ᠱᠠᠩᠬᠠᠢ ᠶᠢᠨ ᠰᠦᠮ᠎ᠡ ᠪᠠᠯᠭᠠᠰᠣ ︽ᠭᠤᠷᠪᠠ ᠶᠢᠨ ᠲᠤᠭᠤᠷᠢᠨ︾ ᠳᠤ ᠭᠠᠴᠠᠭ᠎ᠠ ᠲᠤᠰᠬᠤᠨ ᠤ ᠬᠠᠮᠲᠤ  ᠶᠢᠨ ᠠᠵᠤ ᠠᠬᠤᠢ ᠶᠢ ᠦᠷᠬᠦᠯᠵᠢᠬᠦᠶᠢᠴᠡ ᠠᠬᠢᠭᠤᠯᠵᠤ ᠪᠤᠢ
ᠨᠡᠶᠢᠲᠡᠯᠡᠭᠰᠡᠨ ᠴᠠᠭ᠄
2022/9/16
    ᠱᠠᠩᠬᠠᠢ ᠶᠢᠨ ᠰᠦᠮ᠎ᠡ ᠪᠠᠯᠭᠠᠰᠣ ᠪᠣᠯ ᠣᠲᠤᠭ ᠤᠨ ᠡᠮᠦᠨᠡᠲᠦ ᠬᠤᠰᠢᠭᠤᠨ ᠤ ᠠᠵᠤ ᠦᠢᠯᠡᠳᠪᠦᠷᠢ ᠶᠢᠨ ᠭᠤᠤᠯᠳᠠᠯᠭᠠᠲᠤ ᠪᠠᠯᠭᠠᠰᠣ ᠪᠤᠯᠤᠨ᠎ᠠ᠃ ᠣᠶᠢᠷ᠎ᠠ ᠶᠢᠨ ᠵᠢᠯ ᠠᠴᠠ ᠨᠠᠭᠠᠰᠢ᠂ ᠱᠠᠩᠬᠠᠢ ᠶᠢᠨ ᠰᠦᠮ᠎ᠡ ᠪᠠᠯᠭᠠᠰᠣ ᠨᠡᠬᠦᠷᠡᠰᠦ᠂ ᠣᠷᠣᠨ ᠪᠠᠶᠢᠷᠢ᠂ ᠲᠡᠣᠬᠡ ᠰᠣᠶᠣᠯ ᠤᠨ ᠵᠢᠭᠤᠯᠴᠢᠯᠠᠯ ᠪᠠ ᠣᠣᠭᠠᠯ ᠨᠣᠲᠤᠭ ᠣᠰᠣ ᠵᠡᠷᠭᠡ ᠡᠬᠢ ᠰᠣᠷᠪᠣᠯᠵᠢ ᠶᠢᠨ ᠳᠠᠪᠠᠭᠤᠯᠢᠭ ᠢᠶᠠᠷ ᠳᠠᠮᠵᠢᠭᠤᠯᠤᠨ᠂ ᠠᠵᠤ ᠦᠢᠯᠡᠳᠪᠦᠷᠢ ᠶᠢ ᠶᠡᠬᠡᠪᠡᠷ ᠬᠦᠭᠵᠢᠬᠦᠯᠬᠦ ᠶᠢᠨ ᠬᠠᠮᠲᠤ ᠨᠢᠭᠡ ᠬᠤᠶᠠᠷ ᠭᠤᠷᠪᠠᠳᠣᠭᠠᠷ ᠠᠵᠤ ᠦᠢᠯᠡᠰ ᠤᠨ ᠠᠭᠤᠰᠤᠯᠴᠠᠯ ᠬᠦᠭᠵᠢᠯᠲᠡ ᠶᠢᠨ ᠳᠠᠭᠤᠷᠢᠶᠠᠯ ᠬᠦᠷᠢᠶᠡᠯᠡᠩ ᠲᠤᠭᠤᠷᠢᠭ ᠢ ᠪᠠᠶᠢᠭᠤᠯᠵᠤ᠂ ︽ᠪᠦᠬᠦ ᠴᠠᠷᠠᠭ᠎ᠠ ᠪᠦᠬᠦ ᠬᠡᠯᠬᠢᠶᠡᠵᠢᠯ ᠤᠨ ᠭᠤᠷᠪᠠᠨ ᠦᠢᠯᠡᠴᠢᠯᠡᠭᠡᠨ ᠤ ᠪᠠᠯᠭᠠᠰᠣ︾  ᠶᠢᠨ ᠪᠠᠶᠢᠭᠤᠯᠤᠯᠲᠠ ᠪᠠᠷ ᠬᠠᠷᠠᠯᠲᠠ ᠪᠠᠨ ᠪᠤᠯᠭᠠᠨ᠂ ᠨᠢᠭᠡ ᠬᠤᠶᠠᠷ ᠭᠤᠷᠪᠠᠳᠣᠭᠠᠷ ᠠᠵᠤ ᠦᠢᠯᠡᠰ ᠤᠨ ᠠᠭᠤᠰᠤᠯᠴᠠᠯ ᠬᠦᠭᠵᠢᠯᠲᠡ ᠶᠢ ᠪᠦᠬᠦ ᠲᠠᠯ᠎ᠠ ᠪᠠᠷ ᠠᠬᠢᠭᠤᠯᠪᠠ᠃ ᠣᠨᠴᠠᠭᠠᠶᠢᠯᠠᠨ ᠬᠦᠳᠡᠭᠡ ᠲᠤᠰᠬᠤᠨ ᠤ ᠬᠦᠭᠵᠢᠬᠦᠯᠦᠯᠲᠡ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢ ᠬᠦᠴᠦᠷᠬᠡᠭᠵᠢᠬᠦᠯᠬᠦ ᠲᠠᠯ᠎ᠠ ᠪᠠᠷ ᠱᠠᠩᠬᠠᠢ ᠶᠢᠨ ᠰᠦᠮ᠎ᠡ ᠪᠠᠯᠭᠠᠰᠣ ᠪᠤᠲᠠᠲᠠᠢ ᠪᠠᠶᠢᠳᠠᠯ ᠲᠠᠢ ᠪᠠᠨ ᠣᠶᠠᠯᠳᠣᠭᠤᠯᠵᠣ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠬᠡᠷᠡᠭᠴᠡᠭᠡ᠂ ᠨᠠᠷᠠᠨ ᠤ ᠡᠨᠧᠷᠬᠢ ᠶᠢᠨ ᠪᠠᠯᠭᠠᠰᠣᠨ ᠤ ᠪᠠᠶᠢᠭᠤᠯᠤᠯᠲᠠ ᠶᠢᠨ ᠬᠡᠷᠡᠭᠴᠡᠭᠡ᠂ ᠮᠠᠯ ᠲᠠᠷᠢᠶᠠᠯᠠᠩ ᠤᠨ ᠠᠵᠤ ᠦᠢᠯᠡᠰ ᠤᠨ ᠬᠦᠭᠵᠢᠯᠲᠡ ᠶᠢᠨ ᠬᠡᠷᠡᠭᠴᠡᠭᠡᠨ ᠤ ᠲᠤᠭᠤᠷᠢᠨ ᠳᠤ᠂ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢ ᠪᠦᠬᠦ ᠲᠠᠯ᠎ᠠ ᠪᠠᠷ ᠠᠬᠢᠭᠤᠯᠤᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠳᠤ ᠬᠦᠴᠦᠨ ᠨᠡᠮᠡᠷᠢᠯᠡᠪᠡ᠃ 2022 ᠣᠨ ᠳᠤ᠂ ᠱᠠᠩᠬᠠᠢ ᠶᠢᠨ ᠰᠦᠮ᠎ᠡ ᠪᠠᠯᠭᠠᠰᠣ 3 ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 100 ᠲᠦᠮᠡᠨ ᠲᠦᠬᠦᠷᠢᠭ᠂ 2 ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 50 ᠲᠦᠮᠡᠨ ᠲᠦᠬᠦᠷᠢᠭ ᠲᠤ ᠬᠦᠷᠭᠡᠵᠦ᠂ ᠪᠤᠰᠤᠳ ᠭᠠᠴᠠᠭ᠎ᠠ ᠲᠤᠰᠬᠤᠨ ᠤ ᠬᠠᠮᠲᠤ  ᠶᠢᠨ ᠠᠵᠤ ᠠᠬᠤᠢ ᠶᠢᠨ ᠣᠷᠣᠯᠭ᠎ᠠ ᠶᠢ 15 ᠲᠦᠮᠡᠨ ᠲᠦᠬᠦᠷᠢᠭ ᠪᠡᠶᠡᠯᠡᠬᠦᠯᠬᠦ ᠪᠠᠷ ᠲᠦᠯᠦᠪᠯᠡᠪᠡ᠃     ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠬᠡᠷᠡᠭᠴᠡᠬᠡᠨ ᠤ ᠲᠤᠭᠤᠷᠢᠨ ᠳᠤ᠂ ᠳᠠᠪᠴᠠᠩ ᠤᠨ ᠺᠣᠮᠫᠠᠨᠢ᠂ ᠲᠡᠭᠡᠭᠡᠪᠦᠷᠢ ᠶᠢᠨ ᠠᠩᠬᠢ᠂ ᠦᠢᠯᠡᠴᠢᠯᠡᠬᠡᠨ ᠤ ᠠᠩᠬᠢ᠂ ᠬᠦᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ  ᠤᠨ ᠦᠢᠯᠡᠳᠪᠦᠷᠢ ᠪᠠᠶᠢᠭᠤᠯᠬᠤ ᠵᠡᠷᠭᠡ ᠠᠷᠭ᠎ᠠ ᠠᠪᠴᠠᠯ ᠢᠶᠠᠷ ᠳᠠᠮᠵᠢᠭᠤᠯᠤᠨ᠂ 200 ᠭᠠᠷᠤᠢ ᠠᠵᠢᠯ ᠤᠨ ᠪᠠᠶᠢᠷᠢ ᠬᠠᠩᠭᠠᠵᠤ᠂ ᠪᠦᠬᠦ ᠵᠢᠯ ᠳᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 1500 ᠲᠦᠮᠡᠨ ᠲᠦᠬᠦᠷᠢᠭ ᠨᠡᠮᠡᠭᠳᠡᠬᠦᠯᠬᠦ ᠪᠤᠯᠤᠨ᠎ᠠ᠃     ᠨᠠᠷᠠᠨ ᠤ ᠡᠨᠧᠷᠬᠢ ᠶᠢᠨ ᠪᠠᠯᠭᠠᠰᠣᠨ ᠤ ᠪᠠᠶᠢᠭᠤᠯᠤᠯᠲᠠ ᠶᠢᠨ ᠬᠡᠷᠡᠭᠴᠡᠭᠡᠨ ᠤ ᠲᠤᠭᠤᠷᠢᠨ ᠳᠤ᠂ ᠭᠠᠵᠠᠷ ᠰᠢᠷᠤᠢ  ᠪᠠᠷ ᠪᠡᠯᠡ ᠣᠷᠣᠭᠤᠯᠬᠤ᠂ ᠨᠠᠷᠠᠨ ᠤ ᠡᠨᠧᠷᠬᠢ ᠶᠢᠨ ᠲᠤᠨᠤᠭᠯᠠᠯ ᠤᠨ ᠠᠷᠠᠴᠢᠯᠠᠯᠲᠠ ᠶᠢᠨ ᠪᠦᠯᠬᠦᠮ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ 2000 ᠭᠠᠷᠤᠢ ᠠᠵᠢᠯ ᠤᠨ ᠪᠠᠶᠢᠷᠢ ᠬᠠᠩᠭᠠᠵᠤ᠂ ᠪᠦᠬᠦ ᠵᠢᠯ ᠳᠤ ᠬᠠᠮᠲᠤ  ᠶᠢᠨ ᠠᠵᠤ ᠠᠬᠤᠢ ᠶᠢᠨ ᠣᠷᠣᠯᠭ᠎ᠠ ᠶᠢ 5000 ᠲᠦᠮᠡᠨ ᠲᠦᠬᠦᠷᠢᠭ ᠨᠡᠮᠡᠭᠳᠡᠬᠦᠯᠬᠦ ᠪᠤᠯᠤᠨ᠎ᠠ᠃     ᠮᠠᠯ ᠲᠠᠷᠢᠶᠠᠯᠠᠩ ᠤᠨ ᠠᠵᠤ ᠦᠢᠯᠡᠰ ᠤᠨ ᠬᠦᠭᠵᠢᠯᠲᠡ ᠶᠢᠨ ᠬᠡᠷᠡᠭᠴᠡᠭᠡᠨ ᠤ ᠲᠤᠭᠤᠷᠢᠨ ᠳᠤ᠂ ᠣᠮᠠᠷᠠᠲᠤ ᠬᠡᠰᠡᠭ ᠤᠨ ᠰᠢᠯᠢᠷᠬᠡᠭ ᠣᠷᠣᠨ ᠤ ᠬᠠᠮᠲᠤᠷᠠᠯ ᠬᠦᠭᠵᠢᠯᠲᠡ ᠪᠠᠷ ᠳᠠᠮᠵᠢᠭᠤᠯᠤᠨ᠂ ᠨᠣᠣᠯᠣᠭᠤᠷ ᠤᠨ ᠢᠮᠠᠭᠠᠨ ᠤ ᠠᠵᠤ ᠦᠢᠯᠡᠰ ᠤᠨ ᠬᠦᠴᠦᠷᠬᠡᠭ ᠪᠠᠯᠭᠠᠰᠣᠨ ᠤ ᠲᠦᠷᠦᠯ ᠵᠦᠢᠯ᠂ ᠡᠮᠦᠨᠡᠲᠦ ᠬᠡᠰᠡᠭ ᠤᠨ ᠮᠠᠯ ᠲᠠᠷᠢᠶᠠᠯᠠᠩ ᠤᠨ ᠠᠵᠤ ᠦᠢᠯᠡᠰ ᠤᠨ ᠳᠠᠪᠠᠭᠤᠯᠢᠭ ᠬᠦᠭᠵᠢᠯᠲᠡ ᠶᠢᠨ ᠣᠷᠣᠨ ᠳᠤ ᠠᠯᠠᠰᠢᠨ ᠦᠬᠡᠷ ᠤᠨ ᠠᠵᠤ ᠦᠢᠯᠡᠰ ᠤᠨ ᠬᠤᠯᠪᠤᠭᠠᠯᠠᠯ  ᠤᠨ ᠲᠦᠷᠦᠯ ᠵᠦᠢᠯ ᠢ ᠬᠡᠷᠡᠭᠵᠢᠬᠦᠯᠦᠨ᠂ ᠵᠢᠱᠢᠯᠲᠡ ᠪᠠᠷ ᠮᠠᠯᠴᠢᠨ ᠲᠠᠷᠢᠶᠠᠴᠢᠨ ᠡᠷᠦᠬᠡ ᠶᠢᠨ ᠵᠢᠯ ᠳᠣᠮᠳᠠᠴᠢ ᠶᠢᠨ ᠣᠷᠣᠯᠭ᠎ᠠ ᠶᠢ 7 ᠲᠦᠮᠡ ᠭᠠᠷᠤᠢ ᠲᠦᠬᠦᠷᠢᠭ ᠨᠡᠮᠡᠭᠳᠡᠬᠦᠯᠵᠦ᠂ ᠪᠦᠬᠦ ᠵᠢᠯ ᠳᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 20 ᠲᠦᠮᠡᠨ ᠲᠦᠬᠦᠷᠢᠭ ᠨᠡᠮᠡᠭᠳᠡᠬᠦᠯᠬᠦ ᠪᠤᠯᠤᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号