ᠶᠠᠩ ᠶᠢᠩ ᠰᠢᠨ ᠬᠤᠰᠢᠭᠤ ᠵᠠᠬᠢᠳᠠᠯ ᠰᠣᠷᠪᠣᠯᠵᠢᠯᠠᠭ᠎ᠠ ᠬᠦᠯᠢᠶᠡᠨ ᠠᠪᠬᠤ ᠲᠦᠪ ᠲᠤ ᠣᠯᠠᠨ ᠲᠦᠮᠡᠨ ᠤ ᠵᠠᠬᠢᠳᠠᠯ ᠰᠣᠷᠪᠣᠯᠵᠢᠯᠠᠭ᠎ᠠ ᠶᠢ ᠬᠦᠯᠢᠶᠡᠨ ᠠᠪᠴᠣ ᠠᠬᠤᠢ ᠲᠠᠯᠠᠪᠠᠢ ᠳᠤ ᠬᠦᠨᠵᠡᠬᠡᠶᠢᠷᠡᠨ ᠵᠦᠷᠢᠴᠠᠯ ᠵᠢᠭᠤᠷᠠᠭᠠᠨ ᠢ ᠵᠤᠬᠢᠴᠠᠭᠤᠯᠤᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2022/9/30
    9 ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠶᠢᠩ ᠰᠢᠨ ᠬᠤᠰᠢᠭᠤ ᠵᠠᠬᠢᠳᠠᠯ ᠰᠣᠷᠪᠣᠯᠵᠢᠯᠠᠭ᠎ᠠ ᠬᠦᠯᠢᠶᠡᠨ ᠠᠪᠬᠤ ᠲᠦᠪ ᠲᠤ ᠣᠯᠠᠨ ᠲᠦᠮᠡᠨ ᠤ ᠵᠠᠬᠢᠳᠠᠯ ᠰᠣᠷᠪᠣᠯᠵᠢᠯᠠᠭ᠎ᠠ ᠶᠢ ᠬᠦᠯᠢᠶᠡᠨ ᠠᠪᠴᠣ᠂ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠤᠨ ᠠᠬᠤᠢ ᠲᠠᠯᠠᠪᠠᠢ ᠳᠤ ᠬᠦᠨᠵᠡᠬᠡᠶᠢᠷᠡᠨ᠂ ᠵᠦᠷᠢᠴᠡᠯ ᠵᠢᠭᠤᠷᠠᠭᠠᠨ ᠢ ᠵᠤᠬᠢᠴᠠᠭᠤᠯᠤᠨ ᠰᠢᠢᠳᠪᠦᠷᠢᠯᠡᠪᠡ᠃     ᠶᠠᠩ ᠶᠢᠩ ᠰᠢᠨ ᠠᠴᠠ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠶᠠᠪᠤᠳᠠᠯ ᠳᠤ ᠶᠡᠭᠡ ᠪᠠᠭ᠎ᠠ ᠶᠢᠨ ᠢᠯᠭᠠᠯ ᠦᠬᠡᠢ᠂ ᠲᠡᠷᠡ ᠪᠦᠬᠦᠨ ᠠᠷᠠᠳ ᠤᠨ ᠰᠡᠳᠬᠢᠯ ᠲᠠᠢ ᠬᠤᠯᠪᠤᠭᠳᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠣᠷᠪᠣᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠬᠦᠨᠵᠡᠬᠡᠢ ᠰᠣᠷᠣᠯᠴᠠᠨ ᠲᠤᠤᠱᠯᠠᠭᠤᠯᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠦᠵᠡᠯᠲᠡ ᠶᠢ ᠪᠠᠷᠢᠮᠲᠠᠯᠠᠨ᠂ ᠢᠮᠠᠭᠲᠠ ᠣᠯᠠᠨ ᠲᠦᠮᠡᠨ ᠤ ᠲᠠᠯ᠎ᠠ ᠠᠴᠠ ᠠᠰᠠᠭᠤᠳᠠᠯ ᠢ ᠪᠣᠳᠣᠯᠬᠢᠯᠠᠨ ᠰᠢᠢᠳᠪᠦᠷᠢᠯᠡᠬᠦ ᠬᠡᠷᠡᠭᠲᠡᠢ᠃ ︽ᠭᠤᠷᠪᠠ ᠶᠢ ᠨᠠᠶᠢᠲᠠᠪᠤᠷᠢᠵᠢᠭᠤᠯᠵᠤ ᠨᠢᠭᠡ ᠶᠢ ᠰᠢᠢᠳᠪᠦᠷᠢᠯᠡᠬᠦ︾ ᠪᠠᠷ ᠶᠡᠷᠦᠩᠬᠡᠢ ᠱᠠᠭᠠᠷᠳᠠᠯᠭ᠎ᠠ ᠪᠤᠯᠭᠠᠵᠤ᠂ ︽ᠠᠰᠠᠭᠤᠳᠠᠯ ᠢ ᠰᠢᠢᠳᠪᠦᠷᠢᠯᠡᠬᠦ︾ ᠪᠠᠷ ᠭᠠᠷᠳᠠᠴᠠ ᠪᠠ ᠵᠤᠭᠰᠣᠴᠠ ᠪᠤᠯᠭᠠᠨ᠂ ᠨᠡᠩ ᠬᠦᠯᠢᠴᠡᠩᠬᠦᠢ ᠣᠪᠣᠷ᠂ ᠨᠡᠩ ᠪᠤᠲᠠᠲᠠᠢ ᠠᠪᠴᠠᠯ᠂ ᠨᠡᠩ ᠴᠢᠩᠭ᠎ᠠ ᠡᠷᠴᠢᠮ ᠢᠶᠠᠷ ᠵᠠᠬᠢᠳᠠᠯ ᠰᠣᠷᠪᠣᠯᠵᠢᠯᠠᠭ᠎ᠠ ᠶᠢᠨ ᠵᠦᠷᠢᠴᠡᠯ ᠵᠢᠭᠤᠷᠠᠭᠠᠨ ᠤ ᠰᠢᠢᠳᠪᠦᠷᠢᠯᠡᠯᠲᠡ ᠶᠢ ᠠᠬᠢᠭᠤᠯᠵᠤ᠂ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠠᠷ ᠣᠯᠠᠨ ᠲᠦᠮᠡᠨ ᠤ ᠣᠶᠢᠯᠠᠭᠠᠯᠲᠠ᠂ ᠢᠲᠡᠭᠡᠯ᠂ ᠳᠡᠮᠵᠢᠯᠭᠡ ᠶᠢ ᠣᠯᠣᠨ᠂ ᠨᠠᠮ ᠤᠨ ᠬᠤᠷᠢᠳᠣᠭᠠᠷ ᠶᠡᠭᠡ ᠬᠤᠷᠠᠯ ᠠᠮᠵᠢᠯᠲᠠᠲᠠᠢ ᠬᠤᠷᠠᠯᠳᠣᠬᠤ ᠳᠤ ᠣᠬᠢ ᠰᠠᠶᠢᠨ ᠣᠷᠴᠢᠨ ᠠᠬᠤᠢ ᠶᠢ ᠪᠤᠢ ᠪᠤᠯᠭᠠᠬᠤ ᠬᠡᠷᠡᠭᠲᠡᠢ ᠬᠡᠵᠦ ᠬᠡᠯᠡᠭᠰᠡᠨ ᠪᠠᠶᠢᠨ᠎ᠠ᠃     ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠠᠮᠲᠤ ᠵᠠᠬᠢᠳᠠᠯ ᠰᠣᠷᠪᠣᠯᠵᠢᠯᠠᠭ᠎ᠠ ᠶᠢ ᠬᠦᠯᠢᠶᠡᠨ ᠠᠪᠤᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号