ᠬᠤᠰᠢᠭᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ 10 ᠣᠳᠠᠭᠠᠨ ᠤ ᠲᠤᠬᠢᠷᠠᠭᠤᠯᠤᠯᠲᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/9/26
    9 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ  ᠤ ᠬᠤᠰᠢᠭᠤ ᠳᠠᠷᠤᠭ᠎ᠠ᠂ ᠬᠤᠰᠢᠭᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠶᠡᠷᠦᠩᠬᠡᠢ ᠵᠢᠯᠤᠭᠤᠳᠤᠭᠴᠢ ᠶᠠᠩ ᠶᠢᠩ ᠰᠢᠨ ᠤ ᠨᠠᠶᠢᠲᠠᠯᠭ᠎ᠠ ᠪᠠᠷ᠂ ᠬᠤᠰᠢᠭᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ 10 ᠣᠳᠠᠭᠠᠨ ᠤ ᠲᠤᠬᠢᠷᠠᠭᠤᠯᠤᠯᠲᠠ ᠶᠢᠨ ᠬᠤᠷᠠᠯ ᠬᠤᠰᠢᠭᠤ ᠬᠤᠷᠠᠯ ᠤᠨ ᠲᠦᠪ ᠲᠤ ᠬᠤᠷᠠᠯᠳᠣᠪᠠ᠃ ᠬᠤᠷᠠᠯ ᠠᠴᠠ ᠣᠳᠣᠬᠠᠨ ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠰᠡᠷᠬᠡᠶᠢᠯᠡᠨ ᠡᠵᠡᠮᠳᠡᠯ ᠤᠨ ᠪᠠᠶᠢᠳᠠᠯ ᠢ ᠨᠠᠶᠢᠲᠠᠯᠡᠬᠦ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢ ᠳᠠᠬᠢᠨᠲᠠ ᠲᠤᠬᠢᠷᠠᠭᠤᠯᠤᠨ ᠪᠠᠶᠢᠷᠢᠯᠠᠭᠤᠯᠵᠤ ᠨᠠᠶᠢᠲᠠᠪᠤᠷᠢᠵᠢᠭᠤᠯᠪᠠ᠃     ᠬᠤᠷᠠᠯ ᠠᠴᠠ ᠣᠳᠣᠬᠠᠨ ᠳᠤ ᠪᠦᠬᠦ ᠣᠯᠣᠰ ᠤᠨ ᠡᠯ᠎ᠡ ᠭᠠᠵᠠᠷ ᠣᠷᠣᠨ᠂ ᠣᠨᠴᠠᠭᠠᠶᠢᠯᠠᠨ ᠮᠠᠨ ᠤ ᠬᠤᠰᠢᠭᠤᠨ  ᠤ ᠣᠶᠢᠷ᠎ᠠ ᠬᠠᠪᠢ ᠶᠢᠨ ᠭᠠᠵᠠᠷ ᠣᠷᠣᠨ ᠤ ᠬᠢᠵᠢᠭ ᠤᠨ ᠪᠠᠶᠢᠳᠠᠯ ᠤᠨ ᠰᠡᠷᠬᠡᠶᠢᠯᠡᠨ ᠡᠵᠡᠮᠳᠡᠯ ᠪᠠᠶᠢᠳᠠᠯ ᠬᠦᠨᠳᠦ ᠨᠣᠴᠢᠲᠠᠢ ᠮᠦᠷᠲᠡᠭᠡᠨ ᠨᠠᠷᠢᠨ ᠪᠣᠳᠣᠯᠢᠶᠠᠨᠲᠠᠢ ᠪᠤᠯᠬᠤᠷ ᠪᠦᠬᠦ ᠬᠤᠰᠢᠭᠤ ᠪᠠᠷ ᠢᠶᠠᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠠᠷᠴᠢᠮ ᠢ ᠴᠢᠩᠭ᠎ᠠ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠯ᠎ᠡ ᠲᠦᠷᠦᠯ ᠤᠨ ᠠᠷᠭ᠎ᠠ ᠠᠪᠴᠠᠯ ᠢ ᠴᠢᠩᠭ᠎ᠠ ᠮᠦᠷᠲᠡᠭᠡᠨ ᠪᠤᠲᠠᠲᠠᠢ ᠪᠠᠷ ᠨᠠᠶᠢᠲᠠᠪᠤᠷᠢᠵᠢᠭᠤᠯᠬᠤ ᠬᠡᠷᠡᠭᠲᠡᠢ ᠬᠡᠵᠦ ᠵᠢᠭᠠᠭᠰᠠᠨ ᠪᠠᠶᠢᠨ᠎ᠠ᠃     ᠬᠤᠷᠠᠯ ᠠᠴᠠ ︽ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠬᠡᠶᠢᠯᠡᠬᠦ᠂ ᠲᠤᠲᠤᠨ᠎ᠠ ᠪᠠᠨ ᠳᠡᠯᠭᠡᠷᠡᠬᠦ ᠶᠢ ᠰᠡᠷᠬᠡᠶᠢᠯᠡᠬᠦ︾ ᠶᠡᠷᠦᠩᠬᠡᠢ ᠠᠷᠭ᠎ᠠ ᠪᠤᠳᠤᠯᠭ᠎ᠠ ᠶᠢ ᠭᠤᠶᠢᠪᠢᠰᠢ ᠦᠬᠡᠢ ᠪᠠᠷᠢᠮᠲᠠᠯᠠᠵᠤ᠂ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠰᠢᠰᠲ᠋ᠧᠮ ᠤᠨ ᠪᠠᠶᠢᠭᠤᠯᠤᠯᠲᠠ ᠶᠢ ᠣᠯᠠᠮ ᠨᠢᠬᠡ ᠠᠯᠬᠤᠮ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠰᠢᠢᠳᠪᠦᠷᠢᠯᠡᠯᠲᠡ ᠶᠢᠨ ᠴᠢᠳᠠᠪᠤᠷᠢ ᠪᠠᠨ ᠳᠡᠭᠡᠭᠰᠢᠯᠡᠬᠦᠯᠵᠦ᠂ ᠬᠢᠵᠢᠭ ᠤᠨ ᠪᠠᠶᠢᠳᠠᠯ ᠤᠨ ᠡᠯ᠎ᠡ ᠪᠠᠶᠢᠴᠠᠭᠠᠯᠲᠠ ᠶᠢᠨ ᠦᠷᠲᠡᠭᠡᠨ ᠤ ᠪᠠᠶᠢᠴᠠᠭᠠᠨ ᠡᠵᠡᠮᠳᠡᠬᠦ ᠡᠷᠴᠢᠮ ᠢ ᠴᠢᠩᠭᠠᠳᠬᠠᠨ᠂ ᠨᠢᠬᠡ ᠲᠡᠷᠭᠡ ᠶᠢ ᠴᠣ᠋ ᠣᠷᠬᠢᠭᠳᠠᠭᠤᠯᠬᠤ ᠦᠬᠡᠢ᠂ ᠨᠢᠬᠡ ᠬᠦᠮᠦᠨ ᠢ ᠴᠣ᠋ ᠬᠡᠬᠡᠭᠳᠡᠬᠦᠯᠬᠦ ᠦᠬᠡᠢ ᠪᠠᠶᠢᠬᠤ ᠶᠢ ᠪᠠᠲᠤᠯᠠᠵᠤ᠂ ᠬᠦᠷᠦᠭᠰᠡᠨ ᠭᠠᠵᠠᠷ ᠤᠨ ᠪᠦᠬᠡᠮ ᠬᠦᠴᠢᠯ ᠤᠨ ᠪᠠᠶᠢᠴᠠᠭᠠᠯᠲᠠ ᠵᠡᠷᠭᠡ ᠰᠡᠷᠬᠡᠶᠢᠯᠡᠨ ᠡᠵᠡᠮᠳᠡᠬᠦ ᠠᠷᠭ᠎ᠠ ᠠᠪᠴᠠᠯ ᠢ ᠴᠢᠩᠭ᠎ᠠ ᠨᠠᠶᠢᠲᠠᠪᠤᠷᠢᠵᠢᠭᠤᠯᠤᠨ᠂ ᠬᠢᠵᠢᠭ ᠤᠨ ᠪᠠᠶᠢᠳᠠᠯ ᠤᠨ ᠰᠡᠷᠬᠡᠶᠢᠯᠡᠯᠲᠡ ᠶᠢᠨ ᠱᠣᠭᠤᠮ ᠢ ᠡᠷᠡᠰ ᠪᠠᠬᠢᠵᠢᠬᠦᠯᠬᠦ ᠬᠡᠷᠡᠭᠲᠡᠢ᠃ ᠭᠤᠤᠯᠳᠠᠯᠭᠠᠲᠤ ᠬᠦᠮᠦᠰ ᠤᠨ ᠮᠦᠷᠳᠡᠯᠲᠡ ᠬᠠᠮᠢᠶᠠᠷᠤᠯᠲᠠ ᠪᠠ ᠳᠠᠬᠤᠯ ᠡᠪᠡᠳᠴᠢᠨ ᠤ ᠮᠦᠷᠳᠡᠨ ᠪᠠᠶᠢᠴᠠᠭᠠᠯᠲᠠ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ᠂ ᠪᠦᠬᠡᠮ ᠬᠦᠴᠢᠯ ᠤᠨ ᠪᠠᠶᠢᠴᠠᠭᠠᠯᠲᠠ᠂ ᠲᠤᠰᠠᠭᠠᠷᠯᠠᠯᠲᠠ ᠬᠠᠮᠢᠶᠠᠷᠤᠯᠲᠠ᠂ ᠡᠳ᠋ ᠪᠠᠷᠠᠭᠠᠨ ᠤ ᠨᠦᠬᠡᠴᠡᠯᠡᠯᠲᠡ ᠵᠡᠷᠭᠡ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠦ᠂ ᠰᠣᠷᠭᠠᠭᠤᠯᠢ᠂ ᠡᠮᠨᠡᠯᠭᠡ᠂ ᠪᠠᠭᠤᠳᠠᠯ᠂ ᠡᠳ᠋ ᠪᠠᠷᠠᠭᠠᠨ ᠤ ᠬᠦᠢᠯᠬᠡᠬᠡ ᠵᠡᠷᠭᠡ ᠭᠤᠤᠯᠳᠠᠯᠭᠠᠲᠤ ᠣᠷᠣᠨ ᠪᠦᠰᠡ ᠪᠠ ᠲᠠᠯᠠᠪᠤᠷ ᠤᠨ ᠬᠢᠨᠠᠨ ᠬᠠᠮᠢᠶᠠᠷᠤᠯᠲᠠ ᠶᠢᠨ ᠠᠷᠭ᠎ᠠ ᠠᠪᠴᠠᠯ ᠢ ᠴᠢᠩᠭᠠᠷᠠᠭᠤᠯᠤᠨ᠂ ᠺᠣᠳ᠋ ᠰᠢᠷᠪᠢᠵᠦ ᠳᠠᠩᠰᠠᠯᠠᠭᠤᠯᠬᠤ ᠳᠦᠷᠢᠮ ᠢ ᠴᠢᠩᠭ᠎ᠠ ᠨᠠᠶᠢᠲᠠᠪᠤᠷᠢᠵᠢᠭᠤᠯᠵᠤ᠂ ᠲᠠᠯᠠᠪᠤᠷ ᠤᠨ ᠺᠣᠳ᠋ ᠤᠨ ᠲᠦᠬᠡᠮᠡᠯᠵᠢᠬᠦᠯᠦᠯᠲᠡ ᠬᠡᠷᠡᠭᠯᠡᠯᠲᠡ ᠶᠢᠨ ᠨᠣᠷᠮ᠎ᠠ ᠶᠢ ᠪᠦᠲᠦᠮᠵᠢᠲᠡᠢ ᠳᠡᠭᠡᠭᠰᠢᠯᠡᠬᠦᠯᠬᠦ ᠬᠡᠷᠡᠭᠲᠡᠢ᠃ ᠴᠢᠬᠤᠯᠠ ᠪᠤᠰᠤ ᠪᠤᠯ ᠡᠷᠬᠢᠯᠡᠬᠦ ᠦᠬᠡᠢ ᠵᠠᠷᠴᠢᠮ ᠶᠤᠰᠤᠭᠠᠷ᠂ ᠴᠣᠭᠯᠠᠷᠠᠯ ᠤᠨ ᠴᠢᠨᠠᠷᠲᠠᠢ ᠠᠵᠢᠯᠯᠠᠭᠠᠨ ᠢ ᠴᠢᠩᠭ᠎ᠠ ᠬᠢᠵᠠᠭᠠᠷᠯᠠᠨ᠂ ᠠᠵᠤ ᠠᠬᠤᠢ ᠨᠡᠶᠢᠬᠡᠮ ᠤᠨ ᠠᠮᠣᠷ ᠲᠤᠭᠲᠠᠭᠤᠨ ᠡᠮᠬᠢ ᠵᠢᠷᠤᠮ ᠲᠠᠢ ᠪᠠᠶᠢᠬᠤ  ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠬᠤᠰᠢᠭᠤ ᠣᠳᠣᠷᠢᠳᠣᠯᠭ᠎ᠠ ᠸᠧᠢ ᠵᠧᠨ ᠰᠢᠣᠸᠡᠨ᠂ ᠰᠦᠩ ᠰᠢᠶᠤᠤ ᠯᠸᠢ᠂ ᠬᠤᠰᠢᠭᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠣᠭᠤᠶᠢᠯᠠᠩ᠂ ᠲᠤᠰᠬᠠᠢ ᠪᠠᠭ ᠵᠢᠴᠢ ᠬᠠᠮᠢᠶ᠎ᠠ ᠪᠦᠬᠦᠢ ᠪᠦᠷᠢᠯᠳᠦᠬᠦᠨ ᠨᠢᠬᠡᠴᠡ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号