︽ᠡᠯᠧᠺᠲᠷᠣᠨ ᠲᠠᠮᠠᠬᠢ︾ ᠶᠢᠨ ᠤᠯᠤᠰ ᠤᠨ ᠪᠠᠷᠢᠮᠵᠢᠶ᠎ᠠ ᠶᠢ ᠡᠨᠡ ᠵᠢᠯ ᠤᠨ 10 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠣᠶᠢᠷ᠎ᠠ ᠳᠤ᠂ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠡᠯᠧᠺᠲᠷᠣᠨ | ᠲᠠᠮᠠᠬᠢᠨ ᠤ ᠣᠶᠢᠯᠡᠳᠬᠦᠨ ᠢ ᠡᠯ᠎ᠡ ᠭᠠᠵᠠᠷ ᠲᠤ ᠵᠠᠬ᠎ᠠ ᠳᠡᠯᠭᠡᠭᠦᠷ ᠲᠤ ᠪᠤᠷᠤᠯᠠᠭᠤᠯᠵᠤ ᠡᠬᠢᠯᠡᠪᠡ᠃ ᠡᠨᠡ ᠨᠢ | ᠡᠯᠧᠺᠲᠷᠣᠨ ᠲᠠᠮᠠᠬᠢᠨ ᠤ ᠠᠵᠤ ᠣᠶᠢᠯᠡᠰ ᠢ ᠬᠠᠤᠯᠢ ᠶᠣᠰᠣᠭᠠᠷ ᠵᠢᠷᠤᠮᠵᠢᠭᠤᠯᠤᠨ ᠬᠥᠭᠵᠢᠭᠦᠯᠬᠦ ᠶᠠᠪᠤᠳᠠᠯ ᠰᠢᠨ᠎ᠡ | ᠱᠠᠲᠤᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃ | ᠵᠢᠮᠢᠰ᠂ ᠢᠳᠡᠭᠡᠨ᠂ ᠤᠮᠳᠠᠭᠠᠨ ᠵᠡᠷᠭᠡ ᠠᠮᠲᠠ ᠤᠷᠤᠭᠤᠯᠤᠭᠰᠠᠨ ᠡᠯᠧᠺᠲᠷᠣᠨ ᠲᠠᠮᠠᠬᠢ ᠪᠠ ᠤᠳᠤᠭ᠎ᠠ ᠦᠭᠡᠢ | ᠡᠯᠧᠺᠲᠷᠣᠨ ᠲᠠᠮᠠᠬᠢ ᠨᠠᠰᠤᠨ ᠳᠤ ᠦᠯᠦ ᠬᠦᠷᠦᠭᠰᠡᠳ ᠲᠤ ᠨᠡᠯᠢᠶᠡᠳ ᠴᠢᠩᠭ᠎ᠠ ᠲᠠᠲᠠᠬᠤ ᠬᠦᠴᠦᠨ ᠲᠠᠢ᠂ | ᠨᠠᠰᠤᠨ ᠳᠤ ᠦᠯᠦ ᠬᠦᠷᠦᠭᠰᠡᠳ ᠢ ᠠᠮᠠᠷᠬᠠᠨ ᠥᠳᠥᠭᠡᠨ ᠲᠠᠲᠠᠭᠤᠯᠳᠠᠭ ᠪᠠᠶᠢᠨ᠎ᠠ᠃ ᠪᠠᠷᠢᠮᠵᠢᠶ᠎ᠠ ᠳᠤ ᠦᠢᠯᠡᠳᠬᠦᠨ ᠤ | ᠣᠨᠴᠠᠯᠢᠭ ᠦᠨᠦᠷ ᠢ ᠲᠠᠮᠠᠬᠢ ᠠᠴᠠ ᠭᠠᠳᠠᠨᠠᠬᠢ ᠪᠤᠰᠤᠳ ᠦᠨᠦᠷ ᠠᠮᠲᠠ ᠪᠠᠷ ᠢᠯᠡᠷᠡᠭᠦᠯᠵᠦ ᠪᠣᠯᠬᠤ ᠦᠭᠡᠢ ᠭᠡᠵᠦ | ᠲᠣᠳᠣᠷᠬᠠᠢ ᠲᠣᠭᠲᠠᠭᠠᠭᠰᠠᠨ ᠪᠥᠭᠡᠳ ︽ᠮᠠᠨᠠᠨᠵᠢᠭᠰᠠᠨ ᠪᠣᠳᠠᠰ ᠲᠤ ᠲᠠᠮᠠᠬᠢᠨ ᠱᠦᠯᠳᠤ ᠠᠭᠤᠯᠬᠤ ᠬᠡᠷᠡᠭᠲᠡᠢ︾᠂ | ᠲᠤᠬᠠᠶᠢᠯᠠᠪᠠᠯ ᠲᠠᠮᠠᠬᠢᠨ ᠱᠦᠯᠳᠤ ᠠᠭᠤᠯᠬᠤ ᠦᠭᠡᠢ ᠡᠯᠧᠺᠲᠷᠣᠨ ᠲᠠᠮᠠᠬᠢᠨ ᠦᠢᠯᠡᠳᠬᠦᠨ ᠢ ᠵᠠᠬ᠎ᠠ ᠳᠡᠯᠭᠡᠭᠦᠷ ᠲᠤ | ᠣᠷᠣᠭᠤᠯᠤᠨ ᠪᠣᠷᠣᠯᠠᠭᠤᠯᠵᠤ ᠪᠣᠯᠬᠤ ᠦᠭᠡᠢ ᠭᠡᠵᠦ ᠲᠣᠳᠣᠷᠬᠠᠢ ᠱᠠᠭᠠᠷᠳᠠᠭᠰᠠᠨ ᠪᠠᠶᠢᠨ᠎ᠠ᠃ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠮᠵᠢᠶᠠᠵᠢᠭᠤᠯᠬᠤ ᠬᠠᠤᠯᠢ︾ ᠶᠢᠨ ᠬᠤᠷᠢᠨ | ᠲᠠᠪᠤᠳᠤᠭᠠᠷ ᠵᠦᠢᠯ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠪᠠᠷᠢᠮᠵᠢᠶ᠎ᠠ ᠳᠤ ᠨᠡᠶᠢᠴᠡᠬᠦ ᠦᠭᠡᠢ | ᠦᠢᠯᠡᠳᠬᠦᠨ᠂ ᠦᠢᠯᠡᠴᠢᠯᠡᠭᠡ ᠶᠢ ᠠᠯᠪᠠᠳᠠᠯᠭ᠎ᠠ ᠶᠢᠨ ᠴᠢᠨᠠᠷᠲᠠᠢ ᠦᠢᠯᠡᠳᠪᠦᠷᠢᠯᠡᠬᠦ᠂ ᠪᠣᠷᠣᠯᠠᠭᠤᠯᠬᠤ᠂ | ᠭᠠᠳᠠᠭᠠᠳᠤ ᠠᠴᠠ ᠣᠷᠣᠭᠤᠯᠬᠤ ᠪᠤᠶᠤ ᠬᠠᠩᠭᠠᠵᠤ ᠪᠣᠯᠬᠤ ᠦᠭᠡᠢ᠃ ᠪᠠᠷᠢᠮᠵᠢᠶ᠎ᠠ ᠶᠢ ᠵᠢᠩᠬᠢᠨᠢ ᠪᠠᠷ | ᠬᠡᠷᠡᠭᠵᠢᠭᠦᠯᠦᠭᠰᠡᠨ ᠤ ᠳᠠᠷᠠᠭ᠎ᠠ᠂ ᠵᠠᠬ᠎ᠠ ᠳᠡᠯᠭᠡᠭᠦᠷ ᠳᠡᠭᠡᠷ᠎ᠡ ᠪᠣᠷᠣᠯᠠᠭᠤᠯᠬᠤ ᠡᠯᠧᠺᠲᠷᠣᠨ ᠲᠠᠮᠠᠬᠢᠨ ᠤ ᠦᠢᠯᠡᠳᠬᠦᠨ ᠨᠢ | ᠡᠷᠬᠡᠪᠰᠢ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ | ︽ᠡᠯᠧᠺᠲᠷᠣᠨ ᠲᠠᠮᠠᠬᠢ︾ ᠶᠢᠨ ᠤᠯᠤᠰ ᠤᠨ ᠪᠠᠷᠢᠮᠵᠢᠶ᠎ᠠ ᠶᠢ ᠨᠡᠶᠢᠲᠡᠯᠡᠭᠰᠡᠨ ᠤ ᠳᠠᠷᠠᠭ᠎ᠠ᠂ ᠡᠯᠧᠺᠲᠷᠣᠨ | ᠲᠠᠮᠠᠬᠢ ᠦᠢᠯᠡᠳᠪᠦᠷᠢᠯᠡᠬᠦ ᠠᠵᠤ ᠠᠬᠤᠶᠢᠯᠠᠯ ᠨᠢ ᠪᠠᠷᠢᠮᠵᠢᠶ᠎ᠠ ᠶᠢᠨ ᠱᠠᠭᠠᠷᠳᠠᠯᠭ᠎ᠠ ᠶᠢ ᠦᠨᠳᠦᠰᠦᠯᠡᠨ | ᠦᠢᠯᠡᠳᠭᠦᠨ ᠳᠡᠭᠡᠨ ᠲᠣᠭᠲᠠᠭᠠᠯ ᠳᠤ ᠨᠡᠶᠢᠴᠡᠬᠦ ᠵᠢᠷᠤᠭ ᠲᠥᠯᠥᠪᠯᠡᠭᠡ ᠬᠢᠵᠦ᠂ ᠦᠢᠯᠡᠳᠭᠦᠨ ᠤ ᠥᠭᠡᠷᠡᠴᠢᠯᠡᠯᠲᠡ ᠶᠢ | ᠪᠡᠶᠡᠯᠡᠭᠦᠯᠬᠦ ᠶᠢᠨ ᠬᠠᠮᠲᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠣᠶᠢᠯᠡᠳᠬᠦᠨ ᠢ ᠪᠠᠶᠢᠴᠠᠭᠠᠨ ᠰᠢᠯᠭᠠᠬᠤ ᠪᠠ | ᠮᠡᠷᠭᠡᠵᠢᠯ ᠤᠨ ᠬᠢᠨᠠᠨ ᠲᠣᠭᠲᠠᠭᠠᠯᠲᠠ ᠬᠢᠬᠦ ᠵᠡᠷᠭᠡ ᠠᠵᠢᠯ ᠢ ᠭᠤᠶᠤᠴᠢᠯᠠᠬᠤ ᠬᠡᠷᠡᠭᠲᠡᠶ᠃ ᠡᠲᠡᠭᠡᠷ ᠨᠢ ᠴᠥᠮ ᠵᠣᠬᠢᠬᠤ | ᠴᠠᠭ ᠬᠤᠭᠤᠴᠠᠭ᠎ᠠ ᠬᠡᠷᠡᠭᠰᠡᠬᠦ ᠶᠢ ᠪᠣᠳᠣᠯᠬᠢᠯᠠᠭᠠᠳ 5 ᠰᠠᠷ᠎ᠠ ᠶᠢᠨ ᠬᠡᠷᠡᠭᠵᠢᠭᠦᠯᠬᠦ ᠰᠢᠯᠵᠢᠯᠲᠡ ᠶᠢᠨ ᠬᠤᠭᠤᠴᠠᠭ᠎ᠠ | ᠲᠣᠭᠲᠠᠭᠠᠵᠠᠶ᠃ ᠰᠢᠯᠵᠢᠯᠲᠡ ᠶᠢᠨ ᠬᠤᠭᠤᠴᠠᠭᠠᠨ ᠳᠤ ᠡᠯᠧᠺᠲᠷᠣᠨ ᠲᠠᠮᠠᠬᠢ ᠦᠢᠯᠡᠳᠪᠤᠷᠢᠯᠡᠬᠦ ᠠᠵᠤ | ᠠᠬᠤᠶᠢᠯᠠᠯ ᠤᠳ ᠪᠠᠷᠢᠮᠵᠢᠶ᠎ᠠ ᠶᠢ ᠤᠬᠠᠭᠤᠯᠤᠨ ᠲᠤᠤᠱᠯᠠᠭᠤᠯᠬᠤ ᠪᠣᠯᠪᠠᠰᠤᠷᠠᠭᠤᠯᠤᠯ ᠥᠷᠨᠢᠭᠦᠯᠵᠦ᠂ ᠪᠠᠷᠢᠮᠵᠢᠶ᠎ᠠ ᠶᠢᠨ | ᠮᠡᠷᠭᠡᠵᠢᠯ ᠤᠨ ᠠᠭᠤᠯᠭ᠎ᠠ ᠶᠢ ᠭᠦᠨᠵᠡᠭᠡᠶ ᠤᠶᠢᠯᠠᠭᠠᠨ᠂ ᠦᠢᠯᠡᠳᠭᠦᠨ ᠢᠶᠠᠨ ᠪᠠᠷᠢᠮᠵᠢᠶ᠎ᠠ ᠳᠤ ᠬᠦᠷᠦᠭᠦᠯᠬᠦ ᠶᠢ ᠡᠷᠲᠡᠬᠡᠨ | ᠪᠡᠶᠡᠯᠡᠬᠦᠯᠬᠦ ᠬᠡᠷᠡᠭᠲᠡᠢ᠃ | ᠠᠵᠢᠯ ᠲᠥᠷᠥᠯ ᠤᠨ ᠳᠣᠲᠣᠭᠠᠳᠤ ᠶᠢᠨ ᠬᠥᠮᠦᠰ ᠢᠯᠡᠷᠬᠡᠶᠢᠯᠡᠬᠦ ᠳᠡᠭᠡᠨ᠂ ᠡᠯᠧᠺᠲᠷᠣᠨ ᠲᠠᠮᠠᠬᠢ ᠶᠢᠨ | ᠤᠯᠤᠰ ᠤᠨ ᠪᠠᠷᠢᠮᠵᠢᠶᠠᠲᠤ ᠬᠢᠨᠠᠯᠲᠠ ᠬᠠᠮᠢᠶᠠᠷᠤᠯᠲᠠ ᠶᠢᠨ ᠭᠤᠤᠯ ᠵᠣᠷᠢᠯᠭ᠎ᠠ ᠪᠣᠯ ᠦᠢᠯᠡᠳᠭᠦᠨ ᠤ ︽ᠥᠳᠥᠭᠡᠬᠦ | ᠴᠢᠨᠠᠷ︾ ᠢ ᠪᠠᠭᠤᠷᠠᠭᠤᠯᠵᠤ᠂ ᠨᠠᠰᠤᠨ ᠳᠤ ᠥᠯᠥ ᠭᠦᠷᠦᠭᠰᠡᠳ ᠤᠨ ᠬᠠᠮᠠᠭᠠᠯᠠᠯᠲᠠ ᠶᠢ ᠴᠢᠬᠤᠯᠠᠴᠢᠯᠠᠨ | ᠴᠢᠩᠭᠠᠳᠬᠠᠬᠤ ᠶᠢᠨ ᠲᠥᠯᠥᠭᠡ ᠶᠤᠮ ᠭᠡᠵᠡᠶ᠃ ᠡᠨᠡ ᠨᠢ ᠡᠯᠧᠺᠲᠷᠣᠨ ᠲᠠᠮᠠᠬᠢᠨ ᠤ ᠠᠵᠤ ᠦᠢᠯᠡᠰ ᠢ ᠵᠢᠷᠤᠮᠵᠢᠭᠤᠯᠤᠨ | ᠬᠥᠭᠵᠢᠭᠦᠯᠬᠦ ᠰᠢᠨ᠎ᠡ ᠡᠬᠢᠯᠡᠯᠲᠡ ᠪᠣᠯᠤᠨ᠎ᠠ᠃ ᠣᠳᠣᠬᠠᠨ ᠳᠤ᠂ ᠪᠥᠬᠦ ᠤᠯᠤᠰ ᠲᠤ ᠨᠢᠭᠡᠨᠲᠡ 37 ᠡᠯᠧᠺᠲᠷᠣᠨ | ᠲᠠᠮᠠᠬᠢᠨ ᠤ ᠨᠠᠷᠠᠲᠤ ᠲᠡᠮᠳᠡᠭ ᠪᠤᠢ ᠪᠣᠯᠵᠣ᠂ ᠨᠠᠭᠠᠳᠤ ᠵᠠᠬ᠎ᠠ ᠳᠠᠭᠠᠨ 80 ᠵᠥᠢᠯ ᠤᠨ ᠦᠢᠯᠡᠳᠭᠦᠨ ᠢ ᠬᠢᠨᠠᠨ | ᠵᠥᠪᠰᠢᠶᠡᠷᠡᠭᠦᠯᠬᠦ ᠪᠠᠷ ᠳᠡᠮᠵᠢᠨ ᠵᠠᠬ᠎ᠠ ᠳᠡᠯᠭᠡᠭᠦᠷ ᠲᠤ ᠭᠠᠷᠭᠠᠬᠤ ᠵᠥᠪᠰᠢᠶᠡᠷᠡᠯ ᠣᠯᠵᠠᠶ᠃ | |