ᠸᠠᠩ ᠢᠦᠢ ᠴᠢᠶᠠᠩ ᠪᠠᠯᠠᠩ ᠨᠡᠬᠦᠷᠡᠰᠦᠨ ᠠᠭᠤᠷᠬᠠᠢ᠂ ᠬᠠᠷᠴᠠᠭᠠᠢ ᠬᠦᠯᠦᠭ 1 ᠨᠣᠮᠧᠷᠲᠦ ᠨᠡᠬᠦᠷᠡᠰᠦᠨ ᠠᠭᠤᠷᠬᠠᠢ ᠶᠢᠨ ᠪᠠᠷᠢᠯᠭ᠎ᠠ ᠡᠬᠢᠯᠡᠬᠦᠯᠬᠦ ᠲᠤᠬᠢᠷᠠᠭᠤᠯᠣᠯᠲᠠ ᠶᠢᠨ ᠬᠤᠷᠠᠯ ᠢ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/8/22
    8 ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠪᠠᠯᠠᠩ ᠨᠡᠬᠦᠷᠡᠰᠦᠨ ᠠᠭᠤᠷᠬᠠᠢ᠂ ᠬᠠᠷᠴᠠᠭᠠᠢ ᠬᠦᠯᠦᠭ 1 ᠨᠣᠮᠧᠷᠲᠦ ᠨᠡᠬᠦᠷᠡᠰᠦᠨ ᠠᠭᠤᠷᠬᠠᠢ ᠶᠢᠨ ᠪᠠᠷᠢᠯᠭ᠎ᠠ ᠡᠬᠢᠯᠡᠬᠦᠯᠬᠦ ᠲᠤᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠣᠭᠤᠯᠪᠠ᠃     ᠸᠠᠩ ᠢᠦᠢ ᠴᠢᠶᠠᠩ ᠠᠴᠠ ᠪᠠᠯᠠᠩ ᠨᠡᠬᠦᠷᠡᠰᠦᠨ ᠠᠭᠤᠷᠬᠠᠢ ᠪᠠ ᠬᠠᠷᠴᠠᠭᠠᠢ ᠬᠦᠯᠦᠭ 1 ᠨᠣᠮᠧᠷᠲᠦ ᠨᠡᠬᠦᠷᠡᠰᠦᠨ ᠠᠭᠤᠷᠬᠠᠢ ᠪᠤᠯ ᠮᠠᠨ ᠤ ᠬᠤᠰᠢᠭᠤᠨ ᠤ ᠨᠡᠬᠦᠷᠡᠰᠦᠨ ᠠᠭᠤᠷᠬᠠᠢ ᠶᠢᠨ ᠭᠤᠤᠯᠳᠠᠯᠭᠠᠲᠤ ᠲᠦᠷᠦᠯ ᠵᠦᠢᠯ ᠪᠤᠯᠬᠤᠷ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠲᠡ ᠶᠢᠨ ᠬᠦᠳᠡᠯᠬᠡᠭᠴᠢ ᠬᠦᠴᠦᠨ ᠢ ᠴᠢᠩᠭᠠᠳᠬᠠᠬᠤ ᠳᠤ ᠲᠤᠶᠢᠯ ᠤᠨ ᠴᠢᠬᠤᠯᠠ ᠦᠢᠯᠡᠳᠦᠯ ᠲᠠᠢ ᠶᠤᠮ᠃ ᠡᠯ᠎ᠡ ᠬᠤᠯᠪᠤᠭᠠᠯᠠᠨ ᠳᠠᠭᠠᠭᠠᠴᠢᠯᠠᠵᠤ ᠪᠠᠶᠢᠭ᠎ᠠ ᠰᠢᠶᠡᠨ ᠤ ᠲᠡᠰ ᠤᠨ ᠣᠳᠣᠷᠢᠳᠣᠯᠭ᠎ᠠ ᠠᠴᠠ ᠲᠤᠯᠤᠭᠠᠶᠢᠯᠠᠴᠢ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠪᠡᠶᠡᠴᠢᠯᠡᠨ ᠵᠤᠬᠢᠴᠠᠭᠤᠯᠵᠤ ᠲᠦᠷᠦᠬᠦᠯᠡᠨ ᠦᠢᠯᠡᠴᠢᠯᠡᠨ᠂ ᠠᠵᠤ ᠠᠬᠤᠶᠢᠯᠠᠯ ᠳᠤ ᠲᠤᠭᠲᠠᠮᠠᠯ ᠬᠤᠭᠤᠴᠠᠭ᠎ᠠ ᠲᠠᠢ ᠪᠠᠷ ᠬᠦᠨᠵᠡᠬᠡᠶᠢᠷᠡᠵᠦ᠂ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠲᠤᠬᠢᠷᠠᠭᠤᠯᠤᠨ᠂ ᠲᠦᠷᠦᠯ ᠵᠦᠢᠯ ᠤᠨ ᠡᠬᠢᠯᠡᠯᠲᠡ  ᠶᠢᠨ ᠬᠤᠭᠤᠴᠠᠭᠠᠨ ᠳᠤ ᠠᠩᠬᠠᠷᠤᠯ ᠢᠶᠠᠨ ᠲᠦᠪᠯᠡᠷᠡᠬᠦᠯᠵᠦ᠂ ᠴᠠᠭ ᠤᠨ ᠬᠤᠪᠢᠶᠠᠷᠢ ᠪᠠᠨ ᠲᠤᠲᠤᠷᠬᠠᠢ ᠲᠤᠭᠲᠠᠭᠠᠨ᠂ ᠡᠬᠦᠷᠭᠡ ᠬᠠᠷᠢᠭᠤᠴᠠᠯᠭ᠎ᠠ ᠪᠠᠨ ᠲᠤᠲᠤᠷᠬᠠᠶᠢᠯᠠᠵᠤ᠂ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠲᠤᠲᠠᠢ ᠪᠠᠷ ᠠᠬᠢᠭᠤᠯᠵᠤ ᠪᠤᠲᠠᠲᠠᠢ ᠪᠦᠲᠦᠮᠵᠢ ᠭᠠᠷᠭᠠᠬᠤ ᠬᠡᠷᠡᠭᠲᠡᠢ᠃ ᠠᠵᠤ ᠠᠬᠤᠢ ᠶᠢᠨ ᠨᠡᠭᠡᠭᠡᠯᠲᠡ ᠶᠢᠨ ᠣᠷᠣᠨ᠂ ᠱᠠᠩᠬᠠᠢ  ᠶᠢᠨ ᠰᠦᠮ᠎ᠡ ᠪᠠᠯᠭᠠᠰᠣ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠦᠢᠯᠡᠴᠢᠯᠡᠭᠡᠨ ᠤ ᠪᠠᠲᠤᠯᠠᠭ᠎ᠠ  ᠪᠠᠨ ᠴᠢᠩᠭᠠᠳᠬᠠᠨ᠂ ᠰᠠᠨᠠᠭᠠᠴᠢᠯᠠᠭ᠎ᠠ ᠠᠴᠠ ᠪᠠᠨ ᠬᠦᠳᠡᠯᠦᠯᠴᠡᠨ ᠬᠠᠷᠢᠯᠴᠠᠨ ᠬᠠᠮᠵᠢᠯᠴᠠᠵᠤ᠂ ᠠᠵᠤ ᠠᠬᠤᠶᠢᠯᠠᠯ ᠤᠨ ᠪᠠᠷᠢᠯᠭ᠎ᠠ ᠶᠢᠨ ᠪᠡᠯᠡᠳᠬᠡᠯ ᠳᠤ ᠣᠷᠣᠰᠢᠵᠦ ᠪᠠᠶᠢᠭ᠎ᠠ ᠠᠰᠠᠭᠤᠳᠠᠯ ᠢ ᠬᠢᠨᠠᠮᠠᠭᠠᠢ ᠡᠮᠬᠢᠯᠡᠵᠦ ᠰᠣᠳᠣᠯᠣᠨ᠂ ᠳᠠᠩᠰᠠᠯᠠᠨ ᠬᠠᠮᠢᠶᠠᠷᠴᠣ᠂ ᠪᠦᠬᠦ ᠠᠰᠠᠭᠤᠳᠠᠯ ᠢ ᠦᠳᠲᠡᠷ ᠰᠢᠢᠳᠪᠦᠷᠢᠯᠡᠵᠦ ᠣᠷᠣᠨᠵᠢᠭᠤᠯᠬᠤ ᠬᠡᠷᠡᠭᠲᠡᠢ᠃ ᠠᠵᠤ ᠠᠬᠤᠶᠢᠯᠠᠯ  ᠠᠴᠠ ᠪᠡᠶᠡᠴᠢ ᠴᠢᠳᠠᠮᠠᠭᠠᠢ ᠴᠢᠨᠠᠷ ᠢᠶᠠᠨ ᠬᠦᠢᠴᠡᠳ ᠪᠠᠳᠠᠷᠠᠭᠤᠯᠤᠨ᠂ ᠰᠠᠨᠠᠭᠠᠴᠢᠯᠠᠭ᠎ᠠ ᠠᠴᠠ ᠪᠠᠨ ᠵᠤᠬᠢᠴᠠᠭᠤᠯᠵᠤ᠂ ᠠᠰᠢᠭᠲᠠᠢ ᠮᠡᠳᠡᠭᠡ ᠵᠠᠩᠭᠢ ᠶᠢ ᠴᠢᠷᠮᠠᠶᠢᠨ ᠠᠭᠤᠲᠠᠯᠠᠨ᠂ ᠨᠠᠷᠢᠯᠢᠭ ᠪᠠᠶᠢᠷᠢᠯᠠᠭᠤᠯᠤᠨ ᠲᠦᠯᠦᠪᠵᠢᠬᠦᠯᠵᠦ᠂ ᠡᠯ᠎ᠡ ᠲᠦᠷᠦᠯ ᠤᠨ ᠠᠰᠠᠭᠤᠳᠠᠯ ᠢ ᠲᠦᠯᠦᠪᠯᠡᠭᠡ ᠲᠠᠢ᠂ ᠴᠢᠭᠯᠡᠯᠲᠦ ᠴᠢᠨᠠᠷᠲᠠᠢ ᠪᠠᠷ ᠰᠢᠢᠳᠪᠦᠷᠢᠯᠡᠨ᠂ ᠡᠷᠲᠡᠬᠡᠨ ᠪᠠᠶᠢᠭᠤᠯᠤᠭᠳᠠᠬᠤ ᠶᠢ ᠪᠠᠲᠤᠯᠠᠬᠤ ᠬᠡᠷᠡᠭᠲᠡᠢ ᠬᠡᠵᠦ ᠬᠡᠯᠡᠭᠰᠡᠨ ᠪᠠᠶᠢᠨ᠎ᠠ᠃     ᠸᠠᠩ ᠢᠦᠢ ᠴᠢᠶᠠᠩ ᠠᠴᠠ ᠲᠦᠷᠦᠯ ᠵᠦᠢᠯ ᠤᠨ ᠣᠷᠣᠨᠵᠢᠭᠤᠯᠣᠯᠲᠠ ᠳᠤ ᠠᠵᠤ ᠠᠬᠤᠶᠢᠯᠠᠯ ᠤᠷᠤᠨ ᠨᠤᠲᠤᠭ ᠬᠤᠶᠠᠷ ᠲᠠᠯ᠎ᠠ ᠶᠢᠨ ᠬᠠᠮᠲᠤᠷᠠᠯᠴᠠᠭ᠎ᠠ ᠬᠡᠷᠡᠭᠴᠡᠭᠡᠲᠡᠢ ᠪᠤᠯᠬᠤᠷ ᠲᠦᠷᠦᠯ ᠵᠦᠢᠯ ᠤᠨ ᠪᠠᠶᠢᠭᠤᠯᠤᠯᠲᠠ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ᠃ ᠳᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠵᠦ᠂ ᠬᠠᠷᠢᠯᠴᠠᠨ ᠵᠤᠬᠢᠴᠠᠭᠤᠯᠤᠨ ᠬᠤᠯᠪᠤᠭᠠᠯᠠᠨ ᠬᠠᠮᠵᠢᠯᠴᠠᠵᠤ᠂ ᠪᠠᠯᠠᠩ ᠨᠡᠬᠦᠷᠡᠰᠦᠨ ᠠᠭᠤᠷᠬᠠᠢ᠂ ᠬᠠᠷᠴᠠᠭᠠᠢ ᠬᠦᠯᠦᠭ 1 ᠨᠣᠮᠧᠷᠲᠦ ᠨᠡᠬᠦᠷᠡᠰᠦᠨ ᠠᠭᠤᠷᠬᠠᠢ ᠶᠢᠨ ᠡᠷᠲᠡᠬᠡᠨ ᠪᠠᠶᠢᠭᠤᠯᠤᠭᠳᠠᠬᠤ ᠶᠢ ᠬᠠᠮᠤᠭ ᠤᠨ ᠶᠡᠭᠡ ᠡᠷᠴᠢ  ᠵᠤᠷᠢᠭ᠂ ᠪᠦᠬᠦ ᠬᠦᠴᠦᠨ ᠢᠶᠠᠷ ᠠᠬᠢᠭᠤᠯᠤᠨ᠂ ᠠᠵᠤ ᠠᠬᠤᠶᠢᠯᠠᠯ ᠣᠷᠣᠨ ᠨᠣᠲᠤᠭ ᠬᠤᠶᠠᠷ ᠲᠠᠯ᠎ᠠ ᠶᠢᠨ ᠠᠰᠢᠭᠲᠠᠢ ᠬᠠᠮᠲᠤᠷᠠᠯᠴᠠᠭ᠎ᠠ  ᠶᠢ ᠴᠢᠷᠮᠠᠶᠢᠨ ᠪᠡᠶᠡᠯᠡᠬᠦᠯᠦᠨ᠎ᠡ ᠬᠡᠵᠦ ᠬᠡᠯᠡᠭᠰᠡᠨ ᠪᠠᠶᠢᠨ᠎ᠠ᠃     ᠬᠤᠷᠠᠯ ᠳᠡᠭᠡᠷ᠎ᠡ᠂ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠳ ᠠᠴᠠ ᠨᠡᠬᠦᠷᠡᠰᠦᠨ ᠠᠭᠤᠷᠬᠠᠢ  ᠶᠢᠨ ᠪᠠᠷᠢᠯᠭ᠎ᠠ ᠶᠢᠨ ᠪᠡᠯᠡᠳᠬᠡᠯ ᠤᠨ ᠪᠠᠶᠢᠳᠠᠯ ᠵᠢᠴᠢ ᠣᠷᠣᠰᠢᠵᠦ ᠪᠠᠶᠢᠭ᠎ᠠ ᠬᠦᠴᠢᠷ ᠠᠰᠠᠭᠤᠳᠠᠯ ᠢᠶᠠᠨ ᠲᠤᠰ ᠲᠤᠰ ᠬᠠᠷᠢᠭᠤ ᠮᠡᠳᠡᠬᠦᠯᠪᠡ᠃     ᠬᠤᠰᠢᠭᠤ ᠣᠳᠣᠷᠢᠳᠣᠯᠭ᠎ᠠ ᠶᠠᠩ ᠶᠢᠩ ᠰᠢᠨ᠂ ᠵᠤᠤ ᠱᠣᠸᠡᠨ᠂ ᠰᠦᠨ ᠶᠢᠦ ᠵᠢᠶᠦ᠋ᠨ᠂ ᠴᠢᠦ ᠯᠢᠨ᠂ ᠹᠦ᠋ ᠺᠧ᠂ ᠯᠢ ᠵᠢᠶᠠ ᠭᠤᠸᠡᠨ᠂ ᠶᠢᠦ ᠵᠢᠶᠡᠨ ᠴᠢᠩ᠂ ᠱᠢ ᠬᠤᠢ᠂ ᠶᠠᠩ ᠵᠢᠢ ᠴᠢᠶᠠᠩ᠂ ᠱᠢ ᠵᠢᠶᠦ᠋ᠨ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ᠂ ᠦᠪᠦᠷ ᠮᠣᠩᠭᠤᠯ ᠤᠨ ᠡᠾᠧᠩ ᠶᠤᠸᠡᠨ ᠠᠵᠤ ᠦᠢᠯᠡᠰ ᠤᠨ ᠪᠡᠯᠡ ᠣᠷᠣᠭᠤᠯᠣᠯᠲᠠ ᠶᠢᠨ ᠬᠢᠵᠠᠭᠠᠷᠲᠤ ᠺᠣᠮᠫᠠᠨᠢ ᠶᠢᠨ ᠳᠣᠭᠠᠩ ᠨᠡᠬᠦᠷᠡᠰᠦᠨ ᠠᠭᠤᠷᠬᠠᠢ᠂ ᠦᠪᠦᠷ ᠮᠣᠩᠭᠤᠯ ᠤᠨ ᠸᠧᠢ ᠬᠤᠸᠠ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠲᠦᠯᠦᠪᠵᠢᠬᠦᠯᠬᠡ ᠶᠢᠨ ᠭᠠᠵᠠᠷ ᠤᠨ ᠶᠡᠷᠦᠩᠬᠡᠢ ᠳᠠᠭᠠᠭᠠᠮᠠᠯ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号