ᠦᠪᠡᠷᠳᠡᠬᠡᠨ ᠵᠠᠰᠠᠬᠤ ᠤᠷᠤᠨ ᠤ ᠠᠵᠤ ᠠᠬᠤᠢ ᠶᠢᠨ ᠪᠦᠬᠦ ᠳᠠᠯ᠎ᠠ ᠶᠢᠨ ᠳᠤᠭᠳᠠᠪᠤᠷᠢᠵᠢᠭᠤᠯᠤᠯᠳᠠ ᠶᠢ ᠵᠢᠯᠤᠭᠤᠳᠤᠨ ᠤᠶᠢᠯᠡᠴᠢᠯᠡᠬᠦ ᠳᠤᠭᠤᠶᠢᠯᠠᠩ ᠤᠳᠤᠭ ᠤᠨ ᠡᠮᠤᠨᠡᠳᠤ ᠬᠤᠰᠢᠭᠤᠨ ᠳᠤ ᠬᠢᠨᠠᠨ ᠵᠢᠯᠤᠭᠤᠤᠨᠪᠠ
ᠨᠡᠶᠢᠲᠡᠯᠡᠭᠰᠡᠨ ᠴᠠᠭ᠄
2022/9/30
    9 ᠰᠠᠷ᠎ᠠ ᠶᠢᠨ 27᠂ 28 ᠤ ᠡᠳᠤᠷ᠂ ᠦᠪᠡᠷᠳᠡᠬᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠳᠡᠳ᠋ ᠳᠠᠷᠤᠭ᠎ᠠ ᠲᠢᠶᠠᠨ ᠶᠧ ᠦᠪᠡᠷᠳᠡᠬᠡᠨ ᠵᠠᠰᠠᠬᠤ ᠤᠷᠤᠨ ᠤ ᠠᠵᠤ ᠠᠬᠤᠢ ᠶᠢᠨ ᠪᠦᠬᠦ ᠳᠠᠯ᠎ᠠ ᠶᠢᠨ ᠳᠤᠭᠳᠠᠪᠤᠷᠢᠵᠢᠭᠤᠯᠤᠯᠳᠠ ᠶᠢ ᠵᠢᠯᠤᠭᠤᠳᠤᠨ ᠤᠶᠢᠯᠡᠴᠢᠯᠡᠬᠦ ᠳᠤᠭᠤᠶᠢᠯᠠᠩ ᠢ ᠳᠠᠭᠠᠭᠤᠯᠤᠨ ᠤᠳᠤᠭ ᠤᠨ ᠡᠮᠤᠨᠡᠳᠤ ᠬᠤᠰᠢᠭᠤᠨ ᠳᠤ ᠵᠢᠯᠤᠭᠤᠳᠤᠨ ᠤᠶᠢᠯᠡᠴᠢᠯᠡᠪᠡ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠠᠮᠢᠶᠠᠷᠤᠯᠳᠠ ᠶᠢᠨ ᠵᠦᠪᠯᠡᠯ ᠤᠨ ᠡᠷᠬᠢᠯᠡᠭᠴᠢ ᠶᠠᠩ ᠶᠢᠩ ᠰᠢᠨ ᠬᠠᠮᠳᠤ ᠬᠢᠨᠠᠨ ᠵᠢᠯᠤᠭᠤᠤᠨᠪᠠ᠃     ᠵᠢᠯᠤᠭᠤᠳᠤᠨ ᠤᠶᠢᠯᠡᠴᠢᠯᠡᠬᠦ ᠳᠤᠭᠤᠶᠢᠯᠠᠩ ᠤᠷᠢᠤᠨ ᠬᠤᠵᠢᠤᠨ ᠦᠪᠤᠷ ᠮᠤᠩᠭᠤᠯ ᠤᠨ ᠴᠠᠩ ᠴᠧᠩ ᠴᠠᠬᠢᠯᠭᠠᠨ ᠭᠠᠷᠭᠠᠯᠳᠠ ᠶᠢᠨ ᠬᠢᠵᠠᠭᠠᠷᠳᠤ ᠺᠤᠮᠫᠠᠨᠢ ᠶᠢᠨ ᠱᠠᠩᠬᠠᠢ ᠶᠢᠨ ᠰᠦᠮ᠎ᠠ ᠶᠢᠨ ᠨᠡᠬᠦᠷᠡᠰᠤ ᠴᠠᠬᠢᠯᠭᠠᠨ ᠤ ᠲᠦᠷᠤᠯ ᠵᠦᠢᠯ᠂ ᠤᠳᠤᠭ ᠤᠨ ᠡᠮᠤᠨᠡᠳᠤ ᠬᠤᠰᠢᠭᠤᠨ ᠤ ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ  ᠶᠢᠨ ᠤᠷᠤᠨ ᠤ ᠤᠰᠤᠳᠦ᠋ᠷᠦᠭᠴᠢ ᠤᠶᠢᠯᠡᠤᠨᠬᠦ ᠲᠦᠷᠤᠯ ᠵᠦᠢᠯ᠂ ᠤᠯᠤᠰ ᠤᠨ ᠡᠨᠧᠷᠬᠢ ᠶᠢᠨ ᠪᠦᠯᠦᠭᠯᠡᠯ ᠤᠨ ᠦᠪᠤᠷ ᠮᠤᠩᠭᠤᠯ ᠤᠨ ᠱᠠᠩᠬᠠᠢ ᠶᠢᠨ ᠰᠦᠮ᠎ᠠ ᠴᠠᠬᠢᠯᠭᠠᠨ ᠤᠶᠢᠯᠡᠤᠨᠪᠤᠷᠢ ᠶᠢᠨ 2×100 ᠲᠦᠮᠡᠨ ᠺᠢᠯᠤᠸᠠᠲ ᠤᠨ ᠮᠠᠰᠢᠨ ᠴᠤᠭᠴᠠᠯᠠᠪᠤᠷᠢ ᠶᠢᠨ ᠲᠦᠷᠤᠯ ᠵᠦᠢᠯ᠂ ᠦᠪᠤᠷ ᠮᠤᠩᠭᠤᠯ ᠤᠨ ᠶᠠ ᠬᠠᠢ ᠡᠨᠧᠷᠬᠢ ᠶᠢᠨ 60 ᠲᠦᠮᠡᠨ ᠳᠤᠨ LNG ᠵᠢᠴᠢ ᠲᠦᠬᠦᠷᠴᠢᠯᠡᠭᠰᠡᠨ ᠡᠾᠧᠯᠢ ᠭᠠᠷᠭᠠᠯᠳᠠ ᠵᠡᠷᠬᠡ ᠲᠦᠷᠤᠯ ᠵᠦᠢᠯ ᠤᠨ ᠳᠤᠬᠠᠢ ᠶᠢᠨ ᠳᠠᠯᠠᠪᠤᠷ ᠲᠤ ᠬᠦᠷᠴᠤ᠂ ᠤᠳᠤᠭ ᠤᠨ ᠡᠮᠤᠨᠡᠳᠤ  ᠬᠤᠰᠢᠭᠤᠨ ᠠᠴᠠ ᠲᠦᠪ ᠬᠤᠷᠢᠶ᠎ᠡ ᠪᠠ ᠦᠪᠡᠷᠳᠡᠬᠡᠨ ᠵᠠᠰᠠᠬᠤ ᠤᠷᠤᠨ ᠤ ᠠᠵᠤ ᠠᠬᠤᠢ  ᠶᠢᠨ ᠪᠦᠬᠦ ᠳᠠᠯ᠎ᠠ ᠶᠢᠨ ᠳᠤᠭᠳᠠᠪᠤᠷᠢᠵᠢᠭᠤᠯᠤᠯᠳᠠ ᠶᠢᠨ ᠠᠵᠢᠯ ᠢ ᠳᠤᠤᠱᠯᠠᠭᠤᠯᠤᠨ ᠨᠠᠶᠢᠳᠠᠪᠤᠷᠢᠵᠢᠭᠤᠯᠤᠭᠰᠡᠨ ᠶᠠᠷᠤᠩᠬᠡᠢ ᠪᠠᠶᠢᠳᠠᠯ ᠵᠢᠴᠢ ᠠᠵᠤ ᠠᠬᠤᠢ ᠶᠢ ᠳᠤᠭᠳᠠᠪᠤᠷᠢᠵᠢᠭᠤᠯᠬᠤ ᠲᠦᠷᠤ ᠶᠢᠨ ᠪᠤᠳᠤᠯᠭ᠎ᠠ ᠠᠷᠭ᠎ᠠ ᠠᠪᠴᠠᠯ ᠪᠠ ᠬᠤᠶᠢᠰᠢᠬᠢ ᠶᠢᠨ ᠲᠦᠷᠤ ᠶᠢᠨ ᠪᠤᠳᠤᠯᠭ᠎ᠠ ᠠᠷᠭ᠎ᠠ ᠠᠪᠴᠠᠯ᠂ ᠤᠷᠤᠨ ᠨᠤᠳᠤᠭ ᠤᠨ ᠲᠦᠬᠦᠷᠴᠢᠯᠡᠭᠰᠡᠨ ᠠᠷᠭ᠎ᠠ ᠠᠪᠴᠠᠯ ᠵᠡᠷᠬᠡ ᠬᠠᠮᠢᠶ᠎ᠠ ᠪᠦᠬᠦᠢ ᠪᠠᠶᠢᠳᠠᠯ ᠢ ᠨᠠᠷᠢᠯᠢᠭ ᠤᠶᠢᠯᠠᠭᠠᠵᠤ᠂ ᠳᠤᠬᠠᠢ ᠶᠢᠨ ᠭᠠᠵᠠᠷ ᠲᠤ ᠨᠢ ᠬᠢᠨᠠᠨ ᠵᠢᠯᠤᠭᠤᠤᠨᠴᠤ ᠤᠶᠢᠯᠡᠴᠢᠯᠡᠪᠡ᠃
    ᠦᠪᠤᠷ ᠮᠤᠩᠭᠤᠯ ᠤᠨ ᠴᠠᠩ ᠴᠧᠩ ᠴᠠᠬᠢᠯᠭᠠᠨ ᠭᠠᠷᠭᠠᠯᠳᠠ ᠶᠢᠨ ᠬᠢᠵᠠᠭᠠᠷᠳᠤ ᠺᠤᠮᠫᠠᠨᠢ ᠶᠢᠨ ᠱᠠᠩᠬᠠᠢ ᠶᠢᠨ ᠰᠦᠮ᠎ᠠ ᠶᠢᠨ ᠨᠡᠬᠦᠷᠡᠰᠤ ᠴᠠᠬᠢᠯᠭᠠᠨ ᠤ ᠲᠦᠷᠤᠯ ᠵᠦᠢᠯ ᠤᠨ ᠪᠠᠶᠢᠭᠤᠯᠤᠯᠳᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
   ᠤᠳᠤᠭ ᠤᠨ ᠡᠮᠤᠨᠡᠳᠤ ᠬᠤᠰᠢᠭᠤᠨ ᠤ ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠤᠰᠤᠳᠦ᠋ᠷᠦᠭᠴᠢ ᠤᠶᠢᠯᠡᠤᠨᠬᠦ ᠲᠦᠷᠤᠯ ᠵᠦᠢᠯ ᠤᠨ ᠪᠠᠶᠢᠭᠤᠯᠤᠯᠳᠠ ᠶᠢᠨ ᠪᠠᠶᠢᠳᠠᠯ ᠵᠢᠴᠢ ᠤᠷᠤᠰᠢᠵᠤ ᠪᠠᠶᠢᠭ᠎ᠠ ᠠᠰᠠᠭᠤᠳᠠᠯ ᠢ ᠪᠠᠶᠢᠴᠠᠭᠠᠨ ᠰᠤᠳᠤᠯᠪᠠ
   ᠤᠯᠤᠰ ᠤᠨ ᠡᠨᠧᠷᠬᠢ ᠶᠢᠨ ᠪᠦᠯᠦᠭᠯᠡᠯ ᠤᠨ ᠦᠪᠤᠷ ᠮᠤᠩᠭᠤᠯ ᠤᠨ ᠱᠠᠩᠬᠠᠢ ᠶᠢᠨ ᠰᠦᠮ᠎ᠠ ᠴᠠᠬᠢᠯᠭᠠᠨ ᠤᠶᠢᠯᠡᠤᠨᠪᠤᠷᠢ ᠶᠢᠨ 2×100 ᠲᠦᠮᠡᠨ ᠺᠢᠯᠤᠸᠠᠲ ᠤᠨ ᠮᠠᠰᠢᠨ ᠴᠤᠭᠴᠠᠯᠠᠪᠤᠷᠢ ᠶᠢᠨ ᠲᠦᠷᠤᠯ ᠵᠦᠢᠯ ᠤᠨ ᠪᠠᠶᠢᠭᠤᠯᠤᠯᠳᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
   ᠦᠪᠤᠷ ᠮᠤᠩᠭᠤᠯ ᠤᠨ ᠶᠠ ᠬᠠᠢ ᠡᠨᠧᠷᠬᠢ ᠶᠢᠨ 60 ᠲᠦᠮᠡᠨ ᠳᠤᠨ LNG ᠵᠢᠴᠢ ᠲᠦᠬᠦᠷᠴᠢᠯᠡᠭᠰᠡᠨ ᠡᠾᠧᠯᠢ ᠭᠠᠷᠭᠠᠯᠳᠠ ᠶᠢᠨ ᠲᠦᠷᠤᠯ ᠵᠦᠢᠯ ᠤᠨ ᠪᠠᠶᠢᠭᠤᠯᠤᠯᠳᠠ ᠶᠢᠨ ᠳᠤᠷᠰᠢᠨ ᠠᠵᠢᠯᠯᠠᠭᠤᠯᠤᠯᠳᠠ ᠶᠢᠨ ᠪᠠᠶᠢᠳᠠᠯ ᠢ ᠪᠠᠶᠢᠴᠠᠭᠠᠨ ᠰᠤᠳᠤᠯᠪᠠ     ᠵᠢᠯᠤᠭᠤᠳᠤᠨ ᠤᠶᠢᠯᠡᠴᠢᠯᠡᠬᠦ ᠳᠤᠭᠤᠶᠢᠯᠠᠩ ᠠᠴᠠ ᠤᠳᠤᠭ ᠤᠨ ᠡᠮᠤᠨᠡᠳᠤ ᠬᠤᠰᠢᠭᠤᠨ ᠤ ᠠᠵᠤ ᠠᠬᠤᠢ ᠶᠢᠨ ᠪᠦᠬᠦ ᠳᠠᠯ᠎ᠠ ᠶᠢ ᠪᠦᠬᠦ ᠬᠦᠴᠤᠨ ᠢᠶᠠᠷ ᠳᠤᠭᠳᠠᠪᠤᠷᠢᠵᠢᠭᠤᠯᠬᠤ ᠪᠠ ᠲᠦᠷᠤᠯ ᠵᠦᠢᠯ ᠤᠨ ᠪᠠᠶᠢᠭᠤᠯᠤᠯᠳᠠ ᠶᠢ ᠪᠠᠳᠤᠳᠠᠢ ᠠᠬᠢᠭᠤᠯᠬᠤ ᠠᠵᠢᠯ ᠤᠨ ᠤᠯᠤᠭᠰᠡᠨ ᠪᠦᠳᠤᠮᠵᠢ ᠶᠢ ᠨᠤᠳᠠᠯᠠᠭᠰᠡᠨ ᠮᠦᠷᠳᠡᠬᠡᠨ ᠶᠡᠷᠤᠩᠬᠡᠢ ᠱᠦᠵᠢ ᠰᠢ ᠶᠢᠨ ᠫᠢᠩ  ᠤᠨ ᠤᠳᠤᠬᠠᠨ ᠤ ᠠᠵᠤ ᠠᠬᠤᠢ ᠶᠢᠨ ᠠᠵᠢᠯ ᠢ ᠰᠠᠶᠢᠳᠤᠷ ᠬᠢᠬᠦ ᠳᠤᠬᠠᠢ ᠴᠢᠬᠤᠯᠠ ᠵᠢᠭᠠᠪᠤᠷᠢ ᠱᠠᠭᠠᠷᠳᠠᠯᠭ᠎ᠠ ᠶᠢ ᠬᠦᠨᠵᠡᠬᠡᠢ ᠰᠤᠷᠤᠯᠴᠠᠨ ᠳᠤᠤᠱᠯᠠᠭᠤᠯᠵᠤ᠂ ᠨᠠᠮ ᠤᠨ ᠲᠦᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠠᠵᠤ ᠠᠬᠤᠢ ᠶᠢᠨ ᠪᠦᠬᠦ ᠳᠠᠯ᠎ᠠ ᠶᠢ ᠳᠤᠭᠳᠠᠪᠤᠷᠢᠵᠢᠭᠤᠯᠬᠤ ᠪᠠᠶᠢᠷᠢᠯᠠᠭᠤᠯᠤᠯᠳᠠ ᠪᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠱᠠᠭᠠᠷᠳᠠᠯᠭ᠎ᠠ ᠶᠢ ᠬᠢᠨᠠᠮᠠᠭᠠᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠲᠦᠷᠤ ᠶᠢᠨ ᠪᠤᠳᠤᠯᠭ᠎ᠠ ᠠᠷᠭ᠎ᠠ ᠠᠪᠴᠠᠯ ᠤᠨ ᠨᠠᠷᠢᠯᠢᠭ ᠪᠤᠳᠠᠳᠠᠢ ᠨᠠᠶᠢᠳᠠᠪᠤᠷᠢᠵᠢᠭᠤᠯᠤᠯᠳᠠ ᠶᠢ ᠠᠬᠢᠭᠤᠯᠬᠤ ᠬᠡᠷᠡᠭᠳᠠᠢ᠃ ᠨᠠᠷᠢᠯᠢᠭ ᠤᠨᠤᠪᠴᠢᠳᠠᠢ ᠪᠠᠷ ᠲᠦᠷᠤ ᠶᠢᠨ ᠪᠤᠳᠤᠯᠭ᠎ᠠ ᠬᠡᠷᠡᠭᠵᠢᠬᠦᠯᠬᠦ ᠶᠢ ᠴᠢᠩᠭᠠᠤᠨᠬᠠᠨ᠂ ᠲᠦᠷᠤᠯ ᠵᠦᠢᠯ ᠤᠨ ᠡᠮᠤᠨᠡᠬᠢ ᠬᠤᠭᠤᠴᠠᠭᠠᠨ ᠤ ᠠᠵᠢᠯ᠂ ᠪᠠᠷᠢᠯᠭ᠎ᠠ ᠡᠬᠢᠯᠡᠬᠦᠯᠬᠦ ᠪᠠᠶᠢᠭᠤᠯᠤᠯᠳᠠ ᠪᠠ ᠲᠦᠯᠤᠪᠵᠢᠬᠦᠯᠬᠡ ᠶᠢᠨ ᠠᠵᠢᠯ ᠢ ᠡᠮᠬᠢᠳᠠᠢ ᠠᠬᠢᠭᠤᠯᠵᠤ᠂ ᠪᠦᠳᠤᠮᠵᠢᠳᠠᠢ ᠪᠡᠯᠡ ᠤᠷᠤᠭᠤᠯᠤᠯᠳᠠ ᠪᠠᠨ ᠬᠦᠴᠤᠯᠡᠵᠤ ᠦᠷᠬᠡᠤᠨᠬᠡᠨ᠂ ᠪᠦᠬᠦ ᠵᠢᠯ  ᠤᠨ ᠬᠠᠷᠠᠯᠳᠠ ᠡᠬᠦᠷᠬᠡ ᠪᠠᠨ ᠪᠡᠶᠡᠯᠡᠬᠦᠯᠬᠦ ᠶᠢ ᠪᠠᠳᠤᠯᠬᠠᠤ ᠬᠡᠷᠡᠭᠳᠠᠢ᠃ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ᠂ ᠠᠵᠤ ᠠᠬᠤᠢ ᠶᠢ ᠳᠤᠭᠳᠠᠭᠤᠨ ᠢᠶᠠᠷ ᠨᠡᠮᠡᠭᠳᠡᠬᠦᠯᠬᠦ ᠡᠯ᠎ᠡ ᠵᠦᠢᠯ ᠤᠨ ᠠᠵᠢᠯ ᠢ ᠦᠷᠬᠦᠯᠵᠢᠬᠦᠶᠢᠴᠠ ᠰᠠᠶᠢᠳᠤᠷ ᠠᠤᠨᠬᠤᠵᠤ᠂ ᠦᠪᠡᠷᠳᠡᠬᠡᠨ ᠵᠠᠰᠠᠬᠤ ᠤᠷᠤᠨ ᠤ ᠠᠵᠤ ᠠᠬᠤᠢ ᠶᠢᠨ ᠪᠦᠬᠦ ᠳᠠᠯ᠎ᠠ ᠶᠢᠨ ᠳᠤᠭᠳᠠᠪᠤᠷᠢᠵᠢᠭᠤᠯᠤᠯᠳᠠ ᠳᠤ ᠬᠤᠪᠢ ᠨᠡᠮᠡᠷᠢ ᠦᠵᠡᠬᠦᠯᠤᠨ᠂ ᠪᠤᠳᠠᠳᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠤᠷᠤᠭᠰᠢᠳᠠᠢ ᠶᠠᠪᠤᠭᠳᠠᠬᠤ ᠶᠢ ᠤᠭᠳᠤᠬᠤ ᠬᠡᠷᠡᠭᠳᠠᠢ ᠬᠡᠵᠤ ᠱᠠᠭᠠᠷᠳᠠᠭᠰᠡᠨ ᠪᠠᠶᠢᠨ᠎ᠠ᠃     ᠬᠤᠰᠢᠭᠤ ᠤᠳᠤᠷᠢᠳᠤᠯᠭ᠎ᠠ ᠰᠦᠨ ᠶᠢᠤ ᠵᠢᠶᠦ᠋ᠨ᠂ ᠶᠠᠩ ᠵᠢᠢ ᠴᠢᠶᠠᠩ᠂ ᠬᠤᠰᠢᠭᠤ ᠵᠠᠰᠠᠭ ᠤᠨ ᠤᠷᠳᠤᠨ ᠤ ᠠᠯᠪᠠᠨ ᠬᠡᠷ ᠵᠢᠴᠢ ᠬᠤᠰᠢᠭᠤ ᠰᠢᠭᠤᠤᠨ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠬᠠᠮᠳᠤ ᠬᠢᠨᠠᠨ ᠵᠢᠯᠤᠭᠤᠤᠨᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号