ᠬᠤᠰᠢᠭᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ 9 ᠣᠳᠠᠭᠠᠨ ᠤ ᠲᠤᠬᠢᠷᠠᠭᠤᠯᠤᠯᠲᠠ ᠶᠢᠨ ᠬᠤᠷᠠᠯ ᠵᠢᠴᠢ ᠨᠠᠢᠮᠠᠨ ᠰᠠᠷ᠎ᠠ  ᠶᠢᠨ ᠲᠡᠷᠭᠡᠯ ᠪᠠᠶᠠᠷ ᠤᠨ ᠨᠢᠭᠡᠳᠦᠬᠡᠷ ᠣᠳᠠᠭᠠᠨ ᠤ ᠲᠤᠬᠢᠷᠠᠭᠤᠯᠤᠯᠲᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/9/14
    9 ᠰᠠᠷ᠎ᠠ ᠶᠢᠨ 10 ᠤ ᠡᠳᠦᠷ᠂ ᠬᠤᠰᠢᠭᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ 9 ᠣᠳᠠᠭᠠᠨ ᠤ ᠲᠤᠬᠢᠷᠠᠭᠤᠯᠤᠯᠲᠠ ᠶᠢᠨ ᠬᠤᠷᠠᠯ ᠵᠢᠴᠢ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠨᠢᠭᠡᠳᠦᠬᠡᠷ ᠣᠳᠠᠭᠠᠨ ᠤ ᠲᠤᠬᠢᠷᠠᠭᠤᠯᠤᠯᠲᠠ ᠶᠢᠨ ᠬᠤᠷᠠᠯ ᠬᠤᠷᠠᠯᠳᠣᠵᠣ᠂ ᠨᠠᠢᠮᠠᠨ ᠰᠠᠷ᠎ᠠ ᠶᠢᠨ ᠲᠡᠷᠭᠡᠯ ᠪᠠᠶᠠᠷ ᠪᠠ ᠣᠯᠣᠰ ᠤᠨ ᠪᠠᠶᠠᠷ ᠤᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ ᠣᠳᠣᠬᠠᠨ ᠳᠤ ᠣᠯᠣᠰ ᠤᠨ ᠲᠤᠲᠤᠭᠠᠲᠤ ᠶᠢᠨ ᠬᠢᠵᠢᠭ ᠤᠨ ᠪᠠᠶᠢᠳᠠᠯ ᠮᠦᠨ ᠬᠦ ᠣᠯᠠᠨ ᠭᠠᠵᠠᠷ  ᠲᠤ ᠳᠡᠯᠭᠡᠷᠡᠬᠦ  ᠪᠠᠶᠢᠳᠠᠯ ᠢᠯᠡᠷᠡᠵᠦ ᠪᠠᠶᠢᠭ᠎ᠠ ᠮᠦᠷᠲᠡᠭᠡᠨ ᠨᠠᠢᠮᠠᠨ ᠰᠠᠷ᠎ᠠ ᠶᠢᠨ ᠲᠡᠷᠭᠡᠯ ᠪᠠᠶᠠᠷ᠂ ᠣᠯᠣᠰ ᠤᠨ ᠪᠠᠶᠠᠷ  ᠤᠨ ᠬᠤᠤᠰ ᠪᠠᠶᠠᠷ ᠲᠠᠭᠠᠷᠠᠯᠳᠣᠵᠣ᠂ ᠬᠦᠮᠦᠨ ᠤ ᠴᠣᠪᠣᠷᠠᠯ᠂ ᠡᠳ᠋ ᠪᠠᠷᠠᠭᠠᠨ ᠤ ᠬᠦᠢᠯᠬᠡᠬᠡ᠂ ᠲᠡᠷᠭᠡ ᠮᠠᠰᠢᠨ ᠤ ᠲᠤᠭ᠎ᠠ ᠨᠡᠮᠡᠭᠳᠡᠨ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠳᠤ ᠯᠣᠳᠣ ᠶᠡᠭᠡ ᠦᠷᠢᠰᠦᠯᠳᠦᠬᠡᠨ ᠠᠪᠴᠢᠷᠠᠪᠠ᠃ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ︽ᠬᠢᠵᠢᠭ ᠤᠨ ᠪᠠᠶᠢᠳᠠᠯ ᠢ ᠰᠡᠷᠬᠡᠶᠢᠯᠡᠬᠦ᠂ ᠠᠵᠤ ᠠᠬᠤᠢ ᠶᠢ ᠲᠤᠭᠲᠠᠭᠤᠨ ᠪᠠᠶᠢᠯᠭᠠᠬᠤ᠂ ᠠᠮᠣᠷ ᠳᠦᠪᠰᠢᠨ ᠢᠶᠠᠷ ᠬᠦᠭᠵᠢᠬᠦ︾ ᠴᠢᠩᠭ᠎ᠠ ᠱᠠᠭᠠᠷᠳᠠᠯᠭ᠎ᠠ ᠶᠤᠰᠤᠭᠠᠷ᠂ ︽ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠬᠡᠶᠢᠯᠡᠬᠦ᠂ ᠲᠤᠲᠤᠨ᠎ᠠ ᠪᠠᠨ ᠳᠡᠯᠭᠡᠷᠡᠬᠦ ᠶᠢ ᠰᠡᠷᠬᠡᠶᠢᠯᠡᠬᠦ︾ ᠶᠡᠷᠦᠩᠬᠡᠢ ᠠᠷᠭ᠎ᠠ ᠪᠤᠳᠤᠯᠭ᠎ᠠ ᠪᠠ ︽ᠬᠦᠳᠡᠯᠦᠩᠭᠦᠢ ᠪᠠᠶᠢᠳᠠᠯ ᠢᠶᠠᠷ ᠲᠡᠭ ᠪᠤᠯᠭᠠᠬᠤ︾ ᠶᠡᠷᠦᠩᠬᠡᠢ ᠴᠢᠭᠯᠡᠯᠲᠡ ᠶᠢ ᠭᠤᠶᠢᠪᠢᠰᠢ ᠦᠬᠡᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠯ᠎ᠡ ᠲᠦᠷᠦᠯ ᠤᠨ ᠠᠵᠢᠯ ᠤᠨ ᠠᠷᠭ᠎ᠠ ᠠᠪᠴᠠᠯ ᠢ ᠨᠠᠷᠢᠯᠢᠭ ᠣᠨᠣᠪᠴᠢᠲᠠᠢ ᠪᠠᠷ ᠨᠠᠶᠢᠲᠠᠪᠤᠷᠢᠵᠢᠭᠤᠯᠬᠤ ᠬᠡᠷᠡᠭᠲᠡᠢ᠃ ᠬᠤᠰᠢᠭᠤᠨ ᠳᠤ ᠨᠡᠪᠲᠡᠷᠡᠬᠦ ᠵᠠᠮ ᠱᠣᠭᠤᠮ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠᠶᠢᠴᠠᠭᠠᠯᠲᠠ ᠶᠢ ᠴᠢᠩᠭᠠᠳᠬᠠᠨ᠂ ᠬᠦᠷᠦᠭᠰᠡᠨ ᠭᠠᠵᠠᠷ ᠤᠨ ᠪᠦᠭᠡᠮ ᠬᠦᠴᠢᠯ ᠤᠨ ᠪᠠᠶᠢᠴᠠᠭᠠᠯᠲᠠ ᠶᠢᠨ ᠠᠷᠠᠳ ᠲᠤ ᠳᠦᠬᠦᠮ ᠦᠵᠡᠬᠦᠯᠬᠦ ᠦᠢᠯᠡᠴᠢᠯᠡᠭᠡ ᠪᠠ ︽ᠲᠠᠯᠠᠪᠤᠷ ᠤᠨ ᠺᠣᠳ᠋︾ ᠤᠨ ᠳᠠᠩᠰᠠᠯᠠᠯᠲᠠ ᠶᠢ ᠨᠠᠶᠢᠲᠠᠪᠤᠷᠢᠵᠢᠭᠤᠯᠵᠤ᠂ ︽ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠬᠡᠶᠢᠯᠡᠬᠦ︾ ᠨᠢᠭᠡᠳᠦᠬᠡᠷ ᠪᠤᠭᠤᠮᠲᠠ ᠶᠢ ᠰᠠᠶᠢᠲᠤᠷ ᠰᠠᠬᠢᠬᠤ ᠬᠡᠷᠡᠭᠲᠡᠢ᠃ ᠲᠠᠯᠠᠪᠤᠷ ᠤᠨ ᠺᠣᠳ᠋ ᠢ ᠪᠠᠶᠢᠴᠠᠭᠠᠨ ᠰᠢᠯᠭᠠᠬᠤ ᠪᠠ ᠬᠢᠨᠠᠨ ᠪᠠᠶᠢᠴᠠᠭᠠᠬᠤ ᠶᠢ ᠴᠢᠩᠭᠠᠳᠬᠠᠨ᠂ ᠡᠳᠦᠷ ᠲᠤᠲᠤᠮ ᠤᠨ ᠪᠠᠶᠢᠴᠠᠭᠠᠯᠲᠠ ᠲᠤᠭᠤᠷᠢᠨ ᠪᠠᠶᠢᠴᠠᠭᠠᠯᠲᠠ ᠶᠢ ᠴᠢᠩᠭᠠᠷᠠᠭᠤᠯᠤᠨ᠂ ᠠᠵᠢᠯ ᠲᠦᠷᠦᠯ ᠤᠨ ᠬᠦᠷᠢᠶ᠎ᠡ ᠴᠠᠷᠠᠭᠠᠨ ᠳᠠᠬᠢ ᠺᠣᠳ᠋ ᠰᠢᠷᠪᠢᠵᠦ ᠨᠡᠪᠲᠡᠷᠡᠬᠦ ᠠᠷᠭ᠎ᠠ ᠠᠪᠴᠠᠯ ᠢ ᠨᠠᠶᠢᠲᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠪᠦᠬᠦ ᠠᠵᠢᠯᠲᠠᠳ ᠤᠨ ︽ᠪᠠᠶᠢᠴᠠᠭᠠᠬᠤ ᠶᠤᠰᠣᠲᠠᠢ ᠶᠢ ᠨᠢ ᠴᠦᠮ ᠪᠠᠶᠢᠴᠠᠭᠠᠬᠤ︾ ᠶᠢ ᠴᠢᠩᠭ᠎ᠠ ᠬᠡᠷᠡᠭᠵᠢᠬᠦᠯᠵᠦ᠂ ᠪᠦᠬᠦ ᠠᠷᠠᠳ ᠤᠨ ᠭᠠᠷᠠᠭ ᠪᠦᠷᠢ ᠨᠢᠭᠡ ᠣᠳᠠᠭ᠎ᠠ ᠶᠢᠨ ᠰᠦᠢᠳᠬᠡᠯ ᠬᠤᠷᠢᠶᠠᠬᠤ ᠦᠬᠡᠢ ᠪᠦᠬᠡᠮ ᠬᠦᠴᠢᠯ ᠤᠨ ᠪᠠᠶᠢᠴᠠᠭᠠᠯᠲᠠ ᠶᠢ ᠪᠠᠶᠢᠩᠭᠤᠵᠢᠭᠤᠯᠵᠤ ᠠᠬᠢᠭᠤᠯᠤᠨ᠂ ᠪᠦᠬᠡᠮ ᠬᠦᠴᠢᠯ  ᠤᠨ ᠪᠠᠶᠢᠴᠠᠭᠠᠯᠲᠠ ᠶᠢᠨ ᠪᠦᠷᠬᠦᠴᠡ ᠶᠢᠨ ᠨᠣᠷᠮ᠎ᠠ ᠶᠢ ᠲᠠᠰᠣᠷᠠᠯᠲᠠ ᠦᠬᠡᠢ ᠳᠡᠭᠡᠭᠰᠢᠯᠡᠬᠦᠯᠬᠦ ᠬᠡᠷᠡᠭᠲᠡᠢ᠃ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠮᠡᠳᠡᠯᠭᠡ᠂ ᠬᠤᠯᠤᠭᠠᠨ᠎ᠠ  ᠬᠢᠵᠢᠭ ᠢ ᠰᠡᠷᠬᠡᠶᠢᠯᠡᠨ ᠡᠵᠡᠮᠳᠡᠬᠦ ᠮᠡᠳᠡᠯᠭᠡ᠂ ᠰᠡᠷᠬᠡᠶᠢᠯᠡᠨ ᠡᠵᠡᠮᠳᠡᠬᠦ ᠠᠷᠭ᠎ᠠ ᠠᠪᠴᠠᠯ ᠪᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠣᠬᠠᠭᠤᠯᠭ᠎ᠠ ᠶᠢ ᠦᠷᠬᠡᠨ ᠢᠶᠠᠷ ᠦᠷᠨᠢᠬᠦᠯᠵᠦ᠂ ᠰᠠᠭᠤᠭᠠᠯᠢ ᠠᠷᠠᠳ ᠢ ᠵᠢᠯᠤᠭᠤᠳᠤᠨ ᠳᠠᠶᠢᠴᠢᠯᠠᠵᠤ ᠴᠤᠭᠯᠠᠷᠠᠯ ᠤᠨ ᠴᠢᠨᠠᠷᠲᠠᠢ ᠠᠵᠢᠯᠯᠠᠭᠠᠨ ᠳᠤ ᠤᠷᠤᠯᠴᠠᠬᠤ ᠶᠢ ᠪᠠᠭᠠᠰᠬᠠᠨ᠂ ᠲᠤᠬᠠᠢ ᠶᠢᠨ ᠭᠠᠵᠠᠷ  ᠲᠠᠭᠠᠨ ᠪᠠᠶᠠᠷ ᠤᠨ ᠡᠳᠦᠷ ᠢᠶᠠᠨ ᠦᠩᠭᠡᠷᠡᠬᠡᠬᠦ᠂ ᠡᠮᠬᠢᠲᠡᠢ ᠨᠡᠪᠲᠡᠷᠡᠯᠴᠡᠬᠦ ᠶᠢ ᠰᠠᠨᠠᠭᠠᠴᠢᠯᠠᠬᠤ ᠬᠡᠷᠡᠭᠲᠡᠢ᠃ 24 ᠴᠠᠭ ᠵᠢᠵᠢᠬᠦᠷᠯᠡᠨ ᠰᠠᠬᠢᠬᠤ᠂ ᠠᠵᠢᠯ ᠤᠨ ᠪᠠᠶᠢᠷᠢ ᠰᠠᠬᠢᠬᠤ ᠬᠤᠯᠪᠤᠭᠳᠠᠯ ᠪᠦᠬᠦᠢ ᠱᠠᠭᠠᠷᠳᠠᠯᠭ᠎ᠠ ᠶᠢ ᠨᠠᠶᠢᠲᠠᠪᠤᠷᠢᠵᠢᠭᠤᠯᠵᠦ᠂ ᠡᠷᠡᠰ ᠴᠢᠩᠭ᠎ᠠ ᠪᠠᠷ ᠵᠢᠵᠢᠬᠦᠷᠯᠡᠨ ᠰᠠᠬᠢᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠬᠤᠰᠢᠭᠤ ᠳᠡᠳ᠋ ᠳᠠᠷᠤᠭ᠎ᠠ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠳᠡᠳ᠋ ᠶᠠᠷᠦᠩᠬᠡᠢ ᠵᠢᠯᠤᠭᠤᠳᠤᠭᠴᠢ ᠰᠦᠩ ᠰᠢᠶᠤᠤ ᠯᠸᠢ ᠬᠤᠷᠠᠯ ᠢ ᠡᠷᠬᠢᠯᠡᠨ᠂ ᠵᠢᠯᠤᠭᠤᠳᠬᠤ ᠭᠠᠵᠠᠷ ᠤᠨ ᠡᠯ᠎ᠡ ᠠᠵᠢᠯᠯᠠᠬᠤ ᠳᠣᠭᠤᠶᠢᠯᠠᠩ᠂ ᠲᠤᠰᠬᠠᠢ ᠪᠠᠭ ᠵᠢᠴᠢ ᠬᠠᠮᠢᠶ᠎ᠠ ᠪᠦᠬᠦᠢ ᠪᠦᠷᠢᠯᠳᠦᠬᠦᠨ ᠨᠢᠬᠡᠴᠡ ᠶᠢᠨ ᠬᠠᠷᠢᠭᠤᠴᠠᠯᠭᠠᠲᠠᠳ ᠬᠤᠷᠠᠯ  ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号