ᠶᠠᠩ ᠶᠢᠩ ᠰᠢᠨ ᠪᠠᠶᠢᠴᠠᠭᠠᠯᠲᠠ ᠶᠢᠨ ᠳᠣᠭᠤᠶᠢᠯᠠᠩ ᠳᠠᠭᠠᠭᠤᠯᠤᠨ ᠨᠢᠩᠰᠢᠶᠠ ᠳᠤ ᠬᠦᠷᠴᠦ ᠲᠦᠷᠦᠯ ᠵᠦᠢᠯ ᠢ ᠰᠢᠨᠵᠢᠯᠡᠨ ᠪᠠᠶᠢᠴᠠᠭᠠᠵᠤ ᠬᠤᠳᠠᠯᠳᠣᠭᠠᠴᠢᠨ ᠣᠷᠢᠵᠦ ᠪᠡᠯᠡ ᠲᠠᠲᠠᠪᠠ
ᠨᠡᠶᠢᠲᠡᠯᠡᠭᠰᠡᠨ ᠴᠠᠭ᠄
2022/9/8
    9 ᠰᠠᠷ᠎ᠠ ᠶᠢᠨ 6 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠦᠪᠯᠡᠯ ᠤᠨ ᠡᠷᠬᠢᠯᠡᠭᠴᠢ ᠶᠠᠩ ᠶᠢᠩ ᠰᠢᠨ ᠪᠠᠶᠢᠴᠠᠭᠠᠯᠲᠠ ᠶᠢᠨ ᠳᠣᠭᠤᠶᠢᠯᠠᠩ ᠳᠠᠭᠠᠭᠤᠯᠤᠨ ᠨᠢᠩᠰᠢᠶᠠ ᠳᠤ ᠬᠦᠷᠴᠦ ᠲᠦᠷᠦᠯ ᠵᠦᠢᠯ ᠢ ᠰᠢᠨᠵᠢᠯᠡᠨ ᠪᠠᠶᠢᠴᠠᠭᠠᠵᠤ᠂ ᠬᠤᠳᠠᠯᠳᠣᠭᠠᠴᠢᠨ ᠣᠷᠢᠵᠦ ᠪᠡᠯᠡ ᠲᠠᠲᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ  ᠶᠢᠨ ᠵᠦᠪᠯᠡᠯ ᠤᠨ ᠳᠡᠳ᠋ ᠡᠷᠬᠢᠯᠡᠭᠴᠢ ᠰᠦᠨ ᠶᠢᠦ ᠵᠢᠶᠦ᠋ᠨ ᠬᠠᠮᠲᠤ ᠰᠢᠨᠵᠢᠯᠡᠨ ᠪᠠᠶᠢᠴᠠᠭᠠᠪᠠ᠃
    ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠱᠠᠩᠬᠠᠢ  ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠦᠪᠯᠡᠯ ᠤᠨ ᠡᠷᠬᠢᠯᠡᠭᠴᠢ ᠶᠠᠩ ᠶᠢᠩ ᠰᠢᠨ ᠫᠢᠩ ᠯᠦᠸᠧ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠷᠦᠨ ᠶᠠᠩ ᠨᠠᠷᠠᠨ ᠤ ᠡᠨᠧᠷᠬᠢ ᠶᠢᠨ ᠮᠡᠲ᠋ᠧᠷᠢᠶᠡᠯ ᠵᠢᠴᠢ ᠴᠡᠨᠡᠭ ᠤᠨ ᠠᠵᠤ ᠦᠢᠯᠡᠰ  ᠤᠨ ᠰᠢᠨᠵᠢᠯᠡᠭᠡ ᠮᠡᠷᠬᠡᠵᠢᠯ ᠤᠨ ᠬᠦᠷᠢᠶᠡᠯᠡᠩ ᠤᠨ ᠪᠠᠶᠢᠭᠤᠯᠤᠯᠲᠠ ᠶᠢᠨ ᠠᠬᠤᠢ ᠲᠠᠯᠠᠪᠠᠢ ᠳᠤ ᠬᠦᠷᠴᠦ ᠠᠵᠣ ᠠᠬᠤᠶᠢᠯᠠᠯ ᠤᠨ ᠲᠦᠷᠦᠯ ᠵᠦᠢᠯ ᠤᠨ ᠪᠠᠶᠢᠭᠤᠯᠤᠯᠲᠠ᠂ ᠬᠦᠭᠵᠢᠬᠦᠯᠦᠯᠲᠡ ᠶᠢᠨ ᠲᠦᠯᠦᠪᠵᠢᠬᠦᠯᠬᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃     ᠫᠢᠩ ᠯᠦᠸᠧ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠷᠦᠨ ᠶᠠᠩ ᠨᠠᠷᠠᠨ ᠤ ᠡᠨᠧᠷᠬᠢ ᠶᠢᠨ ᠮᠡᠲ᠋ᠧᠷᠢᠶᠡᠯ ᠵᠢᠴᠢ ᠴᠡᠨᠡᠭ ᠤᠨ ᠠᠵᠤ ᠦᠢᠯᠡᠰ ᠤᠨ ᠰᠢᠨᠵᠢᠯᠡᠭᠡ ᠮᠡᠷᠬᠡᠵᠢᠯ ᠤᠨ ᠬᠦᠷᠢᠶᠡᠯᠡᠩ ᠤᠨ ᠪᠠᠶᠢᠭᠤᠯᠤᠯᠲᠠ ᠶᠢᠨ ᠠᠬᠤᠢ ᠲᠠᠯᠠᠪᠠᠢ᠃
    ᠫᠢᠩ ᠯᠦᠸᠧ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠷᠦᠨ ᠶᠠᠩ ᠨᠠᠷᠠᠨ ᠤ ᠡᠨᠧᠷᠬᠢ ᠶᠢᠨ ᠮᠡᠲ᠋ᠧᠷᠢᠶᠡᠯ ᠵᠢᠴᠢ  ᠴᠡᠨᠡᠭ ᠤᠨ ᠠᠵᠤ ᠦᠢᠯᠡᠰ ᠤᠨ ᠰᠢᠨᠵᠢᠯᠡᠭᠡ ᠮᠡᠷᠬᠡᠵᠢᠯ ᠤᠨ ᠬᠦᠷᠢᠶᠡᠯᠡᠩ ᠤᠨ ᠪᠠᠶᠢᠭᠤᠯᠤᠯᠲᠠ  ᠶᠢᠨ ᠠᠬᠤᠢ ᠲᠠᠯᠠᠪᠠᠢ ᠳᠤ ᠶᠠᠩ ᠶᠢᠩ ᠰᠢᠨ ᠠᠴᠠ ᠨᠢᠩᠰᠢᠶᠠ ᠶᠢᠨ ᠷᠦᠨ ᠶᠠᠩ ᠴᠠᠬᠢᠭᠤᠷ ᠮᠡᠲ᠋ᠧᠷᠢᠶᠡᠯ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠶᠡᠷᠦᠩᠬᠡᠢ ᠳᠠᠭᠠᠭᠠᠮᠠᠯ ᠵᠸᠦ ᠴᠦᠨ ᠶᠠᠩ ᠯᠤᠭ᠎ᠠ ᠬᠦᠨᠵᠡᠭᠡᠢ ᠶᠠᠷᠢᠯᠴᠠᠵᠤ᠂ ᠠᠵᠤ ᠠᠬᠤᠶᠢᠯᠠᠯ ᠤᠨ ᠲᠦᠷᠦᠯ ᠵᠦᠢᠯ ᠤᠨ ᠪᠠᠶᠢᠭᠤᠯᠤᠯᠲᠠ᠂ ᠬᠦᠭᠵᠢᠬᠦᠯᠦᠯᠲᠡ ᠶᠢᠨ ᠲᠦᠯᠦᠪᠵᠢᠬᠦᠯᠬᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠬᠤᠶᠠᠷ ᠲᠠᠯ᠎ᠠ ᠪᠠᠷ ᠢᠶᠠᠨ ᠲᠤᠰ ᠣᠳᠠᠭᠠᠨ ᠤ ᠰᠢᠨᠵᠢᠯᠡᠨ ᠪᠠᠶᠢᠴᠠᠭᠠᠯᠲᠠ ᠪᠠ ᠶᠠᠷᠢᠯᠴᠠᠭ᠎ᠠ ᠬᠠᠷᠢᠯᠴᠠᠭ᠎ᠠ ᠪᠠᠷ ᠲᠤᠬᠢᠶᠠᠯ ᠪᠤᠯᠭᠠᠨ᠂ ᠢᠲᠡᠭᠡᠯ ᠵᠤᠷᠢᠭ ᠢᠶᠠᠨ ᠣᠯᠠᠮ ᠬᠦᠪᠴᠢᠯᠡᠵᠦ᠂ ᠬᠠᠮᠲᠤ ᠶᠢᠨ ᠴᠢᠭᠯᠡᠯ ᠢᠶᠠᠷ ᠬᠦᠴᠦᠯᠡᠨ᠂ ᠣᠲᠤᠭ ᠤᠨ ᠡᠮᠦᠨᠡᠲᠦ ᠬᠤᠰᠢᠭᠤᠨ ᠤ ᠡᠬᠢ ᠰᠣᠷᠪᠣᠯᠵᠢ᠂ ᠵᠠᠮ ᠬᠠᠷᠢᠯᠴᠠᠭᠠᠨ ᠤ ᠳᠠᠪᠠᠭᠤᠯᠢᠭ ᠲᠤ ᠰᠠᠭᠤᠷᠢᠯᠠᠵᠤ᠂ ᠮᠠᠨ ᠤ ᠬᠤᠰᠢᠭᠤᠨ ᠤ ᠲᠤᠨᠤᠭᠯᠠᠯ ᠦᠢᠯᠡᠳᠬᠦ ᠪᠦᠬᠦ ᠠᠵᠤ ᠦᠢᠯᠡᠰ ᠤᠨ ᠬᠡᠯᠬᠢᠶᠡᠵᠢᠯ ᠤᠨ ᠲᠦᠷᠦᠯ ᠵᠦᠢᠯ ᠤᠨ ᠣᠷᠣᠨᠵᠢᠭᠤᠯᠣᠯᠲᠠ ᠶᠢ ᠲᠦᠷᠬᠡᠳᠬᠡᠨ ᠠᠬᠢᠭᠤᠯᠬᠤ ᠶᠢ ᠰᠠᠨᠠᠭᠠᠴᠢᠯᠠᠭᠰᠠᠨ ᠪᠠᠶᠢᠨ᠎ᠠ᠃     ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠱᠠᠩᠬᠠᠢ  ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠦᠪᠯᠡᠯ ᠤᠨ ᠡᠷᠬᠢᠯᠡᠭᠴᠢ ᠶᠠᠩ ᠶᠢᠩ ᠰᠢᠨ ᠬᠤᠢ ᠨᠦᠩ ᠲᠤᠭᠤᠷᠢᠭ ᠤᠨ ᠬᠤᠩ ᠭᠦᠸᠧ ᠽᠢ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠵᠢᠯ ᠳᠤ 10 ᠲᠦᠮᠡᠨ ᠳᠣᠨ ᠯᠢᠲ᠋ᠢ ᠴᠡᠨᠡᠭ ᠤᠨ ᠪᠢᠯᠢᠭ ᠲᠤᠶᠢᠯ ᠤᠨ ᠮᠡᠲ᠋ᠧᠷᠢᠶᠡᠯ ᠢ ᠴᠤᠭᠴᠠᠵᠢᠭᠤᠯᠤᠨ ᠦᠢᠯᠡᠳᠪᠦᠷᠢᠯᠡᠬᠦ ᠰᠠᠭᠤᠷᠢᠨ ᠭᠠᠵᠠᠷ ᠤᠨ ᠲᠦᠷᠦᠯ ᠵᠦᠢᠯ ᠤᠨ ᠠᠬᠤᠢ ᠲᠠᠯᠠᠪᠠᠢ ᠳᠤ᠂ ᠯᠢᠲ᠋ᠢ ᠴᠡᠨᠡᠭ ᠤᠨ ᠠᠵᠦ ᠦᠢᠯᠡᠰ ᠤᠨ ᠬᠦᠭᠵᠢᠯᠲᠡ ᠶᠢᠨ ᠳᠠᠪᠠᠭᠤᠯᠢᠭ᠂ ᠬᠦᠷᠢᠶᠡᠯᠡᠩ ᠲᠤᠭᠤᠷᠢᠭ  ᠤᠨ ᠪᠠᠶᠢᠭᠤᠯᠤᠯᠲᠠ ᠶᠢᠨ ᠪᠠᠶᠢᠳᠠᠯ ᠵᠡᠷᠭᠡ ᠶᠢ ᠨᠠᠷᠢᠨ ᠣᠶᠢᠯᠠᠭᠠᠪᠠ᠃
    ᠬᠤᠢ ᠨᠦᠩ ᠲᠤᠭᠤᠷᠢᠭ ᠤᠨ ᠬᠤᠩ ᠭᠦᠸᠧ ᠽᠢ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠵᠢᠯ ᠳᠤ 10 ᠲᠦᠮᠡᠨ ᠳᠣᠨ ᠯᠢᠲ᠋ᠢ ᠴᠡᠨᠡᠭ ᠤᠨ ᠪᠢᠯᠢᠭ ᠲᠤᠶᠢᠯ ᠤᠨ ᠮᠡᠲ᠋ᠧᠷᠢᠶᠡᠯ ᠢ ᠴᠤᠭᠴᠠᠵᠢᠭᠤᠯᠤᠨ ᠦᠢᠯᠡᠳᠪᠦᠷᠢᠯᠡᠬᠦ ᠰᠠᠭᠤᠷᠢᠨ ᠭᠠᠵᠠᠷ ᠤᠨ ᠲᠦᠷᠦᠯ ᠵᠦᠢᠯ ᠤᠨ ᠠᠬᠤᠢ ᠲᠠᠯᠠᠪᠠᠢ ᠳᠤ᠂ ᠶᠠᠩ ᠶᠢᠩ ᠰᠢᠨ ᠠᠴᠠ ᠨᠢᠩᠰᠢᠶᠠ ᠶᠢᠨ ᠷᠦᠢ ᠳ᠋ᠢᠩ ᠰᠢᠨ᠎ᠡ ᠮᠡᠲ᠋ᠧᠷᠢᠶᠡᠯ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠳᠡᠳ᠋ ᠶᠠᠷᠦᠩᠬᠡᠢ ᠳᠠᠭᠠᠭᠠᠮᠠᠯ ᠰᠢᠦᠢ ᠷᠧᠨ ᠯᠦᠩ ᠲᠠᠢ ᠯᠢᠲ᠋ᠢ ᠴᠡᠨᠡᠭ ᠤᠨ ᠠᠵᠤ. ᠦᠢᠯᠡᠰ ᠤᠨ ᠬᠦᠭᠵᠢᠯᠲᠡ ᠶᠢᠨ ᠳᠠᠪᠠᠭᠤᠯᠢᠭ᠂ ᠬᠦᠷᠢᠶᠡᠯᠡᠩ ᠲᠤᠭᠤᠷᠢᠭ ᠤᠨ ᠪᠠᠶᠢᠭᠤᠯᠤᠯᠲᠠ ᠶᠢᠨ ᠪᠠᠶᠢᠳᠠᠯ᠂ ᠦᠢᠯᠡᠳᠪᠦᠷᠢᠯᠡᠯ ᠤᠨ ᠣᠷ᠎ᠠ ᠮᠡᠷᠭᠡᠵᠢᠯ  ᠤᠨ ᠶᠠᠪᠤᠴᠠ ᠵᠡᠷᠭᠡ ᠪᠠᠶᠢᠳᠠᠯ ᠤᠨ ᠲᠤᠬᠠᠢ ᠬᠦᠨᠵᠡᠬᠡᠢ ᠶᠠᠷᠢᠯᠴᠠᠵᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠶᠢᠭᠤᠯᠬᠤ ᠶᠢᠨ ᠲᠤᠬᠠᠢ ᠠᠩᠬ᠎ᠠ ᠠᠯᠬᠤᠮ ᠤᠨ ᠰᠠᠨᠠᠮᠵᠢ ᠲᠤᠭᠲᠠᠪᠠ᠃     ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠱᠠᠩᠬᠠᠢ  ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠦᠪᠯᠡᠯ ᠤᠨ ᠡᠷᠬᠢᠯᠡᠭᠴᠢ ᠶᠠᠩ ᠶᠢᠩ ᠰᠢᠨ ᠬᠤᠢ ᠨᠦᠩ ᠲᠤᠭᠤᠷᠢᠭ ᠤᠨ ᠬᠤᠩ ᠭᠦᠸᠧ ᠽᠢ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠵᠢᠯ ᠳᠤ 10 ᠲᠦᠮᠡᠨ ᠳᠣᠨ ᠯᠢᠲ᠋ᠢ ᠴᠡᠨᠡᠭ ᠤᠨ ᠪᠢᠯᠢᠭ ᠲᠤᠶᠢᠯ ᠤᠨ ᠮᠡᠲ᠋ᠧᠷᠢᠶᠡᠯ ᠢ ᠴᠤᠭᠴᠠᠵᠢᠭᠤᠯᠤᠨ ᠦᠢᠯᠡᠳᠪᠦᠷᠢᠯᠡᠬᠦ ᠰᠠᠭᠤᠷᠢᠨ ᠭᠠᠵᠠᠷ ᠤᠨ ᠦᠵᠡᠬᠦᠯᠭᠡ ᠶᠢᠨ ᠲᠢᠩᠬᠢᠮ  ᠳᠤ ᠦᠢᠯᠡᠳᠪᠦᠷᠢᠯᠡᠯ ᠤᠨ ᠣᠷ᠎ᠠ ᠮᠡᠷᠬᠡᠵᠢᠯ ᠤᠨ ᠶᠠᠪᠤᠴᠠ᠂ ᠪᠦᠲᠦᠬᠡᠭᠳᠡᠬᠦᠨ ᠤ ᠨᠡᠭᠡᠭᠡᠨ ᠬᠦᠭᠵᠢᠬᠦᠯᠦᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
    ᠡᠨᠡᠬᠦ ᠬᠤᠭᠤᠴᠠᠭᠠᠨ ᠳᠤ᠂ ᠪᠠᠶᠢᠴᠠᠭᠠᠯᠲᠠ ᠶᠢᠨ ᠳᠣᠭᠤᠶᠢᠯᠠᠩ ᠪᠠᠰᠠ ᠨᠢᠩᠰᠢᠶᠠ ᠶᠢᠨ ᠹᠧᠩ ᠬᠤᠸᠠᠩ ᠠᠭᠠᠷ ᠠᠶᠠᠯᠠᠯ ᠤᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠣ᠋ ᠬᠤᠤ ᠯᠤᠭ᠎ᠠ ︽ᠬᠤᠤᠰ ᠨᠡᠬᠦᠷᠡᠰᠦᠳᠦ᠋ᠷᠦᠭᠴᠢ︾ ᠶᠢᠨ ᠠᠵᠤ ᠠᠬᠤᠢ ᠶᠢᠨ ᠪᠦᠬᠦ ᠠᠵᠤ ᠦᠢᠯᠡᠰ ᠤᠨ ᠬᠡᠯᠬᠢᠶᠡᠵᠢᠯ ᠤᠨ ᠬᠦᠭᠵᠢᠯᠲᠡ᠂ ᠲᠦᠷᠦᠯ ᠵᠦᠢᠯ ᠤᠨ ᠬᠠᠮᠲᠤᠷᠠᠯᠴᠠᠭᠠᠨ ᠤ ᠲᠤᠭᠤᠷᠢᠨ ᠳᠤ ᠰᠠᠭᠤᠳᠠᠯ ᠤᠨ ᠬᠤᠷᠠᠯ ᠬᠢᠵᠦ ᠵᠦᠪᠳᠡᠯᠴᠡᠪᠡ᠃     ᠬᠤᠰᠢᠭᠤ ᠣᠳᠣᠷᠢᠳᠣᠯᠭ᠎ᠠ ᠶᠠᠩ ᠵᠢᠢ ᠴᠢᠶᠠᠩ᠂ ᠵᠢᠶᠠ ᠰᠢᠶᠠᠩ ᠪᠢᠩ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ᠂ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶ᠎ᠠ ᠪᠦᠬᠦᠢ ᠲᠤᠲᠤᠭᠠᠲᠤ ᠪᠠᠶᠢᠭᠤᠯᠤᠮᠵᠢ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠳ ᠬᠠᠮᠲᠤ ᠰᠢᠨᠵᠢᠯᠡᠨ ᠪᠠᠶᠢᠴᠠᠭᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号