ᠤᠳᠤᠭ ᠤᠨ ᠡᠮᠤᠨᠡᠳᠤ ᠬᠤᠰᠢᠭᠤᠨ ᠤ 2022 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ | ᠬᠦᠭᠵᠢᠯᠳᠠ ᠶᠢᠨ ᠲᠦᠯᠤᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠬᠡᠤᠨ 2023 ᠤᠨ ᠤ ᠤᠯᠤᠰ ᠠᠷᠠᠤᠨ ᠤᠨ | ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢᠨ ᠲᠦᠰᠤᠯ ᠤᠨ ᠮᠡᠳᠡᠬᠦᠯᠤᠯᠳᠠ | | | — 2023 ᠤᠨ ᠤ 1 ᠰᠠᠷ᠎ᠠ ᠶᠢᠨ 6 ᠤ ᠡᠳᠤᠷ ᠤᠳᠤᠭ ᠤᠨ ᠡᠮᠤᠨᠡᠳᠤ ᠬᠤᠰᠢᠭᠤᠨ ᠤ ᠠᠷᠪᠠᠨ ᠨᠢᠬᠡᠳᠤᠬᠡᠷ | ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠬᠡᠷ᠎ᠠ | | | ᠤᠳᠤᠭ ᠤᠨ ᠡᠮᠤᠨᠡᠳᠤ ᠬᠤᠰᠢᠭᠤᠨ ᠤ ᠬᠦᠭᠵᠢᠬᠦᠯᠤᠯᠳᠠ ᠪᠤᠯᠤᠨ ᠦᠬᠡᠷᠡᠴᠢᠯᠠᠯᠳᠠ ᠶᠢᠨ ᠵᠥᠪᠯᠡᠯ | | | ᠲᠦᠯᠤᠬᠡᠯᠡᠭᠴᠢᠤᠨ ᠡ ᠄ | ᠬᠤᠰᠢᠭᠤ ᠠᠷᠠᠤᠨ ᠤᠨ ᠵᠠᠰᠠᠭ ᠤᠨ ᠤᠷᠳᠤᠨ ᠤ ᠨᠠᠶᠢᠳᠠᠯᠭ᠎ᠠ ᠪᠠᠷ᠂ ᠶᠡᠭᠡ ᠬᠤᠷᠠᠯ ᠳᠤ 2022 ᠤᠨ ᠤ ᠤᠯᠤᠰ ᠠᠷᠠᠤᠨ ᠤᠨ ᠠᠵᠤ ᠠᠬᠤᠢ ᠪᠤᠯᠤᠨ | ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠬᠡᠤᠨ 2023 ᠣᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ | ᠬᠦᠭᠵᠢᠯᠳᠠ ᠶᠢᠨ ᠲᠦᠯᠤᠪᠯᠡᠭᠡ ᠶᠢᠨ ᠳᠦᠰᠤᠯ ᠤᠨ ᠮᠡᠳᠡᠬᠦᠯᠤᠯᠳᠠ ᠬᠢᠶ᠎ᠠ᠃ ᠲᠥᠯᠥᠭᠡᠯᠡᠭᠴᠢᠳ ᠬᠢᠨᠠᠨ ᠵᠥᠪᠯᠡᠵᠥ᠂ ᠤᠯᠤᠰ ᠲᠦᠷᠤ ᠶᠢᠨ ᠵᠦᠪᠯᠡᠯᠬᠡᠨ ᠤ | ᠬᠡᠰᠢᠬᠦᠤᠨ ᠪᠤᠯᠤᠨ ᠰᠤᠯᠠ ᠤᠷᠤᠯᠴᠠᠭᠰᠠᠤᠨ ᠰᠠᠨᠠᠯ ᠢᠶᠠᠨ ᠳᠡᠪᠰᠢᠬᠦᠯᠬᠦ ᠪᠤᠯᠪᠠᠤ᠃ | ᠨᠢᠬᠡ᠂ 2022 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠬᠦᠯᠤᠯᠳᠠ ᠶᠢᠨ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ | ᠲᠤᠰ ᠵᠢᠯ ᠤᠨ ᠲᠤᠷᠰᠢ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠷᠴᠢᠳᠤ ᠤᠳᠤᠷᠢᠳᠤᠯᠭ᠎ᠠ ᠪᠠ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠣᠯᠣᠰ ᠲᠦᠷᠦ ᠶᠢᠨ ᠵᠦᠪᠯᠡᠯᠭᠡᠨ ᠤ ᠬᠢᠨᠠᠯᠲᠠ ᠳᠡᠮᠵᠢᠯᠬᠡ ᠳᠣᠣᠷ᠎ᠠ᠂ ᠬᠤᠰᠢᠭᠤ ᠲᠠᠶᠠᠭᠠᠷ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭᠲᠤ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠠ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ | ᠬᠦᠨᠵᠡᠬᠡᠢ ᠲᠤᠤᠱᠯᠠᠭᠤᠯᠵᠤ ᠨᠠᠶᠢᠲᠠᠪᠤᠷᠢᠵᠢᠭᠤᠯᠤᠨ᠂ ᠬᠢᠵᠢᠭ ᠤᠨ ᠪᠠᠶᠢᠳᠠᠯ ᠤᠨ ᠰᠡᠷᠭᠡᠶᠢᠯᠡᠨ ᠡᠵᠡᠮᠳᠡᠯᠳᠡ ᠬᠢᠭᠡᠳ ᠠᠵᠤ ᠠᠬᠤᠢ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠢ ᠲᠦᠯᠦᠪᠯᠡᠵᠦ᠂ ︽ᠳᠥᠷᠪᠡᠨ ᠣᠷᠣᠨ︾ ᠤ ᠪᠠᠶᠢᠭᠤᠯᠤᠯᠲᠠ ᠶᠢ ᠭᠤᠶᠢᠪᠢᠰᠢ ᠦᠭᠡᠢ ᠠᠬᠢᠭᠤᠯᠤᠨ᠂ ᠬᠤᠰᠢᠭᠤ ᠠᠷᠪᠠᠨ ᠨᠢᠭᠡᠳᠦᠬᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠣᠭᠠᠷ ᠬᠤᠷᠠᠯᠳᠣᠭᠠᠨ ᠠᠴᠠ ᠲᠣᠭᠲᠠᠭᠠᠭᠰᠠᠨ ᠡᠯ᠎ᠡ ᠲᠦᠷᠦᠯ ᠤᠨ ᠬᠠᠷᠠᠯᠲᠠ ᠡᠭᠦᠷᠭᠡ ᠶᠢ ᠨᠡᠯᠢᠶᠡᠳ | ᠴᠢᠨᠠᠷᠯᠢᠭ ᠪᠡᠶᠡᠯᠡᠬᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠤᠭᠳᠠᠭᠤᠨ ᠤ ᠳᠤᠮᠳᠠ ᠰᠠᠶᠢᠵᠢᠷᠠᠭᠤᠯᠵᠤ᠂ ᠳᠤᠭᠳᠠᠭᠤᠨ ᠤ ᠳᠤᠮᠳᠠ ᠰᠢᠯᠢᠳᠡᠭᠵᠢᠬᠦᠯᠪᠡ᠃ | | ︵ᠨᠢᠬᠡ︶ ᠠᠵᠤ ᠠᠬᠤᠢ ᠶᠢᠨ ᠡᠷᠬᠢᠯᠳᠡ ᠶᠢᠨ ᠴᠢᠨᠠᠷᠵᠢᠯ ᠢ ᠳᠡᠭᠡᠭᠰᠢᠯᠡᠬᠦᠯᠪᠡ᠃ ᠲᠥᠪ᠂ ᠣᠷᠣᠨ᠂ ᠬᠤᠲᠠ ᠶᠢᠨ ᠠᠵᠤ ᠠᠬᠤᠢ ᠶᠢ ᠲᠣᠭᠲᠠᠪᠤᠷᠢᠵᠢᠭᠤᠯᠬᠤ | ᠲᠤᠬᠠᠢ ᠡᠯ᠎ᠡ ᠰᠢᠢᠳᠪᠥᠷᠢ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠵᠤ ᠨᠠᠶᠢᠳᠠᠪᠤᠷᠢᠵᠢᠭᠤᠯᠤᠨ᠂ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠭᠥᠢᠴᠡᠳ | ᠪᠠᠳᠠᠷᠠᠭᠤᠯᠵᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠬᠡᠷᠡᠭᠯᠡᠭᠡ ᠶᠢ ᠠᠬᠢᠭᠤᠯᠬᠤ᠂ ᠠᠵᠤ ᠠᠬᠤᠶᠢᠯᠠᠯ ᠤᠳ ᠢ ᠬᠠᠪᠰᠤᠷᠤᠨ ᠬᠦᠴᠢᠷᠳᠡᠯ ᠢ | ᠰᠢᠢᠳᠪᠦᠷᠢᠯᠡᠬᠦ ᠵᠡᠷᠭᠡ ᠬᠦᠷᠢᠶᠡᠨ ᠳᠤ ᠰᠢᠨᠡᠴᠢᠯᠡᠯ ᠲᠠᠢ ᠪᠣᠳᠣᠯᠭ᠎ᠠ ᠬᠡᠷᠡᠭᠵᠢᠬᠦᠯᠦᠨ᠂ ᠠᠵᠤ ᠠᠬᠤᠢ ᠶᠢ ᠲᠣᠭᠲᠠᠪᠤᠷᠢᠵᠢᠭᠤᠯᠬᠤ ᠲᠥᠭᠦᠷ 46 ᠵᠥᠢᠯ ᠤᠨ ᠠᠷᠭ᠎ᠠ | ᠠᠪᠴᠠᠯ ᠢ ᠲᠤᠭᠲᠠᠭᠠᠵᠤ᠂ ᠪᠥᠬᠦ ᠬᠤᠰᠢᠭᠤᠨ ᠤ ᠠᠵᠤ ᠠᠬᠤᠢ ᠶᠢᠨ ᠦᠨᠳᠦᠰᠦᠨ ᠪᠠᠶᠢᠳᠠᠯ ᠢ ᠪᠦᠲᠦᠮᠵᠢᠲᠡᠶ ᠲᠣᠭᠲᠠᠪᠤᠷᠢᠵᠢᠭᠤᠯᠪᠠ᠃ ᠠᠵᠤ ᠠᠬᠤᠢ ᠶᠢᠨ | ᠡᠷᠬᠢᠯᠳᠡ ᠶᠢᠨ ᠲᠣᠬᠢᠷᠠᠭᠤᠯᠤᠯᠲᠠ ᠶᠢ ᠴᠢᠩᠭᠠᠳᠬᠠᠨ᠂ ᠠᠵᠤ ᠠᠬᠤᠢ ᠶᠢᠨ ᠤᠷᠢᠳᠴᠢᠯᠡᠯ ᠭᠥᠢᠴᠡᠳᠭᠡᠯ ᠲᠤᠭ᠎ᠠ ᠶᠢᠨ ᠬᠤᠪᠢᠷᠠᠯᠲᠠ ᠶᠢ ᠨᠢᠭᠲᠠ ᠠᠩᠬᠠᠷᠤᠨ ᠨᠠᠷᠢᠯᠢᠭ | ᠮᠠᠭᠠᠳᠯᠠᠵᠤ ᠭᠦᠨᠵᠡᠭᠡᠢ ᠵᠠᠳᠠᠯᠤᠨ ᠰᠢᠨᠵᠢᠯᠡᠬᠦ ᠤᠬᠠᠭᠠᠨᠴᠢ ᠪᠠᠷ ᠠᠷᠭᠠᠴᠠᠵᠤ᠂ ᠭᠤᠤᠯᠳᠠᠯᠭᠠᠳᠤ ᠭᠥᠢᠴᠡᠳᠭᠡᠯ ᠵᠢᠭᠠᠯᠳᠠ ᠳᠤ ᠬᠢ ᠪᠦᠬᠦ ᠵᠢᠯ ᠤᠨ ᠵᠢᠱᠢᠭᠰᠡᠨ ᠬᠠᠷᠠᠯᠲᠠ | ᠡᠭᠦᠷᠭᠡ ᠪᠠᠨ ᠠᠮᠵᠢᠯᠲᠠᠲᠠᠢ ᠪᠠᠶᠡᠯᠡᠭᠦᠯᠪᠡ᠃ 2022 ᠣᠨ ᠳᠤ᠂ ᠪᠥᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠥᠩᠭᠡᠢ ᠥᠷᠲᠡᠭ 220.4 | ᠳ᠋ᠦᠩᠰᠢᠭᠤᠷ ᠲᠥᠭᠦᠷᠢᠭ ᠲᠤ ᠬᠦᠷᠦᠨ᠂ 11% ᠪᠠᠷ ᠨᠡᠮᠡᠭᠳᠡᠪᠡ︔ ᠲᠣᠭᠲᠠᠮᠠᠯ ᠭᠥᠷᠥᠩᠭᠡ ᠶᠢᠨ ᠪᠡᠯᠡ ᠣᠷᠣᠭᠤᠯᠤᠯᠲᠠ 22.6% ᠪᠠᠷ ᠨᠡᠮᠡᠭᠳᠡᠪᠡ︔ | ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ 17.2 ᠳ᠋ᠦᠩᠰᠢᠭᠤᠷ ᠲᠥᠭᠦᠷᠢᠭ ᠪᠡᠶᠡᠯᠡᠬᠦᠯᠵᠦ᠂ 39.8% ᠪᠠᠷ ᠨᠡᠮᠡᠭᠳᠡᠭᠦᠯᠪᠡ︔ ᠬᠤᠲᠠ | ᠬᠥᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 54120 ᠲᠥᠭᠦᠷᠢᠭ ᠪᠠ 26080 | ᠲᠥᠭᠦᠷᠢᠭ ᠲᠤ ᠬᠦᠷᠦᠨ᠂ ᠲᠣᠰ ᠲᠣᠰ 5% ᠪᠠ 7% ᠪᠠᠷ ᠨᠡᠮᠡᠭᠳᠡᠪᠡ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠨᠡᠮᠡᠭᠳᠡᠯ ᠤᠨ | ᠬᠤᠷᠳᠣᠴᠠ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠤᠨ ᠨᠡᠮᠡᠭᠳᠡᠯ ᠤᠨ ᠬᠤᠷᠳᠣᠴᠠ᠂ ᠡᠩ ᠤᠨ ᠨᠠᠶᠢᠲᠠ ᠶᠢᠨ ᠲᠦᠰᠦᠪ | ᠤᠨ ᠣᠷᠣᠯᠭ᠎ᠠ ᠶᠢᠨ ᠨᠡᠮᠡᠭᠳᠡᠯ᠂ ᠮᠠᠯᠵᠢᠬᠤ ᠲᠠᠷᠢᠶᠠᠯᠠᠬᠤ ᠤᠷᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠡᠵᠡᠮᠳᠡᠵᠦ ᠪᠤᠯᠬᠤ ᠣᠷᠣᠯᠭ᠎ᠠ | ᠶᠢᠨ ᠶᠡᠷᠦᠩᠬᠡᠢ ᠬᠡᠮᠵᠢᠶ᠎ᠡ ᠪᠦᠬᠦ ᠬᠤᠲᠠ ᠶᠢᠨ ᠲᠠᠷᠢᠬᠦᠨ ᠳᠤ ᠪᠠᠶᠢᠷᠢᠯᠠᠪᠠ᠃ | ︵ᠬᠤᠶᠠᠷ︶ ᠬᠦᠭᠵᠢᠯᠲᠡ ᠶᠢᠨ ᠬᠦᠳᠡᠯᠬᠡᠬᠦ ᠬᠦᠴᠦᠨ ᠤ ᠦᠷ᠎ᠡ ᠠᠰᠢᠭ ᠢ ᠳᠡᠭᠡᠭᠰᠢᠯᠡᠬᠦᠯᠪᠡ᠃ ︽ᠲᠥᠷᠥᠯ ᠵᠥᠢᠯ ᠢ ᠠᠳᠬᠤᠨ᠂ | ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠵᠤ᠂ ᠬᠥᠭᠵᠢᠯᠲᠡ ᠶᠢ ᠠᠬᠢᠭᠤᠯᠬᠤ︾ ᠪᠤᠭᠤᠮᠳᠠ ᠰᠢᠪᠳᠤᠯᠬᠤ ᠣᠨ ᠤ ᠠᠵᠢᠯᠯᠠᠭ᠎ᠠ ᠶᠢ ᠲᠤᠤᠱᠳᠠᠢ ᠬᠡᠷᠡᠭᠵᠢᠭᠦᠯᠵᠦ᠂ | ᠴᠢᠬᠤᠯᠠ ᠲᠥᠷᠥᠯ ᠵᠥᠢᠯ ᠤᠳ ᠤᠨ ᠪᠠᠶᠢᠭᠤᠯᠤᠯᠲᠠ ᠶᠢ ᠴᠠᠭ ᠲᠤᠬᠠᠢ ᠳᠤᠨᠢ ᠲᠤᠬᠢᠷᠠᠭᠤᠯᠤᠨ ᠲᠦᠷᠦᠯ ᠬᠤᠪᠢᠶᠠᠨ ᠬᠠᠮᠢᠶᠠᠷᠴᠤ᠂ ᠣᠨ ᠤ ᠪᠡᠯᠡ ᠣᠷᠣᠭᠤᠯᠣᠯᠲᠠ | ᠶᠢᠨ ᠡᠭᠦᠷᠭᠡ ᠪᠠᠨ ᠳᠠᠪᠠᠭᠤᠯᠵᠤ ᠪᠡᠶᠡᠯᠡᠬᠦᠯᠦᠨ᠂ ᠪᠦᠲᠦᠮᠵᠢᠲᠡᠶ ᠪᠡᠯᠡ ᠣᠷᠣᠭᠤᠯᠤᠯᠲᠠ ᠶᠢ ᠦᠷᠭᠦᠯᠵᠢᠯᠡᠨ ᠦᠷᠬᠡᠳᠬᠡᠵᠦ᠂ ᠪᠦᠬᠦ ᠬᠤᠰᠢᠭᠤᠨ ᠤ 96 ᠴᠢᠬᠤᠯᠠ | ᠶᠡᠭᠡ ᠲᠥᠷᠥᠯ ᠵᠦᠢᠯ ᠳᠤ 82.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠣᠨ᠂ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ 102% ᠲᠤ | ᠬᠥᠷᠪᠡ︔ ᠬᠤᠳᠠ ᠶᠢᠨ ᠲᠡᠰ ᠠᠴᠠ ᠲᠤᠬᠢᠷᠠᠭᠤᠯᠬᠤ ᠳ᠋ᠦᠩᠰᠢᠭᠤᠷ ᠲᠦᠬᠦᠷᠢᠭ ᠠᠴᠠ ᠳᠡᠭᠡᠭᠰᠢᠬᠢ 23 ᠴᠢᠬᠤᠯᠠ ᠲᠥᠷᠥᠯ ᠵᠥᠢᠯ ᠳᠤ 75.8 ᠳ᠋ᠦᠩᠰᠢᠭᠤᠷ | ᠲᠥᠭᠦᠷᠢᠭ ᠤᠨ ᠪᠡᠯᠡ ᠤᠷᠤᠭᠤᠯᠵᠤ᠂ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠨᠤᠷᠮ᠎ᠠ 113% ᠳᠤ ᠬᠦᠷᠪᠡ᠃ ᠲᠦᠷᠦᠯ ᠵᠦᠢᠯ ᠤᠨ ᠡᠨᠧᠷᠬᠢ ᠶᠢᠨ | ᠬᠤᠷᠤᠭᠳᠠᠯ ᠤᠨ ᠬᠦᠴᠦᠨ ᠵᠥᠢᠯ ᠤᠨ ᠪᠠᠲᠤᠯᠠᠭ᠎ᠠ ᠶᠢ ᠴᠢᠩᠭᠠᠳᠬᠠᠨ᠂ ᠬᠤᠸᠠ ᠰᠢᠩ ᠤᠨ ᠨᠡᠭᠦᠷᠡᠰᠦ ᠪᠠᠷ ᠰᠢᠲᠠᠮᠠᠬᠠᠢ ᠬᠡᠢ ᠦᠢᠯᠡᠳᠬᠦ ᠲᠦᠷᠦᠯ ᠵᠦᠢᠯ ᠤᠨ | ᠡᠨᠧᠷᠬᠢ ᠶᠢᠨ ᠬᠤᠷᠤᠭᠳᠠᠯ ᠤᠨ ᠲᠣᠰᠠᠭᠠᠷ ᠴᠣᠪᠣᠷᠠᠯ ᠢ ᠣᠯᠣᠰ ᠤᠨ ᠬᠦᠭᠵᠢᠬᠦᠯᠦᠯᠲᠡ ᠦᠬᠡᠷᠡᠴᠢᠯᠡᠯᠲᠡ ᠶᠢᠨ ᠵᠦᠪᠯᠡᠯ ᠳᠤ ᠮᠡᠳᠡᠬᠦᠯᠵᠦ᠂ ᠷᠦᠨ ᠶᠠᠩ ᠶᠤᠸᠠᠢ ᠳ᠋ᠠ᠂ | ᠺᠧ ᠰᠧ ᠵᠡᠷᠭᠡ ᠲᠥᠷᠥᠯ ᠵᠦᠢᠯ ᠤᠨ ᠡᠨᠧᠷᠭᠢ ᠠᠷᠪᠢᠯᠠᠬᠤ ᠮᠡᠳᠡᠭᠦᠯᠦᠯᠲᠡ ᠦᠪᠡᠷᠲᠡᠭᠡᠨ ᠵᠠᠰᠠᠬᠤ ᠤᠷᠤᠨ᠂ ᠬᠤᠲᠠ ᠶᠢᠨ ᠬᠦᠭᠵᠢᠬᠦᠯᠦᠯᠲᠡ ᠦᠬᠡᠷᠡᠴᠢᠯᠡᠯᠲᠡ ᠶᠢᠨ | ᠵᠦᠪᠯᠡᠯ ᠤᠨ ᠴᠣᠬᠤᠯᠠᠪᠤᠷᠢ ᠤᠯᠪᠠ᠃ ᠬᠤᠳᠠᠯᠳᠣᠭᠠᠴᠢᠨ ᠤᠷᠢᠵᠤ ᠪᠡᠯᠡ ᠲᠠᠳᠠᠬᠤ ᠡᠷᠴᠢᠮ ᠢᠶᠠᠨ ᠴᠢᠩᠭᠠᠷᠠᠭᠤᠯᠤᠨ᠂ ︽ᠬᠡᠯᠬᠢᠶᠡᠵᠢᠯ ᠤᠨ ᠲᠠᠷᠤᠭᠠᠴᠢ + ᠲᠤᠰᠬᠠᠢ | ᠪᠠᠭ︾ ᠤᠨ ᠠᠵᠢᠯᠯᠠᠪᠤᠷᠢ ᠶᠢ ᠬᠡᠷᠡᠭᠵᠢᠬᠦᠯᠵᠦ᠂ ᠰᠢᠨ᠎ᠡ ᠡᠨᠧᠷᠭᠢ᠂ ᠪᠤᠬᠢᠷᠳᠤᠯ ᠥᠭᠡᠢ ᠤᠰᠤᠲᠥ᠋ᠷᠥᠭᠴᠢ ᠡᠨᠧᠷᠭᠢ ᠬᠠᠳᠠᠭᠠᠯᠠᠯᠳᠠ ᠵᠡᠷᠭᠡ 10 ᠭᠤᠣᠯᠳᠠᠯᠭ᠎ᠠ ᠲᠠᠢ | ᠠᠵᠤ ᠦᠢᠯᠡᠰ ᠤᠨ ᠬᠡᠯᠬᠢᠶᠡᠵᠢᠯ ᠤᠨ ᠲᠣᠭᠤᠷᠢᠨ ᠳᠤ ᠪᠦᠬᠦ ᠵᠢᠯ ᠳᠤ ᠶᠡᠷᠦᠩᠬᠡᠢ ᠪᠡᠯᠡ ᠣᠷᠣᠭᠤᠯᠣᠯᠲᠠ 2500 ᠳ᠋ᠦᠩᠰᠢᠭᠤᠷ ᠲᠦᠬᠦᠷᠢᠭ ᠤᠨ 228 ᠲᠥᠷᠥᠯ | ᠵᠦᠢᠯ ᠢ ᠣᠷᠣᠭᠤᠯᠤᠨ ᠠᠪᠴᠢᠷᠠᠵᠤ᠂ 68.6 ᠳ᠋ᠦᠩᠰᠢᠭᠤᠷ ᠲᠥᠭᠦᠷᠢᠭ ᠪᠡᠯᠡ ᠣᠷᠣᠨᠵᠢᠭᠤᠯᠣᠨ᠂ ︽ᠪᠥᠬᠦ ᠠᠷᠠᠳ ᠢᠶᠠᠷ ᠢᠶᠠᠨ ᠬᠤᠳᠠᠯᠳᠣᠭᠠᠴᠢᠨ ᠤᠷᠢᠵᠤ᠂ | ᠪᠥᠭᠦᠳᠡ ᠣᠯᠠᠨ ᠢᠶᠠᠷ ᠢᠶᠠᠨ ᠪᠡᠯᠡ ᠲᠠᠳᠠᠬᠤ︾ ᠠᠵᠢᠯ ᠢᠯᠡᠳᠲᠡ ᠦᠷ᠎ᠡ ᠪᠦᠲᠦᠮᠵᠢ ᠣᠯᠪᠠ᠃ ᠴᠤᠬᠤᠯᠠᠪᠤᠷᠢᠯᠠᠯ ᠭᠥᠯᠢᠶᠡᠵᠤ ᠪᠠᠶᠢᠭ᠎ᠠ ᠲᠥᠷᠥᠯ ᠵᠥᠢᠯ᠂ ᠰᠤᠯᠠ | ᠪᠠᠶᠢᠬᠤ ᠭᠠᠵᠠᠷ ᠭᠥᠷᠥᠩᠭᠡ᠂ ᠳᠠᠷᠤᠭᠳᠠᠮᠠᠯ ᠪᠡᠯᠡ ᠮᠥᠩᠭᠦ᠂ ᠲᠤᠳᠠᠭᠤ ᠲᠤᠷᠭᠤᠨ ᠢᠨᠵᠧᠨᠧᠷᠢᠩ ᠬᠢᠭᠡᠳ ᠨᠡᠭᠡᠭᠡᠯᠳᠡ ᠶᠢᠨ ᠣᠷᠣᠨ ᠤ ᠪᠠᠶᠢᠭᠤᠯᠤᠯᠲᠠ ᠶᠢᠨ ︽ᠲᠠᠪᠤ | ᠶᠢ ᠲᠤᠶᠢᠯᠪᠤᠷᠢᠲᠠᠢ ᠰᠢᠢᠳᠪᠦᠷᠢᠯᠡᠬᠦ︾ ᠠᠵᠢᠯᠯᠠᠭ᠎ᠠ ᠶᠢ ᠪᠦᠬᠦ ᠲᠠᠯ᠎ᠠ ᠪᠠᠷ ᠡᠬᠢᠯᠡᠬᠦᠯᠦᠨ᠂ ᠡᠬᠢ ᠰᠤᠷᠪᠤᠯᠵᠢ ᠶᠢᠨ ᠠᠷᠪᠢᠲᠠᠢ ᠡᠷᠴᠢᠮᠳᠠᠢ ᠪᠦᠲᠦᠮᠵᠢᠲᠡᠶ ᠠᠰᠢᠭᠯᠠᠯᠳᠠ | ᠶᠢ ᠠᠬᠢᠭᠤᠯᠪᠠ᠃ ᠬᠡᠷᠡᠭᠯᠡᠭᠡ ᠶᠢ ᠬᠦᠭᠵᠢᠬᠡᠬᠦ ᠠᠷᠭ᠎ᠠ ᠬᠡᠮᠵᠢᠶ᠎ᠡ ᠪᠥᠳᠥᠮᠵᠢ ᠣᠯᠵᠣ᠂ ᠠᠷᠠᠯᠵᠢᠶ᠎ᠠ ᠬᠤᠳᠠᠯᠳᠤᠭᠠᠨ ᠤ ᠬᠡᠷᠡᠭᠯᠡᠭᠡ ᠶᠢ ᠲᠡᠰ ᠲᠡᠪᠰᠢᠭᠦᠯᠭᠦ ᠠᠵᠢᠯᠯᠠᠭ᠎ᠠ᠂ | ︽ᠨᠤᠳᠤᠭ ᠤᠷᠤᠨ ᠤ ᠵᠢᠭᠤᠯᠴᠢᠯᠠᠯ︾ ᠤᠨ ᠠᠰᠢᠭ ᠬᠦᠷᠲᠡᠭᠡᠬᠦ ᠠᠵᠢᠯᠯᠠᠭ᠎ᠠ ᠶᠢ ᠪᠦᠬᠦ ᠬᠦᠴᠦᠨ ᠢᠶᠠᠷ ᠰᠠᠶᠢᠲᠤᠷ ᠬᠢᠨ᠂ ᠵᠢᠵᠢᠭᠯᠡᠭᠰᠡᠨ ᠪᠤᠷᠤᠯᠠᠭᠤᠯᠭ᠎ᠠ᠂ ᠢᠳᠡᠭᠡᠨ | ᠤᠮᠳᠠᠭᠠᠨ᠂ ᠰᠥᠨᠢ ᠶᠢᠨ ᠵᠠᠬ᠎ᠠ ᠵᠡᠷᠭᠡ ᠭᠥᠭᠵᠢᠶᠡᠨᠳᠡᠢ ᠤᠷᠴᠢᠨ ᠳᠤ ᠤᠷᠮᠠᠰᠢᠭᠤᠯᠤᠨ ᠪᠤᠷᠤᠯᠠᠭᠤᠯᠬᠤ ᠠᠵᠢᠯᠯᠠᠭ᠎ᠠ ᠶᠢ 36 ᠤᠳᠠᠭ᠎ᠠ ᠦᠷᠨᠢᠬᠦᠯᠵᠦ᠂ ᠨᠡᠶᠢᠬᠡᠮ ᠤᠨ | ᠬᠡᠷᠡᠭᠯᠡᠬᠡᠨ ᠤ ᠲᠠᠸᠠᠷ ᠤᠨ ᠵᠢᠵᠢᠭᠯᠡᠭᠰᠡᠨ ᠪᠤᠷᠤᠯᠠᠭᠤᠯᠭ᠎ᠠ ᠶᠢ 26.3 ᠳ᠋ᠦᠩᠰᠢᠭᠤᠷ ᠲᠦᠬᠦᠷᠢᠭ ᠪᠡᠶᠡᠯᠡᠬᠦᠯᠦᠨ᠂ ᠠᠳᠠᠯᠢ ᠬᠤᠭᠤᠴᠠᠭᠠᠨ ᠤ ᠬᠢ ᠠᠴᠠ 4% ᠪᠠᠷ | ᠨᠡᠮᠡᠭᠳᠡᠪᠡ᠃ | ︵ᠭᠤᠷᠪᠠ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠬᠤᠷᠳᠤᠴᠠ ᠶᠢ ᠲᠥᠷᠭᠡᠳᠭᠡᠪᠡ᠃ ᠠᠵᠤ ᠠᠬᠤᠢ ᠶᠢᠨ ᠬᠥᠭᠵᠢᠯᠲᠡ ᠶᠢᠨ ᠶᠡᠭᠡ | ᠬᠠᠨᠳᠤᠰᠢ ᠳᠤ ᠢᠳᠡᠪᠬᠢᠲᠡᠢ ᠪᠠᠷ ᠵᠤᠬᠢᠴᠠᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠥᠷᠭᠡᠳᠭᠡᠨ᠂ | ᠰᠢᠨ᠎ᠡ ᠪᠠᠷ ᠬᠥᠭᠵᠢᠭᠰᠡᠨ ᠠᠵᠤ ᠦᠢᠯᠡᠰ ᠢ ᠲᠠᠰᠤᠷᠠᠯᠲᠠ ᠦᠭᠡᠢ ᠬᠦᠭᠵᠢᠬᠦᠯᠦᠨ ᠪᠤᠵᠠᠭᠠᠶᠢᠷᠠᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠬᠥᠳᠡᠯᠭᠡᠭᠴᠢ ᠭᠥᠴᠥᠨ | ᠢ ᠪᠣᠶᠢᠵᠢᠭᠤᠯᠤᠨ᠂ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠪᠠ᠃ | —— ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠡᠷᠴᠢᠮᠵᠢᠪᠡ᠃ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠭᠥᠴᠥᠯᠡᠨ | ᠨᠠᠶᠢᠳᠠᠪᠤᠷᠢᠵᠢᠭᠤᠯᠵᠤ᠂ ᠶᠡᠷᠥᠩᠭᠡᠢ ᠭᠠᠷᠭᠠᠯᠳᠠ ᠨᠢ 3590 ᠲᠦᠮᠡᠨ ᠲᠣᠨ ᠳᠤ ᠬᠦᠷᠬᠦ 9 ᠨᠡᠭᠦᠷᠡᠰᠦᠨ ᠠᠭᠤᠷᠬᠠᠢ ᠴᠤᠬᠤᠯᠠᠪᠤᠷᠢᠯᠠᠭᠤᠯᠤᠨ᠂ ᠪᠠᠶᠢᠭᠤᠯᠵᠤ | ᠲᠠᠭᠤᠰᠤᠭᠰᠠᠨ 7 ᠨᠡᠭᠦᠷᠡᠰᠦᠨ ᠠᠭᠤᠷᠬᠠᠢ ᠶᠢᠨ ᠠᠭᠤᠷᠬᠠᠢ ᠨᠡᠭᠡᠭᠡᠭᠦ ᠭᠠᠷᠳᠠᠮ ᠢ ᠴᠥᠮ ᠪᠥᠷᠢᠳᠥᠭᠦᠯᠵᠤ᠂ ᠨᠡᠭᠦᠷᠡᠰᠦᠨ ᠤ ᠭᠠᠷᠤᠯᠲᠠ 2100 ᠲᠦᠮᠡᠨ ᠲᠣᠨ | ᠲᠠᠪᠠᠨ᠂ ᠦᠢᠯᠡᠳᠬᠦᠨ ᠤ ᠥᠷᠲᠡᠭ ᠨᠢ 135.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 156.2% ᠢᠶᠠᠷ ᠨᠡᠮᠡᠭᠳᠡᠪᠡ᠃ | ᠱᠧᠩ ᠯᠦ ᠴᠠᠬᠢᠯᠭᠠᠨ ᠦᠢᠯᠡᠳᠪᠦᠷᠢ ᠶᠢᠨ ᠪᠥᠭᠦ ᠠᠵᠢᠯ ᠲᠣᠭᠲᠠᠭᠤᠨ ᠠᠬᠢᠵᠤ᠂ ᠤᠯᠤᠰ ᠤᠨ ᠡᠨᠧᠷᠭᠢ ᠶᠢᠨ 3 ᠨᠣᠮᠧᠷᠲᠤ ᠮᠠᠰᠢᠨ ᠴᠣᠭᠴᠠᠯᠠᠪᠤᠷᠢ ᠶᠢ ᠲᠤᠷᠰᠢᠵᠦ | ᠠᠵᠢᠯᠯᠠᠭᠤᠯᠤᠨ᠂ ᠤᠯᠤᠰ ᠤᠨ ᠴᠠᠬᠢᠯᠭᠠᠨ ᠤ ᠴᠠᠬᠢᠯᠭᠠᠨ ᠦᠢᠯᠡᠳᠪᠦᠷᠢ ᠶᠢᠨ 2 ᠵᠠᠭᠤᠨ ᠲᠦᠮᠡ ᠶᠢᠨ ᠮᠠᠰᠢᠨ ᠴᠣᠭᠴᠠᠯᠠᠪᠤᠷᠢ ᠶᠢ ᠲᠣᠣᠷ ᠲᠤ ᠬᠠᠮᠳᠤᠳᠬᠠᠵᠤ | ᠴᠠᠬᠢᠯᠭᠠᠨ ᠭᠠᠷᠭᠠᠵᠤ᠂ ᠴᠠᠩ ᠴᠧᠩ ᠴᠠᠬᠢᠯᠭᠠᠨ ᠦᠢᠯᠡᠳᠪᠦᠷᠢ ᠶᠢᠨ 2 ᠵᠠᠭᠤᠨ ᠲᠦᠮᠡ ᠶᠢᠨ ᠮᠠᠰᠢᠨ ᠴᠤᠭᠴᠠᠯᠠᠪᠤᠷᠢ ᠶᠢ ᠴᠠᠬᠢᠯᠭᠠᠨ ᠪᠤᠴᠠᠭᠠᠨ ᠬᠦᠷᠭᠡᠬᠦ ᠪᠠᠷ | ᠠᠵᠢᠯᠯᠠᠭᠤᠯᠤᠨ᠂ ᠨᠡᠶᠢᠳᠡ 188.3 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠵᠤ᠂ ᠡᠨᠧᠷᠭᠢ ᠶᠢᠨ ᠰᠤᠷᠪᠤᠯᠵᠢ ᠶᠢᠨ ᠪᠤᠬᠢᠷᠳᠤᠯ ᠥᠭᠡᠢ ᠥᠨᠳᠥᠷ | ᠪᠥᠳᠥᠮᠵᠢᠳᠥ ᠠᠰᠢᠭᠯᠠᠯᠳᠠ ᠶᠢ ᠪᠡᠶᠡᠯᠡᠭᠦᠯᠪᠡ᠃ ᠰᠢᠨ᠎ᠡ ᠡᠨᠧᠷᠭᠢ ᠶᠢᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠤᠯᠤᠰ ᠤᠨ ᠨᠠᠷᠠᠨ ᠡᠨᠧᠷᠬᠢ ᠰᠠᠯᠬᠢᠨ | ᠬᠦᠴᠦᠨ ᠤ ᠴᠠᠬᠢᠯᠭᠠᠨ ᠤ ᠲᠣᠮᠣ ᠰᠠᠭᠤᠷᠢᠨ ᠴᠤᠭᠴᠠᠯᠠᠬᠤ ᠲᠥᠷᠥᠯ ᠵᠦᠢᠯ ᠢ ᠠᠮᠵᠢᠯᠲᠠ ᠲᠠᠢ ᠲᠠᠩᠰᠠᠯᠠᠭᠤᠯᠤᠨ᠂ ᠷᠦᠨ ᠶᠠᠩ ᠶᠤᠸᠠᠢ ᠳ᠋ᠠ ᠶᠢᠨ ᠨᠠᠷᠠᠨ ᠡᠨᠧᠷᠬᠢ | ᠶᠢᠨ ᠪᠥᠬᠦ ᠬᠡᠯᠬᠢᠶᠡᠵᠢᠯ ᠤᠨ ᠲᠥᠷᠥᠯ ᠵᠦᠢᠯ ᠂ 91 ᠰᠠᠶ᠎ᠠ ᠸᠠᠲ ᠲᠠᠷᠬᠠᠢ ᠮᠠᠶ᠋ᠢᠭ ᠤᠨ ᠨᠠᠷᠠᠨ ᠡᠨᠧᠷᠬᠢ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ | ᠴᠣᠬᠤᠯᠠᠪᠤᠷᠢᠯᠠᠯ ᠣᠯᠵᠣ᠂ 4GW ᠰᠢᠨ᠎ᠡ ᠡᠨᠧᠷᠭᠢ ᠶᠢᠨ ᠲᠥᠷᠥᠯ ᠵᠦᠢᠯ ᠤᠨ ᠡᠮᠥᠨ᠎ᠡ ᠬᠤᠭᠤᠴᠠᠭᠠᠨ ᠤ ᠠᠵᠢᠯ ᠢ ᠱᠠᠯᠠᠪᠳᠠᠭᠤᠯᠵᠤ᠂ ᠰᠢᠨ᠎ᠡ ᠡᠨᠧᠷᠭᠢ ᠶᠢᠨ ᠠᠵᠤ | ᠦᠢᠯᠡᠰ ᠤᠨ ᠵᠠᠩᠭᠢᠯᠠᠭ᠎ᠠ ᠶᠢᠨ ᠦᠢᠯᠡᠳᠦᠯ ᠢ ᠦᠷᠭᠦᠯᠵᠢᠯᠡᠨ ᠴᠢᠩᠭᠠᠳᠬᠠᠪᠠ᠃ ᠰᠢᠲᠠᠮᠠᠬᠠᠢ ᠬᠡᠢ ᠶᠢᠨ ᠠᠵᠤ ᠦᠢᠯᠡᠰ ᠤᠨ ᠴᠢᠨᠠᠷᠯᠢᠭ ᠬᠥᠭᠵᠢᠯᠲᠡ ᠶᠢ ᠰᠢᠭᠤᠷᠬᠠᠢ | ᠠᠬᠢᠭᠤᠯᠵᠤ᠂ ᠬᠤᠸᠠ ᠰᠢᠩ ᠤᠨ 40 ᠳ᠋ᠦᠩᠰᠢᠭᠤᠷ ᠺᠥᠪ ᠮᠧᠲᠷ ᠤᠨ ᠨᠡᠭᠦᠷᠡᠰᠦ ᠪᠠᠷ ᠰᠢᠲᠠᠮᠠᠬᠠᠢ ᠬᠡᠢ ᠦᠶᠯᠡᠳᠬᠦ ᠨᠢᠭᠡᠳᠦᠬᠡᠷ ᠬᠤᠭᠤᠴᠠᠭᠠᠨ ᠤ ᠲᠥᠷᠥᠯ ᠵᠦᠢᠯ ᠢ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠴᠤᠬᠤᠯᠠᠪᠤᠷᠢᠯᠠᠯ ᠲᠤᠭᠤᠯᠤᠭᠤᠯᠤᠨ᠂ ᠶᠠ ᠬᠠᠢ ᠶᠢᠨ 60 ᠲᠦᠮᠡᠨ ᠲᠣᠨ ᠤ LNG ᠤᠨ | ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ ᠺᠧ ᠰᠧ᠂ ᠲᠢᠶᠠᠨ ᠯᠢ ᠹᠧᠩ᠂ ᠬᠤᠢ ᠹᠠᠩ ᠵᠢᠦ ᠰᠢᠩ ᠵᠡᠷᠭᠡ ᠲᠥᠷᠥᠯ ᠵᠦᠢᠯ ᠢ ᠪᠠᠶᠢᠭᠤᠯᠵᠤ ᠡᠬᠢᠯᠡᠨ᠂ | ᠰᠢᠲᠠᠮᠠᠬᠠᠢ ᠬᠡᠢ ᠶᠢᠨ ᠬᠤᠳᠳᠤᠭ ᠢ 360 ᠰᠢᠨ᠎ᠡ ᠥᠷᠥᠮᠳᠠᠵᠤ᠂ ᠰᠢᠲᠠᠮᠠᠬᠠᠢ ᠬᠡᠢ ᠶᠢᠨ ᠬᠤᠭᠤᠯᠠᠢ 255 ᠺᠢᠯᠣᠮᠧᠲᠷ ᠨᠡᠮᠡᠵᠤ ᠲᠡᠪᠢᠰᠥᠨ᠂ LNG ᠤᠨ | ᠭᠠᠷᠤᠯᠲᠠ 73 ᠲᠦᠮᠡᠨ ᠲᠣᠨ ᠳᠤ ᠬᠦᠷᠴᠦ᠂ ᠰᠢᠲᠠᠮᠠᠬᠠᠢ ᠬᠡᠢ ᠶᠢᠨ ᠭᠠᠷᠤᠯᠲᠠ 53 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ ᠲᠤ ᠬᠥᠷᠪᠡ᠃ | —— ᠮᠠᠯ ᠲᠠᠷᠢᠶᠠᠯᠠᠩ ᠤᠨ ᠠᠵᠤ ᠦᠢᠯᠡᠰ ᠢ ᠲᠦᠷᠬᠡᠳᠬᠡᠨ ᠬᠦᠭᠵᠢᠬᠦᠯᠪᠡ᠃ ︽ᠬᠥᠳᠡᠭᠡ ᠲᠤᠰᠬᠤᠨ ᠢ ᠭᠥᠴᠥᠷᠭᠡᠭᠵᠢᠭᠦᠯᠭᠦ ᠳᠠᠭᠤᠷᠢᠶᠠᠯ ᠣᠷᠣᠨ︾ | ᠤ ᠴᠤᠭᠴᠠᠯᠠᠯᠳᠠ ᠶᠢ ᠴᠢᠬᠤᠯᠠᠴᠢᠯᠠᠵᠤ᠂ ᠮᠠᠯ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠳᠤ ᠵᠤᠷᠢᠭᠤᠯᠤᠭᠰᠠᠨ ᠡᠯ᠎ᠡ ᠱᠠᠲᠤᠨ ᠤ ᠪᠡᠯᠡ ᠮᠥᠩᠭᠦ ᠶᠢ 1. | 73 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠤᠨ᠂ ᠰᠠᠭᠤᠷᠢ ᠲᠥᠭᠦᠭᠡᠷᠤᠮᠵᠢ᠂ ᠴᠢᠬᠢ ᠪᠤᠶᠢᠵᠢᠭᠤᠯᠭᠠ ᠶᠢᠨ ᠥᠢᠯᠡᠰ ᠵᠡᠷᠭᠡ 22 ᠲᠥᠷᠥᠯ ᠵᠦᠢᠯ ᠢ ᠡᠷᠬᠢᠯᠡᠨ | ᠬᠡᠷᠡᠭᠵᠢᠭᠦᠯᠵᠦ᠂ ᠡᠩ ᠤᠨ ᠭᠥᠯᠡᠮᠵᠢ ᠰᠠᠷᠠᠪᠴᠢ ᠶᠢ 484 ᠰᠠᠭᠤᠷᠢ᠂ 4 ᠮᠦ ᠲᠠᠯᠠᠪᠠᠢ ᠲᠠᠪᠠᠭ᠋ᠤ ᠵᠠᠯᠭᠠᠯᠳᠤᠭᠰᠠᠨ ᠭᠥᠯᠡᠮᠵᠢ ᠰᠠᠷᠠᠪᠴᠢ ᠶᠢ 80 ᠮᠦ ᠭᠠᠵᠠᠷ | ᠪᠠᠶᠢᠭᠤᠯᠤᠨ᠂ 2.1 ᠲᠦᠮᠡᠨ ᠪᠤᠰᠤᠭ᠎ᠠ ᠳᠦᠷᠪᠡᠯᠵᠢᠨ ᠮᠧᠲᠷ ᠪᠠᠭᠳᠠᠭᠠᠮᠵᠢᠳᠤ ᠭᠥᠷᠥᠭᠡᠨ ᠬᠠᠳᠠᠭᠠᠯᠠᠬᠤ ᠬᠥᠮᠥᠷᠭᠡ ᠴᠤᠭᠴᠠᠯᠠᠵᠤ᠂ ᠪᠥᠬᠦ ᠬᠤᠰᠢᠭᠤᠨ ᠤ | ᠲᠠᠷᠢᠮᠠᠯ ᠤᠨ ᠶᠡᠷᠦᠩᠬᠡᠢ ᠲᠠᠯᠠᠪᠠᠶ 84.6 ᠲᠦᠮᠡᠨ ᠮᠦ ᠳᠤ ᠬᠦᠷᠴᠦ᠂ ᠠᠮᠤ ᠪᠤᠳᠠᠭᠠᠨ ᠤ ᠤᠨᠠᠯᠲᠠ 12.8 ᠲᠦᠮᠡᠨ ᠲᠣᠨ ᠭᠥᠷᠳᠡᠯ᠎ᠡ ᠨᠡᠮᠡᠭᠳᠡᠨ᠂ ᠢᠳᠡᠰᠢᠨ | ᠨᠤᠭᠤᠭᠠᠨ ᠤ ᠤᠨᠠᠯᠲᠠ 10.9 ᠲᠦᠮᠡᠨ ᠲᠣᠨ ᠪᠤᠯᠳᠠᠯ᠎ᠠ ᠡᠯᠪᠡᠭᠵᠢᠵᠤ᠂ ᠮᠠᠯ ᠤᠨ ᠲᠤᠭ᠎ᠠ ᠲᠣᠯᠣᠭᠠᠢ 200 ᠲᠥᠮᠡᠨ ᠪᠤᠳᠠᠭᠠᠯᠢ ᠲᠠᠪᠠᠳᠠᠯ᠎ᠠ ᠥᠰᠥᠨ᠂ ᠮᠠᠯ | ᠲᠠᠷᠢᠶᠠᠯᠠᠩ ᠤᠨ ᠦᠢᠯᠡᠳᠪᠦᠷᠢᠯᠡᠯ ᠤᠨ ᠰᠠᠭᠤᠷᠢ ᠨᠠᠩ ᠴᠤ ᠪᠠᠲᠤᠵᠢᠪᠠ᠃ ᠮᠠᠯ ᠲᠠᠷᠢᠶᠠᠯᠠᠩ ᠤᠨ ᠥᠢᠯᠡᠰ ᠤᠨ ᠲᠤᠭᠠᠵᠢᠯᠳᠠ ᠬᠤᠪᠢᠷᠠᠯᠳᠠ ᠶᠢ ᠲᠦᠷᠭᠡᠳᠬᠡᠨ᠂ | ᠲᠠᠷᠢᠶᠠᠯᠠᠩ ᠤᠨ ᠵᠢᠱᠢᠶ᠎ᠡ ᠦᠵᠡᠭᠦᠯᠬᠦ ᠲᠣᠭᠠᠴᠢᠯᠠᠭᠰᠠᠨ ᠰᠠᠭᠤᠷᠢᠨ ᠭᠠᠵᠠᠷ ᠢ ᠪᠠᠶᠢᠭᠤᠯᠵᠤ᠂ ᠲᠤᠭᠠᠴᠠᠯᠠᠭᠰᠠᠨ ᠬᠥᠳᠡᠭᠡ ᠠᠵᠤ ᠠᠬᠤᠢ ᠶᠢᠨ ᠴᠢᠳᠠᠪᠤᠷᠢᠲᠠᠨ ᠤ | ᠠᠵᠢᠯ ᠤᠨ ᠥᠷᠲᠡᠭᠡ ᠴᠤᠭᠴᠠᠯᠠᠨ᠂ ᠮᠠᠯ ᠲᠠᠷᠢᠶᠠᠯᠠᠩ ᠤᠨ ᠥᠢᠯᠡᠰ ᠤᠨ ᠤᠶᠤᠨᠴᠢ ᠪᠣᠳᠣᠯᠭ᠎ᠠ ᠵᠢᠯᠤᠭᠤᠳᠬᠤ ᠲᠠᠪᠴᠠᠩ ᠪᠠ ᠣᠶᠤᠨᠴᠢ ᠡᠵᠡᠩᠨᠡᠯᠲᠡ ᠶᠢᠨ ᠲᠥᠪ ᠢ | ᠪᠠᠶᠢᠭᠤᠯᠪᠠ᠃ ᠮᠠᠯ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠦᠢᠯᠡᠰ ᠢ ᠶᠡᠬᠡᠪᠡᠷ ᠬᠥᠭᠵᠢᠭᠦᠯᠵᠦ᠂ ᠰᠠᠭᠠᠯᠢ ᠶᠢᠨ ᠮᠠᠯ ᠤᠨ ᠳᠤᠮᠳᠠ ᠵᠢᠵᠢᠭ | ᠮᠠᠯᠵᠢᠯ ᠤᠨ ᠲᠠᠯᠠᠪᠠᠶ ᠪᠠ ᠴᠠᠭᠠᠨ ᠢᠳᠡᠭᠡᠨ ᠢ ᠡᠳ᠋ᠰᠢᠭᠦᠯᠬᠦ ᠲᠤᠷᠰᠢᠯᠲᠠ ᠶᠢᠨ ᠴᠡᠭ ᠤᠨ 6 ᠡᠷᠦᠬᠡ ᠶᠢᠨ ᠥᠭᠡᠷᠡᠴᠢᠯᠡᠯᠳᠡ ᠶᠢ ᠪᠡᠶᠡᠯᠡᠭᠦᠯᠥᠨ᠂ ᠪᠤᠷᠤᠪᠠᠯᠭᠠᠰᠤ ᠶᠢᠨ | ᠮᠠᠯ ᠲᠠᠷᠢᠶᠠᠯᠠᠩ ᠤᠨ ᠪᠠᠷᠠᠭ᠎ᠠ ᠭᠦᠢᠯᠭᠡᠭᠡᠨ ᠤ ᠬᠦᠷᠢᠶᠡᠯᠡᠩ ᠲᠣᠭᠤᠷᠢᠭ ᠬᠢᠭᠡᠳ ᠵᠢᠦᠢ ᠨᠦᠩ ᠲᠠᠷᠢᠶᠠᠯᠠᠩ ᠤᠨ ᠬᠤᠷᠰᠢᠯ ᠦᠢᠯᠡᠳᠪᠦᠷᠢᠯᠡᠯ ᠤᠨ ᠴᠤᠪᠤᠷᠠᠯ | ᠲᠥᠭᠦᠭᠡᠷᠤᠮᠵᠢ ᠵᠢᠠᠰᠢᠭᠯᠠᠯᠲᠠ ᠳᠤ ᠤᠷᠤᠭᠤᠯᠵᠤ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ | 72% ᠲᠤ ᠭᠥᠷᠭᠡᠪᠡ᠃ ᠪᠤᠷᠤᠪᠠᠯᠭᠠᠰᠤ ᠪᠠ ᠨᠠᠩᠰᠤ ᠪᠠᠯᠭᠠᠰᠤ ᠶᠢ ᠲᠤᠰ ᠲᠤᠰ ᠠᠯᠠᠰᠢᠨ ᠦᠬᠡᠷ ᠤᠨ ᠠᠵᠤ ᠦᠢᠯᠡᠰ ᠪᠠ ᠠᠯᠠᠰᠢᠨ ᠮᠠᠯ ᠤᠨ ᠠᠵᠤ ᠦᠢᠯᠡᠰ ᠤᠨ | ᠬᠦᠴᠦᠷᠬᠡᠭ ᠪᠠᠯᠭᠠᠰᠤ ᠪᠤᠯᠭᠠᠨ ᠨᠡᠷᠡᠰᠢᠭᠦᠯᠵᠤ᠂ ᠱᠠᠩᠬᠠᠢ ᠶᠢᠨ ᠰᠦᠮ᠎ᠡ ᠪᠠᠯᠭᠠᠰᠤ ᠶᠢᠨ ᠨᠤᠤᠯᠤᠭᠤᠷ ᠤᠨ ᠢᠮᠠᠭᠠᠨ ᠤ ᠠᠵᠤ ᠦᠢᠯᠡᠰ ᠤᠨ ᠰᠦᠷᠦᠭᠵᠢᠯ ᠴᠤᠭᠴᠠ ᠶᠢ | ᠪᠠᠶᠢᠭᠤᠯᠤᠨ᠂ ︽ᠨᠢᠭᠡ ᠭᠠᠴᠠᠭ᠎ᠠ ᠲᠤᠰᠬᠤᠨ ᠨᠢᠭᠡ ᠨᠡᠷᠡᠳᠤ ᠲᠡᠮᠳᠡᠭ︾ ᠤᠨ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠢ 4 ᠴᠤᠭᠴᠠᠯᠠᠵᠤ᠂ ᠠᠵᠤ ᠦᠢᠯᠡᠰ ᠢ | ᠭᠥᠴᠥᠷᠭᠡᠭᠵᠢᠭᠦᠯᠭᠦ ᠠᠯᠬᠤᠴᠠ ᠶᠢ ᠲᠦᠷᠭᠡᠳᠬᠡᠪᠡ᠃ ᠮᠠᠯ ᠲᠠᠷᠢᠶᠠᠯᠠᠩ ᠤᠨ ᠥᠢᠯᠡᠰ ᠡᠵᠡᠩᠨᠡᠭᠴᠢ ᠭᠤᠣᠯ ᠴᠣᠭᠴᠠ ᠶᠢ ᠲᠡᠳᠭᠦᠨ ᠪᠤᠵᠠᠭᠠᠶᠢᠷᠠᠭᠤᠯᠵᠤ᠂ | ᠬᠤᠲᠠ ᠶᠢᠨ ᠲᠠᠰ ᠤᠨ ᠲᠠᠭᠤᠷᠢᠶᠠᠯ ᠬᠤᠷᠰᠢᠶᠠᠵᠢᠯ ᠢ 7᠂ ᠬᠡᠷ ᠪᠦᠯᠢ ᠶᠢᠨ ᠮᠠᠯ ᠲᠠᠷᠢᠶᠠᠯᠠᠩ ᠤᠨ ᠬᠤᠲᠠ ᠶᠢᠨ ᠲᠠᠰ ᠤᠨ ᠲᠠᠭᠤᠷᠢᠶᠠᠯ ᠲᠠᠯᠠᠪᠠᠶ ᠶᠢ 11 | ᠪᠥᠷᠢᠳᠭᠡᠭᠦᠯᠪᠡ᠃ ᠪᠦᠬᠦ ᠣᠯᠣᠰ ᠤᠨ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠢᠨᠠᠷᠲᠠᠢ ᠦᠬᠡᠷᠡᠴᠢᠯᠡᠯᠲᠡ ᠲᠤᠷᠰᠢᠯᠲᠠ ᠶᠢᠨ ᠰᠢᠶᠠᠨ ᠢᠶᠠᠷ ᠦᠨᠡᠯᠡᠭᠳᠡᠨ᠂ | ︽ᠶᠡᠭᠡ ᠲᠤᠬᠤᠢ ᠶᠢᠨ ᠵᠢᠭᠠᠰᠣ︾᠂ ︽ᠣᠳᠤᠭ ᠤᠨ ᠡᠮᠦᠨᠡᠳᠦ ᠬᠤᠰᠢᠭᠤᠨ ᠤ ᠰᠢᠷ᠎ᠠ ᠲᠣᠰᠣ︾ ᠪᠦᠬᠦ ᠣᠯᠣᠰ ᠤᠨ ᠨᠡᠷᠡᠲᠦ ᠰᠢᠯᠢᠳᠡᠭ ᠣᠨᠴᠠ ᠰᠢᠨ᠎ᠡ | ᠪᠦᠲᠦᠭᠡᠭᠳᠡᠬᠦᠨ ᠤ ᠨᠤᠲᠠᠯᠠᠯᠲᠠ ᠶᠢ ᠲᠤᠭᠤᠯᠵᠤ᠂ ︽ᠣᠲᠤᠭ ᠤᠨ ᠡᠮᠦᠨᠡᠲᠦ ᠬᠤᠰᠢᠭᠤᠨ ᠤ ᠮᠠᠯ ᠤᠨ ᠮᠢᠬ᠎ᠠ︾ ᠤᠯᠤᠰ ᠤᠨ ᠨᠢᠭᠡᠳᠦᠭᠡᠷ ᠪᠦᠯᠦᠭ ᠤᠨ ᠭᠠᠵᠠᠷ | ᠵᠦᠢ ᠶᠢᠨ ᠢᠯᠡᠳᠭᠡᠯ ᠲᠠᠩᠰᠠᠯᠠᠯᠳᠠ ᠶᠢᠨ ᠨᠡᠷᠡᠰ ᠴᠠᠳᠢᠭ ᠲᠤ ᠪᠠᠭᠲᠠᠨ᠂ ᠰᠢᠭᠤᠳ ᠡᠵᠡᠩᠨᠡᠬᠦ ᠳᠡᠯᠭᠡᠭᠦᠷ ︵ᠪᠡᠶᠡᠴᠢᠯᠡᠨ ᠣᠶᠢᠯᠠᠭᠠᠬᠤ ᠳᠡᠯᠭᠡᠭᠦᠷ︶ ᠪᠤᠯᠤᠨ ᠲᠤᠰᠬᠠᠢ | ᠯᠠᠩᠭᠦᠢ 81 ᠳᠣᠬᠢᠷᠠᠭᠤᠯᠵᠤ᠂ ᠮᠠᠯ ᠲᠠᠷᠢᠶᠠᠯᠠᠩ ᠤᠨ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠬᠦᠯᠪᠡ᠃ | —— ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠠᠭᠤᠰᠤᠯᠴᠠᠭᠤᠯᠤᠨ ᠬᠦᠭᠵᠢᠬᠦᠯᠪᠡ᠃ ︽ᠬᠤᠪᠢᠰᠬᠠᠯᠳᠤ ᠭᠥᠮᠥᠵᠢᠯ +︾ ᠡᠵᠡᠩᠨᠡᠯᠲᠡ ᠶᠢᠨ | ᠰᠡᠳᠬᠢᠮᠵᠢ ᠶᠢ ᠪᠠᠷᠢᠮᠳᠠᠯᠠᠵᠤ᠂ ︽ᠬᠤᠪᠢᠰᠬᠠᠯᠳᠤ ᠰᠣᠶᠣᠯ ᠤᠨ ᠤᠯᠠᠮᠵᠢᠯᠠᠯ ᠤᠨ ᠣᠷᠣᠨ︾ ᠢ ᠴᠤᠭᠴᠠᠯᠠᠨ᠂ ᠣᠷᠳᠣᠰ ᠬᠤᠲᠠ ᠶᠢᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠤᠨ ᠣᠷᠳᠣᠨ ᠤ ᠡᠷᠥᠭᠡ ᠶᠢ ᠰᠡᠭᠦᠵᠤ᠂ ᠨᠠᠮ ᠤᠨ ᠰᠣᠷᠭᠠᠭᠤᠯᠢ ᠶᠢᠨ ᠰᠢᠨ᠎ᠡ ᠲᠤᠭᠤᠷᠢᠭ᠂ ᠬᠤᠪᠢᠰᠬᠠᠯᠳᠤ ᠭᠥᠮᠥᠵᠢᠯ ᠤᠨ | ᠰᠤᠳᠤᠯᠭ᠎ᠠ ᠰᠤᠷᠤᠯᠴᠠᠯᠭ᠎ᠠ ᠦᠢᠯᠡᠳᠦᠯᠭᠡ ᠶᠢᠨ ᠰᠠᠭᠤᠷᠢᠨ ᠪᠤᠯᠤᠨ ᠬᠠᠷᠠᠰᠡᠭᠡᠷ ᠤᠨ ᠬᠤᠪᠢᠰᠬᠠᠯᠳᠤ ᠵᠢᠭᠤᠯᠴᠢᠯᠠᠯ ᠤᠨ ᠠᠮᠢ ᠠᠬᠤᠢ ᠶᠢᠨ ᠪᠠᠶᠢᠭᠤᠯᠤᠯᠲᠠ ᠵᠡᠷᠭᠡ | ᠲᠦᠷᠦᠯ ᠵᠦᠢᠯ ᠢ ᠲᠦᠷᠭᠡᠳᠬᠡᠨ᠂ ᠵᠠᠯᠠᠭᠤᠴᠣᠳ ᠪᠠᠭᠠᠴᠣᠳ ᠤᠨ ᠬᠤᠪᠢᠰᠬᠠᠯᠲᠤ ᠬᠦᠮᠦᠵᠢᠯ ᠤᠨ ᠲᠦᠪᠯᠡᠷᠡᠩᠬᠦᠢ ᠪᠤᠯᠪᠠᠰᠣᠷᠠᠭᠤᠯᠤᠯᠲᠠ ᠶᠢᠨ ᠲᠦᠪ ᠣᠯᠣᠰ ᠤᠨ | ᠲᠡᠰ ᠤᠨ ᠳᠣᠮᠳᠠᠳᠣ ᠪᠠᠭ᠎ᠠ ᠰᠣᠷᠭᠠᠭᠤᠯᠢ ᠶᠢᠨ ᠰᠣᠳᠣᠯᠭ᠎ᠠ ᠰᠣᠷᠣᠯᠴᠠᠯᠭ᠎ᠠ ᠶᠢᠨ ᠦᠢᠯᠡᠳᠦᠯᠬᠡ ᠶᠢᠨ ᠭᠠᠵᠠᠷ ᠢᠶᠠᠷ ᠦᠨᠡᠯᠡᠭᠳᠡᠵᠦ᠂ ᠪᠤᠷᠤᠪᠠᠯᠭᠠᠰᠤ ᠶᠢᠨ | ᠬᠤᠪᠢᠰᠬᠠᠯᠳᠤ ᠰᠣᠶᠣᠯ ᠠᠷᠠᠳ ᠤᠨ ᠵᠠᠩ ᠦᠢᠯᠡ᠂ ᠶᠸᠥᠵᠸᠤ ᠰᠣᠶᠣᠯ ᠪᠥᠳᠥᠭᠡᠯᠭᠡ ᠶᠢᠨ ᠪᠡᠶᠡᠴᠢᠯᠡᠨ ᠣᠶᠢᠯᠠᠭᠠᠬᠤ ᠳᠡᠯᠭᠡᠭᠦᠷ ᠡᠵᠡᠩᠨᠡᠯᠲᠡ ᠳᠤ ᠣᠷᠣᠨ᠂ | ︽ᠰᠤᠳᠤᠯᠭ᠎ᠠ ᠰᠤᠷᠤᠯᠴᠠᠯᠭ᠎ᠠ + ᠵᠢᠭᠤᠯᠴᠢᠯᠠᠯ ᠵᠤᠭᠠᠴᠠᠯ + ᠠᠷᠠᠯᠵᠢᠶ᠎ᠠ ᠬᠤᠳᠠᠯᠳᠤᠭ᠎ᠠ︾ ᠶᠢᠨ ᠬᠡᠯᠬᠢᠶᠡᠵᠢᠯᠳᠤ ᠠᠵᠤ ᠦᠢᠯᠡᠰ ᠥᠷᠨᠢᠩᠭᠦᠢ ᠬᠦᠭᠵᠢᠵᠦ᠂ | ᠰᠤᠷᠤᠯᠴᠠᠭᠴᠢᠳ ᠪᠠ ᠵᠢᠭᠤᠯᠴᠢᠯᠠᠭᠴᠢᠳ ᠢ ᠨᠡᠶᠢᠲᠡ 115 ᠲᠦᠮᠡᠨ ᠬᠥᠮᠥᠨ ᠤᠳᠠᠭ᠎ᠠ ᠬᠦᠯᠢᠶᠡᠵᠦ ᠠᠪᠤᠨ᠂ 4.6 ᠳ᠋ᠦᠩᠰᠢᠭᠤᠷ ᠲᠥᠭᠦᠷᠢᠭ ᠤᠨ ᠣᠷᠣᠯᠭ᠎ᠠ | ᠡᠭᠦᠳᠪᠡ᠃ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠭᠥᠢᠴᠡᠳ ᠪᠠᠳᠠᠷᠠᠭᠤᠯᠵᠤ᠂ ︽ᠣᠲᠤᠭ ᠤᠨ ᠡᠮᠦᠨᠡᠲᠦ ᠬᠤᠰᠢᠭᠤᠨ ᠤ | A ᠲᠠᠰ ᠤᠨ ᠵᠢᠭᠤᠯᠴᠢᠯᠠᠯ ᠤᠨ ᠣᠷᠣᠨ ᠢ ᠴᠢᠨᠠᠷᠵᠢᠭᠤᠯᠬᠤ ᠲᠥᠰᠥᠯ︾ ᠢ ᠲᠤᠭᠲᠠᠭᠠᠨ᠂ ᠬᠦᠷᠰᠢ ᠭᠠᠵᠠᠷ ᠣᠷᠣᠨ ᠲᠠᠢ ᠬᠠᠮᠳᠤᠷᠠᠯᠴᠠᠭ᠎ᠠ ᠵᠥᠪᠳᠡᠯᠴᠡᠭᠡ | ᠲᠤᠭᠳᠠᠵᠤ᠂ ᠪᠤᠷᠤᠪᠠᠯᠭᠠᠰᠤ ᠶᠢᠨ ᠬᠤᠪᠢᠰᠬᠠᠯᠳᠤ ᠰᠣᠶᠣᠯ ᠵᠢᠭᠤᠯᠴᠢᠯᠠᠯ ᠤᠨ ᠣᠷᠣᠨ ᠢ ᠪᠦᠬᠦ ᠣᠷᠣᠨ ᠤ ᠵᠢᠭᠤᠯᠴᠢᠯᠠᠯ ᠤᠨ ᠰᠦᠯᠵᠢᠶᠡᠴᠢᠨ ᠤ ᠡᠷᠭᠡᠪᠰᠢ ᠭᠥᠷᠭᠦ | ᠬᠠᠯᠠᠮᠰᠢᠯ ᠴᠡᠭ ᠪᠠ ᠥᠪᠡᠷᠲᠡᠭᠡᠨ ᠵᠠᠰᠠᠬᠤ ᠣᠷᠣᠨ ᠤ ᠠᠷᠪᠠᠨ ᠶᠡᠭᠡ ᠬᠤᠪᠢᠰᠬᠠᠯ ᠤᠨ ᠰᠤᠳᠤᠨ ᠵᠢᠭᠤᠯᠴᠢᠯᠠᠯ ᠤᠨ ᠱᠤᠭᠤᠮ ᠳᠤ ᠪᠠᠭᠲᠠᠭᠠᠨ᠂ ᠣᠷᠣᠨ ᠪᠦᠰᠡ ᠶᠢᠨ | ᠵᠢᠭᠤᠯᠴᠢᠯᠠᠯ ᠤᠨ ᠬᠠᠮᠲᠤᠷᠠᠯᠴᠠᠭᠠᠨ ᠤ ᠰᠢᠨ᠎ᠡ ᠠᠬᠤᠢ ᠤᠷᠴᠢᠨ ᠢ ᠪᠤᠢ ᠪᠤᠯᠭᠠᠪᠠ᠃ ᠰᠥᠯᠵᠢᠶᠡᠨ ᠬᠤᠳᠠᠯᠳᠤᠭ᠎ᠠ ᠶᠢ ᠬᠥᠳᠡᠭᠡ ᠳᠤ ᠭᠥᠨᠵᠡᠭᠡᠶᠢᠷᠡᠭᠦᠯᠭᠦ ᠶᠢ ᠭᠥᠨ | ᠰᠥᠪᠡᠭᠴᠢᠯᠡᠵᠤ᠂ ᠭᠠᠴᠠᠭ᠎ᠠ ᠲᠤᠰᠬᠤᠨ ᠤ ᠰᠦᠯᠵᠢᠶᠡᠨ ᠬᠤᠳᠠᠯᠳᠣᠭᠠᠠ ᠤ ᠦᠢᠯᠡᠴᠢᠯᠡᠬᠡᠨ ᠤ ᠦᠷᠲᠡᠭᠡ ᠶᠢ 30 ᠪᠠᠶᠢᠭᠤᠯᠤᠨ᠂ ᠬᠤᠰᠢᠭᠤ ᠪᠠᠯᠭᠠᠰᠤ ᠭᠠᠴᠠᠭ᠎ᠠ | ᠭᠤᠷᠪᠠᠨ ᠱᠠᠲᠤᠨ ᠤ ᠰᠥᠯᠵᠢᠶᠡᠨ ᠬᠤᠳᠠᠯᠳᠤᠭᠠᠨ ᠤ ᠦᠢᠯᠡᠴᠢᠯᠡᠭᠡᠨ ᠤ ᠰᠢᠰᠲ᠋ᠧᠮ ᠢ ᠪᠦᠷᠢᠯᠳᠦᠬᠦᠯᠪᠡ᠃ | ︵ᠳᠦᠷᠪᠡ︶ ᠬᠦᠭᠵᠢᠯᠲᠡ ᠶᠢᠨ ᠣᠷᠴᠢᠨ ᠠᠬᠤᠢ ᠶᠢᠨ ᠶᠠᠰᠣ ᠴᠢᠨᠠᠷ ᠢ ᠳᠡᠭᠡᠭᠰᠢᠯᠡᠬᠦᠯᠪᠡ᠃ ᠪᠦᠬᠦ ᠣᠯᠣᠰ ᠤᠨ ᠪᠤᠯᠪᠠᠰᠣᠨ ᠬᠤᠲᠠ ᠶᠢᠨ ᠴᠣᠭᠴᠠᠯᠠᠯᠲᠠ | ᠶᠢᠨ ᠪᠦᠲᠦᠮᠵᠢ ᠶᠢ ᠪᠠᠬᠢᠵᠢᠬᠦᠯᠦᠨ ᠳᠡᠭᠡᠭᠰᠢᠯᠡᠬᠦᠯᠵᠦ᠂ ᠣᠶᠣᠨᠴᠢ ᠬᠤᠲᠠ ᠶᠢᠨ ᠦᠭᠡᠷᠡᠴᠢᠯᠡᠯᠲᠡ᠂ ᠵᠠᠮ ᠵᠡᠬᠡᠯᠢ᠂ ᠪᠠᠯᠭᠠᠰᠣᠨ ᠲᠤᠭᠤᠷᠢᠭ ᠤᠨ ᠮᠣᠬᠤᠷ ᠵᠠᠮ ᠵᠡᠷᠭᠡ | 9 ᠲᠦᠷᠦᠯ ᠤᠨ ᠢᠨᠵᠧᠨᠧᠷᠢᠩ ᠢ ᠬᠡᠷᠡᠭᠵᠢᠬᠦᠯᠦᠨ᠂ ᠣᠷᠣᠨ ᠪᠦᠰᠡ ᠶᠢᠨ ᠦᠵᠡᠮᠵᠢ ᠶᠢᠨ ᠳᠡᠭᠡᠭᠰᠢᠯᠡᠬᠦᠯᠦᠯᠲᠡ ᠪᠠᠷ ᠭᠤᠤᠯᠳᠠᠯᠭ᠎ᠠ ᠪᠤᠯᠭᠠᠨ 7 ︽ᠪᠢᠴᠢᠯ | ᠴᠡᠴᠡᠷᠯᠢᠭ︾ ᠢ ᠪᠠᠶᠢᠭᠤᠯᠵᠤ᠂ 27 ᠲᠦᠮᠡᠨ ᠳᠡᠭᠰᠢ ᠳᠦᠷᠪᠡᠯᠵᠢᠨ ᠮᠧᠲᠷ ᠤᠨ ᠨᠣᠭᠤᠭᠠᠷᠠᠭᠤᠯᠤᠯᠲᠠ ᠶᠢᠨ ᠭᠠᠵᠠᠷ ᠢ ᠰᠢᠨ᠎ᠡ ᠪᠠᠷ ᠨᠡᠮᠡᠭᠳᠡᠬᠦᠯᠵᠦ᠂ ᠣᠯᠣᠰ ᠤᠨ | ᠴᠡᠴᠡᠷᠯᠢᠭᠵᠢᠬᠦᠯᠭᠡ ᠶᠢᠨ ᠬᠤᠲᠠ ᠶᠢᠨ ᠳᠠᠪᠲᠠᠨ ᠬᠢᠨᠠᠯᠲᠠ ᠶᠢ ᠠᠮᠵᠢᠯᠲᠠᠲᠠᠢ ᠪᠠᠷ ᠲᠤᠭᠤᠯᠪᠠ᠃ ᠵᠠᠰᠠᠮᠠᠯ ᠵᠠᠮ ᠤᠨ ᠪᠠᠷᠢᠮᠵᠢᠶ᠎ᠠ ᠶᠢ ᠳᠡᠭᠡᠭᠰᠢᠯᠡᠬᠦᠯᠦᠨ ᠦᠷᠭᠡᠳᠬᠡᠬᠦ | ᠢᠨᠵᠧᠨᠧᠷᠢᠩ ᠢ ᠬᠡᠷᠡᠭᠵᠢᠬᠦᠯᠦᠨ᠂ ᠪᠤᠷᠤᠪᠠᠯᠭᠠᠰᠣ ᠠᠴᠠ ᠳᠠᠬᠢᠯᠲᠤ ᠬᠦᠷᠬᠦ ᠬᠤᠪᠢᠰᠬᠠᠯᠲᠤ ᠵᠢᠭᠤᠯᠴᠢᠯᠠᠯ ᠤᠨ ᠵᠠᠰᠠᠮᠠᠯ ᠵᠠᠮ ᠢ ᠪᠦᠬᠦ ᠲᠠᠯ᠎ᠠ ᠪᠠᠷ ᠪᠠᠶᠢᠭᠤᠯᠵᠤ᠂ ᠰᠢᠨ᠎ᠡ | ᠪᠠᠷ ᠪᠠᠶᠢᠭᠤᠯᠤᠭᠰᠠᠨ᠂ ᠦᠭᠡᠷᠡᠴᠢᠯᠡᠵᠦ ᠦᠷᠭᠡᠳᠬᠡᠭᠰᠡᠨ ᠵᠠᠰᠠᠮᠠᠯ ᠵᠠᠮ ᠢ 221.6 ᠺᠢᠯᠣᠮᠧᠲᠷ ᠲᠤ ᠬᠦᠷᠭᠡᠨ᠂ ᠵᠠᠮ ᠬᠠᠷᠢᠯᠴᠠᠭᠠᠨ ᠤ ᠲᠤᠤᠷ ᠢ ᠲᠠᠰᠣᠷᠠᠯᠲᠠ ᠦᠬᠡᠢ | ᠲᠡᠬᠦᠯᠳᠡᠷᠵᠢᠬᠦᠯᠵᠦ᠂ 2022 ᠣᠨ ᠳᠤ ︽ᠳᠦᠷᠪᠡᠨ ᠰᠠᠶᠢᠲᠠᠢ ᠬᠦᠳᠡᠭᠡ ᠲᠤᠰᠬᠤᠨ ᠤ ᠵᠠᠮ︾ ᠤᠨ ᠪᠦᠬᠦ ᠣᠯᠣᠰ ᠤᠨ ᠵᠢᠱᠢᠶ᠎ᠡ ᠦᠵᠡᠬᠦᠯᠬᠦ ᠰᠢᠶᠡᠨ ᠢ | ᠠᠮᠵᠢᠯᠲᠠᠲᠠᠢ ᠪᠠᠷ ᠴᠤᠭᠴᠠᠯᠠᠪᠠ᠃ ᠣᠲᠤᠭ ᠤᠨ ᠡᠮᠦᠨᠡᠲᠦ ᠬᠤᠰᠢᠭᠤᠨ ᠤ ᠨᠡᠶᠢᠲᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠠᠴᠠ ᠪᠡᠭᠡᠵᠢᠩ᠂ ᠴᠠᠩᠱᠠ ᠵᠡᠷᠭᠡ ᠶᠡᠭᠡ | ᠪᠠᠭ᠎ᠠ ᠬᠤᠲᠠ ᠬᠦᠷᠬᠦ ᠳᠠᠮᠵᠢᠭᠤᠯᠤᠯ ᠠᠶᠠᠯᠠᠯ ᠤᠨ ᠱᠣᠭᠤᠮ ᠢ ᠨᠡᠪᠲᠡᠷᠡᠬᠦᠯᠵᠦ᠂ ᠦᠭᠡᠷᠡᠴᠢᠯᠡᠵᠦ ᠦᠷᠭᠡᠳᠬᠡᠨ ᠪᠠᠶᠢᠭᠤᠯᠬᠤ ᠢᠨᠵᠧᠨᠧᠷᠢᠩ ᠤᠨ ᠪᠠᠷᠢᠯᠭ᠎ᠠ ᠶᠢ ᠪᠦᠬᠦ | ᠲᠠᠯ᠎ᠠ ᠪᠠᠷ ᠳᠠᠭᠤᠰᠬᠤ ᠶᠢᠨ ᠬᠠᠮᠲᠤ ᠰᠢᠯᠭᠠᠨ ᠬᠤᠷᠢᠶᠠᠯᠲᠠ ᠶᠢ ᠲᠤᠭᠤᠯᠪᠠ᠃ ᠤᠯᠵᠠᠴᠢ ᠠᠴᠠ ᠱᠠᠩᠬᠠᠢ ᠶᠢᠨ ᠰᠦᠮ᠎ᠡ ᠬᠦᠷᠬᠦ ᠲᠡᠮᠦᠷ ᠵᠠᠮ᠂ ᠪᠠᠷᠠᠭᠤᠨ ᠪᠡᠶ᠎ᠡ ᠶᠢᠨ | ᠲᠡᠮᠦᠷ ᠵᠠᠮ ᠤᠨ ᠲᠤᠰᠬᠠᠢ ᠱᠣᠭᠤᠮ᠂ ᠴᠠᠩ ᠴᠧᠩ ᠴᠠᠬᠢᠯᠭᠠᠨ ᠤᠶᠢᠯᠡᠤᠨᠪᠤᠷᠢ ᠶᠢᠨ ᠨᠡᠬᠦᠷᠡᠰᠦ ᠲᠡᠭᠡᠭᠡᠪᠦᠷᠢᠯᠡᠬᠦ ᠲᠠᠮᠣᠷ ᠵᠠᠮ ᠤᠨ ᠲᠤᠰᠬᠠᠢ ᠱᠣᠭᠤᠮ ᠤᠨ ᠡᠮᠦᠨᠡᠬᠢ | ᠬᠤᠭᠤᠴᠠᠭᠠᠨ ᠤ ᠠᠵᠢᠯ ᠢ ᠲᠦᠷᠭᠡᠳᠬᠡᠨ᠂ ᠤᠯᠤᠰ ᠤᠨ ᠴᠠᠬᠢᠯᠭᠠᠨ ᠤ ᠱᠤᠸᠠᠩ ᠸᠧᠶ ᠴᠠᠬᠢᠯᠭᠠᠨ ᠤᠶᠢᠯᠡᠤᠨᠪᠤᠷᠢ ᠶᠢᠨ ᠲᠡᠮᠦᠷ ᠵᠠᠮ ᠤᠨ ᠲᠤᠰᠬᠠᠶ ᠱᠤᠭᠤᠮ ᠢ ᠪᠦᠬᠦ | ᠲᠠᠯ᠎ᠠ ᠪᠠᠷ ᠨᠡᠪᠲᠡᠷᠡᠬᠦᠯᠵᠦ ᠠᠵᠢᠯᠯᠠᠭᠤᠯᠪᠠ᠃ ᠮᠡᠳᠡᠭᠡ ᠵᠠᠩᠭᠢ ᠶᠢᠨ ᠰᠠᠭᠤᠷᠢ ᠳᠦᠬᠦᠬᠡᠷᠦᠮᠵᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠬᠦᠳᠡᠭᠡ ᠶᠢᠨ | ᠲᠤᠤᠷ ᠰᠦᠯᠵᠢᠶᠡᠨ ᠤ ᠪᠦᠷᠬᠦᠴᠡ ᠶᠢᠨ ᠭᠤᠷᠪᠠᠨ ᠵᠢᠯ ᠤᠨ ᠠᠵᠢᠯᠯᠠᠭᠠᠨ ᠤ ᠱᠠᠲᠤᠴᠢ ᠴᠢᠨᠠᠷᠲᠠᠢ ᠡᠬᠦᠷᠭᠡ ᠶᠢ ᠪᠡᠶᠡᠯᠡᠬᠦᠯᠦᠨ᠂ 67 ᠴᠢᠮᠡᠭᠡ ᠬᠤᠯᠪᠤᠭᠠᠨ ᠤ | ᠦᠢᠯᠡᠴᠢᠯᠡᠭᠡᠨ ᠤ ᠦᠷᠲᠡᠭᠡ ᠶᠢ ᠰᠢᠨ᠎ᠡ ᠪᠠᠷ ᠪᠠᠶᠢᠭᠤᠯᠵᠤ᠂ ᠭᠤᠤᠯ ᠬᠤᠲᠠ ᠪᠠᠯᠭᠠᠰᠣᠨ ᠳᠤ 5G ᠳᠣᠬᠢᠶᠠᠨ ᠤ ᠪᠦᠬᠦ ᠪᠦᠷᠬᠦᠴᠡ ᠶᠢ ᠪᠡᠶᠡᠯᠡᠬᠦᠯᠦᠨ᠂ | ᠭᠤᠤᠯᠳᠠᠯᠭᠠᠲᠤ ᠣᠷᠣᠨ ᠪᠦᠰᠡ ᠪᠠ ᠮᠠᠯᠵᠢᠬᠤ ᠲᠠᠷᠢᠶᠠᠯᠠᠬᠤ ᠣᠷᠣᠨ ᠤ ᠳᠣᠬᠢᠶᠠᠨ ᠤ ᠶᠠᠰᠣ ᠴᠢᠨᠠᠷ ᠢ ᠠᠯᠬᠤᠮ ᠠᠯᠬᠤᠮ ᠢᠶᠠᠷ ᠳᠡᠭᠡᠭᠰᠢᠯᠡᠬᠦᠯᠪᠡ᠃ ᠣᠯᠣᠰ ᠤᠨ | ᠬᠦᠷᠦᠰᠦ ᠰᠢᠷᠤᠢ ᠶᠢᠨ ᠬᠠᠮᠠᠭᠠᠯᠠᠯᠲᠠ᠂ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠪᠠ ᠰᠡᠷᠬᠦᠬᠡᠯᠲᠡ ᠵᠠᠰᠠᠯᠲᠠ ᠵᠡᠷᠭᠡ ᠴᠢᠬᠤᠯᠠ ᠶᠡᠭᠡ ᠢᠨᠵᠧᠨᠧᠷᠢᠩ ᠢ | ᠪᠦᠲᠦᠮᠵᠢᠲᠡᠢ ᠪᠠᠷ ᠬᠡᠷᠡᠭᠵᠢᠬᠦᠯᠵᠦ᠂ 3 ᠲᠦᠮᠡᠨ ᠮᠣ᠋ ᠬᠦᠷᠦᠰᠦ ᠰᠢᠷᠤᠢ ᠶᠢᠨ ᠵᠠᠰᠠᠯᠲᠠ᠂ 15.2 ᠲᠦᠮᠡᠨ ᠮᠣ᠋ ᠣᠢ ᠰᠢᠭᠤᠢ ᠠᠮᠢ ᠠᠬᠤᠢ ᠶᠢᠨ ᠪᠠᠶᠢᠭᠤᠯᠤᠯᠲᠠ᠂ | 71.5 ᠲᠦᠮᠡᠨ ᠮᠣ᠋ ᠨᠣᠲᠤᠭ ᠪᠡᠯᠴᠢᠭᠡᠷ ᠤᠨ ᠬᠠᠮᠠᠭᠠᠯᠠᠯᠲᠠ ᠪᠠᠶᠢᠭᠤᠯᠤᠯᠲᠠ ᠶᠢ ᠪᠡᠶᠡᠯᠡᠬᠦᠯᠦᠨ᠂ 3400 ᠮᠣ᠋ ᠠᠷᠪᠢᠲᠠᠢ ᠣᠰᠣᠯᠠᠯᠲᠠ ᠶᠢᠨ ᠠᠵᠤ ᠠᠬᠤᠢ ᠶᠢᠨ | ᠵᠢᠱᠢᠶ᠎ᠡ ᠦᠵᠡᠬᠦᠯᠬᠦ ᠣᠢ ᠶᠢ ᠪᠠᠶᠢᠭᠤᠯᠪᠠ᠃ ᠭᠠᠵᠠᠷ ᠳᠣᠣᠷᠠᠬᠢ ᠣᠰᠣᠨ ᠤ ᠬᠡᠲᠦ ᠠᠰᠢᠭᠯᠠᠯᠲᠠ ᠶᠢᠨ ᠣᠷᠣᠨ ᠤ ᠵᠠᠰᠠᠯᠲᠠ ᠶᠢᠨ ᠪᠦᠲᠦᠮᠵᠢ ᠶᠢ ᠪᠠᠬᠢᠵᠢᠬᠦᠯᠦᠨ | ᠳᠡᠭᠡᠭᠰᠢᠯᠡᠬᠦᠯᠵᠦ᠂ ᠣᠯᠵᠠᠴᠢ ᠪᠠᠯᠭᠠᠰᠣᠨ ᠤ ᠭᠠᠵᠠᠷ ᠳᠣᠣᠷᠠᠬᠢ ᠣᠰᠣᠨ ᠤ ᠬᠡᠲᠦ ᠠᠰᠢᠭᠯᠠᠯᠲᠠ ︵ᠣᠰᠣᠨ ᠤ ᠠᠮᠢ ᠠᠬᠤᠢ︶ ᠶᠢᠨ ᠶᠡᠷᠦᠩᠬᠡᠶᠢᠯᠡᠭᠰᠡᠨ ᠵᠠᠰᠠᠯᠲᠠ | ᠶᠢᠨ ᠢᠨᠵᠧᠨᠧᠷᠢᠩ ᠢ ᠡᠬᠢᠯᠡᠬᠦᠯᠦᠨ᠂ ᠲᠤᠭᠲᠠᠭᠠᠯ ᠳᠤ ᠦᠯᠦ ᠨᠡᠶᠢᠴᠡᠬᠦ 414 ᠮᠠᠰᠢᠨ ᠬᠤᠳᠳᠤᠭ ᠢ ᠬᠠᠣᠯᠢ ᠶᠤᠰᠤᠭᠠᠷ ᠪᠢᠲᠡᠬᠦᠮᠵᠢᠯᠡᠵᠦ᠂ 4600 ᠮᠣ᠋ | ᠣᠰᠣᠯᠠᠯᠲᠠ ᠶᠢᠨ ᠭᠠᠵᠠᠷ ᠢ ᠰᠣᠯᠢᠨ᠂ 1 ᠲᠦᠮᠡᠨ ᠮᠣ᠋ ᠭᠠᠵᠠᠷ ᠲᠤ ᠦᠨᠵᠢᠬᠦᠯᠦᠨ ᠲᠠᠷᠢᠬᠤ ᠲᠦᠷᠦ ᠶᠢᠨ ᠪᠤᠳᠤᠯᠭ᠎ᠠ ᠶᠢ ᠨᠠᠶᠢᠲᠠᠪᠤᠷᠢᠵᠢᠭᠤᠯᠵᠤ᠂ 1000 ᠮᠣ᠋ | ᠦᠨᠳᠦᠷ ᠪᠦᠲᠦᠮᠵᠢᠲᠡᠢ ᠠᠷᠪᠢᠲᠠᠢ ᠣᠰᠣᠯᠠᠯᠲᠠ ᠶᠢᠨ ᠭᠠᠵᠠᠷ ᠢ ᠬᠦᠭᠵᠢᠬᠦᠯᠪᠡ᠃ ᠭᠠᠩ ᠲᠠᠢ ᠲᠡᠮᠡᠴᠡᠵᠦ ᠭᠠᠮᠰᠢᠭ ᠢ ᠪᠠᠭᠠᠰᠬᠠᠬᠤ᠂ ᠮᠠᠯᠵᠢᠬᠤ ᠲᠠᠷᠢᠶᠠᠯᠠᠬᠤ ᠣᠷᠣᠨ | ᠤ ᠣᠰᠣᠨ ᠤ ᠬᠠᠩᠭᠠᠯᠭ᠎ᠠ ᠶᠢᠨ ᠪᠠᠲᠤᠯᠠᠭ᠎ᠠ ᠶᠢ ᠪᠦᠬᠦ ᠬᠦᠴᠦᠨ ᠢᠶᠠᠷ ᠰᠠᠶᠢᠲᠤᠷ ᠬᠢᠨ᠂ 35 ᠣᠰᠣᠨ ᠵᠤᠭᠤᠷᠢ᠂ 17 ᠣᠰᠣᠨ ᠬᠤᠳᠳᠤᠭ ᠢ ᠰᠢᠨ᠎ᠡ ᠪᠠᠷ | ᠪᠠᠶᠢᠭᠤᠯᠵᠤ᠂ 109 ᠺᠢᠯᠣᠮᠧᠲᠷ ᠤᠨ ᠣᠰᠣ ᠬᠠᠩᠭᠠᠬᠤ ᠬᠤᠭᠤᠯᠠᠢ ᠶᠢ ᠳᠡᠪᠢᠰᠦᠨ᠂ ᠬᠤᠲᠠ ᠪᠠᠯᠭᠠᠰᠣᠨ ᠤ ᠣᠰᠣᠨ ᠤ ᠬᠠᠩᠭᠠᠯᠭ᠎ᠠ ᠶᠢᠨ ᠲᠦᠬᠡᠮᠡᠯᠵᠢᠬᠦᠯᠦᠯᠲᠡ | ᠶᠢᠨ ᠨᠣᠷᠮ᠎ᠠ ᠶᠢ 99.5% ᠳᠤ ᠬᠦᠷᠭᠡᠪᠡ᠃ ᠪᠤᠬᠢᠷᠳᠣᠯ ᠢ ᠰᠡᠷᠬᠡᠶᠢᠯᠡᠨ ᠵᠠᠰᠠᠬᠤ ᠰᠢᠪᠲᠤᠯᠤᠯᠲᠠ ᠶᠢᠨ ᠠᠵᠢᠯᠯᠠᠭᠠᠨ ᠤ ᠶᠡᠷᠦᠩᠬᠡᠶᠢᠯᠡᠭᠰᠡᠨ ᠰᠢᠯᠭᠠᠨ ᠦᠨᠡᠯᠡᠯᠲᠡ ᠳᠤ | ᠪᠦᠬᠦ ᠬᠤᠲᠠ ᠶᠢᠨ ᠡᠮᠦᠨ᠎ᠡ ᠡᠩᠨᠡᠭᠡᠨ ᠳᠤ ᠪᠠᠶᠢᠷᠢᠯᠠᠵᠤ᠂ ᠠᠭᠠᠷ ᠤᠨ ᠶᠠᠰᠣ ᠴᠢᠨᠠᠷ ᠣᠯᠣᠰ ᠤᠨ ᠬᠤᠶᠠᠳᠣᠭᠠᠷ ᠲᠡᠰ ᠤᠨ ᠪᠠᠷᠢᠮᠵᠢᠶ᠎ᠠ ᠪᠠᠨ ᠪᠠᠲᠤᠯᠠᠪᠠ᠃ ︽ᠣᠲᠤᠭ | ᠤᠨ ᠡᠮᠦᠨᠡᠲᠦ ᠬᠤᠰᠢᠭᠤᠨ ᠤ ᠬᠡᠢ ᠬᠠᠩᠭᠠᠯᠭ᠎ᠠ︾ ᠶᠢᠨ ᠢᠨᠵᠧᠨᠧᠷᠢᠩ᠂ ᠣᠷᠣᠰᠢᠨ ᠰᠠᠭᠤᠷᠢᠰᠢᠬᠤ ᠣᠷᠴᠢᠨ ᠤ ᠴᠡᠭᠴᠡᠯᠡᠯᠳᠠ ᠶᠢᠨ ᠭᠤᠷᠪᠠᠨ ᠵᠢᠯ ᠤᠨ ᠠᠵᠢᠯᠯᠠᠭ᠎ᠠ | ᠶᠢ ᠬᠦᠨᠵᠡᠬᠡᠢ ᠬᠡᠷᠡᠭᠵᠢᠬᠦᠯᠦᠨ᠂ 2500 ᠡᠷᠦᠬᠡ ᠶᠢᠨ ᠨᠡᠬᠦᠷᠡᠰᠤᠨ ᠳᠣᠯᠠᠭᠠᠯᠠᠭ᠎ᠠ ᠶᠢ ᠴᠠᠬᠢᠯᠭᠠᠨ ᠳᠣᠯᠠᠭᠠᠯᠠᠭ᠎ᠠ ᠪᠤᠯᠭᠠᠬᠤ ᠦᠬᠡᠷᠡᠴᠢᠯᠡᠯᠲᠡ ᠪᠠ ᠵᠤᠷᠯᠤᠩ ᠤᠨ | ᠦᠭᠡᠷᠡᠴᠢᠯᠡᠯᠲᠡ ᠶᠢ ᠪᠡᠶᠡᠯᠡᠬᠦᠯᠵᠦ᠂ ᠪᠣᠬᠢᠷ ᠤᠰᠤ ᠰᠢᠢᠤᠨᠪᠤᠷᠢᠯᠡᠬᠦ ᠨᠣᠷᠮ᠎ᠠ ᠶᠢ 99.5%᠂ ᠬᠤᠭ ᠨᠣᠪᠰᠢ ᠰᠢᠢᠳᠪᠦᠷᠢᠯᠡᠬᠦ ᠪᠦᠷᠬᠦᠴᠡ ᠶᠢᠨ ᠨᠣᠷᠮ᠎ᠠ ᠶᠢ | 90% ᠳᠤ ᠬᠦᠷᠬᠡᠨ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠢ ᠦᠷᠬᠦᠯᠵᠢᠯᠡᠨ ᠰᠠᠶᠢᠵᠢᠷᠠᠭᠤᠯᠪᠠ᠃ | ︵ᠲᠠᠪᠤ︶ ᠦᠬᠡᠷᠡᠴᠢᠯᠡᠯᠲᠡ ᠰᠢᠨᠡᠴᠢᠯᠡᠯᠲᠡ ᠶᠢ ᠳᠡᠰ ᠳᠡᠪᠰᠢᠬᠦᠯᠪᠡ᠃ ᠬᠦᠭᠵᠢᠯᠲᠡ ᠶᠢᠨ ᠬᠦᠴᠢᠷ ᠠᠰᠠᠭᠤᠳᠠᠯ ᠤᠨ ᠲᠤᠭᠤᠷᠢᠨ ᠳᠤ ᠲᠤᠲᠤᠭᠠᠲᠤ ᠳᠤ | ᠦᠬᠡᠷᠡᠴᠢᠯᠡᠯᠲᠡ ᠬᠢᠬᠦ ᠶᠢ ᠵᠤᠷᠢᠭᠲᠠᠢ ᠪᠠᠷ ᠬᠡᠷᠡᠭᠵᠢᠬᠦᠯᠵᠦ᠂ ᠭᠤᠤᠯᠳᠠᠯᠭᠠᠲᠤ ᠣᠷᠣᠨ ᠬᠡᠪᠴᠢᠶ᠎ᠡ ᠪᠠ ᠵᠠᠩᠭᠢᠯᠠᠭ᠎ᠠ ᠶᠢᠨ ᠭᠤᠭᠴᠣᠭᠠᠨ ᠳᠤ ᠰᠢᠪᠲᠣᠯᠣᠯᠲᠠ ᠭᠠᠷᠭᠠᠬᠤ | ᠪᠠᠷ ᠰᠦᠪᠡᠭᠴᠢᠯᠡᠨ᠂ 165 ᠲᠦᠷᠦᠯ ᠤᠨ ᠦᠬᠡᠷᠡᠴᠢᠯᠡᠯᠲᠡ ᠶᠢᠨ ᠡᠬᠦᠷᠭᠡ ᠶᠢ ᠪᠦᠬᠦᠨ ᠢ ᠪᠠᠷᠠᠭᠠᠵᠤ᠂ 9 ᠲᠦᠷᠦᠯ ᠳᠤ ᠨᠢ ᠪᠦᠲᠦᠮᠵᠢ ᠶᠢᠨ ᠦᠨᠡᠯᠡᠯᠲᠡ ᠬᠢᠨ᠂ | 73 ᠲᠦᠷᠦᠯ ᠤᠨ ᠦᠬᠡᠷᠡᠴᠢᠯᠡᠯᠲᠡ ᠶᠢᠨ ᠪᠦᠲᠦᠮᠵᠢ ᠶᠢ ᠪᠦᠷᠢᠯᠳᠦᠬᠦᠯᠪᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠲᠡ ᠶᠢ ᠦᠷᠬᠦᠯᠵᠢᠯᠡᠨ | ᠭᠥᠨᠵᠡᠭᠡᠶᠢᠷᠡᠭᠦᠯᠪᠡ᠃ ᠪᠦᠬᠦ ᠬᠤᠰᠢᠭᠤᠨ ᠤ 35 ᠰᠠᠯᠠᠭ᠎ᠠ ᠮᠦᠴᠢᠷ ᠤᠨ 1759 ᠲᠦᠷᠦᠯ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠣᠴᠢᠷ ᠶᠠᠪᠤᠳᠠᠯ ᠤᠨ | ᠣᠷᠣᠭᠤᠯᠬᠤ ᠵᠣᠬᠢᠰᠲᠠᠢ ᠶᠢ ᠨᠢ ᠴᠦᠮ ᠤᠷᠤᠭᠤᠯᠣᠨ᠂ ᠣᠰᠣ᠂ ᠴᠠᠬᠢᠯᠭᠠᠨ᠂ ᠰᠢᠲᠠᠮᠠᠬᠠᠢ ᠬᠡᠢ᠂ ᠳᠣᠯᠠᠭᠠᠯᠠᠭ᠎ᠠ ᠵᠡᠷᠭᠡ ᠠᠷᠠᠳ ᠲᠤ ᠳᠦᠬᠦᠮ ᠦᠵᠡᠬᠦᠯᠬᠦ ᠵᠦᠢᠯᠡᠰ | ᠢ 100% ᠪᠠᠷ ᠣᠷᠣᠭᠤᠯᠵᠣ᠂ 85 ᠪᠠᠷᠢᠮᠵᠢᠶᠠᠵᠢᠭᠰᠠᠨ ᠠᠷᠠᠳ ᠲᠤ ᠳᠦᠬᠦᠮ ᠦᠵᠡᠬᠦᠯᠬᠦ ᠲᠦᠪ ᠢ ᠴᠤᠭᠴᠠᠯᠠᠨ᠂ ᠬᠤᠰᠢᠭᠤ ᠪᠠᠯᠭᠠᠰᠣ ᠭᠠᠴᠠᠭ᠎ᠠ ᠭᠤᠷᠪᠠᠨ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠢᠰᠲ᠋ᠧᠮ ᠢ ᠲᠦᠷᠭᠡᠳᠬᠡᠨ ᠪᠠᠶᠢᠭᠤᠯᠪᠠ᠃ ︽ᠳᠦᠷᠪᠡ ᠶᠢ ᠬᠦᠢᠴᠡᠳᠬᠡᠬᠦ︾ ᠣᠴᠢᠷ ᠶᠠᠪᠤᠳᠠᠯ ᠤᠨ | ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠬᠦᠯᠵᠦ᠂ ︽ᠦᠯᠦ ᠬᠦᠳᠡᠯᠬᠦ ᠬᠦᠷᠦᠩᠬᠡ ᠶᠢᠨ ᠳᠠᠩᠰᠠᠯᠠᠯᠲᠠ︾ ᠵᠡᠷᠭᠡ 10 ᠲᠦᠷᠦᠯ ᠤᠨ ᠦᠨᠳᠦᠷ ᠲᠠᠪᠲᠠᠮᠵᠢᠲᠤ | ᠣᠴᠢᠷ ᠶᠠᠪᠣᠳᠠᠯ ᠢ ᠨᠢᠬᠡᠯᠡ ᠣᠳᠠᠭ᠎ᠠ ᠳᠡᠭᠡᠷ᠎ᠡ ᠬᠦᠢᠴᠡᠳᠬᠡᠬᠦ᠂ 145 ᠲᠦᠷᠦᠯ ᠤᠨ ︽ᠨᠢᠭᠡ ᠶᠠᠪᠤᠳᠠᠯ︾ ᠢ ᠨᠢᠭᠡ ᠬᠦᠰᠦᠨᠦᠭᠲᠦ ᠪᠠᠷ ᠭᠤᠶᠤᠴᠢᠯᠠᠬᠤ᠂ ᠨᠢᠬᠡᠯᠡ | ᠣᠳᠠᠭ᠎ᠠ ᠳᠤ ᠰᠢᠢᠳᠪᠦᠷᠢᠯᠡᠬᠦ ᠶᠢ ᠪᠡᠶᠡᠯᠡᠬᠦᠯᠦᠨ᠂ ᠰᠦᠯᠵᠢᠶᠡᠨ ᠳᠡᠭᠡᠷ᠎ᠡ ᠬᠦᠢᠴᠡᠳᠬᠡᠬᠦ᠂ ᠲᠤᠬᠠᠢ ᠶᠢᠨ ᠭᠠᠵᠠᠷ ᠲᠤ ᠨᠢ ᠬᠦᠢᠴᠡᠳᠬᠡᠬᠦ ᠣᠴᠢᠷ ᠶᠠᠪᠣᠳᠠᠯ ᠢ | 99% ᠳᠤ ᠬᠦᠷᠭᠡᠪᠡ᠃ ᠬᠤᠳᠠᠯᠳᠤᠭ᠎ᠠ ᠡᠵᠡᠩᠨᠡᠬᠦ ᠣᠷᠴᠢᠨ ᠢ ᠦᠷᠬᠦᠯᠵᠢᠯᠡᠨ ᠰᠢᠯᠢᠳᠡᠭᠵᠢᠬᠦᠯᠵᠦ᠂ ︽ᠣᠲᠤᠭ ᠤᠨ ᠡᠮᠦᠨᠡᠲᠦ ᠬᠤᠰᠢᠭᠤᠨ ᠤ ᠳᠠᠪᠰᠢᠩᠭᠤᠢ ᠲᠠᠢ | ᠬᠠᠷᠢᠴᠠᠭᠤᠯᠤᠨ ᠲᠡᠷᠢᠬᠦᠨ ᠤ ᠬᠤᠳᠠᠯᠳᠤᠭ᠎ᠠ ᠡᠵᠡᠩᠨᠡᠬᠦ ᠣᠷᠴᠢᠨ ᠢ ᠪᠦᠷᠢᠯᠳᠦᠬᠦᠯᠬᠦ ᠠᠵᠢᠯᠯᠠᠭᠠᠨ ᠤ ᠲᠦᠰᠦᠯ︾ ᠢ ᠳᠠᠷᠤᠮᠠᠯᠯᠠᠨ ᠲᠠᠷᠬᠠᠭᠠᠵᠤ᠂ ᠪᠦᠬᠦ ᠬᠤᠰᠢᠭᠤᠨ ᠤ | ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠬᠦᠯᠬᠦ 200 ᠵᠣᠷᠪᠣᠰ ᠡᠬᠦᠷᠭᠡ ᠶᠢᠨ ᠨᠠᠷᠢᠨ ᠳᠠᠩᠰᠠ ᠶᠢ ᠲᠦᠬᠦᠷᠴᠢᠯᠡᠵᠦ ᠲᠤᠭᠲᠠᠭᠠᠨ᠂ ᠬᠤᠳᠠᠯᠳᠤᠭ᠎ᠠ ᠡᠵᠡᠩᠨᠡᠬᠦ | ᠣᠷᠴᠢᠨ ᠤ ᠠᠵᠢᠯ ᠤᠨ ᠡᠬᠦᠷᠭᠡ ᠶᠢᠨ ᠲᠤᠬᠢᠷᠠᠭᠤᠯᠤᠯᠲᠠ ᠶᠢᠨ ᠳᠠᠪᠴᠠᠩ ᠢ ᠪᠠᠶᠢᠭᠤᠯᠵᠤ᠂ 325 ᠵᠣᠷᠪᠣᠰ ᠦᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ | ᠱᠠᠲᠤᠨ ᠤ ᠭᠤᠤᠯᠳᠠᠯᠭᠠᠲᠤ ᠡᠬᠦᠷᠭᠡ ᠶᠢ ᠬᠤᠭᠤᠴᠠᠭ᠎ᠠ ᠶᠤᠰᠤᠭᠠᠷ ᠪᠡᠶᠡᠯᠡᠬᠦᠯᠪᠡ᠃ ︽ᠦᠪᠦᠷ ᠮᠣᠩᠭᠤᠯ ᠤᠨ ᠠᠵᠣ ᠠᠬᠤᠶᠢᠯᠠᠯ ᠤᠨ ᠨᠡᠪᠲᠡᠷᠬᠡᠢ︾ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠰᠦᠯᠵᠢᠶᠡᠨ ᠤ ᠦᠢᠯᠡᠴᠢᠯᠡᠬᠡᠨ ᠤ ᠳᠠᠪᠴᠠᠩ ᠤᠨ ᠬᠡᠷᠡᠭᠯᠡᠯᠲᠡ ᠶᠢ ᠬᠦᠨᠵᠡᠬᠡᠶᠢᠷᠡᠬᠦᠯᠦᠨ᠂ ᠨᠡᠶᠢᠲᠡ 3397 ᠵᠠᠬ᠎ᠠ ᠳᠡᠯᠬᠡᠬᠦᠷ | ᠤᠨ ᠭᠤᠤᠯ ᠴᠤᠭᠴᠠ ᠶᠢ ᠳᠠᠩᠰᠠᠯᠠᠭᠤᠯᠵᠤ᠂ 65 ᠵᠤᠷᠪᠤᠰ ᠠᠵᠣ ᠠᠬᠤᠶᠢᠯᠠᠯ ᠢ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠨᠠᠶᠢᠲᠠᠯᠠᠨ᠂ 30 ᠵᠦᠪᠯᠡᠯ ᠠᠯᠪᠠᠨ | ᠬᠡᠷ ᠤᠨ ᠪᠠᠶᠢᠭᠤᠯᠭ᠎ᠠ ᠨᠢᠭᠡᠴᠡ ᠣᠷᠣᠵᠣ ᠰᠠᠭᠤᠷᠢᠰᠢᠪᠡ᠃ ᠮᠦᠩᠭᠦᠨ ᠬᠦᠢᠯᠬᠡᠬᠡᠨ ᠤ ᠲᠤᠭᠲᠠᠴᠠ ᠶᠢᠨ ᠦᠬᠡᠷᠡᠴᠢᠯᠡᠯᠲᠡ ᠶᠢ ᠬᠦᠨᠵᠡᠬᠡᠶᠢᠷᠡᠬᠦᠯᠵᠦ᠂ ᠮᠡᠳᠡᠯᠭᠡ ᠶᠢᠨ | ᠦᠮᠴᠢᠯᠡᠬᠦ ᠡᠷᠬᠡ ᠪᠠᠨ ᠳᠡᠨᠵᠢᠯᠡᠵᠦ ᠪᠡᠯᠡ ᠬᠤᠷᠠᠮᠳᠣᠭᠤᠯᠬᠤ ᠶᠢ ᠠᠩᠬ᠎ᠠ ᠡᠬᠦᠳᠪᠡ︔ ᠵᠠᠰᠠᠭ ᠤᠨ ᠶᠠᠪᠤᠳᠠᠯ ᠤᠨ ︽ᠵᠢᠵᠢᠭ ᠴᠣᠩᠬᠤᠪᠴᠢ︾ ᠶᠢᠨ ᠦᠢᠯᠡᠴᠢᠯᠡᠬᠡᠨ | ᠤ ᠦᠬᠡᠷᠡᠴᠢᠯᠡᠯᠲᠡ ᠶᠢ ᠡᠮᠬᠢᠲᠡᠢ ᠠᠬᠢᠭᠤᠯᠤᠨ᠂ ︽ᠶᠡᠷᠦᠩᠬᠡᠶᠢᠯᠡᠭᠰᠡᠨ ᠯᠠᠩᠬᠦᠢ ᠶᠢᠨ ᠳᠦᠷᠢᠮ︾ ᠤᠨ ᠦᠢᠯᠡᠴᠢᠯᠡᠬᠡᠨ ᠤ ᠵᠠᠭᠪᠤᠷ ᠢ ᠰᠢᠨᠡᠴᠢᠯᠡᠵᠦ᠂ ᠰᠦᠯᠵᠢᠶ᠎ᠡ | ᠳᠡᠭᠡᠷᠡᠬᠢ ᠪᠠ ᠪᠤᠲᠠᠲᠤ ᠦᠢᠯᠡᠴᠢᠯᠡᠬᠡᠨ ᠤ ᠠᠭᠤᠰᠣᠯᠴᠠᠯ ᠢ ᠦᠷᠬᠦᠯᠵᠢᠯᠡᠨ ᠳᠡᠰ ᠳᠡᠪᠰᠢᠬᠦᠯᠦᠨ᠂ ᠵᠠᠬ᠎ᠠ ᠳᠡᠯᠭᠡᠬᠦᠷ ᠤᠨ ᠭᠤᠤᠯ ᠴᠤᠭᠴᠠ ᠶᠢᠨ ᠠᠮᠢᠵᠢᠷᠠᠯ ᠤᠨ | ᠬᠦᠴᠦᠨ ᠢ ᠦᠷᠬᠦᠯᠵᠢᠯᠡᠨ ᠪᠠᠳᠠᠷᠠᠭᠤᠯᠪᠠ᠃ ᠴᠢᠳᠠᠪᠤᠷᠢᠲᠠᠨ ᠤ ᠲᠤᠭᠲᠠᠴᠠ ᠶᠢᠨ ᠦᠬᠡᠷᠡᠴᠢᠯᠡᠯᠲᠡ ᠶᠢ ᠦᠷᠬᠦᠯᠵᠢᠯᠡᠨ ᠬᠦᠨᠵᠡᠬᠡᠶᠢᠷᠡᠬᠦᠯᠵᠦ᠂ ︽ᠰᠢᠨᠵᠢᠯᠡᠭᠡ | ᠮᠡᠷᠭᠡᠵᠢᠯ ᠢᠶᠠᠷ ᠦᠪᠦᠷ ᠮᠣᠩᠭᠤᠯ ᠢᠶᠠᠨ ᠬᠦᠭᠵᠢᠬᠦᠯᠬᠦ︾ ᠠᠵᠢᠯᠯᠠᠭ᠎ᠠ ᠪᠠ ︽ᠴᠢᠳᠠᠪᠤᠷᠢᠲᠠᠨ ᠤ ᠰᠢᠨ᠎ᠡ ᠪᠤᠳᠣᠯᠭ᠎ᠠ ᠶᠢᠨ 30 ᠵᠣᠷᠪᠣᠰ︾ ᠢ ᠪᠦᠬᠦ ᠲᠠᠯ᠎ᠠ ᠪᠠᠷ | ᠨᠠᠶᠢᠲᠠᠪᠤᠷᠢᠵᠢᠭᠤᠯᠤᠨ᠂ ᠴᠢᠳᠠᠪᠤᠷᠢᠲᠠᠨ ᠤ ᠰᠢᠨᠵᠢᠯᠡᠭᠡ ᠮᠡᠷᠭᠡᠵᠢᠯ ᠤᠨ ᠰᠢᠨ᠎ᠡ ᠡᠬᠦᠳᠦᠯᠲᠡ ᠶᠢᠨ ᠰᠠᠭᠤᠷᠢᠨ ᠭᠠᠵᠠᠷ᠂ ᠴᠦᠯᠡᠷᠬᠡᠭ ᠬᠡᠬᠡᠷ᠎ᠡ ᠶᠢᠨ ᠠᠮᠢ ᠠᠬᠤᠢ ᠶᠢᠨ | ᠦᠢᠯᠡᠳᠪᠦᠷᠢᠯᠡᠯ ᠤᠨ ᠶᠠᠰᠣ ᠴᠢᠨᠠᠷ ᠤᠨ ᠮᠡᠷᠬᠡᠵᠢᠯ ᠤᠨ ᠰᠢᠨ᠎ᠡ ᠶᠢ ᠡᠬᠦᠳᠬᠦ ᠰᠠᠭᠤᠷᠢᠨ ᠭᠠᠵᠠᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠣ᠂ 1 ᠠᠺᠠᠳᠧᠮᠢᠴᠢ | ᠡᠷᠳᠡᠮᠲᠡᠨ ᠤ ᠠᠵᠢᠯ ᠤᠨ ᠦᠷᠲᠡᠭᠡ᠂ 2 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠨᠤᠲᠠᠯᠠᠨ᠂ 992 ᠨᠡᠷ᠎ᠡ ᠡᠯ᠎ᠡ ᠲᠦᠷᠦᠯ ᠤᠨ ᠴᠢᠳᠠᠪᠤᠷᠢᠲᠠᠨ᠂ | ᠮᠡᠷᠬᠡᠵᠢᠯᠲᠡᠨ ᠢ ᠣᠷᠣᠭᠤᠯᠣᠨ ᠠᠪᠴᠢᠷᠠᠵᠤ᠂ ᠪᠠᠭᠰᠢ᠂ ᠴᠢᠳᠠᠪᠣᠷᠢᠲᠠᠨ ᠢ ᠣᠷᠢᠵᠦ ᠡᠯᠰᠡᠬᠦ ︽ᠬᠤᠤᠰ ᠵᠠᠭᠤ ᠶᠢᠨ ᠲᠦᠯᠦᠪᠯᠡᠭᠡ︾ ᠶᠢ ᠬᠡᠷᠡᠭᠵᠢᠬᠦᠯᠦᠨ᠂ 137 | ᠨᠡᠷ᠎ᠡ ᠪᠠᠭᠰᠢ᠂ 213 ᠨᠡᠷ᠎ᠡ ᠡᠮᠴᠢᠯᠡᠭᠡ ᠡᠷᠡᠬᠦᠯ ᠬᠠᠮᠠᠭᠠᠯᠠᠯ ᠤᠨ ᠮᠡᠷᠬᠡᠵᠢᠯ ᠤᠨ ᠠᠵᠢᠯᠲᠠᠨ ᠢ ᠡᠯᠰᠡᠵᠦ᠂ 44 ᠨᠡᠷ᠎ᠡ ᠮᠠᠰᠲ᠋ᠧᠷ ᠰᠣᠳᠣᠯᠬᠤ ᠰᠣᠷᠣᠭᠴᠢ ᠶᠢ | ᠣᠷᠣᠭᠤᠯᠵᠣ ᠠᠪᠴᠢᠷᠠᠨ᠂ ᠴᠢᠳᠠᠪᠣᠷᠢᠲᠠᠨ ᠣᠷᠢᠨ ᠴᠤᠭᠯᠠᠭᠤᠯᠬᠤ ᠦᠷ᠎ᠡ ᠪᠦᠲᠦᠮᠵᠢ ᠶᠢ ᠳᠣᠪᠣᠶᠢᠯᠭᠠᠪᠠ᠃ | ︵ᠵᠢᠷᠭᠤᠭ᠎ᠠ︶ ᠠᠷᠠᠳ ᠤᠨ ᠠᠮᠢᠳᠣᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠬᠦᠯᠪᠡ᠃ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ | ᠦᠷ᠎ᠡ ᠪᠦᠲᠦᠮᠵᠢ ᠶᠢ ᠪᠠᠬᠢᠵᠢᠬᠦᠯᠬᠦ ᠪᠠ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠶᠢ ᠪᠦᠲᠦᠮᠵᠢᠲᠡᠢ ᠠᠪᠴᠠᠯᠳᠣᠭᠤᠯᠵᠣ᠂ ᠳᠠᠬᠢᠨ ᠶᠠᠳᠠᠭᠤᠷᠠᠬᠤ ᠠᠴᠠ | ᠰᠡᠷᠬᠡᠶᠢᠯᠡᠬᠦ ᠬᠦᠳᠡᠯᠦᠩᠬᠦᠢ ᠬᠢᠨᠠᠨ ᠡᠵᠡᠮᠳᠡᠯ ᠤᠨ ᠲᠤᠭᠲᠠᠴᠠ ᠶᠢ ᠳᠡᠬᠦᠯᠳᠡᠷᠵᠢᠬᠦᠯᠦᠨ᠂ ︽ᠨᠠᠮ ᠤᠨ ᠡᠬᠦᠷ + ᠲᠤᠯᠤᠭᠠᠶᠢᠯᠠᠭᠴᠢ ᠠᠵᠤ ᠠᠬᠤᠶᠢᠯᠠᠯ + | ᠬᠤᠷᠰᠢᠶᠠᠵᠢᠯ ᠵᠤᠬᠢᠶᠠᠨ ᠪᠠᠶᠢᠭᠤᠯᠤᠯᠲᠠ + ᠮᠠᠯᠴᠢᠨ ᠲᠠᠷᠢᠶᠠᠴᠢᠨ ᠡᠷᠦᠬᠡ︾ ᠶᠢᠨ ᠠᠰᠢᠭ ᠲᠤᠰᠠ ᠶᠢᠨ ᠬᠤᠯᠪᠤᠭᠠᠯᠠᠯ ᠤᠨ ᠵᠠᠭᠪᠤᠷ ᠢ ᠶᠡᠬᠡᠪᠡᠷ ᠲᠦᠬᠡᠮᠡᠯᠵᠢᠬᠦᠯᠵᠦ᠂ | ᠪᠦᠬᠦ ᠬᠤᠰᠢᠭᠤᠨ ᠤ 68 ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢ ᠲᠠᠰᠣᠷᠠᠯᠲᠠ ᠦᠬᠡᠢ ᠪᠤᠵᠠᠭᠠᠶᠢᠷᠠᠭᠤᠯᠤᠨ᠂ ᠮᠠᠯᠴᠢᠨ ᠲᠠᠷᠢᠶᠠᠴᠢᠨ ᠤ ᠭᠠᠷᠤᠯᠲᠠ | ᠶᠢ ᠲᠤᠭᠲᠠᠪᠤᠷᠢᠵᠢᠭᠤᠯᠵᠤ ᠣᠷᠣᠯᠭ᠎ᠠ ᠶᠢ ᠨᠢ ᠨᠡᠮᠡᠭᠳᠡᠬᠦᠯᠬᠦ ᠶᠢ ᠪᠡᠶᠡᠯᠡᠬᠦᠯᠪᠡ᠃ ᠠᠵᠢᠯ ᠣᠯᠭᠤᠯᠲᠠ ᠶᠢ ᠪᠦᠬᠦ ᠬᠦᠴᠦᠨ ᠢᠶᠠᠷ ᠲᠤᠭᠲᠠᠪᠤᠷᠢᠵᠢᠭᠤᠯᠤᠨ ᠪᠠᠲᠤᠯᠠᠵᠤ᠂ | 1795 ᠲᠦᠮᠡᠨ ᠲᠦᠬᠦᠷᠢᠭ ᠤᠨ ᠦᠢᠯᠡᠰ ᠪᠤᠰᠬᠠᠬᠤ ᠪᠠᠲᠤᠯᠠᠭ᠎ᠠ ᠶᠢᠨ ᠵᠢᠭᠡᠯᠡᠯᠭᠡ ᠪᠠ ᠦᠢᠯᠡᠰ ᠪᠤᠰᠬᠠᠬᠤ ᠨᠦᠬᠦᠪᠦᠷᠢ ᠮᠦᠩᠭᠦ᠂ 652.4 ᠲᠦᠮᠡᠨ ᠲᠦᠬᠦᠷᠢᠭ | ᠤᠨ ᠠᠵᠢᠯ ᠠᠯᠳᠠᠯᠲᠠ ᠶᠢᠨ ᠨᠦᠬᠦᠪᠦᠷᠢ ᠮᠦᠩᠭᠦ᠂ ᠠᠵᠢᠯ ᠤᠨ ᠪᠠᠶᠢᠷᠢ ᠶᠢ ᠲᠤᠭᠲᠠᠪᠤᠷᠢᠵᠢᠭᠤᠯᠤᠨ ᠦᠷᠭᠡᠳᠬᠡᠬᠦ ᠨᠦᠬᠦᠪᠦᠷᠢ ᠮᠦᠩᠭᠦ ᠲᠠᠷᠬᠠᠭᠠᠨ᠂ 684 ᠬᠦᠮᠦᠨ | ᠤ ᠠᠵᠢᠯ ᠣᠯᠭᠤᠯᠲᠠ ᠶᠢ ᠰᠢᠨ᠎ᠡ ᠪᠠᠷ ᠨᠡᠮᠡᠭᠳᠡᠬᠦᠯᠵᠦ᠂ 354 ᠬᠦᠮᠦᠨ ᠤ ᠠᠵᠢᠯ ᠤᠯᠤᠯᠲᠠ ᠶᠢ ᠬᠠᠪᠰᠣᠷᠣᠨ ᠳᠡᠳᠬᠦᠪᠡ᠃ ᠠᠷᠠᠳ ᠤᠨ ᠲᠦᠯᠦᠭᠡᠯᠡᠭᠴᠢᠳ ᠠᠴᠠ | ᠪᠢᠯᠧᠲ ᠦᠭᠴᠦ ᠲᠣᠭᠳᠠᠭᠠᠭᠰᠠᠨ ᠠᠷᠠᠳ ᠤᠨ ᠠᠮᠢᠳᠤᠷᠠᠯ ᠤᠨ ᠬᠠᠷᠠᠭᠠᠯᠵᠠᠯ ᠤᠨ 10 ᠪᠣᠳᠠᠳᠦ ᠶᠠᠪᠣᠳᠠᠯ ᠢ ᠪᠦᠬᠦᠨ ᠢ ᠬᠤᠭᠤᠴᠠᠭ᠎ᠠ ᠶᠤᠰᠤᠭᠠᠷ ᠪᠠᠷᠠᠭᠠᠨ | ᠠᠰᠢᠭᠯᠠᠯᠲᠠ ᠳᠤ ᠣᠷᠣᠭᠤᠯᠪᠠ᠃ ᠰᠣᠷᠭᠠᠨ ᠬᠦᠮᠦᠵᠢᠯ ᠵᠢᠭᠠᠨ ᠰᠣᠷᠭᠠᠯᠲᠠ ᠶᠢᠨ ᠶᠠᠰᠣ ᠴᠢᠨᠠᠷ ᠢ ᠲᠤᠭᠲᠠᠭᠤᠨ ᠢᠶᠠᠷ ᠳᠡᠭᠡᠭᠰᠢᠯᠡᠬᠦᠯᠵᠦ᠂ ᠬᠤᠰᠢᠭᠤ ᠨᠢᠭᠡᠳᠦᠬᠡᠷ | ᠪᠠᠭ᠎ᠠ ᠰᠣᠷᠭᠠᠭᠤᠯᠢ ᠶᠢ ᠠᠰᠢᠭᠯᠠᠯᠲᠠ ᠳᠤ ᠣᠷᠣᠭᠤᠯᠣᠨ᠂ ᠪᠤᠷᠤᠪᠠᠯᠭᠠᠰᠣ ᠪᠦᠷᠢᠨ ᠪᠠᠭ᠎ᠠ ᠰᠣᠷᠭᠠᠭᠤᠯᠢ ᠶᠢᠨ ᠦᠷᠬᠡᠳᠬᠡᠨ ᠪᠠᠶᠢᠭᠤᠯᠤᠯᠲᠠ ᠶᠢᠨ ᠢᠨᠵᠧᠨᠧᠷᠢᠩ᠂ | ᠨᠠᠩᠰᠣ ᠶᠢᠨ ᠬᠡᠣᠬᠡᠳ ᠤᠨ ᠴᠡᠴᠡᠷᠯᠢᠭ ᠤᠨ ᠪᠠᠷᠢᠯᠭ᠎ᠠ ᠶᠢ ᠳᠠᠭᠤᠰᠬᠠᠵᠤ᠂ ᠬᠤᠶᠠᠳᠣᠭᠠᠷ ᠳᠣᠮᠳᠠᠳᠣ ᠰᠣᠷᠭᠠᠭᠤᠯᠢ᠂ ᠳᠣᠯᠣᠳᠣᠭᠠᠷ ᠬᠡᠣᠬᠡᠳ ᠤᠨ ᠴᠡᠴᠡᠷᠯᠢᠭ ᠤᠨ | ᠪᠠᠶᠢᠭᠤᠯᠤᠯᠲᠠ ᠶᠢ ᠲᠦᠷᠬᠡᠳᠬᠡᠨ᠂ ᠦᠪᠦᠷ ᠮᠣᠩᠭᠤᠯ ᠤᠨ ᠪᠠᠭᠰᠢ ᠶᠢᠨ ᠶᠡᠭᠡ ᠰᠣᠷᠭᠠᠭᠤᠯᠢ ᠶᠢᠨ ᠬᠠᠷᠢᠶᠠᠲᠤ ᠳᠣᠮᠳᠠᠳᠣ ᠰᠣᠷᠭᠠᠭᠤᠯᠢ᠂ ᠣᠷᠳᠣᠰ ᠬᠤᠲᠠ ᠶᠢᠨ | ᠨᠢᠭᠡᠳᠦᠬᠡᠷ ᠲᠣᠮᠳᠠᠳᠦ ᠰᠣᠷᠭᠠᠭᠤᠯᠢ ᠲᠠᠢ ᠬᠠᠮᠲᠤᠷᠠᠨ ᠰᠣᠷᠭᠠᠭᠤᠯᠢ ᠡᠷᠬᠢᠯᠡᠬᠦ ᠶᠢ ᠬᠦᠨᠵᠡᠬᠡᠶᠢᠷᠡᠬᠦᠯᠵᠦ᠂ ᠰᠣᠷᠭᠠᠨ ᠬᠦᠮᠦᠵᠢᠯ ᠤᠨ ᠴᠢᠨᠠᠷ ᠰᠠᠶᠢᠲᠠᠢ ᠲᠡᠩᠴᠡᠬᠦᠷᠢᠲᠦ | ᠬᠦᠭᠵᠢᠯᠲᠡ ᠶᠢ ᠠᠬᠢᠭᠤᠯᠪᠠ᠃ ᠡᠮᠴᠢᠯᠡᠭᠡᠨ ᠤ ᠰᠠᠭᠤᠷᠢ ᠳᠦᠬᠦᠬᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠡᠬᠡ ᠨᠢᠯᠬᠠᠰ ᠤᠨ ᠡᠷᠡᠬᠦᠯᠵᠢᠯ ᠤᠨ ᠬᠤᠷᠢᠶ᠎ᠠ | ᠪᠠ ᠮᠣᠩᠭᠤᠯ ᠡᠮᠨᠡᠯᠬᠡ ᠶᠢᠨ ᠬᠤᠷᠢᠶ᠎ᠠ ᠶᠢᠨ ᠬᠠᠭᠤᠴᠢᠨ ᠠᠰᠠᠷ ᠤᠨ ᠰᠡᠯᠪᠢᠯᠲᠡ ᠦᠬᠡᠷᠡᠴᠢᠯᠡᠯᠲᠡ ᠶᠢ ᠳᠠᠭᠤᠰᠬᠠᠨ ᠠᠰᠢᠭᠯᠠᠯᠲᠠ ᠳᠤ ᠣᠷᠣᠭᠤᠯᠵᠣ᠂ ᠬᠤᠰᠢᠭᠤ | ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠠᠰᠠᠷ᠂ ᠱᠠᠩᠬᠠᠢ ᠶᠢᠨ ᠰᠦᠮ᠎ᠡ ᠪᠠᠯᠭᠠᠰᠣᠨ ᠤ ᠭᠤᠤᠯᠳᠠᠯᠭᠠᠲᠤ ᠡᠮᠨᠡᠯᠬᠡ ᠶᠢᠨ ᠬᠤᠷᠢᠶ᠎ᠠ᠂ ᠮᠣᠩᠭᠤᠯ | ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠬᠡ ᠶᠢᠨ ᠬᠤᠷᠢᠶᠠᠨ ᠤ ᠬᠠᠯᠠᠭᠤᠷᠠᠯ ᠤᠨ ᠡᠬᠦᠳᠡᠨ ᠡᠮᠨᠡᠯᠭᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠳᠠᠭᠤᠰᠬᠠᠨ᠂ | ᠡᠮᠴᠢᠯᠡᠬᠡᠨ ᠤ ᠪᠠᠲᠤᠯᠠᠭ᠎ᠠ ᠶᠢᠨ ᠴᠢᠳᠠᠪᠤᠷᠢ ᠪᠠᠨ ᠦᠷᠬᠦᠯᠵᠢᠯᠡᠨ ᠴᠢᠩᠭᠠᠳᠬᠠᠪᠠ᠃ ︽ᠪᠠᠶᠢᠴᠠᠭᠠᠬᠤ ᠶᠤᠰᠤᠲᠠᠢ ᠶᠢ ᠨᠢ ᠴᠦᠮ ᠪᠠᠶᠢᠴᠠᠭᠠᠬᠤ︾᠂ ︽ᠪᠠᠶᠢᠴᠠᠭᠠᠬᠤ | ᠳᠣᠷᠠᠲᠠᠢ ᠶᠢ ᠨᠢ ᠴᠦᠮ ᠪᠠᠶᠢᠴᠠᠭᠠᠬᠤ︾ ᠰᠢᠭᠰᠢᠨ ᠪᠠᠶᠢᠴᠠᠭᠠᠬᠤ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠲᠠᠪᠤᠷᠢᠵᠢᠭᠤᠯᠵᠤ᠂ 1 ᠴᠢᠩᠬᠡᠯᠢᠭ ᠲᠤᠷᠰᠢᠯᠲᠠ ᠶᠢᠨ | ᠲᠠᠰᠤᠭ᠂ 2 PCR ᠲᠤᠷᠰᠢᠯᠲᠠ ᠶᠢᠨ ᠲᠠᠰᠤᠭ ᠢ ᠳᠣᠬᠢᠷᠠᠭᠤᠯᠤᠨ᠂ ᠡᠳᠦᠷ ᠪᠦᠷᠢ ᠶᠢᠨ ᠪᠦᠬᠡᠮ ᠬᠦᠴᠢᠯ ᠤᠨ ᠪᠠᠶᠢᠴᠠᠭᠠᠯᠲᠠ ᠶᠢᠨ ᠴᠢᠳᠠᠪᠤᠷᠢ ᠶᠢ 11 ᠲᠦᠮᠡᠨ | ᠬᠤᠪᠢ ᠳᠤ ᠬᠦᠷᠭᠡᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠢᠯᠡᠷᠬᠡᠢ ᠳᠡᠭᠡᠭᠰᠢᠯᠡᠬᠦᠯᠪᠡ᠃ ᠲᠤᠭᠠᠴᠠᠯᠠᠭᠰᠠᠨ ᠨᠣᠮ ᠤᠨ ᠰᠠᠩ ᠤᠨ | ᠪᠠᠶᠢᠭᠤᠯᠤᠯᠲᠠ ᠶᠢ ᠠᠬᠢᠭᠤᠯᠵᠤ᠂ ᠣᠲᠤᠭ ᠤᠨ ᠡᠮᠦᠨᠡᠲᠦ ᠬᠤᠰᠢᠭᠤᠨ ᠤ ᠮᠦᠽᠸᠢ ᠶᠢ ᠦᠬᠡᠷᠡᠴᠢᠯᠡᠵᠦ ᠳᠡᠭᠡᠭᠰᠢᠯᠡᠬᠦᠯᠦᠨ᠂ ᠭᠤᠷᠪᠠᠳᠣᠭᠠᠷ ᠪᠦᠯᠦᠭ ᠤᠨ ᠬᠤᠰᠢᠭᠤ | ᠲᠡᠰ ᠤᠨ ᠪᠤᠳᠠᠰ ᠤᠨ ᠪᠤᠰᠤ ᠰᠣᠶᠣᠯ ᠤᠨ ᠦᠪ ᠤᠨ 14 ᠲᠦᠯᠦᠭᠡᠯᠡᠭᠴᠢ ᠶᠢᠨ ᠨᠡᠷᠡᠰ ᠢ ᠨᠡᠶᠢᠲᠡᠯᠡᠵᠦ᠂ ᠰᠤᠶᠤᠯ ᠢᠶᠠᠷ ᠠᠷᠠᠳ ᠢ ᠬᠠᠷᠠᠭᠠᠯᠵᠠᠬᠤ ᠠᠵᠢᠯᠯᠠᠭ᠎ᠠ ᠶᠢ | 500 ᠭᠠᠷᠤᠢ ᠤᠳᠠᠭ᠎ᠠ ᠥᠷᠨᠢᠭᠦᠯᠥᠨ᠂ ᠨᠡᠶᠢᠲᠡ ᠶᠢᠨ ᠰᠣᠶᠣᠯ ᠤᠨ ᠦᠢᠯᠡᠴᠢᠯᠡᠬᠡᠨ ᠤ ᠶᠠᠰᠣ ᠴᠢᠨᠠᠷ ᠢ ᠢᠯᠡᠷᠬᠡᠢ ᠳᠡᠭᠡᠭᠰᠢᠯᠡᠬᠦᠯᠪᠡ᠃ ᠣᠯᠣᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠠᠴᠠ ᠬᠠᠯᠬᠠᠳᠠᠭᠰᠠᠳ᠂ ᠲᠤᠭ᠎ᠠ ᠪᠦᠷᠢᠳᠬᠡᠯ᠂ ᠳᠠᠩᠰᠠ ᠡᠪᠬᠡᠮᠡᠯ᠂ ᠠᠷᠠᠳ ᠤᠨ ᠠᠭᠠᠷ ᠰᠡᠷᠭᠡᠶᠢᠯᠡᠯᠳᠡ᠂ ᠴᠠᠭ ᠠᠭᠤᠷ᠂ | ᠡᠮᠡᠭᠳᠡᠶᠢᠴᠣᠳ ᠬᠡᠣᠭᠡᠳ᠂ ᠦᠳᠡᠭᠦᠰ ᠤᠨ ᠠᠵᠣ ᠣᠶᠢᠯᠠᠰ ᠵᠡᠷᠭᠡ ᠡᠯ᠎ᠡ ᠲᠦᠷᠦᠯ ᠤᠨ ᠠᠵᠢᠯ ᠢ ᠪᠦᠬᠦ ᠲᠠᠯ᠎ᠠ ᠪᠠᠷ ᠦᠷᠨᠢᠭᠦᠯᠪᠡ᠃ | ᠶᠡᠷᠦᠩᠬᠡᠢ ᠳᠤᠨᠢ ᠬᠡᠯᠡᠪᠡᠯ᠂ 2022 ᠣᠨ ᠤ ᠪᠦᠬᠦ ᠬᠤᠰᠢᠭᠤᠨ ᠤ ᠣᠯᠣᠰ ᠠᠷᠠᠳ ᠤᠨ ᠠᠵᠤ ᠠᠬᠤᠢ ᠪᠠ ᠨᠡᠶᠢᠬᠡᠮ ᠤᠨ ᠬᠦᠭᠵᠢᠯᠲᠡ ᠶᠢᠨ ᠲᠦᠯᠦᠪᠯᠡᠭᠡ | ᠶᠢᠨ ᠬᠡᠷᠡᠭᠵᠢᠬᠦᠯᠦᠭᠰᠡᠨ ᠪᠠᠶᠢᠳᠠᠯ ᠨᠡᠯᠢᠶᠡᠳ ᠰᠠᠶᠢᠨ᠂ ᠬᠡᠪᠡᠴᠦ ᠠᠵᠣ ᠠᠬᠤᠢ ᠶᠢᠨ ᠡᠷᠬᠢᠯᠳᠠ ᠲᠣᠮᠳᠠ ᠣᠷᠣᠰᠢᠵᠣ ᠪᠠᠶᠢᠭ᠎ᠠ ᠠᠰᠠᠭᠤᠳᠠᠯ ᠪᠠ ᠲᠤᠲᠠᠭᠤᠳᠠᠯ ᠢᠶᠠᠨ | ᠪᠢᠳᠡ ᠬᠦᠢᠴᠡᠳ ᠲᠠᠨᠢᠬᠤ ᠴᠢᠬᠤᠯᠠᠲᠠᠢ ᠪᠤᠢ᠂ ᠭᠤᠣᠯ ᠢᠯᠡᠷᠡᠯ ᠨᠢ᠄ ᠨᠢᠭᠡ ᠳᠤ ᠠᠵᠣ ᠠᠬᠤᠢ ᠶᠢᠨ ᠰᠠᠭᠤᠷᠢ ᠪᠠᠭᠤᠷᠠᠢ ᠪᠠᠶᠢᠳᠠᠯ ᠢᠶᠠᠨ ᠬᠠᠷᠠᠬᠠᠨ ᠬᠤᠪᠢᠷᠠᠭᠤᠯᠵᠣ | ᠳᠠᠶᠢᠯᠤᠬᠡᠳᠤᠢ ᠪᠠᠶᠢᠭᠰᠠᠭᠠᠷ᠃ᠬᠤᠶᠠᠷ ᠲᠤ ᠠᠵᠤ ᠦᠢᠯᠡᠰ ᠤᠨ ᠪᠦᠲᠦᠴᠡ ᠵᠤᠬᠢᠰ ᠦᠬᠡᠢ᠂ ᠨᠢᠬᠡᠳᠦᠬᠡᠷ ᠠᠵᠤ ᠦᠢᠯᠡᠰ ᠤᠨ ᠨᠡᠮᠡᠯᠲᠡ ᠦᠷᠲᠡᠭ ᠳᠣᠣᠷ᠎ᠠ᠂ | ᠬᠤᠶᠠᠳᠣᠭᠠᠷ ᠠᠵᠤ ᠦᠢᠯᠡᠰ ᠤᠨ ᠦᠷᠢᠰᠦᠯᠳᠦᠬᠡᠨ ᠤ ᠬᠦᠴᠦᠨ ᠬᠦᠷᠦᠯᠴᠡᠬᠦ ᠦᠬᠡᠢ᠂ ᠭᠤᠷᠪᠠᠳᠣᠭᠠᠷ ᠠᠵᠤ ᠦᠢᠯᠡᠰ ᠤᠨ ᠳᠠᠶᠢᠴᠢᠯᠠᠬᠤ ᠬᠦᠴᠦᠨ ᠬᠦᠷᠦᠯᠴᠡᠬᠦ | ᠦᠬᠡᠢ ᠪᠠᠶᠢᠳᠠᠯ ᠮᠦᠨ ᠣᠷᠣᠰᠢᠭᠰᠠᠭᠠᠷ᠃ ᠭᠤᠷᠪᠠ ᠳᠤ ᠰᠠᠭᠤᠷᠢ ᠲᠦᠬᠦᠭᠡᠷᠦᠮᠵᠢ᠂ ᠨᠡᠶᠢᠳᠡ ᠶᠢᠨ ᠡᠬᠢ ᠰᠣᠷᠪᠣᠯᠵᠢ ᠵᠡᠷᠭᠡ ᠬᠦᠷᠢᠶ᠎ᠡ ᠴᠠᠷᠠᠭᠠᠨ ᠤ ᠪᠠᠶᠢᠭᠤᠯᠣᠯᠳᠠ | ᠶᠢᠨ ᠲᠦᠪᠰᠢᠨ ᠢ ᠳᠡᠭᠡᠭᠰᠢᠯᠡᠬᠦᠯᠬᠦ ᠴᠢᠬᠤᠯᠠᠲᠠᠢ ᠪᠤᠢ᠃ ᠡᠶᠢᠮᠣ ᠠᠴᠠ ᠪᠢᠳᠠ ᠡᠷᠬᠡᠪᠰᠢ ᠰᠠᠨᠠᠭᠠᠴᠢᠯᠠᠭ᠎ᠠ ᠠᠴᠠ ᠪᠠᠨ ᠬᠦᠳᠡᠯᠦᠯᠴᠡᠵᠦ᠂ ᠵᠤᠷᠢᠭᠲᠠᠢ ᠪᠠᠷ ᠡᠬᠦᠷᠭᠡᠯᠡᠨ᠂ | ᠦᠨᠡᠨ ᠬᠦ ᠪᠦᠲᠦᠮᠵᠢᠲᠡᠢ ᠠᠷᠭ᠎ᠠ ᠠᠪᠴᠠᠯ ᠠᠪᠴᠣ ᠰᠢᠢᠳᠪᠦᠷᠢᠯᠡᠨ᠎ᠡ᠃ | ᠬᠤᠶᠠᠷ᠂ 2023 ᠣᠨ ᠤ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠭᠤᠣᠯ ᠡᠭᠦᠷᠭᠡ | 2023 ᠪᠣᠯ ᠨᠠᠮ ᠤᠨ ᠬᠤᠷᠢᠳᠣᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠲᠠᠪᠤᠷᠢᠵᠢᠭᠤᠯᠬᠤ ᠡᠬᠢᠨ ᠤ ᠵᠢᠯ᠂ | ᠣᠲᠤᠭ ᠤᠨ ᠡᠮᠦᠨᠡᠲᠦ ᠬᠤᠰᠢᠭᠤᠨ ᠤ ᠬᠡᠯᠪᠡᠷᠢ ᠶᠢᠨ ᠬᠤᠪᠢᠷᠠᠭᠤᠯᠤᠯᠲᠠ ᠳᠠᠪᠰᠢᠯᠲᠠ ᠶᠢᠨ ᠵᠢᠯ ᠪᠤᠯᠤᠨ᠎ᠠ᠃ ᠡᠯ᠎ᠡ ᠲᠠᠯ᠎ᠠ ᠶᠢᠨ ᠬᠦᠴᠦᠨ ᠵᠦᠢᠯ ᠢ ᠨᠢᠬᠡᠳᠦᠯᠲᠡᠢ | ᠲᠦᠯᠦᠪᠵᠢᠬᠦᠯᠵᠦ ᠪᠤᠳᠤᠯᠬᠢᠯᠠᠭᠠᠳ ᠲᠤᠭᠲᠠᠭᠠᠰᠠᠨ 2023 ᠣᠨ ᠤ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠭᠥᠭᠵᠢᠯᠳᠡ ᠶᠢᠨ ᠭᠤᠤᠯ ᠪᠤᠯᠬᠤ | ᠵᠢᠱᠢᠭᠰᠡᠨ ᠬᠠᠷᠠᠯᠳᠠ ᠪᠤᠯ᠄ ᠭᠠᠵᠠᠷ ᠤᠷᠤᠨ ᠤ ᠤᠶᠢᠯᠡᠤᠨᠪᠤᠷᠢᠯᠡᠯ ᠤᠨ ᠶᠡᠷᠤᠩᠬᠡᠢ ᠦᠷᠳᠡᠭ ᠢ 300 ᠳ᠋ᠦᠩᠰᠢᠭᠤᠷ ᠲᠦᠬᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ︔ | ᠳᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠶᠢ 130 ᠳ᠋ᠦᠩᠰᠢᠭᠤᠷ ᠲᠦᠬᠦᠷᠢᠭ ᠠᠴᠠ ᠳᠠᠪᠠᠭᠤᠯᠤᠨ᠎ᠠ︔ ᠡᠩ ᠤᠨ ᠨᠡᠶᠢᠳᠡ ᠶᠢᠨ ᠡᠳ᠋ ᠤᠨ ᠵᠠᠰᠠᠭ ᠤᠨ | ᠲᠥᠰᠥᠪ ᠤᠨ ᠤᠷᠤᠯᠭ᠎ᠠ ᠶᠢ 20 ᠳ᠋ᠦᠩᠰᠢᠭᠤᠷ ᠲᠦᠬᠦᠷᠢᠭ ᠠᠴᠠ ᠳᠠᠪᠠᠭᠤᠯᠤᠨ᠎ᠠ︔ ᠨᠡᠶᠢᠭᠡᠮ ᠤᠨ ᠬᠡᠷᠡᠭᠯᠡᠭᠡᠨ ᠤ ᠳᠠᠸᠠᠷ ᠤᠨ ᠵᠢᠵᠢᠭᠯᠡᠨ ᠪᠤᠷᠤᠯᠠᠭᠤᠯᠬᠤ ᠶᠡᠷᠥᠩᠭᠡᠢ | ᠥᠷᠳᠡᠭ ᠢ 27.4 ᠳ᠋ᠦᠩᠰᠢᠭᠤᠷ ᠲᠦᠬᠦᠷᠢᠭ ᠲᠤ ᠬᠦᠷᠬᠡᠵᠤ᠂ 4 % ᠪᠠᠷ ᠨᠡᠮᠡᠭᠳᠡᠬᠦᠯᠤᠨ᠎ᠠ︔᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠭᠥᠮᠥᠨ | ᠲᠤᠳᠤᠮ ᠤᠨ ᠡᠵᠡᠮᠳᠡᠵᠥ ᠪᠤᠯᠬᠤ ᠤᠷᠤᠯᠭ᠎ᠠ ᠶᠢ ᠲᠤᠰ ᠪᠥᠷᠢ 5 % ᠪᠠ 7 % ᠨᠡᠮᠡᠭᠳᠡᠬᠦᠯᠣᠨ᠎ᠡ᠃ ᠲᠡᠭᠡᠷᠡᠬᠢ ᠬᠠᠷᠠᠯᠳᠠ ᠶᠢᠨ ᠲᠣᠭᠤᠷᠢᠨ ᠳᠤ ᠲᠣᠣᠷᠠᠬᠢ | ᠲᠠᠪᠣᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠳᠦᠷ ᠠᠳᠬᠤᠨ᠎ᠠ᠄ | ︵ᠨᠢᠭᠡ︶ ᠲᠦᠷᠦᠯ ᠵᠦᠢᠯ ᠤᠨ ᠰᠢᠪᠲᠣᠯᠣᠯᠲᠠ ᠳᠤ ᠬᠦᠴᠦ ᠪᠠᠨ ᠲᠦᠪᠯᠡᠷᠡᠬᠦᠯᠣᠨ᠂ ᠪᠦᠲᠦᠮᠵᠢᠲᠠᠢ ᠪᠡᠯᠡ ᠣᠷᠣᠭᠤᠯᠣᠯᠲᠠ ᠶᠢ ᠢᠳᠡᠪᠬᠢᠲᠠᠢ ᠦᠷᠬᠡᠳᠬᠡᠨ᠎ᠡ᠃ | ︽4 ᠵᠠᠭᠤᠨ ᠳ᠋ᠦᠩᠰᠢᠭᠤᠷ ᠤᠨ ᠲᠦᠷᠦᠯ ᠵᠦᠢᠯ︾ ᠪᠣᠯᠣᠨ 2023 ᠣᠨ ᠤ ᠪᠦᠬᠦ ᠲᠦᠷᠦᠯ ᠵᠦᠢᠯ ᠳᠤ ᠠᠩᠬᠠᠷᠣᠯ ᠢᠶᠠᠨ ᠲᠦᠪᠯᠡᠷᠡᠬᠦᠯᠣᠨ᠂ ᠲᠦᠷᠦᠯ ᠵᠦᠢᠯ | ᠤᠨ ᠪᠦᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠶᠢ ᠰᠢᠯᠢᠳᠡᠭᠵᠢᠬᠦᠯᠵᠣ᠂ ᠲᠦᠷᠦᠯ ᠵᠦᠢᠯ ᠤᠨ ᠴᠣᠬᠤᠯᠠᠪᠣᠷᠢᠯᠡᠯ ᠤᠨ ᠴᠠᠭ ᠬᠤᠭᠤᠴᠠᠭᠠᠨ ᠤ ᠪᠦᠲᠦᠮᠵᠢ | ᠶᠢ ᠪᠦᠬᠦ ᠲᠠᠯ᠎ᠠ ᠪᠠᠷ ᠲᠡᠬᠡᠭᠰᠢᠯᠡᠬᠦᠯᠣᠨ᠂ ᠡᠨᠧᠷᠬᠢ ᠶᠢᠨ ᠬᠤᠷᠣᠭᠳᠠᠯ᠂ ᠪᠡᠯᠡ ᠮᠦᠩᠬᠦ᠂ ᠭᠠᠵᠠᠷ ᠰᠢᠷᠣᠢ ᠵᠡᠷᠬᠡ ᠡᠯᠧᠮᠧᠨ᠋ᠲ ᠤᠨ ᠬᠦᠢᠴᠡᠳᠬᠡᠯ ᠤᠨ ᠪᠠᠲᠣᠯᠠᠭ᠎ᠠ ᠶᠢ | ᠨᠢᠬᠡᠳᠣᠯᠲᠠᠢ ᠲᠦᠯᠦᠪᠵᠢᠬᠦᠯᠵᠣ᠂ ︽ᠴᠢᠬᠤᠯᠠ ᠶᠡᠭᠡ ᠲᠦᠷᠦᠯ ᠵᠦᠢᠯ ᠢ ᠴᠠᠭ ᠲᠣᠬᠠᠢ ᠳᠤ ᠨᠢ ᠲᠣᠬᠢᠷᠠᠭᠤᠯᠬᠤ ᠰᠢᠰᠲ᠋ᠧᠮ︾ ᠤᠨ ᠬᠡᠷᠡᠭᠯᠡᠯᠲᠡ ᠶᠢ | ᠬᠦᠨᠵᠡᠬᠡᠶᠢᠷᠡᠬᠦᠯᠣᠨ᠂ ᠲᠦᠷᠦᠯ ᠵᠦᠢᠯ ᠤᠨ ᠭᠠᠷᠳᠠᠮ ᠬᠦᠢᠴᠡᠳᠬᠡᠯᠲᠡ᠂ ᠪᠡᠯᠡ ᠣᠷᠣᠭᠤᠯᠣᠯᠲᠠ ᠶᠢᠨ ᠠᠬᠢᠴᠠ ᠶᠢᠨ ᠪᠦᠬᠦ ᠶᠠᠪᠣᠴᠠ ᠶᠢ ᠲᠣᠬᠢᠷᠠᠭᠤᠯᠣᠨ ᠠᠬᠢᠭᠤᠯᠵᠣ᠂ | ᠰᠢᠨ᠎ᠡ ᠲᠥᠷᠥᠯ ᠵᠥᠢᠯ ᠤᠳ ᠢ ᠲᠠᠪᠤᠳᠤᠭᠠᠷ ᠰᠠᠷ᠎ᠠ ᠶᠢᠨ ᠬᠤᠷᠢᠳ ᠢᠶᠠᠷ 80% ᠶᠢ ᠠᠵᠢᠯ ᠡᠬᠢᠯᠡᠭᠦᠯᠥᠨ᠂ ᠨᠠᠢᠮᠠᠳᠤᠭᠠᠷ ᠰᠠᠷ᠎ᠠ ᠶᠢᠨ ᠬᠤᠷᠢᠳ ᠢᠶᠠᠷ ᠪᠥᠭᠦᠨ ᠢ | ᠠᠵᠢᠯ ᠡᠬᠢᠯᠡᠭᠦᠯᠥᠨ᠎ᠡ︔ 500 ᠲᠦᠮᠡᠨ ᠲᠦᠬᠦᠷᠢᠭ ᠠᠴᠠ ᠳᠡᠬᠡᠭᠰᠢᠬᠢ ᠴᠢᠬᠤᠯᠠ ᠶᠡᠭᠡ ᠪᠠᠶᠢᠭᠤᠯᠤᠯᠳᠠ ᠶᠢᠨ 114 ᠲᠦᠷᠤᠯ ᠵᠦᠢᠯ ᠢ ᠪᠦᠬᠦ ᠬᠦᠴᠤᠨ ᠢᠶᠠᠷ | ᠬᠡᠷᠡᠭᠵᠢᠬᠦᠯᠤᠨ᠂ ᠰᠢᠨ᠎ᠡ ᠡᠨᠧᠷᠬᠢ᠂ ᠪᠤᠬᠢᠷᠳᠣᠯ ᠦᠬᠡᠢ ᠣᠰᠣᠳᠦ᠋ᠷᠦᠭᠴᠢ ᠡᠨᠧᠷᠬᠢ ᠬᠠᠳᠠᠭᠠᠯᠠᠯᠲᠠ᠂ ᠨᠡᠬᠦᠷᠡᠰᠦ ᠪᠠᠷ ᠴᠢᠯᠠᠭᠤᠨ ᠲᠤᠰᠤ ᠦᠢᠯᠡᠳᠬᠦ ᠦᠢᠯᠡᠳᠬᠡᠯ᠂ | ᠳᠡᠭᠡᠳᠦ ᠮᠣᠯᠧᠺᠦ᠋ᠯ ᠤᠨ ᠰᠢᠨ᠎ᠡ ᠮᠡᠲ᠋ᠧᠷᠢᠶᠡᠯ ᠵᠡᠷᠭᠡ ᠲᠦᠷᠦᠯ ᠵᠦᠢᠯ ᠢ ᠢᠳᠡᠪᠬᠢᠲᠡᠢ ᠪᠠᠷ ᠣᠷᠣᠭᠤᠯᠣᠨ ᠠᠪᠴᠢᠷᠠᠵᠤ᠂ ᠲᠤᠭᠳᠠᠮᠠᠯ ᠭᠥᠷᠥᠩᠭᠡ ᠶᠢᠨ ᠪᠡᠯᠡ | ᠤᠷᠤᠭᠤᠯᠤᠯᠳᠠ ᠳᠡᠬᠡᠷ᠎ᠡ ᠰᠢᠨ᠎ᠠ ᠰᠢᠪᠳᠤᠯᠤᠯᠳᠠ ᠭᠠᠷᠭᠠᠬᠤ ᠶᠢ ᠪᠡᠶᠡᠯᠡᠬᠦᠯᠤᠨ᠎ᠠ᠃ ᠬᠤᠳᠠᠯᠳᠤᠭᠠᠴᠢᠨ ᠤᠷᠢᠵᠤ ᠪᠠᠯᠠ ᠲᠠᠳᠠᠬᠤ ᠬᠦᠴᠣᠯᠡᠴᠡ ᠪᠠᠨ ᠶᠡᠬᠡᠳᠬᠡᠨ᠂ ︽ | ᠪᠥᠬᠦ ᠠᠷᠠᠳ ᠢᠶᠠᠷ ᠢᠶᠠᠨ ᠬᠤᠳᠠᠯᠳᠤᠭᠠᠴᠢᠨ ᠤᠷᠢᠵᠤ᠂ ᠪᠦᠬᠦᠳᠠ ᠤᠯᠠᠨ ᠢᠶᠠᠷ ᠢᠶᠠᠨ ᠪᠠᠯᠠ ᠲᠠᠳᠠᠬᠤ︾ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ︽ᠬᠡᠯᠬᠢᠶᠡᠵᠢᠯ | ᠤᠨ ᠲᠠᠷᠤᠭᠠᠴᠢ + ᠲᠤᠰᠬᠠᠶ ᠪᠠᠭ︾ ᠤᠨ ᠬᠤᠳᠠᠯᠳᠤᠭᠠᠴᠢᠨ ᠣᠷᠢᠬᠤ ᠵᠠᠭᠪᠤᠷ ᠢ ᠪᠠᠬᠢᠵᠢᠬᠦᠯᠵᠦ ᠳᠡᠭᠡᠭᠰᠢᠯᠡᠬᠦᠯᠦᠨ᠂ ᠬᠤᠳᠠᠯᠳᠤᠭᠠᠴᠢᠨ ᠣᠷᠢᠬᠤ ᠠᠵᠢᠯᠯᠠᠭ᠎ᠠ ᠶᠢ | ᠶᠠᠪᠤᠭᠳᠠᠭᠤᠯᠵᠤ᠂ ᠬᠤᠳᠠᠯᠳᠤᠭᠠᠴᠢᠨ ᠤᠷᠢᠵᠤ ᠪᠠᠯᠠ ᠲᠠᠳᠠᠬᠤ ᠳᠡᠮᠵᠢᠯᠬᠡ ᠶᠢᠨ ᠲᠦᠷᠦ ᠶᠢᠨ ᠪᠣᠳᠣᠯᠭ᠎ᠠ ᠲᠤᠭᠲᠠᠭᠠᠨ᠂ ᠬᠤᠳᠠᠯᠳᠤᠭᠠᠴᠢᠨ ᠤᠷᠢᠵᠤ ᠪᠠᠯᠠ ᠲᠠᠳᠠᠬᠤ | ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢᠨ ᠨᠠᠶᠢᠲᠠᠪᠣᠷᠢᠵᠢᠭᠤᠯᠣᠯᠲᠠ ᠶᠢᠨ ᠰᠢᠰᠲ᠋ᠧᠮ ᠢ ᠪᠠᠶᠢᠭᠤᠯᠵᠤ᠂ ᠨᠢᠭᠡ ᠪᠦᠯᠦᠭ ᠴᠢᠨᠠᠷᠯᠢᠭ ᠲᠦᠷᠦᠯ ᠵᠦᠢᠯ ᠤᠨ | ᠪᠠᠶᠢᠷᠢᠯᠠᠭᠤᠯᠣᠯᠲᠠ ᠪᠠᠶᠢᠭᠤᠯᠣᠯᠲᠠ ᠶᠢ ᠲᠦᠷᠬᠡᠳᠬᠡᠨ᠂ ᠠᠵᠤ ᠥᠢᠯᠡᠰ ᠤᠨ ᠭᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠲᠣᠲᠠᠭᠤᠳᠠᠯ ᠢ ᠬᠦᠴᠦᠯᠡᠨ | ᠨᠦᠬᠦᠪᠣᠷᠢᠯᠡᠵᠣ᠂ ᠠᠵᠣ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠵᠣ ᠪᠣᠵᠠᠭᠠᠶᠢᠷᠠᠭᠤᠯᠣᠨ᠂ ᠲᠥᠷᠥᠯ ᠵᠥᠢᠯ ᠤᠨ ᠵᠦᠪᠯᠡᠯᠴᠡᠬᠡᠷ ᠲᠣᠭᠲᠠᠭᠰᠠᠨ | ᠶᠡᠷᠣᠩᠬᠡᠢ ᠪᠡᠯᠡ᠂ ᠣᠷᠣᠨᠵᠢᠭᠰᠠᠨ ᠲᠦᠷᠦᠯ ᠵᠦᠢᠯ ᠤᠨ ᠲᠤᠭ᠎ᠠ ᠬᠡᠮᠵᠢᠶ᠎ᠡ᠂ ᠣᠷᠣᠨᠵᠢᠯ ᠪᠡᠯᠡ ᠮᠦᠩᠬᠦᠨ ᠤ ᠨᠡᠮᠡᠭᠳᠡᠯ ᠢ 10 % ᠠᠴᠠ ᠲᠡᠬᠡᠭᠰᠢ ᠨᠡᠮᠡᠭᠳᠡᠬᠦᠯᠣᠨ᠎ᠡ᠃ | | ︵ᠬᠤᠶᠠᠷ︶ ᠬᠡᠯᠪᠡᠷᠢ ᠶᠢᠨ ᠬᠤᠪᠢᠷᠠᠭᠤᠯᠣᠯᠲᠠ ᠲᠡᠰ ᠲᠠᠪᠰᠢᠯᠲᠠ ᠶᠢ ᠲᠦᠷᠬᠡᠳᠬᠡᠨ᠂ ᠠᠵᠣ ᠣᠶᠢᠯᠠᠰ ᠤᠨ ᠪᠦᠳᠦᠴᠡ ᠶᠢ ᠦᠷᠬᠦᠯᠵᠢᠯᠡᠨ | ᠰᠢᠯᠢᠳᠡᠭᠵᠢᠬᠦᠯᠣᠨᠡ᠃ ᠠᠵᠣ ᠣᠶᠢᠯᠠᠳᠪᠦᠷᠢ ᠶᠢᠨ ᠲᠠᠯ᠎ᠠ ᠪᠠᠷ᠂ ᠭᠤᠣᠯ ᠴᠣᠭᠴᠠ ᠶᠢᠨ ᠡᠨᠧᠷᠬᠢ ᠶᠢ ᠬᠦᠭᠵᠢᠭᠦᠯᠦᠨ ᠪᠣᠵᠠᠭᠠᠶᠢᠷᠠᠭᠤᠯᠵᠣ᠂ ︽ᠨᠢᠬᠡ ᠠᠵᠣ | ᠠᠬᠤᠶᠢᠯᠠᠯ ᠳᠤ ᠨᠢᠬᠡ ᠲᠣᠰᠬᠠᠢ ᠪᠠᠭ︾᠂ ︽ᠨᠢᠬᠡ ᠠᠵᠣ ᠠᠬᠤᠶᠢᠯᠠᠯ ᠳᠤ ᠨᠢᠬᠡ ᠠᠷᠭ᠎ᠠ ᠪᠣᠳᠣᠯᠭ᠎ᠠ︾ ᠶᠢ ᠪᠠᠷᠢᠮᠲᠠᠯᠠᠨ᠂ ᠬᠠᠷᠴᠠᠭᠠᠢ ᠬᠦᠯᠦᠭ ᠨᠢᠭᠡᠳᠦᠭᠡᠷ | ᠨᠣᠮᠧᠷᠲᠦ᠂ ᠪᠠᠯᠠᠩ ᠨᠡᠬᠦᠷᠡᠰᠦᠨ ᠠᠭᠤᠷᠬᠠᠢ ᠶᠢᠨ ᠠᠭᠤᠷᠬᠠᠢ ᠮᠠᠯᠲᠠᠬᠤ ᠭᠠᠷᠳᠠᠮ ᠤᠨ ᠬᠦᠢᠴᠡᠳᠬᠡᠯᠲᠡ ᠶᠢ ᠪᠡᠶᠡᠯᠡᠬᠦᠯᠵᠣ᠂ ᠨᠡᠬᠦᠷᠡᠰᠣᠨ ᠤ ᠴᠢᠨᠠᠷᠯᠢᠭ | ᠦᠢᠯᠡᠳᠪᠣᠷᠢᠯᠡᠯ ᠢ ᠦᠷᠬᠦᠯᠵᠢᠬᠦᠶᠢᠴᠡ ᠠᠬᠢᠭᠤᠯᠤᠨ᠂ ᠪᠦᠬᠦ ᠵᠢᠯ ᠤᠨ ᠨᠡᠬᠦᠷᠡᠰᠦᠨ ᠤ ᠦᠢᠯᠡᠳᠪᠦᠷᠢᠯᠡᠯ ᠢ 2200 ᠲᠦᠮᠡᠨ ᠳᠣᠨ ᠠᠴᠠ ᠳᠠᠪᠠᠭᠤᠯᠬᠤ ᠪᠠᠷ | ᠴᠢᠷᠮᠠᠶᠢᠨ᠎ᠠ᠃ ᠨᠡᠬᠦᠷᠡᠰᠦᠨ ᠴᠠᠬᠢᠯᠭᠠᠨ ᠤ ᠠᠵᠤ ᠦᠢᠯᠡᠰ ᠤᠨ ᠬᠦᠭᠵᠢᠯᠲᠡ ᠶᠢ ᠲᠦᠷᠬᠡᠳᠬᠡᠨ᠂ ᠣᠯᠣᠰ ᠤᠨ ᠡᠨᠧᠷᠬᠢ ᠶᠢᠨ ᠱᠠᠩᠬᠠᠢ ᠶᠢᠨ ᠰᠦᠮ᠎ᠡ ᠴᠠᠬᠢᠯᠭᠠᠨ | ᠦᠢᠯᠡᠳᠪᠦᠷᠢ᠂ ᠴᠠᠩ ᠴᠧᠩ ᠴᠠᠬᠢᠯᠭᠠᠨ ᠦᠢᠯᠡᠳᠪᠦᠷᠢ ᠶᠢᠨ 3 ᠰᠠᠭᠤᠷᠢ ᠮᠠᠰᠢᠨ ᠴᠤᠭᠴᠠᠯᠠᠪᠤᠷᠢ ᠶᠢ ᠵᠢᠯ ᠤᠨ ᠲᠤᠲᠤᠷ᠎ᠠ ᠠᠵᠢᠯᠯᠠᠭᠤᠯᠤᠨ ᠴᠠᠬᠢᠯᠭᠠᠨ ᠲᠤᠤᠷ ᠲᠤ | ᠣᠷᠣᠭᠤᠯᠣᠨ᠎ᠠ᠃ ᠰᠢᠳᠠᠮᠠᠬᠠᠢ ᠬᠡᠢ ᠶᠢᠨ ᠬᠠᠶᠢᠯᠲᠠ ᠨᠡᠬᠡᠬᠡᠯᠲᠡ ᠶᠢ ᠢᠳᠡᠪᠬᠢᠲᠠᠢ ᠠᠬᠢᠭᠤᠯᠣᠨ᠂ ᠶᠠ ᠬᠠᠢ ᠡᠨᠧᠷᠬᠢ ᠶᠢᠨ BOG ᠡᠾᠧᠯᠢ ᠤᠶᠢᠯᠡᠤᠨᠬᠦ ᠲᠦᠷᠦᠯ | ᠵᠦᠢᠯ᠂ ᠺᠧ ᠰᠧ ᠤᠨ 40 ᠲᠦᠮᠡᠨ ᠳᠤᠨ LNG᠂ ᠲᠢᠶᠠᠨ ᠯᠢ ᠹᠧᠩ ᠤᠨ 60 ᠲᠦᠮᠡᠨ ᠳᠤᠨ LNG ᠤᠨ ᠨᠢᠬᠡᠳᠤᠬᠡᠷ ᠬᠤᠭᠤᠴᠠᠭᠠᠨ ᠤ ᠪᠠᠷᠢᠯᠭ᠎ᠠ ᠵᠡᠷᠬᠡ | ᠲᠦᠷᠦᠯ ᠵᠦᠢᠯ ᠢ ᠲᠦᠷᠭᠡᠳᠭᠡᠨᠠᠰᠢᠭᠯᠠᠯᠳᠠ ᠳᠤ ᠣᠷᠣᠭᠤᠯᠵᠣ᠂ ᠬᠤᠸᠠ ᠰᠢᠩ ᠤᠨ40 ᠳ᠋ᠥᠩᠰᠢᠭᠤᠷ ᠺᠥᠪ ᠮᠧᠲᠷ ᠤᠨ ᠨᠡᠬᠦᠷᠡᠰᠤ ᠪᠠᠷ ᠰᠢᠳᠠᠮᠠᠬᠠᠢ ᠬᠡᠢ | ᠤᠶᠢᠯᠡᠤᠨᠬᠦ ᠨᠢᠭᠡᠳᠦᠬᠡᠷ ᠬᠤᠭᠤᠴᠠᠭᠠᠨ ᠤ ᠲᠦᠷᠦᠯ ᠵᠦᠢᠯ ᠤᠨ ᠦᠢᠯᠡᠳᠪᠦᠷᠢ ᠶᠢᠨ ᠲᠤᠭᠤᠷᠢᠭ ᠤᠨ ᠪᠠᠶᠢᠭᠤᠯᠤᠯᠲᠠ ᠶᠢ ᠪᠡᠶᠡᠯᠡᠬᠦᠯᠦᠨ᠎ᠡ᠃ ᠰᠢᠨ᠎ᠡ ᠡᠨᠧᠷᠬᠢ ᠶᠢᠨ | ᠠᠵᠣ ᠦᠢᠯᠡᠰ ᠢ ᠶᠡᠬᠡᠪᠡᠷ ᠬᠦᠭᠵᠢᠬᠦᠯᠣᠨ᠂ 4GW ᠰᠢᠨ᠎ᠡ ᠡᠨᠧᠷᠬᠢ ᠶᠢᠨ ᠲᠦᠷᠦᠯ ᠵᠣᠶᠢᠯ ᠵᠢᠯ ᠤᠨ ᠲᠣᠳᠣᠷ᠎ᠠ ᠴᠠᠬᠢᠯᠭᠠᠨ ᠭᠠᠷᠭᠠᠨ ᠲᠣᠣᠷ ᠲᠤ ᠣᠷᠣᠬᠤ᠂ | ᠷᠦᠨ ᠶᠠᠩ ᠤᠨ ᠨᠢᠬᠡᠳᠤᠬᠡᠷ ᠬᠤᠭᠤᠴᠠᠭᠠᠨ ᠤ ᠤᠯᠠᠨ ᠲᠠᠯᠠᠰᠲᠣ ᠴᠠᠬᠢᠭᠤᠷ ᠤᠨ ᠲᠦᠷᠦᠯ ᠵᠣᠶᠢᠯ ᠪᠠᠶᠢᠭᠤᠯᠣᠭᠳᠠᠨ ᠠᠵᠢᠯᠯᠠᠬᠤ᠂ ᠱᠧᠨ ᠨᠧᠩ ᠤᠨ 250 ᠰᠠᠶ᠎ᠠ | ᠸᠠᠲ ᠨᠠᠷᠠᠨ ᠡᠨᠧᠷᠬᠢ ᠪᠠᠷ ᠣᠰᠣᠲᠦ᠋ᠷᠦᠭᠴᠢ ᠤᠶᠢᠯᠡᠤᠨᠬᠦ ᠲᠦᠷᠦᠯ ᠵᠣᠶᠢᠯ ᠠᠰᠢᠭᠯᠠᠯᠲᠠ ᠳᠤ ᠣᠷᠣᠬᠤ ᠶᠢ ᠪᠠᠲᠣᠯᠠᠵᠣ᠂ 91 ᠰᠠᠶ᠎ᠠ ᠸᠠᠲ ᠤᠨ ᠲᠠᠷᠬᠠᠢ ᠮᠠᠶ᠋ᠢᠭ ᠤᠨ | ᠨᠠᠷᠠᠨ ᠡᠨᠧᠷᠬᠢ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠣᠶᠢᠯ ᠢ ᠪᠠᠶᠢᠭᠤᠯᠤᠨ ᠲᠤᠤᠷ ᠲᠤ ᠣᠷᠣᠭᠤᠯᠣᠨ᠎ᠠ᠃ ᠮᠠᠯ ᠲᠠᠷᠢᠶᠠᠯᠠᠩ ᠤᠨ ᠲᠠᠯ᠎ᠠ ᠪᠠᠷ᠂ ︽ᠬᠦᠳᠡᠭᠡ | ᠲᠣᠰᠬᠤᠨ ᠢ ᠬᠦᠭᠵᠢᠭᠦᠯᠦᠨ ᠮᠠᠨᠳᠣᠭᠤᠯᠬᠤ ᠲᠠᠭᠤᠷᠢᠶᠠᠯ ᠣᠷᠣᠨ︾ ᠤ ᠬᠠᠷᠠᠯᠲᠠ ᠡᠬᠦᠷᠬᠡ ᠶᠢᠨ ᠲᠣᠭᠤᠷᠢᠨ ᠳᠤ᠂ ︽ᠠᠵᠣ ᠦᠢᠯᠡᠰ᠂ ᠦᠢᠯᠡᠳᠪᠣᠷᠢᠯᠡᠯ᠂ | ᠡᠵᠡᠩᠨᠡᠯᠲᠡ︾ ᠭᠤᠷᠪᠠᠨ ᠶᠡᠭᠡ ᠰᠢᠰᠲ᠋ᠧᠮ ᠢ ᠲᠠᠬᠢᠨ ᠱᠣᠭᠤᠵᠣ᠂ 2023 ᠣᠨ ᠤ ᠬᠦᠳᠡᠭᠡ ᠲᠣᠰᠬᠤᠨ ᠤ ᠶᠡᠷᠦᠩᠬᠡᠶᠢᠯᠡᠭᠰᠡᠨ ᠴᠢᠨᠠᠷᠲᠠᠢ ᠦᠭᠡᠷᠡᠴᠢᠯᠡᠯᠲᠡ | ᠲᠤᠷᠰᠢᠯᠲᠠ ᠶᠢᠨ ᠲᠦᠷᠦᠯ ᠵᠦᠢᠯ ᠢ ᠬᠡᠷᠡᠭᠵᠢᠬᠦᠯᠵᠦ᠂ ᠮᠠᠯ ᠲᠠᠷᠢᠶᠠᠯᠠᠩ ᠤᠨ ᠬᠦᠭᠵᠢᠯᠳᠡ ᠶᠢᠨ ᠲᠣᠲᠠᠭᠤᠳᠠᠯ ᠪᠣᠯᠣᠨ ᠪᠠᠭᠤᠷᠠᠢ ᠲᠠᠯ᠎ᠠ ᠶᠢ ᠨᠦᠬᠦᠪᠣᠷᠢᠯᠡᠨ᠂ ᠮᠠᠯ | ᠲᠠᠷᠢᠶᠠᠯᠠᠩ ᠤᠨ ᠲᠠᠷᠢᠵᠣ ᠲᠡᠵᠢᠬᠡᠬᠦ ᠪᠦᠲᠣᠴᠡ ᠶᠢ ᠰᠢᠯᠢᠳᠡᠭᠵᠢᠬᠦᠯᠵᠣ᠂ ᠮᠠᠯ ᠲᠠᠷᠢᠶᠠᠯᠠᠩ ᠤᠨ ᠴᠢᠨᠠᠷ ᠰᠠᠶᠢᠲᠠᠢ ᠪᠦᠲᠦᠬᠡᠭᠳᠡᠬᠦᠨ ᠤ ᠬᠠᠩᠭᠠᠯᠭ᠎ᠠ ᠶᠢ ᠴᠢᠩᠭᠠᠳᠬᠠᠨ᠂ | ᠪᠦᠬᠦ ᠬᠤᠰᠢᠭᠤᠨ ᠤ ᠮᠠᠯ ᠤᠨ ᠡᠬᠦᠯᠳᠡᠷ ᠰᠠᠶᠢᠵᠢᠷᠠᠭᠤᠯᠣᠯᠲᠠ ᠶᠢᠨ ᠨᠣᠷᠮ᠎ᠠ ᠶᠢ 98 % ᠠᠴᠠ ᠲᠠᠪᠠᠭᠤᠯᠵᠣ᠂ ᠠᠮᠣ ᠪᠣᠳᠠᠭᠠᠨ ᠤ ᠶᠡᠷᠣᠩᠬᠡᠢ ᠣᠨᠠᠯᠲᠠ ᠶᠢ 2.4 | ᠳ᠋ᠦᠩᠰᠢᠭᠤᠷ ᠵᠢᠩ ᠠᠴᠠ ᠲᠡᠬᠡᠭᠰᠢ ᠲᠡᠬᠡᠷ᠎ᠡ ᠲᠤᠭᠲᠠᠪᠤᠷᠢᠵᠢᠭᠤᠯᠤᠨ᠂ ᠵᠢᠮᠢᠰ ᠨᠣᠭᠤᠭ᠎ᠠ ᠶᠢᠨ ᠲᠠᠯᠠᠪᠠᠢ ᠶᠢ 10 ᠲᠦᠮᠡᠨ ᠮᠣ᠋ ᠠᠴᠠ ᠳᠠᠪᠠᠭᠤᠯᠵᠤ᠂ ᠬᠠᠲᠠᠭᠠᠬᠤ | ᠰᠣᠷᠭᠤᠭ ᠢᠶᠠᠷ ᠬᠠᠳᠠᠭᠠᠯᠠᠬᠤ ᠬᠤᠣᠰ ᠬᠡᠷᠡᠭᠴᠡᠬᠡᠨ ᠤ ᠯᠠᠵᠤᠤ ᠶᠢ 3.3 ᠲᠦᠮᠡᠨ ᠮᠣ᠋ ᠢᠯᠡᠭᠦᠥ ᠲᠦᠬᠡᠮᠡᠯᠵᠢᠬᠦᠯᠦᠨ᠂ ᠮᠠᠯ ᠤᠨ ᠲᠤᠭ᠎ᠠ ᠲᠣᠯᠣᠭᠠᠢ ᠶᠢ 210 | ᠲᠦᠮᠡ ᠬᠦᠷᠬᠡᠨ᠎ᠡ᠃ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠣᠯ ᠴᠣᠭᠴᠠ ᠶᠢᠨ ᠪᠣᠶᠢᠵᠢᠭᠤᠯᠣᠯᠲᠠ ᠶᠢ ᠴᠢᠩᠭᠠᠳᠬᠠᠵᠤ᠂ ᠾᠧᠩ ᠺᠧ᠂ ᠶᠢᠨ ᠨᠢᠤ ᠵᠡᠷᠬᠡ | ᠲᠣᠯᠣᠭᠠᠶᠢᠯᠠᠭᠴᠢ ᠠᠵᠣ ᠠᠬᠤᠶᠢᠯᠠᠯ ᠤᠨ ᠬᠦᠭᠵᠢᠯᠲᠡ ᠶᠢ ᠳᠡᠮᠵᠢᠨ᠂ ᠲᠠᠭᠤᠷᠢᠶᠠᠯ ᠬᠤᠷᠰᠢᠶᠠᠵᠢᠯ᠂ ᠭᠡᠷ ᠪᠦᠯᠢ ᠶᠢᠨ ᠮᠠᠯᠵᠢᠯ ᠤᠨ ᠲᠠᠯᠠᠪᠠᠢ᠂ ᠣᠶᠣᠨᠴᠢ ᠮᠠᠯ | ᠲᠠᠷᠢᠶᠠᠯᠠᠩ ᠤᠨ ᠡᠷᠣᠬᠡ ᠶᠢ ᠪᠤᠶᠢᠵᠢᠭᠤᠯᠵᠤ᠂ ᠮᠠᠯ ᠲᠠᠷᠢᠶᠠᠯᠠᠩ ᠤᠨ ᠠᠵᠣ ᠣᠶᠢᠯᠠᠰ ᠤᠨ ᠡᠳ᠋ᠰᠢᠬᠦᠯᠬᠦ ᠬᠡᠯᠬᠢᠶᠡᠵᠢᠯ ᠢ ᠣᠷᠳᠣᠳᠬᠠᠨ᠂ ︽ᠣᠳᠤᠭ ᠤᠨ ᠡᠮᠦᠨᠡᠳᠦ | ᠬᠤᠰᠢᠭᠤᠨ ᠤ ᠮᠠᠯ ᠤᠨ ᠮᠢᠬ᠎ᠠ︾᠂ ︽ᠣᠳᠤᠭ ᠤᠨ ᠡᠮᠦᠨᠡᠳᠦ ᠬᠤᠰᠢᠭᠤᠨ ᠤ ᠰᠢᠷ᠎ᠠ ᠲᠣᠰᠣ︾ ᠵᠡᠷᠬᠡ ᠨᠡᠷᠡᠲᠣ ᠲᠡᠮᠲᠡᠭ ᠤᠨ ᠠᠯᠳᠠᠷᠰᠢᠯ ᠪᠠ ᠨᠦᠯᠦᠭᠡᠯᠡᠯ ᠢ | ᠦᠷᠬᠡᠳᠬᠡᠵᠦ᠂ ᠪᠦᠲᠦᠬᠡᠭᠳᠡᠬᠦᠨ ᠤ ᠨᠡᠮᠡᠯᠲᠡ ᠦᠷᠲᠡᠭ ᠢ ᠳᠡᠭᠡᠭᠰᠢᠯᠡᠬᠦᠯᠦᠨ᠂ ᠬᠦᠳᠡᠭᠡ ᠲᠤᠰᠬᠤᠨ ᠤ ᠠᠵᠤ ᠦᠢᠯᠡᠰ ᠤᠨ ᠮᠠᠨᠳᠣᠯ ᠢ ᠠᠬᠢᠭᠤᠯᠤᠨ᠎ᠠ᠃ | ᠦᠢᠯᠡᠴᠢᠯᠡᠬᠡᠨ ᠤ ᠦᠢᠯᠡᠰ ᠤᠨ ᠲᠠᠯ᠎ᠠ ᠪᠠᠷ᠂ ᠪᠦᠬᠦ ᠬᠤᠳᠠ ᠪᠠᠷ ᠢᠶᠠᠨ ᠮᠠᠨ ᠤ ᠬᠤᠰᠢᠭᠤᠨ ᠤ ᠬᠤᠪᠢᠰᠬᠠᠯᠳᠤ ᠰᠤᠶᠤᠯ ᠵᠢᠭᠤᠯᠴᠢᠯᠠᠯ ᠤᠨ ᠤᠶᠢᠯᠡᠰ ᠤᠨ | ᠬᠡᠯᠬᠢᠶᠡᠵᠢᠯ ᠪᠠᠶᠢᠭᠤᠯᠤᠯᠳᠠ ᠶᠢ ᠳᠡᠮᠵᠢᠬᠦ ᠳᠤᠬᠢᠶᠠᠯ ᠢᠶᠠᠷ ᠬᠤᠪᠢᠰᠬᠠᠯᠳᠦ ᠰᠣᠶᠣᠯ ᠤᠨ ᠡᠬᠢ ᠰᠣᠷᠪᠣᠯᠵᠢ ᠶᠢ ᠬᠦᠨᠵᠡᠬᠡᠢ ᠠᠭᠤᠲᠠᠯᠣᠨ᠂ ᠬᠤᠪᠢᠰᠬᠠᠯᠳᠦ ᠬᠦᠮᠦᠵᠢᠯ | ᠪᠣᠯᠪᠠᠰᠣᠷᠠᠯ᠂ ᠬᠤᠪᠢᠰᠬᠠᠯᠳᠦ ᠰᠤᠳᠤᠯᠭ᠎ᠠ ᠰᠣᠷᠣᠯᠴᠠᠯᠭ᠎ᠠ᠂ ᠬᠤᠪᠢᠰᠬᠠᠯᠳᠦ ᠬᠦᠮᠦᠵᠢᠯ ᠤᠨ ᠵᠢᠭᠤᠯᠴᠢᠯᠠᠯ ᠤᠨ ᠲᠡᠰ ᠪᠠ ᠠᠭᠤᠯᠬᠤᠨ ᠢ ᠦᠷᠬᠦᠯᠵᠢᠯᠡᠨ | ᠲᠡᠬᠡᠭᠰᠢᠯᠡᠬᠦᠯᠵᠣ᠂ ᠪᠣᠷᠣᠪᠠᠯᠭᠠᠰᠣ ᠶᠢᠨ ᠦᠵᠡᠭᠳᠡᠯᠲᠣ ᠮᠠᠶ᠋ᠢᠭ ᠤᠨ ᠵᠢᠭᠠᠨ ᠰᠣᠷᠭᠠᠯᠲᠠ ᠶᠢᠨ ᠣᠷᠳᠣᠨ᠂ ᠨᠠᠮ ᠤᠨ ᠰᠣᠷᠭᠠᠭᠤᠯᠢ᠂ ᠬᠤᠪᠢᠰᠬᠠᠯᠳᠦ ᠬᠦᠮᠦᠵᠢᠯ ᠤᠨ | ᠰᠠᠭᠤᠷᠢᠨ ᠤ ᠰᠤᠳᠤᠯᠭ᠎ᠠ ᠰᠣᠷᠣᠯᠴᠠᠯᠭ᠎ᠠ ᠶᠢᠨ ᠲᠦᠷᠦᠯ ᠵᠦᠢᠯ ᠢ ᠠᠰᠢᠭᠯᠠᠯᠲᠠ ᠳᠤ ᠣᠷᠣᠭᠤᠯᠣᠨ᠂ ᠬᠤᠪᠢᠰᠬᠠᠯᠳᠦ ᠬᠦᠮᠦᠵᠢᠯ ᠤᠨ ᠰᠤᠳᠤᠯᠭ᠎ᠠ ᠰᠣᠷᠣᠯᠴᠠᠯᠭ᠎ᠠ | ᠶᠢᠨ ᠪᠡᠶᠡᠴᠢᠯᠡᠨ ᠣᠶᠢᠯᠠᠭᠠᠬᠤ ᠴᠡᠭ᠂ ᠬᠤᠪᠢᠰᠬᠠᠯᠳᠦ ᠬᠦᠮᠦᠵᠢᠯ ᠤᠨ ᠵᠢᠭᠤᠯᠴᠢᠯᠠᠯ ᠤᠨ ᠰᠣᠳᠣᠨ ᠵᠠᠮ ᠱᠣᠭᠤᠮ ᠢ ᠪᠠᠶᠢᠭᠤᠯᠤᠨ ᠪᠦᠷᠢᠯᠳᠤᠬᠦᠯᠵᠣ᠂ ᠬᠠᠷᠠᠰᠡᠭᠡᠷ ᠤᠨ | ᠬᠤᠪᠢᠰᠬᠠᠯᠳᠦ ᠬᠦᠮᠦᠵᠢᠯ ᠤᠨ ᠵᠢᠭᠤᠯᠴᠢᠯᠠᠯ ᠤᠨ ᠠᠮᠢ ᠠᠬᠤᠢ ᠶᠢᠨ ᠲᠦᠷᠦᠯ ᠵᠦᠢᠯ᠂ ᠶᠡᠭᠡ ᠲᠣᠬᠤᠢ ᠶᠢᠨ ᠡᠯᠡᠰᠣ ᠮᠠᠩᠬᠠᠨ ᠤ ᠲᠣᠮᠣ ᠬᠠᠪᠴᠢᠯ᠂ ᠰᠢᠪᠡᠷ ᠤᠨ | ᠲᠠᠯ᠎ᠠ ᠨᠣᠲᠤᠭ ᠵᠡᠷᠬᠡ ᠵᠢᠭᠤᠯᠴᠢᠯᠠᠯ ᠤᠨ ᠲᠦᠷᠦᠯ ᠵᠦᠢᠯ ᠤᠨ ᠪᠠᠶᠢᠭᠤᠯᠤᠯᠲᠠ ᠶᠢ ᠲᠦᠷᠬᠡᠳᠬᠡᠨ᠂ ᠬᠤᠪᠢᠰᠬᠠᠯᠳᠦ ᠬᠦᠮᠦᠵᠢᠯ ᠤᠨ ᠵᠢᠭᠤᠯᠴᠢᠯᠠᠯ ᠬᠢᠬᠡᠳ ᠰᠣᠶᠣᠯ | ᠵᠢᠭᠤᠯᠴᠢᠯᠠᠯ᠂ ᠬᠦᠳᠡᠭᠡ ᠨᠣᠲᠤᠭ ᠤᠨ ᠵᠣᠭᠠᠴᠠᠯ ᠤᠨ ᠠᠭᠤᠰᠣᠯᠴᠠᠯ ᠬᠦᠭᠵᠢᠯᠲᠡ ᠶᠢ ᠠᠬᠢᠭᠤᠯᠤᠨ᠎ᠠ᠃ | ︵ᠭᠤᠷᠪᠠ︶ ᠦᠬᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠣᠨ᠂ ᠬᠦᠭᠵᠢᠯᠲᠡ ᠶᠢᠨ ᠲᠣᠳᠣᠭᠠᠳᠣ ᠬᠦᠴᠦᠨ ᠢ ᠨᠡᠮᠡᠭᠳᠡᠬᠦᠯᠣᠨ᠎ᠡ᠃ ᠰᠠᠨᠠᠭᠠᠴᠢᠯᠠᠭ᠎ᠠ | ᠠᠴᠠ ᠪᠠᠨ ᠲᠡᠷᠢᠬᠦᠨ ᠤ ᠬᠢ ᠲᠠᠢ ᠬᠠᠷᠢᠴᠠᠭᠤᠯᠣᠨ᠂ ᠡᠯ᠎ᠡ ᠱᠠᠲᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠭᠦᠴᠡᠯ ᠢ ᠰᠢᠯᠢᠳᠡᠭᠵᠢᠬᠦᠯᠬᠦ ᠲᠦᠷᠦ ᠶᠢᠨ ᠪᠣᠳᠣᠯᠭ᠎ᠠ | ᠠᠷᠭ᠎ᠠ ᠠᠪᠴᠠᠯ ᠢ ᠬᠢᠨᠠᠮᠠᠭᠠᠢ ᠨᠠᠶᠢᠲᠠᠪᠣᠷᠢᠵᠢᠭᠤᠯᠵᠣ᠂ ᠲᠦᠳᠡ ᠴᠣᠬᠤᠯᠠᠪᠣᠷᠢᠯᠠᠯ᠂ ᠰᠢᠯᠢᠳᠡᠭ ᠦᠢᠯᠡᠴᠢᠯᠡᠭᠡ᠂ ᠣᠨᠣᠪᠴᠢᠲᠠᠢ ᠬᠠᠮᠢᠶᠠᠷᠣᠯᠲᠠ᠂ ᠠᠰᠢᠭᠲᠠᠢ | ᠲᠡᠮᠵᠢᠯᠬᠡ ᠬᠠᠩᠭᠠᠨ᠂ ᠲᠡᠷᠢᠬᠦᠨ ᠵᠡᠷᠬᠡ ᠶᠢᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠦᠷᠢᠯᠳᠣᠬᠦᠯᠣᠨᠡ᠃ ᠶᠠᠪᠣᠴᠠ ᠳᠠᠷᠠᠭᠠᠯᠠᠯ ᠢ ᠲᠠᠬᠢᠨ ᠲᠣᠭᠲᠠᠭᠠᠬᠤ᠂ | ᠲᠣᠬᠠᠶᠢᠯᠠᠭᠰᠠᠨ ᠠᠵᠢᠯ ᠢ ᠵᠣᠬᠢᠴᠠᠩᠭᠤᠢ ᠪᠣᠯᠭᠠᠬᠤ᠂ ᠳ᠋ᠠᠶᠢᠲ᠋ᠠ ᠶᠢ ᠬᠠᠮᠳᠣ ᠡᠳ᠋ᠯᠡᠬᠦ ᠶᠢ ᠲᠦᠷᠬᠡᠳᠬᠡᠨ ᠠᠬᠢᠭᠤᠯᠵᠣ᠂ ᠵᠠᠰᠠᠭ ᠤᠨ ᠶᠠᠪᠣᠳᠠᠯ ᠤᠨ ᠦᠢᠯᠡᠴᠢᠯᠡᠬᠡᠨ ᠤ | ︽ᠲᠦᠷᠪᠡ ᠶᠢ ᠭᠥᠢᠴᠡᠳᠭᠡᠭᠦ︾ ᠵᠦᠢᠯᠡᠰ ᠤᠨ ᠬᠠᠷᠢᠴᠠᠯ ᠢ ᠠᠯᠬᠤᠮ ᠲᠠᠷᠠᠭᠠᠯᠠᠯ ᠲᠠᠢ ᠨᠡᠮᠡᠭᠳᠡᠬᠦᠯᠣᠨ᠂ ᠠᠵᠣ ᠠᠬᠤᠶᠢᠯᠠᠯ ᠪᠣᠯᠣᠨ ᠣᠯᠠᠨ ᠲᠦᠮᠡᠨ ᠳᠤ ᠨᠠᠷᠢᠯᠢᠭ | ᠦᠢᠯᠡᠴᠢᠯᠡᠭᠡ ᠬᠠᠩᠭᠠᠨ᠎ᠠ᠃ ᠠᠵᠣ ᠠᠬᠤᠶᠢᠯᠠᠯ ᠡᠷᠬᠢᠯᠡᠯᠲᠡ᠂ ᠲᠦᠷᠦᠯ ᠵᠦᠢᠯ ᠤᠨ ᠵᠦᠪᠰᠢᠶᠡᠷᠡᠯ᠂ ᠭᠠᠶᠢᠯᠢ ᠶᠢᠨ ᠦᠢᠯᠡᠴᠢᠯᠡᠭᠡ ᠵᠡᠷᠬᠡ ᠦᠨᠳᠣᠷ ᠲᠠᠪᠲᠠᠮᠵᠢᠲᠣ | ᠵᠦᠢᠯᠡᠰ ᠤᠨ ᠲᠣᠭᠤᠷᠢᠨ ᠳᠤ ︽ᠨᠢᠬᠡ ᠦᠢᠯᠡᠰ ᠨᠢᠬᠡ ᠦᠨᠡᠮᠯᠡᠯ︾ ᠤᠨ ᠦᠬᠡᠷᠡᠴᠢᠯᠡᠯᠲᠡ᠂ ︽ᠠᠭᠤᠯᠵᠠᠯ ᠥᠬᠡᠶ ᠬᠢᠨᠠᠨ ᠵᠥᠪᠰᠢᠶᠡᠷᠡᠬᠦ︾᠂ ︽ᠰᠦᠯᠵᠢᠶᠡᠨ | ᠳᠡᠭᠡᠷ᠎ᠡ ᠨᠡᠶᠢᠳᠡᠮ ᠭᠥᠢᠴᠡᠳᠭᠡᠭᠦ︾᠂ ︽ᠭᠠᠷ ᠲᠦᠷᠦᠭᠦ ᠬᠥᠮᠦᠨ ᠥᠬᠡᠶ ᠣᠶᠣᠨᠴᠢ ᠵᠦᠪᠰᠢᠶᠡᠷᠡᠯ︾ ᠵᠡᠷᠭᠡ ᠶᠢ ᠲᠦᠬᠡᠮᠡᠯᠵᠢᠬᠦᠯᠵᠣ᠂ ᠵᠠᠰᠠᠭ ᠤᠨ ᠶᠠᠪᠣᠳᠠᠯ ᠤᠨ | ᠦᠢᠯᠡᠴᠢᠯᠡᠬᠡᠨ ᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠲᠡᠬᠡᠭᠰᠢᠯᠡᠬᠦᠯᠣᠨᠡ᠃ ᠬᠠᠷᠢᠴᠠᠩᠭᠤᠢ ᠪᠠᠷ ᠲᠦᠪᠯᠡᠷᠡᠬᠦᠯᠦᠭᠰᠡᠨ ᠵᠠᠰᠠᠭ ᠵᠠᠬᠢᠷᠭᠠᠨ ᠤ ᠵᠦᠪᠰᠢᠶᠡᠷᠡᠯ ᠤᠨ | ᠡᠷᠬᠡ ᠶᠢᠨ ᠦᠬᠡᠷᠡᠴᠢᠯᠡᠯᠲᠡ ᠲᠣᠷᠰᠢᠯᠲᠠ ᠶᠢ ᠪᠦᠬᠦ ᠲᠠᠯ᠎ᠠ ᠪᠠᠷ ᠨᠠᠶᠢᠲᠠᠪᠣᠷᠢᠵᠢᠭᠤᠯᠣᠨ᠂ ᠬᠤᠰᠢᠭᠤ ᠱᠠᠲᠣᠨ ᠤ ᠴᠢᠬᠤᠯᠠ ᠶᠡᠭᠡ ᠪᠡᠯᠡ ᠣᠷᠣᠭᠤᠯᠣᠯᠲᠠ ᠶᠢᠨ | ᠲᠦᠷᠦᠯ ᠵᠦᠢᠯ ᠳᠤ ︽ᠨᠢᠬᠡᠳᠬᠡᠨ ᠬᠤᠯᠪᠣᠭᠠᠯᠠᠵᠣ ᠵᠦᠪᠰᠢᠶᠡᠷᠡᠬᠦ︾ ᠶᠢ ᠬᠡᠷᠡᠭᠵᠢᠬᠦᠯᠵᠣ᠂ ᠵᠦᠪᠰᠢᠶᠡᠷᠡᠯ ᠤᠨ ᠶᠠᠪᠣᠴᠠ ᠶᠢ ᠣᠯᠠᠮ ᠲᠦᠬᠦᠮᠴᠢᠯᠡᠨ᠂ ᠵᠦᠪᠰᠢᠶᠡᠷᠡᠯ | ᠤᠨ ᠪᠠᠷᠢᠮᠵᠢᠶ᠎ᠠ ᠶᠢ ᠲᠦᠷᠢᠮᠵᠢᠬᠦᠯᠵᠤ᠂ ᠵᠦᠪᠰᠢᠶᠡᠷᠡᠯ ᠤᠨ ᠦᠢᠯᠡᠴᠢᠯᠡᠭᠡ ᠶᠢ ᠰᠢᠯᠢᠳᠡᠭᠵᠢᠬᠦᠯᠣᠨᠡ᠃ ︽ᠰᠢᠨᠵᠢᠯᠡᠭᠡ ᠮᠡᠷᠬᠡᠵᠢᠯ ᠢᠶᠠᠷ ᠦᠪᠣᠷ ᠮᠣᠩᠭᠤᠯ ᠢᠶᠠᠨ | ᠬᠦᠭᠵᠢᠬᠦᠯᠬᠦ︾ ᠠᠵᠢᠯᠯᠠᠭᠠᠨ ᠢ ᠬᠦᠨᠵᠡᠬᠡᠶᠢᠷᠡᠬᠦᠯᠦᠨ᠂ ᠠᠵᠤ ᠠᠬᠤᠶᠢᠯᠠᠯ ᠠᠴᠠ ᠳᠡᠭᠡᠳᠦ ᠰᠣᠷᠭᠠᠭᠤᠯᠢ᠂ ᠰᠢᠨᠵᠢᠯᠡᠭᠡ ᠮᠡᠷᠬᠡᠵᠢᠯ ᠤᠨ ᠰᠣᠳᠣᠯᠭᠠᠨ ᠤ ᠭᠠᠵᠠᠷ | ᠬᠦᠷᠢᠶᠡᠯᠩ ᠲᠠᠢ ᠬᠠᠮᠲᠤᠷᠠᠨ ᠰᠢᠨ᠎ᠡ ᠶᠢ ᠡᠬᠦᠳᠬᠦ ᠬᠤᠯᠪᠤᠭᠠᠲᠤ ᠴᠤᠭᠴᠠ ᠪᠠᠶᠢᠭᠤᠯᠬᠤ ᠶᠢ ᠵᠢᠯᠤᠭᠤᠳᠴᠣ᠂ ᠣᠯᠣᠰ ᠤᠨ ᠰᠢᠨᠵᠢᠯᠡᠭᠡ ᠮᠡᠷᠬᠡᠵᠢᠯ ᠤᠨ ᠬᠡᠯᠪᠡᠷᠢ ᠶᠢᠨ | ᠳᠣᠮᠳᠠ ᠪᠠᠭ᠎ᠠ ᠠᠵᠤ ᠠᠬᠤᠶᠢᠯᠠᠯ᠂ ᠳᠡᠭᠡᠳᠦ ᠰᠢᠨ᠎ᠡ ᠮᠡᠷᠬᠡᠵᠢᠯ ᠤᠨ ᠠᠵᠤ ᠠᠬᠤᠶᠢᠯᠠᠯ ᠢ ︽ᠬᠤᠤᠰ ᠳᠠᠬᠢᠨ ᠢᠶᠠᠷ ᠨᠡᠮᠡᠭᠳᠡᠬᠦᠯᠬᠦ︾ ᠲᠦᠯᠦᠪᠯᠡᠭᠡ ᠶᠢ ᠬᠡᠷᠡᠭᠵᠢᠬᠦᠯᠦᠨ᠂ | ᠨᠢᠭᠡ ᠪᠦᠯᠦᠭ ᠰᠢᠨᠵᠢᠯᠡᠭᠡ ᠮᠡᠷᠬᠡᠵᠢᠯ ᠤᠨ ᠬᠡᠯᠪᠡᠷᠢ ᠶᠢᠨ ᠳᠣᠮᠳᠠ ᠪᠠᠭ᠎ᠠ ᠠᠵᠤ ᠠᠬᠤᠶᠢᠯᠠᠯ᠂ ᠳᠡᠭᠡᠳᠦ ᠰᠢᠨ᠎ᠡ ᠮᠡᠷᠬᠡᠵᠢᠯ ᠤᠨ ᠠᠵᠤ ᠠᠬᠤᠶᠢᠯᠠᠯ ᠪᠠ ᠦᠪᠡᠷᠲᠡᠭᠡᠨ | ᠵᠠᠰᠠᠬᠤ ᠣᠷᠣᠨ ᠤ ᠲᠡᠰ ᠤᠨ ᠲᠤᠰᠬᠠᠢ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠢ ᠪᠤᠶᠢᠵᠢᠭᠤᠯᠤᠨ᠎ᠠ᠃ ᠣᠷᠣᠨ ᠪᠦᠰᠡ ᠶᠢᠨ ᠬᠦᠭᠵᠢᠯᠲᠡ ᠳᠤ ᠢᠳᠡᠪᠬᠢᠲᠡᠢ | ᠠᠭᠤᠰᠤᠯᠴᠠᠵᠤ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠬᠡᠬᠡᠯᠲᠡ ᠶᠢᠨ ᠤᠷᠣᠨ ᠬᠢᠬᠡᠳ ᠢᠷᠭᠠᠢ᠂ ᠨᠢᠩᠳᠦ᠋ᠩ ᠡᠨᠧᠷᠬᠢ ᠬᠢᠮᠢ ᠶᠢᠨ ᠰᠠᠭᠤᠷᠢᠨ ᠤ | ᠬᠠᠮᠲᠤᠷᠠᠯᠴᠠᠭ᠎ᠠ ᠬᠠᠷᠢᠯᠴᠠᠭ᠎ᠠ ᠶᠢ ᠬᠦᠨᠵᠡᠬᠡᠶᠢᠷᠡᠬᠦᠯᠦᠨ᠂ ᠠᠵᠤ ᠦᠢᠯᠡᠰ ᠤᠨ ᠰᠦᠷᠦᠭᠵᠢᠯ ᠤᠨ ᠪᠤᠶᠢᠵᠢᠭᠤᠯᠤᠯᠲᠠ᠂ ᠣᠷᠣᠨ ᠪᠦᠰᠡ ᠶᠢᠨ ᠬᠠᠮᠲᠤᠷᠠᠯᠴᠠᠭᠠᠨ ᠤ | ᠳᠠᠭᠤᠷᠢᠶᠠᠯ᠂ ᠬᠦᠷᠢᠶᠡᠯᠡᠩ ᠲᠤᠭᠤᠷᠢᠭ ᠤᠨ ᠲᠦᠬᠦᠷᠴᠢᠯᠡᠯ᠂ ᠨᠠᠮ ᠤᠨ ᠪᠠᠶᠢᠭᠤᠯᠤᠯᠳᠠ ᠶᠢᠨ ᠬᠦᠳᠡᠯᠬᠡᠬᠦᠷ ᠬᠦᠴᠦᠨ ᠵᠡᠷᠭᠡ ︽ᠳᠦᠷᠪᠡᠨ ᠶᠡᠭᠡ ᠠᠵᠢᠯᠯᠠᠭ᠎ᠠ︾ ᠶᠢ | ᠬᠡᠷᠡᠭᠵᠢᠬᠦᠯᠵᠦ᠂ ᠬᠦᠷᠢᠶᠡᠯᠡᠩ ᠲᠤᠭᠤᠷᠢᠭ ᠤᠨ ᠬᠦᠭᠵᠢᠯᠲᠡ ᠶᠢᠨ ᠰᠢᠨ᠎ᠡ ᠰᠢᠪᠲᠤᠯᠤᠯᠲᠠ ᠶᠢ ᠪᠡᠶᠡᠯᠡᠬᠦᠯᠦᠨ᠎ᠡ᠃ | ︵ᠳᠦᠷᠪᠡ︶ ᠰᠠᠭᠤᠷᠢ ᠳᠦᠬᠦᠬᠡᠷᠦᠮᠵᠢ ᠶᠢ ᠴᠢᠩᠭᠠᠳᠬᠠᠨ᠂ ᠠᠵᠢᠯᠯᠠᠵᠤ ᠠᠮᠢᠳᠣᠷᠠᠬᠤ ᠳᠤ ᠳᠣᠬᠢᠷᠠᠮᠵᠢᠲᠠᠢ ᠬᠤᠲᠠ ᠪᠠᠯᠭᠠᠰᠣ ᠶᠢ ᠴᠣᠭᠴᠠᠯᠠᠨ᠎ᠠ᠃ ᠣᠷᠢᠳᠠᠴᠢ | ᠰᠦᠪᠡᠭᠴᠢᠯᠡᠯᠲᠡ᠂ ᠵᠤᠬᠢᠰᠲᠠᠢ ᠪᠠᠶᠢᠷᠢᠯᠠᠭᠤᠯᠤᠯᠲᠠ᠂ ᠨᠠᠷᠢᠯᠢᠭ ᠬᠠᠮᠢᠶᠠᠷᠤᠯᠲᠠ ᠶᠢ ᠪᠠᠷᠢᠮᠲᠠᠯᠠᠨ᠂ ᠣᠰᠣᠳᠣᠯ ᠦᠬᠡᠢ ᠬᠤᠲᠠ᠂ ᠴᠡᠴᠡᠷᠯᠢᠭᠲᠦ ᠬᠤᠲᠠ᠂ ᠦᠶᠡᠷ | ᠣᠰᠣᠳᠣᠯ ᠤᠨ ᠰᠡᠷᠬᠡᠶᠢᠯᠡᠯᠲᠡ᠂ ᠬᠤᠲᠠ ᠬᠦᠳᠡᠭᠡ ᠶᠢᠨ ᠬᠡᠢ ᠬᠠᠩᠭᠠᠯᠭ᠎ᠠ ᠵᠡᠷᠭᠡ ᠲᠤᠰᠬᠠᠢ ᠲᠦᠯᠦᠪᠵᠢᠬᠦᠯᠬᠡ ᠶᠢ ᠲᠤᠭᠤᠷᠪᠢᠵᠦ᠂ ᠬᠤᠲᠠ ᠶᠢ ᠰᠢᠨᠡᠴᠢᠯᠡᠬᠦ | ᠠᠵᠢᠯᠯᠠᠭ᠎ᠠ ᠶᠢ ᠪᠦᠬᠦ ᠬᠦᠴᠦᠨ ᠢᠶᠠᠷ ᠠᠬᠢᠭᠤᠯᠤᠨ᠂ ᠬᠤᠲᠠ ᠶᠢᠨ ᠪᠠᠶᠢᠴᠠᠭᠠᠯᠲᠠ ᠪᠤᠯᠤᠨ ᠬᠤᠲᠠ ᠶᠢᠨ ᠶᠠᠪᠤᠳᠠᠯ ᠤᠨ ᠭᠠᠵᠠᠷ ᠳᠣᠣᠷᠠᠬᠢ ᠳᠦᠬᠦᠬᠡᠷᠦᠮᠵᠢ ᠶᠢᠨ | ᠨᠡᠶᠢᠲᠡᠮ ᠪᠠᠶᠢᠴᠠᠭᠠᠯᠲᠠ ᠶᠢ ᠶᠠᠪᠤᠭᠳᠠᠭᠤᠯᠵᠤ᠂ ︽ᠲᠤᠲᠠᠭᠤᠳᠠᠯ ᠢ ᠨᠦᠬᠦᠪᠦᠷᠢᠯᠡᠨ᠂ ᠪᠠᠭᠤᠷᠠᠢ ᠵᠦᠢᠯᠡᠰ ᠢ ᠴᠢᠩᠭᠠᠳᠬᠠᠬᠤ︾ ᠢᠨᠵᠧᠨᠧᠷᠢᠩ ᠢ ᠬᠡᠷᠡᠭᠵᠢᠬᠦᠯᠦᠨ᠂ | ᠵᠠᠮ ᠵᠡᠬᠡᠯᠢ᠂ ᠪᠤᠷᠤᠭᠠᠨ ᠤ ᠣᠰᠣ ᠪᠠ ᠪᠣᠬᠢᠷ ᠣᠰᠣ ᠶᠢ ᠰᠠᠯᠭᠠᠬᠤ ᠦᠬᠡᠷᠡᠴᠢᠯᠡᠯᠲᠡ᠂ ᠣᠰᠣ ᠵᠠᠯᠠᠨ ᠣᠰᠣᠳᠣᠯ ᠢ ᠰᠡᠷᠬᠡᠶᠢᠯᠡᠬᠦ ᠳᠦᠬᠦᠬᠡᠷᠦᠮᠵᠢ᠂ ᠪᠢᠴᠢᠯ | ᠴᠡᠴᠡᠷᠯᠢᠭ᠂ ᠶᠠᠪᠠᠭᠠᠨ ᠠᠶᠠᠯᠠᠯ ᠤᠨ ᠰᠡᠯᠡᠬᠦᠴᠡᠯ ᠤᠨ ᠵᠠᠮ᠂ ᠬᠤᠳᠠ ᠲᠤᠭᠤᠶᠢᠯᠠᠭᠰᠠᠨ ᠤᠢ ᠶᠢᠨ ᠪᠥᠰᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ | ᠪᠠᠯᠭᠠᠰᠣᠨ ᠤ ᠣᠷᠣᠰᠢᠨ ᠰᠠᠭᠤᠷᠢᠰᠢᠬᠤ ᠨᠦᠬᠦᠴᠡᠯ ᠢ ᠳᠠᠰᠣᠷᠠᠯᠲᠠ ᠦᠬᠡᠢ ᠳᠡᠭᠡᠭᠰᠢᠯᠡᠬᠦᠯᠦᠨ᠎ᠡ᠃ ︽ᠣᠲᠤᠭ ᠤᠨ ᠡᠮᠦᠨᠡᠲᠦ ᠬᠤᠰᠢᠭᠤᠨ ᠤ ᠬᠡᠢ ᠬᠠᠩᠭᠠᠯᠭ᠎ᠠ︾ | ᠶᠢᠨ ᠢᠨᠵᠧᠨᠧᠷᠢᠩ ᠢ ᠬᠡᠷᠡᠭᠵᠢᠬᠦᠯᠦᠨ᠂ 4G᠂ 5G ᠲᠤᠤᠷ ᠰᠦᠯᠵᠢᠶᠡᠨ ᠤ ᠳᠦᠬᠦᠭᠡᠷᠦᠮᠵᠢ ᠶᠢᠨ ᠪᠠᠶᠢᠭᠤᠯᠤᠯᠲᠠ ᠶᠢ ᠲᠦᠷᠬᠡᠳᠬᠡᠵᠦ᠂ ᠬᠤᠲᠠ ᠬᠦᠳᠡᠭᠡ ᠶᠢᠨ | ᠡᠬᠢ ᠰᠣᠷᠪᠣᠯᠵᠢ ᠶᠢᠨ ᠰᠢᠯᠢᠳᠡᠭᠵᠢᠬᠦᠯᠦᠭᠰᠡᠨ ᠲᠤᠬᠢᠷᠠᠭᠤᠯᠤᠯᠲᠠ᠂ ᠴᠤᠭᠴᠠᠵᠢᠭᠰᠠᠨ ᠲᠦᠯᠦᠪᠵᠢᠬᠦᠯᠦᠯᠲᠡ ᠶᠢ ᠠᠬᠢᠭᠤᠯᠤᠨ᠎ᠠ᠃ ᠪᠠᠲᠤᠯᠠᠭ᠎ᠠ ᠶᠢᠨ ᠣᠷᠣᠨ ᠰᠠᠭᠤᠴᠠ | ᠶᠢᠨ ᠪᠠᠶᠢᠭᠤᠯᠤᠯᠲᠠ ᠪᠠ ᠠᠰᠠᠷ ᠰᠠᠭᠤᠷᠢᠰᠢᠯ ᠤᠨ ᠨᠡᠬᠡᠬᠡᠯᠲᠡ ᠶᠢ ᠡᠮᠬᠢᠲᠡᠢ ᠠᠬᠢᠭᠤᠯᠤᠨ᠂ ᠬᠠᠭᠤᠴᠢᠨ ᠰᠠᠭᠤᠭᠠᠯᠢ ᠲᠤᠭᠤᠷᠢᠭ ᠤᠨ ᠦᠬᠡᠷᠡᠴᠢᠯᠡᠯᠲᠡ ᠶᠢ | ᠲᠦᠷᠬᠡᠳᠬᠡᠵᠦ᠂ ᠠᠷᠠᠳ ᠣᠯᠠᠨ ᠤ ᠠᠮᠢᠳᠣᠷᠠᠯ ᠤᠨ ᠬᠡᠪ ᠴᠢᠨᠰᠠᠭ᠎ᠠ ᠶᠢ ᠦᠨᠡᠨ ᠬᠦ ᠳᠡᠭᠡᠭᠰᠢᠯᠡᠬᠦᠯᠦᠨ᠎ᠡ᠃ ᠲᠠᠮᠣᠷ ᠵᠠᠮ ᠠᠭᠠᠷ ᠤᠨ ᠠᠶᠠᠯᠠᠯ ᠤᠨ ᠲᠦᠷᠦᠯ ᠵᠦᠢᠯ | ᠤᠨ ᠪᠠᠶᠢᠭᠤᠯᠤᠯᠲᠠ ᠶᠢ ᠨᠢᠭᠡᠳᠦᠯᠲᠡᠢ ᠲᠦᠯᠦᠪᠵᠢᠬᠦᠯᠵᠦ ᠠᠬᠢᠭᠤᠯᠤᠨ᠂ ︽ᠭᠤᠤᠯ ᠵᠠᠮ ᠰᠠᠯᠪᠤᠷᠢ ᠱᠣᠭᠤᠮ ᠨᠡᠪᠲᠡᠷᠡᠯᠴᠡᠭᠰᠡᠨ᠂ ᠪᠦᠬᠦ ᠲᠤᠤᠷ ᠬᠠᠷᠢᠯᠴᠠᠨ | ᠬᠤᠯᠪᠤᠯᠳᠣᠭᠰᠠᠨ︾ ᠲᠡᠭᠡᠭᠡᠪᠦᠷᠢ ᠶᠢᠨ ᠲᠤᠤᠷ ᠢ ᠦᠳᠲᠡᠷ ᠪᠦᠷᠢᠯᠳᠦᠬᠦᠯᠵᠦ᠂ ᠠᠭᠠᠷ ᠤᠨ ᠠᠶᠠᠯᠠᠯ ᠤᠨ ᠲᠡᠭᠡᠭᠡᠪᠦᠷᠢ ᠶᠢᠨ ᠬᠦᠴᠦᠨ ᠢ ᠣᠯᠠᠮ ᠨᠢᠬᠡ ᠠᠯᠬᠤᠮ | ᠳᠡᠭᠡᠭᠰᠢᠯᠡᠬᠦᠯᠦᠨ᠎ᠡ᠃ ᠣᠯᠵᠠᠴᠢ ᠠᠴᠠ ᠱᠠᠩᠬᠠᠢ ᠶᠢᠨ ᠰᠦᠮ᠎ᠡ ᠬᠦᠷᠬᠦ ᠲᠡᠮᠦᠷ ᠵᠠᠮ᠂ ᠪᠠᠷᠠᠭᠤᠨ ᠪᠡᠶ᠎ᠡ ᠶᠢᠨ ᠲᠡᠮᠦᠷ ᠵᠠᠮ ᠤᠨ ᠲᠤᠰᠬᠠᠢ ᠱᠣᠭᠤᠮ ᠢ ᠡᠬᠢᠯᠡᠵᠦ | ᠪᠠᠶᠢᠭᠤᠯᠤᠨ᠂ ᠱᠠᠩᠬᠠᠢ ᠶᠢᠨ ᠰᠦᠮ᠎ᠡ ᠡᠨᠧᠷᠬᠢ ᠬᠢᠮᠢ ᠶᠢᠨ ᠰᠠᠭᠤᠷᠢᠨ ᠭᠠᠵᠠᠷ ᠤᠨ ᠳᠦᠬᠦᠷᠴᠢᠯᠡᠭᠰᠡᠨ ᠰᠢᠭᠠᠷᠣ ᠶᠢᠨ ᠲᠠᠯᠠᠪᠠᠢ ᠶᠢᠨ ᠵᠠᠰᠠᠮᠠᠯ ᠵᠠᠮ ᠤᠨ ᠪᠠᠶᠢᠭᠤᠯᠤᠯᠲᠠ | ᠶᠢ ᠲᠦᠷᠬᠡᠳᠬᠡᠵᠦ᠂ ᠬᠦᠭᠵᠢᠯᠲᠡ ᠶᠢᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠬᠦᠯᠦᠨ᠎ᠡ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠤᠯᠤᠨ ᠴᠢᠨᠠᠷᠯᠢᠭ ᠬᠦᠭᠵᠢᠯᠲᠡ ᠶᠢᠨ ᠪᠠᠶᠢᠯᠳᠣᠬᠤ ᠪᠣᠳᠣᠯᠭ᠎ᠠ ᠶᠢ ᠬᠦᠨᠵᠡᠬᠡᠢ ᠨᠠᠶᠢᠲᠠᠪᠤᠷᠢᠵᠢᠭᠤᠯᠤᠨ᠂ ᠬᠦᠷᠦᠰᠦ ᠰᠢᠷᠤᠢ ᠶᠢᠨ ᠢᠳᠡᠭᠳᠡᠯ ᠤᠨ | ᠶᠡᠷᠦᠩᠬᠡᠶᠢᠯᠡᠭᠰᠡᠨ ᠵᠠᠰᠠᠯᠲᠠ᠂ ᠴᠦᠯᠡᠷᠬᠡᠭᠵᠢᠯ ᠤᠨ ᠵᠠᠰᠠᠯᠲᠠ ᠵᠡᠷᠭᠡ ᠠᠮᠢ ᠠᠬᠤᠢ ᠶᠢᠨ ᠭᠤᠤᠯᠳᠠᠯᠭᠠᠲᠤ ᠢᠨᠵᠧᠨᠧᠷᠢᠩ ᠢ ᠬᠡᠷᠡᠭᠵᠢᠬᠦᠯᠵᠦ᠂ ᠠᠮᠢ ᠠᠬᠤᠢ ᠶᠢᠨ | ᠨᠡᠬᠦᠷᠡᠰᠦᠳᠦ᠋ᠷᠦᠭᠴᠢ ᠰᠢᠩᠭᠡᠭᠡᠬᠦ ᠴᠢᠳᠠᠪᠤᠷᠢ ᠶᠢ ᠳᠡᠭᠡᠭᠰᠢᠯᠡᠬᠦᠯᠦᠨ᠎ᠡ᠃ ︽ᠣᠰᠣ ᠪᠠᠷ ᠳᠦᠷᠪᠡ ᠶᠢ ᠲᠤᠭᠲᠠᠭᠠᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ | ᠦᠷᠨᠢᠬᠦᠯᠵᠦ᠂ ᠭᠠᠵᠠᠷ ᠳᠣᠣᠷᠠᠬᠢ ᠣᠰᠣᠨ ᠤ ᠬᠡᠲᠦ ᠬᠡᠷᠡᠭᠯᠡᠯᠲᠡ ᠶᠢᠨ ᠵᠠᠰᠠᠯᠲᠠ᠂ ᠪᠠᠴᠢᠮ ᠢ ᠠᠷᠭᠠᠴᠠᠬᠤ ᠪᠡᠯᠡᠳᠬᠡᠯ ᠣᠰᠣᠨ ᠰᠣᠷᠪᠣᠯᠵᠢ ᠶᠢᠨ ᠭᠠᠵᠠᠷ ᠤᠨ | ᠪᠠᠶᠢᠭᠤᠯᠤᠯᠲᠠ ᠶᠢ ᠰᠠᠶᠢᠲᠤᠷ ᠠᠳᠬᠤᠨ᠂ ᠡᠯ᠎ᠡ ᠱᠠᠲᠤᠨ ᠤ ᠣᠷᠴᠢᠨ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠤᠨ | ᠴᠡᠭᠴᠡᠯᠡᠯᠲᠡ ᠪᠠ ᠭᠤᠤᠯᠳᠠᠯᠭᠠᠲᠤ ᠣᠷᠣᠨ ᠪᠦᠰᠡ ᠶᠢᠨ ᠣᠷᠴᠢᠨ ᠲᠤᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠦᠷᠬᠦᠯᠵᠢᠯᠡᠨ ᠴᠢᠩᠭᠠᠳᠬᠠᠵᠤ᠂ ᠠᠮᠢ ᠠᠬᠤᠢ | ᠣᠷᠴᠢᠨ ᠲᠤᠭᠤᠷᠢᠨ ᠤ ᠦᠷᠬᠦᠯᠵᠢᠬᠦᠶᠢᠴᠡ ᠰᠠᠶᠢᠵᠢᠷᠠᠯᠲᠠ ᠶᠢ ᠠᠬᠢᠭᠤᠯᠤᠨ᠎ᠠ᠃ | ︵ᠲᠠᠪᠤ︶ ᠠᠷᠠᠳ ᠤᠨ ᠠᠮᠢᠳᠤᠷᠠᠯ ᠤᠨ ᠪᠣᠳᠠᠳᠣ ᠶᠠᠪᠣᠳᠠᠯ ᠳᠤ ᠠᠩᠬᠠᠷᠣᠯ ᠲᠦᠪᠯᠡᠷᠡᠬᠦᠯᠣᠨ᠂ ᠠᠰᠢᠭ ᠵᠢᠷᠭᠠᠯ ᠢ ᠨᠢ ᠬᠦᠴᠦᠯᠡᠨ ᠰᠠᠶᠢᠵᠢᠷᠠᠭᠤᠯᠤᠨ᠎ᠠ᠃ | ︽ᠵᠢᠷᠭᠤᠭ᠎ᠠ ᠶᠢ ᠲᠤᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠬᠦᠯᠵᠢᠯᠡᠨ ᠰᠠᠶᠢᠲᠤᠷ ᠬᠢᠵᠦ᠂ ᠠᠵᠢᠯ ᠣᠯᠭᠤᠯᠲᠠ ᠶᠢ | ᠲᠤᠭᠲᠠᠪᠤᠷᠢᠵᠢᠭᠤᠯᠬᠤ ᠠᠷᠭ᠎ᠠ ᠠᠪᠴᠠᠯ ᠢ ᠪᠦᠬᠦ ᠲᠠᠯ᠎ᠠ ᠪᠠᠷ ᠴᠢᠩᠭᠠᠳᠬᠠᠨ᠂ ᠣᠯᠠᠨ ᠲᠦᠮᠡᠨ ᠤ ᠠᠵᠢᠯ ᠣᠯᠬᠤ ᠠᠷᠭ᠎ᠠ ᠵᠠᠮ ᠢ ᠦᠷᠬᠡᠳᠬᠡᠵᠦ᠂ ᠣᠶᠣᠲᠠᠳ ᠤᠨ | ᠦᠢᠯᠡᠰ ᠪᠤᠰᠬᠠᠬᠤ ᠪᠤᠶᠢᠵᠢᠭᠤᠯᠤᠯᠲᠠ ᠶᠢᠨ ᠬᠦᠷᠢᠶᠡᠯᠡᠩ ᠤᠨ ᠴᠢᠳᠠᠮᠵᠢ ᠶᠢ ᠲᠡᠬᠦᠯᠳᠡᠷᠵᠢᠬᠦᠯᠦᠨ᠂ ᠠᠷᠰᠠᠷ ᠠᠵᠢᠯ ᠤᠨ ᠵᠠᠬ᠎ᠠ ᠳᠡᠯᠬᠡᠬᠦᠷ ᠤᠨ ᠪᠠᠶᠢᠭᠤᠯᠤᠯᠲᠠ ᠶᠢ | ᠲᠦᠷᠬᠡᠳᠬᠡᠵᠦ᠂ ᠣᠲᠤᠭ ᠤᠨ ᠡᠮᠦᠨᠡᠲᠦ ᠬᠤᠰᠢᠭᠤᠨ ᠤ ᠣᠯᠵᠠᠴᠢ ᠪᠠᠯᠭᠠᠰᠣᠨ ᠤ ᠠᠷᠰᠠᠷ ᠠᠵᠢᠯ ᠤᠨ ᠦᠢᠯᠡᠴᠢᠯᠡᠬᠡᠨ ᠤ ᠦᠷᠲᠡᠭᠡ ᠶᠢᠨ ᠲᠦᠷᠦᠯ ᠵᠦᠢᠯ ᠢ | ᠬᠡᠷᠡᠭᠵᠢᠬᠦᠯᠦᠨ᠎ᠡ᠃ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠬᠡᠯ ᠬᠢᠬᠡᠳ ᠬᠦᠳᠡᠭᠡ ᠲᠤᠰᠬᠤᠨ ᠤ ᠬᠦᠭᠵᠢᠯ ᠮᠠᠨᠳᠣᠯ ᠤᠨ | ᠪᠦᠲᠦᠮᠵᠢᠲᠡᠢ ᠠᠪᠴᠠᠯᠳᠣᠭᠤᠯᠣᠯ ᠢ ᠦᠷᠬᠦᠯᠵᠢᠯᠡᠨ ᠪᠠᠬᠢᠵᠢᠬᠦᠯᠵᠦ᠂ ᠳᠠᠬᠢᠨ ᠶᠠᠳᠠᠭᠤᠷᠠᠬᠤ ᠶᠢ ᠰᠡᠷᠬᠡᠶᠢᠯᠡᠬᠦ ᠪᠠᠶᠢᠩᠭᠤᠵᠢᠭᠰᠠᠨ ᠬᠢᠨᠠᠨ ᠡᠵᠡᠮᠳᠡᠯ ᠰᠡᠷᠡᠮᠵᠢᠯᠡᠬᠦᠯᠦᠯ ᠤᠨ | ᠲᠤᠭᠲᠠᠴᠠ ᠶᠢ ᠲᠡᠬᠦᠯᠳᠡᠷᠵᠢᠬᠦᠯᠦᠨ᠂ ᠠᠵᠤ ᠦᠢᠯᠡᠰ ᠢᠶᠠᠷ ᠳᠡᠳᠬᠦᠬᠦ ᠶᠢ ᠴᠢᠩᠭᠠᠳᠬᠠᠵᠤ᠂ ᠬᠦᠳᠡᠭᠡ ᠲᠤᠰᠬᠤᠨ ᠤ ᠬᠦᠭᠵᠢᠯ ᠮᠠᠨᠳᠣᠯ ᠤᠨ ᠦᠪᠡᠷ ᠢᠶᠠᠨ | ᠳᠡᠭᠵᠢᠷᠡᠬᠦ ᠴᠢᠳᠠᠪᠤᠷᠢ ᠶᠢ ᠳᠡᠭᠡᠭᠰᠢᠯᠡᠬᠦᠯᠦᠨ᠎ᠡ᠃ ᠰᠣᠷᠭᠠᠨ ᠬᠦᠮᠦᠵᠢᠯ ᠵᠢᠭᠠᠨ ᠰᠣᠷᠭᠠᠯᠲᠠ ᠶᠢᠨ ᠨᠦᠬᠦᠴᠡᠯ ᠢ ᠣᠯᠠᠮ ᠰᠠᠶᠢᠵᠢᠷᠠᠭᠤᠯᠵᠤ᠂ ᠬᠤᠰᠢᠭᠤ ᠬᠤᠶᠠᠳᠣᠭᠠᠷ | ᠳᠣᠮᠳᠠᠳᠣ ᠰᠣᠷᠭᠠᠭᠤᠯᠢ᠂ ᠳᠣᠯᠣᠳᠣᠭᠠᠷ ᠬᠡᠣᠬᠡᠳ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠣᠨ᠂ ᠬᠤᠰᠢᠭᠤ ᠨᠢᠭᠡᠳᠦᠬᠡᠷ ᠳᠣᠮᠳᠠᠳᠣ ᠰᠣᠷᠭᠠᠭᠤᠯᠢ ᠶᠢ ᠬᠤᠲᠠ | ᠶᠢᠨ ᠨᠢᠭᠡᠳᠦᠬᠡᠷ ᠳᠣᠮᠳᠠᠳᠣ ᠰᠣᠷᠭᠠᠭᠤᠯᠢ ᠶᠢᠨ ᠣᠲᠤᠭ ᠤᠨ ᠡᠮᠦᠨᠡᠲᠦ ᠬᠤᠰᠢᠭᠤᠨ ᠳᠠᠬᠢ ᠬᠤᠪᠢᠶᠠᠷᠢ ᠰᠣᠷᠭᠠᠭᠤᠯᠢ ᠪᠤᠯᠭᠠᠵᠤ᠂ ᠳ᠋ᠦᠩᠱᠧᠩ ᠬᠢᠶ᠎ᠠ ᠪᠠᠭᠰᠢ ᠶᠢᠨ | ᠰᠣᠷᠭᠠᠭᠤᠯᠢ ᠨᠤᠭᠤᠳ ᠯᠤᠭ᠎ᠠ ᠶᠢᠨ ᠬᠠᠮᠲᠤᠷᠠᠯᠴᠠᠭ᠎ᠠ ᠪᠠᠨ ᠣᠯᠠᠮ ᠨᠢᠭᠲᠠᠷᠠᠭᠤᠯᠤᠨ᠂ ᠬᠠᠮᠲᠤᠷᠠᠭᠰᠠᠨ ᠰᠣᠷᠭᠠᠭᠤᠯᠢ ᠡᠷᠬᠢᠯᠡᠯᠲᠡ ᠪᠠᠷ ᠰᠢᠯᠢᠳᠡᠭ ᠪᠠᠭᠰᠢ | ᠣᠷᠣᠭᠤᠯᠣᠨ ᠬᠦᠮᠦᠵᠢᠬᠦᠯᠵᠦ᠂ ᠰᠢᠯᠢᠳᠡᠭ ᠰᠣᠷᠣᠭᠴᠢᠳ ᠤᠨ ᠢᠷᠡᠯᠲᠡ ᠶᠢ ᠪᠠᠲᠤᠯᠠᠨ᠎ᠠ᠃ ᠡᠮᠨᠡᠯᠬᠡ ᠶᠢᠨ ᠬᠤᠯᠪᠤᠭᠠᠲᠤ ᠴᠤᠭᠴᠠ ᠶᠢᠨ ᠪᠠᠶᠢᠭᠤᠯᠤᠯᠲᠠ ᠶᠢ | ᠴᠢᠩᠭᠠᠳᠬᠠᠨ᠂ ᠮᠣᠵᠢ ᠣᠷᠣᠨ ᠠᠯᠤᠰᠯᠠᠭᠰᠠᠨ ᠡᠮᠨᠡᠯᠬᠡ ᠶᠢᠨ ᠬᠤᠯᠪᠤᠭᠠᠲᠤ ᠴᠤᠭᠴᠠ ᠶᠢᠨ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠶᠢ ᠦᠷᠬᠡᠳᠬᠡᠵᠦ᠂ ᠣᠷᠳᠣᠰ | ᠬᠤᠲᠠ ᠶᠢᠨ ᠮᠣᠩᠭᠤᠯ ᠡᠮ ᠡᠮᠨᠡᠯᠭᠡ ᠶᠢᠨ ᠠᠵᠤ ᠦᠢᠯᠡᠰ ᠤᠨ ᠬᠦᠭᠵᠢᠯᠲᠡ ᠶᠢᠨ ᠳᠠᠭᠤᠷᠢᠶᠠᠯ ᠰᠠᠭᠤᠷᠢᠨ ᠢ ᠪᠠᠶᠢᠭᠤᠯᠤᠨ᠂ ᠬᠤᠰᠢᠭᠤ ᠡᠷᠡᠬᠦᠯ ᠬᠠᠮᠠᠭᠠᠯᠠᠯ ᠤᠨ | ᠪᠠᠴᠢᠮ ᠢ ᠠᠷᠭᠠᠴᠠᠬᠤ ᠵᠢᠯᠤᠭᠤᠳᠬᠤ ᠲᠦᠪ ᠢ ᠠᠰᠢᠭᠯᠠᠯᠲᠠ ᠳᠤ ᠣᠷᠣᠭᠤᠯᠵᠣ᠂ ᠣᠯᠠᠨ ᠲᠦᠮᠡᠨ ᠳᠤ ᠴᠢᠨᠠᠷ ᠰᠠᠶᠢᠲᠠᠢ ᠡᠮᠴᠢᠯᠡᠬᠡᠨ ᠤ ᠦᠢᠯᠡᠴᠢᠯᠡᠭᠡ ᠡᠳ᠋ᠯᠡᠬᠦᠯᠦᠨ᠎ᠡ᠃ | ︽ᠬᠤᠤᠰ ᠵᠠᠭᠤ︾ ᠶᠢᠨ ᠰᠣᠶᠣᠯ ᠢᠶᠠᠷ ᠠᠷᠠᠳ ᠢ ᠬᠠᠷᠠᠭᠠᠯᠵᠠᠬᠤ ᠠᠵᠢᠯᠯᠠᠭ᠎ᠠ ᠶᠢ ᠰᠠᠶᠢᠲᠤᠷ ᠦᠷᠨᠢᠬᠦᠯᠦᠨ᠂ ᠨᠢᠭᠡ ᠪᠦᠯᠦᠭ ᠰᠣᠳᠣᠨ ᠪᠦᠲᠦᠬᠡᠯ ᠢ | ᠪᠤᠯᠪᠠᠰᠣᠷᠠᠭᠤᠯᠵᠤ᠂ ︽ᠡᠯᠪᠡᠭ ᠬᠤᠷᠢᠶᠠᠯᠲᠠ ᠶᠢᠨ ᠨᠠᠶᠢᠷ︾ ᠵᠡᠷᠭᠡ ᠪᠤᠳᠠᠰ ᠤᠨ ᠪᠤᠰᠤ ᠦᠪ ᠤᠨ ᠣᠨᠴᠠᠯᠢᠭᠲᠤ ᠣᠬᠠᠭᠤᠯᠭ᠎ᠠ ᠶᠢᠨ ᠠᠵᠢᠯᠯᠠᠭ᠎ᠠ ᠶᠢ | ᠶᠠᠪᠤᠭᠳᠠᠭᠤᠯᠤᠨ᠂ ᠣᠯᠠᠨ ᠲᠦᠮᠡᠨ ᠤ ᠣᠯᠠᠨ ᠶᠠᠩᠵᠤᠲᠤ ᠣᠶᠣᠨ ᠤ ᠠᠮᠢᠳᠣᠷᠠᠯ ᠤᠨ ᠬᠡᠷᠡᠭᠴᠡᠭᠡ ᠶᠢ ᠬᠠᠩᠭᠠᠨ᠎ᠠ᠃ ᠨᠠᠭᠠᠲᠤ ᠵᠠᠬ᠎ᠠ ᠶᠢ ᠪᠠᠲᠤᠯᠠᠬᠤ ᠲᠦᠷᠦ ᠶᠢᠨ | ᠪᠤᠳᠤᠯᠭ᠎ᠠ ᠶᠢ ᠨᠠᠷᠢᠯᠢᠭ ᠨᠠᠶᠢᠲᠠᠪᠤᠷᠢᠵᠢᠭᠤᠯᠤᠨ᠂ ᠬᠦᠴᠢᠷᠳᠡᠯᠲᠡᠢ ᠣᠯᠠᠨ ᠲᠦᠮᠡᠨ ᠪᠠ ᠣᠨᠴᠠᠭᠠᠢ ᠬᠦᠮᠦᠰ ᠤᠨ ᠦᠨᠳᠦᠰᠦᠨ ᠠᠮᠢᠳᠣᠷᠠᠯ ᠤᠨ ᠪᠠᠲᠤᠯᠠᠭ᠎ᠠ ᠪᠤᠯᠤᠨ | ᠲᠦᠷ ᠴᠠᠭ ᠤᠨ ᠲᠤᠰᠠᠯᠠᠯᠲᠠ ᠶᠢ ᠴᠢᠩᠭᠠᠳᠬᠠᠨ᠎ᠠ᠃ ᠬᠤᠲᠠ ᠶᠢᠨ ᠣᠷᠣᠨ ᠬᠡᠪᠴᠢᠶᠡᠨ ᠤ ᠨᠡᠶᠢᠬᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ | ᠴᠤᠭᠴᠠᠯᠠᠯᠲᠠ ᠶᠢ ᠬᠦᠴᠦᠯᠡᠨ ᠬᠢᠵᠦ᠂ ᠠᠶᠤᠯᠬᠦᠢ ᠦᠢᠯᠡᠳᠪᠦᠷᠢᠯᠡᠯ᠂ ᠵᠠᠬᠢᠳᠠᠯ ᠰᠣᠷᠪᠣᠯᠵᠢᠯᠠᠭ᠎ᠠ ᠲᠤᠭᠲᠠᠭᠤᠨ ᠤ ᠠᠵᠢᠯ ᠢ ᠳᠣᠪᠣᠶᠢᠮ᠎ᠠ ᠠᠳᠬᠤᠨ᠂ ᠣᠨᠴᠠ ᠶᠡᠭᠡ | ᠠᠶᠤᠯᠬᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠵᠤ᠂ ᠠᠶᠤᠯᠬᠦᠢ ᠦᠢᠯᠡᠳᠪᠦᠷᠢᠯᠡᠯ ᠤᠨ ᠰᠡᠷᠬᠡᠶᠢᠯᠡᠯᠲᠡ ᠶᠢᠨ ᠱᠣᠭᠤᠮ᠂ ᠨᠡᠶᠢᠬᠡᠮ ᠤᠨ ᠠᠮᠣᠷ | ᠲᠤᠭᠲᠠᠭᠤᠨ ᠤ ᠬᠤᠷᠢᠭ᠎ᠠ ᠱᠣᠭᠤᠮ ᠢ ᠦᠨᠡᠨ ᠬᠦ ᠪᠠᠲᠤ ᠰᠠᠬᠢᠨ᠎ᠠ᠃ | ᠲᠥᠯᠥᠭᠡᠯᠡᠭᠴᠢᠳ ᠡ᠂ ᠵᠢᠷᠤᠭ ᠲᠦᠰᠦᠪ ᠲᠣᠳᠣᠷᠬᠠᠢ ᠲᠣᠯᠠ ᠵᠣᠷᠢᠭᠲᠠᠢ ᠲᠡᠮᠡᠴᠡᠬᠦ ᠴᠢᠬᠤᠯᠠᠲᠠᠢ᠃ 2023 ᠣᠨ ᠳᠤ᠂ ᠪᠢᠳᠡ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠢᠮᠠᠭᠳᠠ ᠶᠢᠨ ᠬᠢᠨᠠᠯᠲᠠ ᠵᠢᠯᠣᠭᠤᠳᠣᠯᠭ᠎ᠠ ᠳᠣᠣᠷ᠎ᠠ ᠭᠥᠴᠥᠯᠡᠨ ᠴᠢᠷᠮᠠᠶᠢᠵᠤ᠂ ᠬᠦᠨᠳᠦ | ᠡᠬᠦᠷᠭᠡ ᠲᠠᠷᠬᠠᠨ ᠬᠠᠷᠢᠭᠤᠴᠠᠯᠭ᠎ᠠ ᠡᠬᠦᠷᠭᠡᠯᠡᠬᠦ ᠣᠬᠠᠮᠰᠠᠷ ᠢᠶᠠᠷ ᠦᠷᠯᠦᠬᠡ ᠦᠳᠡᠰᠢ ᠶᠢ ᠲᠡᠮᠡᠴᠡᠵᠦ ᠭᠠᠷᠮᠠᠭᠠᠶᠢᠯᠠᠨ᠂ ︽ᠳᠦᠷᠪᠡᠨ ᠣᠷᠣᠨ ᠤ ᠪᠠᠶᠢᠭᠤᠯᠤᠯᠲᠠ︾ ᠳᠤ | ᠪᠦᠬᠦ ᠬᠦᠴᠦᠨ ᠢᠶᠠᠷ ᠭᠠᠪᠰᠢᠭᠠᠶᠢᠯᠠᠵᠤ᠂ ︽ᠭᠠᠷᠮᠠᠭᠠᠶᠢᠯᠠᠨ ᠳᠠᠪᠰᠢᠬᠤ ᠣᠲᠤᠭ ᠤᠨ ᠡᠮᠦᠨᠡᠲᠦ ᠬᠤᠰᠢᠭᠤᠨ︾ ᠤ ᠬᠦᠭᠵᠢᠯ ᠤᠨ ᠰᠢᠨ᠎ᠡ ᠠᠶᠠᠨ ᠶᠤᠭᠠᠨ ᠪᠦᠬᠦ | ᠲᠠᠯ᠎ᠠ ᠪᠠᠷ ᠡᠬᠢᠯᠡᠬᠦᠯᠰᠦᠬᠡᠢ︕ | | |