ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠡᠷᠬᠢᠯᠡᠭᠴᠢᠳ ᠬᠠᠮᠲᠤ ᠪᠠᠷ ᠪᠦᠬᠦ ᠬᠤᠰᠢᠭᠤᠨ ᠤ ᠴᠢᠬᠤᠯᠠ ᠶᠡᠭᠡ ᠲᠦᠷᠦᠯ ᠵᠦᠢᠯ ᠢ ᠪᠠᠶᠢᠴᠠᠭᠠᠨ ᠦᠵᠡᠪᠡ
ᠨᠡᠶᠢᠲᠡᠯᠡᠭᠰᠡᠨ ᠴᠠᠭ᠄
2022/9/13
    9 ᠰᠠᠷ᠎ᠠ ᠶᠢᠨ 8 ᠤ ᠡᠳᠦᠷ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠡᠷᠬᠢᠯᠡᠭᠴᠢ ᠭᠤᠤ ᠷᠦᠩ ᠲᠠᠩ ᠤᠨ ᠳᠠᠭᠠᠭᠤᠯᠭ᠎ᠠ ᠪᠠᠷ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢᠳ ᠬᠠᠮᠲᠤ ᠪᠠᠷ ᠪᠦᠬᠦ ᠬᠤᠰᠢᠭᠤᠨ ᠤ ᠴᠢᠬᠤᠯᠠ ᠶᠡᠭᠡ ᠲᠦᠷᠦᠯ ᠵᠦᠢᠯ ᠤᠨ ᠪᠠᠶᠢᠭᠤᠯᠤᠯᠲᠠ ᠶᠢ ᠪᠠᠶᠢᠴᠠᠭᠠᠨ ᠦᠵᠡᠬᠦ ᠠᠵᠢᠯᠯᠠᠭᠠᠨ ᠢ ᠶᠠᠪᠤᠭᠳᠠᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠶᠢᠩ ᠰᠢᠨ ᠠᠵᠢᠯᠯᠠᠭ᠎ᠠ ᠳᠤ ᠣᠷᠣᠯᠴᠠᠪᠠ᠃     ᠠᠵᠢᠯᠯᠠᠭᠠᠨ ᠡᠬᠢᠯᠡᠬᠦ ᠠᠴᠠ ᠡᠮᠦᠨ᠎ᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠶᠢᠩ ᠰᠢᠨ ᠬᠠᠷᠢᠭᠤ ᠮᠡᠳᠡᠬᠦᠯᠦᠯᠲᠡ ᠶᠢᠨ ᠬᠤᠷᠠᠯ ᠢ ᠡᠷᠬᠢᠯᠡᠨ ᠬᠤᠷᠠᠯᠳᠣᠭᠤᠯᠵᠣ᠂ ᠪᠠᠶᠢᠴᠠᠭᠠᠯᠲᠠ ᠶᠢᠨ ᠳᠣᠭᠤᠶᠢᠯᠠᠩ ᠳᠤ ᠪᠦᠬᠦ ᠬᠤᠰᠢᠭᠤᠨ ᠤ ᠴᠢᠬᠤᠯᠠ ᠶᠡᠭᠡ ᠲᠦᠷᠦᠯ ᠵᠦᠢᠯ  ᠤᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠬᠠᠷᠢᠭᠤ ᠮᠡᠳᠡᠬᠦᠯᠪᠡ᠃     ᠪᠠᠶᠢᠴᠠᠭᠠᠯᠲᠠ ᠶᠢᠨ ᠳᠣᠭᠤᠶᠢᠯᠠᠩ ᠣᠷᠢᠳ ᠬᠤᠵᠢᠳ ᠬᠤᠸᠠ ᠰᠢᠩ ᠤᠨ 40 ᠳ᠋ᠦᠩᠰᠢᠭᠤᠷ ᠺᠦᠪ ᠮᠧᠲᠷ  ᠤᠨ ᠨᠡᠬᠦᠷᠡᠰᠦ ᠪᠠᠷ ᠰᠢᠲᠠᠮᠠᠬᠠᠢ ᠬᠡᠢ ᠦᠢᠯᠡᠳᠬᠦ ᠨᠢᠭᠡᠳᠦᠬᠡᠷ ᠬᠤᠭᠤᠴᠠᠭᠠᠨ ᠤ 20 ᠳ᠋ᠦᠩᠰᠢᠭᠤᠷ ᠺᠦᠪ ᠮᠧᠲᠷ ᠤᠨ ᠢᠨᠵᠧᠨᠧᠷᠢᠩ᠂ ᠷᠦᠨ ᠶᠠᠩ ᠶᠦᠸᠧ ᠳ᠋ᠠ ᠶᠢᠨ ᠨᠠᠷᠠᠨ ᠤ ᠡᠨᠧᠷᠬᠢ ᠶᠢᠨ ᠲᠤᠨᠤᠭᠯᠠᠯ ᠦᠢᠯᠡᠳᠬᠦ ᠪᠦᠬᠦ ᠠᠵᠤ ᠦᠢᠯᠡᠰ ᠤᠨ ᠬᠡᠯᠬᠢᠶᠡᠵᠢᠯ᠂ ᠵᠢᠩ ᠨᠧᠩ᠂ ᠱᠧᠨ ᠨᠧᠩ ᠨᠠᠷᠠᠨ ᠤ ᠡᠨᠧᠷᠬᠢ ᠪᠠᠷ ᠣᠰᠣᠳᠦ᠋ᠷᠦᠭᠴᠢ ᠡᠨᠧᠷᠬᠢ ᠦᠢᠯᠡᠳᠬᠦ ᠵᠡᠷᠭᠡ ᠲᠦᠷᠦᠯ ᠵᠦᠢᠯ ᠤᠨ ᠭᠠᠵᠠᠷ ᠰᠣᠩᠭᠤᠯᠲᠠ ᠵᠢᠴᠢ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ  ᠤᠨ ᠪᠠᠶᠢᠳᠠᠯ᠂ ᠰᠢᠨ᠎ᠡ ᠪᠠᠷ ᠪᠠᠶᠢᠭᠤᠯᠬᠤ ᠬᠤᠰᠢᠭᠤ ᠬᠤᠶᠠᠳᠣᠭᠠᠷ ᠳᠣᠮᠳᠠᠳᠣ ᠰᠣᠷᠭᠠᠭᠤᠯᠢ ᠶᠢᠨ ᠲᠦᠷᠦᠯ ᠵᠦᠢᠯ᠂ ᠨᠠᠮ ᠤᠨ ᠰᠣᠷᠭᠠᠭᠤᠯᠢ ᠶᠢᠨ ᠲᠦᠷᠦᠯ ᠵᠦᠢᠯ᠂ ᠬᠤᠪᠢᠰᠬᠠᠯᠲᠤ ᠬᠦᠮᠦᠵᠢᠯ ᠤᠨ ᠰᠣᠳᠣᠯᠭ᠎ᠠ ᠰᠣᠷᠣᠯᠴᠠᠯᠭ᠎ᠠ ᠶᠢᠨ ᠦᠢᠯᠡᠳᠦᠯᠬᠡ ᠶᠢᠨ ᠰᠠᠭᠤᠷᠢᠨ ᠭᠠᠵᠠᠷ ᠤᠨ ᠲᠦᠷᠦᠯ ᠵᠦᠢᠯ᠂ ᠶᠢᠨ ᠨᠢᠦ ᠲᠢᠶᠡᠨ ᠮᠣ᠋ ᠨᠣᠣᠰᠣ ᠨᠣᠣᠯᠣᠭᠤᠷ ᠤᠨ ᠪᠦᠲᠦᠭᠡᠭᠳᠡᠬᠦᠨ ᠤ ᠬᠤᠪᠢᠶᠠᠷᠢ ᠺᠤᠮᠫᠠᠨᠢ ᠶᠢᠨ ᠰᠢᠨ᠎ᠡ ᠪᠠᠷ ᠪᠠᠶᠢᠭᠤᠯᠬᠤ ᠨᠣᠣᠯᠣᠭᠤᠷ ᠤᠨ ᠦᠢᠯᠡᠳᠪᠦᠷᠢ ᠶᠢᠨ ᠲᠦᠷᠦᠯ ᠵᠦᠢᠯ ᠵᠡᠷᠭᠡ ᠭᠤᠤᠯᠳᠠᠯᠭᠠᠲᠤ ᠢᠨᠵᠧᠨᠧᠷᠢᠩ ᠤᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠪᠡ᠃     ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢᠳ ᠬᠠᠮᠲᠤ ᠪᠠᠷ ᠪᠦᠬᠦ ᠬᠤᠰᠢᠭᠤᠨ ᠤ ᠴᠢᠬᠤᠯᠠ ᠶᠡᠭᠡ ᠲᠦᠷᠦᠯ ᠵᠦᠢᠯ  ᠤᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠭᠰᠡᠨ ᠠᠬᠢᠭᠤᠯᠤᠯᠲᠠ ᠶᠢᠨ ᠬᠤᠷᠠᠯ ᠬᠤᠷᠠᠯᠳᠣᠪᠠ᠃ ᠬᠤᠷᠠᠯ  ᠠᠴᠠ ᠴᠢᠬᠤᠯᠠ ᠶᠡᠭᠡ ᠲᠦᠷᠦᠯ ᠵᠦᠢᠯ ᠤᠨ ᠠᠬᠢᠭᠤᠯᠤᠯᠲᠠ ᠶᠢᠨ ᠪᠠᠶᠢᠳᠠᠯ ᠢ ᠬᠦᠨᠵᠡᠭᠡᠢ ᠵᠠᠳᠠᠯᠵᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠭᠤᠤ ᠷᠦᠩ ᠲᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠶᠢᠩ ᠰᠢᠨ ᠬᠤᠷᠠᠯ ᠢ ᠡᠷᠬᠢᠯᠡᠵᠦ ᠶᠠᠷᠢᠶ᠎ᠠ ᠲᠠᠯᠪᠢᠪᠠ᠃     ᠭᠤᠤ ᠷᠦᠩ ᠲᠠᠩ ᠠᠴᠠ ᠦᠨᠦ ᠵᠢᠯ ᠪᠤᠯ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠭᠲᠠᠭᠠᠭᠰᠠᠨ ︽ᠲᠦᠷᠦᠯ ᠵᠦᠢᠯ ᠢ ᠠᠳᠬᠤᠬᠤ᠂ ᠨᠠᠶᠢᠲᠠᠪᠤᠷᠢᠵᠢᠭᠤᠯᠤᠯᠲᠠ ᠶᠢ ᠴᠢᠬᠤᠯᠠᠴᠢᠯᠠᠬᠤ᠂ ᠬᠦᠭᠵᠢᠯᠲᠡ  ᠶᠢ ᠠᠬᠢᠭᠤᠯᠬᠤ︾ ᠰᠢᠪᠲᠤᠯᠤᠯᠲᠠ ᠶᠢᠨ ᠵᠢᠯ ᠪᠤᠯᠬᠤᠷ ᠲᠤᠰ ᠣᠳᠠᠭᠠᠨ ᠤ ᠬᠤᠰᠢᠭᠤ ᠠᠷᠠᠳ ᠤᠨ ᠲᠦᠯᠦᠭᠡᠯᠡᠭᠴᠢᠳ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢᠳ ᠤᠨ ᠬᠠᠮᠲᠤ ᠶᠢᠨ ᠪᠠᠶᠢᠴᠠᠭᠠᠯᠲᠠ ᠪᠠᠷ ᠳᠠᠮᠵᠢᠭᠤᠯᠤᠨ ᠬᠤᠰᠢᠭᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠢ ᠡᠷᠢᠵᠦ᠂ ᠬᠦᠭᠵᠢᠯᠲᠡ ᠶᠢᠨ ᠢᠳᠡᠭᠡᠯ ᠢᠶᠠᠨ ᠡᠷᠴᠢᠮᠯᠡᠨ᠂ ᠲᠦᠷᠦᠯ ᠵᠦᠢᠯ ᠤᠨ ᠪᠠᠶᠢᠭᠤᠯᠤᠯᠲᠠ ᠶᠢᠨ ᠲᠠᠯ᠎ᠠ ᠪᠠᠷ ᠬᠦᠴᠦᠯᠡᠵᠦ᠂ ᠴᠢᠬᠤᠯᠠ ᠶᠡᠭᠡ ᠲᠦᠷᠦᠯ ᠵᠦᠢᠯ ᠢ ᠣᠷᠣᠨᠵᠢᠭᠤᠯᠣᠨ ᠠᠰᠢᠭ ᠡᠬᠦᠳᠬᠦ ᠶᠢ ᠯᠠᠪᠳᠠᠭᠤᠨ ᠪᠠᠲᠤᠲᠠᠢ ᠪᠠᠷ ᠠᠬᠢᠭᠤᠯᠬᠤ ᠶᠢ ᠬᠦᠰᠡᠵᠦ ᠪᠠᠶᠢᠨ᠎ᠠ᠃ ᠲᠦᠷᠦᠯ ᠵᠦᠢᠯ ᠤᠨ ᠲᠦᠯᠦᠪᠵᠢᠬᠦᠯᠬᠡ ᠶᠢᠨ ᠲᠠᠯ᠎ᠠ ᠪᠠᠷ ᠡᠮᠦᠨᠡᠬᠢ ᠬᠤᠭᠤᠴᠠᠭᠠᠨ ᠤ ᠠᠵᠢᠯ ᠢ ᠠᠳᠬᠤᠨ᠂ ᠪᠠᠷᠢᠯᠭ᠎ᠠ ᠡᠬᠢᠯᠡᠬᠦᠯᠬᠦ ᠶᠢ ᠪᠠᠲᠤᠯᠠᠵᠤ᠂ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠰᠠᠶᠢᠲᠤᠷ ᠣᠶᠢᠯᠠᠭᠠᠨ᠂ ᠠᠵᠤ ᠦᠢᠯᠡᠰ ᠤᠨ ᠲᠦᠬᠦᠷᠴᠢᠯᠡᠯ ᠤᠨ ᠳᠠᠪᠠᠭᠤᠯᠢᠭ   ᠢ ᠪᠠᠳᠠᠷᠠᠭᠤᠯᠵᠤ᠂ ᠲᠦᠷᠦᠯ ᠵᠦᠢᠯ ᠤᠨ ᠦᠨᠡᠯᠡᠯᠲᠡ ᠨᠣᠲᠠᠯᠠᠯᠲᠠ ᠶᠢ ᠴᠢᠩᠭᠠᠳᠬᠠᠨ᠂ ᠨᠢᠭᠡ ᠪᠦᠯᠦᠭ ᠲᠦᠯᠦᠪᠵᠢᠬᠦᠯᠬᠡ ᠶᠢᠨ ᠴᠢᠭᠯᠡᠯ ᠳᠤ ᠨᠡᠶᠢᠴᠡᠬᠦ᠂ ᠮᠠᠨ ᠤ ᠬᠤᠰᠢᠭᠤᠨ ᠤ ︽ᠲᠦᠷᠪᠡᠨ ᠣᠷᠣᠨ︾ ᠤ ᠪᠠᠶᠢᠭᠤᠯᠤᠯᠲᠠ ᠶᠢ ᠲᠤᠯᠭᠠᠭᠤᠷᠢᠯᠠᠬᠤ ᠴᠢᠬᠤᠯᠠ ᠶᠡᠭᠡ ᠲᠦᠷᠦᠯ ᠵᠦᠢᠯ ᠢ ᠦᠷᠬᠦᠯᠵᠢᠯᠡᠨ ᠰᠦᠪᠡᠭᠴᠢᠯᠡᠵᠦ᠂ ᠲᠦᠷᠦᠯ ᠵᠦᠢᠯ ᠤᠨ ᠪᠠᠶᠢᠭᠤᠯᠤᠯᠲᠠ ᠶᠢᠨ ᠳᠠᠭᠠᠭᠠᠮᠠᠭᠠᠢ ᠬᠦᠭᠵᠢᠯᠲᠡ ᠶᠢ ᠪᠠᠲᠤᠯᠠᠬᠤ ᠬᠡᠷᠡᠭᠲᠡᠢ᠃ ᠲᠦᠷᠦᠯ ᠵᠦᠢᠯ ᠤᠨ ᠪᠠᠶᠢᠭᠤᠯᠤᠯᠲᠠ ᠶᠢᠨ ᠲᠠᠯ᠎ᠠ ᠪᠠᠷ ᠠᠬᠢᠴᠠ ᠶᠢ ᠵᠠᠪᠳᠣᠨ᠂ ᠬᠤᠪᠢᠷᠠᠭᠤᠯᠤᠯᠲᠠ ᠶᠢ ᠠᠬᠢᠭᠤᠯᠵᠤ᠂ ᠡᠯ᠎ᠡ ᠲᠠᠯ᠎ᠠ ᠶᠢᠨ ᠬᠦᠴᠦᠨ ᠢᠶᠠᠨ ᠨᠢᠬᠡᠳᠬᠡᠨ᠂ ᠰᠢᠨ᠎ᠡ ᠡᠨᠧᠷᠬᠢ ᠶᠢᠨ ᠠᠵᠤ ᠦᠢᠯᠡᠰ᠂ ᠰᠠᠭᠤᠷᠢ ᠳᠦᠬᠦᠬᠡᠷᠦᠮᠵᠢ  ᠶᠢᠨ ᠪᠠᠶᠢᠭᠤᠯᠤᠯᠲᠠ᠂ ᠬᠤᠲᠠ ᠶᠢᠨ ᠰᠢᠨᠡᠴᠢᠯᠡᠯᠲᠡ ᠵᠡᠷᠭᠡ ᠴᠢᠬᠤᠯᠠ ᠶᠡᠭᠡ ᠲᠦᠷᠦᠯ ᠵᠦᠢᠯ ᠤᠨ ᠪᠦᠬᠦ ᠶᠠᠪᠤᠴᠠ᠂ ᠪᠦᠬᠦ ᠦᠶᠡᠯᠡᠯ ᠤᠨ ᠬᠤᠭᠤᠴᠠᠭᠠᠨ ᠤ ᠮᠦᠷᠳᠡᠯᠲᠡ ᠦᠢᠯᠡᠴᠢᠯᠡᠭᠡ ᠶᠢ ᠨᠢᠭᠡᠳᠦᠯᠲᠡᠢ ᠲᠦᠯᠦᠪᠵᠢᠬᠦᠯᠦᠨ ᠰᠠᠶᠢᠲᠤᠷ ᠬᠢᠵᠦ᠂ ᠨᠢᠬᠡ ᠪᠦᠯᠦᠭ ᠰᠠᠭᠤᠷᠢ ᠶᠢ ᠴᠢᠩᠭᠠᠳᠬᠠᠬᠤ᠂ ᠠᠯᠣᠰ ᠬᠡᠲᠦ ᠳᠤ ᠠᠰᠢᠭ ᠲᠠᠢ ᠴᠢᠬᠤᠯᠠ ᠶᠡᠭᠡ ᠲᠦᠷᠦᠯ ᠵᠦᠢᠯ ᠢ ᠦᠳᠲᠡᠷ ᠪᠠᠶᠢᠭᠤᠯᠤᠨ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠴᠢᠨᠠᠷᠯᠢᠭ ᠬᠦᠭᠵᠢᠯᠲᠡ ᠳᠤ ᠡᠷᠴᠢᠲᠦ ᠪᠠᠲᠤᠯᠠᠭ᠎ᠠ ᠬᠠᠩᠭᠠᠬᠤ ᠬᠡᠷᠡᠭᠲᠡᠢ᠃ ᠬᠦᠴᠦᠨ ᠵᠦᠢᠯ ᠤᠨ ᠪᠠᠲᠤᠯᠠᠭ᠎ᠠ ᠶᠢᠨ ᠲᠠᠯ᠎ᠠ ᠪᠠᠷ ᠳᠠᠯᠳᠠ ᠬᠦᠴᠦᠨ ᠢ ᠠᠭᠤᠳᠠᠯᠠᠨ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠦᠷᠦᠯ ᠵᠦᠢᠯ ᠠᠴᠠ ᠭᠠᠷᠳᠠᠨ᠂ ᠲᠦᠷᠦᠯ ᠵᠦᠢᠯ ᠢᠶᠠᠷ ᠠᠬᠢᠭᠤᠯᠵᠤ᠂ ᠲᠦᠷᠦᠯ ᠵᠦᠢᠯ ᠢᠶᠠᠷ  ᠲᠤᠯᠭᠠᠭᠤᠷᠢᠯᠠᠭᠤᠯᠤᠨ᠂ ᠪᠡᠯᠡ ᠮᠦᠩᠭᠦ᠂ ᠭᠠᠵᠠᠷ ᠰᠢᠷᠤᠢ᠂ ᠡᠨᠧᠷᠬᠢ᠂ ᠡᠳ᠋ ᠪᠠᠷᠠᠭᠠᠨ ᠤ ᠬᠦᠢᠯᠭᠡᠭᠡ᠂ ᠠᠵᠢᠯᠴᠢᠨ ᠤ ᠬᠡᠷᠡᠭᠯᠡᠯᠲᠡ ᠵᠡᠷᠭᠡ ᠬᠦᠴᠦᠨ ᠵᠦᠢᠯ ᠤᠨ ᠪᠠᠲᠤᠯᠠᠭ᠎ᠠ ᠶᠢᠨ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠨᠡᠩ ᠦᠨᠳᠦᠷ ᠪᠠᠷᠢᠮᠵᠢᠶ᠎ᠠ᠂ ᠨᠡᠩ ᠶᠡᠭᠡ ᠡᠷᠴᠢᠮ᠂ ᠨᠡᠩ ᠪᠤᠲᠠᠲᠠᠢ ᠰᠣᠷᠲᠠᠯ ᠢᠶᠠᠷ ᠮᠠᠨ ᠤ ᠬᠤᠰᠢᠭᠤ ᠪᠠᠨ ᠪᠦᠬᠦ ᠬᠤᠲᠠ ᠶᠢᠨ ᠰᠢᠨ᠎ᠡ ᠡᠨᠧᠷᠬᠢ ᠶᠢᠨ ᠠᠵᠤ ᠦᠢᠯᠡᠰ ᠤᠨ ᠴᠢᠬᠤᠯᠠ ᠭᠤᠭᠴᠤᠭ᠎ᠠ ᠪᠤᠯᠭᠠᠵᠤ ᠴᠤᠭᠴᠠᠯᠠᠨ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠴᠢᠨᠠᠷᠯᠢᠭ ᠬᠦᠭᠵᠢᠯᠲᠡ ᠶᠢ ᠠᠬᠢᠭᠤᠯᠬᠤ ᠬᠡᠷᠡᠭᠲᠡᠢ ᠬᠡᠵᠦ ᠬᠡᠯᠡᠭᠰᠡᠨ ᠪᠠᠶᠢᠨ᠎ᠠ᠃     ᠶᠠᠩ ᠶᠢᠩ ᠰᠢᠨ ᠠᠴᠠ ᠦᠨᠦ ᠵᠢᠯ ᠠᠴᠠ ᠨᠠᠭᠠᠰᠢ᠂ ᠬᠤᠰᠢᠭᠤ ᠨᠠᠮ ᠤᠨ ᠬᠤᠷᠢᠶᠠᠨ ᠤ ᠵᠦᠪ ᠣᠨᠣᠪᠴᠢᠲᠠᠢ ᠣᠳᠣᠷᠢᠳᠣᠯᠭ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠣᠯᠢ ᠶᠤᠰᠤᠨ ᠤ ᠬᠢᠨᠠᠯᠲᠠ ᠪᠠ ᠪᠦᠬᠦ ᠬᠦᠴᠦᠨ ᠤ ᠳᠡᠮᠵᠢᠯᠭᠡ᠂ ᠪᠦᠬᠦ ᠬᠤᠰᠢᠭᠤᠨ ᠤ ᠬᠠᠮᠲᠤ ᠶᠢᠨ ᠴᠢᠷᠮᠠᠶᠢᠯᠭ᠎ᠠ ᠳᠣᠣᠷ᠎ᠠ᠂ ᠪᠦᠬᠦ ᠬᠤᠰᠢᠭᠤᠨ ᠤ ᠠᠵᠤ ᠠᠬᠤᠢ ᠶᠢᠨ ᠡᠷᠬᠢᠯᠲᠡ ᠬᠢᠵᠢᠭ ᠤᠨ ᠪᠠᠶᠢᠳᠠᠯ ᠤᠨ ᠨᠦᠯᠦᠬᠡᠯᠡᠯ᠂ ᠵᠠᠬ᠎ᠠ ᠳᠡᠯᠭᠡᠭᠦᠷ ᠤᠨ ᠳᠠᠭᠠᠷᠢᠯᠲᠠ ᠪᠠ ᠨᠡᠯᠢᠶᠡᠳ ᠠᠰᠢᠭ ᠦᠬᠡᠢ ᠴᠠᠭ ᠠᠭᠤᠷ ᠤᠨ ᠣᠷᠴᠢᠨ ᠢ ᠲᠤᠭᠤᠯᠵᠤ᠂ ᠣᠷᠣᠭᠰᠢᠲᠠᠢ ᠡᠬᠢᠯᠡᠯᠲᠡ᠂ ᠬᠠᠭᠠᠰ ᠵᠢᠯ ᠤᠨ ᠲᠤᠭᠲᠠᠭᠤᠨ ᠪᠠᠶᠢᠳᠠᠯ ᠢ ᠪᠡᠶᠡᠯᠡᠬᠦᠯᠪᠡ᠃ ᠳᠠᠷᠠᠭ᠎ᠠ ᠠᠯᠬᠤᠮ ᠳᠤ᠂ ᠬᠤᠰᠢᠭᠤ ᠠᠷᠠᠳ  ᠤᠨ ᠵᠠᠰᠠᠭ ᠤᠨ ᠣᠷᠳᠣᠨ ᠠᠴᠠ ᠠᠯᠢᠪᠠ ᠬᠦᠴᠢᠷ ᠪᠡᠷᠭᠡ ᠶᠢ ᠢᠯᠠᠨ ᠳᠠᠪᠠᠵᠤ᠂ ᠣᠲᠤᠭ ᠤᠨ ᠡᠮᠦᠨᠡᠲᠦ ᠬᠤᠰᠢᠭᠤᠨ  ᠤ ᠠᠷᠪᠠᠨ ᠨᠢᠭᠡᠳᠦᠬᠡᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠣᠭᠠᠷ ᠣᠳᠠᠭᠠᠨ ᠤ ᠬᠤᠷᠠᠯ  ᠳᠡᠭᠡᠷ᠎ᠡ ᠬᠢᠭᠰᠡᠨ ᠲᠦᠪ ᠴᠢᠩᠭ᠎ᠠ ᠠᠮᠠᠯᠠᠯᠲᠠ ᠶᠤᠰᠤᠭᠠᠷ᠂ ᠵᠠᠰᠠᠭ ᠤᠨ ᠣᠷᠳᠣᠨ ᠠᠴᠠ ᠪᠡᠯᠡ ᠣᠷᠣᠭᠤᠯᠣᠨ ᠪᠠᠶᠢᠭᠤᠯᠬᠤ ᠠᠷᠠᠳ ᠤᠨ ᠠᠮᠢᠳᠣᠷᠠᠯ ᠤᠨ ᠪᠤᠲᠠᠲᠤ ᠶᠠᠪᠤᠳᠠᠯ ᠤᠨ ᠲᠦᠷᠦᠯ ᠵᠦᠢᠯ ᠤᠨ ᠪᠠᠶᠢᠭᠤᠯᠤᠯᠲᠠ  ᠶᠢᠨ ᠡᠷᠴᠢᠮ ᠢᠶᠠᠨ ᠲᠦᠷᠬᠡᠳᠬᠡᠨ᠂ ᠲᠦᠷᠦᠯ ᠵᠦᠢᠯ ᠤᠨ ᠨᠦᠬᠡᠴᠡᠯᠡᠯᠲᠡ ᠶᠢᠨ ᠲᠦᠯᠦᠪᠵᠢᠬᠦᠯᠬᠡ ᠶᠢᠨ ᠠᠵᠢᠯ ᠢ ᠴᠢᠩᠭᠠᠳᠬᠠᠨ᠂ ᠬᠠᠷᠢᠭᠤᠴᠠᠯᠭ᠎ᠠ ᠡᠬᠦᠷᠭᠡᠯᠡᠬᠦ ᠪᠤᠲᠠᠲᠤ ᠠᠷᠭ᠎ᠠ ᠠᠪᠴᠠᠯ ᠢᠶᠠᠷ ᠪᠦᠬᠦ ᠬᠤᠰᠢᠭᠤᠨ ᠤ ᠰᠣᠷᠭᠠᠨ ᠬᠦᠮᠦᠵᠢᠯ᠂ ᠡᠮ ᠡᠮᠨᠡᠯᠭᠡ᠂ ᠰᠢᠨ᠎ᠡ ᠡᠨᠧᠷᠬᠢ᠂ ᠮᠠᠯ ᠲᠠᠷᠢᠶᠠᠯᠠᠩ ᠤᠨ ᠠᠵᠤ ᠦᠢᠯᠡᠰ ᠵᠡᠷᠭᠡ ᠡᠯ᠎ᠡ ᠲᠦᠷᠦᠯ ᠤᠨ ᠠᠵᠢᠯ ᠢ  ᠰᠢᠨ᠎ᠡ ᠠᠬᠢᠴᠠ ᠲᠠᠢ ᠪᠤᠯᠭᠠᠨ᠎ᠠ᠃ ᠲᠤᠰ ᠣᠳᠠᠭᠠᠨ ᠤ ᠪᠠᠶᠢᠴᠠᠭᠠᠯᠲᠠ ᠪᠠᠷ ᠳᠣᠷᠠᠳᠣᠭᠰᠠᠨ ᠰᠠᠨᠠᠯ ᠰᠠᠨᠠᠭᠤᠯᠭ᠎ᠠ ᠶᠢ ᠬᠦᠢᠴᠡᠳ ᠰᠢᠩᠭᠡᠭᠡᠨ ᠠᠪᠴᠣ᠂ ᠲᠤᠤᠱᠯᠠᠭᠤᠯᠤᠨ ᠨᠠᠶᠢᠲᠠᠪᠤᠷᠢᠵᠢᠭᠤᠯᠬᠤ ᠶᠢ ᠰᠠᠶᠢᠲᠤᠷ ᠠᠳᠬᠤᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠯᠤᠭ᠎ᠠ ᠶᠢᠨ ᠬᠠᠷᠢᠯᠴᠠᠭ᠎ᠠ ᠬᠤᠯᠪᠤᠭ᠎ᠠ ᠪᠠᠨ ᠦᠷᠬᠦᠯᠵᠢᠯᠡᠨ ᠬᠦᠨᠵᠡᠬᠡᠶᠢᠷᠡᠬᠦᠯᠵᠦ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠨ᠂ ᠠᠷᠠᠳ ᠣᠯᠠᠨ ᠤ ︽ᠬᠦᠰᠡᠨ ᠡᠷᠡᠮᠡᠯᠵᠡᠬᠦ᠂ ᠬᠡᠷᠡᠭᠴᠡᠭᠡ ᠪᠦᠬᠦᠢ᠂ ᠡᠷᠡᠭᠡᠯᠵᠡᠯ ᠲᠠᠢ︾ ᠡᠨᠡᠬᠦ ᠬᠠᠭᠤᠳᠠᠰᠣ ᠶᠢ ᠰᠠᠶᠢᠲᠤᠷ ᠲᠠᠶᠢᠯᠪᠤᠷᠢᠯᠠᠵᠤ᠂ ᠣᠲᠤᠭ ᠤᠨ ᠡᠮᠦᠨᠡᠲᠦ ᠬᠤᠰᠢᠭᠤᠨ ᠤ ᠡᠯ᠎ᠡ ᠲᠦᠷᠦᠯ ᠤᠨ ᠠᠵᠢᠯ ᠦᠢᠯᠡᠰ ᠢ ᠰᠢᠨ᠎ᠡ ᠳᠡᠭᠳᠡᠷ ᠲᠤ ᠭᠠᠷᠭᠠᠵᠤ᠂ ᠰᠢᠨ᠎ᠡ ᠰᠢᠪᠲᠤᠯᠤᠯᠲᠠ ᠤᠯᠬᠤ ᠶᠢ ᠠᠬᠢᠭᠤᠯᠤᠨ᠎ᠠ ᠬᠡᠵᠦ ᠬᠡᠯᠡᠭᠰᠡᠨ ᠪᠠᠶᠢᠨ᠎ᠠ᠃     ᠬᠤᠷᠠᠯ ᠳᠡᠭᠡᠷ᠎ᠡ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠲᠤᠰ ᠲᠤᠰ ᠤᠨ  ᠢᠶᠠᠨ ᠲᠦᠷᠦᠬᠦᠯᠡᠨ ᠬᠠᠷᠢᠭᠤᠴᠠᠬᠤ ᠠᠵᠤ ᠠᠬᠤᠶᠢᠯᠠᠯ ᠤᠨ ᠪᠡᠯᠡ ᠣᠷᠣᠭᠤᠯᠣᠯᠲᠠ ᠶᠢᠨ ᠲᠦᠷᠦᠯ ᠵᠦᠢᠯ᠂ ᠵᠠᠰᠠᠭ  ᠤᠨ ᠣᠷᠳᠣᠨ ᠤ ᠪᠡᠯᠡ ᠣᠷᠣᠭᠤᠯᠣᠯᠲᠠ ᠶᠢᠨ ᠲᠦᠷᠦᠯ ᠵᠦᠢᠯ ᠤᠨ ᠬᠡᠷᠡᠭᠵᠢᠬᠦᠯᠦᠯᠲᠡ ᠶᠢᠨ ᠠᠬᠢᠴᠠ ᠶᠢᠨ ᠪᠠᠶᠢᠳᠠᠯ ᠵᠢᠴᠢ ᠣᠷᠣᠰᠢᠵᠦ ᠪᠠᠶᠢᠭ᠎ᠠ ᠠᠰᠠᠭᠤᠳᠠᠯ ᠤᠨ ᠲᠤᠬᠠᠢ ᠬᠠᠷᠢᠭᠤ ᠮᠡᠳᠡᠬᠦᠯᠪᠡ᠃     ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠲᠤᠶᠠᠭ᠎ᠠ᠂ ᠽᠠᠢ ᠴᠧᠩ᠂ ᠸᠠᠩ ᠯᠢᠨ᠂ ᠬᠤᠪᠢᠰᠬᠠᠯᠲᠤ᠂ ᠳᠡᠳ᠋ ᠡᠷᠬᠢᠯᠡᠭᠴᠢ ᠪᠠᠷ ᠨᠡᠷ᠎ᠡ ᠳᠣᠷᠠᠳᠣᠭᠳᠠᠭᠴᠢ ᠭᠤᠸᠡᠨ ᠫᠢᠩ ᠵᠢᠴᠢ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠠᠯᠪᠠᠨ ᠭᠡᠷ ᠤᠨ ᠬᠤᠯᠪᠤᠭᠳᠠᠯ ᠪᠦᠬᠦᠢ ᠬᠠᠷᠢᠭᠤᠴᠠᠯᠭᠠᠲᠠᠨ ᠬᠠᠮᠲᠤ ᠪᠠᠶᠢᠴᠠᠭᠠᠯᠲᠠ ᠬᠢᠵᠦ᠂ ᠬᠤᠰᠢᠭᠤ ᠣᠳᠣᠷᠢᠳᠣᠯᠭ᠎ᠠ ᠰᠦᠨ ᠶᠢᠦ ᠵᠢᠶᠦ᠋ᠨ᠂ ᠴᠢᠦ ᠯᠢᠨ᠂ ᠶᠢᠦ ᠵᠢᠶᠡᠨ ᠴᠢᠩ᠂ ᠱᠢ ᠬᠤᠢ᠂ ᠶᠠᠩ ᠵᠢᠢ ᠴᠢᠶᠠᠩ᠂ ᠡᠣ ᠰᠢᠶᠤᠤ ᠹᠠᠩ᠂ ᠵᠢᠶᠠ ᠰᠢᠶᠠᠩ ᠪᠢᠩ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠪᠠᠶᠢᠴᠠᠭᠠᠯᠲᠠ ᠶᠢᠨ ᠠᠵᠢᠯᠯᠠᠭᠠᠨ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号