ᠶᠠᠩ ᠶᠢᠩ ᠰᠢᠨ ᠪᠦᠬᠦ ᠬᠤᠰᠢᠭᠤᠨ ᠤ ᠰᠣᠷᠭᠠᠨ ᠬᠦᠮᠦᠵᠢᠯ ᠤᠨ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/8/2
    7 ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠲᠠᠷᠤᠭ᠎ᠠ ᠶᠠᠩ ᠶᠢᠩ ᠰᠢᠨ ᠪᠦᠬᠦ ᠬᠤᠰᠢᠭᠤᠨ ᠤ ᠰᠣᠷᠭᠠᠨ ᠬᠦᠮᠦᠵᠢᠯ ᠤᠨ ᠠᠵᠢᠯ ᠢ ᠠᠬᠢᠭᠤᠯᠬᠤ ᠬᠤᠷᠠᠯ  ᠢ ᠡᠷᠬᠢᠯᠡᠨ ᠬᠤᠷᠠᠯᠳᠣᠭᠤᠯᠪᠠ᠃     ᠬᠤᠷᠠᠯ ᠲᠡᠭᠡᠷ᠎ᠡ ᠪᠦᠬᠦ ᠬᠤᠳᠠ ᠶᠢᠨ ᠲᠡᠭᠡᠳᠦ ᠰᠢᠯᠭᠠᠯᠳᠠ ᠶᠢᠨ ᠶᠡᠷᠦᠩᠬᠡᠶᠢᠯᠡᠭᠰᠡᠨ ᠦᠭᠡᠷᠡᠴᠢᠯᠡᠯᠳᠡ ᠶᠢ ᠠᠬᠢᠭᠤᠯᠬᠤ ᠬᠤᠷᠠᠯ᠂ ᠣᠯᠣᠰ ᠤᠨ ᠨᠢᠭᠡᠳᠦᠯᠳᠡᠢ ᠵᠢᠭᠠᠬᠤ ᠮᠡᠲ᠋ᠧᠷᠢᠶᠠᠯ ᠢ ᠬᠡᠷᠡᠭᠵᠢᠭᠦᠯᠬᠦ ᠠᠵᠢᠯ ᠤᠨ ᠬᠤᠷᠠᠯ᠂ ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ ᠶᠡᠭᠡ ᠬᠤᠷᠠᠯ ᠵᠢᠴᠢ ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ ᠬᠤᠯᠪᠣᠭᠠᠯᠠᠯ ᠪᠠᠶᠢᠭᠤᠯᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠪᠠ᠃ ᠪᠦᠬᠦ ᠬᠤᠰᠢᠭᠤᠨ  ᠤ ᠰᠣᠷᠭᠠᠨ ᠬᠦᠮᠦᠵᠢᠯ ᠤᠨ ᠡᠯ᠎ᠡ ᠲᠦᠷᠦᠯ ᠤᠨ ᠭᠤᠣᠯᠳᠠᠭᠠᠳᠦ ᠠᠵᠢᠯ ᠤᠨ ᠠᠬᠢᠴᠠ ᠤᠨ ᠪᠠᠶᠢᠳᠠᠯ ᠢ ᠨᠡᠶᠢᠳᠡᠯᠡᠨ᠂ ᠰᠣᠷᠭᠠᠭᠤᠯᠢ ᠶᠢᠨ ᠡᠮᠴᠢ᠂ ᠡᠷᠡᠭᠦᠯᠵᠢᠯ ᠤᠨ ᠡᠮᠴᠢ ᠲᠣᠬᠢᠷᠠᠭᠤᠯᠬᠤ ᠨᠠᠶᠢᠳᠠᠪᠦᠷᠢᠵᠢᠭᠤᠯᠣᠯᠳᠠ ᠶᠢᠨ ᠪᠠᠶᠢᠳᠠᠯ ᠵᠢᠴᠢ ᠡᠯ᠎ᠡ ᠲᠣᠮᠳᠠᠳᠦ ᠰᠣᠷᠭᠠᠭᠤᠯᠢ ᠶᠢᠨ ᠬᠤᠯᠪᠣᠭᠳᠠᠯ ᠪᠦᠬᠦᠢ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠰᠣᠨᠣᠰᠪᠠ᠃     ᠶᠠᠩ ᠶᠢᠩ ᠰᠢᠨ᠂ ᠰᠣᠷᠭᠠᠨ ᠬᠦᠮᠦᠵᠢᠯ ᠤᠨ ᠠᠵᠢᠯ ᠨᠢ ᠮᠢᠩᠭ᠎ᠠ ᠲᠦᠮᠡᠨ ᠡᠷᠦᠭᠡ ᠲᠠᠢ ᠬᠤᠯᠪᠣᠭᠳᠠᠬᠤ ᠪᠣᠯᠬᠤᠷ ᠪᠦᠬᠦ ᠨᠡᠶᠢᠭᠡᠮ ᠤᠨ ᠠᠩᠬᠠᠷᠣᠯ ᠢ ᠲᠠᠳᠠᠭᠰᠠᠨ ᠴᠢᠬᠤᠯᠠ ᠠᠵᠢᠯ ᠪᠣᠯᠣᠨ᠎ᠠ᠂ ᠪᠦᠬᠦ ᠣᠷᠣᠨ ᠤ ᠲᠡᠭᠡᠳᠦ ᠰᠢᠯᠭᠠᠯᠳᠠ ᠶᠢᠨ ᠦᠭᠡᠷᠡᠴᠢᠯᠡᠯᠳᠡ ᠶᠢ 2022 ᠣᠨ ᠤ ᠨᠠᠮᠣᠷ ᠤᠨ ᠬᠤᠭᠤᠴᠠᠭᠠᠨ ᠤ ᠦᠨᠳᠦᠷ ᠨᠢᠭᠡ ᠳᠤ ᠣᠷᠣᠬᠤ ᠰᠢᠨ᠎ᠡ ᠰᠣᠷᠣᠭᠴᠢᠳ ᠠᠴᠠ ᠡᠬᠢᠯᠡᠭᠦᠯᠬᠦ ᠲᠣᠯᠠ ᠴᠠᠭ ᠪᠠᠴᠢᠮ᠂ ᠡᠭᠦᠷᠭᠡ ᠬᠦᠨᠳᠦ ᠶᠣᠮ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠲᠠᠭᠡᠳᠦ ᠰᠢᠯᠭᠠᠯᠳᠠ ᠶᠢᠨ ᠶᠡᠷᠦᠩᠬᠡᠶᠢᠯᠡᠭᠰᠡᠨ ᠦᠭᠡᠷᠡᠴᠢᠯᠡᠯᠳᠡ ᠶᠢᠨ ᠠᠵᠢᠯ ᠢ ᠢᠳᠡᠪᠬᠢᠳᠡᠢ ᠠᠬᠢᠭᠤᠯᠣᠨ᠂ ᠪᠣᠳᠠᠳᠢ ᠳᠤ ᠰᠠᠭᠤᠷᠢᠯᠠᠨ ᠰᠠᠶᠢᠳᠦᠷ ᠲᠦᠯᠦᠪᠵᠢᠭᠦᠯᠵᠣ᠂ ᠰᠣᠷᠭᠠᠨ ᠬᠦᠮᠦᠵᠢᠯ ᠤᠨ ᠣᠳᠣᠷᠢᠳᠬᠤ ᠲᠣᠭᠤᠶᠢᠯᠠᠩ ᠵᠢᠴᠢ ᠡᠯ᠎ᠡ ᠪᠦᠷᠢᠯᠳᠦᠭᠦᠨ ᠪᠠᠶᠢᠭᠤᠯᠭ᠎ᠠ ᠨᠢᠭᠡᠳᠦᠯᠳᠡᠢ ᠲᠦᠯᠦᠪᠵᠢᠭᠦᠯᠭᠡ ᠪᠠᠨ ᠴᠢᠩᠭᠠᠳᠬᠠᠨ᠂ ᠡᠷᠳᠡ ᠬᠦᠳᠡᠯᠦᠯᠴᠠᠨ ᠵᠣᠬᠢᠰᠳᠠᠢ ᠬᠠᠮᠵᠢᠯᠴᠠᠵᠣ᠂ ᠭᠤᠣᠯ ᠵᠠᠩᠬᠢᠯᠠᠭ᠎ᠠ ᠶᠢᠨ ᠭᠤᠭᠴᠤᠭ᠎ᠠ ᠶᠢ ᠪᠠᠳᠣᠯᠠᠨ᠂ ᠨᠠᠮᠣᠷ ᠤᠨ ᠬᠤᠭᠤᠴᠠᠭᠠᠨ ᠳᠤ ᠰᠣᠷᠭᠠᠭᠤᠯᠢ ᠣᠷᠣᠭᠰᠢᠳᠠᠢ ᠡᠬᠢᠯᠡᠭᠦ ᠶᠢ ᠪᠠᠳᠣᠯᠠᠬᠤ ᠬᠡᠷᠡᠭᠳᠡᠢ᠃ ᠣᠯᠣᠰ ᠤᠨ ᠨᠢᠭᠡᠳᠦᠯᠳᠡᠢ ᠵᠢᠭᠠᠬᠤ ᠮᠡᠲ᠋ᠧᠷᠢᠶᠠᠯ ᠢ ᠬᠡᠷᠡᠭᠵᠢᠭᠦᠯᠬᠦ ᠠᠵᠢᠯ ᠢ ᠲᠣᠣᠱᠯᠠᠭᠤᠯᠣᠨ ᠨᠠᠶᠢᠳᠠᠪᠦᠷᠢᠵᠢᠭᠤᠯᠵᠣ᠂ ᠣᠯᠣᠰ ᠲᠦᠷᠦ ᠶᠢᠨ ᠵᠣᠭᠰᠣᠴᠠ ᠪᠠᠨ ᠲᠡᠭᠡᠭᠰᠢᠯᠡᠭᠦᠯᠦᠨ᠂ ᠶᠡᠭᠡ ᠲᠠᠯ᠎ᠠ ᠳᠤ ᠣᠶᠢᠯᠡᠴᠢᠯᠡᠵᠣ᠂ ᠪᠠᠭᠰᠢ ᠰᠣᠩᠭᠤᠨ ᠲᠣᠬᠢᠷᠠᠭᠤᠯᠬᠤ ᠪᠠ ᠰᠣᠷᠭᠠᠨ ᠬᠦᠮᠦᠵᠢᠯ ᠤᠨ ᠣᠬᠠᠭᠤᠯᠭ᠎ᠠ ᠶᠢᠨ ᠠᠵᠢᠯ ᠢ ᠴᠩᠭᠠᠳᠬᠠᠨ᠂ ᠪᠠᠭᠰᠢ ᠰᠣᠷᠣᠭᠴᠢ ᠬᠡᠷ ᠤᠨ ᠠᠬᠠᠮᠠᠳ ᠲᠤ ᠲᠦᠷᠦ ᠶᠢᠨ ᠪᠣᠳᠣᠯᠭ᠎ᠠ ᠶᠢ ᠲᠠᠶᠢᠯᠪᠦᠷᠢᠯᠠᠬᠤ ᠪᠣᠯᠣᠨ ᠦᠵᠡᠯ ᠰᠠᠨᠠᠭᠠᠨ ᠤ ᠵᠢᠯᠣᠭᠤᠳᠣᠮᠵᠢ ᠬᠢᠬᠦ ᠶᠢ ᠴᠢᠩᠭᠠᠳᠬᠠᠵᠣ᠂ ᠶᠠᠷᠢᠶ᠎ᠠ ᠬᠡᠯᠡᠯᠴᠡᠭᠡᠨ ᠤ ᠣᠬᠢ ᠰᠠᠶᠢᠨ ᠣᠷᠴᠢᠨ ᠢ ᠪᠦᠷᠢᠯᠳᠦᠬᠦᠯᠭᠦ ᠬᠡᠷᠡᠭᠳᠡᠢ᠃ ᠠᠵᠢᠯ ᠮᠡᠷᠭᠡᠵᠢᠯ ᠤᠨ ᠰᠣᠷᠭᠠᠨ ᠬᠦᠮᠦᠵᠢᠯ ᠢ ᠬᠦᠭᠵᠢᠭᠦᠯᠬᠦ ᠠᠵᠢᠯ ᠢ ᠦᠷᠭᠦᠯᠵᠢᠯᠡᠨ ᠰᠠᠶᠢᠳᠦᠷ ᠬᠢᠨ᠂ ᠲᠣᠰᠬᠠᠢ ᠮᠡᠷᠭᠡᠵᠢᠯ ᠤᠨ ᠪᠠᠶᠢᠭᠤᠯᠣᠯᠳᠠ ᠶᠢᠨ ᠲᠦᠯᠦᠪᠵᠢᠭᠦᠯᠭᠡ ᠲᠣᠭᠳᠠᠭᠠᠵᠣ᠂ ᠭᠤᠣᠯᠳᠠᠯᠭᠠᠳᠦ ᠠᠵᠣ ᠣᠶᠢᠯᠠᠰ ᠤᠨ ᠬᠡᠯᠬᠢᠶᠡᠵᠢᠯ ᠳᠤ ᠴᠢᠭᠯᠡᠭᠦᠯᠦᠨ᠂ ᠲᠣᠬᠠᠶᠢᠯᠠᠭᠰᠠᠨ ᠠᠵᠢᠯ ᠠᠵᠣ ᠠᠬᠤᠶᠢᠯᠠᠯ ᠤᠨ ᠴᠢᠳᠠᠪᠦᠷᠢᠳᠠᠨ ᠤ ᠱᠠᠭᠠᠷᠳᠠᠯᠭ᠎ᠠ ᠶᠢ ᠴᠢᠬᠤᠯᠠᠴᠢᠯᠠᠵᠣ᠂ ᠲᠣᠰᠬᠠᠢ ᠮᠡᠷᠭᠡᠵᠢᠯ ᠤᠨ ᠲᠦᠷᠦᠯ ᠵᠣᠶᠢᠯ ᠢ ᠪᠠᠶᠠᠯᠢᠭᠵᠢᠭᠤᠯᠣᠨ᠂ ᠰᠣᠷᠭᠠᠭᠤᠯᠢ ᠠᠵᠣ ᠠᠬᠤᠶᠢᠯᠠᠯ ᠤᠨ ᠬᠠᠷᠢᠯᠴᠠᠭᠠᠨ ᠢ ᠴᠢᠩᠭᠠᠷᠠᠭᠤᠯᠵᠣ᠂ ᠰᠣᠷᠭᠠᠭᠤᠯᠢ ᠡᠷᠬᠢᠯᠡᠬᠦ ᠬᠡᠪᠴᠢᠶᠡᠵᠢᠯ ᠢ ᠲᠣᠭᠳᠠᠪᠦᠷᠢᠵᠢᠭᠤᠯᠣᠨ᠂ ᠰᠣᠷᠭᠠᠭᠤᠯᠢ ᠡᠷᠬᠢᠯᠡᠬᠦ ᠴᠢᠨᠠᠷᠵᠢᠯ ᠢ ᠲᠡᠭᠡᠭᠰᠢᠯᠡᠭᠦᠯᠬᠦ ᠬᠡᠷᠡᠭᠳᠡᠢ᠃ ︽ᠣᠯᠣᠰ ᠤᠨ ᠬᠤᠰᠢᠭᠤ ᠰᠢᠶᠠᠨ ᠤ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠰᠢᠯᠢᠳᠡᠭᠵᠢᠯ ᠲᠡᠩᠴᠡᠭᠦᠷᠢᠰᠢᠯ︾ ᠪᠣᠯᠣᠨ ︽ᠣᠯᠣᠰ ᠤᠨ ᠬᠤᠰᠢᠭᠤ ᠰᠢᠶᠡᠨ ᠤ ᠬᠡᠪᠴᠢᠶᠡᠨ ᠤ ᠰᠣᠷᠬᠤ ᠨᠠᠰᠣᠨ ᠠᠴᠠ ᠡᠮᠦᠨᠡᠬᠢ ᠰᠣᠷᠭᠠᠨ ᠬᠦᠮᠦᠵᠢᠯ ᠤᠨ ᠲᠦᠭᠡᠮᠡᠯᠵᠢᠯ ᠬᠠᠷᠠᠭᠠᠯᠵᠠᠯ︾ ᠤᠨ ᠪᠠᠶᠢᠴᠠᠭᠠᠯᠳᠠ ᠶᠢ ᠣᠭᠳᠣᠬᠤ ᠠᠵᠢᠯ ᠢ ᠴᠢᠬᠤᠯᠠᠴᠢᠯᠠᠵᠣ᠂ ᠣᠷᠬᠢᠭᠳᠠᠯ ᠲᠣᠳᠠᠭᠤᠳᠠᠯ ᠢᠶᠠᠨ ᠨᠦᠬᠦᠪᠦᠷᠢᠯᠡᠨ᠂ ᠨᠠᠷᠢᠨ ᠠᠴᠠ ᠨᠠᠷᠢᠨ ᠬᠢᠵᠣ᠂ ᠲᠡᠭᠡᠳᠦ ᠱᠠᠳᠣᠨ ᠤ ᠬᠠᠷᠢᠭᠤ ᠲᠣᠰᠬᠠᠭᠰᠠᠨ ᠰᠠᠨᠠᠯ ᠰᠠᠨᠠᠭᠤᠯᠭ᠎ᠠ ᠶᠣᠰᠣᠭᠠᠷ ᠴᠡᠭᠴᠡᠯᠡᠯᠳᠡ ᠶᠢᠨ ᠠᠵᠢᠯ ᠢ ᠰᠠᠶᠢᠳᠦᠷ ᠠᠳᠬᠤᠬᠤ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃     ᠶᠠᠩ ᠶᠢᠩ ᠰᠢᠨ ᠠᠴᠠ ᠠᠵᠢᠯ ᠤᠨ ᠰᠣᠷᠳᠠᠯ ᠢᠶᠠᠨ ᠬᠤᠪᠢᠷᠠᠭᠤᠯᠣᠨ᠂ ᠲᠡᠭᠡᠳᠦ ᠱᠠᠳᠣᠨ ᠤ ᠰᠠᠯᠠᠭ᠎ᠠ ᠮᠦᠴᠢᠷ  ᠤᠨ ᠦᠭᠡᠷᠡᠴᠢᠯᠡᠯᠳᠡ ᠶᠢᠨ ᠲᠦᠰᠦᠯ ᠢ ᠲᠣᠣᠱᠯᠠᠭᠤᠯᠣᠨ ᠨᠠᠶᠢᠳᠠᠪᠦᠷᠢᠵᠢᠭᠤᠯᠵᠣ᠂ ᠨᠠᠷᠢᠨ ᠶᠠᠪᠣᠴᠠ ᠶᠢ ᠴᠢᠬᠤᠯᠠᠴᠢᠯᠠᠨ᠂ ᠴᠢᠳᠠᠪᠬᠢ ᠶᠢ ᠲᠡᠭᠡᠭᠰᠢᠯᠡᠭᠦᠯᠵᠣ᠂ ᠪᠠᠭᠰᠢ ᠶᠢᠨ ᠪᠣᠯᠪᠠᠰᠣᠷᠠᠯ ᠵᠢᠴᠢ ᠲᠦᠷᠦ ᠶᠢᠨ ᠪᠣᠳᠣᠯᠭ᠎ᠠ ᠶᠢᠨ ᠣᠬᠠᠭᠤᠯᠭ᠎ᠠ ᠶᠢ ᠰᠠᠶᠢᠳᠦᠷ ᠬᠢᠨ᠂ ︽ᠡᠴᠦᠰ ᠤᠨ ᠨᠢᠭᠡ ᠺᠢᠯᠣᠮᠧᠲᠷ︾ ᠤᠨ ᠠᠵᠢᠯ ᠤᠨ ᠨᠠᠶᠢᠳᠠᠪᠦᠷᠢᠵᠢᠭᠤᠯᠣᠯᠳᠠ  ᠶᠢ ᠪᠠᠳᠣᠯᠠᠬᠤ ᠬᠡᠷᠡᠭᠳᠡᠢ᠃ ᠬᠡᠯᠪᠡᠷᠢ ᠶᠢᠨ ᠦᠵᠡᠯ ᠢ ᠡᠷᠡᠰ ᠲᠡᠪᠴᠢᠨ᠂ ᠡᠯ᠎ᠡ ᠲᠦᠷᠦᠯ ᠤᠨ ᠭᠤᠣᠯᠳᠠᠯᠭᠠᠳᠦ ᠠᠵᠢᠯ  ᠤᠨ ᠠᠬᠢᠴᠠ ᠶᠢ ᠴᠠᠭ ᠲᠣᠬᠠᠢ ᠳᠤ ᠨᠢ ᠲᠡᠭᠡᠭᠰᠢ ᠮᠡᠳᠡᠭᠦᠯᠵᠣ᠂ ᠡᠯ᠎ᠡ ᠭᠤᠭᠴᠣᠭᠠᠨ ᠤ ᠠᠵᠢᠯ ᠢ ᠴᠢᠩᠭ᠎ᠠ ᠪᠣᠳᠠᠳᠢ ᠬᠢᠵᠣ᠂ ᠵᠢᠭᠠᠨ ᠰᠣᠷᠭᠠᠬᠤ ᠴᠢᠨᠠᠷᠵᠢᠯ ᠢ ᠪᠦᠬᠦ ᠲᠠᠯ᠎ᠠ ᠪᠠᠷ ᠲᠡᠭᠡᠭᠰᠢᠯᠡᠭᠦᠯᠦᠨ᠂ ᠰᠣᠷᠭᠠᠨ ᠬᠦᠮᠦᠵᠢᠯ ᠤᠨ ᠠᠵᠢᠯ ᠤᠨ ᠴᠢᠨᠠᠷᠯᠢᠭ ᠬᠦᠭᠵᠢᠯᠳᠡ ᠶᠢᠨ ᠠᠬᠢᠭᠤᠯᠣᠯᠳᠠ ᠳᠤ ᠬᠦᠴᠦᠯᠡᠬᠦ ᠬᠡᠷᠡᠭᠳᠡᠢ ᠭᠡᠵᠣ ᠱᠠᠭᠠᠷᠳᠠᠭᠰᠠᠨ ᠪᠠᠶᠢᠨ᠎ᠠ᠃     ᠬᠤᠰᠢᠭᠤ ᠣᠳᠣᠷᠢᠳᠣᠯᠭ᠎ᠠ ᠵᠣᠣ ᠱᠤᠸᠠᠨ᠂ ᠴᠢᠦ ᠯᠢᠨ᠂ ᠡᠯ᠎ᠡ ᠪᠠᠯᠭᠠᠰᠦ᠂ ᠬᠤᠰᠢᠭᠤ ᠵᠠᠰᠠᠭ ᠤᠨ ᠣᠷᠳᠣᠨ  ᠤ ᠠᠯᠪᠠᠨ ᠭᠡᠷ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠤᠣᠯ ᠬᠠᠷᠢᠭᠤᠴᠠᠯᠭᠠᠳᠠᠳ᠂ ᠬᠤᠰᠢᠭᠤ ᠡᠯ᠎ᠡ ᠲᠣᠮᠳᠠᠳᠦ ᠰᠣᠷᠭᠠᠭᠤᠯᠢ ᠶᠢᠨ ᠵᠠᠬᠢᠷᠣᠯ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号