ᠶᠠᠩ ᠶᠢᠩ ᠰᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/9/27
    9 ᠰᠠᠷ᠎ᠠ ᠶᠢᠨ 24 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠲᠠᠷᠤᠭ᠎ᠠ᠂ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠢ ᠵᠢᠯᠣᠭᠤᠳᠣᠭᠴᠢ ᠶᠠᠩ ᠶᠢᠩ ᠰᠢᠨ ᠬᠤᠰᠢᠭᠤᠨ ᠤ ᠡᠮ ᠡᠮᠴᠢᠯᠡᠭᠡᠨ ᠤ ᠪᠠᠶᠢᠭᠤᠯᠣᠮᠵᠢ᠂ ᠲᠦᠪᠯᠡᠷᠡᠩᠭᠦᠢ ᠲᠣᠰᠭᠠᠷᠠᠯᠠᠬᠤ ᠴᠡᠭ᠂ ᠬᠢᠵᠢᠭ ᠤᠨ ᠪᠠᠶᠢᠳᠠᠯ ᠤᠨ ᠰᠡᠷᠭᠡᠶᠢᠯᠡᠨ ᠡᠵᠡᠮᠳᠡᠯ ᠤᠨ ᠪᠠᠶᠢᠴᠠᠭᠠᠯᠳᠠ ᠶᠢᠨ ᠴᠡᠭ ᠵᠡᠷᠭᠡ ᠭᠠᠵᠠᠷ ᠢᠶᠠᠷ ᠬᠢᠵᠢᠭ ᠤᠨ ᠪᠠᠶᠢᠳᠠᠯ ᠤᠨ ᠰᠡᠷᠭᠡᠶᠢᠯᠡᠨ ᠡᠵᠡᠮᠳᠡᠯ ᠤᠨ ᠠᠵᠢᠯ ᠢ ᠬᠢᠨᠠᠨ ᠵᠢᠯᠣᠭᠤᠳᠪᠠ᠃     ᠶᠠᠩ ᠶᠢᠩ ᠰᠢᠨ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠡ᠂ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠬᠠᠯᠠᠭᠤᠷᠠᠭᠰᠠᠳ ᠤᠨ ᠡᠭᠦᠳᠡᠨ ᠡᠮᠨᠡᠯᠭᠡ ᠶᠢᠨ ᠠᠵᠢᠯᠯᠠᠮᠵᠢ᠂ ᠲᠣᠰᠭᠠᠷᠯᠠᠬᠤ ᠡᠪᠡᠳᠴᠢᠳᠡᠨ ᠤ ᠦᠷᠦᠭᠡ ᠶᠢᠨ ᠪᠠᠶᠢᠷᠢᠯᠠᠭᠤᠯᠣᠯᠳᠠ᠂ ᠬᠠᠯᠳᠠᠪᠦᠷᠢᠳᠦ ᠡᠪᠡᠳᠴᠢᠨ ᠤ ᠠᠰᠠᠷ ᠤᠨ ᠪᠠᠶᠢᠭᠤᠯᠣᠯᠳᠠ᠂ ᠲᠣᠷᠰᠢᠯᠳᠡ ᠶᠢᠨ ᠲᠠᠰᠤᠭ ᠤᠨ ᠠᠵᠢᠯᠯᠠᠮᠵᠢ᠂ ᠪᠦᠭᠡᠮ ᠬᠦᠴᠢᠯ ᠤᠨ ᠦᠯᠢᠭᠡᠷ ᠠᠪᠬᠤ ᠵᠡᠷᠭᠡ ᠠᠵᠢᠯ ᠤᠨ ᠦᠷᠨᠢᠭᠦᠯᠦᠯᠳᠡ ᠶᠢᠨ ᠪᠠᠶᠢᠳᠠᠯ ᠢ ᠪᠣᠳᠠᠳᠦ ᠭᠠᠵᠠᠷ ᠲᠤ ᠨᠢ ᠬᠦᠷᠴᠦ ᠪᠠᠶᠢᠴᠠᠭᠠᠪᠠ᠃ ᠲᠡᠷᠡ᠂ ᠡᠯ᠎ᠡ ᠡᠮᠴᠢᠯᠡᠭᠡᠨ ᠤ ᠪᠠᠶᠢᠭᠤᠯᠣᠮᠵᠢ ᠶᠢᠨ ᠣᠶᠢᠯᠠᠳᠣᠯ ᠢ ᠭᠦᠢᠴᠡᠳ ᠪᠠᠳᠠᠷᠠᠭᠤᠯᠣᠨ᠂ ᠣᠷᠢᠳᠴᠢᠯᠠᠨ ᠰᠢᠯᠭᠠᠨ ᠪᠠᠶᠢᠴᠠᠭᠠᠵᠣ ᠬᠤᠪᠢᠶᠠᠨ ᠣᠨᠣᠰᠢᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠦᠷᠢᠵᠢᠭᠤᠯᠵᠣ᠂ ᠬᠠᠯᠠᠭᠤᠷᠠᠭᠰᠠᠳ ᠤᠨ ᠡᠭᠦᠳᠡᠨ ᠡᠮᠨᠡᠯᠭᠡ᠂ ᠣᠷᠢᠳᠴᠢᠯᠠᠨ ᠰᠢᠯᠭᠠᠨ ᠪᠠᠶᠢᠴᠠᠭᠠᠵᠣ ᠬᠤᠪᠢᠶᠠᠨ ᠣᠨᠣᠰᠢᠯᠠᠬᠤ ᠬᠠᠮᠢᠶᠠᠷᠣᠯᠳᠠ ᠶᠢ ᠲᠦᠷᠢᠮᠵᠢᠭᠦᠯᠣᠨ᠂ ᠲᠣᠰᠭᠠᠷᠯᠠᠬᠤ ᠡᠪᠡᠳᠴᠢᠳᠡᠨ ᠤ ᠦᠷᠦᠭᠡ᠂ ᠬᠠᠯᠳᠠᠪᠦᠷᠢᠳᠦ ᠡᠪᠡᠳᠴᠢᠨ ᠤ ᠠᠰᠠᠷ᠂ ᠲᠣᠷᠰᠢᠯᠳᠡ ᠶᠢᠨ ᠲᠠᠰᠤᠭ ᠤᠨ ᠪᠠᠶᠢᠭᠤᠯᠣᠯᠳᠠ ᠪᠣᠯᠣᠨ ᠠᠵᠢᠯᠯᠠᠮᠵᠢ ᠶᠢ ᠣᠯᠠᠮ ᠨᠢᠭᠡ ᠠᠯᠠᠬᠤᠮ ᠲᠦᠷᠢᠮᠵᠢᠭᠦᠯᠣᠨ ᠲᠡᠭᠦᠯᠳᠡᠷᠵᠢᠭᠦᠯᠵᠣ᠂ ᠡᠯ᠎ᠡ ᠲᠦᠷᠦᠯ ᠤᠨ ᠲᠦᠬᠦᠭᠡᠷᠦᠮᠵᠢ ᠪᠦᠷᠢᠳᠦᠭᠦᠯᠦᠨ᠂ ᠡᠳ᠋ ᠪᠣᠳᠠᠰ ᠤᠨ ᠪᠠᠳᠣᠯᠠᠭ᠎ᠠ ᠶᠢ ᠴᠢᠩᠭᠠᠳᠬᠠᠵᠣ᠂ ᠠᠵᠢᠯᠠᠳᠠᠨ ᠤ ᠰᠣᠷᠣᠯᠴᠠᠯᠭ᠎ᠠ ᠪᠣᠯᠪᠠᠰᠣᠷᠠᠯ ᠢ ᠴᠢᠩᠭᠠᠳᠬᠠᠬᠤ ᠬᠡᠷᠡᠭᠳᠡᠢ᠃ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠣᠯᠭ᠎ᠠ ᠶᠢᠨ ᠲᠣᠭᠳᠠᠴᠠ ᠶᠢᠨ ᠪᠠᠶᠢᠭᠤᠯᠣᠯᠳᠠ ᠶᠢ ᠲᠠᠰᠣᠷᠠᠯᠳᠠ ᠦᠭᠡᠢ ᠴᠢᠩᠭᠠᠳᠬᠠᠨ᠂ ᠪᠦᠭᠡᠮ ᠬᠦᠴᠢᠯ ᠤᠨ ᠪᠠᠶᠢᠴᠠᠭᠠᠯᠳᠠ᠂ ᠪᠠᠴᠢᠮ ᠪᠠᠶᠢᠳᠠᠯ ᠤᠨ ᠠᠷᠭᠠᠴᠠᠨ ᠰᠢᠢᠳᠪᠦᠷᠢᠯᠡᠯᠳᠡ᠂ ᠲᠣᠰᠭᠠᠷᠯᠠᠯᠳᠠ ᠶᠢᠨ ᠬᠠᠮᠢᠶᠠᠷᠣᠯᠳᠠ ᠡᠵᠡᠮᠳᠡᠯ ᠵᠡᠷᠭᠡ ᠴᠢᠳᠠᠪᠬᠢ ᠶᠢ ᠲᠡᠭᠡᠭᠰᠢᠯᠡᠭᠦᠯᠬᠦ ᠬᠡᠷᠡᠭᠳᠡᠢ ᠭᠡᠵᠣ ᠬᠡᠯᠡᠭᠰᠡᠨ ᠪᠠᠶᠢᠨ᠎ᠠ᠃     ᠶᠠᠩ ᠶᠢᠩ ᠰᠢᠨ᠂ ᠠᠵᠠᠳᠠᠢ ᠲᠦᠪᠯᠡᠷᠡᠩᠭᠦᠢ ᠲᠣᠰᠭᠠᠷᠯᠠᠬᠤ ᠴᠡᠭ ᠤᠨ ᠠᠵᠢᠯᠯᠠᠮᠵᠢ᠂ ᠣᠷᠴᠢᠨ ᠲᠣᠭᠤᠷᠢᠨ᠂ ᠲᠣᠰᠭᠠᠷᠯᠠᠭᠳᠠᠵᠣ ᠪᠠᠶᠢᠭ᠎ᠠ ᠬᠦᠮᠦᠰ ᠤᠨ ᠦᠨᠳᠦᠰᠦᠨ ᠪᠠᠶᠢᠳᠠᠯ ᠢ ᠨᠠᠷᠢᠨ ᠣᠶᠢᠯᠠᠭᠠᠪᠠ᠃ ᠬᠠᠮᠢᠶ᠎ᠠ ᠪᠦᠬᠦᠢ ᠰᠠᠯᠠᠭ᠎ᠠ ᠮᠦᠴᠢᠷ ᠢ ᠪᠠᠷᠢᠮᠵᠢᠶ᠎ᠡ ᠶᠣᠰᠣᠭᠠᠷ ᠲᠣᠰᠭᠠᠷᠯᠠᠬᠤ ᠴᠡᠭ ᠤᠨ ᠪᠠᠶᠢᠷᠢᠯᠠᠭᠤᠯᠣᠯᠳᠠ ᠶᠢ ᠲᠦᠷᠢᠮᠵᠢᠭᠦᠯᠦᠨ᠂ ᠲᠣᠰᠭᠠᠷᠯᠠᠬᠤ ᠠᠵᠢᠯ ᠢ ᠰᠢᠨᠵᠢᠯᠡᠭᠦ ᠣᠬᠠᠭᠠᠨᠴᠢ ᠪᠠᠷ ᠡᠮᠬᠢ ᠲᠢᠭᠯᠢᠮ ᠲᠠᠢ ᠰᠠᠶᠢᠳᠦᠷ ᠬᠢᠵᠣ᠂ ᠲᠣᠰᠭᠠᠷᠯᠠᠭᠳᠠᠵᠣ ᠪᠠᠶᠢᠭ᠎ᠠ ᠬᠦᠮᠦᠰ  ᠤᠨ ᠠᠮᠣᠷ ᠲᠣᠭᠳᠠᠭᠤᠨ ᠢ ᠪᠠᠳᠣᠯᠠᠬᠤ ᠬᠡᠷᠡᠭᠳᠡᠢ ᠭᠡᠵᠣ ᠱᠠᠭᠠᠷᠳᠠᠭᠰᠠᠨ ᠪᠠᠶᠢᠨ᠎ᠠ᠃     ᠶᠠᠩ ᠶᠢᠩ ᠰᠢᠨ᠂ ᠰᠣᠪᠣᠳ ᠤᠨ ᠬᠤᠳᠳᠤᠭ ᠤᠨ ᠬᠢᠵᠢᠭ ᠤᠨ ᠪᠠᠶᠢᠳᠠᠯ ᠤᠨ ᠰᠡᠷᠭᠡᠶᠢᠯᠡᠨ ᠡᠵᠡᠮᠳᠡᠯ ᠤᠨ ᠪᠠᠶᠢᠴᠠᠭᠠᠯᠳᠠ ᠶᠢᠨ ᠴᠡᠭ ᠲᠤ ᠬᠦᠷᠴᠦ ᠠᠵᠢᠯᠳᠠᠨ ᠳᠤ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢ ᠴᠢᠩᠭ᠎ᠠ ᠨᠠᠶᠢᠳᠠᠪᠦᠷᠢᠵᠢᠭᠤᠯᠣᠨ᠂ ᠬᠦᠷᠦᠭᠰᠡᠨ ᠭᠠᠵᠠᠷ ᠤᠨ ᠪᠠᠶᠢᠴᠠᠭᠠᠯᠳᠠ ᠶᠢᠨ ᠠᠵᠢᠯ ᠢ ᠨᠠᠷᠢᠨ ᠬᠢᠨᠠᠮᠠᠭᠠᠢ ᠠᠳᠬᠤᠨᠵᠣ᠂ ᠡᠯ᠎ᠡ ᠪᠠᠶᠢᠴᠠᠭᠠᠯᠳᠠ ᠶᠢᠨ ᠴᠡᠭ ᠤᠨ ᠲᠦᠷᠢᠮᠵᠢᠭᠰᠡᠨ ᠬᠠᠮᠢᠶᠠᠷᠣᠯᠳᠠ ᠶᠢ ᠴᠢᠩᠭᠠᠳᠬᠠᠨ᠂ ᠪᠠᠶᠢᠴᠠᠭᠠᠬᠤ ᠶᠣᠰᠣᠳᠠᠢ ᠪᠦᠬᠦᠨ ᠢ ᠪᠠᠶᠢᠴᠠᠭᠠᠨ᠂ ᠪᠠᠶᠢᠴᠠᠭᠠᠵᠣ ᠪᠠᠷᠠᠪᠠᠯ ᠲᠦᠷᠭᠡᠨ ᠲᠠᠯᠠᠪᠡᠢ ᠠᠴᠠ ᠰᠠᠯᠬᠤ ᠶᠢ ᠪᠠᠳᠣᠯᠠᠵᠣ᠂ ︽ᠭᠠᠳᠠᠨ᠎ᠠ  ᠠᠴᠠ ᠬᠠᠯᠳᠠᠪᠦᠷᠢᠯᠠᠬᠤ ᠰᠡᠷᠭᠡᠶᠢᠯᠡᠯᠳᠡ︾ ᠶᠢᠨ ᠪᠣᠭᠤᠮᠳᠠ ᠶᠢ ᠦᠨᠡᠨ ᠬᠦ ᠴᠢᠩᠭᠠᠳᠬᠠᠬᠤ ᠬᠡᠷᠡᠭᠳᠡᠢ᠃ ᠨᠠᠭᠠᠰᠢ ᠴᠠᠭᠠᠰᠢ ᠶᠠᠪᠣᠬᠤ ᠲᠡᠷᠭᠡ ᠪᠣᠯᠣᠨ ᠬᠦᠮᠦᠰ ᠢ ᠨᠠᠷᠢᠯᠢᠭ ᠪᠠᠶᠢᠴᠠᠭᠠᠨ᠂  ᠲᠠᠬᠤᠯ ᠡᠪᠡᠳᠴᠢᠨ ᠤ ᠮᠦᠷᠳᠡᠨ ᠪᠠᠶᠢᠴᠠᠭᠠᠯᠳᠠ ᠶᠢ ᠰᠠᠶᠢᠳᠦᠷ ᠬᠢᠵᠣ᠂ ᠺᠣᠳ᠋ ᠰᠢᠷᠪᠢᠨ ᠲᠠᠩᠰᠠᠯᠠᠬᠤ ᠶᠢ ᠴᠢᠩᠭ᠎ᠠ ᠨᠠᠶᠢᠳᠠᠪᠦᠷᠢᠵᠢᠭᠤᠯᠣᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠣᠷ ᠲᠦᠪᠰᠢᠨ ᠤ ᠬᠠᠯᠠᠬᠠᠪᠴᠢ ᠶᠢ ᠪᠠᠳᠦ ᠪᠠᠬᠢᠵᠢᠭᠦᠯᠬᠦ ᠬᠡᠷᠡᠭᠳᠡᠢ᠃ ᠬᠠᠮᠢᠶ᠎ᠠ ᠪᠦᠬᠦᠢ ᠰᠠᠯᠠᠭ᠎ᠠ ᠮᠦᠴᠢᠷ ᠪᠠᠶᠢᠴᠠᠭᠠᠯᠳᠠ ᠶᠢᠨ ᠴᠡᠭ ᠤᠨ ᠠᠵᠢᠯᠳᠠᠨ ᠤ ᠲᠣᠬᠢᠷᠠᠭᠤᠯᠣᠯᠳᠠ ᠪᠣᠯᠣᠨ ᠡᠳ᠋ ᠪᠣᠳᠠᠰ ᠤᠨ ᠪᠠᠳᠣᠯᠠᠭ᠎ᠠ ᠶᠢ ᠴᠢᠩᠭᠠᠳᠬᠠᠨ᠂ ᠬᠢᠵᠢᠭ ᠤᠨ ᠪᠠᠶᠢᠳᠠᠯ ᠤᠨ ᠰᠡᠷᠭᠡᠶᠢᠯᠡᠨ ᠡᠵᠡᠮᠳᠡᠯ ᠳᠤ ᠡᠷᠴᠢᠳᠦ ᠪᠠᠳᠣᠯᠠᠭ᠎ᠠ ᠬᠠᠩᠭᠠᠬᠤ ᠬᠡᠷᠡᠭᠳᠡᠢ ᠭᠡᠵᠣ ᠵᠠᠬᠢᠭᠰᠠᠨ ᠪᠠᠶᠢᠨ᠎ᠠ᠃     ᠬᠤᠰᠢᠭᠤ ᠣᠳᠣᠷᠢᠳᠣᠯᠭ᠎ᠠ ᠸᠧᠢ ᠵᠧᠨ ᠰᠢᠤᠸᠠᠨ᠂ ᠳ᠋ᠤᠸᠠᠨ ᡁᠢ ᠴᠢᠶᠠᠩ ᠵᠢᠴᠢ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠠᠮᠳᠦ ᠪᠠᠶᠢᠴᠠᠭᠠᠨ ᠰᠣᠳᠣᠯᠪᠠ᠃  
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号