︽ᠨᠣᠮᠧᠷ ᠲᠠᠰᠤᠯᠬᠤ︾ ᠠᠵᠢᠯᠯᠠᠭ᠎ᠠ︕ ᠳᠣᠲᠣᠭᠠᠳᠤ ᠶᠢ ᠬᠠᠮᠠᠭᠠᠯᠠᠬᠤ ᠶᠠᠮᠤᠨ ᠬᠦᠴᠦᠲᠡᠶ ᠴᠣᠬᠢᠯᠲᠠ ᠥᠭᠪᠡ
ᠨᠡᠶᠢᠲᠡᠯᠡᠭᠰᠡᠨ ᠴᠠᠭ᠄
2022/9/27
    ᠳᠣᠲᠣᠭᠠᠳᠤ ᠶᠢ ᠬᠠᠮᠠᠭᠠᠯᠠᠬᠤ ᠶᠠᠮᠤᠨ ᠰᠦᠯᠵᠢᠶᠡᠨ ᠤ ᠲᠠᠩᠰᠠᠨ ᠨᠣᠮᠧᠷ ᠲᠤ ᠲᠥᠪᠯᠡᠷᠡᠭᠦᠯᠦᠨ ᠴᠣᠬᠢᠯᠲᠠ ᠥᠭᠴᠦ ᠴᠡᠭᠴᠡᠯᠡᠨ ᠵᠠᠰᠠᠬᠤ ᠬᠠᠷ᠎ᠠ ᠠᠵᠤ ᠣᠶᠢᠯᠡᠰ ᠤᠨ ᠬᠡᠯᠬᠢᠶ᠎ᠡ ᠶᠢᠨ ︽ᠨᠣᠮᠧᠷ ᠲᠠᠰᠤᠯᠬᠤ︾ ᠠᠵᠢᠯᠯᠠᠭ᠎ᠠ ᠶᠢ ᠪᠠᠶᠢᠷᠢᠯᠠᠭᠤᠯᠪᠠ᠃     ᠰᠤᠷᠪᠤᠯᠵᠢᠯᠠᠭᠴᠢ 23 ᠤ ᠡᠳᠦᠷ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠣᠶᠢᠯᠠᠭᠠᠭᠰᠠᠨ ᠢᠶᠠᠷ᠂ ᠴᠠᠬᠢᠯᠭᠠᠨ ᠬᠤᠯᠪᠣᠭ᠎ᠠ ᠪᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠬᠠᠤᠯᠢ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ      ︽ᠵᠠᠭᠤᠨ ᠡᠳᠦᠷ ᠤᠨ ᠠᠵᠢᠯᠯᠠᠭ᠎ᠠ︾ ᠶᠢ ᠭᠦᠨᠵᠡᠭᠡᠶ ᠲᠥᠯᠭᠢᠨ ᠠᠬᠢᠭᠤᠯᠵᠤ᠂ ᠰᠦᠯᠵᠢᠶᠡᠨ ᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠡᠬᠢ ᠡᠭᠦᠰᠦᠯ ᠠᠴᠠ ᠨᠢ ᠴᠣᠬᠢᠯᠲᠠ ᠥᠭᠬᠦ ᠡᠷᠴᠢᠮ ᠢ ᠴᠢᠩᠭᠠᠷᠠᠭᠤᠯᠤᠨ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠲᠣᠪᠴᠢᠶ᠎ᠠ ᠲᠣᠰ ᠡᠳᠦᠷ ᠠᠴᠠ ᠡᠬᠢᠯᠡᠨ 12 ᠰᠠᠷ᠎ᠠ ᠶᠢᠨ ᠡᠴᠦᠰ ᠪᠣᠯᠲᠠᠯ᠎ᠠ ︽ᠨᠣᠮᠧᠷ ᠲᠠᠰᠤᠯᠬᠤ︾ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ ᠰᠦᠯᠵᠢᠶᠡᠨ ᠤ ᠲᠠᠩᠰᠠᠨ ᠨᠣᠮᠧᠷ ᠤᠨ ᠬᠠᠷ᠎ᠠ ᠠᠵᠤ ᠦᠢᠯᠡᠰ ᠤᠨ ᠬᠡᠯᠬᠢᠶ᠎ᠡ ᠳᠤ ᠲᠥᠪᠯᠡᠷᠡᠩᠭᠦᠶ ᠴᠣᠬᠢᠯᠲᠠ ᠥᠭᠴᠦ ᠴᠡᠭᠴᠡᠯᠡᠨ ᠵᠠᠰᠠᠬᠤ ᠪᠠᠷ ᠪᠣᠯᠪᠠ᠃     ᠣᠶᠢᠷ᠎ᠠ ᠶᠢᠨ ᠵᠢᠯ ᠤᠳ ᠲᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ᠂ ᠬᠢᠯᠢ ᠰᠤᠨᠲᠠᠯᠠᠭᠰᠠᠨ ᠰᠦᠯᠵᠢᠶᠡᠨ ᠤ ᠵᠣᠭᠤᠰ ᠮᠦᠷᠦ᠋ᠢᠴᠡᠬᠦ ᠵᠡᠷᠭᠡ ᠨᠢ ᠰᠦᠯᠵᠢᠶᠡᠨ ᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠣᠯᠠᠨ ᠡᠭᠦᠰᠴᠦ ᠪᠠᠶᠢᠬᠤ ᠶᠢ ᠲᠤᠪᠤᠶᠢᠮ᠎ᠠ ᠬᠠᠷᠠᠭᠤᠯᠵᠦ ᠪᠠᠶᠢᠬᠤ ᠶᠢᠨ ᠬᠠᠮᠲᠤ᠂ ᠺᠠᠷᠲ ᠤᠨ ᠬᠤᠳᠠᠯᠳᠤᠭᠠᠴᠢᠨ᠂ ᠳ᠋ᠤᠭᠠᠷ ᠤᠨ ᠬᠤᠳᠠᠯᠳᠤᠭᠠᠴᠢᠨ ᠨᠣᠮᠧᠷ ᠵᠠᠯᠭᠠᠬᠤ ᠲᠠᠪᠴᠠᠩ᠂ ᠨᠣᠮᠧᠷ ᠲᠡᠵᠢᠭᠡᠬᠦ ᠲᠠᠪᠴᠠᠩ ᠵᠡᠷᠭᠡ ᠪᠠᠷ ᠪᠦᠷᠢᠯᠳᠦᠭᠰᠡᠨ ᠰᠦᠯᠵᠢᠶᠡᠨ ᠤ ᠲᠠᠩᠰᠠᠨ ᠨᠣᠮᠧᠷ ᠤᠨ ᠬᠠᠷ᠎ᠠ ᠠᠵᠤ ᠣᠶᠢᠯᠡᠰ ᠤᠨ ᠬᠡᠯᠬᠢᠶ᠎ᠡ ᠶᠢ ᠪᠣᠶ ᠪᠣᠯᠭᠠᠪᠠ᠃ 2019 ᠣᠨ ᠠᠴᠠ ᠨᠠᠭᠠᠰᠢ᠂ ᠳᠣᠲᠣᠭᠠᠳᠤ ᠶᠢ ᠬᠠᠮᠠᠭᠠᠯᠠᠬᠤ ᠰᠦᠯᠵᠢᠶᠡᠨ ᠤ ᠠᠮᠤᠷ ᠲᠦᠪᠰᠢᠨ ᠤ ᠰᠠᠯᠠᠭ᠎ᠠ ᠮᠥᠴᠢᠷ ︽ᠰᠦᠯᠵᠢᠶ᠎ᠡ ᠶᠢ ᠴᠡᠪᠡᠷᠰᠢᠭᠦᠯᠬᠦ︾ ᠠᠵᠢᠯᠯᠠᠭ᠎ᠠ ᠳᠤᠮᠳᠠ᠂ ᠰᠦᠯᠵᠢᠶᠡᠨ ᠤ ᠲᠠᠩᠰᠠᠨ ᠨᠣᠮᠧᠷ ᠤᠨ ᠬᠠᠷ᠎ᠠ ᠠᠵᠤ ᠣᠶᠢᠯᠡᠰ ᠤᠨ ᠬᠡᠯᠬᠢᠶ᠎ᠡ ᠳᠤ ᠴᠣᠬᠢᠯᠲᠠ ᠥᠭᠴᠦ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ 140 ᠭᠠᠷᠤᠶ ᠨᠣᠮᠧᠷ ᠤᠨ ᠲᠠᠪᠴᠠᠩ ᠢ ᠬᠠᠭᠠᠵᠤ ᠵᠣᠭᠰᠣᠭᠠᠭᠰᠠᠨ ᠪᠠ ᠭᠠᠷ ᠤᠲᠠᠰᠤᠨ ᠤ ᠬᠠᠷ᠎ᠠ ᠺᠠᠷᠲ ᠢ 2200 ᠭᠠᠷᠤᠶ ᠲᠦᠮᠡ ᠬᠤᠷᠢᠶᠠᠨ ᠠᠪᠴᠤ᠂ ᠰᠦᠯᠵᠢᠶᠡᠨ ᠤ ᠬᠠᠷ᠎ᠠ ᠲᠠᠩᠰᠠᠨ ᠨᠣᠮᠧᠷ ᠢ 3 ᠳ᠋ᠦᠩᠰᠢᠭᠤᠷ ᠭᠠᠷᠤᠶ ᠪᠠᠶᠢᠴᠠᠭᠠᠨ ᠭᠠᠷᠭᠠᠵᠠᠶ᠃ ᠲᠣᠰ ᠤᠳᠠᠭᠠᠨ ᠤ ︽ᠨᠣᠮᠧᠷ ᠲᠠᠰᠤᠯᠬᠤ︾ ᠠᠵᠢᠯᠯᠠᠭ᠎ᠠ ᠳᠤᠮᠳᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠩᠨᠠᠨ ᠪᠠᠶᠢᠴᠠᠭᠠᠵᠤ ᠴᠣᠬᠢᠯᠲᠠ ᠥᠭᠬᠦ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠦᠯᠵᠢᠶᠡᠨ ᠤ ᠲᠠᠩᠰᠠᠨ ᠨᠣᠮᠧᠷ ᠢ ᠮᠠᠭᠤ ᠰᠠᠨᠠᠭ᠎ᠠ ᠲᠠᠢ ᠪᠠᠷ ᠳᠠᠩᠰᠠᠯᠠᠬᠤ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ︔ ᠠᠵᠢᠯ ᠲᠥᠷᠥᠯ ᠤᠨ ᠴᠡᠭᠴᠡᠯᠡᠨ ᠵᠠᠰᠠᠯᠲᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠢᠨᠲ᠋ᠧᠷ ᠰᠦᠯᠵᠢᠶᠡᠨ ᠤ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠰᠢᠪᠠᠳᠠᠭᠤᠯᠵᠣ᠂ ᠮᠠᠭᠤ ᠰᠠᠨᠠᠭ᠎ᠠ ᠪᠠᠷ ᠳᠠᠩᠰᠠᠯᠠᠭᠤᠯᠤᠭᠰᠠᠨ᠂ ᠬᠠᠤᠯᠢ ᠪᠤᠰᠤ ᠪᠠᠷ ᠪᠣᠷᠣᠯᠠᠭᠤᠯᠵᠤ ᠬᠡᠷᠡᠭᠯᠡᠭᠰᠡᠨ ᠲᠤᠤᠷ ᠰᠦᠯᠵᠢᠶᠡᠨ ᠤ ᠲᠠᠩᠰᠠᠨ ᠨᠣᠮᠧᠷ ᠢ ᠰᠠᠨᠠᠭᠠᠴᠢᠯᠠᠭ᠎ᠠ ᠠᠴᠠ ᠪᠠᠨ ᠢᠯᠭᠠᠨ ᠲᠠᠨᠢᠵᠤ ᠰᠢᠢᠳᠪᠤᠷᠢᠯᠡᠨ᠂ ᠢᠨᠲ᠋ᠧᠷ ᠰᠦᠯᠵᠢᠶᠡᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠶᠢᠭᠠᠳ ᠢᠯᠡᠷᠡᠭᠦᠯᠦᠭᠰᠡᠨ ᠲᠤᠤᠷ ᠰᠦᠯᠵᠢᠶᠡᠨ ᠤ ᠨᠢᠭᠤᠴᠠ ᠨᠣᠮᠧᠷ ᠢ ᠳᠠᠬᠢᠨ ᠬᠢᠨᠠᠨ ᠰᠢᠯᠭᠠᠵᠤ᠂ ᠲᠤᠬᠠᠶᠢᠯᠠᠭᠰᠠᠨ ᠠᠵᠢᠯ ᠪᠠ ᠬᠠᠮᠢᠶᠠᠷᠤᠯᠲᠠ ᠶᠢᠨ ᠲᠠᠯ᠎ᠠ ᠪᠠᠷ ᠳᠤᠲᠠᠭᠳᠠᠯ ᠲᠠᠢ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠢ ᠬᠠᠤᠯᠢ ᠶᠣᠰᠣᠭᠠᠷ ᠪᠠᠶᠢᠴᠠᠭᠠᠨ ᠰᠢᠢᠳᠪᠤᠷᠢᠯᠡᠨ᠎ᠡ︔ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠥᠷᠭᠡᠨ ᠣᠯᠠᠨ ᠲᠦᠮᠡᠨ᠂ ᠠᠵᠤ ᠠᠬᠤᠶᠢᠯᠠᠯ ᠠᠵᠢᠯ ᠣᠶᠢᠯᠡᠰ ᠤᠨ ᠨᠢᠭᠡᠴᠡ ᠶᠢ ᠬᠥᠮᠦᠵᠢᠭᠦᠯᠦᠨ ᠵᠢᠯᠣᠭᠤᠳᠴᠤ ᠪᠠᠶᠢᠭᠠᠳ ᠰᠦᠯᠵᠢᠶᠡᠨ ᠤ ᠠᠮᠤᠷ ᠲᠦᠪᠰᠢᠨ ᠤ ᠡᠮᠬᠢ ᠳᠢᠭᠯᠢᠮ ᠢ ᠬᠠᠮᠲᠤ ᠪᠠᠷ ᠬᠠᠮᠠᠭᠠᠯᠠᠵᠤ᠂ ᠰᠦᠯᠵᠢᠶᠡᠨ ᠤ ᠲᠠᠩᠰᠠᠨ ᠨᠣᠮᠧᠷ ᠤᠨ ᠬᠠᠷ᠎ᠠ ᠠᠵᠤ ᠣᠶᠢᠯᠡᠰ ᠤᠨ ᠬᠡᠯᠬᠢᠶ᠎ᠡ ᠳᠤ ᠴᠣᠬᠢᠯᠲᠠ ᠥᠭᠴᠦ ᠴᠡᠭᠴᠡᠯᠡᠨ ᠵᠠᠰᠠᠨ ᠬᠠᠮᠲᠤ ᠪᠠᠷ ᠵᠠᠰᠠᠬᠤ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠤᠨ᠎ᠠ᠃     ᠳᠣᠲᠣᠭᠠᠳᠤ ᠶᠢ ᠬᠠᠮᠠᠭᠠᠯᠠᠬᠤ ᠶᠠᠮᠤᠨ ᠤ ᠰᠦᠯᠵᠢᠶᠡᠨ ᠤ ᠠᠮᠤᠷ ᠲᠦᠪᠰᠢᠨ ᠤ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠦᠯᠵᠢᠶᠡᠨ ᠤ ᠠᠮᠤᠷ ᠲᠦᠪᠰᠢᠨ ᠤ ᠰᠠᠯᠠᠭ᠎ᠠ ᠮᠥᠴᠢᠷ ᠰᠦᠯᠵᠢᠶᠡᠨ ᠤ ᠲᠠᠩᠰᠠᠨ ᠨᠣᠮᠧᠷ ᠤᠨ ᠬᠠᠷ᠎ᠠ ᠠᠵᠤ ᠣᠶᠢᠯᠡᠰ ᠤᠨ ᠬᠡᠯᠬᠢᠶ᠎ᠡ ᠳᠤ ᠴᠢᠩᠭ᠎ᠠ ᠴᠣᠬᠢᠯᠲᠠ ᠥᠭᠬᠦ ᠪᠠᠨ ᠢᠮᠠᠭᠲᠠ ᠪᠠᠲᠤᠯᠠᠵᠤ᠂ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠮᠤᠷ ᠲᠦᠪᠰᠢᠨ᠂ ᠠᠷᠢᠭᠤᠨ ᠴᠢᠬᠡᠴᠢ᠂ ᠡᠮᠬᠢ ᠵᠢᠷᠤᠮ ᠲᠠᠢ ᠰᠦᠯᠵᠢᠶᠡᠨ ᠤ ᠡᠮᠬᠢ ᠵᠢᠷᠤᠮ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ ᠭᠡᠵᠡᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号