ᠸᠠᠩ ᠢᠦᠢ ᠴᠢᠶᠠᠩ ᠪᠤᠯᠪᠠᠰᠣᠨ ᠬᠤᠲᠠ ᠶᠢᠨ ᠴᠤᠭᠴᠠᠯᠠᠯᠲᠠ ᠶᠢᠨ ᠠᠵᠢᠯ ᠢ ᠬᠢᠨᠠᠨ ᠵᠢᠯᠤᠭᠤᠳᠪᠠ
ᠨᠡᠶᠢᠲᠡᠯᠡᠭᠰᠡᠨ ᠴᠠᠭ᠄
2022/8/22
    8 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠵᠠᠬ᠎ᠠ ᠳᠡᠯᠬᠡᠬᠦᠷ᠂ ᠡᠮᠨᠡᠯᠬᠡ ᠶᠢᠨ ᠬᠤᠷᠢᠶ᠎ᠠ᠂ ᠲᠡᠷᠬᠡᠨ ᠦᠷᠲᠡᠭᠡ᠂ ᠡᠳ᠋ ᠪᠠᠷᠠᠭᠠᠨ ᠤ ᠬᠦᠢᠯᠬᠡᠬᠡᠨ ᠤ ᠬᠦᠷᠢᠶᠡᠯᠡᠩ ᠵᠡᠷᠭᠡ ᠭᠠᠵᠠᠷ ᠢᠶᠠᠷ ᠬᠦᠨᠵᠡᠬᠡᠶᠢᠷᠡᠵᠦ᠂ ᠪᠤᠯᠪᠠᠰᠣᠨ ᠬᠤᠲᠠ ᠶᠢᠨ ᠴᠤᠭᠴᠠᠯᠠᠯᠲᠠ ᠶᠢᠨ ᠠᠵᠢᠯ ᠢ ᠬᠢᠨᠠᠨ ᠵᠢᠯᠤᠭᠤᠳᠪᠠ᠃
    ᠲᠤᠯᠤᠨ ᠵᠠᠬ᠎ᠠ ᠳᠡᠯᠭᠡᠬᠦᠷ ᠲᠤ᠂ ᠡᠷᠬᠢᠨ ᠲᠤᠭᠤᠷᠢᠨ ᠤ ᠬᠤᠳᠠᠯᠳᠣᠭᠠᠴᠢᠳ ᠤᠨ ᠡᠵᠡᠩᠨᠡᠯᠲᠡ᠂ ᠲᠡᠷᠬᠡ ᠮᠠᠰᠢᠨ  ᠤ ᠵᠤᠭᠰᠤᠭᠠᠯᠲᠠ᠂ ᠵᠠᠬ᠎ᠠ ᠳᠡᠯᠭᠡᠬᠦᠷ ᠤᠨ ᠲᠤᠲᠤᠷᠠᠬᠢ ᠣᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠴᠡᠭᠴᠡᠯᠡᠯᠲᠡ ᠵᠡᠷᠭᠡ ᠪᠠᠶᠢᠳᠠᠯ ᠢ ᠪᠠᠶᠢᠴᠠᠭᠠᠨ ᠦᠵᠡᠪᠡ᠃
    ᠬᠤᠰᠢᠭᠤ ᠡᠮᠨᠡᠯᠬᠡ ᠶᠢᠨ ᠬᠤᠷᠢᠶᠠᠨ ᠳᠤ᠂ ᠣᠶᠢᠷ᠎ᠠ ᠬᠠᠪᠢ ᠶᠢᠨ ᠤᠷᠴᠢᠨ ᠲᠤᠭᠤᠷᠢᠨ ᠤ ᠡᠷᠡᠬᠦᠯ ᠬᠠᠮᠠᠭᠠᠯᠠᠯ᠂ ᠴᠠᠬᠢᠯᠭᠠᠨ ᠣᠲᠠᠰᠣᠨ ᠤ ᠴᠡᠭᠴᠡᠯᠡᠯᠲᠡ ᠵᠡᠷᠭᠡ ᠪᠠᠶᠢᠳᠠᠯ ᠢ ᠪᠠᠶᠢᠴᠠᠭᠠᠨ ᠦᠵᠡᠪᠡ᠃
    ᠲᠡᠷᠬᠡᠨ ᠦᠷᠲᠡᠭᠡᠨ ᠳᠤ᠂ ᠣᠷᠴᠢᠨ ᠲᠤᠭᠤᠷᠢᠨ ᠤ ᠡᠷᠡᠬᠦᠯ ᠬᠠᠮᠠᠭᠠᠯᠠᠯ᠂ ᠲᠡᠷᠭᠡ ᠮᠠᠰᠢᠨ ᠳᠣᠷ᠎ᠠ ᠪᠠᠷ ᠵᠤᠭᠰᠤᠭᠠᠬᠤ ᠦᠵᠡᠭᠳᠡᠯ᠂ ᠬᠤᠳᠠᠯᠳᠣᠭᠠᠴᠢᠳ ᠤᠨ ᠡᠬᠦᠳᠡᠨ ᠱᠠᠲᠤᠨ ᠤ ᠡᠪᠳᠡᠷᠡᠯ ᠵᠡᠷᠭᠡ ᠠᠰᠠᠭᠤᠳᠠᠯ ᠤᠨ ᠴᠡᠭᠴᠡᠯᠡᠯᠲᠡ ᠶᠢᠨ ᠪᠠᠶᠢᠳᠠᠯ ᠢ ᠪᠠᠶᠢᠴᠠᠭᠠᠨ ᠦᠵᠡᠪᠡ᠃
    ᠢᠳᠡᠬᠡᠨ ᠣᠮᠳᠠᠭᠠᠨ ᠪᠤᠯᠪᠠᠰᠣᠷᠠᠭᠤᠯᠬᠤ ᠡᠳ᠋ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠤᠭᠤᠷᠢᠭ ᠲᠤ᠂ ᠣᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠴᠡᠭᠴᠡᠯᠡᠯᠲᠡ᠂ ᠬᠤᠳᠠᠯᠳᠣᠭᠠᠴᠢᠳ ᠵᠢᠴᠢ ᠬᠦᠳᠡᠯᠮᠦᠷᠢ ᠦᠢᠯᠡᠴᠢᠯᠡᠬᠡᠨ ᠤ ᠠᠵᠢᠯᠲᠠᠳ ᠤᠨ ᠬᠠᠮᠢᠶᠠᠷᠤᠯᠲᠠ ᠦᠢᠯᠡᠴᠢᠯᠡᠭᠡ ᠵᠡᠷᠭᠡ ᠪᠠᠶᠢᠳᠠᠯ ᠢ ᠪᠠᠶᠢᠴᠠᠭᠠᠨ ᠦᠵᠡᠪᠡ᠃     ᠬᠤᠰᠢᠭᠤ ᠣᠳᠣᠷᠢᠳᠣᠯᠭ᠎ᠠ ᠣᠷᠬᠢᠯ᠂ ᠹᠦ᠋ ᠺᠧ᠂ ᠣᠯᠵᠠᠴᠢ ᠪᠠᠯᠭᠠᠰᠣ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号