ᠬᠤᠰᠢᠭᠤ ᠨᠠᠮ ᠤᠨ ᠬᠤᠷᠢᠶ᠎ᠠ ᠶᠢᠨ ᠠᠷᠪᠠᠳᠣᠭᠠᠷ ᠬᠤᠭᠤᠴᠠᠭᠠᠨ ᠤ 36 ᠣᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠨᠠᠮ ᠤᠨ ᠬᠤᠷᠢᠳᠣᠭᠠᠷ ᠶᠡᠭᠡ ᠬᠤᠷᠠᠯ ᠤᠨ ᠬᠤᠭᠤᠴᠠᠭᠠᠨ ᠤ ᠠᠮᠣᠷ ᠲᠣᠭᠳᠠᠭᠤᠨ  ᠤ ᠠᠵᠢᠯ ᠤᠨ ᠪᠠᠶᠢᠷᠢᠯᠠᠭᠤᠯᠣᠯᠳᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/8/22
    8 ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠸᠠᠩ ᠢᠦᠢ ᠴᠢᠶᠠᠩ ᠬᠤᠰᠢᠭᠤ ᠨᠠᠮ ᠤᠨ ᠬᠤᠷᠢᠶ᠎ᠠ ᠶᠢᠨ ᠠᠷᠪᠠᠳᠣᠭᠠᠷ ᠬᠤᠭᠤᠴᠠᠭᠠᠨ ᠤ 36 ᠣᠳᠠᠭᠠᠨ ᠤ ᠪᠠᠶᠢᠩᠭᠤ ᠶᠢᠨ ᠬᠤᠷᠠᠯ ᠵᠢᠴᠢ ᠨᠠᠮ ᠤᠨ ᠬᠤᠷᠢᠳᠣᠭᠠᠷ ᠶᠡᠭᠡ ᠬᠤᠷᠠᠯ ᠤᠨ ᠬᠤᠭᠤᠴᠠᠭᠠᠨ ᠤ ᠠᠮᠣᠷ ᠲᠣᠭᠳᠠᠭᠤᠨ ᠤ ᠠᠵᠢᠯ ᠤᠨ ᠪᠠᠶᠢᠷᠢᠯᠠᠭᠤᠯᠣᠯᠳᠠ ᠶᠢᠨ ᠬᠤᠷᠠᠯ ᠢ ᠡᠷᠬᠢᠯᠡᠨ ᠬᠤᠷᠠᠯᠳᠣᠭᠤᠯᠪᠠ᠃     ᠬᠤᠷᠠᠯ ᠲᠡᠭᠡᠷ᠎ᠡ ᠶᠡᠷᠦᠩᠭᠡᠢ ᠱᠦᠵᠢ ᠰᠢ ᠶᠢᠨ ᠫᠢᠩ ᠤᠨ ᠲᠦᠪ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠲᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠪᠠ᠃ ᠬᠤᠷᠠᠯ ᠠᠴᠠ᠂ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠣᠷᠣᠯᠴᠠᠨ ᠲᠣᠣᠱᠯᠠᠭᠤᠯᠬᠤ ᠪᠠᠷ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠦᠨᠳᠦᠰᠦᠨ ᠵᠢᠷᠣᠮᠯᠠᠯ ᠪᠣᠯᠭᠠᠨ᠂ ᠨᠠᠮ ᠤᠨ ᠣᠳᠣᠷᠢᠳᠣᠯᠭ᠎ᠠ ᠶᠢ ᠪᠠᠷᠢᠮᠳᠠᠯᠠᠬᠤ ᠶᠢ ᠦᠨᠳᠦᠰᠣᠨ ᠵᠠᠷᠴᠢᠮ ᠪᠣᠯᠭᠠᠵᠣ᠂ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠣᠶᠢᠯᠡᠴᠢᠯᠡᠵᠣ᠂ ᠴᠠᠭ ᠦᠶ᠎ᠡ ᠲᠠᠢ ᠵᠡᠷᠭᠡᠴᠡᠨ᠂ ᠰᠢᠨ᠎ᠡ ᠶᠢ ᠡᠭᠦᠳᠬᠦ ᠶᠢ ᠪᠠᠷᠢᠮᠳᠠᠯᠠᠵᠣ᠂ ᠬᠠᠮᠤᠭ ᠬᠦᠴᠦᠨ ᠢᠶᠠᠷ ᠠᠯᠢᠪᠠ ᠢᠳᠡᠪᠬᠢᠵᠢᠯ ᠬᠦᠴᠦᠨ ᠢ ᠲᠠᠶᠢᠴᠢᠯᠠᠨ᠂ ᠪᠣᠳᠠᠳᠦ ᠠᠵᠢᠯᠯᠠᠭ᠎ᠠ ᠪᠠᠷ ᠢᠶᠠᠨ ᠨᠠᠮ ᠤᠨ ᠬᠤᠷᠢᠳᠣᠭᠠᠷ ᠶᠡᠭᠡ ᠬᠤᠷᠠᠯ ᠠᠮᠵᠢᠯᠳᠠᠳᠠᠢ ᠬᠤᠷᠠᠯᠳᠣᠬᠤ ᠶᠢ ᠣᠭᠳᠣᠬᠤ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃     ᠬᠤᠷᠠᠯ ᠲᠡᠭᠡᠷ᠎ᠡ ᠰᠦᠨ ᠱᠣᠣ ᠴᠧᠩ ᠨᠦᠬᠦᠷ ᠤᠨ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠨᠣᠯ ᠤᠨ ᠰᠣᠷᠣᠯᠴᠠᠯᠭ᠎ᠠ ᠶᠢᠨ ᠲᠣᠭᠤᠶᠢᠯᠠᠩ ᠤᠨ 2022 ᠣᠨ ᠤ 7 ᠳ᠋ᠣᠭᠠᠷ ᠣᠳᠠᠭᠠᠨ ᠤ ᠬᠠᠮᠳᠦ ᠶᠢᠨ ᠰᠣᠷᠣᠯᠴᠠᠯᠭ᠎ᠠ ᠲᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠪᠠ᠃ ᠬᠤᠷᠠᠯ ᠠᠴᠠ ᠣᠬᠠᠮᠰᠠᠷ  ᠠᠴᠠ ᠪᠠᠨ ᠦᠵᠡᠯ ᠰᠠᠨᠠᠭ᠎ᠠ ᠪᠣᠯᠣᠨ ᠠᠵᠢᠯᠯᠠᠭᠠᠨ ᠢᠶᠠᠨ ᠰᠦᠨ ᠱᠣᠣ ᠴᠧᠩ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠲᠡᠭᠡᠷ᠎ᠡ ᠨᠢᠭᠡᠳᠬᠡᠨ᠂ ᠦᠨᠳᠦᠰᠦᠳᠡᠨ ᠤ ᠠᠵᠢᠯ ᠤᠨ ᠣᠯᠣᠰ ᠲᠦᠷᠦ ᠶᠢᠨ ᠴᠢᠭᠯᠡᠯ᠂ ᠠᠵᠢᠯ ᠤᠨ ᠭᠤᠣᠯ ᠱᠣᠭᠤᠮ᠂ ᠬᠦᠭᠵᠢᠯᠳᠡ ᠶᠢᠨ ᠭᠤᠣᠯ ᠰᠡᠳᠦᠪ ᠢ ᠪᠠᠳᠦ ᠴᠢᠩᠭ᠎ᠠ ᠡᠵᠡᠮᠳᠡᠵᠣ᠂ ᠨᠠᠮ ᠤᠨ ᠦᠨᠳᠦᠰᠦᠳᠡᠨ ᠤ ᠠᠵᠢᠯ  ᠤᠨ ᠣᠳᠣᠷᠢᠳᠣᠯᠭ᠎ᠠ ᠶᠢ ᠡᠷᠡᠰ ᠪᠠᠷᠢᠮᠳᠠᠯᠠᠨ᠂ ᠲᠣᠮᠳᠠᠳᠦ ᠶᠢᠨ ᠦᠨᠳᠦᠰᠦᠳᠡᠨ ᠤ ᠬᠠᠮᠳᠦ ᠶᠢᠨ ᠴᠣᠭᠴᠠ ᠶᠢᠨ ᠣᠬᠠᠮᠰᠠᠷ ᠤᠨ ᠬᠦᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠣ᠂ ᠦᠨᠳᠦᠰᠦᠳᠡᠨ ᠤ ᠬᠡᠷᠡᠭ ᠡᠷᠬᠢᠯᠡᠭᠦ ᠵᠠᠰᠠᠯᠳᠠ ᠶᠢᠨ ᠲᠣᠭᠳᠠᠴᠠ ᠪᠣᠯᠣᠨ ᠵᠠᠰᠠᠯᠳᠠ ᠶᠢᠨ ᠴᠢᠳᠠᠪᠬᠢ ᠶᠢᠨ ᠣᠳᠣᠬᠢᠴᠢᠯᠠᠯᠳᠠ ᠶᠢᠨ ᠲᠦᠪᠰᠢᠨ ᠢ ᠲᠡᠭᠡᠭᠰᠢᠯᠡᠭᠦᠯᠦᠨ᠂ ᠮᠠᠨ ᠤ ᠬᠤᠰᠢᠭᠤᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠠᠵᠢᠯ ᠣᠶᠢᠯᠠᠰ ᠤᠨ ᠰᠢᠨ᠎ᠡ ᠪᠠᠶᠢᠳᠠᠯ ᠢ ᠪᠣᠢ ᠪᠣᠯᠭᠠᠬᠤ ᠪᠠᠷ ᠴᠢᠷᠮᠠᠶᠢᠬᠤ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃     ᠬᠤᠷᠠᠯ ᠲᠡᠭᠡᠷ᠎ᠡ ᠪᠦᠬᠦ ᠬᠤᠰᠢᠭᠤᠨ ᠤ ︽ᠲᠠᠪᠣᠨ ᠲᠣᠶᠢᠯᠪᠦᠷᠢᠳᠡᠢ︾ ᠠᠵᠢᠯ ᠤᠨ ᠪᠠᠶᠢᠳᠠᠯ᠂ ᠭᠠᠵᠠᠷ ᠰᠢᠷᠣᠢ  ᠶᠢᠨ ᠴᠡᠭᠴᠡᠯᠡᠯᠳᠡ ᠵᠢᠴᠢ ᠱᠠᠭᠠᠷᠳᠠᠨ ᠪᠠᠶᠢᠴᠠᠭᠠᠯᠳᠠ ᠶᠢᠨ ᠴᠡᠭᠴᠡᠯᠡᠯᠳᠡ ᠶᠢᠨ ︽ᠵᠠᠭᠤᠨ ᠡᠳᠦᠷ ᠤᠨ ᠰᠢᠪᠳᠣᠯᠣᠯᠳᠠ︾ ᠶᠢᠨ ᠠᠵᠢᠯᠯᠠᠭᠠᠨ ᠦᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠣᠨᠣᠰᠪᠠ᠃ ᠬᠤᠷᠠᠯ ᠠᠴᠠ᠂ ᠰᠦᠨ ᠱᠣᠣ ᠴᠧᠩ ᠱᠦᠵᠢ ᠶᠢᠨ ᠬᠠᠮᠢᠶ᠎ᠠ ᠪᠦᠬᠦᠢ ᠠᠵᠢᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠣᠨ᠂ ᠲᠦᠰᠦᠯ ᠤᠨ ᠱᠠᠭᠠᠷᠳᠠᠯᠭ᠎ᠠ ᠶᠣᠰᠣᠭᠠᠷ ᠲᠣᠶᠢᠯᠪᠦᠷᠢᠳᠡᠢ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠦᠷᠨᠢᠭᠦᠯᠵᠣ᠂ ᠲᠠᠩᠰᠠ ᠶᠢ ᠨᠠᠷᠢᠯᠢᠭᠵᠢᠭᠤᠯᠣᠨ᠂ ᠠᠷᠭ᠎ᠠ ᠠᠪᠴᠠᠯ ᠢᠶᠠᠨ ᠨᠠᠶᠢᠳᠠᠪᠦᠷᠢᠵᠢᠭᠤᠯᠵᠣ᠂ ᠬᠠᠷᠢᠭᠤᠴᠠᠯᠭ᠎ᠠ ᠶᠢ ᠲᠣᠳᠣᠷᠬᠠᠶᠢᠯᠠᠨ᠂ ᠵᠣᠷᠢᠭ ᠢᠶᠠᠨ ᠬᠦᠪᠴᠢᠯᠡᠵᠣ᠂ ᠡᠷᠴᠢᠮᠳᠠᠢ ᠠᠬᠢᠭᠤᠯᠣᠨ᠂ ᠡᠯ᠎ᠡ ᠲᠦᠷᠦᠯ ᠤᠨ ᠠᠵᠢᠯ ᠡᠭᠦᠷᠭᠡ  ᠪᠠᠨ ᠠᠮᠵᠢᠯᠳᠠᠳᠠᠢ ᠪᠡᠶᠡᠯᠡᠭᠦᠯᠬᠦ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃     ᠬᠤᠷᠠᠯ ᠲᠡᠭᠡᠷ᠎ᠡ 10 ᠵᠣᠷᠪᠣᠰ ᠠᠵᠣ ᠣᠶᠢᠯᠠᠰ ᠤᠨ ᠬᠡᠯᠬᠢᠶᠡᠵᠢᠯ ᠤᠨ ᠬᠤᠳᠠᠯᠳᠣᠭᠠᠴᠢᠨ ᠣᠷᠢᠵᠣ ᠪᠡᠯᠡ ᠣᠷᠣᠭᠤᠯᠣᠭᠰᠠᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠣᠨᠣᠰᠪᠠ᠃ ᠬᠤᠷᠠᠯ ᠠᠴᠠ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ ᠶᠢ ᠦᠷᠭᠦᠯᠵᠢᠯᠡᠨ ᠴᠢᠩᠭᠠᠳᠬᠠᠨ᠂ ᠣᠷᠳᠦ ᠬᠤᠭᠤᠴᠠᠭᠠᠨ ᠤ ᠠᠮᠵᠢᠯᠳᠠ ᠶᠢ ᠪᠠᠷᠢᠮᠳᠠᠯᠠᠵᠣ᠂ ᠠᠯᠢᠪᠠ ᠲᠣᠬᠢᠶᠠᠯᠳᠣᠯ ᠢ ᠰᠠᠶᠢᠳᠦᠷ ᠡᠵᠡᠮᠳᠡᠨ᠂ ᠰᠣᠷᠣᠯᠴᠠᠯᠭ᠎ᠠ ᠪᠠᠨ ᠲᠠᠰᠣᠷᠠᠯᠳᠠ ᠦᠭᠡᠢ ᠴᠢᠩᠭᠠᠳᠬᠠᠵᠣ᠂ ᠭᠤᠣᠯᠳᠠᠯᠭᠠᠳᠦ ᠠᠵᠣ ᠣᠶᠢᠯᠠᠰ ᠤᠨ ᠬᠡᠯᠬᠢᠶᠡᠵᠢᠯ ᠤᠨ ᠲᠣᠭᠤᠷᠢᠨ ᠳᠤ ᠰᠠᠨᠠᠭᠠᠴᠢᠯᠠᠭ᠎ᠠ ᠠᠴᠠ ᠪᠠᠨ ᠣᠷᠣᠭᠤᠯᠵᠣ ᠭᠠᠷᠭᠠᠨ᠂ ᠲᠦᠷᠦᠯ ᠵᠣᠶᠢᠯ ᠤᠨ ᠨᠠᠶᠢᠳᠠᠪᠦᠷᠢᠵᠢᠭᠤᠯᠣᠯᠳᠠ ᠪᠠᠷ ᠬᠦᠭᠵᠢᠯᠳᠡ ᠶᠢᠨ ᠬᠦᠳᠡᠯᠭᠡᠭᠴᠢ ᠬᠦᠴᠦᠨ ᠢ ᠲᠠᠰᠣᠷᠠᠯᠳᠠ ᠦᠭᠡᠢ ᠨᠡᠮᠡᠭᠳᠡᠭᠦᠯᠬᠦ ᠬᠡᠷᠡᠭᠳᠡᠢ᠃ ᠣᠶᠢᠯᠡᠴᠢᠯᠡᠭᠡᠨ ᠤ ᠬᠢᠷᠢ ᠲᠦᠪᠰᠢᠨ ᠢ ᠲᠠᠰᠣᠷᠠᠯᠳᠠ ᠦᠭᠡᠢ ᠰᠢᠯᠢᠳᠡᠭᠵᠢᠭᠦᠯᠣᠨ᠂ ︽ᠬᠠᠮᠢᠶᠠᠷᠣᠭᠴᠢ︾᠂ ︽ᠠᠰᠠᠷᠠᠭᠴᠢ︾ ᠮᠠᠶ᠋ᠢᠭ ᠤᠨ ᠣᠶᠢᠯᠡᠴᠢᠯᠡᠭᠡ ᠶᠢ ᠪᠦᠬᠦ ᠶᠠᠪᠣᠴᠠ ᠳᠤ ᠨᠠᠶᠢᠳᠠᠪᠦᠷᠢᠵᠢᠭᠤᠯᠵᠣ᠂ ︽ᠪᠦᠬᠦ ᠬᠡᠯᠬᠢᠶ᠎ᠡ︾ ᠶᠢᠨ ᠮᠦᠷᠳᠡᠨ ᠪᠠᠶᠢᠴᠠᠭᠠᠯᠳᠠ᠂ ᠪᠦᠬᠦ ᠦᠶᠡᠯᠡᠯ ᠤᠨ ᠬᠤᠭᠤᠴᠠᠭᠠᠨ ᠤ ᠣᠶᠢᠯᠡᠴᠢᠯᠡᠭᠡ ᠶᠢ ᠰᠠᠶᠢᠳᠦᠷ ᠬᠢᠨ᠂ ᠠᠵᠣ ᠠᠬᠤᠶᠢᠯᠠᠯ ᠢ ᠰᠠᠨᠠᠭ᠎ᠠ ᠠᠮᠣᠷ ᠬᠦᠭᠵᠢᠭᠦᠯᠦᠨ ᠡᠵᠡᠩᠨᠡᠭᠦᠯᠬᠦ ᠬᠡᠷᠡᠭᠳᠡᠢ᠃ ᠲᠦᠷᠦᠯ ᠵᠣᠶᠢᠯ ᠤᠨ ᠪᠠᠶᠢᠭᠤᠯᠣᠯᠳᠠ ᠶᠢ ᠲᠦᠷᠭᠡᠳᠬᠡᠨ᠂ ᠲᠦᠷᠦᠯ ᠵᠣᠶᠢᠯ ᠤᠨ ᠨᠠᠶᠢᠳᠠᠪᠦᠷᠢᠵᠢᠭᠤᠯᠣᠯᠳᠠ᠂ ᠪᠠᠶᠢᠭᠤᠯᠣᠯᠳᠠ᠂ ᠠᠰᠢᠭᠯᠠᠯᠳᠠ ᠳᠤ ᠣᠷᠣᠬᠤ ᠶᠠᠪᠣᠴᠠ ᠳᠤ ᠲᠣᠬᠢᠶᠠᠯᠳᠣᠭᠰᠠᠨ ᠡᠯ᠎ᠡ ᠲᠦᠷᠦᠯ ᠤᠨ ᠠᠰᠠᠭᠤᠳᠠᠯ ᠢ ᠪᠦᠬᠦ ᠲᠠᠯ᠎ᠠ ᠪᠠᠷ ᠵᠣᠬᠢᠰᠳᠠᠢ ᠰᠢᠢᠳᠪᠦᠷᠢᠯᠡᠵᠣ᠂ ᠭᠤᠣᠯᠳᠠᠯᠭᠠᠳᠦ ᠲᠦᠷᠦᠯ ᠵᠣᠶᠢᠯ ᠢ ᠲᠦᠷᠭᠡᠨ ᠠᠬᠢᠭᠤᠯᠬᠤ᠂ ᠠᠰᠢᠭᠯᠠᠯᠳᠠ ᠳᠤ ᠣᠷᠣᠭᠤᠯᠬᠤ᠂ ᠪᠦᠳᠦᠮᠵᠢ ᠭᠠᠷᠭᠠᠬᠤ ᠶᠢ ᠪᠠᠳᠣᠯᠠᠬᠤ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃     ᠬᠤᠷᠠᠯ ᠲᠡᠭᠡᠷ᠎ᠡ ᠬᠤᠰᠢᠭᠤ ᠱᠠᠳᠣᠨ ᠤ ᠪᠢᠯᠧᠲ ᠦᠭᠴᠦ ᠲᠣᠭᠳᠠᠭᠠᠭᠰᠠᠨ ᠠᠷᠠᠳ ᠤᠨ ᠠᠮᠢᠳᠣᠷᠠᠯ ᠤᠨ ᠪᠣᠳᠠᠳᠦ ᠶᠠᠪᠣᠳᠠᠯ ᠤᠨ ᠲᠦᠷᠦᠯ ᠵᠣᠶᠢᠯ ᠢ ᠭᠦᠢᠴᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠣᠨᠣᠰᠪᠠ᠃ ᠬᠤᠷᠠᠯ ᠠᠴᠠ᠂ ︽ᠴᠢᠨᠠᠷ ᠤᠨ ᠪᠠᠳᠣᠯᠠᠭ᠎ᠠ᠂ ᠠᠷᠠᠳ ᠤᠨ ᠬᠠᠷᠠᠭᠠᠯᠵᠠᠯ︾ ᠤᠨ ᠵᠠᠷᠴᠢᠮ ᠢ ᠢᠮᠠᠭᠳᠠ ᠪᠠᠷᠢᠮᠳᠠᠯᠠᠨ᠂ ᠠᠷᠠᠳ ᠤᠨ ᠠᠮᠢᠳᠣᠷᠠᠯ ᠤᠨ ᠪᠣᠳᠠᠳᠦ ᠶᠠᠪᠣᠳᠠᠯ ᠤᠨ ᠲᠦᠷᠦᠯ ᠵᠣᠶᠢᠯ ᠢ ᠰᠠᠶᠢᠳᠦᠷ ᠡᠵᠡᠮᠳᠡᠵᠣ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠬᠠᠷᠢᠭᠤᠴᠠᠯᠭ᠎ᠠ ᠪᠠᠨ ᠡᠭᠦᠷᠭᠡᠯᠡᠨ᠂ ᠲᠣᠭᠳᠠᠭᠰᠠᠨ ᠬᠤᠭᠤᠴᠠᠭ᠎ᠠ ᠲᠠᠢ ᠲᠣᠬᠢᠷᠠᠭᠤᠯᠵᠣ᠂ ᠡᠭᠦᠷᠭᠡ ᠪᠠᠨ ᠣᠯᠠᠮ ᠴᠢᠩᠭᠠᠳᠬᠠᠨ᠂ ᠪᠠᠷᠢᠯᠭ᠎ᠠ ᠶᠢᠨ ᠠᠬᠢᠴᠠ ᠪᠠᠨ ᠬᠤᠭᠤᠴᠠᠭᠠᠯᠠᠵᠣ᠂ ᠣᠷᠬᠢᠭᠳᠠᠯ ᠲᠣᠳᠠᠭᠤᠳᠠᠯ  ᠢᠶᠠᠨ ᠨᠦᠬᠦᠪᠦᠷᠢᠯᠡᠨ᠂ ᠪᠠᠳᠣᠯᠠᠭ᠎ᠠ ᠶᠢ ᠴᠢᠩᠭᠠᠳᠬᠠᠵᠣ᠂ 2023 ᠣᠨ ᠤ ᠠᠷᠠᠳ ᠤᠨ ᠠᠮᠢᠳᠣᠷᠠᠯ ᠤᠨ ᠪᠣᠳᠠᠳᠦ ᠶᠠᠪᠣᠳᠠᠯ ᠤᠨ ᠲᠦᠷᠦᠯ ᠵᠣᠶᠢᠯ ᠢ ᠡᠷᠳᠡᠭᠡᠨ ᠲᠦᠯᠦᠪᠵᠢᠭᠦᠯᠦᠨ᠂ ᠠᠷᠠᠳ ᠣᠯᠠᠨ ᠤ ᠬᠠᠨᠣᠮᠵᠢ᠂ ᠠᠰᠢᠭ ᠵᠢᠷᠭᠠᠯ ᠢ ᠲᠠᠰᠣᠷᠠᠯᠳᠠ ᠦᠭᠡᠢ ᠲᠡᠭᠡᠭᠰᠢᠯᠡᠭᠦᠯᠬᠦ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃     ᠬᠤᠷᠠᠯ ᠲᠡᠭᠡᠷ᠎ᠡ ᠪᠦᠬᠦ ᠬᠤᠰᠢᠭᠤᠨ ᠤ 1 — 7 ᠳ᠋ᠣᠭᠠᠷ ᠰᠠᠷ᠎ᠠ ᠶᠢᠨ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠣᠨᠣᠰᠪᠠ᠃ ᠬᠤᠷᠠᠯ ᠠᠴᠠ᠂ ᠡᠯ᠎ᠡ ᠬᠡᠷᠡᠭ ᠶᠠᠪᠣᠳᠠᠯ ᠤᠨ ᠲᠠᠭᠠᠭᠠᠴᠢᠯᠠᠭᠴᠢ ᠰᠢᠶᠠᠨ ᠤ ᠲᠡᠰ ᠣᠳᠣᠷᠢᠳᠣᠯᠭ᠎ᠠ ᠡᠬᠢ ᠪᠠᠶᠠᠯᠢᠭ ᠤᠨ ᠬᠦᠴᠦᠨ ᠢᠶᠠᠨ ᠲᠣᠬᠢᠷᠠᠭᠤᠯᠣᠨ᠂ ᠵᠠᠩᠬᠢᠯᠠᠭ᠎ᠠ ᠶᠢ ᠣᠨᠣᠪᠴᠢᠳᠠᠢ ᠡᠷᠢᠵᠣ᠂ ᠪᠣᠳᠠᠳᠦ ᠴᠢᠨᠠᠷ ᠤᠨ ᠠᠷᠭ᠎ᠠ ᠠᠪᠴᠠᠯ ᠢᠶᠠᠷ ᠠᠰᠠᠭᠤᠳᠠᠯ ᠢ ᠰᠢᠢᠳᠪᠦᠷᠢᠯᠡᠭᠦ ᠬᠡᠷᠡᠭᠳᠡᠢ᠃ ᠡᠯ᠎ᠡ ᠪᠠᠯᠭᠠᠰᠦ ᠬᠠᠷᠢᠶᠠᠳᠦ ᠭᠠᠵᠠᠷ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠳᠠᠢ ᠨᠠᠶᠢᠳᠠᠪᠦᠷᠢᠵᠢᠭᠤᠯᠣᠨ᠂ ᠨᠠᠮ ᠵᠠᠰᠠᠭ ᠤᠨ ︽ᠨᠢᠭᠡᠳᠦᠭᠡᠷ ᠭᠠᠷ︾ ᠶᠠᠷᠦᠩᠬᠡᠢ ᠬᠠᠷᠢᠭᠤᠴᠠᠵᠣ᠂ ᠦᠷᠭᠦᠯᠵᠢ ᠰᠣᠷᠪᠣᠯᠵᠢᠯᠠᠭ᠎ᠠ ᠬᠢᠳᠡᠭ ᠪᠠ ᠰᠡᠵᠢᠭᠯᠡᠯ ᠲᠠᠢ ᠡᠷᠦᠭᠡ ᠶᠢ ᠴᠢᠩᠭ᠎ᠠ ᠡᠵᠡᠮᠳᠡᠵᠣ᠂ ᠰᠢᠢᠳᠪᠦᠷᠢᠯᠡᠭᠦ ᠲᠦᠰᠦᠯ ᠲᠣᠭᠳᠠᠭᠠᠨ᠂ ᠬᠠᠷᠢᠶᠠᠳᠦ ᠣᠷᠣᠨ ᠤ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠶᠠᠪᠣᠳᠠᠯ ᠢ ᠪᠦᠬᠦ ᠬᠦᠴᠦᠨ ᠢᠶᠠᠷ ᠰᠠᠶᠢᠳᠦᠷ ᠰᠢᠢᠳᠪᠦᠷᠢᠯᠡᠭᠦ ᠬᠡᠷᠡᠭᠳᠡᠢ᠃ ᠬᠠᠮᠢᠶ᠎ᠠ ᠪᠦᠬᠦᠢ ᠰᠠᠯᠠᠭ᠎ᠠ ᠮᠦᠴᠢᠷ ︽ᠲᠣᠬᠠᠶᠢᠯᠠᠭᠰᠠᠨ ᠠᠵᠢᠯ ᠤᠨ ᠬᠠᠮᠢᠶᠠᠷᠣᠭᠴᠢ ᠡᠷᠬᠡᠪᠰᠢ ᠵᠠᠬᠢᠳᠠᠯ ᠰᠣᠷᠪᠣᠯᠵᠢᠯᠠᠭ᠎ᠠ ᠶᠢ ᠬᠠᠮᠢᠶᠠᠷᠬᠤ︾ ᠵᠠᠷᠴᠢᠮ ᠢ ᠪᠠᠷᠢᠮᠳᠠᠯᠠᠨ᠂ ᠭᠤᠣᠯᠳᠠᠯᠭᠠᠳᠦ ᠵᠠᠬᠢᠳᠠᠯ ᠰᠣᠷᠪᠣᠯᠵᠢᠯᠠᠭ᠎ᠠ ᠶᠢᠨ ᠠᠰᠠᠭᠤᠳᠠᠯ ᠤᠨ ᠲᠣᠭᠤᠷᠢᠨ ᠳᠤ ᠲᠦᠷᠦᠯ ᠵᠣᠶᠢᠯ ᠬᠤᠪᠢᠶᠠᠵᠣ ᠠᠷᠭ᠎ᠠ ᠠᠪᠴᠠᠯ ᠲᠣᠭᠳᠠᠭᠠᠨ᠂ ᠭᠤᠣᠯᠳᠠᠯᠭ᠎ᠠ ᠶᠢ ᠲᠣᠪᠣᠶᠢᠯᠭᠠᠵᠣ᠂ ︽ᠭᠤᠷᠪᠠ ᠶᠢ ᠨᠠᠶᠢᠳᠠᠪᠦᠷᠢᠵᠢᠭᠤᠯᠵᠣ ᠨᠢᠭᠡ ᠶᠢ ᠰᠢᠢᠳᠪᠦᠷᠢᠯᠡᠬᠦ︾ ᠵᠠᠷᠴᠢᠮ ᠶᠣᠰᠣᠭᠠᠷ᠂ ᠡᠯ᠎ᠡ ᠲᠦᠷᠦᠯ ᠤᠨ ᠵᠠᠬᠢᠳᠠᠯ ᠰᠣᠷᠪᠣᠯᠵᠢᠯᠠᠭ᠎ᠠ ᠶᠢᠨ ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠬᠦ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃     ᠬᠤᠷᠠᠯ ᠲᠡᠭᠡᠷ᠎ᠡ ᠪᠠᠰᠠ ︽ᠣᠳᠤᠭ ᠤᠨ ᠡᠮᠦᠨᠡᠳᠦ ᠬᠤᠰᠢᠭᠤᠨ ᠤ ᠨᠠᠮ ᠤᠨ ᠬᠤᠷᠢᠳᠣᠭᠠᠷ ᠶᠡᠭᠡ ᠬᠤᠷᠠᠯ ᠤᠨ ᠬᠤᠭᠤᠴᠠᠭᠠᠨ ᠤ ᠠᠮᠣᠷ ᠲᠣᠭᠳᠠᠭᠤᠨ ᠤ ᠠᠵᠢᠯ ᠤᠨ ᠬᠡᠷᠡᠭᠵᠢᠭᠦᠯᠬᠦ ᠲᠦᠰᠦᠯ︾ ᠢ ᠰᠣᠳᠣᠯᠪᠠ᠃ ᠬᠤᠷᠠᠯ ᠠᠴᠠ᠂ ᠲᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠠᠮᠣᠷ ᠲᠣᠭᠳᠠᠭᠤᠨ ᠢ ᠢᠮᠠᠭᠳᠠ ᠪᠠᠳᠣᠯᠠᠨ᠂ ᠠᠮᠣᠷ ᠲᠣᠭᠳᠠᠭᠤᠨ ᠤ ᠬᠤᠷᠢᠭ᠎ᠠ ᠱᠣᠭᠤᠮ ᠢ ᠪᠠᠳᠦ ᠰᠠᠬᠢᠬᠤ ᠬᠡᠷᠡᠭᠳᠡᠢ᠃ ᠲᠡᠭᠡᠳᠦ ᠱᠠᠳᠣᠨ ᠤ ᠴᠢᠩᠭ᠎ᠠ ᠱᠠᠭᠠᠷᠳᠠᠯᠭ᠎ᠠ ᠶᠣᠰᠣᠭᠠᠷ᠂ ᠰᠠᠨᠠᠭᠠᠴᠢᠯᠠᠭ᠎ᠠ ᠠᠴᠠ ᠪᠠᠨ ᠠᠬᠢᠭᠤᠯᠣᠨ᠂ ᠠᠮᠣᠷ ᠲᠣᠭᠳᠠᠭᠤᠨ ᠤ ᠡᠯ᠎ᠡ ᠲᠦᠷᠦᠯ ᠤᠨ ᠠᠷᠭ᠎ᠠ ᠠᠪᠴᠠᠯ ᠤᠨ ᠨᠠᠶᠢᠳᠠᠪᠦᠷᠢᠵᠢᠭᠤᠯᠣᠯᠳᠠ ᠶᠢᠨ ᠪᠦᠳᠦᠮᠵᠢ ᠶᠢ ᠴᠢᠩᠭ᠎ᠠ ᠨᠠᠷᠢᠯᠢᠭ ᠪᠣᠳᠠᠳᠠᠢ ᠠᠬᠢᠭᠤᠯᠵᠣ᠂ ᠨᠠᠮ ᠤᠨ ᠬᠤᠷᠢᠳᠣᠭᠠᠷ ᠶᠡᠭᠡ ᠬᠤᠷᠠᠯ ᠤᠨ ᠠᠮᠵᠢᠯᠳᠠᠳᠠᠢ ᠬᠤᠷᠯᠠᠳᠣᠬᠤ ᠳᠤ ᠠᠮᠣᠷ ᠲᠣᠭᠳᠠᠭᠤᠨ ᠡᠷᠡᠭᠦᠯ ᠴᠢᠬᠢᠷᠠᠭ ᠠᠵᠣ ᠠᠬᠤᠢ ᠶᠢᠨ ᠣᠷᠴᠢᠨ᠂ ᠲᠦᠷᠦ ᠲᠦᠪᠰᠢᠨ ᠲᠦᠮᠡᠨ ᠠᠮᠣᠭᠤᠯᠠᠩ ᠨᠡᠶᠢᠭᠡᠮ ᠤᠨ ᠣᠷᠴᠢᠨ᠂ ᠲᠦᠪ ᠴᠢᠭᠡᠴᠢ ᠣᠯᠣᠰ ᠲᠦᠷᠦ ᠶᠢᠨ ᠣᠷᠴᠢᠨ ᠢ ᠪᠦᠷᠢᠯᠳᠦᠭᠦᠯᠬᠦ ᠬᠡᠷᠡᠭᠳᠡᠢ᠃ ᠡᠭᠦᠨ ᠤ ᠬᠠᠮᠳᠦ ᠭᠤᠣᠯᠳᠠᠯᠭᠠᠳᠦ ᠰᠢᠨ᠎ᠡ ᠡᠨᠧᠷᠬᠢ ᠶᠢᠨ ᠲᠦᠷᠦᠯ ᠵᠣᠶᠢᠯ  ᠤᠨ ᠭᠠᠯ ᠭᠦᠢᠴᠡᠳᠬᠡᠯ᠂ ᠬᠠᠳᠠᠭᠤ ᠬᠠᠶᠠᠭᠳᠠᠮᠠᠯ ᠤᠨ ᠰᠢᠢᠳᠪᠦᠷᠢᠯᠡᠯᠳᠡ᠂ ᠰᠢᠨ᠎ᠡ ᠡᠨᠧᠷᠬᠢ ᠶᠢᠨ ᠰᠠᠭᠤᠷᠢᠨ ᠤ ᠪᠠᠶᠢᠭᠤᠯᠣᠯᠳᠠ᠂ ᠣᠢ ᠰᠢᠭᠤᠢ ᠨᠣᠳᠤᠭ ᠪᠡᠯᠴᠢᠭᠡᠷ ᠤᠨ ᠴᠡᠭᠴᠡᠯᠡᠯᠳᠡ᠂ ᠦᠷᠢ ᠦᠭᠴᠡᠭᠡᠨ ᠤ ᠰᠢᠢᠳᠪᠦᠷᠢᠯᠡᠯᠳᠡ᠂ ᠦᠶᠡᠷ ᠰᠡᠷᠭᠡᠶᠢᠯᠡᠯᠳᠡ᠂ ᠭᠤᠣᠯᠳᠠᠯᠭᠠᠳᠦ ᠠᠵᠢᠯᠯᠠᠭᠠᠨ ᠤ ᠪᠡᠯᠡᠳᠬᠡᠯ ᠵᠡᠷᠭᠡ ᠠᠵᠢᠯ ᠢ ᠨᠢᠭᠡᠳᠦᠯᠳᠡᠢ ᠰᠠᠶᠢᠳᠦᠷ ᠠᠳᠬᠤᠬᠤ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃     ᠬᠤᠷᠠᠯ ᠠᠴᠠ ᠪᠠᠰᠠ ᠪᠣᠰᠣᠳ ᠬᠡᠷᠡᠭ ᠣᠴᠢᠷ ᠢ ᠰᠣᠳᠣᠯᠪᠠ᠃     ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠲᠠᠷᠤᠭ᠎ᠠ ᠶᠠᠩ ᠶᠢᠩ ᠰᠢᠨ ᠵᠡᠷᠭᠡ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠪᠠ᠃ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠭᠤᠣ ᠷᠦᠩ ᠲᠠᠩ᠂ ᠬᠤᠰᠢᠭᠤ ᠣᠯᠣᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠲᠣᠳᠢ ᠵᠢᠴᠢ ᠡᠯ᠎ᠡ ᠪᠠᠯᠭᠠᠰᠦ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ᠂ ᠬᠤᠯᠪᠣᠭᠳᠠᠯ ᠪᠦᠬᠦᠢ ᠠᠵᠣ ᠠᠬᠤᠶᠢᠯᠠᠯ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号