ᠡᠶᠢᠮᠣᠷᠬᠦ ᠤᠮᠳᠠᠭᠠᠨ ᠢ ᠤᠤᠭᠤᠪᠠᠯ ᠲᠤᠯᠠᠢ ᠡᠪᠡᠳᠴᠢᠨ ᠢ ᠡᠭᠦᠰᠭᠡᠨ᠎ᠡ ᠭᠡᠨ᠎ᠡ ᠤᠤ︖
ᠨᠡᠶᠢᠲᠡᠯᠡᠭᠰᠡᠨ ᠴᠠᠭ᠄
2022/9/19
    ᠡᠮᠴᠢ ᠶᠢᠨ ᠰᠠᠨᠠᠭᠤᠯᠤᠭᠰᠠᠨ ᠨᠢ᠂ ᠦᠷᠭᠦᠯᠵᠢ ᠨᠡᠭᠦᠷᠡᠰᠦᠬᠦ᠋ᠴᠢᠯ ᠤᠨ ᠤᠮᠳᠠᠭᠠᠨ ᠢ ᠶᠡᠭᠡ ᠬᠡᠮᠵᠢᠶ᠎ᠡ ᠪᠠᠷ ᠤᠤᠭᠤᠪᠠᠯ ᠦᠨᠡᠬᠡᠷ ᠲᠤᠯᠠᠢ ᠡᠪᠡᠳᠴᠢᠨ ᠢ ᠡᠭᠦᠰᠭᠡᠵᠦ ᠮᠡᠳᠡᠨ᠎ᠡ᠂ ᠭᠤᠤᠯᠳᠠᠭᠤ ᠤᠮᠳᠠᠭᠠᠨ ᠤ ᠳᠣᠲᠣᠷᠠᠬᠢ ᠨᠡᠭᠦᠷᠡᠰᠦᠬᠦ᠋ᠴᠢᠯ ᠠᠴᠠ ᠪᠣᠯᠤᠭᠰᠠᠨ ᠪᠢᠰᠢ᠂ ᠬᠠᠷᠢᠨ ᠲᠡᠭᠦᠨ ᠤ ᠳᠣᠲᠣᠷᠠᠬᠢ ᠰᠢᠬᠢᠷ᠂ ᠢᠯᠠᠩᠭᠤᠶ᠎ᠠ ᠵᠢᠮᠢᠰ ᠤᠨ ᠰᠢᠬᠢᠷ ᠠᠴᠠ ᠪᠣᠯᠤᠭᠰᠠᠨ ᠶᠤᠮ᠃ ᠵᠢᠮᠢᠰ ᠤᠨ ᠰᠢᠬᠢᠷ ᠢ ᠶᠡᠭᠡ ᠬᠡᠮᠵᠢᠶ᠎ᠡ ᠪᠠᠷ ᠢᠳᠡᠭᠰᠡᠨ ᠤ ᠳᠠᠷᠠᠭ᠎ᠠ᠂ ᠪᠢᠳᠡᠨ ᠤ ᠪᠡᠶ᠎ᠡ ᠳᠣᠲᠣᠷ ᠫᠦᠷᠢᠨ ᠢ ᠡᠭᠦᠰᠭᠡᠵᠦ᠂ ᠲᠡᠭᠦᠨ ᠢ ᠰᠣᠯᠢᠯᠴᠠᠭ᠎ᠠ ᠬᠢᠭᠰᠡᠨ ᠤ ᠳᠠᠷᠠᠭ᠎ᠠ ᠰᠢᠭᠡᠰᠦᠨ ᠬᠦᠴᠢᠯ ᠢ ᠶᠡᠬᠡᠰᠭᠡᠵᠦ᠂ ᠲᠤᠯᠠᠢ ᠡᠪᠡᠳᠴᠢᠨ ᠡᠭᠦᠰᠭᠡᠨ᠎ᠡ᠃ ᠡᠶᠢᠮᠦ ᠠᠴᠠ ᠰᠢᠬᠢᠷᠯᠢᠭ ᠤᠮᠳᠠᠭᠠᠨ ᠢ ᠬᠡᠳᠦᠶ ᠠᠷᠪᠢᠨ ᠤᠤᠭᠤᠪᠠᠯ ᠲᠤᠯᠠᠢ ᠡᠪᠡᠳᠴᠢᠨ ᠡᠭᠦᠰᠬᠦ ᠲᠦᠭᠰᠢᠭᠦᠷᠢ ᠨᠢ ᠲᠡᠳᠦᠶ ᠶᠡᠭᠡ ᠪᠠᠶᠢᠳᠠᠭ᠃     ᠡᠮᠴᠢ ᠶᠢᠨ ᠲᠠᠨᠢᠯᠴᠠᠭᠤᠯᠤᠭᠰᠠᠨ ᠢᠶᠠᠷ᠂ ᠰᠢᠬᠢᠷ ᠦᠭᠡᠢ ᠤᠮᠳᠠᠭᠠᠨ ᠤ ᠰᠢᠬᠢᠷᠯᠢᠭ ᠠᠮᠲᠠ ᠨᠢ ᠭᠤᠤᠯᠳᠠᠭᠤ ᠰᠢᠬᠢᠷᠯᠢᠭ ᠡᠳ᠋ ᠠᠴᠠ ᠢᠷᠡᠯᠲᠡ ᠲᠠᠢ᠂ ᠦᠨᠳᠦᠰᠦᠨ ᠳᠡᠭᠡᠨ ᠬᠥᠮᠦᠨ ᠤ ᠪᠡᠶ᠎ᠡ ᠳᠤ ᠰᠢᠩᠭᠡᠭᠡᠭᠳᠡᠬᠦ ᠦᠭᠡᠢ᠂ ᠶᠡᠷᠦᠩᠬᠡᠶ ᠳᠤᠨᠢ ᠠᠪᠴᠤ ᠬᠡᠯᠡᠪᠡᠯ ᠲᠤᠯᠠᠢ ᠡᠪᠡᠳᠴᠢᠨ ᠳᠤ ᠳᠡᠮᠡᠶ ᠨᠥᠯᠥᠭᠡ ᠦᠭᠡᠢ᠃     ᠲᠤᠯᠠᠢ ᠡᠪᠡᠳᠴᠢᠨ ᠢ ᠰᠡᠷᠭᠡᠶᠢᠯᠡᠬᠦ ᠳᠤ ᠡᠩ ᠲᠡᠷᠢᠭᠦᠨ ᠳᠤ ᠠᠷᠢᠬᠢ ᠳᠤ ᠪᠠᠭ᠎ᠠ ᠤᠶᠢᠷᠡᠳ᠂ ᠰᠫᠢᠷᠲ ᠨᠢ ᠪᠡᠶ᠎ᠡ ᠮᠠᠬᠠᠪᠣᠳ ᠲᠤ ᠨᠡᠩ ᠠᠷᠪᠢᠨ ᠫᠦᠷᠢᠨ ᠡᠭᠦᠰᠭᠡᠳᠡᠭ ᠶᠤᠮ ᠪᠤᠯᠬᠤᠷ ᠪᠠᠭ᠎ᠠ ᠤᠤᠭᠤᠬᠤ ᠪᠤᠶᠤ ᠤᠤᠭᠤᠬᠤ ᠦᠭᠡᠢ ᠪᠠᠶᠢᠪᠠᠯ ᠵᠣᠬᠢᠨ᠎ᠠ᠃ ᠳᠠᠷᠠᠭ᠎ᠠ ᠳᠤᠨᠢ᠂ ᠠᠮᠢᠲᠠᠨ ᠤ ᠳᠣᠲᠣᠷ ᠡᠷᠬᠡᠲᠡᠨ᠂ ᠬᠠᠯᠠᠭᠤᠨ ᠲᠣᠭᠤᠭ᠎ᠠ᠂ ᠳᠠᠯᠠᠢ ᠶᠢᠨ ᠢᠳᠡᠭᠡᠨ ᠵᠡᠷᠭᠡ ᠫᠦᠷᠢᠨ ᠶᠡᠬᠡᠲᠡᠢ ᠢᠳᠡᠭᠡᠨ ᠢ ᠪᠠᠭ᠎ᠠ ᠢᠳᠡᠨ᠎ᠡ᠃ ᠭᠤᠷᠪᠠᠳᠤᠭᠠᠷ ᠲᠤ᠂ ᠤᠰᠤ ᠨᠥᠬᠦᠪᠥᠷᠢᠯᠡᠬᠦ ᠶᠢ ᠠᠩᠬᠠᠷᠴᠤ᠂ ᠢᠯᠡᠭᠦᠬᠡᠨ ᠤᠰᠤ ᠤᠤᠭᠤᠬᠤ ᠬᠡᠷᠡᠭᠲᠡᠢ᠃ ᠨᠠᠮᠤᠷ ᠡᠪᠦᠯ ᠪᠣᠯᠤᠭᠰᠠᠨ ᠤ ᠳᠠᠷᠠᠭ᠎ᠠ᠂ ᠠᠭᠤᠷ ᠠᠮᠢᠰᠬᠤᠯ ᠰᠡᠷᠢᠭᠦᠨ᠂ ᠭᠠᠩ ᠬᠠᠭᠤᠷᠠᠶ ᠪᠠᠶᠢᠵᠤ᠂ ᠪᠡᠶ᠎ᠡ ᠶᠢᠨ ᠭᠠᠳᠠᠷᠭᠤ ᠠᠴᠠ ᠠᠭᠤᠷᠰᠢᠬᠤ ᠤᠰᠤ ᠨᠡᠮᠡᠭᠳᠡᠵᠦ᠂ ᠴᠢᠰᠤᠨ ᠳᠣᠲᠣᠷᠠᠬᠢ ᠰᠢᠭᠡᠰᠦᠨ ᠬᠦᠴᠢᠯ ᠤᠨ ᠥᠳᠬᠡᠴᠡ ᠪᠠᠰᠠ ᠲᠡᠭᠡᠭᠰᠢᠯᠡᠭᠡᠳ᠂ ᠲᠤᠯᠠᠢ ᠡᠪᠡᠳᠴᠢᠨ ᠢ ᠡᠭᠦᠰᠭᠡᠨ᠎ᠡ᠃ ᠳᠥᠷᠪᠡᠳᠦᠭᠡᠷ ᠲᠤ᠂ ᠬᠥᠳᠡᠯᠭᠡᠭᠡᠨ ᠢ ᠠᠩᠬᠠᠷ᠃ ᠠᠭᠤᠷ ᠠᠮᠢᠰᠬᠤᠯ ᠬᠦᠢᠲᠡᠷᠡᠭᠰᠡᠨ ᠤ ᠳᠠᠷᠠᠭ᠎ᠠ᠂ ᠡᠳᠦᠷ ᠪᠣᠭᠤᠨᠢᠰᠴᠤ᠂ ᠬᠥᠮᠦᠰ ᠤᠨ ᠬᠥᠳᠡᠯᠭᠡᠭᠡᠨ ᠤ ᠴᠠᠭ ᠨᠢ ᠴᠦ ᠬᠠᠷᠢᠴᠠᠩᠭᠤᠶ ᠪᠠᠷ ᠪᠠᠭᠠᠰᠤᠨ᠎ᠠ᠃ ᠬᠡᠷᠪᠡ ᠤᠳᠠᠭᠠᠨ ᠰᠠᠭᠤᠭᠠᠳ ᠬᠥᠳᠡᠯᠭᠡᠭᠡᠨ ᠬᠢᠬᠦ ᠦᠭᠡᠢ ᠪᠣᠯ᠂ ᠪᠡᠶ᠎ᠡ ᠶᠢᠨ ᠰᠢᠭᠡᠰᠦᠨ ᠬᠦᠴᠢᠯ ᠢ ᠰᠣᠯᠢᠯᠴᠠᠬᠤ ᠴᠢᠳᠠᠪᠤᠷᠢ ᠲᠣᠷᠣᠭᠰᠢᠯᠠᠵᠤ᠂ ᠲᠤᠯᠠᠢ ᠡᠪᠡᠳᠴᠢᠨ ᠢ ᠡᠭᠦᠰᠭᠡᠨ᠎ᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号