢᠭᠤᠯᠤᠨ ᠦᠷᠨᠢᠬᠦᠯᠵᠦ᠂ ᠲᠠᠷᠢᠶᠠᠨ ᠭᠠᠵᠠᠷ ᠤᠨ ᠬᠠᠶᠠᠭᠳᠠᠮᠠᠯ ᠪᠤᠳᠠᠰ᠂ ᠭᠠᠴᠠᠭ᠎ᠠ ᠲᠤᠰᠬᠤᠨ ᠤ ᠵᠠᠰᠠᠮᠠᠯ ᠵᠠᠮ ᠤᠨ ᠬᠤᠶᠠᠷ ᠬᠠᠪᠢ ᠪᠠ ᠮᠠᠯᠴᠢᠨ ᠲᠠᠷᠢᠶᠠᠴᠢᠨ ᠤ ᠠᠮᠢᠳᠣᠷᠠᠯ ᠤᠨ ᠬᠤᠭ ᠨᠤᠪᠰᠢ ᠶᠢ ᠲᠤᠶᠢᠯᠪᠤᠷᠢᠲᠠᠢ ᠴᠡᠪᠡᠷᠯᠡᠪᠡ᠃ ᠡᠷᠦᠬᠡ ᠳᠤ ᠬᠦᠨᠵᠡᠭᠡᠶᠢᠷᠡᠵᠦ ᠣᠷᠴᠢᠨ ᠲᠤᠭᠤᠷᠢᠨ ᠤ ᠴᠡᠭᠴᠡᠯᠡᠯᠲᠡ ᠶᠢᠨ ᠠᠵᠢᠯᠯᠠᠭᠠᠨ ᠢ ᠶᠠᠪᠤᠭᠳᠠᠭᠤᠯᠣᠨ᠂ ᠮᠠᠯᠴᠢᠨ ᠲᠠᠷᠢᠶᠠᠴᠢᠨ ᠢ ᠭᠡᠷ ᠪᠠᠶᠢᠰᠢᠩ ᠤᠨ ᠡᠷᠬᠢᠨ ᠲᠤᠭᠤᠷᠢᠨ ᠢᠶᠠᠨ ᠠᠷᠢᠭᠤᠨ ᠴᠡᠪᠡᠷ ᠪᠠᠶᠢᠯᠭᠠᠬᠤ ᠶᠢ ᠱᠠᠭᠠᠷᠳᠠᠵᠤ᠂ ᠡᠳ᠋ᠯᠡᠯ ᠬᠡᠷᠡᠭᠰᠡᠯ ᠤᠨ ᠪᠠᠶᠢᠷᠢᠯᠠᠭᠤᠯᠤᠯᠲᠠ ᠡᠮᠬᠢ ᠲᠢᠭᠯᠢᠮ ᠲᠠᠢ ᠪᠠᠶᠢᠬᠤ ᠶᠢ ᠣᠷᠢᠶᠠᠯᠠᠪᠠ᠃ ᠳᠣᠷ᠎ᠠ ᠪᠠᠷ ᠪᠠᠷᠢᠯᠭ᠎ᠠ ᠪᠠᠷᠢᠬᠤ ᠪᠠᠶᠢᠳᠠᠯ ᠪᠦᠬᠦᠨ ᠢ ᠴᠡᠭᠴᠡᠯᠡᠨ ᠵᠠᠰᠠᠵᠤ᠂ ᠡᠷᠡᠬᠦᠯ ᠬᠠᠮᠠᠭᠠᠯᠠᠯ ᠤᠨ ᠮᠡᠳᠡᠯᠬᠡ ᠶᠢ ᠲᠠᠶᠢᠯᠪᠤᠷᠢᠯᠠᠵᠤ ᠣᠬᠠᠭᠤᠯᠤᠨ᠂ ᠮᠠᠯᠴᠢᠨ ᠲᠠᠷᠢᠶᠠᠴᠢᠨ ᠢ ᠣᠬᠢ ᠰᠠᠶᠢᠨ ᠡᠷᠡᠬᠦᠯ ᠬᠠᠮᠠᠭᠠᠯᠠᠯ ᠤᠨ ᠵᠠᠩ ᠳᠠᠳᠬᠠᠯ ᠲᠠᠢ ᠪᠤᠯᠭᠠᠪᠠ᠃    ᠭᠤᠷᠪᠠ ᠳᠤ᠂ ᠠᠷᠠᠳ ᠣᠯᠠᠨ ᠤ ᠲᠦᠯᠦᠬᠡ ᠦᠨᠡᠨ ᠬᠦ  ᠪᠤᠲᠠᠲᠤ ᠠᠵᠢᠯ ᠬᠢᠪᠡ᠃ ᠣᠶᠢᠷ᠎ᠠ ᠶᠢᠨ ᠬᠤᠭᠤᠴᠠᠭᠠᠨ ᠳᠤ ᠵᠠᠰᠠᠭ ᠤᠨ ᠣᠷᠳᠣᠨ ᠤ ᠠᠯᠪᠠᠨ ᠭᠡᠷ ᠠᠴᠠ ᠮᠠᠩᠬᠠᠲᠤ ᠭᠠᠴᠠᠭᠠᠨ ᠤ 25 ᠬᠦᠴᠢᠷᠳᠡᠯᠲᠡᠢ ᠡᠷᠦᠬᠡ ᠳᠤ ᠭᠤᠯᠢᠷ ᠲᠤᠲᠤᠷᠭ᠎ᠠ ᠢᠳᠡᠰᠢᠨ ᠲᠤᠰᠤ ᠬᠤᠪᠢᠶᠠᠪᠠ᠃ 49 ᠲᠦᠮᠡᠨ ᠲᠦᠬᠦᠷᠢᠭ ᠤᠨ ᠬᠤᠰᠢᠭᠤ ᠡᠳ᠋  ᠤᠨ ᠵᠠᠰᠠᠭ ᠤᠨ ᠠᠰ ᠠᠰ ᠢᠶᠠᠷ ᠨᠢ ᠵᠦᠪᠯᠡᠬᠦ ᠪᠡᠯᠡ ᠮᠦᠩᠭᠦ ᠣᠯᠵᠣ ᠭᠠᠴᠠᠭᠠᠨ ᠳᠤ 6 ᠺᠢᠯᠣᠮᠧᠲᠷ ᠬᠠᠶᠢᠷ ᠴᠢᠯᠠᠭᠤᠨ ᠵᠠᠮ ᠳᠡᠪᠢᠰᠬᠦ ᠳᠤ ᠬᠡᠷᠡᠭᠯᠡᠬᠦ ᠪᠠᠷ ᠪᠤᠯᠪᠠ︔ ᠬᠤᠰᠢᠭᠤ ᠵᠠᠮ ᠬᠠᠷᠢᠯᠴᠠᠭᠠᠨ ᠤ ᠲᠤᠪᠴᠢᠶ᠎ᠠ ᠲᠠᠢ ᠬᠠᠷᠢᠯᠴᠠᠵᠤ ᠭᠠᠴᠠᠭᠠᠨ ᠳᠤ 9.8 ᠺᠢᠯᠣᠮᠧᠲᠷ ᠬᠠᠶᠢᠷ ᠴᠢᠯᠠᠭᠤᠨ ᠵᠠᠮ ᠳᠡᠪᠢᠰᠬᠦ ᠪᠠᠷ ᠪᠤᠯᠵᠤ᠂ ᠡᠨᠡᠬᠦ ᠬᠤᠶᠠᠷ ᠵᠠᠮ ᠢ ᠳᠣᠣᠷ᠎ᠠ ᠬᠠᠭᠠᠰ ᠵᠢᠯ ᠳᠤ ᠳᠡᠪᠢᠰᠬᠦ ᠪᠠᠷ ᠪᠠᠷ ᠲᠦᠯᠦᠪᠵᠢᠬᠦᠯᠪᠡ᠃ ᠭᠠᠴᠠᠭᠠᠨ ᠤ ᠬᠤᠷᠰᠢᠶᠠᠵᠢᠯ ᠠᠴᠠ ᠪᠡᠯᠡ ᠮᠦᠩᠭᠦ ᠭᠠᠷᠭᠠᠵᠤ᠂ 10 ᠡᠷᠦᠬᠡ ᠠᠯᠠᠰᠢᠨ ᠮᠠᠯ ᠤᠨ ᠲᠡᠵᠢᠬᠡᠪᠦᠷᠢ ᠶᠢᠨ ᠡᠷᠦᠬᠡ ᠶᠢᠨ ᠠᠯᠠᠰᠢᠨ ᠮᠠᠯ ᠤᠨ ᠡᠬᠦᠯᠳᠡᠷ ᠢ ᠰᠠᠶᠢᠵᠢᠷᠠᠭᠤᠯᠤᠨ᠂ ᠡᠷᠦᠬᠡ ᠪᠤᠯᠭᠠᠨ ᠤ 30 ᠮᠠᠯ ᠤᠨ ᠡᠭᠦᠯᠳᠡᠷ ᠢ ᠰᠠᠶᠢᠵᠢᠷᠠᠭᠤᠯᠵᠤ᠂ ᠮᠠᠯ ᠪᠦᠷᠢ ᠳᠤ 60 ᠲᠦᠬᠦᠷᠢᠭ ᠵᠠᠷᠤᠴᠠᠭᠤᠯᠪᠠ᠃ ᠬᠤᠰᠢᠭᠤ ᠨᠢᠬᠡᠳᠦᠮᠡᠯ ᠬᠤᠯᠪᠤᠭᠠᠨ ᠤ ᠺᠣᠮᠫᠠᠨᠢ ᠲᠠᠢ ᠵᠣᠬᠢᠴᠠᠭᠤᠯᠵᠤ᠂ ᠭᠠᠴᠠᠭᠠᠨ ᠳᠤ 5 ᠰᠠᠭᠤᠷᠢ ᠦᠷᠲᠡᠭᠡ ᠣᠭᠰᠠᠷᠠᠨ᠂ ᠡᠬᠦᠨ ᠤ ᠲᠤᠲᠤᠷ᠎ᠠ 1 ᠦᠷᠲᠡᠭᠡ ᠶᠢ ᠨᠢᠬᠡᠨᠲᠡ ᠠᠰᠢᠭᠯᠠᠯᠲᠠ ᠳᠤ ᠣᠷᠣᠭᠤᠯᠵᠣ᠂ ᠦᠯᠡᠳᠡᠭᠰᠡᠨ 4 ᠦᠷᠲᠡᠭᠡ ᠶᠢᠨ ᠡᠮᠦᠨ᠎ᠡ ᠬᠤᠭᠤᠴᠠᠭᠠᠨ ᠤ ᠠᠵᠢᠯ ᠢ ᠦᠷᠨᠢᠬᠦᠯᠵᠦ᠂ ᠳᠣᠣᠷ᠎ᠠ ᠬᠠᠭᠠᠰ ᠵᠢᠯ ᠳᠤ ᠪᠦᠬᠦᠨ ᠢ ᠠᠵᠢᠯᠯᠠᠭᠤᠯᠬᠤ ᠪᠠᠷ ᠲᠦᠯᠦᠪᠵᠢᠬᠦᠯᠪᠡ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号