ᠶᠠᠩ ᠶᠢᠩ ᠰᠢᠨ ᠪᠦᠬᠦ ᠬᠤᠰᠢᠭᠤᠨ ᠤ ᠬᠠᠣᠯᠢ ᠲᠣᠭᠳᠠᠭᠠᠯ ᠪᠣᠰᠣ ᠪᠠᠷ ᠭᠠᠵᠠᠷ ᠬᠡᠷᠡᠭᠯᠡᠭᠰᠡᠨ ᠲᠣᠰᠬᠠᠢ ᠲᠦᠷᠦᠯ ᠤᠨ ᠴᠡᠭᠴᠡᠯᠡᠯᠳᠡ ᠶᠢᠨ ︽ᠲᠠᠪᠳᠠᠨ ᠬᠢᠨᠠᠯᠳᠠ︾ ᠶᠢᠨ ᠠᠵᠢᠯ ᠤᠨ ᠲᠣᠬᠢᠷᠠᠭᠤᠯᠣᠯᠳᠠ ᠶᠢᠨ ᠬᠤᠷᠠᠯ ᠢ ᠡᠷᠬᠢᠯᠡᠨ ᠬᠤᠷᠠᠯᠳᠣᠪᠠ
ᠨᠡᠶᠢᠲᠡᠯᠡᠭᠰᠡᠨ ᠴᠠᠭ᠄
2022/9/29
    9 ᠰᠠᠷ᠎ᠠ ᠶᠢᠨ 26 ᠤ ᠡᠳᠦᠷ ᠤᠨ ᠣᠷᠣᠢ᠂ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠲᠠᠷᠤᠭ᠎ᠠ ᠶᠠᠩ ᠶᠢᠩ ᠰᠢᠨ ᠪᠦᠬᠦ ᠬᠤᠰᠢᠭᠤᠨ ᠤ ᠬᠠᠣᠯᠢ ᠲᠣᠭᠳᠠᠭᠠᠯ ᠪᠣᠰᠣ ᠪᠠᠷ ᠭᠠᠵᠠᠷ ᠬᠡᠷᠡᠭᠯᠡᠭᠰᠡᠨ ᠲᠣᠰᠬᠠᠢ ᠲᠦᠷᠦᠯ ᠤᠨ ᠴᠡᠭᠴᠡᠯᠡᠯᠳᠡ ᠶᠢᠨ ︽ᠲᠠᠪᠳᠠᠨ ᠬᠢᠨᠠᠯᠳᠠ︾ ᠶᠢᠨ ᠠᠵᠢᠯ ᠤᠨ ᠲᠣᠬᠢᠷᠠᠭᠤᠯᠣᠯᠳᠠ ᠶᠢᠨ ᠬᠤᠷᠠᠯ ᠢ ᠡᠷᠬᠢᠯᠡᠨ ᠬᠤᠷᠠᠯᠳᠣᠭᠤᠯᠪᠠ᠃     ᠬᠤᠷᠠᠯ ᠲᠡᠭᠡᠷ᠎ᠡ ᠪᠦᠬᠦ ᠬᠤᠰᠢᠭᠤᠨ ᠤ ᠬᠠᠣᠯᠢ ᠲᠣᠭᠳᠠᠭᠠᠯ ᠪᠣᠰᠣ ᠪᠠᠷ ᠭᠠᠵᠠᠷ ᠬᠡᠷᠡᠭᠯᠡᠭᠰᠡᠨ ᠲᠣᠰᠬᠠᠢ ᠲᠦᠷᠦᠯ  ᠤᠨ ᠴᠡᠭᠴᠡᠯᠡᠯᠳᠡ ᠶᠢᠨ ︽ᠲᠠᠪᠳᠠᠨ ᠬᠢᠨᠠᠯᠳᠠ︾ ᠶᠢᠨ ᠠᠵᠢᠯ ᠤᠨ ᠠᠬᠢᠴᠠ ᠶᠢᠨ ᠪᠠᠶᠢᠳᠠᠯ᠂ ᠣᠷᠣᠰᠢᠵᠣ ᠪᠠᠶᠢᠭ᠎ᠠ ᠠᠰᠠᠭᠤᠳᠠᠯ ᠵᠢᠴᠢ ᠠᠵᠢᠯ ᠤᠨ ᠠᠷᠭ᠎ᠠ ᠠᠪᠴᠠᠯ ᠢ ᠨᠡᠶᠢᠳᠡᠯᠡᠨ᠂ ᠡᠯ᠎ᠡ ᠪᠠᠯᠭᠠᠰᠦ᠂ ᠬᠠᠮᠢᠶ᠎ᠠ ᠪᠦᠬᠦᠢ ᠰᠠᠯᠠᠭ᠎ᠠ ᠮᠦᠴᠢᠷ ᠠᠵᠢᠯ ᠤᠨ ᠠᠵᠢᠯ ᠤᠨ ᠬᠠᠷᠢᠭᠤ ᠮᠡᠳᠡᠭᠦᠯᠦᠯᠳᠡ ᠶᠢ ᠰᠣᠨᠣᠰᠴᠦ᠂ ᠲᠠᠷᠠᠭ᠎ᠠ ᠠᠯᠬᠤᠮ ᠤᠨ ᠠᠵᠢᠯ ᠤᠨ ᠠᠬᠢᠭᠤᠯᠣᠯᠳᠠ ᠶᠢ ᠲᠣᠬᠢᠷᠠᠭᠤᠯᠣᠨ ᠪᠠᠶᠢᠷᠠᠯᠠᠭᠤᠯᠪᠠ᠃     ᠶᠠᠩ ᠶᠢᠩ ᠰᠢᠨ᠂ ᠬᠠᠣᠯᠢ ᠲᠣᠭᠳᠠᠭᠠᠯ ᠪᠣᠰᠣ ᠪᠠᠷ ᠭᠠᠵᠠᠷ ᠬᠡᠷᠡᠭᠯᠡᠭᠰᠡᠨ ᠲᠣᠰᠬᠠᠢ ᠲᠦᠷᠦᠯ ᠤᠨ ᠴᠡᠭᠴᠡᠯᠡᠯᠳᠡ ᠪᠣᠯ ᠨᠢᠭᠡ ᠲᠦᠷᠦᠯ ᠤᠨ ᠴᠢᠬᠤᠯᠠ ᠣᠯᠣᠰ ᠲᠦᠷᠦ ᠶᠢᠨ ᠡᠭᠦᠷᠭᠡ ᠪᠣᠯᠣᠨ᠎ᠠ᠂ ᠡᠯ᠎ᠡ ᠪᠠᠯᠭᠠᠰᠦ᠂ ᠬᠠᠮᠢᠶ᠎ᠠ ᠪᠦᠬᠦᠢ ᠰᠠᠯᠠᠭ᠎ᠠ ᠮᠦᠴᠢᠷ ᠶᠡᠷᠦᠩᠬᠡᠢ ᠰᠢᠪᠳᠣᠯᠣᠯᠳᠠ ᠬᠢᠨ᠂ ᠦᠷ᠎ᠡ ᠪᠦᠳᠦᠮᠵᠢ ᠪᠠᠷ ᠣᠳᠣᠷᠢᠳᠣᠮᠵᠢ᠂ ᠬᠠᠷᠠᠯᠳᠠ ᠪᠣᠯᠭᠠᠬᠤ ᠶᠢ ᠪᠠᠷᠢᠮᠳᠠᠯᠠᠵᠣ᠂ ᠠᠵᠢᠯ ᠲᠣᠮᠳᠠ ᠣᠷᠣᠰᠢᠵᠣ ᠪᠠᠶᠢᠭ᠎ᠠ ᠠᠰᠠᠭᠤᠳᠠᠯ ᠤᠨ ᠰᠢᠢᠳᠪᠦᠷᠢᠯᠡᠬᠦ ᠡᠷᠴᠢᠮ ᠢ ᠴᠢᠩᠭᠠᠳᠬᠠᠬᠤ ᠬᠡᠷᠡᠭᠳᠡᠢ᠃ ᠠᠷᠭ᠎ᠠ ᠠᠪᠴᠠᠯ᠂ ᠠᠵᠢᠯ ᠲᠣᠰᠢᠶᠠᠬᠤ ᠶᠢ ᠪᠦᠬᠦ ᠲᠠᠯ᠎ᠠ ᠪᠠᠷ ᠨᠠᠷᠢᠯᠢᠭᠵᠢᠭᠤᠯᠣᠨ᠂ ᠴᠠᠭ ᠢ ᠠᠮᠵᠢᠵᠣ᠂ ᠭᠦᠢᠴᠡᠳᠬᠡᠬᠦ ᠡᠷᠴᠢᠮ ᠢᠶᠠᠨ ᠴᠢᠩᠭᠠᠳᠬᠠᠨ᠂ ᠪᠦᠳᠦᠮᠵᠢᠳᠡᠢ ᠠᠷᠭ᠎ᠠ ᠠᠪᠴᠠᠯ ᠢᠶᠠᠷ ᠠᠵᠢᠯ ᠢᠶᠠᠨ ᠣᠷᠣᠭᠰᠢᠳᠠᠢ ᠠᠬᠢᠭᠤᠯᠬᠤ ᠶᠢ ᠪᠠᠳᠣᠯᠠᠬᠤ ᠬᠡᠷᠡᠭᠳᠡᠢ᠃ ᠪᠠᠳᠣᠯᠠᠭ᠎ᠠ ᠶᠢ ᠴᠢᠩᠭᠠᠳᠬᠠᠨ᠂ ᠵᠣᠷᠢᠭᠳᠠᠢ ᠡᠭᠦᠷᠭᠡᠯᠡᠵᠣ᠂ ᠬᠠᠷᠢᠭᠤᠴᠠᠯᠭ᠎ᠠ ᠶᠢᠨ ᠣᠬᠠᠮᠰᠠᠷ ᠢ ᠴᠢᠩᠭᠠᠷᠠᠭᠤᠯᠣᠨ᠂ ᠬᠠᠮᠳᠣᠷᠠᠯᠴᠠᠭ᠎ᠠ ᠶᠢ ᠴᠢᠩᠭᠠᠳᠬᠠᠵᠣ᠂ ᠠᠵᠢᠯ ᠤᠨ ᠬᠠᠮᠳᠣᠷᠠᠯ ᠬᠦᠴᠦᠨ ᠢ ᠪᠦᠬᠦ ᠲᠠᠯ᠎ᠠ ᠪᠠᠷ ᠪᠦᠷᠢᠯᠳᠦᠭᠦᠯᠬᠦ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃     ᠬᠤᠰᠢᠭᠤ ᠣᠳᠣᠷᠢᠳᠣᠯᠭ᠎ᠠ ᠴᠢᠦ ᠯᠢᠨ᠂ ᠣᠷᠬᠢᠯ᠂ ᠶᠢᠦ ᠵᠢᠶᠠᠨ ᠴᠢᠩ᠂ ᠶᠠᠩ ᠵᠢᠢ ᠴᠢᠶᠠᠩ᠂ ᠱᠢ ᠵᠢᠶᠦ᠋ᠨ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠡᠯ᠎ᠡ ᠪᠠᠯᠭᠠᠰᠦ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠤᠣᠯ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号