ᠶᠠᠩ ᠶᠢᠩ ᠰᠢᠨ ᠬᠤᠰᠢᠭᠤ ᠠᠷᠠᠳ ᠤᠨ ᠵᠠᠰᠠᠭ ᠤᠨ ᠣᠷᠳᠣᠨ ᠤ 2022 ᠣᠨ ᠤ10 ᠣᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/8/2
    7 ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠶᠢᠩ ᠰᠢᠨ ᠬᠤᠰᠢᠭᠤ ᠠᠷᠠᠳ ᠤᠨ ᠵᠠᠰᠠᠭ ᠤᠨ ᠣᠷᠳᠣᠨ ᠤ 2022 ᠣᠨ ᠤ 10 ᠣᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠣᠭᠤᠯᠪᠠ᠃ ᠬᠤᠰᠢᠭᠤ ᠠᠷᠠᠳ ᠤᠨ ᠵᠠᠰᠠᠭ ᠤᠨ ᠣᠷᠳᠣᠨ  ᠤ ᠨᠠᠮ ᠤᠨ ᠣᠳᠣᠷᠢᠳᠬᠤ ᠳᠣᠭᠤᠶᠢᠯᠠᠩ᠂ ᠣᠳᠣᠷᠢᠳᠬᠤ ᠪᠠᠭ ᠤᠨ ᠪᠦᠷᠢᠯᠳᠦᠬᠦᠨ ᠵᠢᠴᠢ ᠵᠠᠰᠠᠭ ᠤᠨ ᠣᠷᠳᠣᠨ ᠤ ᠠᠯᠪᠠᠨ ᠭᠡᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠦᠪ ᠤᠨ ᠣᠯᠣᠰ ᠲᠦᠷᠦ ᠶᠢᠨ ᠲᠤᠪᠴᠢᠶᠠᠨ ᠤ ᠳᠦᠴᠢᠳᠦᠬᠡᠷ  ᠣᠳᠠᠭᠠᠨ ᠤ ᠬᠠᠮᠲᠤ ᠶᠢᠨ ᠰᠣᠷᠣᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠣᠯᠠᠮᠵᠢᠯᠠᠪᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠣᠷᠣᠯᠴᠠᠨ ᠲᠤᠤᠱᠯᠠᠭᠤᠯᠵᠤ᠂ ᠢᠯᠵᠡᠷᠡᠯ ᠢ ᠡᠰᠡᠷᠬᠦᠴᠡᠬᠦ ᠲᠡᠮᠡᠴᠡᠯ ᠤᠨ ᠣᠷᠲᠣ ᠬᠤᠭᠤᠴᠠᠭᠠᠨ ᠤ ᠴᠢᠨᠠᠷ᠂ ᠪᠤᠳᠤᠯᠢᠶᠠᠨᠲᠠᠢ ᠴᠢᠨᠠᠷ᠂ ᠬᠠᠲᠠᠭᠤ ᠪᠡᠷᠬᠡᠲᠦ ᠴᠢᠨᠠᠷ ᠢ ᠬᠦᠢᠴᠡᠳ ᠲᠠᠨᠢᠨ᠂ ᠪᠦᠬᠦ  ᠲᠠᠯ᠎ᠠ ᠪᠠᠷ ᠨᠠᠮ ᠢᠶᠠᠨ ᠴᠢᠩᠭ᠎ᠠ ᠵᠠᠰᠠᠬᠤ ᠦᠵᠡᠯ ᠰᠠᠨᠠᠭᠠᠨ ᠤ ᠣᠬᠠᠮᠰᠠᠷ ᠪᠠ ᠰᠠᠨᠠᠭᠠᠴᠢᠯᠠᠭᠠᠲᠤ ᠣᠬᠠᠮᠰᠠᠷ ᠢᠶᠠᠨ ᠣᠯᠠᠮ ᠨᠢᠬᠡ ᠠᠯᠬᠤᠮ ᠴᠢᠩᠭᠠᠳᠬᠠᠵᠤ᠂ ᠪᠤᠲᠠᠲᠤ ᠦᠢᠯᠡ ᠠᠵᠢᠯᠯᠠᠭ᠎ᠠ ᠪᠠᠷ ᠢᠶᠠᠨ ᠨᠠᠮ ᠤᠨ ᠬᠤᠷᠢᠳᠣᠭᠠᠷ ᠶᠡᠭᠡ ᠬᠤᠷᠠᠯ ᠠᠮᠵᠢᠯᠲᠠᠲᠠᠢ ᠬᠤᠷᠠᠯᠳᠣᠬᠤ ᠶᠢ ᠣᠭᠲᠣᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠬᠤᠷᠠᠯ ᠠᠴᠠ ᠲᠤᠭ᠎ᠠ ᠪᠦᠷᠢᠳᠬᠡᠯ ᠤᠨ ᠠᠵᠢᠯ ᠢ ᠬᠦᠨᠵᠡᠭᠡᠶᠢᠷᠡᠬᠦᠯᠬᠦ ᠪᠠ ᠴᠢᠩᠭᠠᠳᠬᠠᠬᠤ ᠬᠤᠯᠪᠤᠭᠳᠠᠯ ᠪᠦᠬᠦᠢ ᠪᠢᠴᠢᠭ ᠮᠡᠲ᠋ᠧᠷᠢᠶᠡᠯ ᠤᠨ ᠵᠤᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠪᠠ᠃ ᠬᠢᠨᠠᠮᠠᠭᠠᠢ ᠰᠣᠷᠣᠯᠴᠠᠨ᠂ ᠬᠦᠨᠵᠡᠬᠡᠢ ᠬᠠᠷᠢᠴᠠᠭᠤᠯᠤᠨ ᠲᠤᠩᠭᠠᠵᠤ᠂ ᠲᠤᠭ᠎ᠠ ᠪᠦᠷᠢᠳᠬᠡᠯ ᠤᠨ ᠠᠵᠢᠯ ᠤᠨ ᠬᠠᠭᠤᠷᠮᠠᠭᠯᠠᠬᠤ ᠠᠵᠢᠯᠯᠠᠭᠠᠨ ᠢ ᠰᠡᠷᠬᠡᠶᠢᠯᠡᠬᠦ ᠪᠠ ᠵᠠᠯᠬᠠᠭᠠᠨ ᠴᠡᠭᠡᠷᠯᠡᠬᠦᠯᠬᠦ ᠳᠠᠭᠠᠭᠠᠮᠠᠭᠠᠢ ᠲᠤᠭᠲᠠᠴᠠ ᠶᠢ ᠪᠠᠶᠢᠭᠤᠯᠵᠤ ᠳᠡᠬᠦᠯᠳᠡᠷᠵᠢᠬᠦᠯᠦᠨ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠣ ᠴᠢᠨᠠᠷ ᠢ ᠲᠠᠰᠣᠷᠠᠯᠲᠠ ᠦᠬᠡᠢ ᠳᠡᠭᠡᠭᠰᠢᠯᠡᠬᠦᠯᠵᠦ᠂ ᠲᠤᠲᠤᠭᠠᠲᠤ ᠳᠤ ᠴᠡᠭᠴᠡᠯᠡᠯᠲᠡ ᠬᠢᠬᠦ ᠵᠣᠷᠢᠭ ᠰᠦᠰᠦ ᠪᠠᠷ ᠲᠤᠭ᠎ᠠ ᠪᠦᠷᠢᠳᠬᠡᠯ ᠤᠨ ᠠᠵᠢᠯ ᠤᠨ ᠬᠠᠭᠤᠷᠮᠠᠭ ᠢᠶᠠᠷ ᠵᠤᠬᠢᠶᠠᠬᠤ᠂ ᠬᠤᠳᠠᠯ ᠬᠠᠭᠤᠷᠮᠠᠭ ᠢᠶᠠᠷ ᠦᠢᠯᠡᠳᠬᠦ ᠠᠵᠢᠯᠯᠠᠭᠠᠨ ᠲᠠᠢ ᠡᠷᠡᠰ ᠲᠡᠮᠡᠴᠡᠬᠦ ᠬᠡᠷᠡᠭᠲᠡᠢ᠃ ᠲᠤᠭ᠎ᠠ ᠪᠦᠷᠢᠳᠬᠡᠯ ᠤᠨ ᠠᠵᠢᠯ ᠤᠨ ︽ᠭᠤᠷᠪᠠ ᠳᠤ ᠬᠦᠨᠵᠡᠭᠡᠶᠢᠷᠡᠬᠦ︾ ᠠᠵᠢᠯᠯᠠᠭᠠᠨ ᠢᠶᠠᠷ ᠲᠤᠬᠢᠶᠠᠯ ᠪᠤᠯᠭᠠᠨ᠂ ᠡᠷᠬᠢᠯᠲᠡ ᠲᠤᠬᠢᠷᠠᠭᠤᠯᠤᠯᠲᠠ ᠪᠠᠨ ᠴᠢᠩᠭᠠᠳᠬᠠᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠪᠦᠷᠢᠳᠬᠡᠬᠦ ᠶᠤᠰᠤᠲᠠᠢ ᠶᠢ ᠨᠢ ᠴᠦᠮ ᠪᠦᠷᠢᠳᠬᠡᠬᠦ᠂ ᠲᠤᠲᠠᠭᠲᠠᠭᠤᠯᠤᠯ ᠦᠬᠡᠢ ᠪᠦᠬᠦᠨ ᠢ ᠪᠦᠷᠢᠳᠬᠡᠬᠦ ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠬᠤᠷᠠᠯ ᠠᠴᠠ ᠪᠦᠬᠦ ᠬᠤᠰᠢᠭᠤᠨ ᠤ ᠭᠠᠵᠠᠷ ᠳᠣᠣᠷᠠᠬᠢ ᠣᠰᠣᠨ ᠤ ᠬᠡᠲᠦ ᠠᠰᠢᠭᠯᠠᠯᠲᠠ ᠶᠢᠨ ᠣᠷᠣᠨ ᠤ ᠵᠠᠰᠠᠯᠲᠠ᠂ ᠣᠢ ᠰᠢᠭᠤᠢ ᠨᠤᠲᠤᠭ ᠪᠡᠯᠴᠢᠭᠡᠷ ᠢ ᠡᠪᠳᠡᠵᠦ ᠬᠠᠣᠯᠢ ᠳᠦᠷᠢᠮ ᠵᠦᠷᠢᠴᠡᠭᠰᠡᠨ ᠠᠵᠢᠯᠯᠠᠭᠠᠨ ᠤ ᠲᠤᠰᠬᠠᠢ ᠴᠡᠭᠴᠡᠯᠡᠯᠲᠡ᠂ ᠪᠠᠶᠢᠭᠠᠯᠢ ᠶᠢᠨ ᠡᠬᠢ ᠰᠣᠷᠪᠣᠯᠵᠢ ᠶᠢᠨ ᠦᠩᠭᠡᠷᠡᠭᠰᠡᠨ ᠵᠢᠯ ᠤᠳ ᠤᠨ ᠬᠢᠨᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠤᠨ ᠴᠡᠭᠴᠡᠯᠡᠯᠲᠡ ᠶᠢᠨ ︽ᠵᠠᠭᠤᠨ ᠡᠳᠦᠷ ᠤᠨ ᠰᠢᠪᠲᠤᠯᠤᠯᠲᠠ︾ ᠶᠢᠨ ᠠᠵᠢᠯᠯᠠᠭᠠᠨ ᠢ ᠨᠠᠶᠢᠲᠠᠪᠤᠷᠢᠵᠢᠭᠤᠯᠤᠭᠰᠠᠨ ᠪᠠᠶᠢᠳᠠᠯ ᠢ ᠰᠣᠨᠣᠰᠪᠠ᠃ ᠭᠠᠵᠠᠷ ᠳᠣᠣᠷᠠᠬᠢ ᠣᠰᠣᠨ ᠤ ᠬᠡᠲᠦ ᠠᠰᠢᠭᠯᠠᠯᠲᠠ ᠶᠢᠨ ᠣᠷᠣᠨ ᠤ ᠵᠠᠰᠠᠯᠲᠠ ᠳᠤ ᠠᠩᠬᠠᠷᠤᠯ ᠢᠶᠠᠨ ᠲᠦᠪᠯᠡᠷᠡᠬᠦᠯᠵᠦ᠂ ᠵᠠᠰᠠᠯᠲᠠ ᠶᠢᠨ ᠠᠷᠭ᠎ᠠ ᠠᠪᠴᠠᠯ  ᠢᠶᠠᠨ ᠴᠢᠩᠭ᠎ᠠ ᠬᠡᠷᠡᠭᠵᠢᠬᠦᠯᠦᠨ᠂ ᠵᠠᠰᠠᠯᠲᠠ ᠶᠢᠨ ᠦᠷ᠎ᠡ ᠪᠦᠲᠦᠮᠵᠢ ᠪᠠᠨ ᠬᠦᠨᠵᠡᠬᠡᠢ ᠵᠠᠳᠠᠯᠣᠨ ᠮᠠᠭᠠᠳᠯᠠᠵᠤ᠂ ᠣᠶᠢᠷ᠎ᠠ ᠶᠢᠨ ᠬᠤᠭᠤᠴᠠᠭᠠᠨ ᠤ ᠴᠠᠭ ᠠᠭᠤᠷ ᠤᠨ ᠠᠰᠢᠭ ᠲᠠᠢ ᠨᠦᠬᠦᠴᠡᠯ ᠢ ᠠᠰᠢᠭᠯᠠᠨ᠂ ᠭᠤᠷᠪᠠᠳᠣᠭᠠᠷ ᠣᠯᠠᠷᠢᠯ  ᠳᠤ ᠣᠰᠣᠨ ᠳᠦᠪᠰᠢᠨ ᠤ ᠲᠤᠭ᠎ᠠ ᠪᠠᠷᠢᠮᠲᠠ ᠶᠢᠨ ᠳᠡᠭᠡᠭᠰᠢᠯᠡᠯᠲᠡ ᠶᠢ ᠪᠠᠲᠤᠯᠠᠬᠤ ᠬᠡᠷᠡᠭᠲᠡᠢ᠃ ᠣᠢ ᠰᠢᠭᠤᠢ ᠨᠣᠲᠤᠭ ᠪᠡᠯᠴᠢᠭᠡᠷ ᠤᠨ ᠲᠤᠯᠪᠤᠲᠤ ᠵᠢᠷᠤᠭ ᠤᠨ ᠠᠰᠠᠭᠤᠳᠠᠯ ᠤᠨ ᠴᠡᠭᠴᠡᠯᠡᠯᠲᠡ ᠶᠢᠨ ᠠᠵᠢᠯ ᠢ ᠦᠷᠬᠦᠯᠵᠢᠯᠡᠨ ᠴᠢᠩᠭᠠᠳᠬᠠᠵᠤ᠂ ᠡᠯ᠎ᠡ ᠪᠠᠯᠭᠠᠰᠣ᠂ ᠠᠵᠢᠯ ᠲᠦᠷᠦᠯ ᠤᠨ ᠭᠤᠤᠯ ᠬᠠᠮᠢᠶᠠᠷᠤᠯᠲᠠ ᠶᠢᠨ ᠰᠠᠯᠠᠭ᠎ᠠ ᠮᠦᠴᠢᠷ᠂ ᠬᠠᠤᠯᠢ ᠬᠡᠷᠡᠭᠵᠢᠬᠦᠯᠦᠯᠲᠡ  ᠶᠢᠨ ᠪᠠᠶᠢᠭᠤᠯᠤᠮᠵᠢ ᠠᠴᠠ ᠬᠢᠨᠠᠨ ᠬᠠᠮᠢᠶᠠᠷᠬᠤ ᠬᠠᠤᠯᠢ ᠬᠡᠷᠡᠭᠵᠢᠬᠦᠯᠬᠦ ᠬᠦᠴᠦᠯᠡᠴᠡ ᠪᠠᠨ ᠴᠢᠩᠭᠠᠳᠬᠠᠨ᠂ ᠡᠰᠡᠷᠬᠦ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠴᠢᠩᠭ᠎ᠠ ᠠᠳᠬᠤᠵᠤ᠂ ᠬᠠᠣᠯᠢ ᠪᠤᠰᠣ ᠪᠠᠷ ᠳᠠᠬᠢᠨ ᠬᠠᠭᠠᠯᠪᠤᠷᠢᠯᠠᠬᠤ ᠠᠵᠢᠯᠯᠠᠭᠠᠨ  ᠢ ᠡᠷᠡᠰ ᠬᠤᠷᠢᠭᠯᠠᠬᠤ ᠬᠡᠷᠡᠭᠲᠡᠢ᠃ ᠵᠠᠭᠤᠨ ᠡᠳᠦᠷ ᠤᠨ ᠰᠢᠪᠲᠤᠯᠤᠯᠲᠠ ᠶᠢᠨ ᠠᠵᠢᠯᠯᠠᠭᠠᠨ ᠢ ᠯᠠᠪᠳᠠᠭᠤᠨ ᠪᠠᠲᠤᠲᠠᠢ  ᠪᠠᠷ ᠦᠷᠨᠢᠬᠦᠯᠦᠨ᠂ ᠪᠠᠶᠢᠭᠠᠯᠢ ᠶᠢᠨ ᠡᠬᠢ ᠰᠣᠷᠪᠣᠯᠵᠢ ᠶᠢᠨ ᠬᠢᠨᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠤᠨ ᠴᠡᠭᠴᠡᠯᠡᠯᠲᠡ ᠶᠢ ᠡᠮᠬᠢᠲᠡᠢ ᠠᠬᠢᠭᠤᠯᠵᠤ᠂ ᠳᠡᠭᠡᠳᠦ ᠱᠠᠲᠤᠨ ᠤ ᠴᠢᠩᠭ᠎ᠠ ᠱᠠᠭᠠᠷᠳᠠᠯᠭ᠎ᠠ ᠶᠤᠰᠤᠭᠠᠷ᠂ ᠴᠡᠭᠴᠡᠯᠡᠯᠲᠡ ᠶᠢᠨ ᠡᠬᠦᠷᠭᠡ ᠬᠠᠷᠢᠭᠤᠴᠠᠯᠭ᠎ᠠ ᠪᠠᠨ ᠪᠤᠲᠠᠲᠠᠶᠢᠵᠢᠭᠤᠯᠤᠨ᠂ ᠬᠠᠷᠢᠯᠴᠠᠨ ᠵᠤᠬᠢᠴᠠᠭᠤᠯᠬᠤ ᠠᠵᠢᠯ ᠢᠶᠠᠨ ᠰᠠᠶᠢᠲᠤᠷ ᠬᠢᠵᠦ᠂ ᠠᠰᠠᠭᠤᠳᠠᠯ ᠢ ᠴᠠᠭ ᠬᠤᠭᠤᠴᠠᠭᠠᠨ ᠤ ᠱᠠᠭᠠᠷᠳᠠᠯᠭ᠎ᠠ ᠶᠤᠰᠤᠭᠠᠷ ᠪᠦᠬᠦᠨ ᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠬᠤᠷᠠᠯ ᠠᠴᠠ ᠪᠠᠰᠠ ᠰᠢᠨ᠎ᠡ ᠡᠨᠧᠷᠬᠢ ᠶᠢᠨ ᠲᠦᠷᠦᠯ ᠵᠦᠢᠯ ᠤᠨ ᠪᠠᠶᠢᠭᠤᠯᠤᠯᠲᠠ ᠶᠢᠨ ᠬᠤᠯᠪᠤᠭᠳᠠᠯ ᠪᠦᠬᠦᠢ ᠣᠴᠢᠷ ᠶᠠᠪᠤᠳᠠᠯ ᠢ ᠰᠣᠳᠣᠯᠪᠠ᠃ ᠣᠶᠣᠨ ᠣᠬᠠᠭᠠᠨ᠂ ᠣᠯᠠᠨ ᠲᠠᠯ᠎ᠠ ᠶᠢᠨ ᠰᠠᠨᠠᠯ ᠰᠠᠨᠠᠭᠤᠯᠭ᠎ᠠ ᠶᠢ ᠰᠢᠩᠭᠡᠭᠡᠨ ᠠᠪᠴᠤ᠂ ᠠᠵᠢᠯ ᠤᠨ ᠠᠬᠢᠴᠠ ᠪᠠᠨ ᠲᠦᠷᠬᠡᠳᠭᠡᠨ᠂ ᠦᠷ᠎ᠡ ᠳ᠋ᠦᠩ ᠤᠨ ᠣᠳᠣᠷᠢᠳᠣᠮᠵᠢ᠂ ᠬᠠᠷᠠᠯᠲᠠ ᠶᠢᠨ ᠣᠳᠣᠷᠢᠳᠣᠮᠵᠢ ᠶᠢ ᠳᠣᠪᠣᠶᠢᠯᠭᠠᠵᠤ᠂ ᠲᠦᠷᠦᠯ ᠵᠦᠢᠯ ᠤᠨ ᠰᠣᠩᠭᠤᠯᠲᠠ ᠶᠢ ᠬᠠᠣᠯᠢ ᠳᠦᠷᠢᠮ ᠶᠤᠰᠤᠭᠠᠷ ᠰᠠᠶᠢᠲᠤᠷ  ᠬᠢᠨ᠂ ᠰᠢᠨ᠎ᠡ ᠡᠨᠧᠷᠬᠢ ᠶᠢᠨ ᠰᠠᠭᠤᠷᠢᠨ ᠭᠠᠵᠠᠷ ᠡᠷᠲᠡᠬᠡᠨ ᠣᠷᠣᠨᠵᠢᠬᠤ ᠶᠢ ᠠᠬᠢᠭᠤᠯᠵᠤ᠂ ᠬᠤᠰᠢᠭᠤᠨ ᠤ ᠠᠵᠤ ᠠᠬᠤᠢ ᠨᠡᠶᠢᠬᠡᠮ ᠤᠨ ᠴᠢᠨᠠᠷᠯᠢᠭ ᠬᠦᠭᠵᠢᠯᠲᠡ᠂ ᠠᠷᠠᠳ ᠤᠨ ᠠᠮᠢᠳᠣᠷᠠᠯ ᠤᠨ ᠠᠰᠢᠭ ᠵᠢᠷᠭᠠᠯ ᠤᠨ ᠰᠠᠶᠢᠵᠢᠷᠠᠭᠤᠯᠤᠯᠲᠠ ᠳᠤ ᠬᠦᠴᠦᠨ ᠨᠡᠮᠡᠷᠢᠯᠡᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠬᠤᠰᠢᠭᠤ ᠣᠳᠣᠷᠢᠳᠣᠯᠭ᠎ᠠ ᠵᠤᠤ ᠱᠣᠸᠡᠨ᠂ ᠰᠦᠨ ᠶᠢᠦ ᠵᠢᠶᠦ᠋ᠨ᠂ ᠴᠧᠩ ᠱᠣ᠋ ᠵᠢᠶᠦ᠋ᠨ᠂ ᠲᠤᠶᠠᠭ᠎ᠠ ᠵᠢᠴᠢ ᠡᠯ᠎ᠡ ᠪᠠᠯᠭᠠᠰᠣ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠲᠠᠳ ᠬᠤᠷᠠᠯ ᠳᠤ ᠰᠣᠯᠠ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号