ᠣᠶᠢᠷ᠎ᠠ ᠳᠤ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠪᠥᠬᠦ ᠤᠯᠤᠰ ᠲᠤ ᠰᠢᠳᠣ | ᠳᠠᠷᠢᠬᠤ ᠦᠨ᠎ᠡ ᠬᠠᠩᠰᠢ ᠶᠢᠨ ᠲᠤᠰᠬᠠᠶ ᠵᠠᠰᠠᠯᠲᠠ ᠶᠢ ᠦᠷᠨᠢᠭᠦᠯᠪᠡ᠂ ᠰᠢᠳᠦ ᠳᠠᠷᠢᠬᠤ ᠦᠨ᠎ᠡ ᠬᠠᠩᠰᠢ ᠶᠢᠨ ᠵᠦᠶ | ᠵᠣᠬᠢᠰᠲᠠᠶ ᠲᠠᠯ᠎ᠠ ᠨᠢ ᠬᠠᠮᠢᠭ᠎ᠠ ᠪᠠᠶᠢᠬᠤ ᠪᠣᠶ︖ ᠪᠠᠰᠠ ᠪᠠᠭᠤᠷᠠᠭᠤᠯᠵᠤ ᠪᠣᠯᠤᠨ᠎ᠠ ᠦᠦ︖ | ■4500 ᠲᠥᠭᠦᠷᠢᠭ ᠤᠨ ᠦᠨ᠎ᠡ ᠬᠠᠩᠰᠢ ᠨᠢ ᠬᠠᠲᠠᠭᠤ ᠱᠠᠭᠠᠷᠳᠠᠯᠭ᠎ᠠ ᠦᠦ︖ ᠣᠶᠢᠷ᠎ᠠ ᠳᠤ᠂ | ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ︽ᠰᠢᠳᠣ ᠲᠠᠷᠢᠬᠤ ᠡᠮ ᠡᠮᠨᠡᠯᠭᠡ ᠶᠢᠨ | ᠣᠶᠢᠯᠡᠴᠢᠯᠡᠭᠡᠨ ᠤ ᠰᠦᠢᠳᠬᠡᠯ ᠬᠤᠷᠢᠶᠠᠬᠤ ᠪᠠ ᠬᠡᠷᠡᠭᠯᠡᠬᠦ ᠮᠠᠲ᠋ᠧᠷᠢᠶᠠᠯ ᠤᠨ ᠦᠨ᠎ᠡ ᠬᠠᠩᠰᠢ ᠶᠢ ᠲᠤᠰᠬᠠᠶ ᠵᠠᠰᠠᠬᠤ | ᠲᠤᠬᠠᠶ ᠮᠡᠳᠡᠭᠳᠡᠯ︾ ᠨᠡᠶᠢᠲᠡᠯᠡᠵᠦ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠰᠢᠳᠣ | ᠲᠠᠷᠢᠬᠤ ᠡᠮ ᠡᠮᠨᠡᠯᠭᠡ ᠶᠢᠨ ᠣᠶᠢᠯᠡᠴᠢᠯᠡᠭᠡᠨ ᠤ ᠦᠨ᠎ᠡ ᠬᠠᠩᠰᠢ ᠶᠢ ᠲᠣᠬᠢᠷᠠᠭᠤᠯᠤᠨ ᠡᠵᠡᠮᠳᠡᠬᠦ ᠶᠢ ᠲᠣᠳᠣᠷᠬᠠᠶᠢᠯᠠᠵᠤ᠂ | ᠲᠣᠬᠢᠷᠠᠭᠤᠯᠤᠨ ᠡᠵᠡᠮᠳᠡᠬᠦ ᠬᠠᠷᠠᠯᠲᠠ ᠶᠢ ᠭᠤᠷᠪᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠳᠤ ᠰᠢᠳᠣ ᠪᠦᠷᠢ 4500 ᠲᠥᠭᠦᠷᠢᠭ ᠢᠶᠠᠷ ᠲᠣᠭᠲᠠᠭᠠᠪᠠ᠃ ᠬᠡᠳᠦ᠋ᠢᠪᠡᠷ ᠲᠣᠬᠢᠷᠠᠭᠤᠯᠤᠯ ᠡᠵᠡᠮᠳᠡᠯ ᠤᠨ | ᠬᠠᠷᠠᠯᠲᠠ ᠶᠢ ᠨᠢᠭᠡᠨᠲᠡ ᠲᠣᠭᠲᠠᠭᠠᠭᠰᠠᠨ ᠪᠣᠯᠪᠠᠴᠤ ᠨᠢᠭᠡ ᠯᠡ ᠠᠳᠠᠯᠢ ᠪᠣᠯᠭᠠᠬᠤ ᠬᠠᠲᠠᠭᠤ ᠱᠠᠭᠠᠷᠳᠠᠯᠭ᠎ᠠ ᠪᠢᠰᠢ | ᠭᠡᠳᠡᠭ ᠢ ᠮᠡᠳᠡᠭᠳᠡᠪᠡ᠃ | ᠮᠡᠳᠡᠭᠳᠡᠯ ᠳᠤ᠂ ᠠᠵᠤ ᠠᠬᠤᠶ ᠬᠥᠭᠵᠢᠭᠰᠡᠨ᠂ ᠬᠥᠮᠦᠨ ᠤ ᠬᠦᠴᠦᠨ ᠵᠡᠷᠭᠡ ᠥᠪᠡᠷ ᠤᠨ ᠥᠷᠲᠡᠭ ᠶᠡᠬᠡᠲᠡᠢ | ᠭᠠᠵᠠᠷ ᠣᠷᠣᠨ᠂ ᠰᠢᠳᠣ ᠲᠠᠷᠢᠬᠤ ᠲᠤᠰᠬᠠᠶ ᠮᠡᠷᠭᠡᠵᠢᠯ ᠢ ᠤᠯᠤᠰ ᠤᠨ ᠡᠮᠴᠢᠯᠡᠭᠡᠨ ᠤ ᠭᠤᠤᠯᠳᠠᠯᠭ᠎ᠠ ᠲᠠᠢ ᠲᠤᠰᠬᠠᠶ | ᠰᠠᠯᠠᠭ᠎ᠠ ᠳᠤ ᠣᠷᠣᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠵᠡᠷᠭᠡ ᠶᠢ ᠵᠥᠪᠰᠢᠶᠡᠷᠡᠵᠦ᠂ ᠲᠣᠰ ᠭᠠᠵᠠᠷ ᠤᠨ ᠪᠣᠳᠠᠲᠤ | ᠪᠠᠶᠢᠳᠠᠯ ᠢᠶᠠᠨ ᠦᠨᠳᠦᠰᠦᠯᠡᠨ ᠡᠮᠴᠢᠯᠡᠭᠡᠨ ᠤ ᠣᠶᠢᠯᠡᠴᠢᠯᠡᠭᠡ ᠶᠢᠨ ᠦᠨ᠎ᠡ ᠬᠠᠩᠰᠢ ᠶᠢ ᠲᠣᠬᠢᠷᠠᠭᠤᠯᠤᠨ ᠡᠵᠡᠮᠳᠡᠬᠦ | ᠬᠠᠷᠠᠯᠲᠠ ᠶᠢ ᠠᠭᠤᠵᠢᠭᠤ ᠲᠠᠯᠪᠢᠵᠤ᠂ ᠠᠭᠤᠵᠢᠭᠤ ᠲᠠᠯᠪᠢᠬᠤ ᠬᠠᠷᠢᠴᠠᠯ ᠢ 20 % ᠠᠴᠠ ᠬᠡᠲᠦᠷᠡᠭᠦᠯᠵᠦ ᠪᠣᠯᠬᠤ | ᠥᠬᠡᠶ ᠭᠡᠵᠦ ᠱᠠᠭᠠᠷᠳᠠᠵᠠᠢ᠃ | 4500 ᠲᠥᠭᠦᠷᠢᠭ ᠤᠨ ᠣᠶᠢᠯᠡᠴᠢᠯᠭᠡᠨ ᠤ ᠦᠨ᠎ᠡ ᠶᠢᠨ ᠪᠠᠷᠢᠮᠵᠢᠶ᠎ᠠ ᠶᠢᠨ ᠲᠤᠬᠠᠶ᠂ ᠵᠠᠪᠠᠯ ︽ᠬᠠᠲᠠᠭᠤ | ᠪᠠᠷᠢᠮᠵᠢᠶ᠎ᠠ︾ ᠶᠢ ᠪᠠᠷᠢᠮᠳᠠᠯᠠᠬᠤ ᠶᠣᠮ ᠤᠤ︖ ᠡᠰᠡᠬᠦᠯ᠎ᠡ ᠪᠠᠰᠠ ᠦᠨ᠎ᠡ ᠶᠢ ᠬᠤᠪᠢᠷᠠᠭᠤᠯᠵᠤ ᠪᠣᠯᠬᠤ ᠶᠣᠮ ᠤᠤ︖ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠦᠨ᠎ᠡ ᠬᠠᠩᠰᠢ ᠶᠢᠨ ᠳᠠᠭᠠᠭᠠᠴᠢᠯᠠᠯᠲᠠ ᠵᠠᠷᠯᠠᠬᠤ | ᠵᠤᠷᠭᠠᠨ ᠤ ᠳᠠᠷᠤᠭ᠎ᠠ ᠳ᠋ᠢᠩ ᠢ ᠯᠸᠢ ᠢᠯᠡᠷᠬᠡᠶᠢᠯᠡᠬᠦ ᠳᠡᠭᠡᠨ᠄ ᠰᠢᠳᠦ ᠳᠠᠷᠢᠬᠤ ᠪᠥᠬᠦ ᠶᠠᠪᠤᠴᠠ ᠶᠢ ᠲᠣᠬᠢᠷᠠᠭᠤᠯᠤᠨ | ᠡᠵᠡᠮᠳᠡᠬᠦ ᠬᠠᠷᠠᠯᠲᠠ ᠶᠢ ᠪᠠᠷᠢᠮᠲᠠᠯᠠᠬᠤ ᠬᠡᠷᠡᠭᠲᠡᠶ᠂ ᠡᠭᠦᠨ ᠳᠤ ᠡᠯ᠎ᠡ ᠣᠨᠣᠰᠢᠯᠠᠨ ᠪᠠᠶᠢᠴᠠᠭᠠᠬᠤ ᠲᠥᠷᠥᠯ ᠵᠦᠢᠯ᠂ | ᠣᠨᠣᠰᠢᠯᠠᠨ ᠡᠮᠨᠡᠬᠦ ᠲᠥᠷᠥᠯ ᠵᠦᠢᠯ ᠪᠠᠭᠲᠠᠨ᠎ᠠ᠃ | ᠰᠢᠳᠦ ᠲᠠᠷᠢᠬᠤ ᠡᠯ᠎ᠡ ᠨᠠᠷᠢᠨ ᠬᠤᠪᠢᠶᠠᠭᠰᠠᠨ ᠡᠮᠴᠢᠯᠡᠭᠡᠨ ᠤ ᠣᠶᠢᠯᠡᠴᠢᠯᠡᠭᠡᠨ ᠤ ᠲᠥᠷᠥᠯ ᠵᠦᠢᠯ ᠢ | ᠵᠢᠷᠤᠮᠵᠢᠭᠤᠯᠬᠤ ᠬᠡᠷᠡᠭᠲᠡᠶ᠃ ᠠᠯᠢ ᠠᠯᠢ ᠨᠠᠷᠢᠨ ᠬᠤᠪᠢᠶᠠᠭᠰᠠᠨ ᠡᠮᠴᠢᠯᠡᠭᠡᠨ ᠤ ᠣᠶᠢᠯᠡᠴᠢᠯᠡᠭᠡᠨ ᠤ ᠲᠥᠷᠥᠯ | ᠵᠦᠢᠯ ᠠᠴᠠ ᠰᠦᠢᠳᠬᠡᠯ ᠬᠤᠷᠢᠶᠠᠵᠤ ᠪᠣᠯᠬᠤ᠂ ᠠᠯᠢ ᠠᠯᠢ ᠨᠢ ᠰᠦᠢᠳᠬᠡᠯ ᠬᠤᠷᠢᠶᠠᠵᠤ ᠪᠣᠯᠬᠤ ᠥᠬᠡᠶ᠂ ᠡᠰᠡᠬᠦᠯ᠎ᠡ | ᠳᠤᠷ᠎ᠠ ᠪᠠᠷ ᠢᠶᠠᠨ ᠰᠦᠢᠳᠬᠡᠯ ᠬᠤᠷᠢᠶᠠᠵᠤ ᠮᠡᠳᠡᠬᠦ ᠲᠥᠷᠥᠯ ᠵᠦᠢᠯ ᠪᠠᠶᠢᠪᠠᠯ᠂ ᠳᠠᠬᠢᠨ ᠰᠢᠨ᠎ᠡ ᠪᠠᠷ ᠡᠮᠬᠢᠯᠡᠨ | ᠨᠡᠶᠢᠯᠡᠭᠦᠯᠵᠦ᠂ ᠡᠭᠦᠨ ᠤ ᠤᠯᠠᠮ ᠠᠴᠠ ᠰᠦᠢᠳᠬᠡᠯ ᠬᠤᠷᠢᠶᠠᠬᠤ ᠪᠠ ᠨᠠᠩ ᠥᠨᠳᠥᠷ ᠪᠠᠷᠢᠮᠵᠢᠶ᠎ᠠ ᠪᠠᠷ ᠰᠦᠢᠳᠬᠡᠯ | ᠬᠤᠷᠢᠶᠠᠬᠤ ᠪᠣᠯᠤᠮᠵᠢ ᠶᠢ ᠦᠭᠡᠶᠢᠰᠬᠡᠬᠦ ᠬᠡᠷᠡᠭᠲᠡᠶ᠃ ᠬᠡᠷᠪᠡ ᠰᠢᠳᠣ ᠲᠠᠷᠢᠬᠤ ᠪᠠᠶᠢᠳᠠᠯ ᠣᠨᠴᠠᠭᠠᠢ ᠪᠠᠶᠢᠬᠤ᠂ | ᠵᠢᠱᠢᠶᠡᠯᠡᠪᠡᠯ ᠡᠪᠡᠳᠴᠢᠲᠡᠨ ᠤ ᠰᠢᠳᠦᠨ ᠬᠤᠪᠳᠤ ᠶᠢᠨ ᠶᠠᠰᠤ ᠨᠢᠭᠡᠨᠲᠡ ᠲᠦᠢᠯ ᠢᠶᠠᠷ ᠠᠪᠴᠢᠭᠠᠳ ᠶᠠᠰᠤ ᠰᠠᠭᠤᠯᠭᠠᠬᠤ | ᠴᠢᠬᠤᠯᠠᠲᠠᠢ᠂ ᠰᠢᠳᠦ ᠲᠠᠷᠢᠬᠤ ᠳᠤ ᠬᠠᠴᠠᠷ ᠤᠨ ᠶᠠᠰᠤ ᠳᠡᠭᠡᠷ᠎ᠡ ᠨᠢ ᠲᠠᠷᠢᠬᠤ ᠴᠢᠬᠤᠯᠠᠲᠠᠢ ᠭᠡᠬᠦ ᠮᠡᠲᠦ ᠶᠢᠨ | ᠠᠰᠳᠠᠭᠠᠨ ᠰᠦᠢᠳᠬᠡᠯ ᠬᠤᠷᠢᠶᠠᠬᠤ ᠶᠢ ᠵᠥᠪᠰᠢᠶᠡᠷᠡᠨ᠎ᠡ ᠭᠡᠵᠡᠢ᠃ | ■ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠰᠢᠳᠦ ᠳᠠᠷᠢᠬᠤ ᠣᠶᠢᠯᠡᠴᠢᠯᠡᠭᠡᠨ ᠤ ᠦᠨ᠎ᠡ | ᠬᠠᠩᠰᠢ ᠶᠢ ᠬᠡᠷᠬᠢᠨ ᠬᠠᠮᠢᠶᠠᠷᠬᠤ ᠪᠣᠶ︖ | ᠳ᠋ᠢᠩ ᠢ ᠯᠸᠢ ᠢᠯᠡᠷᠬᠡᠶᠢᠯᠡᠬᠦ ᠳᠡᠭᠡᠨ᠂ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠰᠢᠳᠦ | ᠳᠠᠷᠢᠬᠤ ᠲᠤᠬᠠᠶᠢᠯᠠᠭᠰᠠᠨ ᠠᠵᠢᠯ ᠨᠢ ᠵᠠᠬ᠎ᠠ ᠳᠡᠯᠭᠡᠭᠦᠷ ᠲᠤ ᠪᠠᠷᠤᠭ 80 % ᠣᠷᠴᠢᠮ ᠢ ᠡᠵᠡᠯᠡᠨ᠎ᠡ᠃ | ᠣᠳᠣᠬᠠᠨ ᠳᠤ᠂ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠮᠥᠨ ᠯᠡ ᠡᠵᠡᠨ ᠮᠡᠳᠡᠵᠦ ᠦᠨ᠎ᠡ | ᠬᠠᠩᠰᠢ ᠲᠣᠭᠲᠠᠭᠠᠬᠤ ᠶᠢ ᠬᠡᠷᠡᠭᠵᠢᠭᠦᠯᠵᠦ ᠪᠠᠶᠢᠨ᠎ᠠ᠂ ᠭᠡᠪᠡᠴᠦ ᠡᠵᠡᠨ ᠮᠡᠳᠡᠵᠦ ᠦᠨ᠎ᠡ ᠬᠠᠩᠰᠢ ᠲᠣᠭᠲᠠᠭᠠᠬᠤ ᠨᠢ | ᠵᠠᠰᠠᠭ ᠤᠨ ᠣᠷᠳᠣᠨ ᠠᠴᠠ ᠬᠥᠲᠥᠯᠦᠨ ᠵᠢᠯᠣᠭᠤᠳᠬᠤ ᠥᠬᠡᠶ ᠭᠡᠰᠡᠨ ᠶᠠᠪᠤᠳᠠᠯ ᠪᠢᠰᠢ ᠶᠤᠮ᠃ ᠤᠯᠤᠰ ᠤᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤᠤᠷᠠᠬᠢ ᠬᠡᠳᠦᠨ ᠲᠠᠯ᠎ᠠ ᠪᠠᠷ ᠬᠤᠯᠪᠣᠭᠳᠠᠯ ᠪᠥᠬᠦᠶ ᠠᠵᠢᠯ ᠢ | ᠥᠷᠨᠢᠭᠦᠯᠦᠨ᠎ᠡ᠄ | ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠪᠥᠬᠦ ᠶᠠᠪᠣᠴᠠ ᠶᠢᠨ ᠡᠮᠴᠢᠯᠡᠭᠡᠨ ᠤ | ᠣᠶᠢᠯᠡᠴᠢᠯᠡᠭᠡ ᠶᠢᠨ ᠦᠨ᠎ᠡ ᠬᠠᠩᠰᠢ ᠶᠢ ᠢᠯᠡ ᠨᠡᠶᠢᠲᠡᠯᠡᠨ᠎ᠡ | ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠪᠠᠷ ᠳᠡᠮᠵᠢᠨ᠂ ᠠᠷᠠᠳ ᠠᠴᠠ ᠡᠵᠡᠩᠨᠡᠭᠰᠡᠨ ᠨᠢᠭᠡ | ᠪᠦᠯᠦᠭ ᠡᠮᠴᠢᠯᠡᠭᠡᠨ ᠤ ᠪᠠᠶᠢᠭᠤᠯᠤᠮᠵᠢ ᠥᠪᠡᠷ ᠤᠨ ᠥᠷᠲᠡᠭ ᠢ ᠬᠢᠵᠠᠭᠠᠷᠯᠠᠭᠰᠠᠨ ᠤ ᠳᠠᠷᠠᠭ᠎ᠠ᠂ ᠦᠨ᠎ᠡ ᠬᠠᠩᠰᠢ ᠪᠠ | ᠪᠦᠬᠦᠯᠢ ᠴᠣᠭᠴᠠ ᠶᠢᠨ ᠵᠠᠷᠤᠳᠠᠯ ᠤᠨ ᠬᠢᠷᠢ ᠬᠡᠮᠵᠢᠶ᠎ᠡ ᠨᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ | ᠪᠠᠶᠢᠭᠤᠯᠤᠮᠵᠢ ᠠᠴᠠ ᠵᠢᠭᠠᠬᠠᠨ ᠲᠤᠤᠷ᠎ᠠ ᠪᠠᠶᠢᠬᠤ ᠶᠢ ᠣᠯᠵᠤ ᠮᠡᠳᠡᠪᠡ᠃ ᠠᠷᠠᠳ ᠠᠴᠠ ᠡᠵᠡᠩᠨᠡᠭᠰᠡᠨ ᠡᠮᠴᠢᠯᠡᠭᠡᠨ ᠤ | ᠪᠠᠶᠢᠭᠤᠯᠤᠮᠵᠢ ᠬᠡᠷᠪᠡ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠲᠤᠬᠢᠷᠠᠭᠤᠯᠤᠨ ᠡᠵᠡᠮᠳᠡᠬᠦ | ᠪᠠᠷᠢᠮᠵᠢᠶ᠎ᠠ ᠶᠢ ᠬᠡᠷᠡᠭᠵᠢᠭᠦᠯᠪᠡᠯ ᠱᠠᠭᠠᠷᠳᠠᠯᠭ᠎ᠠ ᠳᠤ ᠬᠦᠷᠴᠦ ᠪᠣᠯᠤᠨ᠎ᠠ᠃ ᠣᠷᠣᠨ ᠨᠤᠲᠤᠭ ᠤᠨ ᠡᠮᠴᠢᠯᠡᠭᠡᠨ ᠤ | ᠳᠠᠭᠠᠳᠬᠠᠯ ᠤᠨ ᠲᠣᠪᠴᠢᠶ᠎ᠠ ᠶᠢᠨ ᠰᠦᠯᠵᠢᠶ᠎ᠡ ᠪᠠᠷ ᠳᠠᠮᠵᠢᠭᠤᠯᠤᠨ ᠪᠥᠬᠦ ᠶᠠᠪᠤᠴᠠ ᠶᠢᠨ ᠦᠨ᠎ᠡ ᠬᠠᠩᠰᠢ ᠶᠢᠨ | ᠲᠣᠬᠢᠷᠠᠭᠤᠯᠭ᠎ᠠ ᠡᠵᠡᠮᠰᠢᠯ ᠢ ᠭᠥᠯᠢᠶᠡᠨ ᠠᠪᠬᠤ ᠪᠠ ᠥᠯᠥ ᠬᠦᠯᠢᠶᠡᠬᠦ ᠠᠷᠠᠳ ᠠᠴᠠ ᠡᠵᠡᠩᠨᠡᠭᠰᠡᠨ ᠡᠮᠴᠢᠯᠡᠭᠡᠨ ᠤ | ᠪᠠᠶᠢᠭᠤᠯᠤᠮᠵᠢ ᠶᠢᠨ ᠨᠡᠷᠡᠰ ᠢ ᠨᠡᠶᠢᠲᠡᠯᠡᠵᠦ᠂ ᠡᠪᠡᠳᠴᠢᠲᠡᠨ ᠢ ᠬᠥᠲᠥᠯᠥᠨ ᠵᠢᠯᠣᠭᠤᠳᠴᠤ ᠪᠠᠶᠢᠭᠠᠳ ᠵᠦᠢ ᠵᠣᠬᠢᠰᠳᠠᠢ | ᠰᠣᠩᠭᠤᠯᠳᠠ ᠬᠢᠯᠭᠡᠨ᠎ᠡ ᠭᠡᠯᠡ᠃ | |