ᠸᠠᠩ ᠢᠦᠢ ᠴᠢᠶᠠᠩ ᠬᠤᠰᠢᠭᠤᠨ ᠳᠤ ᠰᠠᠭᠤᠭ᠎ᠠ ᠴᠡᠷᠢᠭ ᠠᠩᠬᠢ ᠪᠠ ᠴᠡᠷᠢᠭ ᠠᠴᠠ ᠬᠠᠯᠠᠭᠳᠠᠭᠰᠠᠤᠨ ᠢ ᠳᠤᠬᠤᠨᠢᠭᠤᠯᠵᠤ ᠴᠡᠷᠢᠭ ᠠᠴᠠ ᠬᠠᠯᠠᠭᠳᠠᠭᠰᠠᠤᠨ ᠪᠠ ᠪᠤᠰᠤᠤᠨ ᠬᠠᠷᠠᠭᠠᠯᠵᠠᠬᠤ ᠡᠳᠡᠬᠡᠤᠨ ᠲᠤ ᠬᠠᠷᠠᠭᠠᠯᠵᠠᠯ  ᠤᠨ ᠦᠨᠡᠮᠯᠡᠯ ᠤᠯᠭᠤᠪᠠ
ᠨᠡᠶᠢᠲᠡᠯᠡᠭᠰᠡᠨ ᠴᠠᠭ᠄
2022/8/2
    7 ᠰᠠᠷ᠎ᠠ ᠶᠢᠨ 29 ᠤ ᠡᠳᠤᠷ᠂ ︽ᠨᠠᠢᠮᠠᠨ ᠰᠠᠷ᠎ᠠ ᠶᠢᠨ ᠨᠢᠬᠡᠨ︾ ᠤ ᠴᠡᠷᠢᠭ ᠪᠠᠶᠢᠭᠤᠯᠤᠭᠳᠠᠭᠰᠡᠨ ᠪᠠᠶᠠᠷ ᠬᠦᠷᠴᠤ ᠢᠷᠡᠬᠦ ᠳᠠᠰᠢᠷᠠᠮ ᠢᠶᠠᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠬᠤᠰᠢᠭᠤ ᠠᠷᠠᠤᠨ ᠤᠨ ᠵᠡᠪᠰᠡᠭᠳᠤ ᠬᠦᠴᠤᠨ ᠤ ᠬᠡᠯᠳᠡᠰ ᠪᠠ ᠴᠡᠷᠢᠭ ᠠᠴᠠ ᠬᠠᠯᠠᠭᠳᠠᠭᠰᠠᠤᠨ ᠤᠨ ᠬᠡᠷ ᠲᠤ ᠬᠦᠷᠴᠤ ᠬᠤᠰᠢᠭᠤᠨ  ᠳᠤ ᠰᠠᠭᠤᠭ᠎ᠠ ᠴᠡᠷᠢᠭ ᠠᠩᠬᠢ ᠪᠠ ᠴᠡᠷᠢᠭ ᠠᠴᠠ ᠬᠠᠯᠠᠭᠳᠠᠭᠰᠠᠤᠨ ᠢ ᠪᠤᠯᠭᠤᠭᠠᠨ ᠳᠤᠬᠤᠨᠢᠭᠤᠯᠵᠤ᠂ ᠪᠦᠬᠦ ᠬᠤᠰᠢᠭᠤᠨ ᠤ ᠴᠡᠷᠢᠭ ᠠᠴᠠ ᠬᠠᠯᠠᠭᠳᠠᠭᠰᠠᠤᠨ ᠪᠠ ᠪᠤᠰᠤᠤᠨ ᠬᠠᠷᠠᠭᠠᠯᠵᠠᠬᠤ ᠡᠳᠡᠬᠡᠤᠨ ᠲᠤ ᠬᠠᠷᠠᠭᠠᠯᠵᠠᠯ ᠤᠨ ᠦᠨᠡᠮᠯᠡᠯ ᠠᠩᠬ᠎ᠠ ᠤᠯᠭᠤᠬᠤ ᠶᠤᠰᠤᠯᠠᠯ ᠳᠤ ᠤᠷᠤᠯᠴᠠᠨ᠂ ᠴᠡᠷᠢᠭ ᠠᠴᠠ ᠬᠠᠯᠠᠭᠳᠠᠭᠰᠠᠤᠨ ᠤᠨ ᠲᠦᠯᠤᠬᠡᠯᠡᠭᠴᠢ ᠪᠠ ᠪᠤᠰᠤᠤᠨ ᠬᠠᠷᠠᠭᠠᠯᠵᠠᠬᠤ ᠡᠳᠡᠬᠡᠤᠨ ᠲᠤ ᠬᠠᠷᠠᠭᠠᠯᠵᠠᠯ ᠤᠨ ᠦᠨᠡᠮᠯᠡᠯ ᠤᠯᠭᠤᠪᠠ᠃     ᠸᠠᠩ ᠢᠦᠢ ᠴᠢᠶᠠᠩ ᠴᠡᠷᠢᠭ ᠠᠴᠠ ᠬᠠᠯᠠᠭᠳᠠᠭᠰᠠᠨ ᠭᠤᠣ ᠰᠢᠶᠣᠣ ᠢ ᠶᠢᠨ ᠬᠡᠷ ᠲᠤ ᠬᠦᠷᠴᠤ ᠳᠤᠳᠤᠨᠤᠰᠤᠭ ᠶᠠᠷᠢᠯᠴᠠᠨ᠂ ᠳᠡᠬᠦᠨ ᠤ ᠪᠡᠶ᠎ᠡ ᠶᠢᠨ ᠪᠠᠶᠢᠳᠠᠯ ᠪᠠ ᠠᠮᠢᠳᠤᠷᠠᠯ ᠤᠨ ᠪᠠᠶᠢᠳᠠᠯ ᠢ ᠨᠠᠷᠢᠯᠢᠭ ᠠᠰᠠᠭᠤᠨ ᠯᠠᠪᠯᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠴᠡᠷᠢᠭ ᠠᠴᠠ ᠬᠠᠯᠠᠭᠳᠠᠭᠰᠠᠤᠨ ᠤᠨ ᠠᠮᠢᠳᠤᠷᠠᠯ ᠤᠨ ᠪᠠᠶᠢᠳᠠᠯ ᠢ ᠬᠠᠯᠠᠮᠵᠢᠯᠠᠨ᠂ ᠴᠡᠷᠢᠭ ᠠᠴᠠ ᠬᠠᠯᠠᠭᠳᠠᠭᠰᠠᠤᠨ ᠤᠨ ᠶᠠᠪᠤᠳᠠᠯ ᠢ ᠡᠬᠦᠷᠢᠳᠠ ᠰᠡᠤᠨᠬᠢᠯ ᠳᠤ ᠪᠠᠨ ᠪᠤᠳᠤᠵᠤ᠂ ᠳᠠᠳᠠᠨ ᠤ ᠠᠮᠢᠳᠤᠷᠠᠯ ᠳᠤᠮᠳᠠ ᠳᠤᠯᠭᠠᠷᠠᠵᠤ ᠪᠠᠶᠢᠭ᠎ᠠ ᠬᠦᠴᠢᠷᠳᠠᠯ ᠪᠠ ᠠᠰᠠᠭᠤᠳᠠᠯ ᠢ ᠢᠳᠡᠪᠬᠢᠳᠠᠢ ᠵᠤᠬᠢᠴᠠᠭᠤᠯᠵᠤ ᠰᠢᠢᠤᠨᠪᠤᠷᠢᠯᠡᠨ᠂ ᠡᠯ᠎ᠡ ᠲᠦᠷᠤᠯ ᠤᠨ ᠬᠠᠷᠠᠭᠠᠯᠵᠠᠯ ᠤᠨ ᠲᠦᠷᠤ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠬᠤ ᠬᠡᠷᠡᠭᠳᠠᠢ ᠬᠡᠵᠤ ᠵᠡᠬᠢᠪᠡ᠃     ᠸᠠᠩ ᠢᠦᠢ ᠴᠢᠶᠠᠩ ᠬᠤᠰᠢᠭᠤ ᠠᠷᠠᠤᠨ ᠤᠨ ᠵᠡᠪᠰᠡᠭᠳᠤ ᠬᠦᠴᠤᠨ ᠤ ᠬᠡᠯᠳᠡᠰ ᠲᠤ ᠬᠦᠷᠴᠤ ᠬᠤᠰᠢᠭᠤᠨ ᠳᠤ ᠰᠠᠭᠤᠭ᠎ᠠ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠤᠨ ᠢ ᠪᠤᠯᠭᠤᠭᠠᠨ ᠳᠤᠬᠤᠨᠢᠭᠤᠯᠤᠭᠰᠡᠨ ᠮᠦᠷᠳᠡᠬᠡᠨ ᠰᠠᠭᠤᠳᠠᠯ ᠤᠨ ᠬᠤᠷᠠᠯ ᠬᠤᠷᠠᠯᠳᠤᠭᠤᠯᠪᠠ᠃ ᠸᠠᠩ ᠢᠦᠢ ᠴᠢᠶᠠᠩ᠂ ᠬᠤᠰᠢᠭᠤᠨ ᠳᠤ ᠰᠠᠭᠤᠭ᠎ᠠ ᠴᠡᠷᠢᠭ ᠠᠩᠬᠢ ᠨᠠᠶᠢᠬᠡᠮ ᠤᠨ ᠠᠮᠤᠷ ᠳᠤᠭᠳᠠᠭᠤᠨ ᠢ ᠬᠠᠮᠠᠭᠠᠯᠠᠬᠤ᠂ ᠠᠵᠤ ᠠᠬᠤᠢ ᠨᠠᠶᠢᠬᠡᠮ ᠤᠨ ᠬᠦᠭᠵᠢᠯᠳᠠ ᠪᠠ ᠠᠷᠠᠤᠨ ᠤᠯᠠᠨ ᠤ ᠠᠮᠤᠷ ᠳᠤᠭᠳᠠᠭᠤᠨ ᠢ ᠪᠠᠳᠤᠯᠠᠬᠤ ᠵᠡᠷᠬᠡ ᠳᠠᠯ᠎ᠠ ᠪᠠᠷ ᠴᠢᠬᠤᠯᠠ ᠬᠤᠪᠢ ᠨᠠᠮᠠᠷᠢ ᠦᠵᠡᠬᠦᠯᠪᠡ᠂ ᠦᠷᠬᠡᠨ ᠤᠯᠠᠨ ᠳᠠᠷᠤᠭ᠎ᠠ ᠪᠠᠶᠢᠯᠳᠤᠭᠴᠢᠤᠨ ᠦᠷᠬᠦᠯᠵᠢᠯᠡᠨ ᠰᠢᠯᠢᠳᠡᠭ ᠰᠤᠷᠳᠠᠯ ᠢᠶᠠᠨ ᠪᠠᠳᠠᠷᠠᠭᠤᠯᠤᠨ᠂ ᠪᠦᠬᠦ ᠬᠤᠰᠢᠭᠤᠨ ᠤ ᠡᠯ᠎ᠡ ᠲᠦᠷᠤᠯ ᠤᠨ ᠠᠵᠢᠯ ᠤᠶᠢᠯᠡᠰ ᠤᠨ ᠬᠦᠭᠵᠢᠯᠳᠠ ᠶᠢ ᠪᠠᠳᠤᠯᠠᠬᠤ ᠶᠢ ᠬᠦᠰᠡᠵᠤ ᠪᠠᠶᠢᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠴᠡᠷᠢᠭ ᠠᠩᠬᠢ ᠶᠢᠨ ᠪᠠᠶᠢᠭᠤᠯᠤᠯᠳᠠ ᠶᠢ ᠪᠦᠬᠦ ᠬᠦᠴᠤᠨ ᠢᠶᠠᠷ ᠳᠡᠮᠵᠢᠨ᠂ ︽ᠬᠤᠶᠠᠷ ᠢ ᠬᠦᠷᠢᠶᠡᠯᠡᠬᠦ︾ ᠠᠵᠢᠯ ᠢ ᠢᠮᠠᠭᠳᠠ ᠰᠠᠶᠢᠳᠤᠷ ᠬᠢᠬᠦ ᠬᠡᠷᠡᠭᠳᠠᠢ ᠬᠡᠪᠡ᠃     ᠬᠤᠰᠢᠭᠤ ᠤᠳᠤᠷᠢᠳᠤᠯᠭ᠎ᠠ ᠵᠣᠣ ᠱᠤᠸᠠᠨ᠂ ᠹᠦ᠋ ᠺᠧ᠂ ᠴᠢ ᠰᠢᠶᠠᠨ ᠴᠢᠩ᠂ ᠴᠧᠩ ᠱᠦ ᠵᠢᠶᠦ᠋ᠨ᠂ ᠸᠠᠩ ᠯᠢᠨ᠂ ᠴᠢᠨ ᠯᠢᠩ ᠹᠧᠩ᠂ ᠵᠦ ᠵᠢᠤᠸᠠᠢ ᠴᠢᠶᠣᠣ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠤᠨ ᠵᠢᠴᠢ ᠬᠤᠰᠢᠭᠤ ᠴᠡᠷᠢᠭ ᠠᠴᠠ ᠬᠠᠯᠠᠭᠳᠠᠭᠰᠠᠤᠨ ᠤᠨ ᠲᠦᠯᠤᠬᠡᠯᠡᠭᠴᠢ ᠪᠠ ᠪᠤᠰᠤᠤᠨ ᠬᠠᠷᠠᠭᠠᠯᠵᠠᠬᠤ ᠡᠳᠡᠬᠡᠤᠨ ᠠᠵᠢᠯᠯᠠᠭ᠎ᠠ  ᠳᠤ ᠤᠷᠤᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号