ᠣᠳᠤᠭ ᠤᠨ ᠡᠮᠦᠨᠡᠳᠦ ᠬᠤᠰᠢᠭᠤ ᠴᠡᠷᠢᠭ ᠠᠴᠠ ᠬᠠᠯᠠᠭᠳᠠᠭᠰᠠᠳ ᠪᠠ ᠪᠣᠰᠣᠳ ᠠᠰᠠᠷᠠᠨ ᠬᠠᠷᠠᠭᠠᠯᠵᠠᠬᠤ ᠡᠳᠡᠭᠡᠳ ᠲᠤ ᠬᠠᠷᠠᠭᠠᠯᠵᠠᠯ ᠤᠨ ᠦᠨᠡᠮᠯᠡᠯ ᠣᠯᠭᠤᠪᠠ
ᠨᠡᠶᠢᠲᠡᠯᠡᠭᠰᠡᠨ ᠴᠠᠭ᠄
2022/8/4
    ︽8 · 1︾ ᠤ ᠴᠡᠷᠢᠭ ᠪᠠᠶᠢᠭᠤᠯᠣᠭᠳᠠᠭᠰᠠᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠣᠳᠤᠭ ᠤᠨ ᠡᠮᠦᠨᠡᠳᠦ ᠬᠤᠰᠢᠭᠤ ᠴᠡᠷᠢᠭ ᠠᠴᠠ ᠬᠠᠯᠠᠭᠳᠠᠭᠰᠠᠳ ᠪᠠ ᠪᠣᠰᠣᠳ ᠠᠰᠠᠷᠠᠨ ᠬᠠᠷᠠᠭᠠᠯᠵᠠᠬᠤ ᠡᠳᠡᠭᠡᠳ  ᠲᠤ ᠬᠠᠷᠠᠭᠠᠯᠵᠠᠯ ᠤᠨ ᠦᠨᠡᠮᠯᠡᠯ ᠢ ᠠᠩᠬ᠎ᠠ ᠲᠠᠷᠬᠠᠭᠠᠬᠤ ᠶᠣᠰᠣᠯᠠᠯ ᠶᠠᠪᠣᠭᠤᠯᠪᠠ᠃     ᠶᠣᠰᠣᠯᠠᠯ ᠲᠡᠭᠡᠷ᠎ᠡ ᠬᠤᠷᠠᠯ ᠳᠤ ᠣᠷᠣᠯᠴᠠᠭᠰᠠᠨ ᠣᠳᠣᠷᠢᠳᠣᠯᠭ᠎ᠠ ᠠᠴᠠ 10 ᠴᠡᠷᠢᠭ ᠠᠴᠠ ᠬᠠᠯᠠᠭᠳᠠᠭᠰᠠᠳ  ᠤᠨ ᠲᠦᠯᠦᠭᠡᠯᠡᠭᠴᠢᠳ ᠲᠤ ᠬᠠᠷᠠᠭᠠᠯᠵᠠᠯ ᠤᠨ ᠦᠨᠡᠮᠯᠡᠯ ᠣᠯᠭᠤᠪᠠ᠃ ᠴᠡᠷᠢᠭ ᠠᠴᠠ ᠬᠠᠯᠠᠭᠳᠠᠭᠰᠠᠳ ᠲᠤ ᠠᠪᠴᠦ ᠬᠡᠯᠡᠪᠡᠯ᠂ ᠡᠨᠡ ᠬᠦ ᠬᠠᠷᠠᠭᠠᠯᠵᠠᠯ ᠤᠨ ᠦᠨᠡᠮᠯᠡᠯ ᠨᠢ ᠵᠦᠪᠬᠡᠨ ᠨᠢᠭᠡ ᠺᠠᠷᠲ ᠲᠡᠳᠦᠢ ᠪᠢᠰᠢ ᠬᠠᠷᠢᠨ ᠲᠡᠳᠡᠨ ᠤ ᠢᠷᠠᠭᠤ ᠠᠯᠳᠠᠷ ᠤᠨ ᠪᠡᠯᠭᠡ ᠲᠡᠮᠳᠡᠭ ᠪᠣᠯᠬᠤᠷ ᠳᠡᠳᠡ ᠲᠣᠶᠢᠯ ᠤᠨ ᠣᠮᠤᠭ ᠪᠠᠭ᠋ᠠᠳᠣᠯ ᠲᠠᠢ᠂ ᠲᠦᠪ ᠬᠢᠴᠢᠶᠡᠩᠭᠦᠢ ᠪᠠᠷ ᠬᠠᠷᠠᠭᠠᠯᠵᠠᠯ ᠤᠨ ᠦᠨᠡᠮᠯᠡᠯ ᠢ ᠲᠣᠰᠴᠦ ᠪᠠᠶᠢᠯ᠎ᠠ᠃
    ᠣᠶᠢᠯᠠᠭᠠᠭᠰᠠᠨ ᠢᠶᠠᠷ᠂ ᠡᠨᠡ ᠬᠦ ᠬᠠᠷᠠᠭᠠᠯᠵᠠᠯ ᠤᠨ ᠦᠨᠡᠮᠯᠡᠯ ᠪᠣᠯ ᠪᠦᠬᠦᠳᠠ ᠨᠠᠶᠢᠷᠠᠮᠳᠠᠬᠤ ᠲᠣᠮᠳᠠᠳᠦ ᠠᠷᠠᠳ ᠣᠯᠣᠰ ᠤᠨ ᠴᠡᠷᠢᠭ ᠠᠴᠠ ᠬᠠᠯᠠᠭᠳᠠᠭᠰᠠᠳ ᠤᠨ ᠬᠠᠷᠠᠭᠠᠯᠵᠠᠯ ᠤᠨ ᠭᠡᠷᠡᠴᠢ᠂ ᠪᠦᠬᠦᠳᠡ ᠨᠠᠶᠢᠷᠠᠮᠳᠠᠬᠤ ᠲᠣᠮᠳᠠᠳᠦ ᠠᠷᠠᠳ ᠣᠯᠣᠰ ᠤᠨ ᠦᠷᠡᠭᠳᠡᠭᠰᠡᠨ ᠪᠠᠭᠠᠳᠦᠷ᠂ ᠠᠯᠪᠠᠨ ᠶᠠᠪᠣᠳᠠᠯ ᠢᠶᠠᠷ ᠪᠡᠶ᠎ᠡ ᠦᠷᠡᠭᠳᠡᠭᠰᠡᠨ ᠴᠡᠷᠢᠭ᠂ ᠡᠪᠡᠳᠴᠢᠨ  ᠢᠶᠠᠷ ᠨᠠᠰᠣ ᠪᠠᠷᠠᠭᠰᠠᠨ ᠴᠡᠷᠢᠭ ᠤᠨ ᠭᠡᠷ ᠪᠦᠯᠢ ᠶᠢᠨ ᠬᠠᠷᠠᠭᠠᠯᠵᠠᠯ ᠤᠨ ᠦᠨᠡᠮᠯᠡᠯ ᠤᠨ ᠲᠣᠪᠴᠢ ᠨᠡᠷᠡᠶᠢᠳᠦᠯ ᠪᠠᠶᠢᠵᠣ᠂ ᠨᠦᠭᠦᠴᠡᠯ ᠳᠤ ᠨᠡᠶᠢᠴᠡᠭᠰᠡᠨ ᠴᠡᠷᠢᠭ ᠠᠴᠠ ᠬᠠᠯᠠᠭᠳᠠᠭᠰᠠᠳ ᠪᠣᠯᠣᠨ ᠦᠷᠡᠭᠳᠡᠭᠰᠡᠨ ᠪᠠᠭᠠᠳᠦᠷᠴᠣᠳ ᠤᠨ ᠭᠡᠷ ᠪᠦᠯᠢ  ᠶᠢᠨ ᠬᠢᠨ ᠳᠤ ᠬᠠᠨᠳᠣᠭᠤᠯᠵᠣ᠂ ᠠᠯᠪᠠᠨ ᠶᠠᠪᠣᠳᠠᠯ ᠢᠶᠠᠷ ᠪᠡᠶ᠎ᠡ ᠦᠷᠡᠭᠳᠡᠭᠰᠡᠨ ᠴᠡᠷᠢᠭ ᠤᠨ ᠭᠡᠷ ᠪᠦᠯᠢ ᠶᠢᠨ ᠬᠢᠨ ᠪᠠ ᠡᠪᠡᠳᠴᠢᠨ ᠢᠶᠠᠷ ᠨᠠᠰᠣ ᠪᠠᠷᠠᠭᠰᠠᠨ ᠴᠡᠷᠢᠭ ᠤᠨ ᠭᠡᠷ ᠪᠦᠯᠢ ᠶᠢᠨ ᠬᠢᠨ ᠳᠤ ᠨᠢ ᠣᠯᠭᠤᠭᠰᠠᠨ ᠪᠠᠶᠢᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠨᠡᠶᠢᠳᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号