ᠮᠠᠨ ᠤ ᠬᠤᠰᠢᠭᠤᠨ ᠤ ᠨᠠᠭᠠᠳᠣᠮ ᠤᠨ ᠶᠡᠭᠡ ᠬᠤᠷᠠᠯ ᠤᠨ ᠪᠦᠬᠡ ᠶᠢᠨ ᠪᠠᠷᠢᠯᠳᠣᠭᠠᠨ ᠠᠮᠵᠢᠯᠳᠠᠳᠠᠢ ᠲᠡᠭᠦᠰᠪᠡ
ᠨᠡᠶᠢᠲᠡᠯᠡᠭᠰᠡᠨ ᠴᠠᠭ᠄
2022/9/5
    ᠮᠠᠨ ᠤ ᠬᠤᠰᠢᠭᠤᠨ ᠤ 2022 ᠣᠨ ᠤ ᠲᠣᠮᠳᠠᠳᠦ ᠣᠯᠣᠰ ᠤᠨ ᠲᠠᠷᠢᠶᠠᠴᠢᠳ ᠤᠨ ᠡᠯᠪᠡᠭ ᠬᠤᠷᠢᠶᠠᠯᠳᠠ  ᠶᠢᠨ ᠪᠠᠶᠠᠷ ᠵᠢᠴᠢ ᠨᠠᠭᠠᠳᠣᠮ ᠤᠨ ᠶᠡᠭᠡ ᠬᠤᠷᠠᠯ ᠤᠨ ᠡᠷ᠎ᠡ ᠶᠢᠨ ᠭᠤᠷᠪᠠᠨ ᠨᠠᠭᠠᠳᠣᠮ ᠤᠨ ᠪᠦᠭᠡ ᠶᠢᠨ ᠮᠦᠷᠦᠶᠢᠴᠡᠭᠡᠨ 8 ᠰᠠᠷ᠎ᠠ ᠶᠢᠨ 31 ᠤ ᠡᠳᠦᠷ ᠠᠴᠠ 9 ᠰᠠᠷ᠎ᠠ ᠶᠢᠨ 1 ᠤ ᠡᠳᠦᠷ ᠪᠣᠯᠳᠠᠯ᠎ᠠ ᠶᠡᠭᠡ ᠨᠠᠶᠢᠷ ᠤᠨ ᠲᠠᠯᠠᠪᠠᠢ ᠳᠤ ᠢᠳᠡ ᠴᠢᠩᠭ᠎ᠠ ᠶᠠᠪᠣᠭᠳᠠᠵᠣ ᠨᠠᠭᠠᠮᠳᠣᠴᠢᠨ ᠣᠯᠠᠨ ᠢᠶᠠᠨ ᠪᠠᠶᠠᠰᠬᠠᠪᠠ᠃     ᠣᠷᠣᠯᠳᠣᠭᠠᠨ ᠳᠤ ᠮᠠᠨ ᠤ ᠬᠤᠰᠢᠭᠤᠨ ᠤ ᠬᠦᠷᠰᠢ ᠬᠤᠰᠢᠭᠤ ᠬᠤᠳᠠ ᠪᠣᠶᠣ ᠣᠯᠠᠨ ᠭᠠᠵᠠᠷ ᠣᠷᠣᠨ ᠢᠶᠠᠷ ᠮᠣᠩᠭᠤᠯ ᠪᠦᠬᠡ ᠶᠢᠨ ᠣᠷ᠎ᠡ ᠲᠡᠮ ᠢ ᠭᠠᠶᠢᠬᠠᠭᠤᠯᠵᠣ ᠶᠠᠪᠣᠭᠰᠠᠨ ᠰᠢᠯᠢ ᠶᠢᠨ ᠭᠤᠣᠯ᠂ ᠣᠯᠠᠭᠠᠨᠬᠠᠳᠠ᠂ ᠪᠠᠶᠠᠨᠨᠠᠭᠤᠷ᠂ ᠨᠢᠩᠰᠢᠶᠠ ᠵᠡᠷᠭᠡ ᠮᠣᠵᠢ ᠣᠷᠣᠨ ᠠᠴᠠ ᠢᠷᠡᠭᠰᠡᠨ 256 ᠪᠦᠬᠡᠴᠢᠳ ᠢᠳᠡᠷᠴᠣᠳ ᠤᠨ ᠮᠣᠩᠭᠤᠯ ᠪᠦᠭᠡ ᠶᠢᠨ ᠪᠠᠷᠢᠯᠳᠣᠭᠠᠨ ᠪᠠ 64 ᠪᠠᠭᠠᠴᠣᠳ ᠤᠨ ᠪᠦᠰᠡ ᠪᠦᠬᠡ ᠶᠢᠨ ᠪᠠᠷᠢᠯᠳᠣᠭᠠᠨ ᠳᠤ ᠣᠷᠣᠯᠴᠠᠭᠰᠠᠨ ᠢᠶᠠᠷ ᠡᠨᠡ ᠣᠳᠠᠭᠠᠨ  ᠤ ᠪᠦᠬᠡ ᠶᠢᠨ ᠮᠦᠷᠦᠶᠢᠴᠡᠭᠡᠨ ᠢ ᠨᠡᠩ ᠦᠨᠳᠦᠷ ᠲᠦᠪᠰᠢᠨ ᠳᠤ ᠬᠦᠷᠭᠡᠭᠰᠡᠨ ᠪᠠᠶᠢᠨ᠎ᠠ᠃     ᠢᠳᠡᠷᠴᠣᠳ ᠤᠨ ᠮᠣᠩᠭᠤᠯ ᠪᠦᠬᠡ ᠶᠢᠨ ᠪᠠᠷᠢᠯᠳᠣᠭᠠᠨ ᠤ ᠲᠡᠭᠡᠳᠦ 32 ᠶᠢᠨ ᠪᠠᠷᠢᠯᠳᠣᠭᠠᠨ ᠨᠢ ᠨᠡᠩ ᠴᠣ᠋ ᠬᠦᠮᠦᠰ ᠤᠨ ᠪᠠᠭ᠋ᠠᠷᠬᠠᠯ ᠰᠣᠨᠢᠷᠬᠠᠯ ᠢ ᠲᠠᠳᠠᠵᠣ᠂ ᠣᠯᠠᠭᠠᠨᠬᠠᠳᠠ ᠬᠤᠳᠠ ᠶᠢᠨ ᠠᠷᠣ ᠬᠤᠷᠴᠢᠨ ᠬᠤᠰᠢᠭᠤ ᠠᠴᠠ ᠢᠷᠡᠭᠰᠡᠨ ᠬᠤᠷᠸ᠎ᠠ ᠲᠠᠭᠠᠷᠠᠭᠰᠠᠨ ᠪᠦᠬᠡ ᠪᠣᠯᠭᠠᠨ ᠢ ᠠᠷᠣ ᠠᠷᠣ ᠠᠴᠠ ᠨᠢ ᠰᠢᠷᠣᠶᠢᠳᠠᠭᠤᠯᠣᠭᠰᠠᠭᠠᠷ ᠨᠣᠳᠤᠭ ᠣᠰᠣᠨ  ᠤ ᠬᠡᠶᠢᠮᠦᠷᠢ ᠶᠢ ᠮᠠᠨᠳᠣᠭᠤᠯᠣᠨ ᠨᠠᠶᠢᠷ ᠤᠨ ᠮᠠᠩᠯᠢ ᠳᠤ ᠲᠣᠳᠣᠷᠠᠵᠣ᠂ ᠣᠯᠠᠭᠠᠨᠬᠠᠳᠠ ᠬᠤᠳᠠ ᠶᠢᠨ ᠭᠡᠭᠡᠷᠡᠭᠦ᠂ ᠵᠡᠬᠦᠨ ᠦᠵᠦᠮᠦᠴᠢᠨ ᠤ ᠪᠠᠳᠣᠵᠢᠷᠭᠠᠯ᠂ ᠪᠠᠶᠠᠨᠨᠠᠭᠤᠷ ᠤᠨ ᠨᠠᠶᠢᠳᠠᠨ᠂ ᠣᠳᠤᠭ ᠤᠨ ᠰᠠᠴᠣᠷᠠᠯᠳᠦ᠂ ᠪᠠᠭᠠᠷᠢᠨ ᠤ ᠴᠢᠩᠵᠣᠷᠢᠭᠳᠦ᠂ ᠵᠡᠭᠦᠨ ᠦᠵᠦᠮᠦᠴᠢᠨ ᠤ ᠡᠷᠬᠢᠮᠰᠦ᠋ᠯᠳᠡ᠂ ᠪᠠᠶᠠᠨᠨᠠᠭᠤᠷ ᠤᠨ ᠣᠳᠬᠤᠨᠪᠢᠯᠢᠭ᠌ ᠨᠠᠷ ᠲᠣᠰ ᠲᠣᠰ ᠲᠡᠭᠡᠷ᠎ᠡ 8 ᠳᠤ ᠲᠣᠳᠣᠷᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠨᠡᠶᠢᠳᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号