9 ᠳ᠋ᠣᠭᠡᠷ ᠰᠠᠷ᠎ᠠ ᠶᠢᠨ 30 ᠤ ᠡᠳᠦᠷ ᠠᠴᠠ ᠡᠬᠢᠯᠡᠵᠦ ᠬᠡᠷᠡᠭᠵᠢᠬᠦᠯᠦᠨ᠎ᠡ
ᠨᠡᠶᠢᠲᠡᠯᠡᠭᠰᠡᠨ ᠴᠠᠭ᠄
2022/9/15
    ᠣᠶᠢᠷ᠎ᠠ ᠳᠤ᠂ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠬᠠᠮᠲᠤᠷᠠᠨ ︽ᠢᠨᠲ᠋ᠧᠷ ᠰᠦᠯᠵᠢᠶᠡᠨ ᠤ ᠬᠠᠷᠢᠮᠠᠬᠠᠶ ᠴᠣᠩᠬᠤ ᠶᠢᠨ ᠰᠤᠷᠠᠭ ᠵᠠᠩᠭᠢ ᠬᠦᠷᠭᠡᠬᠦ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ︾ ᠢ ᠨᠡᠶᠢᠲᠡᠯᠡᠵᠦ᠂ 2022 ᠣᠨ ᠤ 9 ᠳ᠋ᠣᠭᠡᠷ ᠰᠠᠷ᠎ᠠ ᠶᠢᠨ 30 ᠤ ᠡᠳᠦᠷ ᠠᠴᠠ ᠡᠬᠢᠯᠡᠵᠦ ᠬᠡᠷᠡᠭᠵᠢᠬᠦᠯᠬᠦ ᠪᠠᠷ ᠪᠣᠢ᠃     ︽ᠲᠣᠭᠲᠠᠭᠠᠯ︾ ᠳᠤ᠂ ᠣᠳᠣᠬᠠᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠬᠠᠷᠢᠮᠠᠬᠠᠢ ᠴᠣᠩᠬᠤᠨ ᠤ ᠰᠣᠨᠢᠨ ᠮᠡᠳᠡᠭᠡᠨ ᠤ ᠰᠤᠷᠠᠭ ᠵᠠᠩᠭᠢ ᠶᠢᠨ ᠳᠠᠮᠵᠢᠭᠤᠯᠭ᠎ᠠ᠂ ᠬᠠᠷᠢᠮᠠᠬᠠᠢ ᠴᠣᠩᠬᠤᠨ ᠤ ᠰᠤᠷᠠᠭ ᠵᠠᠩᠭᠢ ᠶᠢᠨ ᠠᠭᠤᠯᠭ᠎ᠠ ᠶᠢᠨ ᠤᠳᠤᠷᠢᠳᠤᠮᠵᠢ᠂ ᠬᠠᠷᠢᠮᠠᠬᠠᠢ ᠴᠣᠩᠬᠤᠨ ᠤ ᠵᠠᠷ ᠵᠡᠷᠭᠡ ᠭᠤᠣᠯᠳᠠᠯᠭ᠎ᠠ ᠲᠠᠢ ᠭᠤᠭᠴᠤᠭ᠎ᠠ ᠶᠢ ᠴᠢᠩᠳᠠᠯᠠᠵᠣ᠂ ᠬᠠᠷᠢᠮᠠᠬᠠᠢ ᠴᠣᠩᠬᠤ ᠶᠢ ᠠᠰᠢᠭᠯᠠᠨ ᠲᠣᠭᠲᠠᠭᠠᠯ ᠠᠴᠠ ᠵᠦᠷᠢᠴᠡᠭᠰᠡᠨ ᠰᠤᠨᠢᠨ ᠮᠡᠳᠡᠭᠡᠨ ᠤ ᠰᠣᠷᠠᠭ ᠵᠠᠩᠭᠢ ᠬᠦᠷᠭᠡᠬᠦ᠂ ᠬᠠᠷᠢᠮᠠᠬᠠᠢ ᠴᠣᠩᠬᠤᠨ ᠤ ᠵᠠᠷ ᠤᠨ ᠲᠡᠮᠳᠡᠭ ᠨᠢ ᠢᠯᠡᠷᠬᠡᠶ ᠪᠣᠰᠣ᠂ ᠵᠠᠷ ᠢ ᠨᠢᠭᠡ ᠯᠡ ᠳᠠᠷᠤᠪᠴᠢ ᠪᠠᠷ ᠦᠯᠦ ᠬᠠᠭᠠᠵᠤ ᠳᠡᠶᠢᠯᠬᠦ᠂ ᠰᠤᠯᠠ ᠮᠡᠳᠡᠭᠡ ᠶᠢ ᠵᠤᠭ᠎ᠠ ᠪᠤᠯᠭᠠᠨ ᠵᠤᠷᠢᠭᠤᠳᠠ ᠪᠠᠷ ᠬᠥᠭᠡᠷᠭᠡᠳᠡᠬᠦ᠂ ᠨᠢᠭᠡ ᠰᠤᠷᠠᠭ ᠵᠠᠩᠭᠢ ᠶᠢ ᠬᠡᠲᠦ ᠣᠯᠠᠨ ᠤᠳᠠᠭ᠎ᠠ ᠬᠡᠲᠦ ᠵᠠᠮᠪᠠᠷᠠᠭ᠎ᠠ ᠦᠬᠡᠢ ᠪᠠᠷ ᠬᠦᠷᠭᠡᠬᠦ᠂ ᠬᠦᠷᠭᠡᠬᠦ ᠰᠤᠷᠠᠭ ᠵᠠᠩᠭᠢ ᠶᠢᠨ ᠠᠭᠤᠯᠭ᠎ᠠ ᠶᠢᠨ ᠬᠠᠷᠢᠴᠠᠯ ᠨᠢ ᠵᠦᠶ ᠵᠣᠬᠢᠰ ᠥᠬᠡᠶ᠂ ᠬᠡᠷᠡᠭᠯᠡᠭᠴᠢᠳ ᠢ ᠥᠳᠥᠭᠡᠨ ᠲᠠᠳᠠᠵᠤ ᠤᠷᠤᠰᠴᠠ ᠶᠢᠨ ᠬᠡᠮᠵᠢᠶ᠎ᠡ ᠶᠢ ᠬᠠᠭᠤᠷᠮᠠᠭᠯᠠᠨ ᠨᠡᠮᠡᠭᠳᠡᠬᠦᠯᠬᠦ ᠵᠡᠷᠭᠡ ᠠᠰᠠᠭᠤᠳᠠᠯ ᠢ ᠰᠢᠢᠳᠪᠦᠷᠢᠯᠡᠨ᠎ᠡ ᠭᠡᠵᠣ ᠲᠣᠳᠣᠷᠠᠬᠠᠢ ᠲᠣᠭᠳᠠᠭᠠᠵᠠᠢ᠃
 
ᠢᠷᠡᠯᠲᠡ᠄ ᠦᠪᠣᠷ ᠮᠣᠩᠭᠤᠯ ᠤᠨ ᠮᠣᠩᠭᠤᠯ ᠷᠠᠳᠢᠣ᠋
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号