ᠣᠲᠤᠭ ᠤᠨ ᠡᠮᠦᠨᠡᠲᠦ ᠬᠤᠰᠢᠭᠤ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠢᠨᠠᠷᠲᠠᠢ ᠦᠬᠡᠷᠡᠴᠢᠯᠡᠯᠲᠡ  ᠶᠢᠨ ᠲᠤᠷᠰᠢᠯᠲᠠ ᠶᠢᠨ ᠴᠡᠭ ᠤᠨ ᠲᠦᠷᠦᠯ ᠵᠦᠢᠯ ᠢ ᠡᠬᠢᠯᠡᠬᠦᠯᠪᠡ
ᠨᠡᠶᠢᠲᠡᠯᠡᠭᠰᠡᠨ ᠴᠠᠭ᠄
2022/8/2
    7 ᠰᠠᠷ᠎ᠠ ᠶᠢᠨ 28 ᠤ ᠡᠳᠦᠷ᠂ ᠣᠲᠤᠭ ᠤᠨ ᠡᠮᠦᠨᠡᠲᠦ ᠬᠤᠰᠢᠭᠤᠨ ᠤ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠢᠨᠠᠷᠲᠠᠢ ᠲᠤᠷᠰᠢᠯᠲᠠ ᠶᠢᠨ ᠴᠡᠭ ᠤᠨ ᠲᠦᠷᠦᠯ ᠵᠦᠢᠯ ᠢ ᠨᠠᠩᠰᠣ ᠪᠠᠯᠭᠠᠰᠣᠨ ᠤ ᠦᠨᠳᠦᠷ ᠪᠠᠷᠢᠮᠵᠢᠶᠠᠲᠤ ᠠᠯᠠᠰᠢᠨ ᠮᠠᠯ ᠤᠨ ᠲᠡᠵᠢᠬᠡᠪᠦᠷᠢ ᠶᠢᠨ ᠬᠦᠷᠢᠶᠡᠯᠡᠩ ᠲᠤᠭᠤᠷᠢᠭ ᠲᠤ ᠡᠬᠢᠯᠡᠬᠦᠯᠪᠡ᠃     ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠶᠤᠰᠤᠯᠠᠯ ᠳᠤ ᠣᠷᠣᠯᠴᠠᠨ ᠲᠦᠷᠦᠯ ᠵᠦᠢᠯ ᠡᠬᠢᠯᠡᠭᠰᠡᠨ ᠢ ᠵᠠᠷᠯᠠᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠶᠢᠩ ᠰᠢᠨ ᠶᠠᠷᠢᠶ᠎ᠠ ᠲᠠᠯᠪᠢᠨ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠢᠦ ᠵᠢᠶᠡᠨ ᠴᠢᠩ ᠶᠣᠰᠣᠯᠠᠯ ᠢ ᠡᠷᠬᠢᠯᠡᠪᠡ᠃     ᠶᠠᠩ ᠶᠢᠩ ᠰᠢᠨ ᠶᠠᠷᠢᠶᠠᠨ ᠳᠤ ᠪᠠᠨ᠂ 2022 ᠣᠨ ᠤ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠢᠨᠠᠷᠲᠠᠢ ᠦᠬᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠣᠲᠤᠭ ᠤᠨ ᠡᠮᠦᠨᠡᠲᠦ ᠬᠤᠰᠢᠭᠤᠨ ᠳᠤ ᠣᠷᠣᠨᠵᠢᠭᠤᠯᠣᠭᠰᠠᠨ ᠨᠢ ᠢᠷᠠᠭᠤ ᠠᠯᠳᠠᠷ ᠪᠤᠯᠬᠤ ᠪᠠᠷ ᠪᠠᠷᠠᠬᠤ ᠦᠬᠡᠢ ᠠᠵᠠ ᠳᠣᠬᠢᠶᠠᠯ ᠪᠤᠯᠬᠤ ᠶᠤᠮ᠂ ᠨᠡᠩ ᠴᠣ᠋ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠶᠢᠨ ᠬᠦᠭᠵᠢᠯᠲᠡ ᠶᠢᠨ ᠴᠢᠳᠠᠪᠤᠷᠢ ᠶᠢᠨ ᠰᠢᠯᠭᠠᠯᠲᠠ ᠪᠤᠯᠬᠤ ᠲᠤᠯᠠ ᠪᠦᠬᠦ ᠬᠤᠰᠢᠭᠤᠨ ᠤ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ᠤᠨ ᠬᠢᠨ ᠲᠤᠰ ᠣᠳᠠᠭᠠᠨ ᠤ ᠲᠤᠷᠰᠢᠯᠲᠠ ᠶᠢᠨ ᠴᠡᠭ ᠤᠨ ᠲᠦᠷᠦᠯ ᠵᠦᠢᠯ  ᠤᠨ ᠬᠡᠷᠡᠭᠵᠢᠬᠦᠯᠦᠯᠲᠡ ᠪᠠᠷ ᠲᠤᠬᠢᠶᠠᠯ ᠪᠤᠯᠭᠠᠨ᠂ ᠭᠤᠷᠪᠠᠨ ᠵᠢᠯ ᠤᠨ ᠴᠠᠭ ᠬᠤᠭᠤᠴᠠᠭ᠎ᠠ ᠶᠢ ᠠᠰᠢᠭᠯᠠᠵᠤ᠂ ᠮᠠᠨ ᠤ ᠬᠤᠰᠢᠭᠤᠨ ᠤ ᠮᠠᠯ ᠲᠡᠷᠢᠶᠠᠯᠠᠩ ᠬᠦᠳᠡᠭᠡ ᠲᠤᠰᠬᠤᠨ ᠤ ᠬᠦᠭᠵᠢᠯᠲᠡ ᠶᠢᠨ ᠲᠤᠭᠲᠠᠴᠠ ᠶᠢᠨ ᠴᠢᠨᠠᠷᠲᠠᠢ ᠬᠠᠷᠰᠢ ᠰᠠᠭᠠᠳ᠂ ᠰᠠᠭᠤᠷᠢ ᠴᠢᠨᠠᠷᠲᠠᠢ ᠬᠢᠵᠠᠭᠠᠷᠯᠠᠯ ᠢ ᠪᠦᠲᠦᠮᠵᠢᠲᠡᠢ ᠠᠷᠢᠯᠠᠭᠠᠨ᠂ ᠦᠢᠯᠡᠳᠪᠦᠷᠢᠯᠡᠯ ᠤᠨ ᠬᠦᠴᠦᠨ ᠢ ᠣᠯᠠᠮ ᠨᠢᠬᠡ ᠠᠯᠬᠤᠮ ᠴᠢᠯᠦᠬᠡᠯᠡᠬᠦ ᠮᠦᠷᠲᠡᠭᠡᠨ ᠬᠦᠭᠵᠢᠬᠦᠯᠵᠦ᠂ ᠬᠦᠳᠡᠭᠡ ᠲᠤᠰᠬᠤᠨ ᠤ ᠬᠠᠮᠲᠤ ᠶᠢᠨ ᠠᠵᠤ ᠠᠬᠤᠢ ᠶᠢᠨ ᠦᠷᠬᠦᠯᠵᠢᠬᠦᠶᠢᠴᠡ ᠨᠡᠮᠡᠭᠳᠡᠯ᠂ ᠬᠦᠳᠡᠭᠡ ᠲᠤᠰᠬᠤᠨ ᠤ ᠵᠠᠰᠠᠯᠲᠠ ᠶᠢᠨ ᠠᠯᠣᠰ ᠬᠡᠲᠦ ᠶᠢᠨ ᠲᠤᠭᠲᠠᠴᠠ ᠶᠢᠨ ᠪᠦᠷᠢᠯᠳᠦᠯ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠤᠨ ᠣᠬᠢ ᠰᠠᠶᠢᠨ ᠠᠷᠭ᠎ᠠ ᠵᠠᠮ ᠢ ᠪᠡᠶᠡᠯᠡᠬᠦᠯᠬᠦ ᠬᠡᠷᠡᠭᠲᠡᠢ᠃ ᠲᠦᠯᠦᠪᠵᠢᠬᠦᠯᠦᠨ ᠪᠠᠶᠢᠷᠢᠯᠠᠭᠤᠯᠬᠤ ᠪᠠᠨ ᠴᠢᠩᠭᠠᠳᠬᠠᠨ᠂ ᠰᠢᠨᠡᠴᠢᠯᠡᠯ ᠢᠶᠠᠷ ᠵᠢᠯᠤᠭᠤᠳᠬᠤ ᠶᠢ ᠪᠠᠷᠢᠮᠲᠠᠯᠠᠵᠤ᠂ ᠲᠦᠷᠦᠯ ᠵᠦᠢᠯ ᠢ ᠪᠠᠲᠤᠲᠠᠢ ᠣᠷᠣᠨᠵᠢᠭᠤᠯᠣᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠪᠠᠶᠢᠭᠤᠯᠤᠯᠲᠠ ᠳᠤ ᠲᠤᠯᠭᠠᠭᠤᠷᠢᠯᠠᠯ ᠪᠤᠯᠬᠤ ᠰᠢᠨ᠎ᠡ ᠵᠠᠭᠪᠤᠷ ᠢ ᠢᠳᠡᠪᠬᠢᠲᠡᠢ ᠪᠠᠷ ᠰᠦᠪᠡᠭᠴᠢᠯᠡᠵᠤ᠂ ᠣᠬᠢ ᠰᠠᠶᠢᠨ ᠠᠷᠭ᠎ᠠ ᠲᠤᠷᠰᠢᠯᠭ᠎ᠠ ᠪᠠᠨ ᠬᠢᠨᠠᠮᠠᠭᠠᠢ ᠳ᠋ᠦᠩᠨᠡᠨ᠂ ᠣᠲᠤᠭ ᠤᠨ ᠡᠮᠦᠨᠡᠲᠦ ᠬᠤᠰᠢᠭᠤᠨ ᠤ ᠦᠪᠡᠷᠮᠢᠴᠡ ᠣᠨᠴᠠᠯᠢᠭ ᠢ ᠢᠯᠡᠷᠡᠬᠦᠯᠬᠦ ᠮᠦᠷᠲᠡᠭᠡᠨ ᠲᠤᠯᠢ ᠪᠤᠯᠭᠠᠨ ᠳᠡᠯᠭᠡᠷᠡᠬᠦᠯᠬᠦ ᠦᠷᠲᠡᠭ ᠲᠠᠢ ᠶᠠᠷᠦᠩᠬᠡᠶᠢᠯᠡᠭᠰᠡᠨ ᠴᠢᠨᠠᠷᠲᠠᠢ ᠦᠬᠡᠷᠡᠴᠢᠯᠡᠯᠲᠡ ᠬᠦᠭᠵᠢᠬᠦᠯᠦᠯᠲᠡ ᠶᠢᠨ ᠵᠠᠮ ᠢ ᠴᠢᠷᠮᠠᠶᠢᠨ ᠰᠦᠪᠡᠭᠴᠢᠯᠡᠵᠦ᠂ ᠪᠦᠬᠦ ᠣᠯᠣᠰ ᠤᠨ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠢᠨᠠᠷᠲᠠᠢ ᠦᠬᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ︽ᠣᠲᠤᠭ ᠤᠨ ᠡᠮᠦᠨᠡᠲᠦ ᠬᠤᠰᠢᠭᠤᠨ ᠤ ᠬᠡᠪ ᠳᠠᠭᠤᠷᠢᠶᠠᠯ︾ ᠢ ᠬᠦᠴᠦᠯᠡᠨ ᠡᠬᠦᠳᠬᠦ ᠬᠡᠷᠡᠭᠲᠡᠢ ᠬᠡᠵᠦ ᠬᠡᠯᠡᠭᠰᠡᠨ ᠪᠠᠶᠢᠨ᠎ᠠ᠃     ᠣᠶᠢᠯᠠᠭᠠᠭᠰᠠᠨ ᠢᠶᠠᠷ᠂ ᠲᠤᠰ ᠣᠳᠠᠭᠠᠨ ᠤ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠢᠨᠠᠷᠲᠠᠢ ᠦᠬᠡᠷᠡᠴᠢᠯᠡᠯᠲᠡ ᠶᠢᠨ ᠲᠤᠷᠰᠢᠯᠲᠠ ᠶᠢᠨ ᠴᠡᠭ ᠪᠤᠯ ᠡᠳ᠋ ᠤᠨ ᠵᠠᠰᠠᠭ ᠤᠨ ᠶᠠᠮᠣᠨ ᠠᠴᠠ ᠲᠦᠪ ᠤᠨ ︽ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠠᠵᠢᠯ ᠢ ᠴᠢᠩᠭᠠᠳᠬᠠᠬᠤ ᠴᠢᠬᠤᠯᠠ ᠰᠢᠢᠳᠪᠦᠷᠢᠲᠦ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠲᠠᠪᠤᠷᠢᠵᠢᠭᠤᠯᠤᠭᠰᠠᠨ ᠪᠤᠲᠠᠲᠠᠢ ᠦᠢᠯᠡᠳᠦᠯᠬᠡ ᠪᠤᠯᠤᠨ᠎ᠠ᠂  ᠵᠣᠷᠢᠯᠭ᠎ᠠ ᠨᠢ ᠲᠤᠷᠰᠢᠯᠲᠠ ᠶᠢᠨ ᠴᠡᠭ ᠤᠨ ᠭᠠᠵᠠᠷ ᠣᠷᠣᠨ ᠤ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠢᠨᠠᠷᠲᠠᠢ ᠦᠬᠡᠷᠡᠴᠢᠯᠡᠯᠲᠡ   ᠶᠢᠨ ᠬᠦᠨᠵᠡᠬᠡᠶᠢᠷᠡᠬᠦᠯᠦᠯᠲᠡ ᠶᠢ ᠣᠯᠠᠮ ᠨᠢᠬᠡ ᠠᠯᠬᠤᠮ ᠳᠡᠮᠵᠢᠵᠦ᠂ ᠦᠬᠡᠷᠡᠴᠢᠯᠡᠯᠲᠡ  ᠶᠢᠨ ᠲᠦᠷᠦ ᠶᠢᠨ ᠪᠤᠳᠤᠯᠭ᠎ᠠ ᠶᠢᠨ ᠨᠢᠭᠡᠳᠦᠯ ᠢ ᠴᠢᠩᠭᠠᠳᠬᠠᠨ᠂ ᠬᠦᠳᠡᠭᠡ ᠲᠤᠰᠬᠤᠨ ᠤ ᠦᠬᠡᠷᠡᠴᠢᠯᠡᠯᠲᠡ ᠶᠢᠨ ᠦᠷ᠎ᠡ ᠪᠦᠲᠦᠮᠵᠢ ᠶᠢᠨ ᠠᠰᠢᠭᠯᠠᠯᠲᠠ ᠶᠢ ᠴᠢᠩᠭᠠᠷᠠᠭᠤᠯᠵᠤ᠂ ᠬᠦᠳᠡᠭᠡ ᠲᠤᠰᠬᠤᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠂ ᠲᠤᠬᠠᠢ ᠶᠢᠨ ᠭᠠᠵᠠᠷ ᠲᠤᠨᠢ ᠲᠤᠬᠢᠷᠠᠭᠤᠯᠤᠨ ᠬᠦᠳᠡᠭᠡ ᠲᠤᠰᠬᠤᠨ ᠢ ᠪᠦᠬᠦ ᠲᠠᠯ᠎ᠠ ᠪᠠᠷ ᠬᠦᠭᠵᠢᠬᠦᠯᠦᠨ ᠬᠦᠴᠦᠷᠬᠡᠭᠵᠢᠬᠦᠯᠬᠦ ᠵᠢᠱᠢᠶᠡᠴᠢ ᠳᠠᠭᠤᠷᠢᠶᠠᠯ ᠢ ᠰᠦᠪᠡᠭᠴᠢᠯᠡᠵᠦ᠂ 2022 ᠣᠨ ᠳᠤ ᠵᠦᠪᠬᠡᠨ ᠪᠦᠬᠦ ᠣᠯᠣᠰ ᠤᠨ 9 ᠮᠣᠵᠢ ᠳᠤ ᠬᠡᠷᠡᠭᠵᠢᠬᠦᠯᠦᠨ᠂ ᠣᠲᠤᠭ ᠤᠨ ᠡᠮᠦᠨᠡᠲᠦ ᠬᠤᠰᠢᠭᠤ ᠬᠡᠷᠡᠭᠵᠢᠬᠦᠯᠦᠯᠲᠡ ᠶᠢᠨ ᠵᠦᠪᠰᠢᠶᠡᠷᠡᠯ ᠢ ᠣᠯᠣᠭᠰᠠᠨ ᠦᠪᠡᠷᠲᠡᠭᠡᠨ ᠵᠠᠰᠠᠬᠤ ᠣᠷᠣᠨ ᠤ ᠴᠣᠷ  ᠤᠨ ᠭᠠᠭᠴᠠ ᠬᠤᠰᠢᠭᠤ ᠪᠤᠯᠤᠭᠰᠠᠨ ᠪᠠᠶᠢᠨ᠎ᠠ᠃ ᠵᠦᠪᠰᠢᠶᠡᠷᠡᠯ ᠣᠯᠣᠭᠰᠠᠨ ᠤ ᠳᠠᠷᠠᠭ᠎ᠠ᠂ ᠲᠦᠪ ᠤᠨ ᠡᠳ᠋ ᠤᠨ ᠵᠠᠰᠠᠭ ᠤᠨ ᠶᠠᠮᠣᠨ ᠠᠴᠠ ᠵᠢᠯ ᠪᠦᠷᠢ 5000 ᠲᠦᠮᠡᠨ ᠲᠦᠬᠦᠷᠢᠭ ᠪᠡᠯᠡ ᠮᠦᠩᠭᠦ ᠭᠠᠷᠭᠠᠨ᠂ ᠭᠤᠷᠪᠠᠨ ᠵᠢᠯ ᠳᠤ     1.5 ᠳ᠋ᠦᠩᠰᠢᠭᠤᠷ ᠲᠦᠬᠦᠷᠢᠭ ᠤᠨ ᠲᠤᠰᠬᠠᠢ. ᠪᠡᠯᠡ ᠮᠦᠩᠭᠦ ᠶᠢᠨ ᠳᠠᠶᠢᠴᠢᠯᠠᠯᠲᠠ ᠪᠠᠷ ᠳᠠᠮᠵᠢᠭᠤᠯᠤᠨ᠂ ᠬᠦᠳᠡᠭᠡ ᠲᠤᠰᠬᠤᠨ ᠤ ᠠᠷᠠᠳ ᠢ ᠪᠠᠶᠠᠵᠢᠭᠤᠯᠬᠤ ᠠᠵᠤ ᠦᠢᠯᠡᠰ ᠤᠨ ᠬᠦᠭᠵᠢᠯᠲᠡ ᠶᠢᠨ ᠲᠤᠭᠲᠠᠴᠠ᠂  ᠲᠤᠭᠠᠴᠠᠯᠠᠭᠰᠠᠨ ᠬᠦᠳᠡᠭᠡ ᠲᠤᠰᠬᠤᠨ ᠤ ᠬᠦᠭᠵᠢᠯᠲᠡ ᠶᠢᠨ ᠲᠤᠭᠲᠠᠴᠠ᠂ ᠬᠦᠳᠡᠭᠡ ᠲᠤᠰᠬᠤᠨ ᠤ ᠴᠢᠳᠠᠪᠤᠷᠢᠲᠠᠨ ᠤ ᠬᠦᠮᠦᠵᠢᠬᠦᠯᠦᠯᠲᠡ ᠶᠢᠨ ᠲᠤᠭᠲᠠᠴᠠ᠂ ᠬᠦᠳᠡᠭᠡ ᠲᠤᠰᠬᠤᠨ ᠤ ᠵᠠᠰᠠᠯᠲᠠ ᠶᠢᠨ ᠲᠤᠭᠲᠠᠴᠠ ᠶᠢ ᠰᠦᠪᠡᠭᠴᠢᠯᠡᠨ ᠰᠢᠨᠡᠴᠢᠯᠡᠨ᠎ᠡ᠃ ᠣᠲᠤᠭ ᠤᠨ ᠡᠮᠦᠨᠡᠲᠦ ᠬᠤᠰᠢᠭᠤ ᠲᠤᠰ ᠣᠠᠳᠠᠭᠠᠨ ᠤ ᠲᠤᠷᠰᠢᠯᠲᠠ ᠶᠢᠨ ᠴᠡᠭ ᠢᠶᠠᠷ ᠲᠤᠬᠢᠶᠠᠯ ᠪᠤᠯᠭᠠᠵᠤ᠂ ᠮᠠᠯ ᠲᠠᠷᠢᠶᠠᠯᠠᠩ ᠤᠨ ᠠᠵᠤ ᠦᠢᠯᠡᠰ ᠤᠨ ᠬᠦᠭᠵᠢᠯᠲᠡ ᠶᠢᠨ ᠪᠦᠲᠦᠴᠡ ᠶᠢᠨ ᠲᠤᠲᠠᠭᠤᠳᠠᠯ ᠢᠶᠠᠨ ᠨᠦᠬᠦᠪᠦᠷᠢᠯᠡᠨ᠂ ᠠᠵᠤ ᠦᠢᠯᠡᠰ ᠢ ᠴᠡᠴᠡᠭᠯᠡᠨ ᠬᠦᠭᠵᠢᠬᠦᠯᠬᠦ᠂ ᠬᠦᠳᠡᠭᠡ ᠲᠤᠰᠬᠤᠨ ᠢ ᠬᠦᠴᠦᠷᠬᠡᠭᠵᠢᠬᠦᠯᠦᠨ ᠮᠠᠨᠳᠣᠭᠤᠯᠬᠤ ᠶᠢ ᠠᠬᠢᠭᠤᠯᠵᠤ᠂ ᠲᠤᠷᠰᠢᠯᠲᠠ ᠶᠢᠨ ᠴᠡᠭ ᠤᠨ ︽ᠦᠷ᠎ᠡ ᠠᠰᠢᠭ︾ ᠢ ᠬᠦᠢᠴᠡᠳ ᠪᠠᠳᠠᠷᠠᠭᠤᠯᠤᠨ᠂ ᠬᠤᠰᠢᠭᠤᠨ ᠤ ᠨᠢᠬᠡ ᠬᠤᠶᠠᠷ ᠬᠤᠷᠪᠠᠳᠣᠭᠠᠷ ᠠᠵᠤ ᠦᠢᠯᠡᠰ ᠢ ᠬᠦᠨᠵᠡᠬᠡᠢ ᠠᠭᠤᠰᠤᠯᠴᠠᠭᠤᠯᠤᠭᠰᠠᠨ ᠬᠦᠭᠵᠢᠯᠲᠡ ᠶᠢ ᠠᠬᠢᠭᠤᠯᠵᠦ᠂ ᠮᠠᠯ ᠲᠠᠷᠢᠶᠠᠯᠠᠩ ᠤᠨ ᠠᠵᠤ ᠦᠢᠯᠡᠰ ᠢ ᠨᠡᠩ ᠬᠦᠴᠦᠷᠬᠡᠭᠵᠢᠬᠦᠯᠬᠦ᠂ ᠮᠠᠯᠵᠢᠬᠤ ᠲᠠᠷᠢᠶᠠᠯᠠᠬᠤ ᠤᠷᠤᠨ ᠢ ᠨᠡᠩ ᠭᠤᠴᠤ ᠪᠤᠯᠭᠠᠬᠤ᠂ ᠮᠠᠯᠴᠢᠨ ᠲᠠᠷᠢᠶᠠᠴᠢᠨ ᠢ ᠨᠡᠩ ᠴᠢᠨᠡᠬᠡᠯᠢᠭᠵᠢᠬᠦᠯᠬᠦ ︽ᠬᠦᠳᠡᠭᠡ ᠲᠤᠰᠬᠤᠨ ᠢ ᠬᠦᠭᠵᠢᠬᠦᠯᠦᠨ  ᠮᠠᠨᠳᠣᠭᠤᠯᠬᠤ ᠬᠡᠪ ᠳᠠᠭᠤᠷᠢᠶᠠᠯ ᠤᠷᠤᠨ︾ ᠤ ᠬᠠᠷᠠᠯᠲᠠ ᠪᠠᠨ ᠦᠳᠲᠡᠷ ᠲᠦᠷᠭᠡᠨ ᠪᠡᠶᠡᠯᠡᠬᠦᠯᠦᠨ᠎ᠡ᠃     ᠶᠤᠰᠤᠯᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠡᠯ᠎ᠡ ᠪᠠᠯᠭᠠᠰᠣᠨ ᠤ ᠮᠠᠯ ᠲᠠᠷᠢᠶᠠᠯᠠᠩ ᠤᠨ ᠪᠦᠲᠦᠬᠡᠭᠳᠡᠬᠦᠨ ᠤ ᠳᠡᠯᠬᠡᠨ ᠦᠵᠡᠬᠦᠯᠬᠡ ᠶᠢ ᠲᠤᠭᠤᠷᠢᠨ ᠦᠵᠡᠪᠡ᠃     ᠬᠤᠰᠢᠭᠤ ᠣᠳᠣᠷᠢᠳᠣᠯᠭ᠎ᠠ ᠭᠤᠤ ᠷᠦᠩ ᠲᠠᠩ᠂ ᠲᠤᠳᠢ᠂ ᠵᠤᠤ ᠱᠣᠸᠡᠨ᠂ ᠰᠦᠨ ᠶᠢᠦ ᠵᠢᠶᠦ᠋ᠨ᠂ ᠴᠢᠦ ᠯᠢᠨ᠂ ᠣᠷᠬᠢᠯ᠂ ᠮᠡᠷᠭᠡᠨᠵᠠᠶᠠᠭ᠎ᠠ᠂ ᠹᠦ᠋ ᠺᠧ᠂ ᠯᠢ ᠵᠢᠶᠠ ᠭᠤᠸᠡᠨ᠂ ᠡᠣ ᠰᠢᠶᠤᠤ ᠹᠠᠩ᠂ ᠡᠯ᠎ᠡ ᠪᠠᠯᠭᠠᠰᠣ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠲᠠᠨ᠂ ᠬᠡᠰᠡᠭ ᠠᠵᠤ ᠠᠬᠤᠶᠢᠯᠠᠯ᠂ ᠬᠤᠷᠰᠢᠶᠠᠵᠢᠯ ᠵᠢᠴᠢ ᠬᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠲᠠᠷᠢᠵᠦ ᠲᠡᠵᠢᠬᠡᠬᠦ ᠲᠤᠮᠤ ᠡᠷᠦᠬᠡ  ᠶᠢᠨ ᠲᠦᠯᠦᠬᠡᠯᠡᠭᠴᠢᠳ ᠠᠵᠢᠯᠯᠠᠭᠠᠨ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号