ᠣᠶᠢᠷ᠎ᠠ ᠳᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠰᠤᠷᠭᠠᠨ | ᠬᠥᠮᠦᠵᠢᠯ ᠤᠨ ᠶᠠᠮᠤᠨ ︽ᠳᠤᠮᠳᠠᠳᠤ ᠪᠠᠭ᠎ᠠ ᠰᠤᠷᠭᠠᠭᠤᠯᠢ ᠶᠢᠨ ᠠᠵᠢᠯ ᠤᠨ ᠪᠠᠶᠢᠷᠢ ᠶᠢᠨ ᠲᠣᠬᠢᠷᠠᠭᠤᠯᠤᠯᠲᠠ | ᠬᠠᠮᠢᠶᠠᠷᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠵᠢᠯᠣᠭᠤᠳᠬᠤ ᠰᠠᠨᠠᠯ︾ ︵ᠳᠣᠷᠣᠭᠰᠢ | ︽ᠵᠢᠯᠣᠭᠤᠳᠬᠤ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠂ ᠲᠣᠰ ︽ᠵᠢᠯᠣᠭᠤᠳᠬᠤ ᠰᠠᠨᠠᠯ︾ | ᠨᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠴᠠᠯᠢᠩ᠂ ᠮᠡᠷᠭᠡᠵᠢᠯ ᠤᠨ ᠴᠣᠯᠠ ᠵᠡᠷᠭᠡ ᠳᠤ ᠬᠤᠯᠪᠣᠭᠳᠠᠵᠤ | ᠪᠠᠶᠢᠨ᠎ᠠ᠄ | ◆ ᠪᠠᠭᠰᠢ ᠶᠢᠨ ᠠᠵᠢᠯ ᠤᠨ ᠪᠠᠶᠢᠷᠢ ᠶᠢᠨ ᠵᠡᠷᠭᠡ ᠳᠡᠰ ᠤᠨ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠦᠨ᠎ᠡ᠃ | ◆ ᠠᠵᠢᠯ ᠤᠨ ᠪᠠᠶᠢᠷᠢ ᠲᠣᠬᠢᠷᠠᠭᠤᠯᠬᠤ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ᠃ ᠠᠵᠢᠯ ᠤᠨ | ᠪᠠᠶᠢᠷᠢ ᠲᠣᠬᠢᠷᠠᠭᠤᠯᠬᠤ ᠲᠥᠰᠦᠯ ᠪᠣᠯ ᠰᠤᠷᠭᠠᠭᠤᠯᠢ ᠶᠢᠨ ᠢᠯᠡ ᠪᠠᠷ ᠠᠵᠢᠯᠲᠠᠨ ᠡᠯᠰᠡᠬᠦ᠂ ᠠᠵᠢᠯ ᠤᠨ ᠪᠠᠶᠢᠷᠢ ᠶᠢᠨ | ᠵᠡᠷᠭᠡ ᠳᠡᠰ ᠢ ᠲᠣᠭᠲᠠᠭᠠᠬᠤ᠂ ᠠᠵᠢᠯ ᠤᠨ ᠪᠠᠶᠢᠷᠢ ᠳᠤ ᠲᠣᠬᠢᠷᠠᠭᠤᠯᠤᠯᠲᠠ ᠬᠢᠬᠦ ᠵᠢᠴᠢ ᠴᠠᠯᠢᠩ ᠣᠯᠭᠤᠮᠵᠢ ᠶᠢ ᠬᠢᠨᠠᠨ | ᠲᠣᠭᠲᠠᠭᠠᠬᠤ ᠭᠤᠤᠯ ᠦᠨᠳᠦᠰᠦᠯᠡᠯ ᠪᠣᠯᠤᠨ᠎ᠠ᠃ | ◆ ᠠᠵᠢᠯ ᠤᠨ ᠪᠠᠶᠢᠷᠢ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ | ◆ ᠰᠢᠶᠠᠨ ᠤ ᠬᠡᠪᠴᠢᠶᠡᠨ ᠤ ᠨᠢᠭᠡᠳᠦᠯᠲᠡᠶ ᠬᠠᠮᠢᠶᠠᠷᠤᠯᠲᠠ ᠶᠢ ᠬᠡᠷᠡᠭᠵᠢᠭᠦᠯᠣᠨ᠎ᠡ᠃ | ◆ ᠠᠵᠢᠯ ᠤᠨ ᠪᠠᠶᠢᠷᠢ ᠶᠢᠨ ᠬᠡᠯᠪᠠᠶᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ◆ ᠠᠵᠢᠯ ᠤᠨ ᠪᠠᠶᠢᠷᠢ ᠶᠢᠨ ᠥᠷᠢᠰᠥᠯᠳᠦᠭᠡᠨ ᠢ ᠵᠢᠷᠤᠮᠵᠢᠭᠤᠯᠤᠨ᠎ᠠ᠃ | ◆ ᠤᠷᠢᠭᠰᠠᠨ ᠤ ᠳᠠᠷᠠᠭᠠᠬᠢ ᠬᠠᠮᠢᠶᠠᠷᠤᠯᠲᠠ ᠶᠢ ᠴᠢᠩᠭᠠᠳᠬᠠᠨ᠎ᠠ᠃ | ◆ ᠵᠣᠬᠢᠶᠠᠨ ᠪᠠᠶᠢᠭᠤᠯᠤᠯᠲᠠ ᠤᠳᠤᠷᠢᠳᠤᠯᠭ᠎ᠠ ᠶᠢ ᠴᠢᠩᠭᠠᠳᠬᠠᠨ᠎ᠠ᠃ | ◆ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ | ◆ ᠲᠤᠰ ᠰᠠᠨᠠᠯ ᠢ ᠡᠩ ᠤᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ᠂ ᠣᠨᠴᠠᠭᠠᠢ | ᠰᠤᠷᠭᠠᠨ ᠬᠥᠮᠦᠵᠢᠯ ᠤᠨ ᠰᠤᠷᠭᠠᠭᠤᠯᠢ᠂ ᠲᠤᠰᠬᠠᠢ ᠰᠤᠷᠭᠠᠭᠤᠯᠢ ᠳᠤ ᠬᠡᠷᠡᠭᠯᠡᠨ᠎ᠡ᠃ | |