ᠤᠳᠤᠭ ᠤᠨ ᠡᠮᠤᠨᠡᠳᠤ ᠬᠤᠰᠢᠭᠤ 10000 ᠮᠤ᠋ ᠪᠤᠷᠴᠠᠭ ᠢᠶᠠᠨ ᠬᠠᠳᠤᠵᠤ ᠡᠬᠢᠯᠡᠯ᠎ᠡ
ᠨᠡᠶᠢᠲᠡᠯᠡᠭᠰᠡᠨ ᠴᠠᠭ᠄
2022/9/21
    ᠬᠠᠪᠤᠷ  ᠳᠠᠷᠢᠭᠰᠡᠨ ᠨᠢᠬᠡ ᠮᠥᠬᠦᠯᠢᠭ ᠠᠮᠤ᠂ ᠨᠠᠮᠤᠷ ᠲᠦᠮᠡᠨ ᠮᠦᠬᠦᠯᠢᠭ ᠬᠤᠷᠢᠶᠠᠯᠳᠠ ᠤᠯᠤᠨ᠎ᠠ᠃ ᠨᠠᠮᠤᠷ  ᠤᠨ ᠬᠤᠷᠢᠶᠠᠯᠳᠠ ᠶᠢᠨ ᠰᠠᠶᠢᠬᠠᠨ ᠤᠯᠠᠷᠢᠯ ᠳᠤ᠂ ᠤᠳᠤᠭ ᠤᠨ ᠡᠮᠤᠨᠡᠳᠤ ᠬᠤᠰᠢᠭᠤᠨ ᠤ 10000 ᠮᠤ᠋ ᠶᠢᠨ ᠰᠢᠷ᠎ᠠ ᠪᠤᠷᠴᠠᠭ ᠦᠷᠡᠯᠡᠵᠤ ᠪᠤᠯᠪᠠᠰᠤᠷᠠᠭᠠᠤᠨ ᠬᠠᠳᠤᠵᠤ ᠬᠤᠷᠢᠶᠠᠬᠤ ᠠᠵᠢᠯ ᠡᠬᠢᠯᠡᠪᠡ᠃     ᠤᠯᠵᠠᠴᠢ ᠪᠠᠯᠭᠠᠰᠤ ᠶᠢᠨ ᠶᠡᠬᠡᠨ᠋ᠤᠰᠤ ᠭᠠᠴᠠᠭᠠᠨ ᠤ 1000 ᠮᠤ᠋ ᠶᠢᠨ ᠰᠢᠷ᠎ᠠ ᠪᠤᠷᠴᠠᠭ ᠪᠤᠯᠤᠨ ᠡᠷᠳᠠᠨᠢ ᠰᠢᠰᠢ  ᠶᠢ ᠬᠤᠯᠢᠯᠳᠤᠭᠤᠯᠤᠨ ᠳᠠᠷᠢᠭᠰᠡᠨ ᠳᠠᠷᠢᠶᠠᠨ ᠭᠠᠵᠠᠷ ᠲᠤ᠂ ᠳᠤᠮᠤ ᠬᠡᠯᠪᠡᠷᠢ ᠶᠢᠨ ᠬᠠᠳᠤᠵᠤ ᠬᠤᠷᠢᠶᠠᠬᠤ ᠮᠠᠰᠢᠨ ᠨᠠᠭᠠᠰᠢ ᠴᠠᠭᠠᠰᠢ ᠰᠦᠯᠵᠢᠯᠳᠤᠨ᠂ ᠬᠠᠳᠤᠬᠤ᠂ ᠰᠠᠯᠭᠠᠬᠤ᠂ ᠮᠦᠯᠢᠬᠦ ᠵᠡᠷᠬᠡ ᠠᠵᠢᠯ ᠢ ᠬᠦᠢᠴᠡᠤᠨᠬᠡᠵᠤ ᠪᠠᠶᠢᠯ᠎ᠠ᠃     ᠤᠶᠢᠯᠠᠭᠠᠭᠰᠡᠨ ᠢᠶᠠᠷ᠂ ᠰᠢᠷ᠎ᠠ ᠪᠤᠷᠴᠠᠭ ᠪᠤᠯᠤᠨ ᠡᠷᠳᠡᠨᠢ ᠰᠢᠰᠢ ᠶᠢ ᠪᠦᠰᠡ ᠬᠡᠯᠪᠡᠷᠢᠳᠠᠢ ᠬᠤᠯᠢᠯᠳᠤᠭᠤᠯᠤᠨ ᠳᠠᠷᠢᠬᠤ ᠵᠠᠭᠪᠤᠷ ᠨᠢ ᠭᠠᠵᠠᠷ ᠰᠢᠷᠤᠢ ᠶᠢᠨ ᠤᠷᠤᠨ ᠵᠠᠢ ᠶᠢ ᠬᠦᠢᠴᠡᠤᠨ ᠠᠰᠢᠭᠯᠠᠵᠤ᠂ ᠰᠠᠯᠬᠢ ᠨᠡᠪᠳᠡᠷᠡᠬᠦᠯᠤᠨ ᠬᠡᠷᠡᠯ ᠦᠵᠡᠬᠦᠯᠬᠦ ᠪᠠ ᠤᠰᠤ ᠬᠠᠮᠠᠭᠠᠯᠠᠬᠤ ᠶᠢ ᠨᠡᠮᠡᠭᠳᠡᠬᠦᠯᠤᠨ᠂ ᠳᠠᠷᠢᠶᠠᠯᠠᠩ ᠤᠨ ᠬᠠᠩᠭᠠᠯᠭ᠎ᠠ ᠶᠢᠨ ᠳᠠᠯ᠎ᠠ ᠶᠢᠨ ᠪᠦᠳᠤᠴᠠ  ᠶᠢᠨ ᠴᠢᠨᠠᠷᠳᠠᠢ ᠳᠤᠬᠢᠷᠠᠭᠤᠯᠤᠯᠳᠠ ᠳᠤ ᠨᠢᠬᠡᠨ ᠰᠢᠨ᠎ᠠ ᠰᠤᠩᠭᠤᠯᠲᠠ ᠬᠠᠩᠭᠠᠵᠤ᠂ ᠨᠢᠬᠡ ᠳᠠᠷᠢᠶᠠᠨ ᠭᠠᠵᠠᠷ ᠠᠴᠠ ᠬᠤᠤᠰ ᠬᠤᠷᠢᠶᠠᠯᠳᠠ ᠤᠯᠬᠤ ᠶᠢ ᠪᠡᠶᠡᠯᠡᠬᠦᠯᠵᠤ᠂ ᠳᠠᠷᠢᠶᠠᠴᠢᠤᠨ ᠤᠨ ᠤᠷᠤᠯᠭ᠎ᠠ ᠶᠢᠨ ᠨᠡᠮᠡᠭᠳᠡᠯ ᠢ ᠠᠬᠢᠭᠤᠯᠬᠤ ᠰᠢᠨ᠎ᠠ ᠬᠦᠳᠡᠯᠬᠡᠬᠦ ᠬᠦᠴᠤᠨ ᠪᠤᠯᠤᠭᠰᠡᠨ ᠪᠠᠶᠢᠨ᠎ᠠ᠃     ᠠᠮᠤ ᠪᠤᠳᠠᠭᠠᠨ ᠤ ᠠᠮᠤᠷ ᠲᠦᠪᠰᠢᠨ ᠪᠤᠯ ᠳᠠᠷᠢᠶᠠᠯᠠᠩ᠂ ᠬᠦᠳᠡᠭᠡ ᠳᠤᠰᠬᠤᠨ᠂ ᠳᠠᠷᠢᠶᠠᠴᠢᠨ ᠤ ᠠᠵᠢᠯ ᠤᠨ ᠳᠡᠷᠢᠬᠦᠨ ᠴᠢᠬᠤᠯᠠ ᠶᠠᠪᠤᠳᠠᠯ ᠪᠠ ᠳᠡᠷᠢᠬᠦᠨ ᠴᠢᠬᠤᠯᠠ ᠡᠬᠦᠷᠬᠡ ᠪᠤᠯᠬᠤ ᠶᠤᠮ᠃ 2022 ᠤᠨ ᠳᠤ᠂ ᠤᠳᠤᠭ ᠤᠨ ᠡᠮᠤᠨᠡᠳᠤ ᠬᠤᠰᠢᠭᠤ ᠨᠢ ᠭᠠᠵᠠᠷ ᠰᠢᠷᠤᠢ ᠶᠢ ᠬᠠᠮᠠᠭᠠᠯᠠᠵᠤ᠂ ᠠᠮᠤ ᠪᠤᠳᠠᠭ᠎ᠠ ᠬᠦᠮᠤᠷᠬᠡᠯᠡᠬᠦ ᠮᠡᠷᠬᠡᠵᠢᠯ ᠤᠨ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠨ ᠨᠠᠶᠢᠳᠠᠪᠤᠷᠢᠵᠢᠭᠤᠯᠵᠤ᠂ ᠠᠵᠤ ᠤᠶᠢᠯᠡᠰ ᠤᠨ ᠪᠦᠳᠤᠴᠠ ᠶᠢ ᠢᠳᠡᠪᠬᠢᠳᠠᠢ ᠳᠤᠬᠢᠷᠠᠭᠤᠯᠵᠤ᠂ ︽ᠡᠷᠳᠡᠨᠢ ᠰᠢᠰᠢ+ ᠰᠢᠷ᠎ᠠ ᠪᠤᠷᠴᠠᠭ︾ ᠢ ᠢᠵᠢ ᠪᠦᠷᠢᠳᠤᠬᠦᠯᠤᠨ ᠳᠠᠷᠢᠬᠤ ᠬᠡᠯᠪᠡᠷᠢ ᠶᠢ ᠶᠡᠬᠡᠪᠡᠷ ᠳᠡᠯᠬᠡᠷᠡᠬᠦᠯᠵᠤ᠂ ᠰᠢᠷ᠎ᠠ ᠪᠤᠷᠴᠠᠭ ᠪᠤᠯᠤᠨ ᠡᠷᠳᠡᠨᠢ ᠰᠢᠰᠢ ᠶᠢᠨ ᠪᠦᠰᠡ ᠬᠡᠯᠪᠡᠷᠢᠳᠠᠢ ᠬᠤᠯᠢᠯᠳᠤᠭᠤᠯᠤᠨ ᠳᠠᠷᠢᠬᠤ ᠳᠠᠯᠠᠪᠠᠢ ᠶᠢ ᠪᠦᠬᠦ ᠬᠤᠰᠢᠭᠤᠨ ᠤ 4 ᠪᠠᠯᠭᠠᠰᠤᠨ ᠳᠤ ᠨᠠᠶᠢᠳᠠ 10000 ᠮᠤ᠋ ᠦᠷᠨᠢᠬᠦᠯᠵᠤ᠂ ᠵᠢᠱᠢᠯᠳᠠ ᠪᠠᠷ 9 ᠰᠠᠷ᠎ᠠ ᠶᠢᠨ ᠰᠡᠬᠦᠯᠴᠢ  ᠪᠠᠷ ᠪᠦᠬᠦᠨ ᠢ ᠬᠤᠷᠢᠶᠠᠵᠤ ᠳᠠᠭᠤᠰᠬᠠᠬᠤ ᠪᠠᠷ ᠪᠠᠶᠢᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠨᠡᠶᠢᠳᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号