ᠤᠳᠤᠭ ᠤᠨ ᠡᠮᠤᠨᠡᠳᠤ ᠬᠤᠰᠢᠭᠤ ᠪᠠᠰᠠ ᠨᠢᠬᠡ ᠠᠺᠠᠳᠧᠮᠢᠴᠢ ᠳᠤᠰᠬᠠᠢ ᠮᠡᠷᠬᠡᠵᠢᠯᠳᠠᠨ ᠤ ᠠᠵᠢᠯ ᠤᠨ ᠦᠷᠳᠡᠭᠡ ᠲᠠᠢ ᠪᠤᠯᠪᠠ
ᠨᠡᠶᠢᠲᠡᠯᠡᠭᠰᠡᠨ ᠴᠠᠭ᠄
2022/9/21
    ᠤᠶᠢᠷ᠎ᠠ ᠳᠤ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ᠂ ᠦᠪᠡᠷᠳᠡᠬᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠬᠡᠵᠢᠯ ᠤᠨ ᠲᠢᠩᠬᠢᠮ᠂ ᠦᠪᠡᠷᠳᠡᠬᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠬᠡᠵᠢᠯ ᠤᠨ ᠨᠠᠶᠢᠬᠡᠮᠯᠢᠭ ᠬᠠᠮᠳᠤᠷᠠᠨ ︽ᠦᠪᠤᠷ ᠮᠤᠩᠭᠤᠯ  ᠤᠨ ᠤᠶᠤᠨᠴᠢ ᠬᠤᠳᠠ ᠶᠢᠨ ᠠᠺᠠᠳᠧᠮᠢᠴᠢ ᠳᠤᠰᠬᠠᠢ ᠮᠡᠷᠬᠡᠵᠢᠯᠳᠠᠨ ᠤ ᠠᠵᠢᠯ ᠤᠨ ᠦᠷᠳᠡᠭᠡ ᠵᠡᠷᠬᠡ 6 ᠠᠺᠠᠳᠧᠮᠢᠴᠢ ᠳᠤᠰᠬᠠᠢ ᠮᠡᠷᠬᠡᠵᠢᠯᠳᠠᠨ ᠤ ᠠᠵᠢᠯ ᠤᠨ ᠦᠷᠳᠡᠭᠡ ᠶᠢ ᠮᠠᠭᠠᠤᠨᠯᠠᠨ ᠳᠤᠭᠳᠠᠭᠠᠬᠤ ᠶᠢ ᠵᠦᠪᠰᠢᠶᠡᠷᠡᠬᠦ ᠳᠤᠬᠠᠢ ᠮᠡᠳᠡᠭᠳᠡᠯ︾ ᠢ ᠪᠠᠭᠤᠯᠭᠠᠭᠰᠡᠨ ᠳᠤ᠂ ᠤᠳᠤᠭ ᠤᠨ ᠡᠮᠤᠨᠡᠳᠤ ᠬᠤᠰᠢᠭᠤᠨ ᠤ ᠦᠪᠤᠷ ᠮᠤᠩᠭᠤᠯ ᠤᠨ ᠱᠠᠩᠬᠠᠢ ᠶᠢᠨ ᠰᠦᠮ᠎ᠠ ᠶᠢᠨ ᠠᠭᠤᠷᠬᠠᠢ ᠶᠢᠨ ᠤᠶᠢᠯᠡᠰ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠠᠺᠠᠳᠧᠮᠢᠴᠢ ᠳᠤᠰᠬᠠᠢ ᠮᠡᠷᠬᠡᠵᠢᠯᠳᠠᠨ ᠤ ᠠᠵᠢᠯ ᠤᠨ ᠦᠷᠳᠡᠭᠡ ᠦᠨᠡᠯᠡᠭᠳᠡᠭᠰᠡᠨ ᠪᠠᠶᠢᠨ᠎ᠠ᠃     ᠤᠳᠤ ᠪᠤᠯᠳᠠᠯ᠎ᠠ᠂ ᠤᠳᠤᠭ ᠤᠨ ᠡᠮᠤᠨᠡᠳᠤ ᠬᠤᠰᠢᠭᠤ ᠪᠤᠯᠤᠨ ᠤᠯᠤᠰ ᠤᠨ ᠳᠤᠳᠤᠭᠠᠳᠤ ᠭᠠᠳᠠᠭᠠᠳᠤ ᠶᠢᠨ ᠳᠡᠬᠡᠳᠤ ᠳᠡᠰ ᠤᠨ ᠠᠺᠠᠳᠧᠮᠢᠴᠢ ᠳᠤᠰᠬᠠᠢ ᠮᠡᠷᠬᠡᠵᠢᠯᠳᠠᠨ ᠤ ᠪᠦᠯᠬᠦᠮ ᠬᠠᠮᠳᠤᠷᠠᠨ ᠪᠠᠶᠢᠭᠤᠯᠤᠭᠰᠡᠨ ᠠᠺᠠᠳᠧᠮᠢᠴᠢ ᠳᠤᠰᠬᠠᠢ ᠮᠡᠷᠬᠡᠵᠢᠯᠳᠠᠨ ᠤ ᠠᠵᠢᠯ ᠤᠨ ᠦᠷᠳᠡᠭᠡ 2 ᠪᠠᠶᠢᠨ᠎ᠠ᠃ ᠳᠠᠷᠤᠢ ᠤᠳᠤᠭ ᠤᠨ ᠡᠮᠤᠨᠡᠳᠤ ᠬᠤᠰᠢᠭᠤᠨ ᠤ ᠮᠤᠩᠭᠤᠯ ᠤᠨ ᠥᠨᠳᠦᠷᠯᠢᠭ ᠤᠨ ᠨᠤᠤᠯᠤᠭᠤᠷ ᠤᠨ ᠢᠮᠠᠭᠠᠨ ᠤ ᠦᠨᠳᠤᠷ ᠪᠦᠳᠤᠮᠵᠢᠳᠠᠢ ᠠᠮᠢ ᠠᠬᠤᠶᠢᠴᠢ ᠳᠡᠵᠢᠬᠡᠨ ᠦᠷᠡᠵᠢᠬᠦᠯᠬᠦ ᠮᠡᠷᠬᠡᠵᠢᠯ ᠤᠨ ᠰᠤᠳᠤᠯᠭᠠᠨ ᠤ ᠠᠺᠠᠳᠧᠮᠢᠴᠢ ᠳᠤᠰᠬᠠᠢ ᠮᠡᠷᠬᠡᠵᠢᠯᠳᠠᠨ ᠤ ᠠᠵᠢᠯ ᠤᠨ ᠦᠷᠳᠡᠭᠡ ᠪᠤᠯᠤᠨ ᠠᠩᠬᠠᠳᠠᠭᠴᠢ ᠡᠨᠧᠷᠬᠢ ᠶᠢᠨ ᠬᠦᠷᠢᠶᠡᠨ ᠤ ᠠᠺᠠᠳᠧᠮᠢᠴᠢ ᠳᠤᠰᠬᠠᠢ ᠮᠡᠷᠬᠡᠵᠢᠯᠳᠠᠨ ᠤ ᠠᠵᠢᠯ ᠤᠨ ᠦᠷᠳᠡᠭᠡ — ᠦᠪᠤᠷ ᠮᠤᠩᠭᠤᠯ ᠤᠨ ᠱᠠᠩᠬᠠᠢ ᠶᠢᠨ ᠰᠦᠮ᠎ᠠ ᠠᠭᠤᠷᠬᠠᠢ ᠶᠢᠨ ᠤᠶᠢᠯᠡᠰ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠠᠺᠠᠳᠧᠮᠢᠴᠢ ᠳᠤᠰᠬᠠᠢ ᠮᠡᠷᠬᠡᠵᠢᠯᠳᠠᠨ ᠤ ᠠᠵᠢᠯ ᠤᠨ ᠦᠷᠳᠡᠭᠡ ᠪᠤᠯᠤᠨ᠎ᠠ᠃ ᠡᠨᠡ ᠬᠤᠶᠠᠷ ᠠᠺᠠᠳᠧᠮᠢᠴᠢ ᠳᠤᠰᠬᠠᠢ ᠮᠡᠷᠬᠡᠵᠢᠯᠳᠠᠨ ᠤ ᠠᠵᠢᠯ ᠤᠨ ᠦᠷᠳᠡᠭᠡ ᠨᠢ ᠳᠤᠰ ᠪᠡᠶ᠎ᠡ ᠶᠢᠨ ᠰᠢᠨᠵᠢᠯᠡᠬᠦ ᠤᠬᠠᠭᠠᠨ ᠮᠡᠷᠬᠡᠵᠢᠯ  ᠤᠨ ᠰᠢᠨ᠎ᠠ ᠶᠢ ᠡᠬᠦᠤᠨᠬᠦ ᠪᠠ ᠰᠢᠨᠵᠢᠯᠡᠬᠦ ᠤᠬᠠᠭᠠᠨ ᠮᠡᠷᠬᠡᠵᠢᠯ ᠤᠨ ᠬᠦᠳᠤᠯᠤᠨ ᠳᠠᠭᠠᠭᠤᠯᠬᠤ ᠤᠶᠢᠯᠡᠳᠤᠯ ᠢ ᠬᠦᠢᠴᠡᠤᠨ ᠪᠠᠳᠠᠷᠠᠭᠤᠯᠵᠤ᠂ ᠰᠢᠨ᠎ᠠ ᠶᠢ ᠡᠬᠦᠤᠨᠬᠦ ᠰᠤᠳᠤᠯᠭᠠᠨ ᠢ ᠬᠠᠮᠳᠤᠷᠠᠨ ᠦᠷᠨᠢᠬᠦᠯᠵᠤ᠂ ᠵᠠᠩᠬᠢᠯᠠᠭ᠎ᠠ ᠶᠢᠨ ᠮᠡᠷᠬᠡᠵᠢᠯ ᠤᠨ ᠪᠡᠷᠬᠡ ᠰᠡᠳᠤᠪ ᠢ ᠰᠢᠢᠤᠨᠪᠤᠷᠢᠯᠡᠬᠦ ᠪᠠ ᠰᠢᠨᠵᠢᠯᠡᠬᠦ ᠤᠬᠠᠭᠠᠨ ᠮᠡᠷᠬᠡᠵᠢᠯ ᠤᠨ ᠦᠷ᠎ᠠ ᠪᠦᠳᠤᠬᠡᠯ ᠤᠨ ᠬᠤᠪᠢᠷᠠᠭᠤᠯᠤᠯᠳᠠ ᠶᠢ ᠠᠬᠢᠭᠤᠯᠵᠤ᠂ ᠰᠠᠶᠢᠨ ᠰᠠᠶᠢᠬᠠᠨ ᠨᠠᠶᠢᠬᠡᠮ ᠤᠨ ᠦᠷ᠎ᠠ ᠠᠰᠢᠭ ᠪᠠ ᠠᠵᠤ ᠠᠬᠤᠢ ᠶᠢᠨ ᠦᠷ᠎ᠠ ᠠᠰᠢᠭ ᠢ ᠤᠯᠵᠤ᠂ ᠮᠠᠨ ᠤ ᠬᠤᠰᠢᠭᠤᠨ ᠤ ᠠᠵᠤ ᠠᠬᠤᠢ ᠨᠠᠶᠢᠬᠡᠮ ᠤᠨ ᠴᠢᠨᠠᠷ ᠰᠠᠶᠢᠳᠠᠢ ᠬᠦᠭᠵᠢᠯᠳᠠ ᠶᠢ ᠪᠦᠳᠤᠮᠵᠢᠳᠠᠢ ᠠᠬᠢᠭᠤᠯᠵᠤ ᠪᠠᠶᠢᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠨᠡᠶᠢᠳᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号