9 ᠰᠠᠷ᠎ᠠ ᠶᠢᠨ 2 ᠤᠨ ᠡᠳᠦᠷ᠂ ᠨᠠᠮ ᠤᠨ ᠪᠠᠶᠢᠭᠤᠯᠣᠯᠳᠠ ᠪᠠᠷ ᠬᠦᠳᠡᠭᠡ ᠲᠣᠰᠬᠤᠨ ᠢ ᠬᠦᠭᠵᠢᠭᠦᠯᠦᠨ | ᠮᠠᠨᠳᠣᠭᠤᠯᠬᠤ ᠶᠢ ᠠᠬᠢᠭᠤᠯᠬᠤ᠂ ᠡᠷᠴᠢᠮᠳᠠᠢ ᠲᠠᠭᠠᠭᠠᠴᠢᠯᠠᠨ ᠲᠡᠳᠬᠦᠵᠣ ᠠᠵᠣ ᠣᠶᠢᠯᠠᠰ ᠢᠶᠠᠷ ᠮᠠᠯ ᠲᠠᠷᠢᠶᠠᠯᠠᠩ ᠢᠶᠠᠨ | ᠬᠦᠴᠦᠷᠬᠡᠭᠵᠢᠭᠦᠯᠬᠦ — ᠣᠷᠳᠣᠰ ᠬᠤᠳᠠ ᠶᠢᠨ ᠲᠦᠷᠪᠡᠳᠦᠭᠡᠷ ᠬᠤᠭᠤᠴᠠᠭᠠᠨ ᠤ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠦᠵᠡᠭᠦᠯᠦᠯᠭᠡ ᠵᠦᠪᠳᠡᠯᠴᠡᠭᠡᠨ ᠤ ᠬᠤᠷᠠᠯ ᠳ᠋ᠦᠩᠱᠧᠩ ᠲᠣᠭᠤᠷᠢᠭ ᠤᠨ ᠪᠦᠬᠦ ᠠᠷᠠᠳ ᠤᠨ ᠪᠡᠶ᠎ᠡ | ᠴᠢᠬᠢᠷᠠᠭᠵᠢᠭᠤᠯᠬᠤ ᠲᠦᠪ ᠲᠤ ᠡᠬᠢᠯᠡᠪᠡ᠃ | ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠵᠠᠩ ᠵᠠᠨ ᠯᠢᠨ᠂ ᠬᠤᠳᠠ ᠶᠢᠨ ᠨᠠᠮ ᠤᠨ ᠬᠤᠷᠢᠶ᠎ᠠ | ᠶᠢᠨ ᠲᠡᠳ᠋ ᠱᠦᠵᠢ᠂ ᠣᠯᠣᠰ ᠲᠦᠷᠦ ᠬᠠᠣᠯᠢ ᠴᠠᠭᠠᠵᠠ ᠶᠢᠨ ᠵᠦᠪᠯᠡᠯ ᠤᠨ ᠱᠦᠵᠢ᠂ ᠬᠢᠶ᠎ᠠ ᠪᠠᠭᠰᠢ ᠲᠣᠭᠤᠷᠢᠭ ᠤᠨ | ᠨᠠᠮ ᠤᠨ ᠬᠤᠷᠢᠶ᠎ᠠ ᠶᠢᠨ ᠱᠦᠵᠢ᠂ ᠬᠤᠳᠠ ᠶᠢᠨ ᠭᠠᠴᠠᠭ᠎ᠠ ᠲᠣᠰᠬᠤᠨ ᠳᠤ ᠰᠠᠭᠤᠵᠣ ᠲᠠᠭᠠᠭᠠᠴᠢᠯᠠᠨ ᠲᠡᠳᠬᠦᠬᠦ | ᠣᠳᠣᠷᠢᠳᠬᠤ ᠲᠣᠭᠤᠶᠢᠯᠠᠩ ᠤᠨ ᠲᠠᠷᠤᠭ᠎ᠠ ᠰᠢᠩ ᠵᠧᠩ ᠨᠦᠬᠦᠷ ᠡᠬᠢᠯᠡᠯᠳᠡ ᠶᠢᠨ ᠶᠣᠰᠣᠯᠠᠯ ᠳᠤ ᠣᠷᠣᠯᠴᠠᠪᠠ᠃ | ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠲᠠᠷᠤᠭ᠎ᠠ ᠶᠠᠩ ᠶᠢᠩ ᠰᠢᠨ᠂ | ᠬᠤᠰᠢᠭᠤ ᠣᠳᠣᠷᠢᠳᠣᠯᠭ᠎ᠠ ᠵᠣᠣ ᠱᠤᠸᠠᠨ᠂ ᠯᠢ ᠵᠢᠶᠠ ᠭᠤᠸᠠᠨ᠂ ᠶᠢᠣ ᠵᠢᠶᠠᠨ ᠴᠢᠩ ᠵᠢᠴᠢ ᠡᠯ᠎ᠡ ᠪᠠᠯᠭᠠᠰᠦ᠂ | ᠬᠤᠰᠢᠭᠤ ᠰᠢᠭᠤᠳ ᠬᠷᠢᠶᠠ ᠣᠯᠣᠰ ᠤᠨ ᠦᠮᠴᠢᠯᠡᠯᠳᠦ ᠠᠵᠣ ᠠᠬᠤᠶᠢᠯᠠᠯ ᠤᠨ ᠬᠠᠷᠢᠭᠤᠴᠠᠯᠭᠠᠳᠠᠳ ᠡᠬᠢᠯᠡᠯᠳᠡ ᠶᠢᠨ | ᠶᠣᠰᠣᠯᠠᠯ ᠳᠤ ᠣᠷᠣᠯᠴᠠᠪᠠ᠃ | ᠡᠬᠢᠯᠡᠯᠳᠡ ᠶᠢᠨ ᠶᠣᠰᠣᠯᠠᠯ ᠤᠨ ᠠᠬᠤᠢ ᠲᠠᠯᠠᠪᠠᠢ ᠳᠤ᠂ ᠯᠢ ᠯᠢ᠂ ᠵᠠᠩ ᠵᠠᠨ ᠯᠢᠨ ᠵᠡᠷᠭᠡ ᠬᠤᠳᠠ ᠶᠢᠨ | ᠣᠳᠣᠷᠢᠳᠣᠯᠭ᠎ᠠ ᠬᠡᠷᠡᠭᠯᠡᠭᠡ ᠪᠠᠷ ᠬᠠᠪᠰᠣᠷᠣᠨ ᠲᠡᠮᠵᠢᠭᠰᠡᠨ ᠠᠵᠣ ᠠᠬᠤᠶᠢᠯᠠᠯ ᠪᠣᠯᠬᠤ ᠮᠠᠨ ᠤ ᠬᠤᠰᠢᠭᠤᠨ ᠤ ᠣᠷᠳᠣᠰ | ᠬᠤᠳᠠ ᠶᠢᠨ ᠬᠤᠩ ᠶᠧ ᠮᠠᠯ ᠲᠠᠷᠢᠶᠠᠯᠠᠩ ᠤᠨ ᠣᠶᠢᠯᠠᠰ ᠤᠨ ᠨᠡᠭᠡᠭᠡᠯᠳᠡ ᠶᠢᠨ ᠬᠢᠵᠠᠭᠠᠷᠳᠦ ᠬᠠᠷᠢᠭᠤᠴᠠᠯᠭ᠎ᠠ ᠶᠢᠨ | ᠺᠣᠮᠫᠠᠨᠢ ᠪᠣᠯᠣᠨ ᠣᠷᠳᠣᠰ ᠬᠤᠳᠠ ᠶᠢᠨ ᠾᠧᠩ ᠺᠧ ᠮᠠᠯ ᠲᠠᠷᠢᠶᠠᠯᠠᠩ ᠤᠨ ᠣᠶᠢᠯᠠᠰ ᠤᠨ ᠨᠡᠭᠡᠭᠡᠯᠳᠡ ᠶᠢᠨ | ᠬᠢᠵᠠᠭᠠᠷᠳᠦ ᠬᠠᠷᠢᠭᠤᠴᠠᠯᠭ᠎ᠠ ᠶᠢᠨ ᠺᠣᠮᠫᠠᠨᠢ ᠳᠤ ᠱᠠᠩᠨᠠᠯ ᠭᠠᠷᠳᠠᠭᠤᠯᠪᠠ᠃ | ᠦᠵᠡᠭᠦᠯᠦᠯᠭᠡ ᠵᠦᠪᠳᠡᠯᠴᠡᠭᠡᠨ ᠤ ᠬᠤᠷᠠᠯ ᠲᠡᠭᠡᠷ᠎ᠡ᠂ ᠣᠳᠤᠭ ᠤᠨ ᠡᠮᠦᠨᠡᠳᠦ ᠬᠤᠰᠢᠭᠤ ᠮᠠᠯ ᠲᠠᠷᠢᠶᠠᠯᠠᠩ ᠤᠨ | ᠣᠶᠢᠯᠠᠰ᠂ ᠰᠣᠶᠣᠯ ᠵᠢᠭᠤᠯᠴᠢᠯᠠᠯ ᠤᠨ ᠣᠶᠢᠯᠠᠰ ᠤᠨ ᠨᠡᠶᠢᠳᠡ 50 ᠭᠠᠷᠣᠢ ᠠᠵᠣ ᠠᠬᠤᠶᠢᠯᠠᠯ ︵ᠬᠤᠷᠰᠢᠶᠠᠵᠢᠯ︶ ᠢ | ᠵᠣᠬᠢᠶᠠᠨ ᠪᠠᠶᠢᠭᠤᠯᠣᠨ ᠣᠷᠣᠯᠴᠠᠭᠤᠯᠵᠣ᠂ ᠮᠠᠨ ᠤ ᠬᠤᠰᠢᠭᠤᠨ ᠤ ᠦᠬᠡᠷ ᠬᠤᠨᠢ ᠢᠮᠠᠭᠠᠨ ᠮᠢᠬ᠎ᠠ᠂ ᠣᠯᠠᠮᠵᠢᠯᠠᠯᠳᠦ | ᠴᠠᠭᠠᠨ ᠢᠳᠡᠭᠡᠨ᠂ ᠨᠣᠣᠯᠣᠭᠤᠷ᠂ ᠨᠣᠭᠤᠭ᠎ᠠ ᠵᠢᠮᠢᠰ ᠤᠨ ᠲᠦᠷᠦᠯ ᠤᠨ ᠪᠦᠳᠦᠭᠡᠭᠳᠡᠭᠦᠨ᠂ ᠦᠵᠦᠮ ᠤᠨ ᠠᠷᠢᠬᠢ | ᠵᠡᠷᠭᠡ 120 ᠭᠠᠷᠣᠢ ᠣᠨᠴᠠᠯᠢᠭᠳᠦ ᠪᠦᠳᠦᠭᠡᠭᠳᠡᠭᠦᠨ ᠢᠶᠠᠨ ᠣᠷᠳᠣᠰ ᠬᠤᠳᠠ ᠶᠢᠨ ᠲᠦᠷᠪᠡᠳᠦᠭᠡᠷ ᠬᠤᠭᠤᠴᠠᠭᠠᠨ ᠤ | ᠮᠠᠯ ᠲᠠᠷᠢᠶᠠᠯᠠᠩ ᠤᠨ ᠪᠦᠳᠦᠭᠡᠭᠳᠡᠭᠦᠨ ᠤ ᠦᠵᠡᠭᠦᠯᠦᠯᠭᠡ ᠵᠦᠪᠳᠡᠯᠴᠡᠭᠡᠨ ᠤ ᠬᠤᠷᠠᠯ ᠲᠡᠭᠡᠷ᠎ᠡ ᠲᠡᠯᠭᠡᠨ ᠦᠵᠡᠭᠦᠯᠪᠡ᠃ | ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ ᠵᠡᠷᠭᠡ ᠣᠳᠣᠷᠢᠳᠣᠯᠭ᠎ᠠ ᠣᠷᠢᠳ ᠬᠤᠵᠢᠳ ᠮᠠᠨ ᠤ | ᠬᠤᠰᠢᠭᠤᠨ ᠤ ᠲᠡᠯᠭᠡᠨ ᠦᠵᠡᠭᠦᠯᠦᠯᠭᠡ ᠶᠢ ᠲᠣᠭᠤᠷᠢᠨ ᠦᠵᠡᠵᠣ ᠵᠢᠭᠠᠨ ᠵᠢᠯᠣᠭᠤᠳᠪᠠ᠃ | ᠲᠣᠰ ᠣᠳᠠᠭᠠᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠦᠵᠡᠭᠦᠯᠦᠯᠭᠡ ᠵᠦᠪᠳᠡᠯᠴᠡᠭᠡᠨ ᠤ ᠬᠤᠷᠠᠯ ᠢᠶᠠᠷ | ᠲᠠᠮᠵᠢᠨ ᠮᠠᠨ ᠤ ᠬᠤᠰᠢᠭᠤᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠨᠡᠷᠡᠳᠦ ᠲᠡᠮᠳᠡᠭ ᠢᠶᠠᠨ ᠣᠬᠠᠭᠤᠯᠣᠨ | ᠲᠠᠨᠢᠯᠴᠠᠭᠤᠯᠵᠣ᠂ ᠮᠠᠨ ᠤ ᠬᠤᠰᠢᠭᠤᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠠᠯᠳᠠᠷᠰᠢᠯ ᠪᠣᠯᠣᠨ | ᠦᠷᠢᠰᠦᠯᠳᠦᠭᠡᠨ ᠤ ᠬᠦᠴᠦᠨ ᠢ ᠲᠡᠭᠡᠭᠰᠢᠯᠡᠭᠦᠯᠦᠨ᠂ ᠶᠡᠭᠡ ᠬᠡᠯᠪᠡᠷᠢ ᠶᠢᠨ ᠬᠡᠯᠬᠢᠶᠡᠳᠦ ᠬᠡᠳᠦ ᠲᠡᠯᠭᠡᠭᠦᠷ ᠤᠨ ᠬᠢᠨ ᠤ | ᠮᠠᠨ ᠤ ᠬᠤᠰᠢᠭᠤᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠠᠵᠣ ᠠᠬᠤᠶᠢᠯᠠᠯ ᠲᠠᠢ ᠣᠷᠳᠦ ᠬᠤᠭᠤᠴᠠᠭ᠎ᠠ ᠪᠠᠷ | ᠬᠠᠮᠳᠣᠷᠠᠯᠴᠠᠬᠤ ᠶᠢ ᠠᠬᠢᠭᠤᠯᠵᠣ᠂ ᠣᠶᠢᠯᠠᠳᠪᠦᠷᠢᠯᠠᠯ ᠡᠵᠡᠩᠨᠡᠯᠳᠡ ᠶᠢᠨ ᠠᠵᠣ ᠠᠬᠤᠶᠢᠯᠠᠯ ᠤᠨ ᠵᠠᠬ᠎ᠠ ᠲᠡᠯᠭᠡᠭᠦᠷ ᠢ | ᠦᠷᠡᠭᠡᠳᠬᠡᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠪᠣᠷᠣᠯᠠᠭᠤᠯᠭ᠎ᠠ ᠶᠢᠨ ᠵᠠᠮ ᠢ ᠦᠷᠭᠡᠳᠬᠡᠵᠣ᠂ ᠬᠤᠶᠠᠷ | ᠲᠠᠯ᠎ᠠ ᠶᠢᠨ ᠬᠠᠮᠳᠦ ᠶᠢᠨ ᠠᠰᠢᠭ ᠲᠣᠰᠠ ᠬᠠᠮᠳᠦ ᠶᠢᠨ ᠢᠯᠠᠯᠳᠠ ᠳᠤ ᠴᠢᠬᠤᠯᠠ ᠠᠴᠢ ᠬᠤᠯᠪᠣᠭᠳᠠᠯ ᠦᠵᠡᠭᠦᠯᠦᠭᠰᠡᠨ | ᠪᠠᠶᠢᠨ᠎ᠠ᠃ | ᠲᠣᠰ ᠣᠳᠠᠭᠠᠨ ᠤ ᠦᠵᠡᠭᠦᠯᠦᠯᠭᠡ ᠵᠦᠪᠳᠡᠯᠴᠡᠭᠡᠨ ᠤ ᠬᠤᠷᠠᠯ ᠭᠤᠷᠪᠠᠨ ᠡᠳᠦᠷ ᠶᠠᠪᠣᠭᠳᠠᠵᠣ᠂ 9 ᠬᠤᠰᠢᠭᠤ | ᠲᠣᠭᠤᠷᠢᠭ ᠤᠨ ᠲᠡᠯᠭᠡᠨ ᠦᠵᠡᠭᠦᠯᠦᠯᠭᠡ ᠶᠢᠨ ᠰᠠᠭᠤᠷᠢᠨ ᠲᠡᠭᠡᠷ᠎ᠡ᠂ ᠪᠦᠳᠦᠭᠡᠯᠴᠢ ᠰᠣᠶᠦᠯ᠂ ᠨᠣᠯᠣᠣᠭᠤᠷ᠂᠂ | ᠲᠦᠪᠯᠡᠷᠡᠩᠬᠦᠢ ᠬᠤᠳᠠᠯᠳᠣᠨ ᠠᠪᠣᠯᠳᠠ᠂ ᠠᠮᠣ ᠪᠣᠳᠠᠭ᠎ᠠ ᠬᠤᠯᠢᠰᠢᠨ ᠢᠳᠡᠭᠡᠨ᠂ ᠳ᠋ᠥᠸᠧ ᠳ᠋ᠥᠸᠧ ᠲᠠᠪᠴᠠᠩ᠂ ᠪᠦᠬᠦ | ᠪᠦᠷᠭᠦᠴᠡ ᠶᠢᠨ ᠪᠦᠬᠦ ᠡᠳᠦᠷ ᠢᠶᠠᠷ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠳᠤ ᠣᠶᠢᠯᠡᠴᠢᠯᠡᠭᠦ ᠠᠵᠢᠯ | ᠤᠨ ᠲᠣᠭᠳᠠᠯᠴᠠᠭ᠎ᠠ ᠵᠡᠷᠭᠡ 6 ᠣᠨᠴᠠ ᠦᠵᠡᠭᠦᠯᠦᠯᠭᠡ ᠶᠢᠨ ᠪᠠᠶᠢᠷᠢ ᠭᠠᠷᠭᠠᠨ᠂ 52 ᠰᠣᠮᠣ ᠰᠢᠶᠠᠩ ᠪᠠᠯᠭᠠᠰᠣᠨ ᠤ | ᠦᠵᠡᠭᠦᠯᠦᠯᠭᠡ ᠶᠢᠨ ᠲᠠᠯᠠᠪᠠᠢ ᠲᠣᠬᠢᠷᠠᠭᠤᠯᠪᠠ᠃ ᠡᠭᠦᠨ ᠤ ᠬᠠᠮᠳᠦ᠂ ᠨᠢᠭᠡᠳᠦᠭᠡᠷ ᠱᠦᠵᠢ ᠶᠢᠨ ᠰᠢᠭᠤᠳ | ᠨᠡᠪᠳᠡᠷᠡᠭᠦᠯᠭᠡ ᠪᠠᠷ ᠪᠠᠷᠠᠭ᠎ᠠ ᠪᠣᠷᠣᠯᠠᠭᠤᠯᠬᠤ ᠲᠣᠭᠤᠷᠢᠭ ᠭᠠᠷᠭᠠᠨ᠂ 500 ᠭᠠᠷᠣᠢ ᠲᠦᠷᠦᠯ ᠤᠨ ᠮᠠᠯ ᠲᠠᠷᠢᠶᠠᠯᠠᠩ | ᠤᠨ ᠰᠢᠯᠢᠳᠡᠭ ᠪᠦᠳᠦᠭᠡᠭᠳᠡᠭᠦᠨ ᠢ ᠵᠣᠬᠢᠶᠠᠨ ᠪᠠᠶᠢᠭᠤᠯᠵᠣ᠂ ᠡᠯ᠎ᠡ ᠬᠤᠰᠢᠭᠤ ᠲᠣᠭᠤᠷᠢᠭ ᠤᠨ 120 ᠭᠠᠷᠣᠢ | ᠣᠨᠴᠠᠯᠢᠭᠳᠦ ᠢᠳᠡᠭᠡᠨ ᠢ ᠰᠣᠩᠭᠤᠨ᠂ 40 ᠭᠠᠷᠣᠢ ᠲᠠᠯᠠᠪᠠᠢ ᠣᠷᠠᠨ ᠰᠠᠶᠢᠬᠠᠨ ᠤ ᠲᠣᠭᠯᠠᠯᠳᠠ ᠪᠡᠯᠡᠳᠬᠡᠵᠣ ᠬᠤᠳᠠ | ᠶᠢᠨ ᠠᠷᠠᠳ ᠲᠤ ᠬᠤᠳᠠᠯᠳᠣᠨ ᠠᠪᠬᠤ᠂ ᠠᠮᠳᠠᠯᠠᠬᠤ᠂ ᠰᠣᠨᠢᠷᠬᠠᠬᠤ ᠣᠬᠢ ᠣᠷᠴᠢᠨ ᠢ ᠪᠦᠷᠢᠳᠦᠭᠦᠯᠦᠭᠰᠡᠨ ᠪᠠᠶᠢᠨ᠎ᠠ᠃ | | |