9 ᠰᠠᠷ᠎ᠠ ᠶᠢᠨ 8 ᠤ ᠡᠳᠦᠷ ᠤᠨ ᠣᠷᠣᠢ᠂ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ | ᠣᠷᠳᠣᠨ ᠤ ᠬᠤᠰᠢᠭᠤ ᠲᠠᠷᠤᠭ᠎ᠠ ᠶᠠᠩ ᠶᠢᠩ ᠰᠢᠨ ᠪᠦᠬᠦ ᠬᠤᠰᠢᠭᠤᠨ ᠤ ᠬᠠᠣᠯᠢ ᠲᠣᠭᠳᠠᠭᠠᠯ ᠪᠣᠰᠣ ᠪᠠᠷ ᠭᠠᠵᠠᠷ | ᠬᠡᠷᠡᠭᠯᠡᠭᠰᠡᠨ ᠲᠣᠰᠬᠠᠢ ᠲᠦᠷᠦᠯ ᠤᠨ ᠴᠡᠭᠴᠡᠯᠡᠯᠳᠡ ᠶᠢᠨ ︽ᠲᠠᠪᠳᠠᠨ ᠬᠢᠨᠠᠯᠳᠠ︾ ᠶᠢᠨ ᠠᠵᠢᠯ ᠤᠨ ᠠᠬᠢᠭᠤᠯᠬᠤ | ᠬᠤᠷᠠᠯ ᠢ ᠡᠷᠬᠢᠯᠡᠨ ᠬᠤᠷᠠᠯᠳᠣᠭᠤᠯᠪᠠ᠃ | ᠬᠤᠷᠠᠯ ᠠᠴᠠ ᠪᠦᠬᠦ ᠬᠤᠳᠠ ᠶᠢᠨ ᠭᠠᠵᠠᠷ ᠰᠢᠷᠣᠢ ᠶᠢᠨ ᠴᠡᠭᠴᠡᠯᠡᠯᠳᠡ ᠵᠢᠴᠢ ︽ᠵᠠᠭᠤᠨ ᠡᠳᠦᠷ ᠤᠨ | ᠰᠢᠪᠳᠣᠯᠣᠯᠳᠠ︾ ᠶᠢᠨ ᠱᠠᠭᠠᠷᠳᠠᠨ ᠪᠠᠶᠢᠴᠠᠭᠠᠵᠣ ᠰᠠᠶᠢᠵᠢᠷᠠᠭᠤᠯᠬᠤ ᠠᠵᠢᠯᠯᠠᠭᠠᠨ ᠤ ᠲᠦᠷᠪᠡᠳᠦᠭᠡᠷ ᠣᠳᠠᠭᠠᠨ ᠤ | ᠲᠣᠬᠢᠷᠠᠭᠤᠯᠣᠯᠳᠠ ᠶᠢᠨ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠨ᠂ ᠪᠦᠬᠦ ᠬᠤᠰᠢᠭᠤᠨ ᠤ ᠬᠠᠣᠯᠢ ᠲᠣᠭᠳᠠᠭᠠᠯ | ᠪᠣᠰᠣ ᠪᠠᠷ ᠭᠠᠵᠠᠷ ᠬᠡᠷᠡᠭᠯᠡᠭᠰᠡᠨ ᠲᠣᠰᠬᠠᠢ ᠲᠦᠷᠦᠯ ᠤᠨ ᠴᠡᠭᠴᠡᠯᠡᠯᠳᠡ ᠶᠢᠨ ︽ᠲᠠᠪᠳᠠᠨ ᠬᠢᠨᠠᠯᠳᠠ︾ ᠶᠢᠨ ᠠᠵᠢᠯ | ᠤᠨ ᠪᠠᠶᠢᠳᠠᠯ ᠢ ᠨᠡᠶᠢᠳᠡᠯᠡᠵᠣ᠂ ᠲᠠᠷᠠᠭ᠎ᠠ ᠠᠯᠬᠤᠮ ᠤᠨ ᠠᠵᠢᠯ ᠢᠶᠠᠨ ᠲᠣᠬᠢᠷᠠᠭᠤᠯᠣᠨ ᠪᠠᠶᠢᠷᠢᠯᠠᠭᠤᠯᠪᠠ᠃ | ᠶᠠᠩ ᠶᠢᠩ ᠶᠢᠩ ᠰᠢᠨ᠂ ᠬᠠᠣᠯᠢ ᠲᠣᠭᠳᠠᠭᠠᠯ ᠪᠣᠰᠣ ᠪᠠᠷ ᠭᠠᠵᠠᠷ ᠬᠡᠷᠡᠭᠯᠡᠭᠰᠡᠨ ᠲᠣᠰᠬᠠᠢ ᠲᠦᠷᠦᠯ ᠤᠨ | ᠴᠡᠭᠴᠡᠯᠡᠯᠳᠡ ᠪᠣᠯ ᠨᠢᠭᠡ ᠲᠦᠷᠦᠯ ᠤᠨ ᠴᠢᠬᠤᠯᠠ ᠣᠯᠣᠰ ᠲᠦᠷᠦ ᠶᠢᠨ ᠡᠭᠦᠷᠭᠡ ᠪᠣᠯᠣᠨ᠎ᠠ᠂ ᠡᠯ᠎ᠡ ᠪᠠᠶᠢᠭᠤᠯᠭ᠎ᠠ ᠤᠨ | ᠭᠤᠣᠯ ᠬᠠᠷᠢᠭᠤᠴᠠᠯᠭᠠᠳᠠᠳ ᠲᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠴᠡᠭᠴᠡᠯᠡᠯᠳᠡ ᠶᠢᠨ ᠱᠠᠭᠠᠷᠳᠠᠯᠭ᠎ᠠ ᠶᠣᠰᠣᠭᠠᠷ | ᠣᠨᠣᠪᠴᠢᠳᠠᠢ ᠮᠠᠭᠠᠳᠯᠠᠵᠣ᠂ ᠠᠷᠭ᠎ᠠ ᠬᠡᠮᠵᠢᠶ᠎ᠡ ᠪᠠᠨ ᠲᠣᠳᠣᠷᠬᠠᠶᠢᠯᠠᠨ᠂ ᠦᠳᠳᠦᠷ ᠲᠦᠷᠭᠡᠨ ᠨᠠᠶᠢᠳᠠᠪᠦᠷᠢᠵᠢᠭᠤᠯᠬᠤ | ᠬᠡᠷᠡᠭᠳᠡᠢ᠃ ᠵᠣᠬᠢᠴᠠᠭᠤᠯᠭ᠎ᠠ ᠬᠠᠮᠳᠣᠷᠠᠯᠴᠠᠭ᠎ᠠ ᠪᠠᠨ ᠴᠢᠩᠭᠠᠳᠬᠠᠨ᠂ ᠠᠵᠢᠯ ᠤᠨ ᠬᠠᠮᠳᠣᠷᠠᠯ ᠬᠦᠴᠦᠨ ᠢ | ᠪᠦᠷᠢᠯᠳᠦᠭᠦᠯᠵᠣ᠂ ᠲᠣᠭᠳᠠᠭᠰᠠᠨ ᠴᠠᠭ ᠬᠤᠭᠤᠴᠠᠭ᠎ᠠ ᠪᠣᠯᠣᠨ ᠪᠠᠷᠢᠮᠵᠢᠶ᠎ᠡ ᠶᠣᠰᠣᠭᠠᠷ᠂ ᠠᠰᠠᠭᠤᠳᠠᠯ ᠤᠨ | ᠴᠡᠭᠴᠡᠯᠡᠯᠳᠡ ᠶᠢ ᠳ᠋ᠣᠭᠠᠷ ᠬᠠᠰᠣᠬᠤ ᠲᠠᠩᠰᠠᠯᠠᠭᠤᠯᠣᠯᠳᠠ ᠶᠢᠨ ᠬᠡᠯᠪᠡᠷᠢ ᠪᠠᠷ ᠠᠬᠢᠭᠤᠯᠬᠤ ᠬᠡᠷᠡᠭᠳᠡᠢ᠃ ᠱᠠᠭᠠᠷᠳᠠᠨ | ᠪᠠᠶᠢᠴᠠᠭᠠᠯᠳᠠ ᠪᠠᠨ ᠴᠢᠩᠭᠠᠳᠬᠠᠨ᠂ ᠠᠵᠢᠯ ᠤᠨ ᠭᠤᠣᠯᠳᠠᠯᠭ᠎ᠠ ᠪᠣᠯᠣᠨ ᠲᠣᠷᠣᠢ ᠪᠠᠭᠤᠷᠢ ᠭᠤᠭᠴᠣᠭᠠᠨ ᠳᠤ | ᠴᠢᠭᠯᠡᠭᠦᠯᠵᠣ᠂ ᠲᠣᠭᠳᠠᠭᠰᠠᠨ ᠬᠤᠭᠤᠴᠠᠭ᠎ᠠ ᠲᠠᠢ ᠲᠣᠬᠢᠷᠠᠭᠤᠯᠣᠯᠳᠠ ᠬᠢᠨᠠᠨ ᠪᠠᠶᠢᠴᠠᠭᠠᠯᠳᠠ ᠬᠢᠵᠣ᠂ ᠪᠦᠬᠦ | ᠬᠤᠰᠢᠭᠤᠨ ᠤ ᠬᠠᠣᠯᠢ ᠲᠣᠭᠳᠠᠭᠠᠯ ᠪᠣᠰᠣ ᠪᠠᠷ ᠭᠠᠵᠠᠷ ᠬᠡᠷᠡᠭᠯᠡᠭᠰᠡᠨ ᠲᠣᠰᠬᠠᠢ ᠲᠦᠷᠦᠯ ᠤᠨ ᠴᠡᠭᠴᠡᠯᠡᠯᠳᠡ ᠶᠢᠨ ︽ | ᠲᠠᠪᠳᠠᠨ ᠬᠢᠨᠠᠯᠳᠠ︾ ᠶᠢᠨ ᠠᠵᠢᠯ ᠢ ᠬᠠᠣᠯᠢ ᠲᠣᠭᠳᠠᠭᠠᠯ ᠶᠣᠰᠣᠭᠠᠷ ᠦᠨᠳᠦᠷ ᠪᠦᠳᠦᠮᠵᠢᠳᠡᠢ ᠭᠦᠨᠵᠡᠭᠡᠢ ᠦᠷᠨᠢᠭᠦᠯᠬᠦ | ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃ | ᠬᠤᠰᠢᠭᠤ ᠣᠳᠣᠷᠢᠳᠣᠯᠭ᠎ᠠ ᠶᠢᠣ ᠵᠢᠶᠠᠨ ᠴᠢᠩ᠂ ᠱᠢ ᠬᠤᠢ᠂ ᠶᠠᠩ ᠵᠢᠢ ᠴᠢᠶᠠᠩ᠂ ᠬᠤᠰᠢᠭᠤ ᠰᠢᠬᠦᠬᠦ | ᠬᠤᠷᠢᠶ᠎ᠠ᠂ ᠪᠠᠶᠢᠴᠠᠭᠠᠬᠤ ᠬᠤᠷᠢᠶ᠎ᠠ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠡᠯ᠎ᠡ ᠪᠠᠯᠭᠠᠰᠣ ᠵᠢᠴᠢ | ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠤᠣᠯ ᠬᠠᠷᠢᠭᠤᠴᠠᠯᠭᠠᠳᠠᠳ ᠬᠤᠷᠠᠯ ᠳᠤ | ᠣᠷᠣᠯᠴᠠᠪᠠ᠃ |