ᠬᠤᠰᠢᠭᠤ ᠠᠷᠪᠠᠨ ᠨᠢᠬᠡᠳᠣᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠬᠤᠷᠠᠯᠳᠣᠭᠠᠨ ᠤ ᠪᠢᠴᠢᠭ ᠮᠡᠲ᠋ᠧᠷᠢᠶᠠᠯ  ︵ᠠᠷᠪᠠ ᠶᠢᠰᠦ︶
ᠨᠡᠶᠢᠲᠡᠯᠡᠭᠰᠡᠨ ᠴᠠᠭ᠄
2023/1/31
ᠤᠳᠤᠭ ᠤᠨ ᠡᠮᠥᠨᠡᠳᠤ ᠬᠤᠰᠢᠭᠤᠨ ᠤ 2022 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ ᠪᠠ 2023 ᠤᠨ  ᠤ  ᠡᠳ᠋  ᠤᠨ ᠵᠠᠰᠠᠭ ᠤᠨ  ᠳᠥᠰᠥᠪ  ᠤᠨ ᠳᠥᠰᠥᠯ  ᠤᠨ ᠮᠡᠳᠡᠬᠦᠯᠥᠯᠲᠡ               ——  2023 ᠤᠨ ᠤ 1 ᠰᠠᠷ᠎ᠠ ᠶᠢᠨ  ᠤ 6 ᠡᠳᠥᠷ ᠤᠳᠤᠭ ᠤᠨ ᠡᠮᠥᠨᠡᠳᠤ ᠬᠤᠰᠢᠭᠤᠨ ᠤ ᠠᠷᠪᠠᠨ ᠨᠢᠬᠡᠳᠣᠭᠡᠷ              ᠬᠤᠭᠤᠴᠠᠭᠠᠨ  ᠤ ᠠᠷᠠᠳ  ᠤᠨ ᠲᠥᠯᠥᠭᠡᠯᠡᠭᠴᠢᠳ  ᠤᠨ  ᠶᠡᠭᠡ  ᠬᠤᠷᠠᠯ  ᠤᠨ ᠬᠤᠶᠠᠳᠣᠭᠠᠷ  ᠬᠤᠷᠠᠯᠳᠤᠭᠠᠨ ᠳᠡᠭᠡᠷ᠎ᠡ                                       ᠤᠳᠤᠭ ᠤᠨ ᠡᠮᠥᠨᠡᠳᠤ ᠬᠤᠰᠢᠭᠤᠨ ᠤ ᠡᠳ᠋ ᠤᠨ ᠵᠠᠰᠠᠭ ᠤᠨ ᠳᠤᠪᠴᠢᠶ᠎ᠠ      ᠲᠥᠯᠥᠭᠡᠯᠡᠭᠴᠢᠳ ᠡ᠄     ᠬᠤᠰᠢᠭᠤ ᠠᠷᠠᠳ ᠤᠨ ᠵᠠᠰᠠᠭ ᠤᠨ ᠤᠷᠳᠤᠨ ᠤ ᠨᠠᠶᠢᠲᠠᠯᠭ᠎ᠠ ᠪᠠᠷ᠂ ᠡᠳᠦᠭᠡ ᠤᠳᠤᠭ ᠤᠨ ᠡᠮᠥᠨᠡᠳᠤ ᠬᠤᠰᠢᠭᠤᠨ ᠤ 2022 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ ᠪᠠ 2023 ᠤᠨ ᠤ ᠡᠳ᠋ ᠤᠨ ᠵᠠᠰᠠᠭ ᠤᠨ ᠲᠦᠰᠦᠪ ᠤᠨ ᠳᠥᠰᠥᠯ ᠤᠨ ᠮᠡᠳᠡᠬᠦᠯᠥᠯᠲᠡ ᠪᠠᠨ ᠳᠤᠰ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠬᠦᠯᠵᠤ ᠬᠢᠨᠠᠨ ᠵᠦᠪᠯᠠᠭᠦᠯᠣᠶ᠎ᠡ᠂ ᠤᠯᠤᠰ ᠲᠥᠷᠥ ᠶᠢᠨ ᠵᠦᠪᠯᠡᠯᠬᠡᠨ ᠤ ᠬᠡᠰᠢᠭᠦᠳ ᠪᠤᠯᠤᠨ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠲᠤᠷᠠᠳᠬᠤ ᠪᠤᠯᠪᠠᠤ᠃     ᠨᠢᠭᠡ᠂ 2022 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ     2022 ᠣᠨ ᠠᠴᠠ ᠨᠠᠭᠠᠰᠢ᠂ ᠬᠤᠰᠢᠭᠤ ᠡᠳ᠋ ᠤᠨ ᠵᠠᠰᠠᠭ  ᠤᠨ ᠲᠤᠪᠴᠢᠶ᠎ᠠ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠲᠣᠮᠳᠠᠲᠣ ᠣᠯᠣᠰ ᠤᠨ ᠣᠨᠴᠠᠯᠢᠭᠲᠣ ᠨᠡᠶᠢᠬᠡᠮ ᠵᠢᠷᠣᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠣᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢ ᠪᠠᠶᠢᠷᠢᠯᠠᠭᠤᠯᠤᠯᠲᠠ ᠶᠤᠰᠤᠭᠠᠷ᠂ ᠰᠢᠨ᠎ᠡ ᠬᠦᠭᠵᠢᠯᠲᠡ ᠶᠢᠨ ᠦᠵᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ᠂ ︽ᠮᠦᠩᠭᠦ ᠣᠯᠬᠤ᠂ ᠬᠦᠷᠦᠩᠭᠡ ᠬᠤᠷᠠᠮᠳᠣᠭᠤᠯᠬᠤ᠂ ᠡᠳ᠋ ᠠᠬᠤᠶᠢᠯᠠᠬᠤ︾ ᠡᠬᠦᠷᠭᠡ ᠴᠢᠳᠠᠪᠬᠢ ᠪᠠᠨ ᠦᠨᠡᠨ ᠬᠦ ᠡᠬᠦᠷᠭᠡᠯᠡᠵᠦ᠂ ᠡᠳ᠋ ᠤᠨ ᠵᠠᠰᠠᠭ ᠤᠨ ᠢᠳᠡᠪᠬᠢ ᠲᠦᠷᠦ ᠶᠢᠨ ᠪᠤᠳᠣᠯᠭ᠎ᠠ ᠪᠠᠷ ᠦᠷ᠎ᠡ ᠪᠦᠲᠦᠮᠵᠢ ᠪᠠᠨ ᠳᠡᠭᠡᠭᠰᠢᠯᠡᠬᠦᠯᠬᠦ ᠶᠢ ᠪᠠᠷᠢᠮᠲᠠᠯᠠᠨ᠂ ᠨᠠᠷᠢᠯᠢᠭ ᠣᠨᠣᠪᠴᠢᠲᠦ ᠴᠢᠨᠠᠷ ᠪᠠ ᠦᠷᠬᠦᠯᠵᠢᠬᠦᠶᠢᠴᠡ ᠴᠢᠨᠠᠷ ᠢ ᠨᠡᠩ ᠴᠢᠬᠤᠯᠠᠴᠢᠯᠠᠵᠤ᠂ ᠬᠢᠵᠢᠭ ᠤᠨ ᠪᠠᠶᠢᠳᠠᠯ ᠤᠨ ᠰᠡᠷᠬᠡᠶᠢᠯᠡᠨ ᠡᠵᠡᠮᠳᠡᠯ ᠪᠠ ᠠᠵᠤ ᠠᠬᠤᠢ ᠨᠡᠶᠢᠬᠡᠮ ᠤᠨ ᠬᠦᠭᠵᠢᠯᠲᠡ ᠶᠢ ᠨᠢᠬᠡᠳᠦᠯᠲᠡᠢ ᠲᠦᠯᠦᠪᠵᠢᠬᠦᠯᠦᠨ᠂ ︽ᠡᠳ᠋ ᠤᠨ ᠵᠠᠰᠠᠭ ᠤᠨ ᠣᠷᠣᠯᠭ᠎ᠠ ᠪᠠᠷ ᠨᠡᠮᠡᠭᠳᠡᠯ ᠢ ᠪᠠᠲᠤᠯᠠᠬᠤ᠂ ᠡᠳ᠋ ᠤᠨ ᠵᠠᠰᠠᠭ ᠤᠨ ᠵᠠᠷᠤᠯᠭ᠎ᠠ ᠪᠠᠷ ᠠᠷᠠᠳ ᠤᠨ ᠠᠮᠢᠳᠣᠷᠠᠯ  ᠢ ᠪᠠᠲᠤᠯᠠᠬᠤ᠂ ᠡᠳ᠋ ᠤᠨ ᠵᠠᠰᠠᠭ ᠤᠨ ᠦᠬᠡᠷᠡᠴᠢᠯᠡᠯᠲᠡ ᠪᠠᠷ ᠦᠷ᠎ᠡ ᠠᠰᠢᠭ ᠢ ᠪᠠᠲᠤᠯᠠᠬᠤ᠂ ᠡᠳ᠋ ᠤᠨ ᠵᠠᠰᠠᠭ ᠤᠨ ᠬᠠᠮᠢᠶᠠᠷᠤᠯᠲᠠ ᠪᠠᠷ ᠪᠦᠲᠦᠮᠵᠢᠲᠡᠢ ᠡᠷᠬᠢᠯᠲᠡ ᠶᠢ ᠪᠠᠲᠤᠯᠠᠬᠤ︾ ᠶᠢ ᠳᠣᠪᠣᠶᠢᠯᠭᠠᠵᠤ᠂ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠬᠦᠢᠴᠡᠳᠬᠡᠨ᠂ ᠬᠠᠷᠢᠭᠤᠴᠠᠯᠭ᠎ᠠ ᠡᠬᠦᠷᠭᠡᠯᠡᠨ ᠠᠵᠢᠯᠯᠠᠵᠤ᠂ ︽ᠳᠦᠷᠪᠡᠨ ᠣᠷᠣᠨ︾  ᠤ ᠪᠠᠶᠢᠭᠤᠯᠤᠯᠲᠠ ᠳᠤ ᠪᠠᠲᠤ ᠪᠠᠬᠢ ᠡᠳ᠋ ᠤᠨ ᠬᠦᠴᠦᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃     ︵ᠨᠢᠭᠡ︶ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2022 ᠤᠨ ᠳᠤ ᠪᠦᠬᠦ ᠬᠤᠰᠢᠭᠤᠨ ᠤ ᠡᠯ᠎ᠡ ᠲᠦᠷᠦᠯ ᠤᠨ ᠣᠷᠣᠯᠭ᠎ᠠ ᠶᠢ 48.58 ᠳ᠋ᠦᠩᠰᠢᠭᠤᠷ ᠲᠥᠭᠦᠷᠢᠭ ᠪᠡᠶᠡᠯᠡᠬᠦᠯᠵᠦ᠂ ᠡᠭᠦᠨ ᠳᠤ᠄ ᠲᠣᠰ ᠱᠠᠳᠣᠨ ᠤ ᠨᠡᠶᠢᠲᠡ ᠶᠢᠨ ᠡᠳ᠋ ᠤᠨ ᠵᠠᠰᠠᠭ ᠤᠨ ᠳᠥᠰᠥᠪ  ᠤᠨ ᠤᠷᠤᠯᠭ᠎ᠠ 17.21 ᠳ᠋ᠦᠩᠰᠢᠭᠤᠷ ᠲᠥᠭᠦᠷᠢᠭ ︵ᠱᠠᠩᠬᠠᠢ ᠶᠢᠨ ᠰᠥᠮ᠎ᠡ ᠠᠵᠤ ᠠᠬᠤᠢ ᠶᠢᠨ ᠨᠡᠭᠡᠭᠡᠯᠳᠡ ᠶᠢᠨ ᠤᠷᠤᠨ ᠤ 1.25 ᠳ᠋ᠥᠩᠰᠢᠭᠤᠷ ᠲᠥᠭᠦᠷᠢᠭ ᠪᠠᠭᠳᠠᠨ᠎ᠠ︶᠂ ᠠᠳᠠᠯᠢ ᠬᠤᠭᠤᠴᠠᠭᠠᠨ ᠤ ᠬᠢ ᠠᠴᠠ 39.87%ᠨᠡᠮᠡᠭᠳᠡᠵᠥ᠂ ᠲᠡᠭᠡᠳᠦ ᠱᠠᠳᠤᠨ ᠤ ᠡᠳ᠋ ᠤᠨ ᠵᠠᠰᠠᠭ ᠤᠨ ᠨᠥᠭᠦᠪᠥᠷᠢ ᠤᠷᠤᠯᠭ᠎ᠠ 24.07 ᠳ᠋ᠦᠩᠰᠢᠭᠤᠷ ᠲᠦᠭᠦᠷᠢᠭ᠂ ᠲᠡᠭᠡᠷ᠎ᠡ ᠵᠢᠯ ᠤᠨ ᠦᠯᠡᠳᠡᠪᠦᠷᠢ ᠣᠷᠣᠯᠭ᠎ᠠ 0.91 ᠳ᠋ᠦᠩᠰᠢᠭᠤᠷ ᠲᠦᠭᠦᠷᠢᠭ᠂ ᠤᠷᠤᠨ ᠨᠤᠲᠤᠭ ᠤᠨ ᠵᠠᠰᠠᠭ ᠤᠨ ᠤᠷᠳᠤᠨ ᠤ ᠡᠩ ᠤᠨ ᠥᠭᠴᠡᠭᠡᠨ ᠲᠡᠮᠳᠡᠭ ᠢᠶᠠᠷ ᠠᠯᠪᠠᠨ ᠵᠢᠬᠡᠯᠡᠯᠬᠡ ᠶᠢᠨ ᠳᠡᠮᠳᠡᠭ ᠤᠷᠤᠯᠠᠭᠤᠯᠤᠭᠰᠡᠨ ᠣᠷᠣᠯᠭ᠎ᠠ 6.39 ᠳ᠋ᠦᠩᠰᠢᠭᠤᠷ ᠲᠦᠬᠦᠷᠢᠭ ︵ᠰᠢᠨ᠎ᠡ ᠨᠡᠮᠡᠭᠳᠡᠭᠰᠡᠨ ᠥᠭᠴᠡᠭᠡᠨ ᠲᠡᠮᠳᠡᠭ 3 ᠳ᠋ᠥᠩᠰᠢᠭᠤᠷ ᠲᠥᠭᠦᠷᠢᠭ᠂ ᠳᠠᠬᠢᠨ ᠮᠥᠩᠭᠦ ᠬᠤᠷᠠᠮᠳᠣᠭᠤᠯᠣᠭᠰᠠᠨ ᠥᠭᠴᠡᠭᠡᠨ ᠲᠡᠮᠳᠡᠭ 3.39 ᠳ᠋ᠦᠩᠰᠢᠭᠤᠷ ᠲᠦᠬᠦᠷᠢᠭ ᠪᠠᠭᠳᠠᠨ᠎ᠠ︶᠃ ᠪᠦᠬᠦ ᠬᠤᠰᠢᠭᠤᠨ ᠤ ᠡᠯ᠎ᠡ ᠲᠦᠷᠦᠯ ᠤᠨ ᠵᠠᠷᠤᠯᠭ᠎ᠠ ᠶᠢ 47.98 ᠳ᠋ᠦᠩᠰᠢᠭᠤᠷ ᠲᠥᠭᠦᠷᠢᠭ ᠪᠡᠶᠡᠯᠡᠬᠦᠯᠦᠨ᠂ ᠡᠭᠦᠨ ᠳᠤ᠄ ᠡᠩ ᠤᠨ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠵᠠᠷᠤᠯᠭ᠎ᠠ 43.59 ᠳ᠋ᠦᠩᠰᠢᠭᠤᠷ ᠲᠥᠭᠦᠷᠢᠭ᠂ ᠰᠤᠯᠢᠭᠰᠠᠨ ᠡᠩ ᠤᠨ ᠥᠭᠴᠡᠭᠡᠨ ᠲᠡᠮᠳᠡᠭ ᠤᠨ ᠵᠠᠷᠤᠯᠭ᠎ᠠ 3.39 ᠳ᠋ᠦᠩᠰᠢᠭᠤᠷ ᠲᠥᠭᠦᠷᠢᠭ᠂ ᠲᠦᠰᠦᠪ ᠤᠨ ᠲᠤᠭᠲᠠᠪᠤᠷᠢᠵᠢᠭᠤᠯᠤᠯᠲᠠ ᠶᠢᠨ ᠳᠣᠬᠢᠷᠠᠭᠤᠯᠭ᠎ᠠ ᠶᠢᠨ ᠰᠠᠭᠤᠷᠢ ᠮᠦᠩᠬᠦ ᠶᠢᠨ ᠨᠦᠬᠦᠪᠦᠷᠢᠯᠡᠯ ᠳ᠋ᠦᠩᠰᠢᠭᠤᠷ ᠲᠦᠬᠦᠷᠢᠭ᠃ ᠵᠢᠯ ᠤᠨ ᠡᠴᠥᠰ ᠤᠨ ᠬᠤᠷᠠᠮᠳᠤᠯ ᠬᠠᠳᠠᠭᠠᠯᠠᠮᠵᠢ 0.6 ᠳ᠋ᠦᠩᠰᠢᠭᠤᠷ ᠲᠦᠬᠦᠷᠢᠭ᠃     —— ᠭᠠᠶᠢᠯᠢ ᠶᠢᠨ ᠳᠦᠷᠦᠯ ᠢᠶᠠᠷ ᠬᠤᠪᠢᠶᠡᠵᠣ ᠦᠵᠡᠪᠡᠯ᠂ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠣᠷᠣᠯᠭ᠎ᠠ ᠳᠠᠬᠢ ᠲᠦᠷᠪᠡᠨ ᠶᠡᠭᠡ ᠭᠤᠣᠯ ᠴᠣᠭᠴᠠ ᠶᠢᠨ ᠭᠠᠶᠢᠯᠢ ᠶᠢᠨ ᠳᠦᠷᠥᠯ ᠢ 9.01 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠨᠠᠶᠢᠳᠠ ᠶᠢᠨ ᠡᠳ᠋ ᠤᠨ ᠵᠠᠰᠠᠭ ᠤᠨ ᠳᠥᠰᠥᠪ ᠤᠨ ᠣᠷᠣᠯᠭ᠎ᠠ  ᠶᠢᠨ 52.35% ᠶᠢ ᠡᠵᠡᠯᠡᠵᠣ᠂ ᠠᠳᠠᠯᠢ ᠬᠤᠭᠤᠴᠠᠭᠠᠨ ᠤ ᠬᠢ ᠠᠴᠠ 3.27 ᠳ᠋ᠥᠩᠰᠢᠭᠤᠷ ᠲᠥᠭᠦᠷᠢᠭ ᠨᠡᠮᠡᠭᠳᠡᠵᠣ᠂ 56.92% ᠢᠶᠠᠷ ᠦᠰᠪᠡ᠃ ᠡᠭᠦᠨ ᠳᠤ᠄ ᠦᠷᠲᠡᠭ ᠤᠨ ᠨᠡᠮᠡᠭᠳᠡᠯ ᠤᠨ ᠭᠠᠶᠢᠯᠢ 3.07 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 21.59% ᠪᠠᠷ ᠨᠡᠮᠡᠭᠳᠡᠪᠡ︔ ᠠᠵᠣ ᠠᠬᠤᠶᠢᠯᠠᠯ  ᠤᠨ ᠣᠯᠵᠠᠪᠣᠷᠢ ᠶᠢᠨ ᠭᠠᠶᠢᠯᠢ 2.69 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 334.15 % ᠪᠠᠷ ᠨᠡᠮᠡᠭᠳᠡᠪᠡ︔ ᠬᠤᠪᠢ ᠬᠦᠮᠦᠨ ᠤ ᠣᠯᠵᠠᠪᠣᠷᠢ ᠶᠢᠨ ᠭᠠᠶᠢᠯᠢ 0.24 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 4.45 % ᠪᠠᠷ ᠪᠠᠭᠤᠷᠠᠪᠠ︔ ᠡᠬᠢ ᠪᠠᠶᠠᠯᠢᠭ ᠤᠨ ᠭᠠᠶᠢᠯᠢ 3.01 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 28.44% ᠪᠠᠷ ᠨᠡᠮᠡᠭᠳᠡᠪᠠ᠃     —— ᠳᠠᠳᠠᠪᠣᠷᠢᠯᠠᠬᠤ ᠰᠠᠯᠠᠭ᠎ᠠ ᠮᠦᠴᠢᠷ ᠢᠶᠠᠷ ᠬᠤᠪᠢᠶᠡᠵᠣ ᠦᠵᠡᠪᠡᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ 12.83ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠵᠢᠯ ᠤᠨ ᠳᠥᠰᠥᠪ ᠢᠶᠠᠨ 116.36% ᠪᠠᠷ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 3.03 ᠳ᠋ᠦᠩᠰᠢᠭᠤᠷ ᠳᠦᠭᠦᠷᠢᠭ‌ᠨᠡᠮᠡᠭᠳᠡᠵᠣ᠂ 30.91% ᠪᠠᠷ ᠨᠡᠮᠡᠭᠳᠡᠪᠡ︔ ᠡᠳ᠋ ᠤᠨ ᠵᠠᠰᠠᠭ ᠤᠨ ᠰᠠᠯᠠᠭ᠎ᠠ ᠮᠦᠴᠢᠷ 4.38 ᠳ᠋ᠦᠩᠰᠢᠭᠤᠷ ᠲᠦᠭᠦᠷᠢᠭ ᠪᠡᠶᠡᠯᠡᠭᠦᠯᠵᠣ᠂ ᠵᠢᠯ ᠤᠨ ᠳᠥᠰᠥᠪ ᠢᠶᠠᠨ 140.07% ᠪᠠᠷ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 1.88 ᠳ᠋ᠦᠩᠰᠢᠭᠤᠷ ᠲᠥᠭᠦᠷᠢᠭ ᠨᠡᠮᠡᠭᠳᠡᠵᠦ ᠂ 74.91% ᠪᠠᠷ ᠨᠡᠮᠡᠭᠳᠡᠪᠡ᠃     —— ᠠᠵᠢᠯ ᠳᠦᠷᠦᠯ ᠢᠶᠠᠷ ᠬᠤᠪᠢᠶᠡᠵᠣ ᠦᠵᠡᠪᠡᠯ᠂ ᠠᠭᠤᠷᠬᠠᠢ ᠶᠢᠨ ᠠᠵᠢᠯ ᠲᠦᠷᠦᠯ 10.38 ᠳ᠋ᠦᠩᠰᠢᠭᠤᠷ ᠳᠦᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 65.82% ᠢᠶᠠᠷ ᠨᠡᠮᠡᠭᠳᠡᠪᠡ ︵ᠡᠭᠦᠨ ᠳᠤ ᠨᠡᠭᠦᠷᠡᠰᠣᠨ ᠤ ᠠᠵᠢᠯ ᠲᠦᠷᠦᠯ 7.8 ᠳ᠋ᠦᠩᠰᠢᠭᠤᠷ ᠳᠦᠭᠦᠷᠢᠭ᠂ ᠠᠳᠠᠯᠢ ᠬᠤᠭᠤᠴᠠᠭᠠᠨ  ᠤ ᠬᠢ ᠠᠴᠠ 96.23% ᠪᠠᠷ ᠨᠡᠮᠡᠭᠳᠡᠪᠡ︔ ᠰᠢᠲᠠᠮᠠᠬᠠᠢ ᠬᠡᠢ ᠶᠢᠨ ᠠᠵᠢᠯ ᠲᠦᠷᠤᠯ 2.07 ᠳ᠋ᠦᠩᠰᠢᠭᠤᠷ ᠳᠦᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ  ᠬᠢ ᠠᠴᠠ 4.25% ᠪᠠᠷ ᠨᠡᠮᠡᠭᠳᠡᠪᠡ︶︔ ᠤᠶᠢᠯᠡᠤᠨᠬᠦ ᠠᠵᠢᠯ ᠲᠦᠷᠤᠯ 0.22 ᠳ᠋ᠦᠩᠰᠢᠭᠤᠷ ᠲᠦᠭᠦᠷᠢᠭ ᠪᠡᠶᠡᠯᠡᠭᠦᠯᠵᠤ᠂ ᠠᠳᠠᠯᠢ ᠬᠤᠭᠤᠴᠠᠭᠠᠨ ᠤ ᠬᠢ ᠠᠴᠠ 42.31% ᠪᠠᠷ ᠪᠠᠭᠤᠷᠠᠪᠠ︔ ᠴᠡᠬᠢᠯᠭᠠᠨ ᠬᠦᠴᠣᠨ ᠪᠠ ᠰᠢᠲᠠᠮᠠᠬᠠᠢ ᠬᠡᠢ ᠶᠢᠨ ᠠᠵᠢᠯ ᠲᠦᠷᠦᠯ 0.32 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 52.89 % ᠪᠠᠷ ᠪᠠᠭᠤᠷᠠᠪᠠ︔ ᠪᠠᠷᠢᠯᠭ᠎ᠠ ᠶᠢᠨ ᠠᠵᠢᠯ ᠲᠦᠷᠦᠯ 0.38 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 17.09% ᠪᠠᠷ ᠪᠠᠭᠤᠷᠠᠪᠠ︔ ᠵᠠᠮ ᠲᠡᠬᠡᠬᠡᠪᠣᠷᠢ ᠶᠢᠨ ᠦᠢᠯᠡᠰ 0.13 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 9.12% ᠢᠶᠠᠷ ᠨᠡᠮᠡᠭᠳᠡᠪᠡ︔ ᠬᠡᠷ ᠬᠦᠷᠦᠩᠬᠡ ᠶᠢᠨ ᠠᠵᠢᠯ ᠲᠦᠷᠦᠯ 0.1 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 50.09% ᠪᠠᠷ ᠪᠠᠭᠤᠷᠠᠪᠠ︔ ᠪᠦᠬᠡᠮ ᠢᠶᠠᠷ ᠪᠠ ᠵᠢᠵᠢᠭᠯᠡᠨ ᠪᠣᠷᠣᠯᠠᠭᠤᠯᠬᠤ ᠦᠢᠯᠡᠰ 0.17 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 33.16% ᠪᠠᠷ ᠨᠡᠮᠡᠭᠳᠡᠪᠡ︔ ᠬᠤᠨᠤᠭ ᠪᠠᠭᠤᠳᠠᠯ ᠢᠳᠡᠬᠡᠨ ᠣᠮᠳᠠᠭᠠᠨ ᠤ ᠦᠢᠯᠡᠰ 0.02 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 29.44% ᠪᠠᠷ ᠨᠡᠮᠡᠭᠳᠡᠪᠡ︔ ᠰᠠᠭᠤᠭᠠᠯᠢ ᠠᠷᠠᠳ ᠤᠨ ᠦᠢᠯᠡᠴᠢᠯᠡᠬᠡᠨ ᠤ ᠦᠢᠯᠡᠰ 0.08 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 51.92% ᠢᠶᠠᠷ ᠪᠠᠭᠤᠷᠠᠪᠠ︔ ᠲᠦᠷᠢᠶᠡᠰᠦᠯᠡᠬᠦᠯᠬᠦ ᠪᠠ ᠬᠤᠳᠠᠯᠳᠣᠭᠠᠨ ᠤ ᠶᠠᠪᠤᠳᠠᠯ ᠤᠨ ᠠᠵᠢᠯ ᠲᠦᠷᠦᠯ 0.05 ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 13.5% ᠪᠠᠷ ᠪᠠᠭᠤᠷᠠᠪᠠ︔ ᠮᠦᠩᠬᠦᠨ ᠬᠦᠢᠯᠬᠡᠬᠡᠨ ᠤ ᠦᠢᠯᠡᠰ 0.19 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 5.22% ᠢᠶᠠᠷ ᠪᠠᠭᠤᠷᠠᠪᠠ︔ ᠪᠣᠰᠣᠳ ᠠᠵᠢᠯ ᠲᠦᠷᠦᠯ 5.17 ᠳ᠋ᠦᠩᠰᠢᠭᠤᠷ ᠳᠦᠭᠦᠷᠢᠭ ︵ᠭᠤᠣᠯᠳᠠᠭᠤ ᠭᠠᠶᠢᠯᠢ ᠶᠢᠨ ᠪᠣᠰᠣ ᠣᠷᠣᠯᠭ᠎ᠠ ᠪᠠ ᠪᠣᠰᠣᠳ ᠠᠵᠢᠯ ᠲᠦᠷᠦᠯ ᠤᠨ ᠭᠠᠶᠢᠯᠢ ᠶᠢᠨ ᠣᠷᠣᠯᠭ᠎ᠠ ᠵᠡᠷᠬᠡ ᠶᠢ ᠪᠠᠭᠳᠠᠭᠠᠨ᠎ᠠ︶ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 41.66% ᠪᠠᠷ ᠨᠡᠮᠡᠭᠳᠡᠪᠡ᠃     2022 ᠣᠨ ᠳᠤ ᠪᠦᠭᠦ ᠬᠤᠰᠢᠭᠤᠨ ᠤ ᠡᠩ ᠤᠨ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢ 43.59 ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 25.16% ᠪᠠᠷ ᠨᠡᠮᠡᠭᠳᠡᠪᠡ᠂ ᠡᠭᠦᠨ ᠳᠤ᠄ ᠬᠤᠰᠢᠭᠤ ᠲᠣᠰ ᠱᠠᠳᠣᠨ ᠤ ᠵᠠᠷᠣᠯᠭ᠎ᠠ 42.6 ᠳ᠋ᠦᠩᠰᠢᠭᠤᠷ ᠲᠦᠭᠦᠷᠢᠭ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠬᠡᠬᠡᠯᠲᠡ ᠶᠢᠨ ᠣᠷᠣᠨ ᠤ  ᠵᠠᠷᠣᠯᠭ᠎ᠠ 0.99 ᠳ᠋ᠦᠩᠰᠢᠭᠤᠷ ᠲᠥᠭᠦᠷᠢᠭ᠃     ︵ᠬᠤᠶᠠᠷ︶ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2022 ᠤᠨ ᠳᠤ ᠪᠦᠬᠦ ᠬᠤᠰᠢᠭᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦ ᠶᠢᠨ ᠤᠷᠤᠯᠭ᠎ᠠ ᠶᠢ 2.53 ᠳ᠋ᠦᠩᠰᠢᠭᠤᠷ ᠲᠥᠭᠦᠷᠢᠭ ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 75.18% ᠪᠠᠷ ᠨᠡᠮᠡᠭᠳᠡᠪᠡ᠂ ᠡᠭᠦᠨ ᠳᠤ : ᠬᠤᠰᠢᠭᠤ ᠲᠣᠰ ᠱᠠᠳᠣᠨ ᠤ ᠣᠷᠣᠯᠭ᠎ᠠ 2.1 ᠳ᠋ᠦᠩᠰᠢᠭᠤᠷ ᠲᠦᠬᠦᠷᠢᠭ᠂ ᠲᠡᠭᠡᠷ᠎ᠡ ᠵᠢᠯ ᠤᠨ ᠦᠯᠡᠳᠡᠪᠦᠷᠢ ᠣᠷᠣᠯᠭ᠎ᠠ 0.21 ᠳ᠋ᠦᠩᠰᠢᠭᠤᠷ ᠲᠦᠬᠦᠷᠢᠭ᠂ ᠳᠤᠰᠬᠠᠢ ᠲᠦᠷᠤᠯ ᠤᠨ ᠣᠷᠣᠯᠭ᠎ᠠ 0.17 ᠳ᠋ᠦᠩᠰᠢᠭᠤᠷ ᠲᠦᠬᠦᠷᠢᠭ᠂ ᠲᠤᠰᠬᠠᠢ ᠲᠦᠷᠦᠯ ᠤᠨ ᠦᠭᠴᠡᠭᠡᠨ ᠲᠡᠮᠲᠡᠭᠲᠦ ᠳᠠᠬᠢᠨ ᠬᠤᠷᠠᠮᠳᠣᠭᠤᠯᠭ᠎ᠠ ᠶᠢᠨ ᠪᠡᠯᠡ ᠮᠦᠩᠭᠦ 0.05 ᠳ᠋ᠦᠩᠰᠢᠭᠤᠷ ᠲᠦᠬᠦᠷᠢᠭ︔ ᠪᠦᠬᠦ ᠬᠤᠰᠢᠭᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠥᠩᠭᠦ ᠶᠢᠨ ᠵᠠᠷᠤᠯᠭ᠎ᠠ 2.23 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 81.23% ᠪᠠᠷ ᠨᠡᠮᠡᠭᠳᠡᠪᠡ᠃ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠭᠦᠨ ᠤ ᠦᠯᠡᠳᠡᠪᠦᠷᠢ 0.3 ᠳ᠋ᠦᠩᠰᠢᠭᠤᠷ ᠲᠥᠭᠦᠷᠢᠭ᠃      ︵ᠭᠤᠷᠪᠠ︶ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2022 ᠤᠨ ᠳᠤ ᠪᠦᠬᠦ ᠬᠤᠰᠢᠭᠤᠨ ᠤ ᠨᠡᠶᠢᠬᠡᠮ ᠤᠨ ᠳᠠᠭᠠᠤᠨᠬᠠᠯ ᠤᠨ ᠤᠷᠤᠯᠭ᠎ᠠ ᠶᠢ 4.99 ᠳ᠋ᠦᠩᠰᠢᠭᠤᠷ ᠲᠦᠬᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ20.98% ᠪᠠᠷ ᠨᠡᠮᠡᠭᠳᠡᠪᠡ︔ ᠪᠦᠬᠦ ᠬᠤᠰᠢᠭᠤᠨ ᠤ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦᠨ ᠤ ᠵᠠᠷᠤᠯᠭ᠎ᠠ 4.99 ᠳ᠋ᠦᠩᠰᠢᠭᠤᠷ ᠲᠦᠬᠦᠷᠢᠭ ᠬᠦᠷᠴᠦ᠂ ᠠᠳᠠᠯᠢ ᠬᠤᠭᠤᠴᠠᠭᠠᠨ ᠤ ᠬᠢ  ᠠᠴᠠ 20.98% ᠪᠠᠷ ᠨᠡᠮᠡᠭᠳᠡᠪᠡ᠃     ︵ᠲᠦᠷᠪᠡ︶ ᠣᠯᠣᠰ ᠤᠨ ᠦᠮᠴᠢᠯᠡᠯᠲᠣ ᠡᠳ᠋ ᠬᠦᠷᠦᠩᠬᠡ ᠶᠢᠨ ᠡᠵᠡᠩᠨᠡᠯᠲᠡ ᠶᠢᠨ ᠲᠦᠰᠦᠪ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2022 ᠤᠨ ᠳᠤ ᠪᠦᠬᠦ ᠬᠤᠰᠢᠭᠤᠨ ᠤ ᠣᠯᠣᠰ ᠤᠨ ᠦᠮᠴᠢᠯᠡᠯᠲᠣ ᠡᠳ᠋ ᠬᠦᠷᠦᠩᠬᠡ ᠶᠢᠨ ᠡᠵᠡᠩᠨᠡᠯᠲᠡ ᠶᠢᠨ ᠲᠦᠰᠦᠪ ᠤᠨ ᠤᠷᠤᠯᠭ᠎ᠠ ᠶᠢ 4 ᠲᠦᠮᠡᠨ ᠲᠦᠬᠦᠷᠢᠭ ᠪᠡᠶᠡᠯᠡᠬᠦᠯᠵᠦ᠂ ᠵᠠᠷᠤᠯᠭ᠎ᠠ 3 ᠲᠦᠮᠡᠨ ᠲᠦᠬᠦᠷᠢᠭ ᠬᠦᠷᠴᠦ᠂ ᠣᠯᠣᠰ ᠤᠨ ᠦᠮᠴᠢᠯᠡᠯᠲᠦ ᠡᠳ᠋ ᠬᠦᠷᠦᠩᠭᠡ ᠶᠢᠨ ᠡᠵᠡᠩᠨᠡᠯᠲᠡ ᠶᠢᠨ ᠲᠦᠰᠦᠪ ᠤᠨ ᠦᠯᠡᠳᠡᠪᠦᠷᠢ ᠲᠦᠮᠡᠨ ᠲᠦᠬᠦᠷᠢᠭ᠃     2022 ᠣᠨ ᠤ ᠡᠳ᠋ ᠤᠨ ᠵᠠᠰᠠᠭ ᠤᠨ ᠠᠵᠢᠯ ᠪᠠ ᠲᠦᠰᠦᠪ ᠤᠨ ᠬᠡᠷᠡᠭᠵᠢᠬᠦᠯᠦᠯᠲᠡ ᠶᠢᠨ ᠭᠤᠤᠯ ᠤᠨᠴᠠᠯᠢᠭ     ︵ᠨᠢᠭᠡ︶ ᠨᠠᠷᠢᠯᠢᠭ ᠤᠨᠤᠪᠴᠢᠲᠠᠢ ᠪᠠᠷ ᠰᠣᠳᠣᠯᠣᠨ ᠮᠠᠭᠠᠳᠯᠠᠵᠤ᠂ ᠣᠯᠠᠨ ᠠᠷᠭ᠎ᠠ ᠠᠪᠴᠠᠯ ᠢᠶᠠᠷ ᠣᠷᠣᠯᠭ᠎ᠠ ᠶᠢᠨ ᠨᠡᠮᠡᠭᠳᠡᠬᠦᠯᠦᠯᠲᠡ ᠶᠢ ᠲᠤᠭᠲᠠᠪᠤᠷᠢᠵᠢᠭᠤᠯᠪᠠ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠦᠪᠯᠡᠷᠡᠬᠦᠯᠵᠦ᠂ ᠠᠵᠤ ᠠᠬᠤᠢ ᠶᠢᠨ ᠣᠷᠣᠭᠤᠳᠠᠬᠤ ᠳᠠᠷᠤᠯᠲᠠ᠂ ᠲᠦᠷᠦ ᠶᠢᠨ ᠪᠤᠳᠤᠯᠭ᠎ᠠ ᠶᠢᠨ ᠴᠢᠨᠠᠷ ᠲᠠᠢ ᠣᠷᠣᠯᠭ᠎ᠠ ᠶᠢᠨ ᠬᠠᠰᠣᠭᠳᠠᠯ ᠵᠢᠴᠢ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠰᠢᠯᠭᠠᠯᠲᠠ ᠳᠤ ᠬᠠᠨᠳᠣᠭᠤᠯᠣᠨ᠂ ᠲᠦᠪ᠂ ᠦᠪᠡᠷᠲᠡᠭᠡᠨ ᠵᠠᠰᠠᠬᠤ ᠣᠷᠣᠨ᠂ ᠬᠤᠲᠠ ᠶᠢᠨ ᠲᠡᠰ ᠤᠨ ᠲᠦᠷᠦ ᠶᠢᠨ ᠪᠤᠳᠤᠯᠭ᠎ᠠ ᠶᠢᠨ ᠣᠳᠣᠷᠢᠳᠣᠮᠵᠢ ᠪᠠ ᠳᠡᠮᠵᠢᠯᠭᠡ ᠶᠢᠨ ᠭᠤᠤᠯᠳᠠᠯᠭ᠎ᠠ ᠶᠢ ᠬᠢᠨᠠᠮᠠᠭᠠᠢ ᠰᠣᠳᠣᠯᠣᠨ ᠮᠠᠭᠠᠳᠯᠠᠵᠤ᠂ ᠲᠦᠷᠦᠯ ᠵᠦᠢᠯ ᠤᠨ ᠪᠡᠯᠡ ᠮᠦᠩᠭᠦ ᠣᠯᠬᠤ ᠨᠠᠷᠢᠨ ᠳᠠᠩᠰᠠ ᠶᠢ ᠲᠠᠷᠬᠠᠭᠠᠨ᠂ ᠲᠦᠷᠦᠯ ᠵᠦᠢᠯ ᠤᠨ ᠨᠤᠲᠠᠯᠠᠯᠲᠠ᠂ ᠰᠢᠭᠰᠢᠯᠲᠡ ᠪᠠ ᠮᠡᠳᠡᠬᠦᠯᠦᠯᠲᠡ ᠶᠢᠨ ᠠᠵᠢᠯ ᠢ ᠰᠠᠶᠢᠲᠤᠷ ᠬᠢᠵᠦ᠂ ᠡᠮᠦᠨᠡᠬᠢ ᠬᠤᠭᠤᠴᠠᠭᠠᠨ ᠤ ᠭᠠᠷᠳᠠᠮ ᠬᠦᠢᠴᠡᠳᠬᠡᠭᠰᠡᠨ ᠲᠦᠷᠦᠯ ᠵᠦᠢᠯ ᠢ ᠪᠡᠯᠡ ᠮᠦᠩᠭᠦ ᠣᠯᠬᠤ ᠲᠦᠷᠦᠯ ᠵᠦᠢᠯ ᠤᠨ ᠬᠦᠮᠦᠷᠭᠡ ᠳᠤ ᠣᠷᠣᠭᠤᠯᠣᠨ᠂ ᠳᠡᠭᠡᠳᠦ ᠱᠠᠲᠤᠨ ᠤ ᠡᠯ᠎ᠡ ᠲᠦᠷᠦᠯ ᠤᠨ ᠲᠦᠷᠦᠯ ᠵᠦᠢᠯ ᠤᠨ ᠳᠡᠮᠵᠢᠯᠬᠡ ᠪᠠ ᠪᠡᠯᠡ ᠮᠦᠩᠭᠦᠨ ᠤ ᠳᠡᠮᠵᠢᠯᠭᠡ ᠶᠢ ᠢᠳᠡᠪᠬᠢᠲᠡᠢ ᠪᠠᠷ ᠣᠯᠵᠣ᠂ ᠳᠡᠬᠡᠳᠦ ᠱᠠᠲᠤᠨ ᠤ ᠰᠢᠯᠵᠢᠬᠦᠯᠣᠨ ᠣᠯᠭᠤᠭᠰᠠᠨ ᠪᠡᠯᠡ ᠮᠦᠩᠭᠦ  ᠶᠢ ᠨᠠᠶᠢᠲᠠ 24.24 ᠳ᠋ᠦᠩᠰᠢᠭᠤᠷ ᠲᠦᠭᠦᠷᠢᠭ᠂ ᠦᠭᠴᠡᠭᠡᠨ ᠲᠡᠮᠲᠡᠭ ᠤᠨ ᠪᠡᠯᠡ ᠮᠦᠩᠭᠦ 3 ᠳ᠋ᠦᠩᠰᠢᠭᠤᠷ ᠲᠦᠬᠦᠷᠢᠭ ᠣᠯᠣᠨ᠂ ᠡᠬᠦᠨ ᠤ ᠬᠠᠮᠲᠤ ᠨᠡᠬᠦᠷᠡᠰᠦᠨ  ᠤ ᠬᠡᠪᠴᠢᠶᠡᠨ ᠳᠠᠬᠢ ᠣᠯᠣᠰ ᠤᠨ ᠦᠮᠴᠢᠯᠡᠯᠲᠦ ᠡᠳ᠋ ᠬᠦᠷᠦᠩᠭᠡ ᠶᠢᠨ ᠬᠤᠬᠢᠷᠠᠯ ᠢ ᠨᠡᠬᠡᠮᠵᠢᠯᠡᠨ ᠬᠤᠷᠢᠶᠠᠬᠤ ᠡᠷᠴᠢᠮ ᠢ ᠴᠢᠩᠭᠠᠳᠬᠠᠵᠤ᠂ ᠨᠡᠬᠡᠮᠵᠢᠯᠡᠨ ᠲᠤᠰᠢᠶᠠᠯᠭᠠᠬᠤ ᠮᠡᠳᠡᠭᠳᠡᠯ ᠪᠠᠭᠤᠯᠭᠠᠬᠤ᠂ ᠵᠤᠭᠤᠰ ᠲᠤᠰᠢᠶᠠᠬᠤ ᠲᠦᠯᠦᠪᠵᠢᠬᠦᠯᠬᠡ ᠶᠢᠨ ᠲᠤᠬᠢᠷᠠᠭᠤᠯᠤᠯᠲᠠ ᠲᠤᠭᠲᠠᠭᠠᠬᠤ᠂ ᠵᠤᠭᠤᠰ ᠲᠤᠰᠢᠶᠠᠬᠤ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠬᠤ ᠵᠡᠷᠭᠡ ᠠᠷᠭ᠎ᠠ ᠮᠠᠶ᠋ᠢᠭ ᠢᠶᠠᠷ 7.3 ᠳ᠋ᠦᠩᠰᠢᠭᠤᠷ ᠲᠦᠬᠦᠷᠢᠭ ᠬᠤᠷᠢᠶᠠᠪᠠ᠂ ᠬᠢᠵᠢᠭ ᠤᠨ ᠰᠡᠷᠬᠡᠶᠢᠯᠡᠯ ᠡᠵᠡᠮᠳᠡᠯ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠪᠠ ᠠᠷᠠᠳ ᠤᠨ ᠠᠮᠢᠳᠣᠷᠠᠯ ᠤᠨ ᠪᠠᠶᠢᠭᠤᠯᠣᠯᠲᠠ ᠶᠢᠨ ᠭᠤᠤᠯᠳᠠᠯᠭᠠᠲᠤ ᠲᠦᠷᠦᠯ ᠵᠦᠢᠯ ᠤᠨ ᠲᠤᠭᠲᠠᠭᠤᠨ  ᠢᠶᠠᠷ ᠠᠬᠢᠭᠤᠯᠤᠭᠳᠠᠬᠤ ᠶᠢ ᠪᠦᠬᠦ ᠬᠦᠴᠦᠨ ᠢᠶᠠᠷ ᠳᠡᠮᠵᠢᠪᠡ᠃     ︵ᠬᠤᠶᠠᠷ︶ ᠲᠤᠭᠲᠠᠭᠤᠨ ᠢᠶᠠᠷ ᠠᠬᠢᠭᠤᠯᠣᠨ ᠳᠠᠪᠰᠢᠵᠦ᠂ ᠪᠦᠬᠦ ᠬᠦᠴᠦᠨ ᠢᠶᠠᠷ ᠬᠦᠭᠵᠢᠯᠲᠡ ᠶᠢ ᠠᠬᠢᠭᠤᠯᠪᠠ᠃ ᠬᠢᠵᠢᠭ ᠤᠨ ᠪᠠᠶᠢᠳᠠᠯ ᠤᠨ ᠨᠦᠯᠦᠬᠡᠯᠡᠯ ᠳᠣᠣᠷᠠᠬᠢ ᠪᠤᠲᠠᠲᠤ ᠠᠵᠤ ᠠᠬᠤᠢ ᠶᠢᠨ ᠬᠦᠭᠵᠢᠯᠲᠡ ᠶᠢᠨ ᠬᠡᠷᠡᠭᠴᠡᠭᠡᠨ ᠤ ᠲᠤᠭᠤᠷᠢᠨ ᠳᠤ ᠨᠠᠷᠢᠯᠢᠭ ᠣᠨᠣᠪᠴᠢᠲᠠᠢ ᠪᠠᠷ ᠠᠷᠭ᠎ᠠ ᠪᠤᠳᠤᠯᠭ᠎ᠠ ᠭᠠᠷᠭᠠᠵᠤ᠂ ᠡᠳ᠋ ᠤᠨ ᠵᠠᠰᠠᠭ ᠤᠨ ᠢᠳᠡᠪᠬᠢ ᠲᠦᠷᠦ ᠶᠢᠨ ᠪᠣᠳᠣᠯᠭ᠎ᠠ ᠶᠢ ᠡᠷᠴᠢᠮᠲᠡᠢ ᠬᠡᠷᠡᠭᠵᠢᠬᠦᠯᠦᠨ᠂ ᠭᠠᠶᠢᠯᠢ ᠶᠢ ᠬᠠᠰᠣᠭᠳᠠᠭᠤᠯᠤᠨ ᠵᠠᠷᠤᠳᠠᠯ ᠢ ᠪᠠᠭᠤᠷᠠᠭᠤᠯᠬᠤ᠂ ᠬᠦᠦ ᠮᠦᠩᠭᠦ ᠣᠷᠣᠯᠠᠨ ᠦᠭᠭᠦ᠂ ᠭᠠᠶᠢᠯᠢ ᠪᠤᠴᠠᠭᠠᠬᠤ ᠵᠡᠷᠭᠡ ᠰᠢᠷᠢᠰ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢᠨ ᠬᠠᠮ ᠠᠵᠢᠯᠯᠠᠭ᠎ᠠ ᠶᠢ ᠰᠠᠶᠢᠲᠤᠷ ᠬᠢᠵᠦ᠂ ᠪᠦᠬᠦ ᠵᠢᠯ ᠳᠤ 2.5 ᠳ᠋ᠦᠩᠰᠢᠭᠤᠷ ᠲᠦᠬᠦᠷᠢᠭ ᠭᠠᠶᠢᠯᠢ ᠶᠢ ᠬᠠᠰᠣᠭᠳᠠᠭᠤᠯᠤᠨ ᠵᠠᠷᠤᠳᠠᠯ ᠢ ᠪᠠᠭᠤᠷᠠᠭᠤᠯᠬᠤ ᠲᠦᠷᠦ ᠶᠢᠨ ᠪᠤᠳᠣᠯᠭ᠎ᠠ ᠶᠢ ᠨᠠᠶᠢᠲᠠᠪᠤᠷᠢᠵᠢᠭᠤᠯᠤᠨ᠂ 19.88 ᠳ᠋ᠦᠩᠰᠢᠭᠤᠷ ᠲᠦᠬᠦᠷᠢᠭ ᠭᠠᠶᠢᠯᠢ  ᠪᠤᠴᠠᠭᠠᠬᠤ ᠠᠵᠢᠯᠯᠠᠭ᠎ᠠ ᠶᠢ ᠪᠡᠶᠡᠯᠡᠬᠦᠯᠵᠦ᠂ ᠠᠵᠤ ᠠᠬᠤᠶᠢᠯᠠᠯ ᠪᠠ ᠬᠤᠪᠢ ᠬᠦᠮᠦᠨ ᠤ ᠭᠠᠶᠢᠯᠢ ᠰᠦᠢᠳᠬᠡᠯ ᠤᠨ ᠳᠠᠷᠤᠭᠠᠰᠣ ᠶᠢ ᠦᠨᠡᠨ ᠬᠦ ᠬᠦᠩᠭᠡᠷᠡᠬᠦᠯᠦᠨ᠂ ᠠᠵᠤ ᠠᠬᠤᠶᠢᠯᠠᠯ ᠤᠨ ᠰᠢᠨᠡᠴᠢᠯᠡᠯ ᠢᠶᠠᠷ ᠳᠠᠶᠢᠴᠢᠯᠠᠬᠤ ᠬᠦᠭᠵᠢᠯᠲᠡ ᠶᠢᠨ ᠴᠢᠳᠠᠪᠤᠷᠢ ᠶᠢ ᠴᠢᠩᠭᠠᠳᠬᠠᠵᠤ᠂ ᠡᠳ᠋ ᠤᠨ ᠵᠠᠰᠠᠭ ᠭᠠᠶᠢᠯᠢ  ᠶᠢᠨ ᠰᠢᠨ᠎ᠡ ᠨᠡᠮᠡᠭᠳᠡᠯ ᠤᠨ ᠬᠦᠳᠡᠯᠬᠡᠬᠦ ᠬᠦᠴᠦᠨ ᠤ ᠡᠬᠢ ᠰᠣᠷᠪᠣᠯᠵᠢ ᠶᠢ ᠪᠤᠶᠢᠵᠢᠭᠤᠯᠪᠠ᠃ ᠡᠬᠦᠨ ᠤ ᠬᠠᠮᠲᠤ᠂ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢᠨ ᠲᠤᠬᠢᠷᠠᠭᠤᠯᠤᠯᠲᠠ ᠡᠵᠡᠮᠳᠡᠯ ᠤᠨ ᠴᠢᠳᠠᠪᠬᠢ ᠪᠠ ᠪᠡᠯᠡ ᠮᠦᠩᠭᠦᠨ ᠤ ᠬᠦᠰᠢᠬᠦᠷᠭᠡ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ ᠡᠳ᠋ ᠤᠨ ᠵᠠᠰᠠᠭ ᠤᠨ ᠢᠷᠡᠯᠲᠡ  ᠶᠢᠨ ᠪᠤᠶᠢᠵᠢᠭᠤᠯᠤᠯᠲᠠ ᠶᠢᠨ ᠠᠷᠭ᠎ᠠ ᠠᠪᠴᠠᠯ ᠢ ᠣᠯᠠᠮ ᠨᠠᠶᠢᠲᠠᠪᠤᠷᠢᠵᠢᠭᠤᠯᠵᠤ᠂ ᠡᠳ᠋ ᠤᠨ ᠵᠠᠰᠠᠭ ᠤᠨ ᠬᠦᠰᠢᠬᠦᠷᠭᠡ ᠶᠢᠨ ᠦᠢᠯᠡᠳᠦᠯ ᠪᠠ ᠡᠳ᠋ ᠤᠨ ᠵᠠᠰᠠᠭ ᠭᠠᠶᠢᠯᠢ  ᠶᠢᠨ ᠲᠦᠷᠦ ᠶᠢᠨ ᠪᠤᠳᠣᠯᠭ᠎ᠠ ᠶᠢᠨ ᠵᠢᠯᠤᠭᠤᠳᠤᠯᠭ᠎ᠠ ᠶᠢᠨ ᠦᠢᠯᠡᠳᠦᠯ ᠢ ᠬᠦᠢᠴᠡᠳ ᠪᠠᠳᠠᠷᠠᠭᠤᠯᠪᠠ᠃     ︵  ᠭᠤᠷᠪᠠ︶ ᠡᠷᠴᠢᠮᠲᠡᠢ ᠠᠳᠬᠤᠵᠤ᠂ ᠡᠳ᠋ ᠤᠨ ᠬᠦᠴᠦᠨ ᠢᠶᠠᠨ ᠲᠦᠪᠯᠡᠷᠡᠬᠦᠯᠵᠦ ᠭᠤᠤᠯᠳᠠᠯᠭ᠎ᠠ ᠶᠢ ᠪᠠᠲᠤᠯᠠᠪᠠ᠃ ᠬᠢᠵᠢᠭ ᠤᠨ ᠪᠠᠶᠢᠳᠠᠯ ᠤᠨ ᠨᠦᠯᠦᠬᠡᠯᠡᠯ ᠳᠣᠣᠷᠠᠬᠢ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠦᠷᠢᠴᠡᠯ ᠢ ᠴᠢᠷᠮᠠᠶᠢᠨ ᠲᠤᠭᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢ ︽ᠴᠢᠩᠭ᠎ᠠ ᠡᠵᠡᠮᠳᠡᠨ᠂ ᠴᠢᠩᠭ᠎ᠠ ᠬᠢᠨᠠᠵᠤ᠂ ᠴᠢᠩᠭ᠎ᠠ ᠬᠠᠮᠢᠶᠠᠷᠤᠨ︾᠂ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠱᠣᠭᠤᠵᠣ᠂ ᠡᠩ ᠤᠨ ᠵᠠᠷᠤᠯᠭ᠎ᠠ ᠶᠢ ᠪᠠᠭᠠᠰᠬᠠᠵᠤ᠂ ᠭᠤᠤᠯᠳᠠᠯᠭ᠎ᠠ  ᠶᠢ ᠪᠠᠲᠤᠯᠠᠬᠤ ᠪᠠᠷ ᠳᠠᠮᠵᠢᠭᠤᠯᠤᠨ ᠠᠰᠢᠭ ᠦᠬᠡᠢ ᠵᠠᠷᠤᠯᠭ᠎ᠠ ᠶᠢ ᠶᠡᠬᠡᠪᠡᠷ ᠪᠠᠭᠠᠰᠬᠠᠨ᠂ ᠠᠷᠠᠳ ᠤᠨ ᠠᠮᠢᠳᠣᠷᠠᠯ ᠤᠨ ᠲᠤᠮᠤ ᠪᠠᠴᠢᠮ ᠬᠦᠴᠢᠷᠳᠡᠯᠲᠡᠢ ᠶᠠᠪᠤᠳᠠᠯ ᠤᠨ ᠲᠤᠭᠤᠷᠢᠨ ᠳᠤ ᠨᠠᠷᠢᠯᠢᠭ ᠣᠨᠣᠪᠴᠢᠲᠠᠢ ᠪᠠᠷ ᠬᠦᠴᠦᠯᠡᠵᠦ᠂ ᠰᠣᠷᠭᠠᠨ ᠬᠦᠮᠦᠵᠢᠯ᠂ ᠡᠮ ᠡᠮᠨᠡᠯᠭᠡ ᠡᠷᠡᠬᠦᠯ ᠬᠠᠮᠠᠭᠠᠯᠠᠯ᠂ ᠨᠡᠶᠢᠬᠡᠮ ᠤᠨ ᠪᠠᠲᠤᠯᠠᠭ᠎ᠠ᠂ ᠬᠦᠳᠡᠭᠡ ᠲᠤᠰᠬᠤᠨ ᠤ ᠬᠦᠭᠵᠢᠯ ᠮᠠᠨᠳᠣᠯ᠂ ᠵᠠᠮ ᠲᠡᠭᠡᠭᠡᠪᠦᠷᠢ ᠵᠡᠷᠭᠡ ᠠᠷᠠᠳ ᠤᠨ ᠠᠮᠢᠳᠣᠷᠠᠯ ᠤᠨ ᠭᠤᠤᠯᠳᠠᠯᠭᠠᠲᠤ ᠵᠠᠷᠤᠯᠭ᠎ᠠ ᠶᠢ ᠨᠡᠮᠡᠭᠳᠡᠬᠦᠯᠪᠡ᠃ ᠪᠦᠬᠦ ᠬᠤᠰᠢᠭᠤᠨ ᠤ ᠡᠩ  ᠤᠨ ᠴᠢᠨᠠᠷ ᠲᠠᠢ ᠵᠠᠷᠤᠯᠭ᠎ᠠ 3653 ᠲᠦᠮᠡᠨ ᠲᠦᠬᠦᠷᠢᠭ᠂ ᠠᠳᠠᠯᠢ ᠬᠤᠭᠤᠴᠠᠭᠠᠨ ᠤ ᠬᠢ ᠠᠴᠠ 3.15% ᠪᠠᠷ ᠪᠠᠭᠤᠷᠠᠪᠠ︔ ᠠᠷᠠᠳ ᠤᠨ ᠠᠮᠢᠳᠣᠷᠠᠯ ᠤᠨ ᠵᠠᠷᠤᠯᠭ᠎ᠠ 25.46 ᠳ᠋ᠦᠩᠰᠢᠭᠤᠷ ᠲᠦᠬᠦᠷᠢᠭ᠂ ᠡᠩ ᠤᠨ ᠨᠠᠶᠢᠲᠠ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ 58.41% ᠶᠢ ᠡᠵᠡᠯᠡᠪᠡ︔ ᠤᠯᠭᠤᠵᠤ ᠦᠭᠭᠦᠭᠰᠡᠨ ᠰᠢᠭᠤᠳ ᠪᠡᠯᠡ ᠮᠦᠩᠭᠦ ᠨᠡᠶᠢᠲᠡ 3.27 ᠳ᠋ᠦᠩᠰᠢᠭᠤᠷ ᠲᠦᠬᠦᠷᠢᠭ᠂ ᠪᠡᠯᠡ ᠮᠦᠩᠭᠦ ᠶᠢ ᠳᠠᠷᠤᠢ ᠳᠤ ᠨᠢ ᠦᠨᠳᠦᠰᠦᠨ ᠱᠠᠲᠤ᠂ ᠠᠵᠤ ᠠᠬᠤᠶᠢᠯᠠᠯ ᠳᠤ ᠬᠦᠷᠭᠡᠬᠦ ᠶᠢ ᠪᠠᠲᠤᠯᠠᠨ᠂ ᠰᠢᠭᠤᠳ ᠪᠡᠯᠡ ᠮᠦᠩᠭᠦᠨ ᠤ ᠠᠵᠤ ᠠᠬᠤᠶᠢᠯᠠᠯ ᠢ ᠬᠠᠷᠠᠭᠠᠯᠵᠠᠬᠤ ᠠᠷᠠᠳ ᠲᠦᠮᠡᠨ ᠳᠤ ᠠᠰᠢᠭᠲᠠᠢ ᠦᠢᠯᠡᠳᠦᠯ ᠢ ᠪᠠᠳᠠᠷᠠᠭᠤᠯᠵᠤ᠂ ᠡᠳ᠋ ᠤᠨ ᠵᠠᠰᠠᠭ ᠤᠨ ᠭᠤᠤᠯᠳᠠᠯᠭ᠎ᠠ ᠶᠢ ᠪᠠᠲᠤᠯᠠᠬᠤ᠂ ᠬᠤᠷᠢᠭ᠎ᠠ ᠱᠣᠭᠤᠮ ᠢ ᠰᠠᠬᠢᠬᠤ᠂ ᠠᠷᠠᠳ ᠤᠨ ᠠᠮᠢᠳᠣᠷᠠᠯ ᠢ ᠬᠠᠷᠠᠭᠠᠯᠵᠠᠬᠤ ᠴᠢᠳᠠᠪᠤᠷᠢ ᠶᠢ ᠦᠨᠡᠨ ᠬᠦ ᠴᠢᠩᠭᠠᠳᠬᠠᠪᠠ︔ ︽ᠣᠨᠴᠠᠭᠠᠢ ᠶᠠᠪᠤᠳᠠᠯ ᠢ ᠣᠨᠴᠠᠭᠠᠢ ᠰᠢᠢᠳᠪᠦᠷᠢᠯᠡᠬᠦ᠂ ᠪᠠᠴᠢᠮ ᠶᠠᠪᠣᠳᠠᠯ ᠢ ᠪᠠᠴᠢᠮ ᠰᠢᠢᠳᠪᠦᠷᠢᠯᠡᠬᠦ︾ ᠵᠠᠷᠴᠢᠮ ᠶᠤᠰᠤᠭᠠᠷ᠂ ᠬᠢᠵᠢᠭ  ᠤᠨ ᠪᠠᠶᠢᠳᠠᠯ ᠤᠨ ᠰᠡᠷᠬᠡᠶᠢᠯᠡᠨ ᠡᠵᠡᠮᠳᠡᠯ ᠤᠨ ᠡᠳ᠋ ᠪᠠᠷᠠᠭᠠᠨ ᠤ ᠬᠤᠳᠠᠯᠳᠣᠨ ᠠᠪᠤᠯᠲᠠ ᠶᠢᠨ ᠰᠠᠭᠠᠳ ᠦᠬᠡᠢ ᠵᠠᠮ ᠱᠣᠭᠤᠮ ᠢ ᠪᠠᠶᠢᠭᠤᠯᠤᠨ᠂ ᠬᠢᠵᠢᠭ ᠤᠨ ᠪᠠᠶᠢᠳᠠᠯ  ᠢ ᠰᠡᠷᠬᠡᠶᠢᠯᠡᠨ ᠡᠵᠡᠮᠳᠡᠬᠦ ᠪᠡᠯᠡ ᠮᠦᠩᠭᠦ ᠶᠢ 4348.78 ᠲᠦᠮᠡᠨ ᠲᠦᠬᠦᠷᠢᠭ ᠣᠯᠭᠤᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠤᠷᠢᠭᠯᠠᠯᠲᠠ ᠶᠢᠨ ᠠᠵᠢᠯᠯᠠᠭᠠᠨ ᠤ ᠢᠯᠠᠯᠲᠠ ᠳᠤ ᠪᠦᠬᠦ ᠬᠦᠴᠦᠨ ᠢᠶᠠᠷ ᠳᠡᠮᠵᠢᠪᠡ᠃ ᠡᠬᠦᠨ ᠤ ᠬᠠᠮᠲᠤ ᠮᠠᠨ ᠤ ᠬᠤᠰᠢᠭᠤᠨ ᠤ ︽ᠳᠦᠷᠪᠡᠨ ᠣᠷᠣᠨ︾ ᠤ ᠪᠠᠶᠢᠭᠤᠯᠤᠯᠲᠠ ᠵᠡᠷᠭᠡ ᠭᠤᠤᠯᠳᠠᠯᠭᠠᠲᠤ ᠠᠵᠢᠯ ᠤᠨ ᠲᠤᠬᠢᠷᠠᠭᠤᠯᠤᠯᠲᠠ ᠳᠤ ᠠᠩᠬᠠᠷᠤᠯ ᠢᠶᠠᠨ ᠲᠦᠪᠯᠡᠷᠡᠬᠦᠯᠦᠨ᠂ ᠲᠤᠬᠢᠷᠠᠭᠤᠯᠤᠯᠲᠠ᠂ ᠬᠤᠷᠳᠣᠴᠠ᠂ ᠠᠬᠢᠴᠠ ᠶᠢ ᠪᠦᠬᠦ ᠬᠦᠴᠦᠨ ᠢᠶᠠᠷ ᠠᠳᠬᠤᠵᠤ᠂ ᠰᠢᠯᠵᠢᠬᠦᠯᠤᠨ ᠤᠯᠭᠤᠬᠤ ᠲᠦᠷᠦᠯ ᠵᠦᠢᠯ ᠤᠨ ᠪᠠᠶᠢᠭᠤᠯᠤᠯᠲᠠ ᠶᠢᠨ ᠪᠡᠯᠡ ᠮᠦᠩᠬᠦ ᠶᠢ ᠬᠡᠷᠡᠭᠴᠡᠭᠡ ᠶᠤᠰᠤᠭᠠᠷ ᠤᠯᠭᠤᠵᠤ᠂ ᠪᠦᠬᠦ ᠬᠤᠰᠢᠭᠤᠨ ᠤ ᠡᠯ᠎ᠡ ᠲᠦᠷᠦᠯ ᠤᠨ ᠭᠤᠤᠯᠳᠠᠯᠭᠠᠲᠤ ᠲᠦᠷᠦᠯ ᠵᠦᠢᠯ ᠤᠨ ᠣᠷᠣᠨᠵᠢᠭᠤᠯᠣᠯᠲᠠ ᠶᠢ ᠠᠬᠢᠭᠤᠯᠤᠨ᠂ ᠬᠤᠷᠳᠣᠴᠠ ᠶᠢ ᠨᠡᠮᠡᠭᠳᠡᠬᠦᠯᠪᠡ᠃     ︵ᠳᠦᠷᠪᠡ︶ ᠨᠠᠷᠢᠯᠢᠭ ᠣᠨᠣᠪᠴᠢᠲᠠᠢ ᠪᠠᠷ ᠠᠷᠭ᠎ᠠ ᠪᠤᠳᠣᠯᠭ᠎ᠠ ᠬᠡᠷᠡᠭᠵᠢᠬᠦᠯᠵᠦ᠂ ᠡᠷᠴᠢᠮᠲᠡᠢ ᠰᠢᠪᠲᠤᠯᠵᠤ ᠦᠬᠡᠷᠡᠴᠢᠯᠡᠯᠲᠡ ᠶᠢ ᠠᠬᠢᠭᠤᠯᠪᠠ᠃ ᠬᠤᠰᠢᠭᠤ ᠨᠠᠮ  ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ ᠪᠠᠶᠢᠯᠳᠣᠬᠤ ᠪᠣᠳᠣᠯᠭ᠎ᠠ᠂ ᠭᠤᠤᠯᠳᠠᠯᠭᠠᠲᠤ ᠬᠦᠷᠢᠶ᠎ᠡ ᠬᠡᠪᠴᠢᠶ᠎ᠡ ᠪᠠ ᠴᠢᠬᠤᠯᠠ ᠦᠬᠡᠷᠡᠴᠢᠯᠡᠯᠲᠡ ᠶᠢᠨ ᠲᠤᠭᠤᠷᠢᠨ  ᠳᠤ ᠲᠦᠰᠦᠪ ᠤᠨ ᠲᠤᠭᠤᠷᠪᠢᠯᠲᠡ ᠶᠢᠨ ᠠᠷᠭ᠎ᠠ ᠮᠠᠶ᠋ᠢᠭ ᠢᠶᠠᠨ ᠲᠤᠬᠢᠷᠠᠭᠤᠯᠵᠤ᠂ ︽ᠰᠠᠭᠤᠷᠢ ᠲᠤᠭ᠎ᠠ + ᠨᠡᠮᠡᠭᠳᠡᠯ︾ ᠤᠨ ᠲᠦᠰᠦᠪ ᠤᠨ ᠲᠤᠬᠢᠷᠠᠭᠤᠯᠤᠯᠲᠠ ᠶᠢᠨ ᠵᠠᠭᠪᠤᠷ ᠢ ᠡᠪᠳᠡᠨ᠂ ︽ᠲᠡᠭ ᠰᠠᠭᠤᠷᠢᠳᠤ ᠲᠦᠰᠦᠪ︾ ᠢ ᠪᠦᠬᠦ ᠲᠠᠯ᠎ᠠ ᠪᠠᠷ ᠠᠬᠢᠭᠤᠯᠵᠤ᠂ ᠰᠠᠯᠠᠭ᠎ᠠ ᠮᠦᠴᠢᠷ ᠤᠨ ᠲᠦᠰᠦᠪ ᠤᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠨ᠂ ᠰᠠᠯᠠᠭ᠎ᠠ ᠮᠦᠴᠢᠷ ᠪᠠᠶᠢᠭᠤᠯᠭ᠎ᠠ ᠨᠢᠬᠡᠴᠡ ᠶᠢᠨ ᠵᠠᠷᠤᠳᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠲᠦᠷᠦᠯ ᠬᠤᠪᠢᠶᠠᠨ ᠲᠤᠬᠢᠷᠠᠭᠤᠯᠵᠤ᠂ ᠲᠦᠰᠦᠪ ᠤᠨ ᠬᠡᠷᠡᠭᠵᠢᠬᠦᠯᠦᠯᠲᠡ ᠶᠢᠨ ᠬᠦᠳᠡᠯᠦᠩᠬᠦᠢ ᠬᠢᠨᠠᠨ ᠡᠵᠡᠮᠳᠡᠯ ᠤᠨ ᠲᠤᠭᠲᠠᠴᠠ᠂ ᠲᠦᠰᠦᠪ ᠤᠨ ᠵᠣᠭᠤᠰᠣᠨ ᠤ ᠣᠯᠭᠤᠯᠲᠠ ᠶᠢᠨ ᠬᠢᠨᠠᠨ ᠭᠠᠷᠭᠠᠬᠤ ᠲᠤᠭᠲᠠᠴᠠ ᠪᠠ ᠲᠦᠰᠦᠪ ᠤᠨ ᠪᠦᠲᠦᠮᠵᠢ ᠶᠢᠨ ᠬᠠᠮᠢᠶᠠᠷᠤᠯᠲᠠ ᠶᠢᠨ ᠲᠤᠭᠲᠠᠴᠠ ᠶᠢ ᠪᠠᠶᠢᠭᠤᠯᠵᠤ ᠳᠡᠬᠦᠯᠳᠡᠷᠵᠢᠬᠦᠯᠦᠨ᠂ ᠲᠦᠰᠦᠪ ᠤᠨ ᠬᠢᠵᠠᠭᠠᠷᠯᠠᠯ ᠢ ᠳᠡᠭᠡᠭᠰᠢᠯᠡᠬᠦᠯᠪᠡ᠃ ᠡᠬᠦᠨ ᠤ ᠬᠠᠮᠲᠤ ᠲᠦᠰᠦᠪ ᠤᠨ ᠬᠡᠷᠡᠭᠵᠢᠬᠦᠯᠦᠯᠲᠡ ᠪᠠ ᠪᠦᠲᠦᠮᠵᠢ ᠶᠢᠨ ᠬᠠᠷᠠᠯᠲᠠ ᠶᠢᠨ ︽ᠬᠤᠤᠰ ᠡᠵᠡᠮᠳᠡᠯ︾ ᠤᠨ ᠲᠤᠭᠲᠠᠴᠠ ᠶᠢ ᠢᠳᠡᠪᠬᠢᠲᠡᠢ ᠪᠠᠷ ᠰᠦᠪᠡᠭᠴᠢᠯᠡᠵᠦ᠂ ᠲᠦᠰᠦᠪ ᠤᠨ ᠲᠤᠭᠢᠷᠠᠭᠤᠯᠤᠯᠲᠠ ᠪᠠ ᠪᠦᠲᠦᠮᠵᠢ ᠶᠢᠨ ᠬᠠᠷᠠᠯᠲᠠ᠂ ᠪᠡᠯᠡ ᠮᠦᠩᠭᠦᠨ ᠤ ᠬᠡᠷᠡᠭᠯᠡᠯᠲᠡ ᠶᠢᠨ ᠪᠦᠲᠦᠮᠵᠢ ᠶᠢᠨ ᠬᠠᠷᠢᠯᠴᠠᠭᠠᠨ ᠤ ᠲᠤᠭᠲᠠᠴᠠ ᠶᠢ ᠠᠬᠢᠭᠤᠯᠤᠨ᠂ ᠵᠠᠰᠠᠭ ᠤᠨ ᠤᠷᠳᠣᠨ ᠤ ᠬᠤᠳᠠᠯᠳᠣᠨ ᠠᠪᠤᠯᠲᠠ ᠶᠢᠨ ᠦᠢᠯᠡᠴᠢᠯᠡᠭᠡ ᠶᠢᠨ ᠠᠷᠭ᠎ᠠ ᠮᠠᠶ᠋ᠢᠭ ᠢᠶᠠᠷ 2 ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠣᠷᠢᠵᠦ ᠡᠯᠰᠡᠬᠦ ᠪᠠᠷ ᠳᠠᠮᠵᠢᠭᠤᠯᠤᠨ 2022 ᠣᠨ ᠤ ᠭᠤᠤᠯᠳᠠᠯᠭᠠᠲᠤ ᠲᠦᠷᠦᠯ ᠵᠦᠢᠯ ᠤᠨ ᠵᠠᠷᠤᠯᠭ᠎ᠠ ᠶᠢᠨ ᠡᠮᠦᠨᠡᠬᠢ ᠪᠦᠲᠦᠮᠵᠢ ᠶᠢᠨ ᠬᠢᠨᠠᠨ ᠲᠤᠭᠲᠠᠭᠠᠯᠲᠠ᠂ ᠳᠣᠮᠳᠠᠬᠢ ᠪᠦᠲᠦᠮᠵᠢ ᠶᠢᠨ ᠬᠢᠨᠠᠨ ᠡᠵᠡᠮᠳᠡᠯ᠂ ᠬᠤᠶᠢᠨᠠᠬᠢ ᠪᠦᠲᠦᠮᠵᠢ ᠶᠢᠨ ᠦᠨᠡᠯᠡᠯᠲᠡ ᠶᠢ ᠦᠷᠨᠢᠬᠦᠯᠪᠡ᠃ ᠪᠦᠬᠦ ᠵᠢᠯ ᠳᠤ ᠲᠤᠰ ᠱᠠᠲᠤᠨ ᠤ ᠲᠦᠰᠦᠪ ᠤᠨ ᠲᠦᠷᠦᠯ ᠵᠦᠢᠯ ᠤᠨ ᠵᠠᠷᠤᠯᠭ᠎ᠠ ᠶᠢᠨ ᠪᠦᠲᠦᠮᠵᠢ ᠶᠢᠨ ᠬᠠᠷᠠᠯᠲᠠ ᠶᠢᠨ ᠬᠢᠨᠠᠨ ᠬᠠᠷᠭᠤᠭᠤᠯᠤᠯᠲᠠ 1231 ᠵᠦᠢᠯ ᠢ ᠦᠷᠨᠢᠬᠦᠯᠵᠦ᠂ 2021 ᠣᠨ ᠤ ᠰᠢᠭᠤᠳ ᠪᠡᠯᠡ ᠮᠦᠩᠭᠦᠨ ᠤ ᠲᠦᠷᠦᠯ ᠵᠦᠢᠯ ᠤᠨ ᠪᠦᠲᠦᠮᠵᠢ ᠶᠢᠨ ᠦᠨᠡᠯᠡᠯᠲᠡ 27 ᠵᠦᠢᠯ ᠢ ᠶᠠᠪᠣᠭᠳᠠᠭᠤᠯᠤᠨ᠂ 0.79 ᠳ᠋ᠦᠩᠰᠢᠭᠤᠷ ᠲᠦᠬᠦᠷᠢᠭ ᠬᠤᠯᠪᠤᠭᠳᠠᠵᠤ᠂ ᠦᠭᠴᠡᠬᠡᠨ ᠤ ᠲᠡᠮᠲᠡᠭ ᠤᠨ ᠪᠡᠯᠡ ᠮᠦᠩᠭᠦ ᠶᠢᠨ ᠪᠦᠲᠦᠮᠵᠢ ᠶᠢᠨ ᠦᠨᠡᠯᠡᠯᠲᠡ 35 ᠵᠦᠢᠯ ᠢ ᠰᠢᠨ᠎ᠡ ᠪᠠᠷ ᠨᠡᠮᠡᠭᠳᠡᠬᠦᠯᠦᠨ᠂ 3.2 ᠳ᠋ᠦᠩᠰᠢᠭᠤᠷ ᠲᠦᠬᠦᠷᠢᠭ ᠬᠤᠯᠪᠤᠭᠳᠠᠵᠤ᠂ ︽ᠠᠰ ᠠᠰ ᠲᠤ ᠨᠢ ᠵᠦᠪᠯᠡᠬᠦ︾ ᠭᠤᠤᠯᠳᠠᠯᠭᠠᠲᠤ ᠲᠦᠷᠦᠯ ᠵᠦᠢᠯ ᠤᠨ ᠪᠦᠲᠦᠮᠵᠢ ᠶᠢᠨ ᠦᠨᠡᠯᠡᠯᠲᠡ 23 ᠵᠦᠢᠯ ᠢ ᠦᠷᠨᠢᠬᠦᠯᠦᠨ᠂ 0.1 ᠳ᠋ᠦᠩᠰᠢᠭᠤᠷ ᠲᠦᠬᠦᠷᠢᠭ ᠬᠤᠯᠪᠤᠭᠳᠠᠵᠤ᠂ ᠪᠦᠲᠦᠮᠵᠢ ᠶᠢᠨ ᠬᠠᠮᠢᠶᠠᠷᠤᠯᠲᠠ ᠶᠢᠨ ᠬᠡᠪᠴᠢᠶ᠎ᠡ ᠶᠢ ᠣᠯᠠᠮ ᠦᠷᠬᠡᠳᠬᠡᠨ ᠶᠠᠰᠣ ᠴᠢᠨᠠᠷ ᠢ ᠳᠡᠭᠡᠭᠰᠢᠯᠡᠬᠦᠯᠪᠡ᠃     ︵ᠲᠠᠪᠤ︶ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠶᠤᠯ ᠳᠦᠭᠰᠢᠬᠦᠷᠢ ᠶᠢ ᠭᠤᠶᠢᠪᠢᠰᠢ ᠦᠬᠡᠢ ᠰᠡᠷᠬᠡᠶᠢᠯᠡᠪᠡ᠃ ᠲᠦᠪ᠂ ᠦᠪᠡᠷᠲᠡᠭᠡᠨ ᠵᠠᠰᠠᠬᠤ ᠣᠷᠣᠨ᠂ ᠬᠤᠲᠠ ᠶᠢᠨ ᠨᠤᠴᠢᠲᠠᠢ ᠳᠦᠭᠰᠢᠬᠦᠷᠢ ᠶᠢ ᠰᠡᠷᠬᠡᠶᠢᠯᠡᠨ ᠰᠢᠢᠳᠪᠦᠷᠢᠯᠡᠬᠦ ᠲᠤᠬᠠᠢ ᠡᠯ᠎ᠡ ᠲᠦᠷᠦᠯ ᠤᠨ ᠰᠢᠢᠳᠪᠦᠷᠢ ᠪᠠᠶᠢᠷᠢᠯᠠᠭᠤᠯᠤᠯᠲᠠ ᠶᠢ ᠡᠷᠡᠰ ᠬᠡᠷᠡᠭᠵᠢᠬᠦᠯᠵᠦ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠦᠭᠴᠡᠬᠡᠨ ᠤ ᠬᠡᠪᠴᠢᠶ᠎ᠡ ᠶᠢ ᠬᠠᠮᠢᠶᠠᠷᠤᠨ ᠡᠵᠡᠮᠳᠡᠬᠦ᠂ ᠦᠭᠴᠡᠭᠡᠨ ᠤ ᠬᠠᠮᠢᠶᠠᠷᠤᠯᠲᠠ ᠶᠢ ᠳᠦᠷᠢᠮᠵᠢᠬᠦᠯᠬᠦ᠂ ᠦᠭᠴᠡᠭᠡᠨ ᠤ ᠳᠦᠭᠰᠢᠬᠦᠷᠢ ᠶᠢ ᠰᠡᠷᠬᠡᠶᠢᠯᠡᠨ ᠰᠢᠢᠳᠪᠦᠷᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠣᠯᠠᠮ ᠨᠠᠶᠢᠲᠠᠪᠤᠷᠢᠵᠢᠭᠤᠯᠤᠨ᠂ ᠬᠤᠰᠢᠭᠤᠨ ᠤ ᠣᠷᠣᠨ ᠨᠣᠲᠤᠭ ᠤᠨ ᠳᠠᠯᠳᠠ ᠴᠢᠨᠠᠷ ᠲᠠᠢ ᠦᠭᠴᠡᠭᠡᠨ ᠤ ᠳᠦᠭᠰᠢᠬᠦᠷᠢ ᠶᠢ ᠰᠡᠷᠬᠡᠶᠢᠯᠡᠨ ᠰᠢᠢᠳᠪᠦᠷᠢᠯᠡᠬᠦ ᠬᠡᠷᠡᠭᠵᠢᠬᠦᠯᠦᠯᠲᠡ ᠶᠢᠨ ᠲᠦᠰᠦᠯ ᠤᠨ ᠲᠦᠯᠦᠪᠵᠢᠬᠦᠯᠬᠡ ᠶᠤᠰᠤᠭᠠᠷ᠂ 5.22 ᠳ᠋ᠦᠩᠰᠢᠭᠤᠷ ᠲᠦᠬᠦᠷᠢᠭ ᠦᠭᠴᠡᠭᠡ ᠶᠢ ᠰᠢᠢᠳᠪᠦᠷᠢᠯᠡᠬᠦ ᠵᠢᠯ ᠤᠨ ᠡᠬᠦᠷᠭᠡ ᠪᠠᠨ ᠣᠷᠢᠳᠴᠢᠯᠠᠨ ᠪᠦᠬᠦ ᠲᠠᠯ᠎ᠠ ᠪᠠᠷ ᠪᠡᠶᠡᠯᠡᠬᠦᠯᠪᠡ᠃  ᠡᠬᠦᠨ ᠤ ᠬᠠᠮᠲᠤ᠂  ︽3 + N︾ ᠣᠯᠣᠰ ᠤᠨ ᠦᠮᠴᠢᠯᠡᠯᠲᠦ ᠠᠵᠤ ᠠᠬᠤᠶᠢᠯᠠᠯ ᠤᠨ ᠪᠠᠶᠢᠷᠢᠯᠠᠭᠤᠯᠤᠯᠲᠠ ᠪᠠᠷ ᠭᠤᠤᠯᠯᠠᠭᠤᠯᠤᠨ᠂ ᠣᠯᠣᠰ  ᠤᠨ ᠦᠮᠴᠢᠯᠡᠯᠲᠦ ᠡᠳ᠋ ᠬᠦᠷᠦᠩᠭᠡ ᠶᠢᠨ ᠪᠠᠶᠢᠷᠢᠯᠠᠭᠤᠯᠤᠯᠲᠠ ᠶᠢᠨ ᠪᠦᠲᠦᠴᠡ ᠶᠢ ᠲᠠᠰᠣᠷᠠᠯᠲᠠ ᠦᠬᠡᠢ ᠰᠢᠯᠢᠳᠡᠭᠵᠢᠬᠦᠯᠵᠦ᠂ ᠣᠯᠣᠰ ᠤᠨ ᠦᠮᠴᠢᠯᠡᠯᠲᠦ ᠠᠵᠤ ᠠᠬᠤᠶᠢᠯᠠᠯ ᠤᠨ ᠦᠬᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ 67 ᠲᠦᠷᠦᠯ ᠤᠨ ᠦᠬᠡᠷᠡᠴᠢᠯᠡᠯᠲᠡ ᠶᠢᠨ ᠡᠬᠦᠷᠭᠡ᠂ ᠬᠤᠰᠢᠭᠤ ᠨᠠᠮ ᠤᠨ ᠬᠤᠷᠢᠶᠠᠨ ᠤ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠬᠤ ᠳᠣᠭᠤᠶᠢᠯᠠᠩ ᠢ ᠰᠣᠯᠪᠢᠴᠠᠭᠤᠯᠵᠤ ᠣᠯᠣᠰ ᠤᠨ ᠦᠮᠴᠢᠯᠡᠯᠲᠦ ᠠᠮᠣ ᠪᠣᠳᠠᠭᠠᠨ ᠤ ᠠᠵᠤ ᠠᠬᠤᠶᠢᠯᠠᠯ ᠢ ᠪᠠᠶᠢᠴᠠᠭᠠᠳ ᠬᠠᠷᠢᠭᠤ ᠲᠤᠰᠬᠠᠭᠰᠠᠨ 18 ᠵᠦᠢᠯ ᠤᠨ ᠠᠰᠠᠭᠤᠳᠠᠯ᠂ ᠣᠯᠣᠰ ᠤᠨ ᠦᠮᠴᠢᠯᠡᠯᠲᠦ ᠠᠮᠣ ᠪᠣᠳᠠᠭᠠᠨ ᠤ ᠠᠵᠤ ᠠᠬᠤᠶᠢᠯᠠᠯ ᠤᠨ ᠦᠪᠡᠷᠲᠡᠭᠡᠨ ᠪᠠᠶᠢᠴᠠᠭᠠᠵᠤ ᠴᠡᠭᠴᠡᠯᠡᠭᠰᠡᠨ 7 ᠲᠦᠷᠦᠯ ᠤᠨ ᠠᠰᠠᠭᠤᠳᠠᠯ ᠢ ᠪᠦᠬᠦᠨ ᠢ ᠴᠡᠭᠴᠡᠯᠡᠵᠦ ᠪᠠᠷᠠᠭᠠᠪᠠ᠃ ︽ᠣᠲᠤᠭ ᠤᠨ ᠡᠮᠦᠨᠡᠲᠦ ᠬᠤᠰᠢᠭᠤᠨ ᠤ ᠣᠯᠣᠰ ᠤᠨ ᠦᠮᠴᠢᠯᠡᠯᠲᠦ ᠠᠵᠤ ᠠᠬᠤᠶᠢᠯᠠᠯ ᠤᠨ ᠬᠡᠯᠪᠡᠷᠢ ᠪᠠᠨ  ᠬᠤᠪᠢᠷᠠᠭᠤᠯᠵᠤ ᠳᠡᠰ ᠳᠡᠪᠰᠢᠬᠦ ᠴᠢᠨᠠᠷᠯᠢᠭ ᠬᠦᠭᠵᠢᠯᠲᠡ ᠶᠢᠨ ᠵᠢᠯᠤᠭᠤᠳᠬᠤ ᠰᠠᠨᠠᠯ︾ ᠢ ᠲᠤᠭᠲᠠᠭᠠᠨ᠂ ᠬᠤᠰᠢᠭᠤ ᠣᠯᠣᠰ ᠤᠨ ᠦᠮᠴᠢᠯᠡᠯᠲᠦ ᠠᠵᠤ ᠠᠬᠤᠶᠢᠯᠠᠯ ᠤᠨ ᠰᠢᠨ᠎ᠡ ᠬᠦᠭᠵᠢᠯᠲᠡ ᠶᠢᠨ ᠪᠠᠶᠢᠳᠠᠯ ᠪᠠ ᠴᠢᠨᠠᠷᠯᠢᠭ ᠬᠦᠭᠵᠢᠯᠲᠡ ᠶᠢᠨ ᠱᠠᠭᠠᠷᠳᠠᠯᠭ᠎ᠠ ᠳᠤ ᠨᠡᠩ ᠵᠤᠬᠢᠴᠠᠬᠤ ᠶᠢ ᠣᠯᠠᠮ ᠠᠬᠢᠭᠤᠯᠵᠤ᠂ ᠠᠵᠤ ᠠᠬᠤᠶᠢᠯᠠᠯ ᠤᠨ ᠶᠠᠰᠣ ᠴᠢᠨᠠᠷ ᠢᠶᠠᠨ ᠳᠡᠭᠡᠭᠰᠢᠯᠡᠬᠦᠯᠦᠨ ᠦᠷ᠎ᠡ ᠠᠰᠢᠭ ᠢᠶᠠᠨ ᠨᠡᠮᠡᠭᠳᠡᠬᠦᠯᠬᠦ ᠶᠢ ᠪᠠᠲᠤᠯᠠᠪᠠ᠃ 2021 ᠣᠨ ᠤ ᠣᠯᠣᠰ ᠤᠨ ᠦᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠵᠡᠩᠨᠡᠯᠲᠡ ᠶᠢᠨ ᠪᠦᠲᠦᠮᠵᠢ ᠶᠢᠨ ᠬᠢᠨᠠᠨ ᠰᠢᠯᠭᠠᠯᠲᠠ ᠶᠢᠨ ᠠᠵᠢᠯ ᠢ ᠪᠡᠶᠡᠯᠡᠬᠦᠯᠬᠦ  ᠶᠢᠨ ᠬᠠᠮᠲᠤ 2022 ᠣᠨ ᠤ ᠪᠦᠲᠦᠮᠵᠢ ᠶᠢᠨ ᠬᠢᠨᠠᠨ ᠰᠢᠯᠭᠠᠯᠲᠠ ᠶᠢᠨ ᠬᠠᠷᠠᠯᠲᠠ ᠶᠢᠨ ᠬᠦᠢᠴᠡᠳᠬᠡᠯ ᠲᠤᠭ᠎ᠠ ᠶᠢ ᠪᠠᠭᠤᠯᠭᠠᠪᠠ᠃     ᠲᠦᠯᠦᠭᠡᠯᠡᠭᠴᠢᠳ ᠡ᠂ ᠪᠢᠳᠠ ᠠᠮᠵᠢᠯᠲᠠ ᠪᠠᠨ ᠨᠣᠲᠠᠯᠠᠬᠤ ᠶᠢᠨ ᠬᠠᠮᠲᠣ ᠣᠳᠣᠬᠠᠨ ᠤ ᠮᠠᠨ ᠤ ᠬᠤᠰᠢᠭᠤᠨ ᠤ ᠡᠳ᠋ ᠤᠨ ᠵᠠᠰᠠᠭ ᠤᠨ ᠡᠷᠭᠢᠯᠲᠡ ᠪᠠ ᠡᠳ᠋ ᠤᠨ ᠵᠠᠰᠠᠭ ᠤᠨ ᠠᠵᠢᠯ ᠳᠤ ᠪᠠᠰᠠ ᠨᠢᠭᠡ ᠪᠦᠯᠦᠭ ᠬᠦᠴᠢᠷᠳᠡᠯ ᠪᠠ ᠦᠷᠢᠰᠦᠯᠳᠦᠬᠡᠨ ᠣᠷᠣᠰᠢᠵᠣ ᠪᠠᠶᠢᠬᠤ ᠶᠢ ᠰᠡᠷᠭᠡᠭ ᠢᠶᠠᠷ ᠲᠠᠨᠢᠬᠤ ᠬᠡᠷᠡᠭᠲᠡᠢ᠃ ᠭᠤᠣᠯᠳᠠᠭᠤ᠄ ᠮᠠᠨ ᠤ ᠬᠤᠰᠢᠭᠤᠨ ᠤ ᠡᠳ᠋ ᠤᠨ ᠵᠠᠰᠠᠭ ᠤᠨ ᠣᠷᠣᠯᠭ᠎ᠠ ᠶᠢᠨ ᠢᠷᠡᠯᠲᠡ ᠭᠤᠤᠯᠳᠠᠭᠤ ᠨᠡᠬᠦᠷᠡᠰᠦ᠂ ᠴᠢᠯᠠᠭᠤᠨ ᠲᠤᠰᠤ᠂ ᠰᠢᠲᠠᠮᠠᠬᠠᠢ ᠬᠡᠢ ᠵᠡᠷᠭᠡ ᠬᠤᠶᠠᠳᠣᠭᠠᠷ ᠠᠵᠤ ᠦᠢᠯᠡᠰ  ᠤᠨ ᠭᠠᠶᠢᠯᠢ ᠰᠦᠢᠳᠬᠡᠯ ᠤᠨ ᠣᠷᠣᠯᠭ᠎ᠠ ᠳᠤ ᠲᠦᠰᠢᠭᠯᠡᠵᠦ᠂ ᠭᠤᠷᠪᠠᠳᠣᠭᠠᠷ ᠠᠵᠤ ᠦᠢᠯᠡᠰ ᠮᠦᠨ ᠠᠩᠬᠠᠨ ᠤ ᠱᠠᠳᠤᠨ ᠳᠤ ᠣᠷᠣᠰᠢᠵᠦ ᠪᠠᠶᠢᠭ᠎ᠠ ᠪᠤᠯᠬᠤᠷ ᠡᠳ᠋  ᠤᠨ ᠵᠠᠰᠠᠭ ᠤᠨ ᠣᠷᠣᠯᠭ᠎ᠠ ᠳᠤ ᠬᠢ ᠨᠡᠮᠡᠷᠢᠯᠡᠯ ᠬᠢᠵᠠᠭᠠᠷᠲᠠᠢ᠂ ᠵᠠᠰᠠᠭ ᠤᠨ ᠣᠷᠳᠣᠨ ᠤ ᠦᠭᠴᠡᠭᠡᠨ ᠤ ᠰᠢᠢᠳᠪᠦᠷᠢᠯᠡᠯᠲᠡ᠂ ᠦᠨᠳᠦᠰᠦᠨ ᠱᠠᠲᠤᠨ ᠤ ︽ᠭᠤᠷᠪᠠ ᠶᠢ ᠪᠠᠳᠤᠯᠠᠬᠤ︾ ᠵᠠᠷᠤᠯᠭ᠎ᠠ᠂ ᠦᠩᠭᠡᠷᠡᠭᠰᠡᠨ ᠵᠢᠯ ᠤᠨ ᠲᠤᠰᠬᠠᠢ ᠪᠡᠯᠡ ᠮᠦᠩᠭᠦᠨ ᠤ ᠣᠯᠭᠤᠯᠲᠠ ᠵᠡᠷᠭᠡ ᠵᠠᠷᠤᠯᠭ᠎ᠠ ᠶᠢᠨ ᠡᠷᠴᠢᠮ ᠦᠷᠬᠦᠯᠵᠢᠯᠡᠨ ᠶᠡᠬᠡᠳᠴᠦ᠂ ᠡᠳ᠋ ᠤᠨ ᠵᠠᠰᠠᠭ ᠤᠨ ᠵᠠᠷᠤᠯᠭ᠎ᠠ ᠶᠢᠨ ᠳᠠᠷᠤᠭᠠᠰᠣ ᠬᠦᠨᠳᠦᠷᠡᠨ᠂ ᠣᠷᠣᠯᠭ᠎ᠠ ᠵᠠᠷᠤᠯᠭ᠎ᠠ ᠶᠢᠨ ᠵᠦᠷᠢᠴᠡᠯ ᠲᠠᠰᠣᠷᠠᠯᠲᠠ ᠦᠬᠡᠢ ᠨᠡᠮᠡᠭᠳᠡᠵᠤ ᠪᠤᠢ᠃ ᠡᠬᠦᠨ ᠤ ᠬᠠᠮᠲᠤ᠂ ᠰᠠᠯᠠᠭ᠎ᠠ ᠮᠦᠴᠢᠷ ᠤᠨ ᠲᠦᠰᠦᠪ ᠤᠨ ᠪᠦᠲᠦᠮᠵᠢ ᠶᠢᠨ ᠬᠠᠮᠢᠶᠠᠷᠤᠯᠲᠠ ᠶᠢᠨ ᠤᠬᠠᠮᠰᠠᠷ ᠲᠤᠲᠠᠮᠠᠭ᠂ ︽ᠵᠤᠭᠤᠰ ᠵᠠᠷᠤᠬᠤ ᠳᠤ ᠪᠦᠳᠤᠮᠵᠢ ᠶᠢ ᠨᠢ ᠠᠰᠠᠭᠤᠬᠤ᠂ ᠠᠰᠢᠭ ᠦᠬᠡᠢ ᠪᠤᠯ ᠬᠠᠷᠢᠭᠤᠴᠠᠯᠭ᠎ᠠ ᠨᠡᠬᠡᠮᠵᠢᠯᠡᠬᠦ︾ ᠭᠤᠤᠯ ᠴᠤᠭᠴᠠ ᠶᠢᠨ ᠣᠬᠠᠮᠰᠠᠷ ᠨᠡᠯᠢᠶᠡᠳ ᠳᠣᠷᠣᠢ᠂ ᠡᠳ᠋ ᠤᠨ ᠵᠠᠰᠠᠭ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠣᠯᠠᠮ ᠳᠡᠬᠡᠭᠰᠢᠯᠡᠬᠦᠯᠬᠦ ᠴᠢᠬᠤᠯᠠᠲᠠᠢ ᠵᠡᠷᠭᠡ ᠪᠤᠢ᠃ ᠡᠭᠦᠨ ᠳᠤ᠂ ᠪᠢᠳᠠ ᠠᠰᠠᠭᠤᠳᠠᠯ ᠤᠨ ᠣᠳᠣᠷᠢᠳᠣᠮᠵᠢ ᠶᠢ ᠪᠠᠷᠢᠮᠲᠠᠯᠠᠵᠣ᠂ ᠬᠤᠷᠢᠭ᠎ᠠ ᠱᠤᠭᠤᠮ ᠤᠨ ᠰᠡᠤᠨᠬᠢᠮᠵᠢ ᠶᠢ ᠪᠠᠲᠣ ᠰᠠᠬᠢᠨ᠂ ᠢᠳᠡᠪᠬᠢᠲᠡᠢ ᠪᠦᠲᠦᠮᠵᠢᠲᠠᠢ ᠠᠷᠭ᠎ᠠ ᠬᠡᠮᠵᠢᠶ᠎ᠡ ᠶᠢ ᠰᠣᠳᠣᠯᠣᠨ ᠲᠣᠭᠲᠠᠭᠠᠵᠣ ᠰᠠᠶᠢᠲᠣᠷ ᠰᠢᠢᠳᠪᠦᠷᠢᠯᠡᠬᠦ ᠪᠠᠷ ᠴᠢᠷᠮᠠᠶᠢᠨ᠎ᠠ᠃     ᠬᠤᠶᠠᠷ᠂ 2023 ᠤᠨ ᠤ ᠡᠳ᠋ ᠤᠨ ᠵᠠᠰᠠᠭ ᠤᠨ ᠲᠥᠰᠥᠪ ᠤᠨ ᠲᠦᠰᠤᠯ      2023 ᠤᠨ ᠤ ᠡᠳ᠋ ᠤᠨ ᠵᠠᠰᠠᠭ ᠤᠨ ᠲᠦᠰᠤᠪ ᠤᠨ ᠳᠤᠭᠳᠠᠭᠠᠯᠳᠠ ᠶᠢᠨ ᠵᠢᠯᠤᠭᠤᠳᠬᠤ ᠥᠵᠡᠯ ᠰᠠᠨᠠᠭ᠎ᠠ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠣ ᠣᠯᠣᠰ ᠤᠨ ᠣᠨᠴᠠᠯᠢᠭᠲᠣ ᠨᠡᠶᠢᠬᠡᠮ ᠵᠢᠷᠣᠮ ᠤᠨ ᠦᠵᠡᠯ ᠰᠠᠨᠠᠭ᠎ᠠ ᠶᠢ ᠪᠠᠷᠢᠮᠲᠠᠯᠠᠵᠣ᠂ ᠨᠠᠮ ᠤᠨ ᠬᠤᠷᠢᠳᠣᠭᠠᠷ ᠶᠡᠭᠡ ᠬᠤᠷᠠᠯ ᠪᠣᠯᠣᠨ ᠲᠦᠪ ᠤᠨ ᠠᠵᠣ ᠠᠬᠤᠢ ᠶᠢᠨ ᠠᠵᠢᠯ ᠤᠨ ᠬᠤᠷᠠᠯᠳᠣᠭᠠᠨ᠂ ᠪᠦᠬᠦ ᠣᠯᠣᠰ ᠤᠨ ᠡᠳ᠋ ᠤᠨ ᠵᠠᠰᠠᠭ ᠤᠨ ᠠᠵᠢᠯ ᠤᠨ ᠬᠤᠷᠠᠯᠳᠣᠭᠠᠨ ᠤ ᠵᠣᠷᠢᠭ ᠰᠠᠨᠠᠭ᠎ᠠ ᠶᠢ ᠬᠦᠨᠵᠡᠬᠡᠢ ᠲᠣᠣᠱᠯᠠᠭᠤᠯᠣᠨ ᠂ ᠦᠪᠡᠷᠲᠡᠬᠡᠨ ᠵᠠᠰᠠᠬᠤ ᠣᠷᠣᠨ ᠤ ᠨᠠᠮ ᠤᠨ ᠲᠦᠯᠦᠬᠡᠯᠡᠭᠴᠢᠳ ᠤᠨ ᠬᠤᠷᠠᠯ᠂ ᠦᠪᠡᠷᠲᠡᠬᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠤᠨ ᠬᠤᠷᠠᠯ᠂ ᠬᠤᠲᠠ ᠶᠢᠨ ᠨᠠᠮ ᠤᠨ ᠲᠦᠯᠦᠬᠡᠯᠡᠭᠴᠢᠳ ᠤᠨ ᠬᠤᠷᠠᠯ᠂ ᠬᠤᠲᠠ ᠶᠢᠨ ᠡᠳ᠋ ᠤᠨ ᠵᠠᠰᠠᠭ ᠤᠨ ᠠᠵᠢᠯ ᠤᠨ ᠬᠤᠷᠠᠯ ᠪᠣᠯᠣᠨ ᠪᠦᠬᠦ ᠬᠤᠰᠢᠭᠤᠨ ᠤ ᠠᠵᠣ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠲᠠᠪᠣᠷᠢᠵᠢᠭᠤᠯᠵᠣ᠂ ᠲᠣᠭᠲᠠᠭᠤᠨ ᠢ ᠲᠡᠷᠢᠬᠦᠨ ᠪᠠᠶᠢᠷᠢᠨ ᠳᠤ ᠲᠠᠯᠪᠢᠨ ᠲᠣᠭᠲᠠᠭᠤᠨ ᠤ ᠲᠣᠮᠳᠠ ᠣᠷᠣᠭᠰᠢᠯᠠᠬᠤ ᠠᠵᠢᠯ ᠤᠨ ᠦᠨᠳᠣᠰᠣᠨ ᠪᠠᠷᠢᠮᠲᠠᠯᠠᠯ ᠶᠣᠰᠣᠭᠠᠷ ᠢᠳᠡᠪᠬᠢ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢ ᠦᠷᠬᠦᠯᠵᠢᠯᠡᠨ ᠬᠡᠷᠡᠭᠵᠢᠬᠦᠯᠵᠣ᠂ ᠬᠤᠷᠸ᠎ᠠ ᠪᠣᠳᠣᠯᠭ᠎ᠠ ᠶᠢᠨ ᠲᠣᠬᠢᠷᠠᠭᠤᠯᠭ᠎ᠠ ᠡᠵᠡᠮᠳᠡᠯ ᠤᠨ ᠡᠷᠴᠢᠮ ᠢ ᠴᠢᠩᠭᠠᠷᠠᠭᠤᠯᠣᠨ᠂ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠶᠢᠨ ᠵᠣᠬᠢᠴᠠᠭᠤᠯᠣᠯ ᠢ ᠴᠢᠩᠭᠠᠳᠬᠠᠨ᠎ᠠ᠃ ᠬᠡᠷᠡᠭᠴᠡᠭᠡ ᠪᠦᠬᠦᠢ ᠡᠳ᠋ ᠤᠨ ᠵᠠᠰᠠᠭ ᠤᠨ ᠵᠠᠷᠣᠯᠭ᠎ᠠ ᠶᠢᠨ ᠡᠷᠴᠢᠮ ᠢ ᠦᠷᠬᠦᠯᠵᠢᠯᠡᠨ ᠪᠠᠲᠣᠯᠠᠵᠣ᠂ ᠴᠢᠨᠠᠷᠯᠢᠭ ᠬᠦᠭᠵᠢᠯᠲᠡ ᠶᠢ ᠪᠦᠲᠦᠮᠵᠢᠲᠠᠢ ᠳᠡᠮᠵᠢᠬᠦ ᠶᠠᠪᠣᠴᠠ ᠳᠠᠬᠢ ᠡᠳ᠋ ᠤᠨ ᠵᠠᠰᠠᠭ ᠤᠨ ᠦᠷᠬᠦᠯᠵᠢᠬᠦᠶᠢᠴᠡ ᠦᠢᠯᠡᠳᠣᠯ ᠪᠠ ᠣᠷᠣᠨ ᠨᠣᠲᠤᠭ ᠤᠨ ᠵᠠᠰᠠᠭ ᠤᠨ ᠣᠷᠳᠣᠨ ᠤ ᠦᠭᠴᠡᠬᠡᠨ ᠤ ᠲᠦᠭᠰᠢᠬᠦᠷᠢ ᠶᠢᠨ ᠡᠵᠡᠮᠳᠡᠯ ᠢ ᠪᠠᠲᠣᠯᠠᠨ᠎ᠠ᠃ ᠲᠡᠬᠡᠳᠣ ᠱᠠᠲᠣᠨ ᠠᠴᠠ ᠰᠢᠯᠵᠢᠬᠦᠯᠣᠨ ᠣᠯᠭᠤᠬᠤ ᠪᠡᠯᠡ ᠮᠦᠩᠬᠦ ᠣᠯᠬᠤ ᠡᠷᠴᠢᠮ ᠢ ᠴᠢᠩᠭᠠᠷᠠᠭᠤᠯᠣᠨ᠂ ᠦᠨᠳᠣᠰᠣᠨ ᠱᠠᠲᠣᠨ ᠤ ︽ᠭᠤᠷᠪᠠ ᠶᠢ ᠪᠠᠲᠣᠯᠠᠬᠤ︾ ᠠᠵᠢᠯ ᠢ ᠰᠠᠶᠢᠲᠣᠷ ᠬᠢᠨ᠎ᠡ᠃ ᠲᠦᠰᠦᠪ ᠤᠨ ᠬᠠᠮᠢᠶᠠᠷᠣᠯᠲᠠ  ᠶᠢᠨ ᠴᠣᠭᠴᠠᠵᠢᠭᠤᠯᠣᠯᠲᠠ᠂ ᠪᠦᠲᠦᠮᠵᠢ ᠶᠢᠨ ᠬᠠᠮᠢᠶᠠᠷᠣᠯᠲᠠ᠂ ᠵᠠᠰᠠᠭ  ᠤᠨ ᠣᠷᠳᠣᠨ ᠤ ᠪᠡᠯᠡ ᠣᠷᠣᠭᠤᠯᠣᠯᠲᠠ ᠶᠢᠨ ᠲᠦᠷᠦᠯ ᠵᠦᠢᠯ ᠤᠨ ᠲᠠᠭᠠᠭᠠᠴᠢᠯᠠᠯᠲᠠ ᠵᠠᠷᠯᠠᠬᠤ ᠦᠨ᠎ᠡ ᠶᠢᠨ ᠡᠵᠡᠮᠳᠡᠯ ᠤᠨ ᠬᠢᠨᠠᠨ ᠵᠦᠪᠰᠢᠶᠡᠷᠡᠯ ᠤᠨ ᠠᠵᠢᠯ ᠤᠨ ᠨᠡᠪᠲᠡᠷᠡᠯᠴᠡᠯ ᠢ ᠠᠬᠢᠭᠤᠯᠣᠨ᠂ ᠮᠠᠨ ᠤ ᠬᠤᠰᠢᠭᠤᠨ ᠤ ︽ᠲᠦᠷᠪᠡᠨ ᠣᠷᠣᠨ︾ ᠤ ᠪᠠᠶᠢᠭᠤᠯᠣᠯᠲᠠ ᠳᠤ ᠨᠡᠩ ᠡᠷᠴᠢᠮᠲᠠᠢ ᠡᠳ᠋ ᠤᠨ ᠵᠠᠰᠠᠭ ᠤᠨ ᠪᠠᠲᠣᠯᠠᠭ᠎ᠠ ᠬᠠᠩᠭᠠᠨ᠎ᠠ᠃     ᠦᠨᠳᠣᠰᠣᠨ ᠵᠠᠷᠴᠢᠮ᠄ ᠨᠢᠬᠡ ᠳᠤ ᠪᠠᠶᠢᠩᠭᠤ ᠠᠷᠪᠢᠴᠢ ᠶᠢ ᠪᠠᠷᠢᠮᠲᠠᠯᠠᠨ᠂ ᠰᠠᠯᠠᠭ᠎ᠠ ᠮᠦᠴᠢᠷ ᠤᠨ ᠲᠦᠰᠦᠪ ᠢ ᠴᠢᠩᠭ᠎ᠠ ᠡᠵᠡᠮᠳᠡᠵᠣ᠂ ︽ᠭᠤᠷᠪᠠᠨ ᠠᠯᠪᠠᠨ︾  ᠤ ᠵᠠᠷᠣᠳᠠᠯ ᠢ ᠬᠠᠰᠣᠭᠳᠠᠭᠤᠯᠣᠨ᠂ ᠡᠩ ᠤᠨ ᠵᠠᠷᠣᠯᠭ᠎ᠠ ᠶᠢ ᠦᠷᠬᠦᠯᠵᠢᠯᠡᠨ ᠪᠠᠭᠠᠰᠬᠠᠵᠣ᠂ ᠪᠦᠲᠦᠮᠵᠢ ᠲᠣᠣᠷ᠎ᠠ ᠪᠦᠲᠦᠮᠵᠢ ᠦᠬᠡᠢ ᠵᠠᠷᠣᠯᠭ᠎ᠠ ᠶᠢ ᠬᠠᠰᠣᠨ᠎ᠠ᠃ ᠬᠤᠶᠠᠷ ᠲᠤ ᠰᠠᠯᠠᠭ᠎ᠠ ᠮᠦᠴᠢᠷ ᠤᠨ ᠲᠦᠰᠦᠪ ᠤᠨ ᠵᠠᠷᠣᠯᠭ᠎ᠠ ᠶᠢᠨ ᠪᠦᠲᠦᠴᠡ ᠶᠢ ᠰᠢᠯᠢᠳᠡᠭᠵᠢᠬᠦᠯᠣᠨ᠂ ︽ᠲᠡᠭ ᠰᠠᠭᠤᠷᠢᠲᠣ ᠲᠦᠰᠦᠪ︾ ᠤᠨ ᠣᠶᠢᠯᠠᠭᠠᠭᠳᠠᠬᠤᠨ ᠢ ᠴᠢᠩᠭᠠᠳᠬᠠᠵᠣ᠂ ᠲᠦᠷᠦᠯ ᠵᠦᠢᠯ ᠤᠨ ᠬᠡᠪᠰᠢᠮᠡᠯ ᠪᠠᠶᠢᠳᠠᠯ  ᠢ ᠡᠪᠳᠡᠨ᠂ ︽ᠴᠠᠯᠢᠩ᠂ ᠠᠵᠢᠯᠯᠠᠮᠵᠢ ᠪᠣᠯᠣᠨ ᠠᠷᠠᠳ ᠤᠨ ᠦᠨᠳᠦᠰᠣᠨ ᠠᠮᠢᠳᠣᠷᠠᠯ ᠢ ᠪᠠᠲᠣᠯᠠᠬᠤ︾ ᠵᠠᠷᠴᠢᠮ ᠶᠣᠰᠣᠭᠠᠷ ᠡᠳ᠋ ᠤᠨ ᠬᠦᠴᠦᠨ ᠤ ᠬᠢᠷᠢ ᠪᠠᠷ ᠢᠶᠠᠨ ᠣᠷᠣᠯᠭ᠎ᠠ ᠵᠠᠷᠣᠯᠭ᠎ᠠ ᠪᠠᠨ ᠲᠡᠩᠴᠡᠬᠦᠯᠵᠣ᠂ ᠲᠦᠬᠡᠮᠡᠯ ᠬᠠᠷᠠᠭᠠᠯᠵᠠᠯ ᠤᠨ ᠴᠢᠨᠠᠷ᠂ ᠦᠨᠳᠣᠰᠣᠨ ᠴᠢᠨᠠᠷ᠂ ᠨᠠᠭᠠᠳᠣ ᠵᠠᠬ᠎ᠠ ᠶᠢᠨ ᠪᠠᠲᠣᠯᠠᠭ᠎ᠠ ᠶᠢ ᠴᠢᠬᠤᠯᠠᠴᠢᠯᠠᠨ᠎ᠠ᠃ ᠭᠤᠷᠪᠠ ᠳᠤ ᠲᠦᠰᠤᠪ ᠤᠨ ᠳᠤᠭᠳᠠᠭᠠᠯᠳᠠ ᠶᠢ ᠪᠦᠬᠦ ᠲᠠᠯ᠎ᠠ ᠪᠠᠷ ᠶᠡᠷᠣᠩᠬᠡᠶᠢᠯᠡᠵᠣ ᠲᠣᠭᠤᠷᠪᠢᠨ᠂ ᠵᠠᠰᠠᠭ  ᠤᠨ ᠣᠷᠳᠣᠨ ᠤ ᠠᠯᠢᠪᠠ ᠣᠷᠣᠯᠭ᠎ᠠ ᠵᠠᠷᠣᠯᠭ᠎ᠠ ᠶᠢ ᠴᠦᠮ ᠲᠦᠰᠦᠪ ᠤᠨ ᠬᠠᠮᠢᠶᠠᠷᠣᠯᠲᠠ ᠳᠤ ᠣᠷᠣᠭᠤᠯᠵᠣ᠂ ᠨᠢᠬᠡᠳᠣᠯᠲᠡᠢ ᠲᠦᠰᠦᠪ ᠢ ᠬᠡᠷᠡᠭᠵᠢᠬᠦᠯᠣᠨ᠂ ᠲᠦᠰᠦᠪ  ᠲᠤ ᠣᠷᠣᠭᠤᠯᠣᠭᠰᠠᠨ ᠦᠬᠡᠢ ᠪᠣᠯ ᠵᠠᠷᠣᠯᠭ᠎ᠠ ᠲᠣᠬᠢᠷᠠᠭᠤᠯᠬᠤ ᠦᠬᠡᠢ᠃ ᠲᠦᠷᠪᠡ ᠳᠤ ᠲᠦᠷᠦᠯ ᠵᠦᠢᠯ ᠤᠨ ᠲᠦᠰᠦᠪ ᠲᠣᠭᠤᠷᠪᠢᠯᠲᠠ ᠶᠢᠨ ᠬᠡᠯᠪᠡᠷᠢ ᠶᠢ ᠦᠬᠡᠷᠡᠴᠢᠯᠡᠨ᠂ ᠲᠦᠷᠦᠯ ᠵᠦᠢᠯ ᠤᠨ ᠦᠨᠡᠯᠡᠯᠲᠡ ᠨᠣᠲᠠᠯᠠᠯᠲᠠ ᠶᠢ ᠴᠢᠩᠭᠠᠳᠬᠠᠵᠣ᠂ ᠲᠦᠷᠦᠯ ᠵᠦᠢᠯ ᠤᠨ ᠴᠠᠭ ᠤᠨ ᠬᠢᠵᠠᠭᠠᠷ᠂ ᠪᠡᠯᠡ ᠮᠦᠩᠬᠦᠨ ᠤ ᠵᠢᠱᠢᠯᠲᠠ᠂ ᠪᠦᠲᠦᠮᠵᠢ ᠶᠢᠨ ᠬᠠᠷᠠᠯᠲᠠ ᠶᠢᠨ ᠪᠣᠯᠣᠮᠵᠢ ᠶᠢ ᠪᠠᠲᠣᠯᠠᠨ᠎ᠠ᠃ ᠲᠠᠪᠤ ᠳᠤ ᠲᠦᠰᠦᠪ ᠤᠨ ᠪᠦᠲᠦᠮᠵᠢ ᠶᠢᠨ ᠬᠠᠮᠢᠶᠠᠷᠣᠯᠲᠠ ᠶᠢ ᠪᠦᠬᠦ ᠲᠠᠯ᠎ᠠ ᠪᠠᠷ ᠬᠡᠷᠡᠭᠵᠢᠬᠦᠯᠣᠨ᠂ ᠰᠢᠨ᠎ᠡ ᠪᠠᠷ ᠲᠣᠭᠲᠠᠭᠠᠭᠰᠠᠨ ᠴᠢᠬᠤᠯᠠ ᠶᠡᠭᠡ ᠲᠦᠷᠦ ᠶᠢᠨ ᠪᠣᠳᠣᠯᠭ᠎ᠠ ᠲᠠᠢ ᠲᠣᠬᠢᠷᠠᠯᠴᠠᠭᠰᠠᠨ ᠲᠦᠷᠦᠯ ᠵᠦᠢᠯ ᠳᠤ ᠡᠮᠣᠨ᠎ᠡ ᠬᠤᠭᠤᠴᠠᠭᠠᠨ ᠤ ᠪᠦᠲᠦᠮᠵᠢ ᠶᠢᠨ ᠦᠨᠡᠯᠡᠯᠲᠡ ᠬᠢᠵᠣ᠂ ᠪᠦᠲᠦᠮᠵᠢ ᠶᠢᠨ ᠬᠠᠷᠠᠯᠲᠠ ᠶᠢᠨ ᠬᠠᠮᠢᠶᠠᠷᠣᠯᠲᠠ ᠶᠢ ᠴᠢᠩᠭᠠᠳᠬᠠᠨ᠂ ᠱᠠᠭᠠᠷᠳᠠᠯᠭ᠎ᠠ ᠶᠣᠰᠣᠭᠠᠷ ᠪᠦᠲᠦᠮᠵᠢ ᠶᠢᠨ ᠬᠠᠷᠠᠯᠲᠠ ᠲᠣᠭᠲᠠᠭᠠᠭᠰᠠᠨ  ᠦᠬᠡᠢ ᠪᠣᠶᠣ ᠬᠢᠨᠠᠨ ᠵᠦᠪᠰᠢᠶᠡᠷᠡᠭᠳᠡᠭᠰᠡᠨ ᠦᠬᠡᠢ ᠪᠣᠯ ᠲᠦᠰᠦᠪ ᠲᠣᠬᠢᠷᠠᠭᠤᠯᠬᠤ ᠦᠬᠡᠢ᠃     ︵  ᠨᠢᠬᠡ︶  ᠡᠩ ᠤᠨ ᠨᠠᠶᠢᠳᠠ ᠶᠢᠨ ᠲᠦᠰᠤᠪ ᠤᠨ ᠣᠷᠣᠯᠭ᠎ᠠ ᠵᠠᠷᠣᠯᠭ᠎ᠠ ᠶᠢᠨ ᠲᠣᠬᠢᠷᠠᠭᠤᠯᠭ᠎ᠠ     1.  ᠡᠩ ᠤᠨ ᠨᠠᠶᠢᠳᠠ ᠶᠢᠨ ᠲᠦᠰᠤᠪ ᠤᠨ ᠣᠷᠣᠯᠭ᠎ᠠ      2023 ᠣᠨ ᠳᠤ ᠮᠠᠨ ᠤ ᠬᠤᠰᠢᠭᠤᠨ ᠤ ᠡᠩ ᠤᠨ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠣᠷᠣᠯᠭ᠎ᠠ ᠶᠢ 44.8 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠡᠬᠦᠨ ᠳᠤ᠄ ᠳᠤᠰ ᠱᠠᠳᠤᠨ ᠤ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢ ᠵᠢᠱᠢᠭᠰᠡᠨ ᠢᠶᠠᠷ 20.3 ᠳ᠋ᠦᠩᠰᠢᠭᠤᠷ ᠲᠦᠬᠦᠷᠢᠭ ᠪᠡᠶᠡᠯᠡᠭᠦᠯᠵᠤ ︵ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ 1.1 ᠳ᠋ᠦᠩᠰᠢᠭᠤᠷ ᠲᠦᠬᠦᠷᠢᠭ ᠤᠨ ᠤᠷᠤᠯᠭ᠎ᠠ  ᠶᠢ ᠪᠠᠭᠳᠠᠭᠠᠨ᠎ᠠ︶᠂ ᠳᠡᠭᠡᠷ᠎ᠡ ᠵᠢᠯ ᠤᠨ ᠪᠣᠲᠠᠲᠠᠢ ᠣᠷᠣᠯᠭ᠎ᠠ ᠠᠴᠠ 18%ᠦᠰᠭᠡᠨ᠎ᠡ︔ ᠡᠩ ᠤᠨ ᠰᠢᠯᠵᠢᠬᠦᠯᠤᠨ ᠤᠯᠭᠤᠬᠤ ᠤᠷᠤᠯᠭ᠎ᠠ ᠶᠢ ᠵᠢᠱᠢᠭᠰᠡᠨ ᠢᠶᠠᠷ 3.36 ᠳ᠋ᠦᠩᠰᠢᠭᠤᠷ ᠲᠦᠬᠦᠷᠢᠭ ᠪᠡᠶᠡᠯᠡᠭᠦᠯᠵᠤ᠂ ᠬᠤᠲᠠ ᠳᠤ ᠲᠣᠰᠢᠶᠠᠭᠰᠠᠨ ᠭᠠᠶᠢᠯᠢ ᠶᠢᠨ ᠪᠣᠴᠠᠭᠠᠯ ᠣᠷᠣᠯᠭ᠎ᠠ ᠶᠢ ᠵᠢᠱᠢᠭᠰᠡᠨ ᠢᠶᠠᠷ 4.5 ᠳ᠋ᠦᠩᠰᠢᠭᠤᠷ ᠲᠦᠬᠦᠷᠢᠭ ᠪᠡᠶᠡᠯᠡᠬᠦᠯᠣᠨ᠂ ᠳᠡᠬᠡᠳᠤ ᠱᠠᠳᠤᠨ ᠤ ᠲᠣᠰᠬᠠᠢ ᠲᠦᠷᠦᠯ ᠤᠨ ᠰᠢᠯᠵᠢᠬᠦᠯᠤᠨ ᠤᠯᠭᠤᠬᠤ ᠤᠷᠤᠯᠭ᠎ᠠ ᠶᠢ ᠵᠢᠱᠢᠭᠰᠡᠨ ᠢᠶᠠᠷ 10 ᠳ᠋ᠦᠩᠰᠢᠭᠤᠷ ᠲᠦᠬᠦᠷᠢᠭ ᠪᠡᠶᠡᠯᠡᠭᠦᠯᠵᠤ ᠂ ᠬᠤᠲᠠ ᠬᠦᠳᠡᠭᠡ ᠶᠢᠨ ᠨᠢᠬᠡᠳᠣᠯᠲᠠᠢ ᠲᠦᠯᠦᠪᠵᠢᠬᠦᠯᠦᠭᠰᠡᠨ ᠪᠠᠶᠢᠭᠤᠯᠣᠯᠲᠠ ᠶᠢᠨ ᠨᠦᠬᠦᠪᠣᠷᠢ ᠶᠢᠨ ᠣᠷᠣᠯᠭ᠎ᠠ ᠶᠢ ᠵᠢᠱᠢᠭᠰᠡᠨ ᠢᠶᠠᠷ 5 ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠲᠦᠰᠦᠪ ᠤᠨ ᠲᠤᠭᠲᠠᠪᠤᠷᠢᠵᠢᠭᠤᠯᠤᠯᠲᠠ ᠶᠢᠨ ᠲᠤᠬᠢᠷᠠᠭᠤᠯᠭ᠎ᠠ ᠶᠢᠨ ᠪᠡᠯᠡ ᠮᠦᠩᠭᠦ ᠶᠢ 1.04 ᠳ᠋ᠦᠩᠰᠢᠭᠤᠷ ᠲᠦᠬᠦᠷᠢᠭ ᠲᠤᠬᠢᠷᠠᠭᠤᠯᠵᠤ ᠣᠷᠣᠭᠤᠯᠣᠨ᠎ᠠ᠂ ᠳᠡᠬᠡᠷ᠎ᠠ ᠵᠢᠯ ᠤᠨ ᠦᠯᠡᠳᠡᠪᠤᠷᠢ ᠣᠷᠣᠯᠭ᠎ᠠ 0.6 ᠳ᠋ᠦᠩᠰᠢᠭᠤᠷ ᠲᠦᠬᠦᠷᠢᠭ᠃     2.  ᠡᠩ ᠤᠨ ᠨᠠᠶᠢᠳᠠ ᠶᠢᠨ ᠲᠥᠰᠥᠪ ᠤᠨ ᠵᠠᠷᠤᠯᠭ᠎ᠠ     2023 ᠤᠨ ᠤ ᠡᠩ ᠤᠨ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢ 44.8 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ ︵ᠱᠠᠩᠬᠠᠢ ᠶᠢᠨ ᠰᠦᠮ᠎ᠠ‌ᠠᠵᠤ ᠠᠬᠤᠢ ᠶᠢᠨ ᠨᠡᠬᠡᠬᠡᠯᠳᠠ ᠶᠢᠨ ᠤᠷᠤᠨ ᠤ 0.82 ᠳ᠋ᠦᠩᠰᠢᠭᠤᠷ ᠲᠦᠬᠦᠷᠢᠭ ᠤᠨ ᠵᠠᠷᠤᠯᠭ᠎ᠠ ᠶᠢ ᠪᠠᠭᠳᠠᠭᠠᠨ᠎ᠠ︶᠂ ᠠᠳᠠᠯᠢ ᠬᠤᠭᠤᠴᠠᠭᠠᠨ ᠤ ᠬᠢ ᠠᠴᠠ 21.74% ᠨᠡᠮᠡᠭᠳᠡᠬᠦᠯᠣᠨ᠎ᠡ᠃     ︵1︶ ᠠᠵᠤ ᠠᠬᠤᠢ ᠶᠢᠨ ᠲᠦᠷᠤᠯ ᠵᠦᠢᠯ ᠢᠶᠠᠷ ᠬᠤᠪᠢᠶᠠᠪᠠᠯ᠂ ᠦᠨᠳᠣᠰᠣᠨ ᠡᠷᠬᠢᠯᠲᠡ ᠶᠢᠨ ᠵᠠᠷᠤᠯᠭ᠎ᠠ ᠶᠢᠨ ᠲᠦᠰᠤᠪ ᠢ 10.72 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 23.93% ᠶᠢ ᠡᠵᠡᠯᠡᠭᠦᠯᠦᠨ᠎ᠡ︔ ᠲᠦᠷᠦᠯ ᠵᠦᠢᠯ ᠤᠨ ᠵᠠᠷᠤᠯᠭ᠎ᠠ ᠶᠢᠨ ᠲᠦᠰᠤᠪ ᠢ 34.08 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ  ᠤᠨ ᠵᠠᠷᠤᠯᠭ᠎ᠠ ᠶᠢᠨ 76.07% ᠶᠢ ᠡᠵᠡᠯᠡᠭᠦᠯᠦᠨ᠎ᠡ᠃     ︵2︶ ᠴᠢᠳᠠᠪᠬᠢ ᠶᠢᠨ ᠲᠦᠷᠤᠯ ᠵᠦᠢᠯ ᠢᠶᠠᠷ ᠬᠤᠪᠢᠶᠠᠪᠠᠯ᠂ ᠡᠯ᠎ᠡ ᠴᠢᠳᠠᠪᠬᠢ ᠶᠢᠨ ᠲᠦᠷᠤᠯ ᠵᠦᠢᠯ ᠤᠨ ᠵᠠᠷᠤᠯᠭ᠎ᠠ ᠳᠤᠤᠷᠠᠬᠢ ᠮᠡᠳᠤ᠄     1︶ ᠡᠩ ᠤᠨ ᠨᠠᠶᠢᠳᠠ ᠶᠢᠨ ᠤᠶᠢᠯᠡᠴᠢᠯᠡᠬᠡᠨ ᠤ ᠵᠠᠷᠤᠯᠭ᠎ᠠ 3.8 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ  ᠶᠢᠨ 8.49% ᠶᠢ ᠡᠵᠡᠯᠡᠭᠦᠯᠦᠨ᠎ᠡ︔     2︶ ᠨᠠᠶᠢᠳᠠ ᠶᠢᠨ ᠠᠮᠤᠷ ᠲᠦᠪᠰᠢᠨ ᠤ ᠵᠠᠷᠤᠯᠭ᠎ᠠ 0.73 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 1.63% ᠶᠢ ᠡᠵᠡᠯᠡᠭᠦᠯᠦᠨ᠎ᠡ︔     3︶ ᠰᠤᠷᠭᠠᠨ ᠬᠦᠮᠤᠵᠢᠯ ᠤᠨ ᠵᠠᠷᠤᠯᠭ᠎ᠠ 3.58 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ  ᠲᠦᠰᠤᠪ ᠤᠨ ᠵᠠᠷᠤᠯᠭ᠎ᠠ ᠶᠢᠨ 7.98% ᠶᠢ ᠡᠵᠡᠯᠡᠭᠦᠯᠦᠨ᠎ᠡ︔      4︶ ᠰᠢᠨᠵᠢᠯᠡᠭᠡ ᠮᠡᠷᠬᠡᠵᠢᠯ ᠤᠨ ᠵᠠᠷᠤᠯᠭ᠎ᠠ 0.25 ᠳ᠋ᠥᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ  ᠲᠦᠰᠤᠪ ᠤᠨ ᠵᠠᠷᠤᠯᠭ᠎ᠠ ᠶᠢᠨ 0.55% ᠶᠢ ᠡᠵᠡᠯᠡᠭᠦᠯᠦᠨ᠎ᠡ︔     5︶ ᠰᠤᠶᠤᠯ ᠵᠢᠭᠤᠯᠴᠢᠯᠠᠯ ᠪᠡᠶ᠎ᠡ ᠶᠢᠨ ᠳᠠᠮᠢᠷ ᠪᠠ ᠵᠠᠭᠤᠴᠢᠯᠠᠭᠤᠷ ᠤᠨ ᠵᠠᠷᠤᠯᠭ᠎ᠠ 0.68 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 1.52% ᠢ ᠡᠵᠡᠯᠡᠭᠦᠯᠦᠨ᠎ᠡ︔     6︶ ᠨᠠᠶᠢᠬᠡᠮ ᠤᠨ ᠪᠠᠳᠤᠯᠠᠭ᠎ᠠ ᠪᠠ ᠠᠵᠢᠯ ᠤᠯᠭᠤᠯᠳᠠ ᠶᠢᠨ ᠵᠠᠷᠤᠯᠭ᠎ᠠ 2.61 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ  ᠤᠨ ᠵᠠᠷᠤᠯᠭ᠎ᠠ ᠶᠢᠨ 5.82% ᠢ ᠡᠵᠡᠯᠡᠭᠦᠯᠦᠨ᠎ᠡ︔     7︶ ᠡᠷᠡᠬᠦᠯ ᠬᠠᠮᠠᠭᠠᠯᠠᠯ ᠡᠷᠡᠬᠦᠯ ᠮᠡᠨᠳᠣ ᠶᠢᠨ ᠵᠠᠷᠤᠯᠭ᠎ᠠ 1.23 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ  ᠶᠢᠨ 2.76% ᠶᠢ ᠡᠵᠡᠯᠡᠭᠦᠯᠦᠨ᠎ᠡ︔     8︶ ᠡᠨᠧᠷᠬᠢ ᠠᠷᠪᠢᠯᠠᠨ ᠤᠷᠴᠢᠨ ᠬᠠᠮᠠᠭᠠᠯᠠᠬᠤ ᠵᠠᠷᠤᠯᠭ᠎ᠠ 0.06 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ  ᠶᠢᠨ 0.12% ᠢ ᠡᠵᠡᠯᠡᠭᠦᠯᠦᠨ᠎ᠡ︔     9︶ ᠬᠤᠳᠠ ᠬᠦᠳᠡᠭᠡ ᠨᠠᠶᠢᠬᠡᠮ ᠳᠤᠭᠤᠷᠢᠭ ᠤᠨ ᠵᠠᠷᠤᠯᠭ᠎ᠠ 1.4 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ  ᠶᠢᠨ 3.14% ᠶᠢ ᠡᠵᠡᠯᠡᠭᠦᠯᠦᠨ᠎ᠡ︔     10︶ ᠮᠠᠯ ᠳᠠᠷᠢᠶᠠᠯᠠᠩ ᠤᠢ ᠰᠢᠭᠤᠢ ᠤᠰᠤᠨ ᠶᠠᠪᠤᠳᠠᠯ ᠤᠨ ᠵᠠᠷᠤᠯᠭ᠎ᠠ 1.45 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ  ᠤᠨ  ᠵᠠᠷᠤᠯᠭ᠎ᠠ ᠶᠢᠨ 3.24% ᠶᠢ ᠡᠵᠡᠯᠡᠭᠦᠯᠦᠨ᠎ᠡ︔     11︶ ᠵᠠᠮ ᠬᠠᠷᠢᠯᠴᠠᠭ᠎ᠠ ᠳᠡᠬᠡᠬᠡᠪᠤᠷᠢ ᠶᠢᠨ ᠵᠠᠷᠤᠯᠭ᠎ᠠ 0.4 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 0.89% ᠶᠢ ᠡᠵᠡᠯᠡᠭᠦᠯᠦᠨ᠎ᠡ︔     12︶ ᠡᠬᠢ ᠰᠤᠷᠪᠤᠯᠵᠢ ᠶᠢ ᠬᠠᠶᠢᠨ ᠪᠠᠶᠢᠴᠠᠭᠠᠬᠤ ᠰᠤᠷᠠᠭ ᠵᠠᠩᠬᠢ ᠵᠡᠷᠬᠡ ᠵᠠᠷᠤᠯᠭ᠎ᠠ 0.11 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 0.25% ᠶᠢ ᠡᠵᠡᠯᠡᠭᠦᠯᠦᠨ᠎ᠡ︔     13︶ ᠬᠤᠳᠠᠯᠳᠤᠭ᠎ᠠ ᠥᠢᠯᠡᠴᠢᠯᠡᠭᠡᠨ ᠤ ᠥᠢᠯᠡᠰ ᠵᠡᠷᠭᠡ ᠠᠵᠢᠯ ᠤᠨ ᠵᠠᠷᠤᠯᠭ᠎ᠠ 0.02 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 0.04% ᠶᠢ ᠡᠵᠡᠯᠡᠭᠦᠯᠥᠨ᠎ᠡ︔     14︶ ᠪᠠᠶᠢᠭᠠᠯᠢ ᠶᠢᠨ ᠡᠬᠢ ᠰᠤᠷᠪᠤᠯᠵᠢ ᠲᠠᠯᠠᠢ ᠲᠠᠩᠬᠢᠰ ᠴᠠᠭ ᠠᠭᠤᠷ ᠵᠡᠷᠭᠡ ᠠᠵᠢᠯ ᠤᠨ ᠵᠠᠷᠤᠯᠭ᠎ᠠ 0.12 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋  ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 0.26% ᠶᠢ ᠡᠵᠡᠯᠡᠭᠦᠯᠥᠨ᠎ᠡ︔     15︶ ᠤᠷᠤᠨ ᠰᠠᠭᠤᠴᠠ ᠶᠢᠨ ᠪᠠᠳᠤᠯᠠᠭ᠎ᠠ ᠶᠢᠨ ᠠᠵᠢᠯ ᠤᠨ ᠵᠠᠷᠤᠯᠭ᠎ᠠ 0.6 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 1.34% ᠶᠢ ᠡᠵᠡᠯᠡᠭᠦᠯᠥᠨ᠎ᠡ ︔     16︶ ᠠᠮᠤ ᠪᠤᠳᠠᠭ᠎ᠠ ᠪᠤᠳᠠᠰ ᠤᠨ ᠨᠦᠬᠡᠴᠡᠯᠡᠯᠳᠠ ᠶᠢᠨ ᠠᠵᠢᠯ ᠤᠨ ᠵᠠᠷᠤᠯᠭ᠎ᠠ 0.01 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 0.02% ᠢ ᠡᠵᠡᠯᠡᠭᠦᠯᠥᠨ᠎ᠡ︔     17︶ ᠭᠠᠢ ᠭᠠᠮᠰᠢᠭ ᠢ ᠰᠡᠷᠭᠡᠶᠢᠯᠡᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠵᠠᠷᠤᠯᠭ᠎ᠠ 0.16 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 0.35% ᠶᠢ ᠡᠵᠡᠯᠡᠭᠦᠯᠥᠨ᠎ᠡ︔     18︶ ᠪᠡᠯᠡᠳᠭᠡᠯ ᠵᠠᠷᠤᠳᠠᠯ 0.45 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 1% ᠶᠢ ᠡᠵᠡᠯᠡᠭᠦᠯᠥᠨ᠎ᠡ︔     19︶ ᠪᠤᠰᠤᠳ ᠵᠠᠷᠤᠯᠭ᠎ᠠ 25.35 ᠳ᠋ᠥᠩᠰᠢᠭᠤᠷ ᠲᠥᠭᠦᠷᠢᠭ᠂ ᠡᠩ ᠤᠨ ᠨᠡᠶᠢᠲᠡ ᠶᠢᠨ ᠲᠦᠰᠦᠪ ᠤᠨ ᠵᠠᠷᠤᠯᠭ᠎ᠠ ᠶᠢᠨ 56.6% ᠶᠢ ᠡᠵᠡᠯᠡᠭᠦᠯᠥᠨ᠎ᠡ᠂ ᠡᠭᠦᠨ ᠳᠤ᠄ ᠱᠠᠩᠬᠠᠢ ᠶᠢᠨ ᠰᠥᠮ᠎ᠡ‌ᠠᠵᠤ ᠠᠬᠤᠢ ᠶᠢᠨ ᠨᠡᠭᠡᠭᠡᠯᠳᠡ ᠶᠢᠨ ᠤᠷᠤᠨ ᠤ 0.82 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠭᠤᠣᠯᠳᠠᠯᠭᠠᠲᠣ ᠲᠦᠷᠦᠯ ᠵᠦᠢᠯ ᠤᠨ 3 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠠᠷᠠᠳ ᠢ ᠬᠠᠷᠠᠭᠠᠯᠵᠠᠬᠤ ᠪᠣᠳᠠᠲᠣ ᠶᠠᠪᠤᠳᠠᠯ ᠵᠢᠴᠢ ᠠᠷᠠᠳ ᠤᠨ ᠠᠮᠢᠳᠣᠷᠠᠯ ᠤᠨ ᠢᠨᠵᠧᠨᠧᠷᠢᠩ ᠤᠨ 0.27 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠠᠵᠢᠯ ᠤᠨ 0.11 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠲᠥᠷᠥᠯ ᠵᠥᠢᠯ ᠤᠨ ᠡᠮᠥᠨ᠎ᠡ ᠬᠤᠭᠤᠴᠠᠭᠠᠨ ᠤ ᠵᠠᠷᠤᠳᠠᠯ ᠪᠠ ᠲᠥᠭᠦᠷᠴᠢᠯᠡᠨ ᠨᠡᠶᠢᠯᠡᠭᠦᠯᠭᠦ 0.35 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠵᠠᠰᠠᠭ  ᠤᠨ ᠤᠷᠳᠤᠨ ᠠᠴᠠ ᠨᠡᠶᠢᠳᠡ ᠶᠢᠨ ᠥᠢᠯᠡᠴᠢᠯᠡᠭᠡ ᠬᠤᠳᠠᠯᠳᠤᠨ ᠠᠪᠬᠤ 0.4 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠵᠠᠰᠠᠭ ᠤᠨ ᠤᠷᠳᠤᠨ ᠤ ᠬᠤᠳᠠᠯᠳᠤᠨ ᠠᠪᠤᠯᠲᠠ ᠶᠢᠨ 0.65 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠲᠠᠩᠰᠠᠯᠠᠭᠤᠯᠣᠯᠲᠠ ᠶᠢᠨ ᠬᠦᠷᠣᠩᠬᠡ ᠮᠦᠩᠬᠦ 1.27 ᠳ᠋ᠥᠩᠰᠢᠭᠤᠷ ᠲᠥᠭᠦᠷᠢᠭ︔ ᠴᠠᠯᠢᠩ ᠨᠡᠮᠡᠬᠦ ᠪᠡᠯᠡᠳᠬᠡᠯ ᠮᠦᠩᠬᠦ 0.66 ᠳ᠋ᠥᠩᠰᠢᠭᠤᠷ ᠲᠥᠭᠦᠷᠢᠭ︔ ᠬᠤᠷᠠᠯ ᠤᠨ ᠵᠠᠷᠤᠳᠠᠯ᠂ ᠪᠤᠯᠪᠠᠰᠤᠷᠠᠯ ᠤᠨ ᠵᠠᠷᠤᠳᠠᠯ᠂ ᠠᠷᠠᠴᠢᠯᠠᠨ ᠰᠡᠯᠪᠢᠭᠦ ᠵᠠᠷᠤᠳᠠᠯ᠂ ᠪᠤᠯᠭᠤᠭᠠᠨ ᠲᠤᠬᠤᠨᠢᠭᠤᠯᠬᠤ ᠵᠠᠷᠤᠳᠠᠯ᠂ ᠣᠯᠣᠰ ᠤᠨ ᠪᠠᠲᠣᠯᠠᠨ ᠬᠠᠮᠠᠭᠠᠯᠠᠯᠲᠠ ᠶᠢᠨ  ᠵᠠᠷᠣᠳᠠᠯ ᠵᠡᠷᠭᠡ ᠶᠢᠨ 0.15 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠭᠠᠶᠢᠯᠢ ᠶᠢᠨ ᠪᠤᠰᠤ ᠨᠥᠭᠦᠪᠥᠷᠢᠯᠡᠯ ᠤᠨ ᠠᠵᠢᠯ ᠥᠢᠯᠡᠰ ᠤᠨ ᠵᠠᠷᠤᠳᠠᠯ ᠤᠨ 0.12 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠪᠥᠭᠦ ᠤᠯᠤᠰ ᠤᠨ ᠪᠤᠯᠪᠠᠰᠤᠨ ᠬᠤᠰᠢᠭᠤ ᠶᠢᠨ ᠴᠤᠭᠴᠠᠯᠠᠯᠳᠠ ᠶᠢᠨ ᠠᠵᠢᠯ ᠤᠨ 0.03 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠥᠷᠢ ᠥᠭᠴᠡᠭᠡ ᠰᠢᠢᠳᠪᠥᠷᠢᠯᠡᠭᠦ 5.21 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠨᠤᠴᠢᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ 0.1 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠲᠡᠬᠡᠳᠣ ᠱᠠᠲᠣᠨ ᠤ ᠲᠣᠰᠬᠠᠢ ᠲᠦᠷᠦᠯ ᠤᠨ 10 ᠳ᠋ᠥᠩᠰᠢᠭᠤᠷ ᠲᠥᠭᠦᠷᠢᠭ ᠤᠨ ᠵᠠᠷᠣᠯᠭ᠎ᠠ︔ ᠬᠠᠳᠠᠭᠠᠯᠠᠪᠤᠷᠢ ᠪᠡᠯᠡ ᠮᠦᠩᠬᠦ ᠶᠢ ᠠᠮᠢᠳᠣᠯᠢᠭᠵᠢᠭᠤᠯᠬᠤ ᠲᠣᠬᠢᠷᠠᠭᠤᠯᠭ᠎ᠠ 2.21 ᠳ᠋ᠥᠩᠰᠢᠭᠤᠷ ᠲᠥᠭᠦᠷᠢᠭ᠃     20︶ ᠥᠭᠴᠡᠭᠡᠨ ᠤ ᠬᠦᠦ ᠮᠥᠩᠭᠦ ᠲᠥᠯᠥᠭᠦ 1.79 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 4% ᠶᠢ ᠡᠵᠡᠯᠡᠭᠦᠯᠥᠨ᠎ᠡ᠃     ︵ᠬᠤᠶᠠᠷ︶ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠥᠩᠭᠦᠨ ᠤ ᠲᠥᠰᠥᠪ ᠤᠨ ᠣᠷᠣᠯᠭ᠎ᠠ ᠵᠠᠷᠣᠯᠭ᠎ᠠ ᠶᠢᠨ ᠲᠣᠬᠢᠷᠠᠭᠤᠯᠭ᠎ᠠ2023 ᠤᠨ ᠳᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠤᠷᠤᠯᠭ᠎ᠠ ᠶᠢᠨ ᠲᠦᠰᠤᠪ ᠢ 3 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠠᠳᠠᠯᠢ ᠬᠤᠭᠤᠴᠠᠭᠠᠨ ᠠᠴᠠ 6.56%ᠪᠠᠭᠤᠷᠠᠭᠤᠯᠣᠨ᠎ᠠ᠃ ᠡᠬᠦᠨ ᠳᠤ᠄ ᠬᠤᠰᠢᠭᠤ ᠳᠤᠰ ᠱᠠᠳᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠤᠷᠤᠯᠭ᠎ᠠ 2.7 ᠳ᠋ᠦᠩᠰᠢᠭᠤᠷ ᠲᠦᠬᠦᠷᠢᠭ᠂ ᠲᠡᠭᠡᠷ᠎ᠡ ᠵᠢᠯ ᠤᠨ ᠦᠯᠡᠳᠡᠪᠤᠷᠢ ᠤᠷᠤᠯᠭ᠎ᠠ 0.3 ᠳ᠋ᠦᠩᠰᠢᠭᠤᠷ ᠲᠦᠬᠦᠷᠢᠭ᠃ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠵᠠᠷᠤᠯᠭ᠎ᠠ ᠶᠢᠨ ᠲᠦᠰᠤᠪ ᠢ 3 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠠᠳᠠᠯᠢ ᠬᠤᠭᠤᠴᠠᠭᠠᠨ ᠠᠴᠠ 6.56% ᠪᠠᠭᠤᠷᠠᠭᠤᠯᠣᠨ᠎ᠠ᠃     ︵ᠭᠤᠷᠪᠠ︶ ᠨᠠᠶᠢᠬᠡᠮ ᠤᠨ ᠳᠠᠭᠠᠤᠨᠬᠠᠯ ᠤᠨ ᠰᠠᠭᠤᠷᠢ ᠮᠥᠩᠭᠦᠨ ᠤ ᠲᠥᠰᠥᠪ ᠤᠨ ᠣᠷᠣᠯᠭ᠎ᠠ ᠵᠠᠷᠣᠯᠭ᠎ᠠ ᠶᠢᠨ ᠲᠣᠬᠢᠷᠠᠭᠤᠯᠭ᠎ᠠ2023 ᠤᠨ ᠳᠤ ᠨᠠᠶᠢᠬᠡᠮ ᠤᠨ ᠳᠠᠭᠠᠤᠨᠬᠠᠯ ᠤᠨ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ ᠶᠢᠨ ᠲᠥᠰᠥᠪ ᠢ 4.86 ᠳ᠋ᠦᠩᠰᠢᠭᠤᠷ ᠲᠦᠬᠦᠷᠢᠭ ᠲᠤᠬᠢᠷᠠᠭᠤᠯᠬᠤ  ᠶᠢ ᠰᠠᠨᠠᠭᠠᠴᠢᠯᠠᠵᠤ᠂ ᠠᠳᠠᠯᠢ ᠬᠤᠭᠤᠴᠠᠭᠠᠨ ᠠᠴᠠ 36.93% ᠨᠡᠮᠡᠭᠳᠡᠬᠦᠯᠣᠨ᠎ᠡ᠃ ᠡᠬᠦᠨ ᠳᠤ᠄ ᠠᠵᠣ ᠠᠬᠤᠶᠢᠯᠠᠯ ᠤᠨ ᠠᠵᠢᠯᠲᠠᠨ ᠤ ᠨᠠᠰᠤᠵᠢᠯ ᠤᠨ ᠲᠠᠭᠠᠳᠬᠠᠯ  ᠤᠨ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ ᠶᠢᠨ ᠲᠥᠰᠥᠪ 1.86 ᠳ᠋ᠥᠩᠰᠢᠭᠤᠷ ᠲᠥᠭᠦᠷᠢᠭ᠂ ᠠᠵᠢᠯ ᠠᠯᠳᠠᠯᠳᠠ ᠶᠢᠨ ᠲᠠᠭᠠᠳᠬᠠᠯ ᠤᠨ ᠰᠠᠭᠤᠷᠢ ᠮᠥᠩᠭᠦᠨ  ᠤ ᠤᠷᠤᠯᠭ᠎ᠠ ᠵᠠᠷᠤᠯᠭ᠎ᠠ ᠶᠢᠨ ᠲᠥᠰᠥᠪ 0.11 ᠳ᠋ᠥᠩᠰᠢᠭᠤᠷ ᠲᠥᠭᠦᠷᠢᠭ᠂ ᠠᠵᠢᠯᠲᠠᠨ ᠤ ᠦᠨᠳᠣᠰᠣᠨ ᠡᠮ ᠡᠮᠨᠡᠯᠬᠡ ᠶᠢᠨ ᠲᠠᠭᠠᠳᠬᠠᠯ ᠤᠨ ᠰᠠᠭᠤᠷᠢ ᠮᠦᠩᠬᠦᠨ ᠤ ᠣᠷᠣᠯᠭ᠎ᠠ ᠵᠠᠷᠣᠯᠭ᠎ᠠ ᠶᠢᠨ ᠲᠦᠰᠦᠪ 1.09 ᠳ᠋ᠥᠩᠰᠢᠭᠤᠷ ᠲᠥᠭᠦᠷᠢᠭ᠂ ᠠᠵᠢᠯ ᠤᠨ ᠭᠡᠮᠳᠥᠯ ᠤᠨ ᠲᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ  ᠶᠢᠨ ᠲᠥᠰᠥᠪ 0.06 ᠳ᠋ᠥᠩᠰᠢᠭᠤᠷ ᠲᠥᠭᠦᠷᠢᠭ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠣᠰᠣᠨ ᠨᠠᠰᠤᠵᠢᠯ ᠤᠨ ᠲᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ ᠶᠢᠨ ᠲᠥᠰᠥᠪ 0.12 ᠳ᠋ᠥᠩᠰᠢᠭᠤᠷ ᠲᠥᠭᠦᠷᠢᠭ᠂ ᠠᠯᠪᠠᠨ ᠪᠠᠶᠢᠭᠤᠯᠭ᠎ᠠ ᠠᠵᠢᠯ ᠥᠢᠯᠡᠰ ᠤᠨ ᠨᠢᠭᠡᠴᠡ ᠶᠢᠨ ᠥᠨᠳᠥᠰᠥᠨ ᠨᠠᠰᠤᠵᠢᠯ ᠤᠨ ᠲᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ ᠶᠢᠨ ᠲᠥᠰᠥᠪ 1.22 ᠳ᠋ᠥᠩᠰᠢᠭᠤᠷ ᠲᠥᠭᠦᠷᠢᠭ᠂ ᠠᠯᠪᠠᠨ ᠪᠠᠶᠢᠭᠤᠯᠭ᠎ᠠ ᠠᠵᠢᠯ ᠥᠢᠯᠡᠰ ᠤᠨ ᠨᠢᠭᠡᠴᠡ ᠶᠢᠨ ᠠᠵᠢᠯ ᠮᠡᠷᠭᠡᠵᠢᠯ ᠤᠨ ᠵᠢᠯ ᠤᠨ ᠮᠥᠩᠭᠦ ᠶᠢᠨ ᠤᠷᠤᠯᠭ᠎ᠠ ᠵᠠᠷᠤᠯᠭ᠎ᠠ ᠶᠢᠨ ᠲᠥᠰᠥᠪ 0.22 ᠳ᠋ᠥᠩᠰᠢᠭᠤᠷ ᠲᠥᠭᠦᠷᠢᠭ᠂ ᠬᠤᠳᠠ ᠬᠦᠳᠡᠭᠡ ᠶᠢᠨ ᠰᠠᠭᠤᠭᠠᠯᠢ ᠠᠷᠠᠤᠨ ᠤᠨ  ᠦᠨᠳᠣᠰᠣᠨ ᠡᠮ ᠡᠮᠨᠡᠯᠬᠡ ᠶᠢᠨ ᠳᠠᠭᠠᠤᠨᠬᠠᠯ ᠤᠨ ᠰᠠᠭᠤᠷᠢ ᠮᠦᠩᠬᠦ ᠵᠢᠴᠢ ᠨᠡᠶᠢᠬᠡᠮ ᠤᠨ ᠲᠠᠭᠠᠳᠬᠠᠯ ᠳᠤ ᠰᠢᠯᠵᠢᠬᠦᠯᠣᠨ ᠣᠯᠭᠤᠬᠤ ᠬᠦᠦ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠲᠥᠰᠥᠪ 0.18 ᠳ᠋ᠦᠩᠰᠢᠭᠤᠷ ᠲᠦᠬᠦᠷᠢᠭ᠃     ᠭᠤᠷᠪᠠ᠂ 2023 ᠤᠨ ᠤ ᠡᠳ᠋ ᠤᠨ ᠵᠠᠰᠠᠭ ᠤᠨ ᠠᠵᠢᠯ ᠤᠨ ᠭᠤᠤᠯ ᠡᠬᠦᠷᠬᠡ     ︵ᠨᠢᠬᠡ︶ ᠤᠷᠤᠯᠭ᠎ᠠ ᠶᠢᠨ ᠨᠡᠮᠡᠭᠳᠡᠯ ᠢ ᠪᠤᠳᠠᠳᠠᠢ ᠠᠤᠨᠬᠤᠬᠤ ᠳᠠᠯ᠎ᠠ ᠪᠠᠷ ᠰᠢᠪᠳᠤᠯᠤᠯᠳᠠ ᠭᠠᠷᠭᠠᠬᠤ ᠪᠠᠷ ᠴᠢᠷᠮᠠᠶᠢᠨ᠎ᠠ᠃ ᠪᠦᠬᠦ ᠵᠢᠯ ᠤᠨ ᠤᠷᠤᠯᠭ᠎ᠠ ᠶᠢᠨ ᠬᠠᠷᠠᠯᠳᠠ ᠳᠤ ᠠᠩᠬᠠᠷᠤᠯ ᠢᠶᠠᠨ ᠬᠠᠨᠳᠤᠭᠤᠯᠤᠨ᠂ ᠤᠯᠠᠨ ᠰᠠᠯᠠᠭ᠎ᠠ ᠮᠦᠴᠢᠷ ᠤᠨ ᠳᠠᠳᠠᠪᠤᠷᠢᠯᠠᠨ ᠬᠤᠷᠢᠶᠠᠬᠤ ᠬᠠᠮᠳᠤᠷᠠᠯᠴᠠᠭᠠᠨ ᠤ ᠳᠤᠭᠳᠠᠴᠠ ᠶᠢ ᠪᠠᠶᠢᠭᠤᠯᠵᠤ᠂ ᠡᠳ᠋ ᠤᠨ ᠵᠠᠰᠠᠭ ᠭᠠᠶᠢᠯᠢ ᠶᠢᠨ ᠰᠠᠯᠠᠭ᠎ᠠ ᠮᠦᠴᠢᠷ ᠠᠴᠠ ᠰᠠᠷ᠎ᠠ ᠪᠦᠷᠢ ᠳᠤᠬᠢᠷᠠᠭᠤᠯᠬᠤ ᠪᠠ ᠭᠠᠶᠢᠯᠢ ᠶᠢᠨ ᠢᠷᠡᠯᠳᠠ ᠶᠢᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠳᠤᠭᠳᠠᠮᠠᠯ ᠪᠤᠰᠤ ᠬᠤᠭᠤᠴᠠᠭᠠᠨ ᠳᠤ ᠵᠤᠬᠢᠮᠵᠢᠳᠠᠢ ᠳᠤᠬᠢᠷᠠᠭᠤᠯᠤᠨ᠂ ᠤᠷᠤᠯᠭ᠎ᠠ ᠶᠢᠨ ᠵᠢᠱᠢᠯᠳᠠ ᠶᠢᠨ ᠬᠠᠮᠢᠶᠠᠷᠤᠯᠳᠠ᠂ ᠬᠦᠳᠡᠯᠤᠩᠬᠦᠢ ᠬᠢᠨᠠᠨ ᠡᠵᠡᠮᠳᠡᠯ ᠪᠠ ᠪᠦᠳᠤᠴᠠ ᠶᠢᠨ ᠵᠠᠳᠠᠯᠤᠯᠳᠠ ᠶᠢ ᠴᠢᠩᠭᠠᠤᠨᠬᠠᠵᠤ᠂ ᠤᠷᠤᠯᠭ᠎ᠠ ᠶᠢᠨ ᠬᠦᠳᠡᠯᠤᠩᠬᠦᠢ ᠪᠠᠶᠢᠳᠠᠯ ᠪᠠ ᠠᠬᠢᠴᠠ ᠶᠢ ᠪᠦᠬᠦ ᠳᠠᠯ᠎ᠠ ᠪᠠᠷ ᠴᠠᠭ ᠳᠤᠬᠠᠢ ᠳᠤ ᠨᠢ ᠡᠵᠡᠮᠳᠡᠨ᠂ ᠳᠤᠳᠤᠷ᠎ᠠ ᠪᠠᠨ ᠳᠤᠭ᠎ᠠ ᠲᠠᠢ ᠪᠠᠶᠢᠯᠭᠠᠨ᠎ᠠ᠃ ᠡᠬᠦᠨ ᠤ ᠬᠠᠮᠳᠤ᠂ ᠳᠤᠰᠢᠶᠠᠭᠠᠳᠤᠢ ᠭᠠᠶᠢᠯᠢ ᠰᠤᠶᠢᠤᠨᠬᠡᠯ᠂ ᠨᠡᠬᠦᠷᠡᠰᠤᠨ ᠡᠬᠢ ᠪᠠᠶᠠᠯᠢᠭ ᠤᠨ ᠬᠤᠬᠢᠷᠠᠯ  ᠤᠨ ᠨᠡᠬᠡᠮᠵᠢᠯᠡᠯ ᠡᠬᠡᠬᠦᠯᠤᠯᠳᠠ ᠶᠢ ᠢᠯᠭᠠᠷᠠᠭᠤᠯᠤᠨ ᠳᠤᠰᠢᠶᠠᠬᠤ ᠡᠷᠴᠢᠮ ᠢᠶᠠᠨ ᠴᠢᠩᠭᠠᠤᠨᠬᠠᠨ᠂ ᠡᠯ᠎ᠡ ᠲᠦᠷᠤᠯ ᠤᠨ ᠬᠤᠷᠢᠶᠠᠬᠤ ᠶᠤᠰᠤᠳᠠᠢ ᠭᠠᠶᠢᠯᠢ ᠰᠦᠢᠤᠨᠬᠡᠯ ᠢ ᠪᠦᠬᠦᠨ ᠢ ᠬᠤᠷᠢᠶᠠᠬᠤ ᠶᠢ  ᠪᠠᠳᠤᠯᠠᠨ᠎ᠠ᠃ ᠳᠡᠬᠡᠳᠤ ᠱᠠᠳᠤᠨ ᠤ ᠳᠤᠬᠠᠶᠢᠯᠠᠭᠰᠠᠨ ᠠᠵᠢᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠠᠢ ᠰᠠᠨᠠᠭᠠᠴᠢᠯᠠᠭ᠎ᠠ ᠠᠴᠠ  ᠪᠠᠨ ᠬᠠᠷᠢᠯᠴᠠᠨ᠂ ᠳᠡᠬᠡᠳᠤ ᠱᠠᠳᠤᠨ ᠤ ᠠᠯᠬᠤᠴᠠ ᠶᠢ ᠳᠠᠭᠠᠵᠤ᠂ ︽ᠪᠡᠯᠡ ᠮᠦᠩᠬᠦ ᠲᠦᠷᠤᠯ ᠵᠦᠢᠯ ᠢᠶᠠᠨ ᠳᠠᠭᠠᠬᠤ︾ ᠵᠠᠷᠴᠢᠮ ᠶᠤᠰᠤᠭᠠᠷ᠂ ᠲᠦᠷᠤ ᠶᠢᠨ ᠪᠤᠳᠤᠯᠭ᠎ᠠ ᠶᠢᠨ ᠲᠦᠷᠤᠯ ᠵᠦᠢᠯ ᠤᠨ ᠬᠦᠮᠤᠷᠬᠡ ᠶᠢ ᠪᠠᠶᠢᠭᠤᠯᠤᠨ᠂ ᠮᠠᠨ ᠤ ᠬᠤᠰᠢᠭᠤᠨ ᠤ ᠠᠵᠤ ᠠᠬᠤᠢ ᠶᠢᠨ ᠬᠦᠭᠵᠢᠯᠳᠠ ᠶᠢᠨ ᠲᠦᠷᠤ ᠶᠢᠨ ᠪᠤᠳᠤᠯᠭ᠎ᠠ ᠶᠢᠨ ᠪᠡᠯᠡ ᠮᠦᠩᠬᠦᠨ ᠤ ᠳᠡᠮᠵᠢᠯᠬᠡ ᠶᠢᠨ ᠴᠢᠭᠯᠡᠯ ᠢᠶᠠᠨ ᠤᠨᠤᠪᠴᠢᠳᠠᠢ ᠡᠵᠡᠮᠳᠡᠵᠤ᠂ ᠲᠦᠷᠤᠯ ᠵᠦᠢᠯ ᠤᠨ ᠨᠦᠬᠡᠴᠠ ᠶᠢ ᠰᠠᠶᠢᠳᠤᠷ ᠬᠢᠨ᠂ ᠳᠡᠬᠡᠳᠤ ᠱᠠᠳᠤᠨ ᠤ ᠡᠳ᠋ ᠤᠨ ᠵᠠᠰᠠᠭ ᠤᠨ ᠬᠠᠮᠤᠭ ᠤᠨ ᠶᠡᠭᠡ ᠬᠡᠮᠵᠢᠶᠡᠨ ᠤ ᠨᠦᠬᠦᠪᠤᠷᠢ ᠪᠠ ᠪᠡᠯᠡ ᠮᠦᠩᠬᠦᠨ ᠤ ᠳᠡᠮᠵᠢᠯᠬᠡ ᠶᠢ ᠬᠠᠨᠳᠤᠯᠭᠠᠳᠤ ᠴᠢᠨᠠᠷ ᠲᠠᠢ ᠪᠠᠷ ᠴᠢᠷᠮᠠᠶᠢᠨ ᠤᠯᠵᠤ᠂ ᠮᠠᠨ ᠤ ᠬᠤᠰᠢᠭᠤᠨ ᠤ ᠬᠡᠷᠡᠭᠯᠡᠵᠤ ᠪᠤᠯᠬᠤ ᠡᠳ᠋ ᠤᠨ ᠬᠦᠴᠤ ᠪᠠᠨ ᠳᠠᠰᠤᠷᠠᠯᠳᠠ ᠦᠬᠡᠢ ᠪᠠᠬᠢᠵᠢᠬᠦᠯᠤᠨ᠎ᠠ᠃     ︵ᠬᠤᠶᠠᠷ︶ ᠵᠠᠷᠤᠯᠭ᠎ᠠ ᠶᠢᠨ ᠪᠦᠳᠤᠴᠠ ᠶᠢ ᠰᠢᠯᠢᠳᠡᠭᠵᠢᠬᠦᠯᠬᠦ ᠳᠠᠯ᠎ᠠ ᠪᠠᠷ ᠰᠢᠪᠳᠤᠯᠤᠯᠳᠠ ᠭᠠᠷᠭᠠᠬᠤ ᠪᠠᠷ ᠴᠢᠷᠮᠠᠶᠢᠨ᠎ᠠ᠃ ᠨᠢᠬᠡ ᠳᠤ ᠠᠷᠪᠢᠴᠢ ᠭᠠᠮᠳᠠᠢ ᠡᠳ᠋  ᠤᠨ ᠵᠠᠰᠠᠭ ᠤᠨ ᠪᠠᠳᠤᠯᠠᠭ᠎ᠠ ᠶᠢᠨ ᠳᠤᠭᠳᠠᠴᠠ ᠶᠢ ᠪᠠᠶᠢᠭᠤᠯᠤᠨ᠎ᠠ᠃ ︽ᠠᠷᠪᠢᠯᠠᠨ ᠭᠠᠮᠨᠠᠬᠤ︾ ᠦᠵᠡᠯᠳᠠ ᠶᠢ ᠪᠠᠳᠤᠤᠨᠬᠠᠨ᠂ ︽ᠡᠳ᠋ ᠤᠨ ᠬᠦᠴᠤᠨ ᠢᠶᠠᠨ ᠲᠦᠪᠯᠡᠷᠡᠬᠦᠯᠤᠨ ᠶᠡᠭᠡ ᠶᠠᠪᠤᠳᠠᠯ ᠪᠦᠳᠤᠬᠡᠬᠦ︾ ᠵᠠᠷᠴᠢᠮ ᠢ ᠪᠠᠷᠢᠮᠳᠠᠯᠠᠵᠤ᠂ ᠵᠠᠷᠤᠯᠭ᠎ᠠ ᠳᠤᠭᠳᠠᠪᠤᠷᠢᠵᠢᠨ ᠬᠦᠰᠢᠬᠦ᠂ ᠲᠦᠰᠤᠪ ᠤᠨ ᠳᠤᠬᠢᠷᠠᠭᠤᠯᠤᠯᠳᠠ ᠨᠡᠮᠡᠭᠳᠡᠬᠦ ᠠᠴᠠ ᠬᠠᠰᠤᠭᠳᠠᠬᠤ ᠦᠬᠡᠢ ᠪᠠᠶᠢᠳᠠᠯ ᠢ ᠡᠪᠳᠠᠨ᠂ ᠭᠤᠤᠯᠳᠠᠯᠭᠠᠳᠤ ᠪᠤᠰᠤ ᠵᠠᠷᠤᠯᠭ᠎ᠠ ᠶᠢ ᠤᠯᠠᠮ ᠨᠢᠬᠡ ᠠᠯᠬᠤᠮ ᠪᠠᠭᠠᠰᠬᠠᠵᠤ᠂ ᠳᠤᠤᠷ᠎ᠠ ᠪᠦᠳᠤᠮᠵᠢᠳᠤ᠂ ᠪᠦᠳᠤᠮᠵᠢ ᠦᠬᠡᠢ ᠵᠠᠷᠤᠯᠭ᠎ᠠ ᠶᠢ ᠦᠬᠡᠶᠢᠰᠬᠡᠨ᠂ ᠪᠤᠳᠠᠳᠤ ᠱᠠᠭᠠᠷᠳᠠᠯᠭ᠎ᠠ ᠪᠠ ᠡᠳ᠋ ᠤᠨ ᠬᠦᠴᠤ ᠪᠠᠨ ᠦᠨᠳᠤᠰᠤᠯᠡᠨ ᠵᠠᠷᠤᠯᠭ᠎ᠠ ᠪᠠᠨ ᠵᠤᠬᠢᠰᠳᠠᠢ ᠳᠤᠬᠢᠷᠠᠭᠤᠯᠵᠤ᠂ ᠡᠳ᠋ ᠤᠨ ᠬᠦᠴᠤ ᠪᠠᠨ ᠲᠦᠪᠯᠡᠷᠡᠬᠦᠯᠤᠨ ᠠᠷᠠᠤᠨ ᠤᠨ ᠠᠮᠢᠳᠤᠷᠠᠯ᠂ ᠦᠨᠳᠤᠰᠤᠨ ᠱᠠᠳᠤᠨ ᠤ ᠡᠷᠬᠢᠯᠳᠠ᠂ ᠭᠤᠤᠯᠳᠠᠯᠭᠠᠳᠤ ᠲᠦᠷᠤᠯ ᠢ ᠳᠡᠷᠢᠬᠦᠨ ᠳᠤ ᠪᠠᠳᠤᠯᠠᠨ᠎ᠠ᠃ ᠬᠤᠶᠠᠷ ᠲᠤ ᠵᠠᠷᠤᠯᠭ᠎ᠠ  ᠪᠠᠨ ᠨᠢᠮᠪᠠᠢ ᠡᠮᠬᠢᠳᠠᠢ ᠳᠤᠬᠢᠷᠠᠭᠤᠯᠤᠨ᠎ᠠ᠃ ︽ᠠᠷᠠᠤᠨ ᠤᠨ ᠠᠮᠢᠳᠤᠷᠠᠯ ᠤᠨ ᠲᠦᠷᠤᠯ ᠵᠦᠢᠯ ᠢ ᠴᠢᠳᠠᠯ ᠢᠶᠠᠷ ᠢᠶᠠᠨ ᠴᠢᠷᠮᠠᠶᠢᠨ ᠬᠢᠵᠤ᠂ ᠰᠠᠭᠤᠷᠢ ᠲᠦᠬᠦᠬᠡᠷᠤᠮᠵᠢ  ᠶᠢᠨ ᠲᠦᠷᠤᠯ ᠵᠦᠢᠯ ᠢ ᠴᠢᠳᠠᠯ ᠤᠨ ᠢᠶᠠᠨ ᠬᠢᠷᠢ ᠪᠠᠷ ᠬᠢᠵᠤ᠂ ᠨᠠᠶᠢᠬᠡᠮ ᠤᠨ ᠪᠡᠯᠡ ᠤᠷᠤᠭᠤᠯᠤᠯᠳᠠ ᠶᠢᠨ ᠲᠦᠷᠤᠯ ᠵᠦᠢᠯ ᠢ ᠪᠦᠬᠦ ᠬᠦᠴᠤᠨ ᠢᠶᠠᠷ ᠬᠢᠬᠦ︾ ᠵᠠᠷᠴᠢᠮ  ᠢ ᠪᠠᠷᠢᠮᠳᠠᠯᠠᠨ᠂ ᠡᠳ᠋ ᠤᠨ ᠬᠦᠴᠤ ᠪᠠᠨ ᠲᠦᠪᠯᠡᠷᠡᠬᠦᠯᠤᠨ ᠶᠡᠭᠡ ᠶᠠᠪᠤᠳᠠᠯ ᠪᠦᠳᠤᠬᠡᠨ ᠭᠤᠤᠯᠳᠠᠯᠭ᠎ᠠ ᠪᠠᠨ ᠪᠠᠳᠤᠯᠠᠵᠤ᠂ ᠡᠳ᠋ ᠤᠨ ᠬᠦᠴᠤᠨ ᠤ ᠪᠠᠶᠢᠳᠠᠯ ᠲᠢ ᠪᠠᠨ ᠤᠶᠠᠯᠳᠤᠭᠤᠯᠤᠨ ᠡᠯ᠎ᠡ ᠰᠠᠯᠠᠭ᠎ᠠ ᠮᠦᠴᠢᠷ ᠤᠨ ᠡᠷᠬᠡᠪᠰᠢ ᠬᠡᠷᠡᠭᠰᠡᠬᠦ ᠦᠨᠳᠤᠰᠤᠨ ᠵᠠᠷᠤᠯᠭ᠎ᠠ ᠶᠢ ᠠᠯᠢ ᠪᠤᠯᠬᠤ ᠪᠠᠷ ᠳᠤᠬᠢᠷᠠᠭᠤᠯᠤᠨ᠂ ᠵᠢᠯ ᠤᠨ ᠡᠬᠢᠨ ᠳᠤ ᠤᠷᠢᠤᠨᠴᠢᠯᠠᠨ ᠦᠯᠡᠳᠡᠬᠡᠬᠦ ᠶᠢ ᠴᠢᠩᠭ᠎ᠠ ᠬᠢᠵᠠᠭᠠᠷᠯᠠᠵᠤ᠂ ᠠᠯᠢ ᠪᠤᠯᠬᠤ ᠪᠠᠷ ᠪᠡᠯᠡ ᠮᠦᠩᠬᠦ ᠶᠢ ᠲᠦᠷᠤᠯ ᠵᠦᠢᠯ᠂ ᠪᠠᠶᠢᠭᠤᠯᠭ᠎ᠠ ᠨᠢᠬᠡᠴᠠ ᠳᠤ ᠳᠤᠬᠢᠷᠠᠭᠤᠯᠤᠨ᠂ ᠡᠳ᠋  ᠤᠨ ᠵᠠᠰᠠᠭ ᠤᠨ ᠲᠦᠷᠤ ᠶᠢᠨ ᠪᠤᠳᠤᠯᠭ᠎ᠠ ᠪᠠ ᠪᠡᠯᠡ ᠮᠦᠩᠬᠦ ᠶᠢ ᠪᠦᠬᠦ ᠬᠤᠰᠢᠭᠤᠨ ᠤ ᠭᠤᠤᠯᠳᠠᠯᠭ᠎ᠠ ᠲᠠᠢ ᠳᠡᠮᠵᠢᠬᠦ ᠬᠦᠷᠢᠶ᠎ᠡ ᠴᠠᠷᠠᠭ᠎ᠠ  ᠲᠡᠶᠢᠰᠢ ᠲᠦᠪᠯᠡᠷᠡᠬᠦᠯᠤᠨ ᠬᠡᠯᠪᠡᠶᠢᠯᠬᠡᠨ᠎ᠡ᠃ ᠭᠤᠷᠪᠠ ᠳᠤ ᠵᠠᠷᠤᠯᠭ᠎ᠠ ᠶᠢᠨ ᠬᠢᠨᠠᠨ ᠰᠢᠯᠭᠠᠯᠳᠠ ᠶᠢᠨ ᠳᠤᠭᠳᠠᠴᠠ ᠶᠢ ᠳᠡᠬᠦᠯᠳᠡᠷᠵᠢᠬᠦᠯᠤᠨ᠎ᠠ᠃ ︽ᠤᠷᠢᠤᠨ ᠢᠶᠠᠷ ᠲᠦᠰᠤᠪ ᠳᠠᠷᠠᠭ᠎ᠠ ᠨᠢ ᠵᠠᠷᠤᠯᠭ᠎ᠠ ᠂ ᠲᠦᠰᠤᠪ ᠲᠤ ᠦᠬᠡᠢ ᠪᠤᠯ ᠵᠠᠷᠤᠯᠭ᠎ᠠ ᠦᠬᠡᠢ︾ ᠱᠠᠭᠠᠷᠳᠠᠯᠭ᠎ᠠ ᠶᠢ ᠪᠠᠷᠢᠮᠳᠠᠯᠠᠨ᠂ ᠲᠦᠰᠤᠪ ᠨᠡᠮᠡᠬᠦ ᠶᠢ ᠴᠢᠩᠭ᠎ᠠ ᠬᠢᠵᠠᠭᠠᠷᠯᠠᠵᠤ᠂ ᠵᠠᠷᠤᠯᠭ᠎ᠠ ᠶᠢᠨ ᠠᠬᠢᠴᠠ ᠬᠠᠷᠢᠴᠠᠩᠭᠤᠢ ᠤᠳᠠᠭᠠᠨ ᠲᠦᠰᠤᠪ ᠤᠨ ᠲᠦᠷᠤᠯ ᠵᠦᠢᠯ ᠢ ᠳᠤᠭᠳᠠᠮᠠᠯ ᠬᠤᠭᠤᠴᠠᠭ᠎ᠠ ᠲᠠᠢ ᠪᠠᠷ ᠱᠠᠭᠠᠷᠳᠠᠨ ᠬᠦᠢᠴᠡᠤᠨᠬᠡᠬᠦ ᠶᠢᠨ ᠬᠠᠮᠳᠤ ᠲᠦᠷᠤᠯ ᠵᠦᠢᠯ ᠢ ᠨᠤᠳᠠᠯᠠᠨ ᠬᠢᠨᠠᠨ ᠳᠤᠭᠳᠠᠭᠠᠬᠤ ᠪᠠ ᠡᠳ᠋ ᠤᠨ ᠵᠠᠰᠠᠭ ᠤᠨ ᠳᠠᠭᠠᠭᠠᠴᠠ ᠶᠢᠨ ᠴᠢᠳᠠᠪᠤᠷᠢ ᠶᠢ ᠦᠨᠡᠯᠡᠨ ᠵᠢᠱᠢᠬᠦ ᠠᠵᠢᠯ ᠢ ᠪᠦᠬᠦ ᠳᠠᠯ᠎ᠠ ᠪᠠᠷ ᠦᠷᠨᠢᠬᠦᠯᠤᠨ᠂ ᠬᠦᠨᠳᠤ ᠬᠦᠩᠬᠡᠨ ᠪᠠᠴᠢᠮ ᠠᠯᠭᠤᠷ ᠢ ᠢᠯᠭᠠᠵᠤ᠂ ᠳᠤᠬᠢᠷᠠᠭᠤᠯᠬᠤ ᠴᠢᠬᠤᠯᠠᠳᠠᠢ ᠲᠦᠷᠤᠯ ᠵᠦᠢᠯ ᠢ ᠵᠢᠯ᠂ ᠪᠦᠯᠦᠭ ᠬᠤᠪᠢᠶᠠᠨ ᠲᠦᠰᠤᠪ ᠤᠨ ᠳᠤᠬᠢᠷᠠᠭᠤᠯᠤᠯᠳᠠ ᠳᠤ ᠤᠷᠤᠭᠤᠯᠤᠨ᠂ ᠡᠳ᠋ ᠤᠨ ᠵᠠᠰᠠᠭ ᠤᠨ ᠵᠠᠷᠤᠯᠭ᠎ᠠ ᠶᠢᠨ ᠳᠠᠷᠤᠯᠳᠠ ᠶᠢ ᠡᠮᠬᠢᠳᠠᠢ ᠬᠦᠩᠬᠡᠷᠡᠬᠦᠯᠤᠨ᠎ᠠ᠃     ︵ᠭᠤᠷᠪᠠ︶ ᠲᠦᠰᠤᠪ ᠤᠨ ᠨᠠᠷᠢᠯᠢᠭᠵᠢᠭᠤᠯᠤᠭᠰᠠᠨ ᠬᠠᠮᠢᠶᠠᠷᠤᠯᠳᠠ ᠶᠢᠨ ᠳᠠᠯ᠎ᠠ ᠪᠠᠷ ᠰᠢᠪᠳᠤᠯᠤᠯᠳᠠ ᠭᠠᠷᠭᠠᠬᠤ ᠪᠠᠷ ᠴᠢᠷᠮᠠᠶᠢᠨ᠎ᠠ᠃ ᠨᠢᠬᠡ ᠳᠤ ᠲᠦᠰᠤᠪ ᠤᠨ ᠪᠦᠳᠤᠮᠵᠢ ᠶᠢᠨ ᠬᠠᠮᠢᠶᠠᠷᠤᠯᠳᠠ ᠶᠢ ᠴᠢᠩᠭᠠᠤᠨᠬᠠᠨ᠎ᠠ᠃ ᠲᠦᠰᠤᠪ ᠤᠨ ᠬᠠᠮᠢᠶᠠᠷᠤᠯᠳᠠ ᠶᠢᠨ ᠨᠢᠬᠡ ᠴᠤᠭᠴᠠᠵᠢᠭᠰᠠᠨ ᠰᠢᠰᠲ᠋ᠧᠮ ᠳᠤ ᠰᠠᠭᠤᠷᠢᠯᠠᠨ᠂ ᠪᠦᠬᠦ ᠪᠦᠷᠬᠦᠴᠠ  ᠶᠢᠨ ᠪᠦᠳᠤᠮᠵᠢ ᠶᠢᠨ ᠬᠠᠮᠢᠶᠠᠷᠤᠯᠳᠠ ᠶᠢᠨ ᠰᠢᠰᠲ᠋ᠧᠮ ᠢ ᠪᠠᠶᠢᠭᠤᠯᠵᠤ᠂ ︽ᠵᠤᠭᠤᠰ ᠵᠠᠷᠤᠪᠠᠯ ᠡᠷᠬᠡᠪᠰᠢ ᠪᠦᠳᠤᠮᠵᠢ ᠶᠢ ᠨᠢ ᠠᠰᠠᠭᠤᠬᠤ᠂ ᠪᠦᠳᠤᠮᠵᠢ ᠦᠬᠡᠢ ᠪᠤᠯ ᠡᠷᠬᠡᠪᠰᠢ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠤᠷᠤᠯᠭ᠎ᠠ ᠵᠠᠷᠤᠯᠭ᠎ᠠ ᠪᠠ ᠭᠤᠤᠯᠳᠠᠯᠭᠠᠳᠤ ᠲᠦᠷᠤᠯ ᠵᠦᠢᠯ ᠢ ᠪᠦᠳᠤᠮᠵᠢ ᠶᠢᠨ ᠬᠠᠮᠢᠶᠠᠷᠤᠯᠳᠠ ᠳᠤ ᠤᠷᠤᠭᠤᠯᠵᠤ᠂ ᠶᠠᠰᠤ ᠴᠢᠨᠠᠷ᠂ ᠬᠦᠴᠤᠨ ᠲᠠᠢ ᠬᠤᠭᠤᠴᠠᠭ᠎ᠠ᠂ ᠦᠪᠡᠷ ᠤᠨ ᠦᠷᠳᠡᠭ᠂ ᠦᠷ᠎ᠠ ᠪᠦᠳᠤᠮᠵᠢ ᠵᠡᠷᠬᠡ ᠳᠠᠯ᠎ᠠ ᠶᠢᠨ ᠦᠨᠠᠯᠠᠯᠳᠠ ᠪᠠᠷ ᠡᠳ᠋ ᠤᠨ ᠵᠠᠰᠠᠭ ᠤᠨ ᠪᠡᠯᠡ ᠮᠦᠩᠬᠦᠨ ᠤ ᠬᠡᠷᠡᠭᠯᠡᠯᠳᠠ ᠶᠢᠨ ᠪᠦᠳᠤᠮᠵᠢ ᠶᠢ ᠬᠢᠨᠠᠨ ᠪᠠᠶᠢᠴᠠᠭᠠᠬᠤ ᠶᠢᠨ ᠬᠠᠮᠳᠤ ᠪᠦᠳᠤᠮᠵᠢ ᠶᠢᠨ ᠦᠨᠡᠯᠡᠯᠳᠠ ᠶᠢᠨ ᠦᠷ᠎ᠠ ᠳ᠋ᠦᠩ ᠢ ᠳᠠᠷᠠᠭ᠎ᠠ ᠵᠢᠯ ᠤᠨ ᠲᠦᠰᠤᠪ ᠤᠨ ᠳᠤᠬᠢᠷᠠᠭᠤᠯᠤᠯᠳᠠ ᠲᠠᠢ ᠬᠤᠯᠪᠤᠨ᠂ ᠲᠦᠰᠤᠪ ᠤᠨ ᠳᠤᠭᠤᠷᠪᠢᠯᠳᠠ ᠶᠢᠨ ᠰᠢᠨᠵᠢᠯᠡᠬᠦ ᠤᠬᠠᠭᠠᠨᠴᠢ ᠴᠢᠨᠠᠷ ᠪᠠ ᠪᠡᠯᠡ ᠮᠦᠩᠬᠦᠨ ᠤ ᠬᠡᠷᠡᠭᠯᠡᠯᠳᠠ ᠶᠢᠨ ᠪᠦᠳᠤᠮᠵᠢ ᠶᠢ ᠳᠡᠬᠡᠭᠰᠢᠯᠡᠬᠦᠯᠤᠨ᠎ᠠ᠃ ᠬᠤᠶᠠᠷ ᠲᠤ ᠲᠦᠰᠤᠪ ᠤᠨ ᠨᠢᠬᠡ ᠴᠤᠭᠴᠠᠵᠢᠭᠤᠯᠤᠭᠰᠠᠨ ᠬᠠᠮᠢᠶᠠᠷᠤᠯᠳᠠ ᠶᠢ ᠲᠦᠷᠢᠮᠵᠢᠬᠦᠯᠤᠨ᠎ᠠ᠃ ︽ᠳᠤᠭ᠎ᠠ ᠪᠠᠷᠢᠮᠳᠠ ᠪᠠᠷ ᠬᠦᠴᠤᠨ ᠴᠢᠳᠠᠪᠤᠷᠢ ᠤᠯᠭᠤᠨ᠂ ᠪᠦᠬᠦᠯᠢ ᠴᠤᠭᠴᠠ ᠶᠢ ᠤᠶᠤᠨᠴᠢ ᠪᠠᠷ ᠵᠠᠰᠠᠬᠤ︾ ᠪᠠᠷ ᠬᠠᠷᠠᠯᠳᠠ ᠪᠤᠯᠭᠠᠨ᠂ ᠨᠢᠬᠡ ᠴᠤᠭᠴᠠᠵᠢᠭᠤᠯᠤᠭᠰᠠᠨ ᠰᠢᠰᠲ᠋ᠧᠮ ᠢ ᠪᠦᠬᠦ ᠳᠠᠯ᠎ᠠ ᠪᠠᠷ ᠠᠰᠢᠭᠯᠠᠨ ᠲᠦᠰᠤᠪ ᠤᠨ ᠬᠠᠮᠢᠶᠠᠷᠤᠯᠳᠠ᠂ ᠨᠢᠭᠳᠠᠯᠠᠨ ᠪᠤᠳᠤᠬᠤ ᠳᠤᠭᠠᠴᠠᠭ᠎ᠠ᠂ ᠪᠦᠳᠤᠮᠵᠢ ᠶᠢᠨ ᠦᠨᠡᠯᠡᠯᠳᠠ ᠵᠡᠷᠬᠡ ᠠᠵᠢᠯ ᠢ ᠦᠷᠨᠢᠬᠦᠯᠵᠤ᠂ ᠡᠳ᠋ ᠤᠨ ᠵᠠᠰᠠᠭ ᠤᠨ ᠬᠢᠨᠠᠯᠳᠠ᠂ ᠪᠦᠳᠤᠮᠵᠢ ᠶᠢᠨ ᠬᠠᠮᠢᠶᠠᠷᠤᠯᠳᠠ ᠪᠠ ᠲᠦᠰᠤᠪ ᠤᠨ ᠳᠤᠭᠤᠷᠪᠢᠯᠳᠠ᠂ ᠬᠡᠷᠡᠭᠵᠢᠬᠦᠯᠤᠯᠳᠠ ᠶᠢ ᠪᠦᠬᠦ ᠳᠠᠯ᠎ᠠ ᠪᠠᠷ ᠬᠦᠨᠵᠡᠬᠡᠢ ᠠᠭᠤᠰᠤᠯᠴᠠᠭᠤᠯᠬᠤ ᠶᠢ ᠠᠬᠢᠭᠤᠯᠤᠨ᠂ ᠡᠳ᠋ ᠤᠨ ᠵᠠᠰᠠᠭ ᠤᠨ ᠵᠠᠰᠠᠯᠳᠠ ᠶᠢᠨ ᠲᠦᠪᠰᠢᠨ ᠢ ᠳᠡᠬᠡᠭᠰᠢᠯᠡᠬᠦᠯᠤᠨ᠎ᠠ᠃ ᠭᠤᠷᠪᠠ ᠳᠤ ᠳᠤᠰᠬᠠᠢ ᠲᠦᠷᠤᠯ ᠤᠨ ᠪᠡᠯᠡ ᠮᠦᠩᠬᠦᠨ ᠤ ᠴᠡᠭᠴᠡᠵᠢᠬᠦᠯᠤᠯᠳᠠ ᠶᠢ ᠴᠢᠩᠭᠠᠤᠨᠬᠠᠨ᠎ᠠ᠃ᠦᠯᠡᠳᠡᠪᠤᠷᠢ ᠳ᠋ᠦᠩᠨᠡᠨ ᠰᠢᠯᠵᠢᠬᠦᠯᠦᠭᠰᠡᠨ ᠪᠡᠯᠡ ᠮᠦᠩᠬᠦ ᠶᠢᠨ ᠬᠠᠮᠢᠶᠠᠷᠤᠯᠳᠠ ᠶᠢ ᠴᠢᠩᠭᠠᠤᠨᠬᠠᠨ᠂ ᠡᠳ᠋  ᠤᠨ ᠵᠠᠰᠠᠭ ᠤᠨ ᠬᠠᠳᠠᠭᠠᠯᠠᠮᠵᠢ ᠪᠡᠯᠡ ᠮᠦᠩᠬᠦ ᠶᠢᠨ ᠬᠦᠳᠡᠯᠤᠩᠬᠦᠢ ᠬᠠᠮᠢᠶᠠᠷᠤᠯᠳᠠ ᠪᠠ ᠳᠤᠭᠳᠠᠮᠠᠯ ᠬᠤᠭᠤᠴᠠᠭᠠᠨ ᠤ ᠢᠯᠭᠠᠷᠠᠭᠤᠯᠤᠯᠳᠠ ᠵᠡᠷᠬᠡ ᠤᠷᠳᠤ ᠬᠤᠭᠤᠴᠠᠭᠠᠨ  ᠤ ᠪᠦᠳᠤᠮᠵᠢᠳᠤ ᠳᠤᠭᠳᠠᠴᠠ ᠶᠢ ᠪᠠᠶᠢᠭᠤᠯᠤᠨ ᠳᠡᠬᠦᠯᠳᠡᠷᠵᠢᠬᠦᠯᠵᠤ᠂ ᠬᠤᠶᠠᠷ ᠵᠢᠯ ᠠᠴᠠ ᠳᠡᠬᠡᠭᠰᠢᠬᠢ ᠦᠯᠡᠳᠡᠪᠤᠷᠢ ᠳ᠋ᠦᠩᠨᠡᠨ ᠰᠢᠯᠵᠢᠬᠦᠯᠦᠭᠰᠠᠨ ᠳᠤᠰᠬᠠᠢ ᠲᠦᠷᠤᠯ  ᠤᠨ ᠪᠡᠯᠡ ᠮᠦᠩᠬᠦ ᠶᠢ ᠴᠠᠭ ᠳᠤᠬᠠᠢ ᠳᠤ ᠨᠢ ᠬᠤᠷᠢᠶᠠᠨ ᠠᠪᠴᠤ ᠨᠢᠬᠡᠳᠤᠯᠳᠠᠢ ᠬᠡᠷᠡᠭᠯᠡᠨ᠂ ᠪᠡᠯᠡ ᠮᠦᠩᠬᠦᠨ ᠤ ︽ᠬᠤᠶᠠᠳᠠᠬᠢ ᠤᠳᠠᠭᠠᠨ ᠤ ᠰᠠᠭᠤᠭᠳᠠᠯ︾ ᠶᠢ ᠰᠡᠷᠬᠡᠶᠢᠯᠡᠵᠤ᠂ ᠡᠳ᠋ ᠤᠨ ᠵᠠᠰᠠᠭ ᠤᠨ ᠪᠡᠯᠡ ᠮᠦᠩᠬᠦᠨ ᠤ ᠬᠡᠷᠡᠭᠯᠡᠯᠳᠠ ᠶᠢᠨ ᠪᠦᠳᠤᠮᠵᠢ ᠶᠢ ᠳᠠᠰᠤᠷᠠᠯᠳᠠ ᠦᠬᠡᠢ ᠴᠢᠩᠭᠠᠤᠨᠬᠠᠨ᠎ᠠ᠃     ︵ᠲᠦᠷᠪᠡ︶ ᠳᠤᠰᠬᠠᠢ ᠲᠦᠷᠤᠯ ᠤᠨ ᠪᠡᠯᠡ ᠮᠦᠩᠬᠦ ᠶᠢ ᠬᠦᠴᠤᠯᠡᠨ ᠤᠯᠬᠤ ᠳᠠᠯ᠎ᠠ ᠪᠠᠷ ᠰᠢᠪᠳᠤᠯᠤᠯᠳᠠ ᠭᠠᠷᠭᠠᠬᠤ ᠪᠠᠷ ᠴᠢᠷᠮᠠᠶᠢᠨ᠎ᠠ᠃ ᠨᠢᠬᠡ ᠳᠤ ᠳᠡᠬᠡᠳᠤ ᠱᠠᠳᠤᠨ ᠤ ᠲᠦᠷᠤ ᠶᠢᠨ ᠪᠤᠳᠤᠯᠭ᠎ᠠ ᠶᠢ ᠰᠠᠶᠢᠳᠤᠷ ᠤᠶᠢᠯᠠᠭᠠᠨ᠎ᠠ᠃ ᠤᠯᠤᠰ᠂ ᠦᠪᠡᠷᠳᠡᠬᠡᠨ ᠵᠠᠰᠠᠬᠤ ᠤᠷᠤᠨ᠂ ᠬᠤᠳᠠ ᠶᠢᠨ ᠳᠡᠰ ᠤᠨ ᠡᠯ᠎ᠡ ᠲᠦᠷᠤᠯ ᠤᠨ ᠡᠳ᠋  ᠤᠨ ᠵᠠᠰᠠᠭ ᠤᠨ ᠲᠦᠷᠤ ᠶᠢᠨ ᠪᠤᠳᠤᠯᠭ᠎ᠠ ᠶᠢ ᠬᠢᠨᠠᠮᠠᠭᠠᠢ ᠡᠮᠬᠢᠯᠡᠨ᠂ ᠲᠦᠷᠤᠯ ᠵᠦᠢᠯ᠂ ᠵᠤᠷᠪᠤᠰ ᠳᠤᠭᠳᠠᠭᠠᠯ ᠳᠠᠷᠠᠭᠠᠯᠠᠨ ᠨᠠᠷᠢᠯᠢᠭ ᠵᠤᠷᠪᠤᠰᠯᠠᠵᠤ᠂ ᠮᠡᠳᠡᠬᠦᠯᠬᠦ ᠨᠦᠬᠦᠴᠡᠯ᠂ ᠪᠡᠯᠡ ᠮᠦᠩᠬᠦᠨ ᠤ ᠬᠡᠪᠴᠢᠶᠡᠵᠢᠯ ᠢ ᠨᠠᠷᠢᠯᠢᠭ ᠡᠮᠬᠢᠯᠡᠨ᠂ ᠴᠢᠷᠮᠠᠶᠢᠨ ᠤᠯᠬᠤ ᠬᠠᠷᠠᠯᠳᠠ ᠪᠠᠨ ᠵᠦᠢ ᠵᠤᠬᠢᠰ ᠲᠠᠢ ᠳᠤᠭᠳᠠᠭᠠᠵᠤ᠂ ᠳᠡᠬᠡᠷ᠎ᠡ ᠵᠢᠯ ᠤᠨ ᠰᠠᠭᠤᠷᠢᠨ ᠳᠡᠬᠡᠷ᠎ᠡ ᠳᠠᠪᠠᠭᠤᠯᠤᠨ ᠪᠡᠶᠡᠯᠡᠬᠦᠯᠬᠦ ᠪᠠᠷ ᠴᠢᠷᠮᠠᠶᠢᠨ᠎ᠠ᠃ ᠬᠤᠶᠠᠷ ᠲᠤ ᠤᠯᠬᠤ ᠪᠠᠷ ᠬᠦᠴᠤᠯᠡᠬᠦ ᠭᠤᠤᠯᠳᠠᠯᠭ᠎ᠠ ᠪᠠᠨ ᠳᠤᠳᠤᠷᠬᠠᠶᠢᠯᠠᠨ᠎ᠠ᠃ ᠬᠤᠪᠢᠰᠬᠠᠯᠳᠤ ᠬᠦᠮᠤᠵᠢᠯ᠂ ᠨᠡᠬᠦᠷᠡᠰᠤ᠂ ᠰᠢᠳᠠᠮᠠᠬᠠᠢ ᠬᠡᠢ ᠵᠡᠷᠬᠡ ᠤᠯᠠᠮᠵᠢᠯᠠᠯᠳᠤ ᠡᠬᠢ ᠪᠠᠶᠠᠯᠢᠭ ᠤᠨ ᠳᠠᠪᠠᠭᠤᠯᠢᠭ ᠲᠤ ᠠᠩᠬᠠᠷᠤᠯ ᠢᠶᠠᠨ ᠲᠦᠪᠯᠡᠷᠡᠬᠦᠯᠤᠨ᠂ ᠰᠤᠶᠤᠯ ᠵᠢᠭᠤᠯᠴᠢᠯᠠᠯ᠂ ᠰᠦᠯᠵᠢᠶᠡᠨ ᠬᠤᠳᠠᠯᠳᠤᠭ᠎ᠠ ᠪᠤᠳᠠᠰ ᠤᠨ ᠬᠦᠢᠯᠬᠡᠬᠡ᠂ ᠰᠢᠨ᠎ᠠ ᠡᠨᠧᠷᠬᠢ᠂ ᠪᠤᠬᠢᠷᠳᠤᠯ ᠦᠬᠡᠢ ᠬᠦᠭᠵᠢᠯᠳᠠ ᠵᠡᠷᠬᠡ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠬᠦᠭᠵᠢᠭᠰᠡᠨ ᠠᠵᠤ ᠤᠶᠢᠯᠡᠰ ᠤᠨ ᠬᠦᠭᠵᠢᠯᠳᠠ ᠶᠢᠨ ᠳᠤᠬᠢᠶᠠᠯ ᠢ ᠴᠢᠩᠭ᠎ᠠ ᠡᠵᠡᠮᠳᠡᠵᠤ᠂ ᠡᠳ᠋ ᠤᠨ ᠵᠠᠰᠠᠭ ᠤᠨ ᠴᠢᠳᠠᠪᠬᠢ ᠶᠢᠨ ᠤᠶᠢᠯᠡᠳᠤᠯ ᠢᠶᠠᠨ ᠬᠦᠢᠴᠡᠤᠨ ᠪᠠᠳᠠᠷᠠᠭᠤᠯᠤᠨ᠂ ᠳᠡᠬᠡᠳᠤ ᠱᠠᠳᠤᠨ ᠤ ᠡᠳ᠋ ᠤᠨ ᠵᠠᠰᠠᠭ ᠤᠨ ᠲᠦᠷᠤ ᠶᠢᠨ ᠪᠤᠳᠤᠯᠭ᠎ᠠ ᠶᠢᠨ ᠴᠢᠭᠯᠡᠯ ᠢ ᠴᠠᠭ ᠳᠤᠬᠠᠢ ᠳᠤ ᠨᠢ ᠡᠵᠡᠮᠳᠡᠵᠤ᠂ ᠮᠠᠨ ᠤ ᠬᠤᠰᠢᠭᠤᠨ ᠤ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠰᠢᠯᠢᠳᠡᠭ ᠲᠦᠷᠤᠯ ᠵᠦᠢᠯ ᠢ ᠰᠤᠩᠭᠤᠨ ᠪᠡᠯᠡᠤᠨᠬᠡᠵᠤ᠂ ᠳᠡᠬᠡᠳᠤ ᠱᠠᠳᠤᠨ ᠤ ᠪᠡᠯᠡ ᠤᠷᠤᠭᠤᠯᠤᠯᠳᠠ ᠶᠢᠨ ᠲᠦᠯᠤᠪᠯᠡᠭᠡ ᠲᠠᠢ ᠰᠠᠶᠢᠳᠤᠷ ᠵᠠᠯᠭᠠᠯᠳᠤᠭᠤᠯᠤᠨ᠂ ᠠᠵᠤ ᠠᠬᠤᠢ ᠶᠢᠨ ᠪᠦᠳᠤᠴᠠ ᠶᠢᠨ ᠳᠤᠬᠢᠷᠠᠭᠤᠯᠤᠯᠳᠠ ᠶᠢ ᠠᠬᠢᠭᠤᠯᠤᠨ᠎ᠠ᠃ ᠭᠤᠷᠪᠠ ᠳᠤ ᠰᠠᠯᠠᠭ᠎ᠠ ᠮᠦᠴᠢᠷ ᠤᠨ ᠬᠠᠮᠳᠤᠷᠠᠯᠴᠠᠭ᠎ᠠ ᠶᠢ ᠴᠢᠩᠭᠠᠤᠨᠬᠠᠨ᠎ᠠ᠃ ᠡᠳ᠋ ᠤᠨ ᠵᠠᠰᠠᠭ᠂ ᠬᠦᠭᠵᠢᠬᠦᠯᠤᠯᠳᠠ ᠦᠬᠡᠷᠡᠴᠢᠯᠡᠯᠳᠠ᠂ ᠤᠷᠤᠨ ᠰᠠᠭᠤᠴᠠ ᠪᠦᠳᠤᠬᠡᠨ ᠪᠠᠶᠢᠭᠤᠯᠤᠯᠳᠠ᠂ ᠠᠵᠤ ᠤᠶᠢᠯᠡᠤᠨᠪᠤᠷᠢ ᠮᠡᠳᠡᠭᠡ ᠵᠠᠩᠬᠢ᠂ ᠵᠠᠮ ᠬᠠᠷᠢᠯᠴᠠᠭ᠎ᠠ᠂ ᠰᠤᠷᠭᠠᠨ ᠬᠦᠮᠤᠵᠢᠯ᠂ ᠮᠠᠯ ᠳᠠᠷᠢᠶᠠᠯᠠᠩ᠂ ᠤᠢ ᠰᠢᠭᠤᠢ ᠨᠤᠳᠤᠭ ᠪᠠᠯᠴᠢᠬᠡᠷ᠂ ᠤᠰᠤᠨ ᠠᠰᠢᠭᠯᠠᠯᠳᠠ ᠵᠡᠷᠬᠡ ᠲᠦᠷᠤᠯ ᠵᠦᠢᠯ ᠨᠡᠯᠢᠶᠡᠤᠨ ᠠᠷᠪᠢᠨ ᠰᠠᠯᠠᠭ᠎ᠠ ᠮᠦᠴᠢᠷ ᠤᠳ ᠲᠠᠢ ᠳᠤᠭᠳᠠᠮᠠᠯ ᠬᠤᠭᠤᠴᠠᠭ᠎ᠠ ᠲᠠᠢ ᠪᠠᠷ ᠬᠠᠷᠢᠯᠴᠠᠨ ᠵᠤᠬᠢᠴᠠᠭᠤᠯᠬᠤ ᠳᠤᠭᠳᠠᠴᠠ ᠶᠢ ᠪᠠᠶᠢᠭᠤᠯᠤᠨ᠂ ᠤᠯᠠᠨ ᠠᠷᠭ᠎ᠠ ᠵᠠᠮ ᠢᠶᠠᠷ ᠰᠤᠷᠠᠭ ᠵᠠᠩᠬᠢ ᠤᠯᠵᠤ᠂ ᠴᠠᠭ ᠳᠤᠬᠠᠢ ᠳᠤ ᠨᠢ ᠬᠠᠷᠢᠯᠴᠠᠨ ᠨᠡᠪᠳᠡᠷᠡᠯᠴᠠᠨ᠂ ᠠᠵᠢᠯ ᠲᠦᠷᠤᠯ ᠤᠨ ᠰᠢᠰᠲ᠋ᠧᠮ ᠤᠨ ᠰᠠᠯᠠᠭ᠎ᠠ ᠮᠦᠴᠢᠷ ᠤᠨ ᠳᠤᠰᠬᠠᠢ ᠲᠦᠷᠤᠯ ᠤᠨ ᠪᠡᠯᠡ ᠮᠦᠩᠬᠦ ᠶᠢ ᠴᠢᠷᠮᠠᠶᠢᠨ ᠤᠯᠬᠤ ᠮᠦᠷᠳᠡᠬᠡᠨ ᠲᠦᠷᠤᠯ ᠵᠦᠢᠯ ᠤᠨ ᠡᠮᠤᠨᠡᠬᠢ ᠬᠤᠭᠤᠴᠠᠭᠠᠨ ᠤ ᠪᠡᠯᠡᠤᠨᠬᠡᠯ ᠠᠵᠢᠯ ᠢ ᠤᠷᠢᠤᠨᠴᠢᠯᠡᠨ ᠰᠠᠶᠢᠳᠤᠷ ᠬᠢᠵᠤ᠂ ᠪᠡᠯᠡ ᠮᠦᠩᠬᠦ ᠶᠢ ᠴᠢᠷᠮᠠᠶᠢᠨ ᠤᠯᠬᠤ ᠳᠤ ᠰᠠᠭᠤᠷᠢ ᠳᠠᠯᠪᠢᠨ᠎ᠠ᠃     ︵ᠳᠠᠪᠤ︶ ᠦᠷᠢ ᠦᠭᠴᠡᠭᠡ ᠶᠢ ᠵᠦᠢ ᠵᠤᠬᠢᠰ ᠲᠠᠢ ᠬᠠᠮᠢᠶᠠᠷᠤᠨ ᠡᠵᠡᠮᠳᠡᠬᠦ ᠳᠠᠯ᠎ᠠ ᠪᠠᠷ ᠰᠢᠪᠳᠤᠯᠤᠯᠳᠠ ᠭᠠᠷᠭᠠᠬᠤ ᠪᠠᠷ ᠴᠢᠷᠮᠠᠶᠢᠨ᠎ᠠ᠃ ᠨᠢᠬᠡ ᠳᠤ ︽ᠨᠡᠮᠡᠭᠳᠡᠯ  ᠢ  ᠳᠤᠭᠳᠠᠪᠤᠷᠢᠵᠢᠭᠤᠯᠬᠤ︾ ᠪᠠ ︽ᠲᠦᠭᠰᠢᠬᠦᠷᠢ ᠶᠢ ᠰᠡᠷᠬᠡᠶᠢᠯᠡᠬᠦ︾ ᠬᠠᠷᠢᠴᠠᠭ᠎ᠠ ᠶᠢ ᠳᠤᠬᠢᠳᠠᠢ ᠰᠢᠢᠤᠨᠪᠤᠷᠢᠯᠡᠨ᠎ᠡ᠃ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ  ᠶᠢ ᠤᠨᠤᠪᠴᠢᠳᠠᠢ ᠲᠦᠰᠤᠬᠡᠯᠡᠨ᠂ ᠲᠦᠷᠤᠯ ᠵᠦᠢᠯ ᠤᠨ ︽ᠤᠷᠤᠬᠤ ᠪᠤᠭᠤᠮᠳᠠ︾ ᠶᠢ ᠴᠢᠩᠭ᠎ᠠ ᠡᠵᠡᠮᠳᠡᠵᠤ᠂ ᠪᠡᠯᠡ ᠮᠦᠩᠬᠦ ᠶᠢᠨ ᠢᠷᠡᠯᠳᠠ ᠪᠠᠨ ᠨᠠᠶᠢᠳᠠᠪᠤᠷᠢᠵᠢᠭᠤᠯᠤᠭᠰᠠᠨ ᠦᠬᠡᠢ᠂ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠠᠴᠠ ᠬᠡᠳᠤᠷᠡᠭᠰᠡᠨ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠶᠢᠨ ᠲᠦᠷᠤᠯ ᠵᠦᠢᠯ ᠢ ᠴᠦᠮ ᠵᠦᠪᠰᠢᠶᠡᠷᠡᠬᠦ ᠦᠬᠡᠢ ᠪᠠᠶᠢᠬᠤ ᠶᠢ ᠪᠠᠷᠢᠮᠳᠠᠯᠠᠨ᠂ ᠵᠠᠰᠠᠭ ᠤᠨ ᠤᠷᠳᠤᠨ ᠤ ᠳᠠᠯᠳᠠ ᠴᠢᠨᠠᠷ ᠲᠠᠢ ᠦᠷᠢ ᠦᠭᠴᠡᠭᠡ ᠰᠢᠨ᠎ᠠ ᠪᠠᠷ ᠨᠡᠮᠡᠭᠳᠡᠬᠦ ᠶᠢ ᠴᠠᠭᠠᠵᠠᠯᠠᠨ᠎ᠠ᠃ ᠡᠬᠦᠨ ᠤ ᠬᠠᠮᠳᠤ᠂ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠶᠢᠨ ᠲᠦᠷᠤᠯ ᠵᠦᠢᠯ ᠤᠨ ᠳᠠᠭᠠᠭᠠᠴᠢᠯᠠᠯᠳᠠ ᠵᠠᠷᠯᠠᠬᠤ ᠦᠨ᠎ᠡ ᠶᠢ ᠡᠵᠡᠮᠳᠡᠬᠦ ᠬᠢᠨᠠᠨ ᠬᠠᠷᠭᠤᠭᠤᠯᠤᠯᠳᠠ ᠶᠢᠨ ᠠᠵᠢᠯ ᠢ ᠪᠦᠬᠦ ᠳᠠᠯ᠎ᠠ ᠪᠠᠷ ᠦᠷᠨᠢᠬᠦᠯᠤᠨ᠂ ᠢᠨᠵᠧᠨᠧᠷᠢᠩ ᠤᠨ ᠦᠨ᠎ᠠ ᠬᠠᠩᠰᠢ ᠶᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠨ᠎ᠠ᠃ ᠬᠤᠶᠠᠷ ᠲᠤ ᠦᠯᠡᠳᠡᠮᠡᠯ ᠦᠷᠢ ᠦᠭᠴᠡᠭᠡ ᠶᠢ ᠡᠮᠬᠢᠳᠠᠢ ᠰᠢᠢᠤᠨᠪᠤᠷᠢᠯᠡᠨ᠎ᠡ᠃ ᠳᠠᠯᠳᠠ ᠦᠷᠢ ᠦᠭᠴᠡᠭᠡ ᠶᠢ ᠰᠢᠢᠤᠨᠪᠤᠷᠢᠯᠡᠬᠦ ᠲᠦᠯᠤᠪᠯᠡᠭᠡ ᠶᠤᠰᠤᠭᠠᠷ ᠵᠢᠯ ᠤᠨ ᠦᠷᠢ ᠦᠭᠴᠡᠭᠡ ᠰᠢᠢᠤᠨᠪᠤᠷᠢᠯᠡᠬᠦ ᠬᠠᠷᠠᠯᠳᠠ ᠡᠬᠦᠷᠬᠡ ᠪᠠᠨ ᠪᠡᠶᠡᠯᠡᠬᠦᠯᠦᠭᠰᠡᠨ ᠰᠠᠭᠤᠷᠢᠨ ᠳᠡᠬᠡᠷ᠎ᠡ᠂ ᠳᠡᠬᠡᠳᠤ ᠱᠠᠳᠤᠨ ᠤ ᠦᠷᠢ ᠦᠭᠴᠡᠭᠡ ᠰᠢᠢᠤᠨᠪᠤᠷᠢᠯᠡᠬᠦ ᠳᠤᠰᠬᠠᠢ ᠲᠦᠷᠤᠯ ᠤᠨ ᠪᠡᠯᠡ ᠮᠦᠩᠬᠦ ᠶᠢ ᠢᠳᠡᠪᠬᠢᠳᠠᠢ ᠴᠢᠷᠮᠠᠶᠢᠨ ᠤᠯᠵᠤ᠂ ᠳᠠᠯᠳᠠ ᠦᠷᠢ ᠦᠭᠴᠡᠭᠡ ᠶᠢ ︽ᠴᠡᠪᠡᠷᠯᠡᠬᠦ︾ ᠬᠠᠷᠠᠯᠳᠠ ᠶᠢ ᠪᠡᠶᠡᠯᠡᠬᠦᠯᠬᠦ ᠪᠠᠷ ᠴᠢᠷᠮᠠᠶᠢᠨ᠎ᠠ᠃ ᠭᠤᠷᠪᠠ ᠳᠤ ᠰᠢᠨ᠎ᠠ ᠪᠠᠷ ᠨᠡᠮᠡᠭᠳᠡᠭᠰᠡᠨ ᠦᠭᠴᠡᠬᠡᠨ ᠤ ᠳᠡᠮᠳᠡᠭ ᠢ ᠲᠦᠷᠢᠮᠵᠢᠬᠦᠨ ᠪᠦᠳᠤᠮᠵᠢᠳᠠᠢ ᠳᠠᠷᠬᠠᠭᠠᠨ ᠬᠡᠷᠡᠭᠯᠡᠨ᠎ᠡ᠃ ᠰᠢᠨ᠎ᠠ ᠪᠠᠷ ᠨᠡᠮᠡᠭᠳᠡᠭᠰᠡᠨ ᠡᠩ ᠤᠨ ᠴᠢᠨᠠᠷ  ᠲᠠᠢ ᠦᠭᠴᠡᠬᠡᠨ ᠤ ᠳᠡᠮᠳᠡᠭᠳᠤ ᠪᠡᠯᠡ ᠮᠦᠩᠬᠦ ᠶᠢᠨ ᠬᠠᠨᠳᠤᠰᠢ ᠶᠢ ᠨᠢᠭᠳᠠ ᠠᠩᠬᠠᠷᠤᠨ᠂ ᠮᠠᠨ ᠤ ᠬᠤᠰᠢᠭᠤᠨ ᠤ ᠰᠢᠨ᠎ᠠ ᠪᠠᠷ ᠪᠠᠶᠢᠭᠤᠯᠵᠤ ᠪᠠᠶᠢᠭ᠎ᠠ ᠪᠠ ᠪᠠᠶᠢᠭᠤᠯᠵᠤ ᠪᠠᠶᠢᠭ᠎ᠠ ᠲᠦᠷᠤᠯ ᠵᠦᠢᠯ ᠢ ᠬᠢᠨᠠᠮᠠᠭᠠᠢ ᠡᠮᠬᠢᠯᠡᠵᠤ᠂ ᠨᠠᠶᠢᠬᠡᠮ ᠤᠨ ᠦᠷ᠎ᠠ ᠪᠦᠳᠤᠮᠵᠢ ᠢᠯᠡᠤᠨᠳᠠ᠂ ᠠᠷᠠᠤᠨ ᠲᠦᠮᠡᠨ ᠤ ᠬᠦᠰᠡᠨ ᠡᠷᠡᠮᠡᠯᠵᠡᠵᠤ ᠪᠠᠶᠢᠭ᠎ᠠ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠶᠢᠨ ᠲᠦᠷᠤᠯ ᠵᠦᠢᠯ ᠪᠠ ᠮᠠᠯᠵᠢᠬᠤ ᠳᠠᠷᠢᠶᠠᠯᠠᠬᠤ ᠤᠷᠤᠨ ᠤ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠳᠠ ᠶᠢᠨ ᠲᠦᠷᠤᠯ ᠵᠦᠢᠯ ᠢ ᠭᠤᠤᠯᠳᠠᠯᠭ᠎ᠠ ᠲᠠᠢ ᠠᠩᠬᠠᠷᠤᠨ᠂ ᠬᠠᠮᠢᠶ᠎ᠠ ᠪᠦᠬᠦᠢ ᠲᠦᠷᠤᠯ ᠵᠦᠢᠯ ᠤᠨ ᠭᠠᠷ ᠬᠦᠢᠴᠡᠤᠨᠬᠡᠯ ᠢ ᠤᠷᠢᠤᠨᠴᠢᠯᠡᠨ ᠳᠡᠬᠦᠯᠳᠡᠷᠵᠢᠬᠦᠯᠵᠤ᠂ ᠰᠢᠨ᠎ᠠ ᠪᠠᠷ ᠨᠡᠮᠡᠭᠳᠡᠭᠰᠡᠨ ᠦᠭᠴᠡᠬᠡᠨ ᠳᠡᠮᠳᠡᠭᠳᠤ ᠪᠡᠯᠡ ᠮᠦᠩᠬᠦ ᠶᠢᠨ ᠭᠤᠶᠤᠪᠴᠢᠯᠠᠯ ᠤᠨ ᠠᠵᠢᠯ ᠢ ᠪᠦᠳᠤᠮᠵᠢᠳᠠᠢ ᠦᠷᠨᠢᠬᠦᠯᠬᠦ ᠳᠤ ᠲᠦᠬᠦᠮ ᠪᠤᠯᠭᠠᠨ᠎ᠠ᠃ ᠡᠬᠦᠨ ᠤ ᠬᠠᠮᠳᠤ᠂ ᠳᠤᠰᠬᠠᠢ ᠲᠦᠷᠤᠯ ᠤᠨ ᠦᠭᠴᠡᠬᠡᠨ ᠳᠡᠮᠳᠡᠭᠳᠤ ᠪᠡᠯᠡ ᠮᠦᠩᠬᠦ ᠶᠢᠨ ᠬᠡᠷᠡᠭᠯᠡᠯᠳᠠ ᠬᠠᠮᠢᠶᠠᠷᠤᠯᠳᠠ ᠶᠢ ᠴᠢᠩᠭᠠᠤᠨᠬᠠᠨ᠂ ᠳᠤᠰᠬᠠᠢ ᠲᠦᠷᠤᠯ ᠤᠨ ᠬᠡᠷᠡᠭᠴᠡᠭᠡ ᠱᠠᠭᠠᠷᠳᠠᠯᠭ᠎ᠠ ᠶᠤᠰᠤᠭᠠᠷ ᠭᠤᠶᠤᠪᠴᠢᠯᠠᠬᠤ ᠪᠠ ᠬᠢᠨᠠᠨ ᠬᠠᠷᠭᠤᠭᠤᠯᠵᠤ᠂ ᠳᠤᠰᠬᠠᠢ ᠲᠦᠷᠤᠯ ᠤᠨ ᠦᠭᠴᠡᠬᠡᠨ ᠳᠡᠮᠳᠡᠭᠳᠤ ᠪᠡᠯᠡ ᠮᠦᠩᠬᠦ ᠶᠢ ᠠᠮᠢᠳᠤᠯᠢᠭ ᠢᠶᠠᠷ ᠰᠠᠶᠢᠳᠤᠷ ᠬᠡᠷᠡᠭᠯᠡᠬᠦ ᠶᠢ ᠪᠠᠳᠤᠯᠠᠨ᠎ᠠ᠃     ︵ᠵᠢᠷᠭᠤᠭ᠎ᠠ︶ ᠤᠯᠤᠰ ᠤᠨ ᠦᠮᠴᠢᠯᠠᠯᠳᠤ ᠡᠳ᠋ ᠬᠦᠷᠤᠩᠬᠡ ᠶᠢ ᠬᠢᠨᠠᠨ ᠬᠠᠮᠢᠶᠠᠷᠬᠤ ᠳᠠᠯ᠎ᠠ ᠪᠠᠷ ᠰᠢᠪᠳᠤᠯᠤᠯᠳᠠ ᠭᠠᠷᠭᠠᠬᠤ ᠪᠠᠷ ᠴᠢᠷᠮᠠᠶᠢᠨ᠎ᠠ᠃ ︽3 + N︾ ᠲᠦᠯᠤᠪᠵᠢᠬᠦᠯᠬᠡ ᠶᠢᠨ ᠰᠢᠰᠲ᠋ᠧᠮ ᠢᠶᠠᠷ ᠰᠠᠭᠤᠷᠢ ᠪᠤᠯᠭᠠᠨ᠂ ᠰᠢᠨ᠎ᠠ ᠡᠨᠧᠷᠬᠢ ᠶᠢᠨ ᠨᠡᠬᠡᠬᠡᠯᠳᠠ᠂ ᠬᠤᠪᠢᠰᠬᠠᠯᠳᠤ ᠬᠦᠮᠤᠵᠢᠯ ᠤᠨ ᠵᠢᠭᠤᠯᠴᠢᠯᠠᠯ᠂ ᠨᠡᠬᠦᠷᠡᠰᠤᠨ ᠳᠡᠬᠡᠬᠡᠪᠤᠷᠢᠯᠠᠯᠳᠠ ᠪᠤᠷᠤᠯᠠᠭᠤᠯᠤᠯᠳᠠ᠂ ᠬᠠᠳᠠᠭᠤ ᠬᠠᠶᠠᠭᠳᠠᠮᠠᠯ ᠰᠢᠭᠠᠷᠤ ᠶᠢᠨ ᠰᠢᠢᠤᠨᠪᠤᠷᠢᠯᠡᠯᠳᠠ᠂ ᠬᠦᠳᠡᠭᠡ ᠳᠤᠰᠬᠤᠨ ᠤ ᠬᠦᠴᠤᠷᠬᠡᠭᠵᠢᠯ ᠮᠠᠨᠳᠤᠯᠳᠠ᠂ ᠰᠢᠳᠠᠮᠠᠬᠠᠢ ᠬᠡᠢ᠂ ᠤᠰᠤᠨ ᠰᠤᠷᠪᠤᠯᠵᠢ ᠶᠢᠨ ᠶᠡᠷᠤᠩᠬᠡᠶᠢᠯᠡᠭᠰᠡᠨ ᠠᠰᠢᠭᠯᠠᠯᠳᠠ ᠵᠡᠷᠬᠡ ᠰᠢᠨ᠎ᠠ ᠡᠵᠡᠩᠨᠡᠯᠳᠠ ᠶᠢᠨ ᠬᠡᠯᠪᠡᠷᠢ ᠶᠢ ᠪᠦᠷᠢᠯᠳᠤᠬᠦᠯᠵᠤ᠂ ᠵᠠᠬ᠎ᠠ ᠳᠡᠯᠬᠡᠬᠦᠷ ᠢᠶᠠᠷ ᠤᠳᠤᠷᠢᠳᠤᠮᠵᠢ ᠪᠤᠯᠭᠠᠨ ᠳᠤᠤᠷ᠎ᠠ ᠪᠦᠳᠤᠮᠵᠢᠳᠤ ᠬᠦᠷᠤᠩᠬᠡ ᠶᠢ ᠢᠯᠭᠠᠷᠠᠭᠤᠯᠤᠨ᠂ ᠭᠤᠤᠯᠯᠠᠭᠴᠢ ᠬᠦᠷᠤᠩᠬᠡ ᠶᠢᠨ ᠦᠷᠢᠰᠤᠯᠳᠤᠬᠦ ᠬᠦᠴᠤ ᠶᠢ ᠳᠡᠬᠡᠭᠰᠢᠯᠡᠬᠦᠯᠵᠤ᠂ ᠤᠯᠤᠰ ᠤᠨ ᠦᠮᠴᠢᠯᠠᠯᠳᠤ ᠠᠵᠤ ᠠᠬᠤᠶᠢᠯᠠᠯ ᠤᠨ ᠦᠬᠡᠷᠡᠴᠢᠯᠡᠯᠳᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠦᠨᠵᠡᠬᠡᠶᠢᠷᠡᠬᠦᠯᠤᠨ ᠪᠤᠳᠠᠳᠠᠶᠢᠵᠢᠭᠤᠯᠬᠤ ᠶᠢ ᠠᠬᠢᠭᠤᠯᠤᠨ᠎ᠠ᠃ ᠨᠢᠬᠡᠨᠳᠠ ᠨᠠᠶᠢᠳᠡᠯᠡᠭᠰᠡᠨ 18 ᠲᠦᠷᠤᠯ ᠤᠨ ᠬᠢᠨᠠᠯᠳᠠ ᠬᠠᠮᠢᠶᠠᠷᠤᠯᠳᠠ ᠶᠢᠨ ᠲᠦᠷᠢᠮ ᠪᠠ 53 ᠲᠦᠷᠤᠯ ᠤᠨ ᠬᠠᠷᠢᠭᠤᠴᠠᠯᠭ᠎ᠠ ᠶᠢᠨ ᠵᠤᠶᠢᠯᠡᠰ ᠤᠨ ᠨᠠᠷᠢᠨ ᠳᠠᠩᠰᠠᠨ ᠳᠤ ᠲᠦᠰᠢᠭᠯᠡᠨ᠂ ᠬᠤᠰᠢᠭᠤ ᠬᠠᠷᠢᠶᠠᠳᠤ ᠤᠯᠤᠰ ᠤᠨ ᠦᠮᠴᠢᠯᠠᠯᠳᠤ ᠠᠵᠤ ᠠᠬᠤᠶᠢᠯᠠᠯ ᠤᠨ ᠮᠦᠩᠬᠦᠨ ᠬᠦᠢᠯᠬᠡᠬᠡᠨ ᠤ ᠲᠦᠭᠰᠢᠬᠦᠷᠢ᠂ ᠰᠡᠷᠬᠡᠶᠢᠯᠡᠯᠳᠠ ᠰᠢᠢᠤᠨᠪᠤᠷᠢᠯᠡᠯᠳᠠ᠂ ᠬᠦᠳᠡᠯᠮᠤᠷᠢ ᠬᠦᠴᠤ ᠬᠡᠷᠡᠭᠯᠡᠯᠳᠠ᠂ ᠬᠠᠷᠢᠭᠤᠴᠠᠯᠭᠠᠳᠠᠨ ᠤ ᠴᠡᠯᠢᠩ ᠤᠯᠭᠤᠮᠵᠢ ᠵᠢᠴᠢ ᠠᠶᠤᠯᠬᠦᠢ ᠤᠶᠢᠯᠡᠤᠨᠪᠤᠷᠢᠯᠡᠯ ᠵᠡᠷᠬᠡ ᠳᠠᠯ᠎ᠠ  ᠶᠢᠨ ᠬᠢᠨᠠᠯᠳᠠ ᠬᠠᠮᠢᠶᠠᠷᠤᠯᠳᠠ ᠶᠢ ᠴᠢᠩᠭᠠᠤᠨᠬᠠᠵᠤ᠂ ᠬᠢᠨᠠᠯᠳᠠ ᠳᠠᠯᠪᠢᠬᠤ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠪᠤᠳᠠᠳᠠᠶᠢᠵᠢᠭᠤᠯᠤᠨ᠎ᠠ᠃ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠡᠵᠡᠩᠨᠡᠯᠳᠠ ᠶᠢᠨ ᠪᠦᠳᠤᠮᠵᠢ ᠶᠢᠨ ᠬᠢᠨᠠᠨ ᠰᠢᠯᠭᠠᠯᠳᠠ ᠶᠢ ᠴᠢᠩᠭᠠᠤᠨᠬᠠᠨ᠂ ᠡᠵᠡᠩᠨᠡᠯᠳᠠ ᠶᠢᠨ ᠤᠷᠤᠯᠭ᠎ᠠ᠂ ᠠᠰᠢᠭ ᠬᠤᠨᠵᠢᠪᠤᠷᠢ  ᠶᠢᠨ ᠶᠡᠷᠤᠩᠬᠡᠢ ᠦᠷᠳᠡᠭ᠂ ᠳᠡᠬᠡᠭᠰᠢ ᠳᠤᠰᠢᠶᠠᠬᠤ ᠭᠠᠶᠢᠯᠢ ᠮᠦᠩᠬᠦ᠂ ᠤᠯᠤᠰ ᠤᠨ ᠦᠮᠴᠢᠯᠡᠯᠳᠤ ᠬᠦᠷᠤᠩᠬᠡ ᠶᠢᠨ ᠠᠰᠢᠭ ᠤᠷᠤᠯᠭ᠎ᠠ ᠵᠡᠷᠬᠡ ᠬᠦᠢᠴᠡᠤᠨᠬᠡᠯ ᠢ ᠬᠢᠨᠠᠨ ᠰᠢᠯᠭᠠᠯᠳᠠ ᠶᠢᠨ ᠰᠢᠰᠲ᠋ᠧᠮ ᠳᠤ ᠤᠷᠤᠭᠤᠯᠵᠤ᠂ ᠡᠵᠡᠩᠨᠡᠯᠳᠠ ᠶᠢᠨ ᠬᠢᠨᠠᠨ ᠰᠢᠯᠭᠠᠯᠳᠠ ᠶᠢᠨ ︽ᠤᠳᠤᠷᠢᠳᠤᠮᠵᠢ︾ ᠪᠠ ︽ᠴᠢᠭᠯᠡᠯ︾ ᠤᠨ ᠤᠶᠢᠯᠡᠳᠤᠯ ᠢ ᠪᠠᠳᠠᠷᠠᠭᠤᠯᠤᠨ᠎ᠠ᠃ ᠦᠮᠴᠢᠯᠡᠬᠦ ᠡᠷᠬᠡ ᠶᠢᠨ ᠳᠠᠩᠰᠠᠯᠠᠯᠳᠠ ᠶᠢᠨ ᠳᠠᠪᠴᠠᠩ ᠢ ᠲᠦᠬᠡᠮᠡᠯᠵᠢᠬᠦᠯᠤᠨ᠂ ᠵᠠᠰᠠᠭ ᠵᠠᠬᠢᠷᠭ᠎ᠠ ᠠᠵᠢᠯ ᠤᠶᠢᠯᠡᠰ ᠤᠨ ᠨᠢᠬᠡᠴᠠ ᠶᠢᠨ ᠡᠳ᠋ ᠬᠦᠷᠤᠩᠬᠡ ᠶᠢᠨ ᠡᠳᠤᠷ ᠳᠤᠳᠤᠮ ᠤᠨ ᠬᠢᠨᠠᠯᠳᠠ ᠬᠠᠮᠢᠶᠠᠷᠤᠯᠳᠠ ᠶᠢ ᠴᠢᠩᠭᠠᠤᠨᠬᠠᠵᠤ᠂ ᠡᠳ᠋ ᠬᠦᠷᠤᠩᠬᠡ ᠶᠢᠨ ᠬᠡᠷᠡᠭᠯᠡᠯᠳᠠ᠂ ᠰᠢᠢᠤᠨᠪᠤᠷᠢᠯᠠᠯᠳᠠ᠂ ᠦᠨᠡᠯᠡᠨ ᠵᠢᠱᠢᠯᠳᠠ ᠵᠢᠴᠢ ᠬᠦᠷᠤᠩᠬᠡ ᠶᠢᠨ ᠪᠦᠷᠢᠤᠨᠬᠡᠯ ᠬᠠᠷᠭᠤᠭᠤᠯᠤᠯᠳᠠ ᠶᠢᠨ ᠠᠵᠢᠯ ᠢ ᠰᠠᠶᠢᠳᠤᠷ ᠬᠢᠨ᠂ ᠤᠯᠤᠰ ᠤᠨ ᠦᠮᠴᠢᠯᠠᠯᠳᠤ ᠬᠦᠷᠤᠩᠬᠡ ᠶᠢᠨ ᠬᠢᠨᠠᠯᠳᠠ ᠬᠠᠮᠢᠶᠠᠷᠤᠯᠳᠠ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃     ᠲᠦᠯᠤᠬᠡᠯᠡᠭᠴᠢᠤᠨ ᠡ᠂ 2023 ᠤᠨ ᠳᠤ ᠡᠳ᠋ ᠤᠨ ᠵᠠᠰᠠᠭ ᠤᠨ ᠠᠵᠢᠯ ᠳᠤ ᠳᠤᠯᠭᠠᠷᠠᠬᠤ ᠬᠦᠴᠢᠷᠳᠠᠯ ᠨᠠᠩ ᠠᠷᠪᠢᠨ᠂ ᠡᠬᠦᠷᠬᠡ ᠨᠠᠩ ᠬᠦᠨᠳᠤ᠂ ᠳᠠᠷᠤᠯᠳᠠ ᠨᠠᠩ ᠶᠡᠭᠡ ᠪᠤᠢ᠃ ᠪᠢᠳᠠ ᠦᠷᠬᠦᠯᠵᠢᠯᠡᠨ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭᠳᠤ ᠨᠠᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠳᠤᠤᠱᠯᠠᠭᠤᠯᠵᠤ᠂ ᠬᠤᠰᠢᠭᠤ ᠨᠠᠮ ᠤᠨ ᠬᠤᠷᠢᠶ᠎ᠠ᠂ ᠬᠤᠰᠢᠭᠤ ᠵᠠᠰᠠᠭ ᠤᠨ ᠤᠷᠳᠤᠨ ᠤ ᠡᠯ᠎ᠡ ᠰᠢᠢᠤᠨᠪᠤᠷᠢ ᠪᠠᠶᠢᠷᠢᠯᠠᠭᠤᠯᠤᠯᠳᠠ ᠶᠢ ᠪᠦᠬᠦ ᠳᠠᠯ᠎ᠠ ᠪᠠᠷ ᠳᠤᠤᠱᠯᠠᠭᠤᠯᠵᠤ ᠨᠠᠶᠢᠳᠠᠪᠤᠷᠢᠵᠢᠭᠤᠯᠤᠨ᠂ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠬᠢᠨᠠᠯᠳᠠ ᠵᠢᠯᠤᠭᠤᠳᠤᠯᠭ᠎ᠠ ᠶᠢ ᠤᠬᠠᠮᠰᠠᠷ ᠠᠴᠠ ᠪᠠᠨ ᠬᠦᠯᠢᠶᠡᠵᠤ᠂ ᠤᠯᠤᠰ ᠲᠦᠷᠤ ᠶᠢᠨ ᠵᠦᠪᠯᠡᠯᠬᠡᠨ ᠤ ᠰᠠᠨᠠᠯ ᠰᠠᠨᠠᠭᠤᠯᠭ᠎ᠠ ᠶᠢ ᠬᠢᠨᠠᠮᠠᠭᠠᠢ ᠰᠤᠨᠤᠰᠤᠨ᠂ ᠠᠵᠤ ᠠᠬᠤᠢ ᠶᠢ ᠳᠤᠭᠳᠠᠪᠤᠷᠢᠵᠢᠭᠤᠯᠬᠤ ᠠᠷᠭ᠎ᠠ ᠠᠪᠴᠠᠯ ᠢ ᠦᠷᠬᠦᠯᠵᠢᠯᠡᠨ ᠰᠠᠶᠢᠳᠤᠷ ᠨᠠᠶᠢᠳᠠᠪᠤᠷᠢᠵᠢᠭᠤᠯᠵᠤ᠂ ᠠᠷᠠᠤᠨ  ᠤᠨ ᠠᠮᠢᠳᠤᠷᠠᠯ ᠢ ᠦᠷᠬᠦᠯᠵᠢᠬᠦᠶᠢᠴᠠ ᠪᠠᠳᠤᠯᠠᠵᠤ ᠰᠠᠶᠢᠵᠢᠷᠠᠭᠤᠯᠤᠨ᠂ ᠰᠢᠨᠵᠢᠯᠡᠬᠦ ᠤᠬᠠᠭᠠᠨᠴᠢ ᠬᠠᠤᠯᠢ ᠶᠤᠰᠤᠭᠠᠷ ᠡᠳ᠋ ᠤᠨ ᠵᠠᠰᠠᠭ ᠢ ᠬᠠᠮᠢᠶᠠᠷᠬᠤ ᠶᠢ ᠪᠠᠷᠢᠮᠳᠠᠯᠠᠵᠤ᠂ ᠪᠦᠬᠦ ᠬᠤᠰᠢᠭᠤᠨ ᠤ ᠡᠳ᠋ ᠤᠨ ᠵᠠᠰᠠᠭ ᠤᠨ ᠤᠶᠢᠯᠡᠰ ᠤᠨ ᠦᠷᠨᠢᠬᠦᠨ ᠬᠦᠭᠵᠢᠯᠳᠠ ᠶᠢ ᠠᠬᠢᠭᠤᠯᠤᠨ᠂ ᠮᠠᠨ ᠤ ᠬᠤᠰᠢᠭᠤᠨ ᠤ ᠠᠵᠤ ᠠᠬᠤᠢ ᠨᠠᠶᠢᠬᠡᠮ ᠤᠨ ᠴᠢᠨᠠᠷᠯᠢᠭ ᠬᠦᠭᠵᠢᠯᠳᠠ ᠳᠤ ᠰᠢᠨ᠎ᠠ ᠬᠤᠪᠢ ᠨᠡᠮᠡᠷᠢ ᠪᠠᠨ ᠦᠵᠡᠬᠦᠯᠰᠤᠬᠡᠢ᠃
ᠢᠷᠡᠯᠲᠡ᠄ ᠬᠤᠰᠢᠭᠤ ᠠᠷᠪᠠᠨ ᠨᠢᠬᠡᠳᠣᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠬᠤᠷᠠᠯᠳᠣᠭᠠᠨ