ᠬᠤᠰᠢᠭᠤ ᠠᠷᠪᠠᠨ ᠨᠢᠬᠡᠳᠤᠬᠡᠷ ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠬᠤᠶᠠᠳᠣᠭᠠᠷ ᠬᠤᠷᠠᠯᠳᠤᠭᠠᠨ ᠤ  ᠪᠢᠴᠢᠭ ᠮᠠᠲ᠋ᠧᠷᠢᠶᠠᠯ ︵ᠠᠷᠪᠠᠨ ᠳᠤᠯᠤᠭ᠎ᠠ︶
ᠨᠡᠶᠢᠲᠡᠯᠡᠭᠰᠡᠨ ᠴᠠᠭ᠄
2023/1/31
                            ᠵᠠᠰᠠᠭ ᠤᠨ ᠤᠷᠳᠤᠨ ᠤ ᠠᠵᠢᠯ ᠤᠨ ᠢᠯᠡᠳᠭᠡᠯ                  —— 2023 ᠤᠨ ᠤ 1 ᠰᠠᠷ᠎ᠠ ᠶᠢᠨ 6 ᠤ ᠡᠳᠥᠷ ᠤᠳᠤᠭ ᠤᠨ ᠡᠮᠥᠨᠡᠳᠤ ᠬᠤᠰᠢᠭᠤᠨ ᠤ ᠠᠷᠪᠠᠨ ᠨᠢᠭᠡᠳᠥᠭᠡᠷ                  ᠬᠤᠭᠤᠴᠠᠭᠠᠨ  ᠤ ᠠᠷᠠᠳ ᠤᠨ ᠲᠥᠯᠥᠭᠡᠯᠡᠭᠴᠢᠳ ᠤᠨ  ᠶᠡᠭᠡ  ᠬᠤᠷᠠᠯ  ᠤᠨ ᠬᠤᠶᠠᠳᠣᠭᠠᠷ  ᠬᠤᠷᠠᠯᠳᠤᠭᠠᠨ  ᠲᠡᠭᠡᠷ᠎ᠡ                          ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ  ᠵᠠᠰᠠᠭ ᠤᠨ ᠤᠷᠳᠤᠨ ᠤ ᠬᠤᠰᠢᠭᠤ ᠲᠠᠷᠤᠭ᠎ᠠ                                                 ᠶᠠᠩ ᠶᠢᠩ ᠰᠢᠨ      ᠲᠥᠯᠥᠭᠡᠯᠡᠭᠴᠢᠳ ᠡ᠄     ᠡᠳᠥᠭᠡ ᠪᠢ᠂ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠠᠳᠭᠡᠯ ᠬᠢᠶ᠎ᠡ᠂ ᠲᠥᠯᠥᠭᠡᠯᠡᠭᠴᠢᠳ ᠬᠢᠨᠠᠨ ᠵᠥᠪᠯᠡᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠤᠯᠤᠨ ᠰᠤᠯᠠ ᠤᠷᠤᠯᠴᠠᠭᠰᠠᠳ ᠰᠠᠨᠠᠯ ᠢᠶᠠᠨ ᠲᠡᠪᠰᠢᠭᠦᠯᠭᠦ ᠪᠤᠯᠪᠠᠤ᠃     ᠨᠢᠭᠡ᠂ 2022 ᠣᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ     2022 ᠤᠨ ᠪᠤᠯ ᠨᠠᠮ ᠪᠠ ᠤᠯᠤᠰ ᠤᠨ ᠳᠡᠤᠬᠡᠨ ᠳᠠᠬᠢ ᠲᠦᠢᠯ ᠤᠨ ᠴᠢᠬᠤᠯᠠ ᠠᠴᠢ ᠬᠤᠯᠪᠤᠭᠳᠠᠯ ᠲᠠᠢ ᠨᠢᠬᠡ ᠵᠢᠯ ᠪᠤᠯᠤᠨ᠎ᠠ᠂ ᠳᠡᠯᠡᠬᠡᠢ ᠳ᠋ᠠᠬᠢᠨ ᠤ ᠠᠩᠬᠠᠷᠤᠯ ᠢ ᠳᠠᠳᠠᠭᠰᠠᠨ ᠨᠠᠮ ᠤᠨ ᠬᠤᠷᠢᠳᠤᠭᠠᠷ ᠶᠡᠭᠡ ᠬᠤᠷᠠᠯ ᠢᠯᠠᠯᠳᠠ ᠲᠠᠢ ᠪᠠᠷ ᠬᠤᠷᠠᠯᠳᠤᠵᠤ᠂ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠳᠠ ᠪᠠᠷ ᠳᠤᠮᠳᠠᠳᠤ ᠶᠢᠨ ᠦᠨᠳᠤᠰᠤᠳᠠᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠦᠬᠦ ᠳᠠᠯ᠎ᠠ ᠪᠠᠷ ᠠᠬᠢᠭᠤᠯᠬᠤ ᠠᠤᠭ᠎ᠠ ᠲᠦᠰᠤᠪ ᠢ ᠵᠢᠷᠤᠭᠯᠠᠨ ᠲᠦᠯᠤᠪᠯᠡᠭᠰᠡᠨ ᠪᠠᠶᠢᠨ᠎ᠠ᠃ 2022 ᠣᠨ ᠪᠤᠯ ᠤᠳᠤᠭ ᠤᠨ ᠡᠮᠤᠨᠡᠳᠤ ᠬᠤᠰᠢᠭᠤᠨ ᠤ ᠬᠦᠭᠵᠢᠯᠳᠠ ᠶᠢᠨ ᠳᠡᠤᠬᠡᠨ ᠳᠠᠬᠢ ᠲᠤᠶᠢᠯ ᠤᠨ ᠬᠢᠯᠪᠠᠷ ᠪᠤᠰᠣ᠂ ᠦᠷᠢᠰᠤᠯᠳᠤᠬᠡᠨ ᠶᠡᠬᠡᠳᠠᠢ ᠨᠢᠬᠡ ᠵᠢᠯ ᠪᠤᠯᠤᠨ᠎ᠠ᠂ ᠬᠤᠰᠢᠭᠤ ᠳᠠᠶᠠᠭᠠᠷ ᠢᠶᠠᠷ ᠢᠶᠠᠨ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭᠳᠤ ᠨᠠᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠵᠤ ᠳᠤᠤᠱᠯᠠᠭᠤᠯᠤᠨ᠂ ᠳᠡᠬᠡᠳᠤ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠬᠤᠰᠢᠭᠤ ᠨᠠᠮ ᠤᠨ ᠬᠤᠷᠢᠶᠠᠨ ᠤ ᠡᠷᠴᠢᠳᠤ ᠤᠳᠤᠷᠢᠳᠤᠯᠭ᠎ᠠ ᠳᠤᠤᠷ᠎ᠠ᠂ ︽ᠬᠢᠵᠢᠭ ᠢ ᠰᠡᠷᠬᠡᠶᠢᠯᠡᠬᠦ᠂ ᠠᠵᠤ ᠠᠬᠤᠢ ᠶᠢ ᠳᠤᠭᠳᠠᠪᠤᠷᠢᠵᠢᠭᠤᠯᠬᠤ᠂ ᠠᠮᠤᠷ ᠲᠦᠪᠰᠢᠨ ᠢᠶᠠᠷ ᠬᠦᠭᠵᠢᠬᠦᠯᠬᠦ︾ ᠴᠢᠬᠤᠯᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠤᠯᠤᠰ ᠲᠦᠷᠤ ᠶᠢᠨ ᠠᠮᠤᠷ ᠲᠦᠪᠰᠢᠨ᠂ ᠨᠠᠶᠢᠬᠡᠮ ᠤᠨ ᠠᠮᠤᠷ ᠳᠤᠭᠳᠠᠭᠤᠨ᠂ ᠠᠷᠠᠤᠨ ᠲᠦᠮᠡᠨ ᠤ ᠠᠮᠤᠷ ᠵᠢᠷᠭᠠᠯ ᠢ ᠡᠷᠡᠰ ᠬᠠᠮᠠᠭᠠᠯᠠᠪᠠ᠃     ᠰᠡᠤᠨᠬᠢᠯ ᠳᠤᠭᠳᠤᠯᠤᠭᠤᠯᠤᠭᠰᠠᠨ ᠶᠠᠪᠤᠳᠠᠯ ᠪᠤᠯ —— ᠣᠯᠠᠨ ᠡᠬᠡᠯᠵᠢ ᠶᠢᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠠ ︽7.19︾ ᠬᠤᠯᠤᠭᠠᠨ᠎ᠠ ᠬᠢᠵᠢᠭ ᠤᠨ ᠳᠠᠪᠬᠤᠴᠠᠯ ᠲᠠᠯᠬᠢᠳᠠᠯ ᠤᠨ ᠡᠮᠥᠨ᠎ᠡ᠂ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠣ ᠶᠢ ᠳᠡᠭᠡᠳᠦᠯᠡᠬᠦ ᠶᠢ ᠪᠠᠷᠢᠮᠲᠠᠯᠠᠵᠤ᠂ ᠪᠦᠬᠦ ᠬᠤᠰᠢᠭᠤ ᠪᠠᠷ ᠢᠶᠠᠨ ᠪᠦᠯᠬᠦᠮᠳᠠᠵᠤ ᠨᠢᠭᠳᠠᠷᠠᠨ᠂ ᠡᠯ᠎ᠡ ᠱᠠᠳᠤᠨ ᠤ ᠨᠠᠮ ᠤᠨ ᠬᠡᠰᠢᠬᠦᠨ ᠺᠠᠳ᠋ᠷᠴᠣᠳ ᠵᠠᠷᠯᠢᠭ ᠵᠠᠬᠢᠶ᠎ᠠ ᠪᠠᠷ ᠭᠠᠪᠰᠢᠭᠠᠶᠢᠯᠠᠵᠤ᠂ ᠡᠮᠴᠢ ᠰᠤᠪᠢᠯᠠᠭᠴᠢ ᠪᠤᠯᠤᠨ ᠳᠤᠳᠤᠭᠠᠳᠤ ᠶᠢ ᠬᠠᠮᠠᠭᠠᠯᠠᠬᠤ ᠴᠠᠭᠳᠠᠭ᠎ᠠ ᠡᠷᠡᠮᠡᠬᠡᠶᠢᠯᠡᠵᠤ ᠳᠡᠮᠡᠴᠡᠨ᠂ ᠨᠠᠶᠢᠬᠡᠮ ᠳᠤᠭᠤᠷᠢᠭ ᠤᠨ ᠠᠵᠢᠯᠳᠠᠤᠨ ᠡᠬᠦᠷᠬᠡ ᠬᠠᠷᠢᠭᠤᠴᠠᠯᠭ᠎ᠠ  ᠪᠠᠨ ᠬᠦᠢᠴᠡᠤᠨᠬᠡᠵᠤ᠂ ᠰᠠᠶᠢᠨ ᠳᠤᠷᠠᠳᠠᠤᠨ ᠳᠦᠷᠦᠬᠦᠯᠡᠨ᠂ ᠪᠦᠬᠦ ᠨᠠᠶᠢᠬᠡᠮ ᠢᠶᠠᠷ ᠢᠶᠠᠨ ᠬᠠᠮᠳᠤ ᠪᠠᠷ ᠬᠢᠵᠢᠭ ᠲᠠᠢ ᠳᠡᠮᠡᠴᠡᠬᠦ ᠬᠦᠴᠤᠷᠬᠡᠭ ᠶᠡᠭᠡ ᠬᠠᠮ ᠬᠦᠴᠤ ᠶᠢ ᠪᠦᠷᠢᠯᠳᠤᠬᠦᠯᠵᠤ᠂ ᠦᠪᠡᠷᠳᠡᠬᠡᠨ ᠵᠠᠰᠠᠬᠤ ᠤᠷᠤᠨ᠂ ᠬᠤᠳᠠ ᠠᠴᠠ ᠳᠤᠰᠢᠶᠠᠭᠰᠡᠨ ᠡᠯ᠎ᠡ ᠲᠦᠷᠤᠯ ᠤᠨ ᠰᠡᠷᠬᠡᠶᠢᠯᠡᠯ ᠡᠵᠡᠮᠳᠡᠯ ᠤᠨ ᠡᠬᠦᠷᠬᠡ ᠪᠠᠨ ᠠᠮᠵᠢᠯᠳᠠᠳᠠᠢ ᠪᠡᠶᠡᠯᠡᠬᠦᠯᠤᠨ᠂ ᠤᠳᠤᠭ ᠤᠨ ᠡᠮᠤᠨᠡᠳᠤ ᠬᠤᠰᠢᠭᠤᠨ ᠤ 1000 ᠭᠠᠷᠤᠢ ᠤᠶᠤᠳᠠᠤᠨ ᠢ ᠠᠮᠣᠷ ᠳᠦᠪᠰᠢᠨ ᠢᠶᠠᠷ ᠳᠤᠰᠤᠨ ᠠᠪᠴᠢᠷᠠᠵᠤ᠂ ᠠᠷᠠᠳ ᠣᠯᠠᠨ ᠤ ᠠᠮᠢ ᠨᠠᠰᠣᠨ ᠤ ᠠᠮᠣᠷ ᠳᠦᠪᠰᠢᠨ ᠪᠠ ᠪᠡᠶ᠎ᠡ ᠮᠠᠬᠠᠪᠤᠳ ᠤᠨ ᠡᠷᠡᠬᠦᠯ ᠮᠡᠨᠳᠦ ᠶᠢ ᠳᠡᠬᠡᠳᠤ ᠬᠡᠮᠵᠢᠶ᠎ᠡ ᠪᠠᠷ ᠬᠠᠮᠠᠭᠠᠯᠠᠪᠠ᠃     ᠤᠮᠤᠭᠰᠢᠯ ᠪᠠᠳᠠᠷᠠᠭᠠᠭᠰᠠᠨ ᠶᠠᠪᠤᠳᠠᠯ ᠪᠤᠯ —— ᠭᠠᠩᠳᠠᠵᠤ ᠤᠰᠤᠳᠤᠭᠰᠠᠨ ᠣᠨᠴᠠᠭᠠᠢ ᠴᠠᠭ ᠠᠭᠤᠷ ᠤᠨ ᠡᠮᠦᠨ᠎ᠡ᠂ ᠪᠢᠳᠠ ᠨᠢᠬᠡ ᠳᠠᠯ᠎ᠠ ᠪᠠᠷ ᠭᠠᠩ  ᠲᠠᠢ ᠳᠡᠮᠡᠴᠡᠨ ᠭᠠᠮᠰᠢᠭ ᠢ ᠪᠠᠭᠠᠰᠬᠠᠵᠤ ᠤᠷᠤᠯᠭ᠎ᠠ ᠶᠢ ᠪᠠᠳᠤᠯᠠᠬᠤ ᠶᠢ ᠠᠤᠨᠬᠤᠵᠤ᠂ ᠨᠦᠬᠦᠭᠡ ᠳᠠᠯ᠎ᠠ ᠪᠠᠷ ᠮᠠᠯ ᠳᠠᠷᠢᠶᠠᠯᠠᠩ ᠤᠨ ᠤᠶᠢᠯᠡᠰ ᠤᠨ ᠪᠦᠳᠤᠴᠠ ᠶᠢᠨ ᠳᠤᠬᠢᠷᠠᠭᠤᠯᠤᠯᠳᠠ ᠪᠠᠷ ᠤᠷᠤᠯᠭ᠎ᠠ ᠶᠢᠨ ᠨᠡᠮᠡᠭᠳᠡᠯ ᠢ  ᠠᠬᠢᠭᠤᠯᠤᠨ᠂ ᠭᠠᠵᠠᠷ ᠳᠤᠤᠷᠠᠬᠢ ᠤᠰᠤᠨ ᠤ ᠬᠡᠳᠤ ᠬᠡᠷᠡᠭᠯᠡᠯᠳᠠ ᠶᠢᠨ ᠵᠠᠰᠠᠯᠳᠠ ᠶᠢ ᠨᠢᠬᠡᠳᠤᠯᠳᠠᠢ ᠲᠦᠯᠤᠪᠵᠢᠬᠦᠯᠵᠤ᠂ 2000 ᠲᠦᠮᠡᠨ ᠲᠦᠬᠦᠷᠢᠭ ᠤᠨ ᠪᠡᠯᠡ ᠮᠦᠩᠬᠦ ᠳᠤᠬᠢᠷᠠᠭᠤᠯᠤᠨ᠂ ᠤᠰᠤ ᠠᠷᠪᠢᠯᠠᠬᠤ ᠳᠠᠷᠢᠶᠠᠯᠠᠩ ᠢ ᠬᠦᠭᠵᠢᠬᠦᠯᠵᠤ᠂ ᠡᠯᠳᠡᠪ ᠠᠮᠤ ᠶᠢᠨ ᠬᠠᠭᠤᠷᠠᠢ ᠳᠠᠷᠢᠶ᠎ᠠ ᠶᠢ ᠳᠡᠯᠬᠡᠷᠡᠬᠦᠯᠤᠨ᠂ ᠴᠠᠭ ᠠᠭᠤᠷ ᠢ ᠨᠦᠯᠤᠬᠡᠯᠡᠵᠤ᠂ ᠡᠷᠳᠡᠨᠢ ᠰᠢᠰᠢ ᠪᠠ ᠡᠪᠡᠰᠤ ᠪᠤᠷᠳᠤᠭᠠᠨ ᠤ ᠨᠦᠬᠦᠪᠤᠷᠢ ᠶᠢ ᠨᠡᠮᠡᠭᠳᠡᠬᠦᠯᠤᠨ᠂ ᠳᠠᠷᠢᠶᠠᠯᠠᠩ  ᠤᠨ ᠮᠡᠷᠬᠡᠵᠢᠯ ᠮᠠᠯ ᠡᠮᠨᠡᠯᠬᠡ ᠶᠢᠨ ᠤᠶᠢᠯᠡᠴᠢᠯᠡᠭᠡ ᠶᠢ ᠴᠢᠩᠭᠠᠤᠨᠬᠠᠵᠤ᠂ ᠮᠠᠯᠴᠢᠨ ᠳᠠᠷᠢᠶᠠᠴᠢᠤᠨ ᠤᠨ ᠠᠯᠤᠰ ᠬᠡᠳᠤ ᠶᠢᠨ ᠬᠦᠭᠵᠢᠯᠳᠠ ᠪᠠ ᠲᠦᠭᠰᠢᠬᠦᠷᠢ ᠶᠢ ᠠᠷᠭᠠᠴᠠᠬᠤ ᠴᠢᠳᠠᠪᠤᠷᠢ ᠶᠢ ᠳᠡᠬᠡᠭᠰᠢᠯᠡᠬᠦᠯᠤᠨ᠂ ᠤᠯᠠᠨ ᠠᠷᠭ᠎ᠠ ᠵᠠᠮ ᠢᠶᠠᠷ 1473 ᠲᠦᠮᠡᠨ ᠲᠦᠬᠦᠷᠢᠭ ᠭᠠᠩ ᠲᠠᠢ ᠳᠡᠮᠡᠴᠡᠬᠦ ᠨᠦᠬᠦᠪᠤᠷᠢ ᠪᠡᠯᠡ ᠮᠦᠩᠬᠦ᠂ 800 ᠢᠯᠡᠬᠦᠤ ᠲᠦᠮᠡᠨ ᠲᠦᠬᠦᠷᠢᠭ ᠤᠨ ᠨᠠᠶᠢᠬᠡᠮ ᠤᠨ ᠡᠳ᠋ ᠪᠤᠳᠠᠰ ᠬᠤᠷᠠᠮᠳᠤᠭᠤᠯᠵᠤ᠂ 5 ᠲᠦᠮᠡᠨ ᠲᠤᠨ ᠡᠪᠡᠰᠤ ᠪᠤᠷᠳᠤᠭ᠎ᠠ ᠲᠦᠬᠡᠬᠡᠨ᠂ ᠮᠠᠯ ᠳᠠᠷᠢᠶᠠᠯᠠᠩ ᠤᠨ ᠪᠦᠳᠤᠬᠡᠭᠳᠡᠬᠦᠨ ᠤ ᠪᠤᠷᠤᠯᠠᠭᠤᠯᠭ᠎ᠠ ᠶᠢᠨ ᠵᠠᠬ᠎ᠠ ᠳᠡᠯᠬᠡᠬᠦᠷ ᠢ ᠢᠳᠡᠪᠬᠢᠳᠠᠢ ᠰᠦᠪᠡᠭᠴᠢᠯᠡᠵᠤ᠂ ᠤᠯᠠᠨ ᠠᠷᠭ᠎ᠠ ᠠᠪᠴᠠᠯ ᠢᠶᠠᠷ ᠭᠠᠩᠳᠠᠵᠤ ᠤᠰᠤᠳᠤᠭᠰᠠᠨ ᠵᠢᠯ ᠳᠤ ᠶᠡᠭᠡ ᠭᠠᠮᠰᠢᠭ ᠦᠬᠡᠢ ᠪᠠᠶᠢᠬᠤ ᠶᠢ ᠪᠠᠳᠤᠯᠠᠨ᠂ ᠠᠮᠤ ᠪᠤᠳᠠᠭᠠᠨ ᠤ ᠠᠮᠤᠷ ᠲᠦᠪᠰᠢᠨ ᠪᠤᠯᠤᠨ ᠮᠠᠯ ᠳᠠᠷᠢᠶᠠᠯᠠᠩ ᠤᠨ ᠪᠦᠬᠦ ᠵᠢᠯ ᠤᠨ ᠭᠠᠷᠤᠯᠳᠠ ᠤᠨᠠᠯᠳᠠ ᠶᠢᠨ ᠳᠤᠭᠳᠠᠭᠤᠨ ᠢ ᠪᠠᠳᠤᠯᠠᠵᠤ᠂ ᠮᠠᠯᠴᠢᠨ ᠲᠠᠷᠢᠶᠠᠴᠢᠨ ᠤ ᠬᠦᠮᠤᠨ ᠳᠤᠮᠳᠠᠴᠢ ᠶᠢᠨ ᠡᠵᠡᠮᠳᠡᠵᠤ ᠪᠤᠯᠬᠤ ᠣᠷᠣᠯᠭ᠎ᠠ 17 ᠵᠢᠯ ᠳᠠᠷᠠᠭᠠᠯᠠᠨ ᠪᠦᠬᠦ ᠬᠤᠳᠠ ᠳᠤ ᠪᠠᠨ ᠳᠡᠷᠢᠬᠦᠯᠡᠨ᠂ ᠪᠦᠬᠦ ᠤᠯᠤᠰ ᠤᠨ ᠬᠦᠳᠡᠭᠡ ᠳᠤᠰᠬᠤᠨ ᠤ ᠶᠡᠷᠤᠩᠬᠡᠶᠢᠯᠡᠭᠰᠡᠨ ᠦᠬᠡᠷᠡᠴᠢᠯᠡᠯᠳᠠ ᠳᠤᠷᠰᠢᠯᠳᠠ ᠶᠢᠨ ᠰᠢᠶᠠᠨ ᠢᠶᠠᠷ ᠦᠨᠡᠯᠡᠭᠳᠡᠪᠡ᠃     ᠵᠤᠷᠢᠭ ᠬᠦᠪᠴᠢᠯᠡᠭᠰᠡᠨ ᠶᠠᠪᠤᠳᠠᠯ ᠪᠤᠯ —— ᠨᠤᠴᠢᠳᠠᠢ ᠪᠤᠳᠤᠯᠢᠶᠠᠨᠳᠠᠢ ᠬᠦᠭᠵᠢᠯᠳᠠ ᠶᠢᠨ ᠭᠠᠳᠠᠭᠠᠳᠤ ᠤᠷᠴᠢᠨ ᠪᠤᠯᠤᠨ ᠵᠢᠱᠢᠯᠲᠡ ᠠᠴᠠ ᠳᠠᠪᠠᠭᠰᠠᠨ ᠠᠵᠤ ᠠᠬᠤᠢ ᠶᠢᠨ ᠤᠷᠤᠭᠤᠳᠠᠯ ᠳᠠᠷᠤᠯᠲᠠ ᠶᠢᠨ ᠡᠮᠦᠨ᠎ᠡ᠂ ᠤᠯᠠᠨ ᠳᠠᠯ᠎ᠠ ᠶᠢᠨ ᠬᠦᠴᠢᠷᠳᠠᠯ ᠲᠠᠢ ᠪᠤᠳᠤᠯᠢᠶᠡᠨᠳᠤ ᠪᠠᠶᠢᠳᠠᠯ ᠪᠤᠯᠤᠨ ᠬᠦᠨᠳᠤ ᠪᠡᠷᠬᠡ ᠡᠬᠦᠷᠬᠡ ᠶᠢᠨ ᠳᠠᠷᠤᠯᠳᠠ ᠳᠤᠤᠷ᠎ᠠ ᠪᠢᠳᠠ ᠰᠡᠳᠬᠢᠯ ᠢᠶᠠᠨ ᠨᠢᠬᠡᠳᠬᠡᠨ ᠬᠦᠴᠦ ᠪᠠᠨ ᠬᠠᠮᠲᠤᠳᠬᠠᠵᠤ ᠲᠤᠬᠢᠷᠠᠭᠤᠯᠤᠯᠲᠠ ᠶᠢ ᠠᠳᠬᠤᠨ᠂ ᠨᠡᠮᠡᠭᠳᠡᠯ ᠢ ᠲᠤᠭᠲᠠᠪᠤᠷᠢᠵᠢᠭᠤᠯᠵᠤ᠂ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠤᠨ᠂ ᠪᠦᠬᠦ ᠳᠠᠯ᠎ᠠ ᠪᠠᠷ ᠬᠦᠳᠡᠯᠤᠯᠴᠡᠨ ᠵᠠᠩᠬᠢᠯᠠᠭ᠎ᠠ ᠶᠢ ᠠᠤᠨᠬᠤᠵᠤ᠂ ᠠᠵᠤ ᠠᠬᠤᠢ ᠶᠢ ᠲᠤᠭᠲᠠᠪᠤᠷᠢᠵᠢᠭᠤᠯᠬᠤ ᠰᠢᠷᠢᠰ 46 ᠵᠦᠢᠯ ᠤᠨ ᠠᠷᠭ᠎ᠠ ᠠᠪᠴᠠᠯ ᠢ ᠳᠤᠭᠳᠠᠭᠠᠨ᠂ ᠨᠢᠭᠡ ᠪᠦᠯᠦᠭ ᠴᠢᠬᠤᠯᠠ ᠲᠦᠷᠦᠯ ᠵᠦᠢᠯ ᠤᠨ ᠣᠷᠣᠨᠵᠢᠭᠤᠯᠤᠯᠲᠠ᠂ ᠨᠢᠬᠡ ᠪᠦᠯᠦᠭ ︽ᠪᠠᠴᠢᠮ ᠬᠦᠴᠢᠷ ᠵᠤᠪᠠᠨᠢᠯ ᠡᠷᠡᠮᠡᠯᠵᠡᠯ︾ ᠤᠨ ᠣᠴᠢᠷ ᠶᠠᠪᠤᠳᠠᠯ ᠤᠨ ᠰᠢᠢᠳᠪᠦᠷᠢᠯᠡᠯᠲᠡ᠂ ᠨᠢᠬᠡ ᠪᠦᠯᠦᠭ ᠦᠯᠡᠳᠡᠭᠳᠡᠯ ᠠᠰᠠᠭᠤᠳᠠᠯ ᠤᠨ ᠴᠡᠭᠴᠡᠯᠡᠯᠳᠠ ᠶᠢ ᠡᠷᠴᠢᠮᠲᠡᠢ ᠠᠬᠢᠭᠤᠯᠵᠤ᠂ ᠭᠠᠵᠠᠷ ᠤᠷᠤᠨ ᠤ ᠤᠶᠢᠯᠡᠤᠨᠪᠤᠷᠢᠯᠡᠯ ᠤᠨ ᠶᠡᠷᠤᠩᠬᠡᠢ ᠦᠷᠳᠡᠭ ᠤᠨ ᠨᠡᠮᠡᠭᠳᠡᠯ ᠤᠨ ᠬᠤᠷᠳᠤᠴᠠ᠂ ᠬᠡᠪᠴᠢᠶᠡᠵᠢᠯ ᠠᠴᠠ ᠳᠡᠬᠡᠭᠰᠢᠬᠢ ᠠᠵᠤ ᠤᠶᠢᠯᠡᠤᠨᠪᠤᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠵᠡᠷᠬᠡ 5 ᠲᠦᠷᠤᠯ ᠤᠨ ᠭᠤᠤᠯ ᠴᠤᠭᠴᠠ ᠶᠢᠨ ᠠᠵᠤ ᠠᠬᠤᠢ ᠶᠢᠨ ᠬᠦᠢᠴᠡᠤᠨᠬᠡᠯ ᠤᠨ ᠨᠡᠮᠡᠭᠳᠡᠯ ᠤᠨ ᠬᠤᠷᠳᠤᠴᠠ ᠪᠦᠬᠦ ᠬᠤᠳᠠ ᠶᠢᠨ ᠳᠡᠷᠢᠬᠦᠨ ᠤ ᠡᠩᠨᠡᠬᠡᠨ ᠳᠤ ᠪᠠᠶᠢᠷᠢᠯᠠᠨ᠂ ᠤᠶᠢᠷ᠎ᠠ ᠶᠢᠨ ᠵᠢᠯ ᠤᠨ ᠬᠠᠮᠤᠭ ᠦᠨᠳᠤᠷ ᠲᠦᠪᠰᠢᠨ ᠳᠤ ᠬᠦᠷᠴᠤ᠂ 2022 ᠤᠨ ᠤ ᠳᠤᠮᠳᠠᠳᠤ ᠤᠯᠤᠰ ᠤᠨ ᠪᠠᠷᠠᠭᠤᠨ ᠤᠷᠤᠨ ᠤ ᠵᠠᠭᠤᠨ ᠬᠦᠴᠤᠷᠬᠡᠭ ᠰᠢᠶᠠᠨ ᠳᠤ ᠰᠤᠩᠭᠤᠭᠳᠠᠨ᠂ ᠠᠵᠤ ᠠᠬᠤᠢ ᠶᠢᠨ ᠬᠦᠭᠵᠢᠯᠲᠡ ᠶᠢ ᠳᠤᠭᠳᠠᠭᠤᠨ ᠤ ᠳᠤᠮᠳᠠ ᠳᠡᠭᠡᠭᠰᠢᠯᠡᠬᠦᠯᠪᠡ᠃     ᠲᠦᠯᠤᠬᠡᠯᠡᠭᠴᠢᠤᠨ ᠡ᠂ ᠦᠩᠬᠡᠷᠡᠭᠰᠡᠨ ᠨᠢᠬᠡ ᠵᠢᠯ ᠳᠤ ᠪᠢᠳᠠ ᠶᠡᠷᠤ ᠪᠤᠰᠤ ᠶᠢᠨ ᠰᠢᠷᠭᠠᠭᠤ ᠴᠢᠷᠮᠠᠶᠢᠯᠭ᠎ᠠ ᠪᠠᠷ ᠵᠢᠱᠢᠯᠳᠠ ᠠᠴᠠ ᠳᠠᠪᠠᠭᠰᠠᠨ ᠦᠷ᠎ᠠ ᠪᠦᠳᠤᠮᠵᠢ  ᠶᠢ ᠤᠯᠵᠤ᠂ ᠬᠤᠰᠢᠭᠤ ᠠᠷᠪᠠᠨ ᠨᠢᠬᠡᠳᠦᠬᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠣᠭᠠᠷ ᠬᠤᠷᠠᠯᠳᠣᠭᠠᠨ ᠠᠴᠠ ᠲᠤᠭᠲᠠᠭᠠᠭᠰᠠᠨ ᠬᠠᠷᠠᠯᠲᠠ ᠡᠬᠦᠷᠭᠡ ᠶᠢ ᠴᠢᠨᠠᠷᠯᠢᠭ ᠪᠡᠶᠡᠯᠡᠬᠦᠯᠤᠨ᠂ ᠳᠤᠰ ᠡᠬᠡᠯᠵᠢ ᠶᠢᠨ ᠵᠠᠰᠠᠭ ᠤᠨ ᠤᠷᠳᠤᠨ ᠤ ᠭᠤᠴᠤ ᠡᠬᠢᠯᠡᠯᠳᠠ ᠶᠢ ᠪᠡᠶᠡᠯᠡᠬᠦᠯᠪᠠ᠃ ᠪᠦᠬᠦ ᠵᠢᠯ  ᠤᠨ ᠭᠠᠵᠠᠷ ᠤᠷᠤᠨ ᠤ ᠥᠢᠯᠡᠳᠪᠥᠷᠢᠯᠡᠯ ᠤᠨ ᠶᠡᠷᠥᠩᠭᠡᠢ ᠥᠷᠳᠡᠭ 220.4 ᠳ᠋ᠥᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11% ᠪᠠᠷ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ 23% ᠪᠠᠷ ᠨᠡᠮᠡᠭᠳᠡᠪᠡ︔ ᠲᠤᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠠᠳᠠᠯᠢ ᠬᠤᠭᠤᠴᠠᠭᠠᠨ ᠤ ᠬᠢ ᠠᠴᠠ 22.6% ᠪᠠᠷ ᠨᠡᠮᠡᠭᠳᠡᠪᠡ︔ ᠨᠡᠶᠢᠬᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠶᠡᠷᠤᠩᠬᠡᠢ ᠦᠷᠳᠡᠭ 26.3 ᠳ᠋ᠦᠩᠰᠢᠭᠤᠷ ᠲᠦᠬᠦᠷᠢᠭ ᠲᠤ ᠬᠦᠷᠦᠨ᠂ ᠠᠳᠠᠯᠢ ᠬᠤᠭᠤᠴᠠᠭᠠᠨ ᠤ ᠬᠢ ᠠᠴᠠ 4% ᠪᠠᠷ ᠨᠡᠮᠡᠭᠳᠡᠪᠡ︔ ᠡᠳ᠋ ᠤᠨ ᠵᠠᠰᠠᠭ ᠤᠨ ᠣᠷᠣᠯᠭ᠎ᠠ 17.2 ᠳ᠋ᠦᠩᠰᠢᠭᠤᠷ ᠲᠦᠬᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 39.8% ᠪᠠᠷ ᠨᠡᠮᠡᠭᠳᠡᠪᠡ︔ ᠬᠤᠲᠠ ᠪᠠᠯᠭᠠᠰᠣᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 54120 ᠲᠦᠬᠦᠷᠢᠭ ᠲᠤ ᠬᠦᠷᠦᠨ᠂ ᠠᠳᠠᠯᠢ ᠬᠤᠭᠤᠴᠠᠭᠠᠨ ᠤ ᠬᠢ ᠠᠴᠠ 5% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 26080 ᠲᠦᠬᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7% ᠪᠠᠷ ᠨᠡᠮᠡᠭᠳᠡᠪᠡ᠃     ᠨᠢᠭᠡ ᠵᠢᠯ ᠤᠨ ᠲᠤᠷᠰᠢ᠂ ᠪᠢᠳᠡ ᠲᠦᠷᠦᠯ ᠵᠦᠢᠯ ᠢᠶᠠᠷ ᠭᠤᠤᠯ ᠪᠤᠯᠭᠠᠬᠤ ᠶᠢ ᠪᠠᠷᠢᠮᠲᠠᠯᠠᠵᠤ᠂ ᠬᠤᠤᠰ ᠨᠡᠬᠦᠷᠡᠰᠦᠳᠦ᠋ᠷᠦᠭᠴᠢ ᠶᠢᠨ ᠦᠢᠯᠡᠳᠦᠯᠬᠡ ᠡᠷᠴᠢᠮᠲᠡᠢ  ᠪᠠᠷ ᠡᠬᠢᠯᠡᠪᠡ᠃ ︽ᠲᠦᠷᠦᠯ ᠵᠦᠢᠯ ᠢ ᠠᠳᠬᠤᠬᠤ᠂ ᠨᠡᠶᠢᠲᠡᠪᠣᠷᠢᠵᠢᠭᠤᠯᠤᠯᠲᠠ ᠶᠢ ᠴᠢᠬᠤᠯᠠᠴᠢᠯᠠᠬᠤ᠂ ᠬᠦᠭᠵᠢᠯᠲᠡ ᠶᠢ ᠠᠬᠢᠭᠤᠯᠬᠤ︾ ᠰᠢᠪᠲᠤᠯᠤᠯᠲᠠ ᠶᠢᠨ ᠠᠵᠢᠯᠯᠠᠭ᠎ᠠ ᠶᠢ ᠬᠦᠨᠵᠡᠬᠡᠢ ᠬᠡᠷᠡᠭᠵᠢᠬᠦᠯᠵᠦ᠂ 500 ᠲᠦᠮᠡᠨ ᠲᠦᠬᠦᠷᠢᠭ ᠠᠴᠠ ᠳᠡᠭᠡᠭᠰᠢᠬᠢ ᠴᠢᠬᠤᠯᠠ ᠲᠦᠷᠦᠯ ᠵᠦᠢᠯ ᠢ 96 ᠬᠡᠷᠡᠭᠵᠢᠬᠦᠯᠦᠨ᠂ 82.4 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠬᠦᠯᠵᠦ᠂ ᠪᠡᠯᠡ ᠣᠷᠣᠭᠤᠯᠣᠯᠲᠠ ᠶᠢ ᠪᠡᠶᠡᠯᠡᠬᠦᠯᠦᠭᠰᠡᠨ ᠨᠣᠷᠮ᠎ᠠ 102% ᠲᠤ ᠬᠦᠷᠪᠡ︔ ᠳ᠋ᠦᠩᠰᠢᠭᠤᠷ ᠲᠦᠬᠦᠷᠢᠭ ᠠᠴᠠ ᠳᠡᠭᠡᠭᠰᠢᠬᠢ ᠴᠢᠬᠤᠯᠠ ᠲᠦᠷᠦᠯ ᠵᠦᠢᠯ ᠢ 23 ᠬᠡᠷᠡᠭᠵᠢᠬᠦᠯᠦᠨ᠂ 75.8 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠬᠦᠯᠵᠦ᠂ ᠪᠡᠯᠡ ᠣᠷᠣᠭᠤᠯᠣᠯᠲᠠ ᠶᠢ ᠪᠡᠶᠡᠯᠡᠬᠦᠯᠦᠭᠰᠡᠨ ᠨᠣᠷᠮ᠎ᠠ 113% ᠳᠤ ᠬᠦᠷᠪᠡ︔ ᠨᠡᠬᠦᠷᠡᠰᠦᠨ ᠤ ᠦᠢᠯᠡᠳᠪᠦᠷᠢᠯᠡᠯ ᠤᠨ ᠴᠢᠳᠠᠮᠵᠢ ᠶᠢ ᠪᠦᠬᠦ ᠲᠠᠯ᠎ᠠ  ᠪᠠᠷ ᠪᠠᠳᠠᠷᠠᠭᠤᠯᠪᠠ᠃ ᠰᠢᠨ᠎ᠡ ᠱᠠᠩᠬᠠᠢ ᠶᠢᠨ ᠰᠦᠮ᠎ᠡ ᠨᠢᠭᠡᠳᠦᠬᠡᠷ ᠨᠣᠮᠧᠷᠲᠦ᠂ ᠴᠠᠩ ᠴᠧᠩ ᠭᠤᠷᠪᠠᠳᠣᠭᠠᠷ᠂ ᠲᠠᠪᠤᠳᠣᠭᠠᠷ᠂ ᠵᠢᠷᠭᠤᠳᠣᠭᠠᠷ ᠨᠣᠮᠧᠷᠲᠦ 4 ᠨᠡᠬᠦᠷᠡᠰᠦᠨ ᠠᠭᠤᠷᠬᠠᠢ ᠨᠡᠬᠦᠷᠡᠰᠦ ᠮᠠᠯᠳᠠᠬᠤ ᠭᠠᠷᠳᠠᠮ ᠢᠶᠠᠨ ᠣᠯᠣᠨ᠂ ᠬᠠᠷᠴᠠᠭᠠᠢ ᠬᠦᠯᠦᠭ ᠨᠢᠭᠡᠳᠦᠬᠡᠷ ᠨᠣᠮᠧᠷᠲᠦ ᠨᠡᠬᠦᠷᠡᠰᠦᠨ ᠠᠭᠤᠷᠬᠠᠢ ᠴᠤᠬᠤᠯᠠᠪᠤᠷᠢᠯᠠᠭᠤᠯᠵᠤ᠂ ᠨᠡᠬᠦᠷᠡᠰᠦᠨ ᠤ ᠭᠠᠷᠤᠯᠲᠠ 2100 ᠲᠦᠮᠡᠨ ᠳᠣᠨ ᠳᠠᠪᠠᠨ᠂ ᠨᠡᠬᠦᠷᠡᠰᠦᠨ ᠤ ᠬᠠᠩᠭᠠᠯᠭ᠎ᠠ ᠶᠢ ᠪᠠᠲᠤᠯᠠᠬᠤ ᠡᠬᠦᠷᠭᠡ ᠪᠠᠨ ᠴᠢᠨᠠᠷᠯᠢᠭ ᠪᠡᠶᠡᠯᠡᠬᠦᠯᠪᠡ᠃ ᠨᠡᠬᠦᠷᠡᠰᠤᠨ ᠴᠠᠬᠢᠯᠭᠠᠨ ᠤ ᠮᠠᠰᠢᠨ ᠴᠤᠭᠴᠠᠯᠠᠪᠤᠷᠢ ᠶᠢᠨ ᠬᠤᠷᠳᠣᠴᠠ ᠶᠢ ᠨᠡᠮᠡᠭᠳᠡᠬᠦᠯᠦᠨ ᠳᠤᠤᠷ ᠲᠤ ᠤᠷᠤᠭᠤᠯᠪᠠ᠃ ᠱᠧᠩ ᠯᠣ᠋᠂ ᠣᠯᠣᠰ ᠤᠨ ᠴᠠᠬᠢᠯᠭᠠᠨ ᠤ 3 ᠮᠠᠰᠢᠨ ᠴᠤᠭᠴᠠᠯᠠᠪᠤᠷᠢ ᠲᠤᠭᠲᠠᠭᠤᠨ ᠢᠶᠠᠷ ᠠᠵᠢᠯᠯᠠᠵᠤ᠂ ᠣᠯᠣᠰ ᠤᠨ ᠴᠠᠬᠢᠯᠭᠠᠨ ᠤ 2 ᠨᠣᠮᠧᠷᠲᠦ ᠮᠠᠰᠢᠨ ᠴᠤᠭᠴᠠᠯᠠᠪᠤᠷᠢ᠂ ᠣᠯᠣᠰ ᠤᠨ ᠡᠨᠧᠷᠬᠢ ᠶᠢᠨ 3 ᠨᠣᠮᠧᠷᠲᠦ ᠮᠠᠰᠢᠨ ᠴᠤᠭᠴᠠᠯᠠᠪᠤᠷᠢ ᠶᠢ ᠴᠠᠬᠢᠯᠭᠠᠨ ᠬᠦᠷᠭᠡᠯᠲᠡ ᠶᠢᠨ ᠲᠤᠤᠷ ᠲᠤ ᠬᠠᠮᠲᠤᠳᠬᠠᠵᠤ ᠠᠰᠢᠭᠯᠠᠨ᠂ ᠨᠡᠶᠢᠲᠡ 188.3 ᠳ᠋ᠦᠩᠰᠢᠭᠤᠷ ᠺᠢᠯᠤᠸᠠᠲ ᠴᠠᠭ ᠴᠠᠬᠢᠯᠭᠠᠨ ᠭᠠᠷᠭᠠᠵᠤ᠂ ᠴᠠᠬᠢᠯᠭᠠᠨ ᠦᠢᠯᠡᠳᠪᠦᠷᠢ ᠶᠢᠨ ᠲᠦᠬᠦᠷᠴᠢᠯᠡᠭᠰᠡᠨ ᠬᠦᠷᠭᠡᠯᠲᠡ ᠶᠢᠨ ᠢᠨᠵᠧᠨᠧᠷᠢᠩ ᠢ ᠵᠦᠪᠬᠡᠨ 8 ᠰᠠᠷ᠎ᠠ ᠶᠢᠨ ᠴᠠᠭ ᠬᠤᠭᠤᠴᠠᠭ᠎ᠠ ᠶᠢ ᠠᠰᠢᠭᠯᠠᠨ ᠭᠠᠷᠳᠠᠮ ᠤᠨ ᠬᠦᠢᠴᠡᠳᠬᠡᠯᠲᠡ ᠪᠠ ᠪᠠᠷᠢᠯᠭ᠎ᠠ ᠶᠢᠨ ᠪᠠᠶᠢᠭᠤᠯᠤᠯᠲᠠ ᠶᠢ ᠪᠡᠶᠡᠯᠡᠬᠦᠯᠤᠬᠡᠤᠨ᠂ ︽ᠣᠲᠤᠭ ᠤᠨ ᠡᠮᠦᠨᠡᠲᠦ ᠬᠤᠰᠢᠭᠤᠨ ᠤ ᠬᠤᠷᠳᠣᠴᠠ︾ ᠶᠢ ᠢᠯᠡᠷᠡᠬᠦᠯᠪᠡ᠃ ᠨᠡᠬᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠢ ᠪᠤᠲᠠᠲᠠᠢ ᠣᠷᠣᠨᠵᠢᠭᠤᠯᠪᠠ᠃ ᠬᠤᠸᠠ ᠰᠢᠩ ᠤᠨ ᠨᠡᠬᠦᠷᠡᠰᠦ ᠪᠠᠷ ᠰᠢᠲᠠᠮᠠᠬᠠᠢ ᠬᠡᠢ ᠦᠢᠯᠡᠳᠬᠦ ᠨᠢᠭᠡᠳᠦᠬᠡᠷ ᠬᠤᠭᠤᠴᠠᠭᠠᠨ ᠤ ᠲᠦᠷᠦᠯ ᠵᠦᠢᠯ ᠣᠯᠣᠰ ᠤᠨ ᠴᠣᠬᠤᠯᠠᠪᠤᠷᠢᠯᠠᠯ ᠢ ᠤᠯᠪᠠ︔ ᠾᠧᠩ ᠺᠦᠨ ᠤ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠰᠡᠷᠬᠦᠬᠡᠪᠡ᠃ ᠰᠢᠨ᠎ᠡ ᠡᠨᠧᠷᠬᠢ ᠶᠢᠨ ᠠᠵᠤ ᠦᠢᠯᠡᠰ ᠬᠦᠴᠢᠷ ᠪᠡᠷᠭᠡ ᠶᠢ ᠢᠯᠠᠨ ᠳᠠᠪᠠᠵᠤ ᠡᠬᠢᠯᠡᠨ ᠬᠦᠭᠵᠢᠪᠠ᠃ ᠣᠯᠣᠰ ᠤᠨ ᠨᠠᠷᠠᠨ ᠡᠨᠧᠷᠬᠢ ᠰᠠᠯᠬᠢᠨ ᠬᠦᠴᠦᠨ ᠤ ᠴᠠᠬᠢᠯᠭᠠᠨ ᠤ ᠲᠣᠮᠣ ᠰᠠᠭᠤᠷᠢᠨ ᠴᠤᠭᠴᠠᠯᠠᠬᠤ ᠲᠦᠷᠦᠯ ᠵᠦᠢᠯ ᠢ ᠠᠮᠵᠢᠯᠲᠠᠲᠠᠢ ᠴᠤᠬᠤᠯᠠᠪᠤᠷᠢᠯᠠᠭᠤᠯᠤᠨ᠂ 4GW ᠰᠢᠨ᠎ᠡ ᠡᠨᠧᠷᠬᠢ ᠶᠢᠨ ᠲᠦᠷᠦᠯ ᠵᠦᠢᠯ ᠢ ᠪᠦᠬᠦ ᠲᠠᠯ᠎ᠠ ᠪᠠᠷ ᠡᠬᠢᠯᠡᠬᠦᠯᠪᠡ︔ ᠷᠦᠨ ᠶᠠᠩ ᠤᠨ ᠨᠠᠷᠠᠨ ᠡᠨᠧᠷᠬᠢ ᠶᠢᠨ ᠪᠦᠬᠦ ᠠᠵᠤ ᠦᠢᠯᠡᠰ ᠤᠨ ᠬᠡᠯᠬᠢᠶᠡᠵᠢᠯ ᠤᠨ ᠲᠦᠷᠦᠯ ᠵᠦᠢᠯ ᠪᠠᠷᠢᠯᠭ᠎ᠠ ᠡᠬᠢᠯᠡᠨ᠂ 50 ᠲᠦᠮᠡᠨ ᠺᠢᠯᠣᠸᠠᠲ ᠪᠤᠬᠢᠷᠳᠣᠯ ᠦᠬᠡᠢ ᠴᠠᠬᠢᠯᠭᠠᠨ ᠤ ᠲᠦᠬᠦᠷ ᠲᠦᠷᠦᠯ ᠵᠦᠢᠯ ᠦᠪᠡᠷᠲᠡᠭᠡᠨ ᠵᠠᠰᠠᠬᠤ ᠤᠷᠤᠨ ᠤ ᠠᠩᠬᠠᠨ ᠤ ᠪᠦᠯᠦᠭ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠪᠤᠬᠢᠷᠳᠣᠯ ᠦᠬᠡᠢ ᠴᠠᠬᠢᠯᠭᠠᠨ ᠤ ᠨᠠᠷᠢᠨ ᠳᠠᠩᠰᠠ ᠳᠤ ᠤᠷᠤᠪᠠ︔ ᠱᠧᠨ ᠨᠧᠩ ᠤᠨ 250 ᠰᠠᠶ᠎ᠠ ᠸᠠᠲ ᠨᠠᠷᠠᠨ ᠡᠨᠧᠷᠬᠢ ᠪᠠᠷ ᠣᠰᠣᠳᠦ᠋ᠷᠦᠭᠴᠢ ᠦᠢᠯᠡᠳᠬᠦ ᠲᠦᠷᠦᠯ ᠵᠦᠢᠯ ᠦᠪᠡᠷᠲᠡᠭᠡᠨ ᠵᠠᠰᠠᠬᠤ ᠤᠷᠤᠨ ᠤ ᠠᠩᠬᠠᠨ ᠤ ᠪᠦᠯᠦᠭ ᠰᠠᠯᠬᠢᠨ ᠤ ᠬᠦᠴᠦ ᠨᠠᠷᠠᠨ ᠡᠨᠧᠷᠬᠢ ᠪᠠᠷ ᠣᠰᠣᠳᠦ᠋ᠷᠦᠭᠴᠢ ᠦᠢᠯᠡᠳᠬᠦ ᠴᠤᠭᠴᠠᠵᠢᠭᠤᠯᠤᠭᠰᠠᠨ ᠵᠢᠱᠢᠶ᠎ᠡ ᠦᠵᠡᠬᠦᠯᠬᠦ ᠲᠦᠷᠦᠯ ᠵᠦᠢᠯ ᠳᠤ ᠰᠣᠩᠭᠤᠭᠳᠠᠵᠤ᠂ ᠭᠠᠵᠠᠷ ᠳᠡᠭᠰᠢᠯᠡᠯᠲᠡ ᠶᠢ ᠪᠡᠶᠡᠯᠡᠬᠦᠯᠪᠡ︔ 91 ᠰᠠᠶ᠎ᠠ ᠸᠠᠲ ᠲᠠᠷᠬᠠᠢ ᠮᠠᠶ᠋ᠢᠭ ᠤᠨ ᠨᠠᠷᠠᠨ ᠡᠨᠧᠷᠬᠢ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠴᠤᠬᠤᠯᠠᠪᠤᠷᠢᠯᠠᠯ ᠤᠯᠪᠠ᠃ ᠰᠢᠲᠠᠮᠠᠬᠠᠢ ᠬᠡᠢ ᠶᠢᠨ ᠠᠵᠤ ᠦᠢᠯᠡᠰ ᠤᠨ ᠬᠡᠯᠬᠢᠶᠡᠵᠢᠯ ᠢ ᠠᠬᠢᠭᠤᠯᠪᠠ᠃ ᠶᠠ ᠬᠠᠢ ᠶᠢᠨ 60 ᠲᠦᠮᠡᠨ ᠳᠣᠨ ᠤ LNG ᠤᠨ ᠲᠦᠷᠦᠯ ᠵᠦᠢᠯ ᠢ ᠠᠰᠢᠭᠯᠠᠯᠲᠠ ᠳᠤ ᠣᠷᠣᠭᠤᠯᠵᠣ᠂ ᠺᠧ ᠰᠧ  ᠤᠨ 40 ᠲᠦᠮᠡᠨ ᠳᠣᠨ LNG ᠤᠨ ᠲᠦᠷᠦᠯ ᠵᠦᠢᠯ᠂ ᠬᠤᠢ ᠹᠠᠩ ᠵᠢᠦ ᠰᠢᠩ ᠤᠨ ᠲᠤᠰᠤᠲᠤ ᠪᠤᠬᠢᠷᠳᠣᠮᠠᠯ ᠰᠢᠪᠠᠷ ᠤᠨ ᠰᠢᠢᠳᠪᠦᠷᠢᠯᠡᠯᠲᠡ ᠶᠢᠨ ᠲᠦᠷᠦᠯ ᠵᠦᠢᠯ  ᠤᠨ ᠪᠠᠷᠢᠯᠭ᠎ᠠ ᠡᠬᠢᠯᠡᠯᠳᠠ ᠶᠢ ᠪᠡᠶᠡᠯᠡᠬᠦᠯᠦᠨ᠂ ᠲᠢᠶᠡᠨ ᠯᠢ ᠹᠧᠩ ᠤᠨ 60 ᠲᠦᠮᠡᠨ ᠳᠣᠨ LNG ᠤᠨ ᠲᠦᠷᠦᠯ ᠵᠦᠢᠯ ᠤᠨ ᠨᠢᠭᠡᠳᠦᠬᠡᠷ ᠬᠤᠭᠤᠴᠠᠭ᠎ᠠ᠂ ᠶᠠ ᠬᠠᠢ  ᠶᠢᠨ ᠡᠾᠧᠯᠢ ᠪᠤᠯᠪᠠᠰᠣᠷᠠᠭᠤᠯᠬᠤ ᠲᠦᠷᠦᠯ ᠵᠦᠢᠯ ᠢ ᠲᠦᠷᠬᠡᠳᠬᠡᠵᠦ᠂ ᠪᠦᠬᠦ ᠵᠢᠯ ᠳᠤ ᠰᠢᠲᠠᠮᠠᠬᠠᠢ ᠬᠡᠢ ᠶᠢᠨ ᠬᠤᠳᠳᠤᠭ ᠢ 360 ᠰᠢᠨ᠎ᠡ ᠦᠷᠦᠮᠳᠡᠨ᠂ ᠰᠢᠲᠠᠮᠠᠬᠠᠢ ᠬᠡᠢ᠂ LNG ᠤᠨ ᠦᠢᠯᠡᠳᠪᠦᠷᠢᠯᠡᠯ ᠤᠨ ᠬᠡᠮᠵᠢᠶ᠎ᠡ ᠲᠤᠰ ᠲᠤᠰ 53 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ᠂ 73 ᠲᠦᠮᠡᠨ ᠲᠤᠨ ᠳᠤ ᠬᠦᠷᠪᠡ᠃ ︽ᠪᠦᠬᠦ ᠠᠷᠠᠳ ᠢᠶᠠᠷ ᠢᠶᠠᠨ ᠬᠤᠳᠠᠯᠳᠣᠭᠠᠴᠢᠨ ᠣᠷᠢᠵᠦ᠂ ᠪᠦᠬᠦᠳᠡ ᠣᠯᠠᠨ ᠢᠶᠠᠷ ᠢᠶᠠᠨ ᠪᠡᠯᠡ ᠲᠠᠲᠠᠬᠤ︾ ᠠᠵᠢᠯ ᠢᠯᠡᠳᠲᠡ ᠦᠷ᠎ᠡ ᠪᠦᠲᠦᠮᠵᠢ ᠣᠯᠪᠠ᠃ 10 ᠭᠤᠤᠯᠳᠠᠯᠭᠠᠲᠤ ᠠᠵᠤ ᠦᠢᠯᠡᠰ ᠤᠨ ᠬᠡᠯᠬᠢᠶᠡᠵᠢᠯ ᠤᠨ ᠲᠤᠭᠤᠷᠢᠨ ᠳᠤ 228 ᠲᠦᠷᠦᠯ ᠵᠦᠢᠯ ᠢ ᠣᠷᠣᠭᠤᠯᠵᠣ ᠠᠪᠴᠢᠷᠠᠨ᠂ 68.6 ᠳ᠋ᠦᠩᠰᠢᠭᠤᠷ ᠲᠦᠬᠦᠷᠢᠭ ᠪᠡᠯᠡ ᠲᠠᠲᠠᠵᠤ᠂ ᠠᠳᠠᠯᠢ ᠬᠤᠭᠤᠴᠠᠭᠠᠨ ᠤ ᠬᠢ ᠠᠴᠠ 51% ᠪᠠᠷ ᠨᠡᠮᠡᠭᠳᠡᠪᠡ᠃ ᠠᠵᠤ. ᠦᠢᠯᠡᠳᠪᠦᠷᠢ ᠠᠴᠠ ᠠᠵᠤ ᠠᠬᠤᠢ ᠶᠢᠨ ᠨᠡᠮᠡᠭᠳᠡᠯ ᠳᠤ ᠦᠵᠡᠬᠦᠯᠦᠭᠰᠡᠨ ᠬᠤᠪᠢ ᠨᠡᠮᠡᠷᠢ ᠶᠢᠨ ᠨᠣᠷᠮ᠎ᠠ 86.6% ᠳᠤ ᠬᠦᠷᠦᠨ᠂ ᠬᠤᠶᠠᠳᠣᠭᠠᠷ ᠠᠵᠤ ᠦᠢᠯᠡᠰ ᠤᠨ ᠨᠡᠮᠡᠭᠳᠡᠯ ᠦᠷᠲᠡᠭ 156.2 ᠳ᠋ᠦᠩᠰᠢᠭᠤᠷ ᠲᠦᠬᠦᠷᠢᠭ ᠲᠤ ᠬᠦᠷᠴᠦ᠂ 18% ᠪᠠᠷ ᠨᠡᠮᠡᠭᠳᠡᠪᠡ᠃     ᠨᠢᠭᠡ ᠵᠢᠯ ᠤᠨ ᠲᠤᠷᠰᠢ᠂ ᠪᠢᠳᠡ ᠮᠠᠯ ᠲᠠᠷᠢᠶᠠᠯᠠᠩ ᠢ ᠬᠠᠷᠠᠭᠠᠯᠵᠠᠬᠤ ᠠᠷᠠᠳ ᠢ ᠴᠢᠨᠡᠭᠡᠯᠢᠭᠵᠢᠬᠦᠯᠬᠦ ᠶᠢ ᠪᠠᠷᠢᠮᠲᠠᠯᠠᠵᠤ᠂ ᠬᠦᠳᠡᠭᠡ ᠲᠤᠰᠬᠤᠨ ᠤ ᠬᠦᠭᠵᠢᠯ ᠮᠠᠨᠳᠣᠯ ᠳᠤ ᠦᠷᠬᠦᠯᠵᠢᠯᠡᠨ ᠬᠦᠴᠦᠯᠡᠪᠡ᠃ ᠴᠢᠨᠡᠭᠡᠯᠢᠭᠵᠢᠬᠦᠯᠦᠯᠲᠡ ᠶᠢᠨ ᠠᠵᠤ ᠦᠢᠯᠡᠰ᠂ ᠲᠤᠭᠠᠴᠠᠯᠠᠭᠰᠠᠨ ᠬᠦᠳᠡᠭᠡ ᠲᠤᠰᠬᠤᠨ᠂ ᠴᠢᠳᠠᠪᠤᠷᠢᠲᠠᠨ ᠤ ᠬᠦᠮᠦᠵᠢᠬᠦᠯᠦᠯᠲᠡ᠂ ᠦᠨᠳᠦᠰᠦᠨ ᠱᠠᠲᠤᠨ ᠤ ᠵᠠᠰᠠᠯᠲᠠ ᠵᠡᠷᠭᠡ  ᠠᠷᠠᠤᠨ ᠢ ᠬᠠᠷᠠᠭᠠᠯᠵᠠᠬᠤ ᠢᠨᠵᠧᠨᠧᠷᠢᠩ ᠢ ᠬᠡᠷᠡᠭᠵᠢᠬᠦᠯᠵᠦ᠂ ᠡᠯ᠎ᠡ ᠱᠠᠲᠤᠨ ᠤ ᠮᠠᠯ ᠲᠠᠷᠢᠶᠠᠯᠠᠩ  ᠤᠨ ᠠᠵᠤ ᠦᠢᠯᠡᠰ ᠤᠨ ᠬᠦᠭᠵᠢᠯᠲᠡ ᠶᠢᠨ ᠪᠡᠯᠡ ᠮᠦᠩᠭᠦ ᠢ 1.73 ᠳ᠋ᠦᠩᠰᠢᠭᠤᠷ ᠲᠦᠬᠦᠷᠢᠭ ᠨᠠᠶᠢᠲᠠᠪᠤᠷᠢᠵᠢᠭᠤᠯᠤᠨ᠂ ᠪᠦᠲᠦᠴᠡ ᠶᠢ ᠲᠤᠬᠢᠷᠠᠭᠤᠯᠬᠤ᠂ ᠬᠡᠪᠴᠢᠶᠡᠵᠢᠯ ᠢ ᠦᠷᠭᠡᠳᠬᠡᠬᠦ᠂ ᠠᠵᠤ ᠦᠢᠯᠡᠰ ᠢ ᠰᠢᠯᠢᠳᠡᠭᠵᠢᠬᠦᠯᠬᠦ ᠶᠢ ᠦᠷᠬᠦᠯᠵᠢᠯᠡᠬᠦᠯᠪᠡ᠃ ᠮᠠᠯ ᠲᠠᠷᠢᠶᠠᠯᠠᠩ ᠤᠨ ᠪᠦᠲᠦᠴᠡ ᠡᠳᠦᠷ ᠢᠷᠡᠬᠦᠶ᠎ᠡ ᠵᠦᠢ ᠵᠤᠬᠢᠰᠵᠢᠪᠠ᠃ 84.6 ᠲᠦᠮᠡᠨ ᠮᠣ᠋ ᠲᠠᠷᠢᠮᠠᠯ ᠳᠠᠷᠢᠵᠤ᠂ ᠠᠮᠣ ᠪᠤᠳᠠᠭᠠᠨ ᠤ ᠣᠨᠠᠯᠲᠠ 12.8 ᠲᠦᠮᠡᠨ ᠳᠣᠨ ᠬᠦᠷᠲᠡᠯ᠎ᠡ ᠨᠡᠮᠡᠭᠳᠡᠨ᠂ 8.6 ᠲᠦᠮᠡᠨ ᠮᠤ᠋ ᠵᠢᠮᠢᠰ ᠢᠳᠡᠰᠢᠨ ᠨᠣᠭᠤᠭᠠᠨ ᠤ ᠲᠠᠷᠢᠮᠠᠯ ᠢ ᠬᠦᠭᠵᠢᠬᠦᠯᠵᠦ᠂ ᠢᠳᠡᠰᠢᠨ ᠨᠣᠭᠤᠭᠠᠨ ᠤ ᠣᠨᠠᠯᠲᠠ 10.9 ᠲᠦᠮᠡᠨ ᠳᠣᠨ ᠪᠤᠯᠲᠠᠯ᠎ᠠ ᠡᠯᠪᠡᠭᠵᠢᠨ᠂ ᠮᠠᠯ ᠤᠨ ᠲᠤᠭ᠎ᠠ ᠲᠤᠯᠤᠭᠠᠢ 200 ᠲᠦᠮᠡᠨ ᠪᠤᠳᠠᠭᠠᠯᠢ ᠳᠠᠪᠠᠲᠠᠯ᠎ᠠ ᠦᠰᠴᠦ᠂ ᠨᠣᠣᠯᠣᠭᠤᠷ ᠤᠨ ᠭᠠᠷᠤᠯᠲᠠ 330 ᠳᠣᠨ ᠬᠦᠷᠦᠨ᠂ ᠣᠯᠠᠨ ᠲᠦᠮᠡᠨ ᠤ ᠠᠮᠣ ᠪᠤᠳᠠᠭ᠎ᠠ ᠢᠳᠡᠰᠢᠨ ᠨᠣᠭᠤᠭ᠎ᠠ ᠮᠢᠬ᠎ᠠ ᠱᠦᠯᠦ ᠣᠯᠠᠮ ᠡᠯᠪᠡᠭᠵᠢᠪᠡ᠃ ᠶᠠᠳᠠᠭᠤ ᠠᠴᠠ ᠠᠩᠬᠢᠵᠢᠷᠠᠭᠤᠯᠬᠤ ᠦᠷ᠎ᠡ ᠪᠦᠲᠦᠮᠵᠢ ᠪᠠ ᠬᠦᠳᠡᠭᠡ ᠲᠤᠰᠬᠤᠨ ᠤ ᠬᠦᠭᠵᠢᠯ ᠮᠠᠨᠳᠣᠯ ᠢ ᠪᠦᠲᠦᠮᠵᠢᠲᠡᠢ ᠠᠪᠴᠠᠯᠳᠣᠭᠤᠯᠪᠠ᠃ ᠳᠠᠬᠢᠨ ᠶᠠᠳᠠᠭᠤᠷᠠᠬᠤ ᠶᠢ ᠰᠡᠷᠬᠡᠶᠢᠯᠡᠬᠦ ᠬᠦᠳᠡᠯᠦᠩᠭᠦᠢ ᠬᠢᠨᠠᠨ ᠡᠵᠡᠮᠳᠡᠯ ᠤᠨ ᠲᠤᠭᠲᠠᠴᠠ ᠶᠢ ᠲᠡᠬᠦᠯᠳᠡᠷᠵᠢᠬᠦᠯᠵᠦ᠂ ︽ᠨᠠᠮ ᠤᠨ ᠡᠬᠦᠷ + ᠲᠤᠯᠤᠭᠠᠶᠢᠯᠠᠭᠴᠢ ᠠᠵᠤ ᠠᠬᠤᠶᠢᠯᠠᠯ + ᠬᠤᠷᠰᠢᠶᠠᠵᠢᠯ ᠵᠤᠬᠢᠶᠠᠨ ᠪᠠᠶᠢᠭᠤᠯᠤᠯᠲᠠ + ᠮᠠᠯᠴᠢᠨ ᠲᠠᠷᠢᠶᠠᠴᠢᠨ︾ ᠤ ᠠᠰᠢᠭ ᠲᠤᠰᠠ ᠶᠢᠨ ᠬᠤᠯᠪᠤᠭᠠᠯᠠᠯ ᠤᠨ ᠵᠠᠭᠪᠤᠷ ᠢ ᠶᠡᠬᠡᠪᠡᠷ ᠲᠦᠬᠡᠮᠡᠯᠵᠢᠬᠦᠯᠦᠨ᠂ ᠪᠦᠬᠦ ᠬᠤᠰᠢᠭᠤᠨ ᠤ 68 ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠴᠡᠪᠡᠷ ᠣᠷᠣᠯᠭ᠎ᠠ ᠶᠢ ᠳᠠᠬᠢᠨ ᠢᠶᠠᠷ ᠨᠡᠮᠡᠭᠳᠡᠬᠦᠯᠵᠦ᠂ ᠳᠣᠮᠳᠠᠴᠢ ᠣᠷᠣᠯᠭ᠎ᠠ 25 ᠲᠦᠮᠡᠨ ᠲᠦᠬᠦᠷᠢᠭ ᠢ ᠳᠠᠪᠠᠨ᠂ 10 ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ 50 ᠲᠦᠮᠡᠨ ᠲᠦᠬᠦᠷᠢᠭ ᠢ ᠳᠠᠪᠠᠵᠤ᠂ ᠡᠯ᠎ᠡ ᠪᠠᠯᠭᠠᠰᠣᠨ ᠤ ︽ᠵᠠᠭᠤᠨ ᠲᠦᠮᠡᠨ ᠲᠦᠬᠦᠷᠢᠭ ᠤᠨ ᠵᠢᠱᠢᠶ᠎ᠡ ᠦᠵᠡᠬᠦᠯᠬᠦ ᠭᠠᠴᠠᠭ᠎ᠠ ᠲᠤᠰᠬᠤᠨ︾ ᠤ ᠪᠠᠶᠢᠭᠤᠯᠤᠯᠲᠠ ᠶᠢᠨ ᠡᠬᠦᠷᠭᠡ ᠶᠢ ᠦᠨᠳᠦᠷ ᠪᠠᠷᠢᠮᠵᠢᠶ᠎ᠠ ᠲᠠᠢ ᠪᠠᠷ ᠪᠡᠶᠡᠯᠡᠬᠦᠯᠦᠨ᠂ ᠰᠢᠷ᠎ᠠ ᠵᠠᠳᠠᠭᠠᠢ ᠲᠤᠰᠬᠤᠨ ᠤ ᠬᠦᠳᠡᠭᠡ ᠲᠤᠰᠬᠤᠨ ᠤ ᠵᠠᠰᠠᠯᠲᠠ ᠶᠢᠨ ᠵᠠᠭᠪᠤᠷ ᠪᠦᠬᠦ ᠣᠯᠣᠰ ᠤᠨ ᠳᠦᠷᠪᠡᠳᠦᠬᠡᠷ ᠪᠦᠯᠦᠭ ᠨᠡᠶᠢᠲᠡᠯᠢᠭ ᠵᠢᠱᠢᠶ᠎ᠡ ᠪᠠᠷ ᠰᠣᠩᠭᠤᠭᠳᠠᠪᠠ᠃ ᠠᠵᠤ ᠤᠶᠢᠯᠡᠰ ᠤᠨ ᠬᠦᠭᠵᠢᠯ ᠮᠠᠨᠳᠣᠯ ᠤᠨ ᠠᠯᠬᠤᠮ ᠢ ᠲᠦᠷᠬᠡᠳᠬᠡᠪᠡ᠃ ᠪᠤᠷᠤᠪᠠᠯᠭᠠᠰᠣ ᠪᠠ ᠨᠠᠩᠰᠣ ᠪᠠᠯᠭᠠᠰᠣ ᠶᠢ ᠲᠤᠰ ᠲᠤᠰ ᠠᠯᠠᠰᠢᠨ ᠦᠬᠡᠷ ᠤᠨ ᠠᠵᠤ ᠦᠢᠯᠡᠰ ᠪᠠ ᠠᠯᠠᠰᠢᠨ ᠮᠠᠯ ᠤᠨ ᠠᠵᠤ ᠦᠢᠯᠡᠰ ᠤᠨ ᠬᠦᠴᠦᠷᠭᠡᠭ ᠪᠠᠯᠭᠠᠰᠤ ᠪᠤᠯᠭᠠᠨ ᠨᠡᠷᠡᠰᠢᠬᠦᠯᠵᠦ᠂ ᠱᠠᠩᠬᠠᠢ ᠶᠢᠨ ᠰᠦᠮ᠎ᠡ ᠪᠠᠯᠭᠠᠰᠣᠨ ᠤ ᠨᠣᠣᠯᠣᠭᠤᠷ ᠤᠨ ᠢᠮᠠᠭᠠᠨ ᠤ ᠠᠵᠤ ᠦᠢᠯᠡᠰ ᠤᠨ ᠰᠦᠷᠦᠭᠵᠢᠯ ᠴᠤᠭᠴᠠ ᠶᠢ ᠪᠠᠶᠢᠭᠤᠯᠤᠨ᠂ ᠬᠤᠲᠠ ᠶᠢᠨ ᠲᠡᠰ ᠤᠨ ᠳᠠᠭᠤᠷᠢᠶᠠᠯ ᠬᠤᠷᠰᠢᠶᠠᠵᠢᠯ ᠢ 7᠂ ᠬᠡᠷ ᠪᠦᠯᠢ ᠶᠢᠨ ᠮᠠᠯ ᠲᠠᠷᠢᠶᠠᠯᠠᠩ ᠤᠨ ᠬᠤᠲᠠ ᠶᠢᠨ ᠲᠡᠰ ᠤᠨ ᠳᠠᠭᠤᠷᠢᠶᠠᠯ ᠲᠠᠯᠠᠪᠠᠢ ᠶᠢ 11 ᠪᠦᠷᠢᠳᠬᠡᠭᠦᠯᠪᠡ᠃ ︽ᠨᠢᠬᠡ ᠭᠠᠴᠠᠭ᠎ᠠ ᠲᠤᠰᠬᠤᠨ ᠨᠢᠬᠡ ᠨᠡᠷᠡᠲᠦ ᠲᠡᠮᠲᠡᠭ︾ ᠤᠨ ᠵᠢᠱᠢᠶ᠎ᠡ ᠦᠵᠡᠬᠦᠯᠬᠦ ᠭᠠᠴᠠᠭ᠎ᠠ ᠲᠤᠰᠬᠤᠨ ᠢ 4 ᠴᠣᠭᠴᠠᠯᠠᠵᠤ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠤᠭᠴᠠ ᠶᠢᠨ ᠵᠢᠱᠢᠶᠡᠴᠢ ᠳᠠᠶᠢᠴᠢᠯᠠᠯᠲᠠ ᠶᠢᠨ ᠴᠢᠳᠠᠪᠤᠷᠢ ᠶᠢ ᠦᠷᠬᠦᠯᠵᠢᠯᠡᠨ ᠴᠢᠩᠭᠠᠳᠬᠠᠪᠠ᠃ ︽ᠣᠲᠤᠭ ᠤᠨ ᠡᠮᠦᠨᠡᠲᠦ ᠬᠤᠰᠢᠭᠤᠨ ᠤ ᠮᠠᠯ ᠤᠨ ᠮᠢᠬ᠎ᠠ︾ ᠣᠯᠣᠰ ᠤᠨ ᠨᠢᠭᠡᠳᠦᠬᠡᠷ ᠪᠦᠯᠦᠭ ᠤᠨ ᠭᠠᠵᠠᠷ ᠵᠦᠢ ᠶᠢᠨ ᠢᠯᠡᠳᠬᠡᠯ ᠳᠠᠩᠰᠠᠯᠠᠯᠲᠠ ᠶᠢᠨ ᠨᠡᠷᠡᠰ ᠴᠠᠳᠢᠭ ᠲᠤ ᠪᠠᠭᠲᠠᠨ᠂ ︽ᠣᠷᠳᠣᠰ ᠬᠤᠲᠠ ᠶᠢᠨ ᠨᠦᠯᠦᠬᠡᠯᠡᠬᠦ ᠬᠦᠴᠦᠨ ᠪᠦᠬᠦᠢ ᠨᠡᠷᠡᠲᠦ ᠲᠡᠮᠲᠡᠭ︾ ᠢᠶᠠᠷ ᠦᠨᠡᠯᠡᠭᠳᠡᠵᠦ᠂ ᠨᠡᠷᠡᠲᠦ ᠲᠡᠮᠲᠡᠭ ᠤᠨ ᠦᠨ᠎ᠡ ᠴᠠᠨ᠎ᠠ᠂ ᠬᠦᠷᠢᠶᠡᠯᠡᠯ ᠠᠯᠳᠠᠷᠰᠢᠯ ᠢ ᠲᠠᠰᠣᠷᠠᠯᠲᠠ ᠦᠬᠡᠢ ᠳᠡᠭᠡᠭᠰᠢᠯᠡᠬᠦᠯᠪᠡ᠃ ᠨᠢᠭᠡᠳᠦᠬᠡᠷ ᠠᠵᠤ ᠦᠢᠯᠡᠰ ᠤᠨ ᠨᠡᠮᠡᠭᠳᠡᠯ ᠦᠷᠲᠡᠭ 18.5 ᠳ᠋ᠦᠩᠰᠢᠭᠤᠷ ᠲᠦᠬᠦᠷᠢᠭ ᠲᠤ ᠬᠦᠷᠦᠨ᠂ 11% ᠪᠠᠷ ᠨᠡᠮᠡᠭᠳᠡᠪᠡ᠃     ᠨᠢᠭᠡ ᠵᠢᠯ ᠤᠨ ᠲᠤᠷᠰᠢ᠂ ᠬᠤᠪᠢᠰᠬᠠᠯᠲᠤ ᠬᠦᠮᠦᠵᠢᠯ ᠤᠨ ᠴᠢᠳᠠᠪᠬᠢ ᠶᠢ ᠪᠠᠷᠢᠮᠲᠠᠯᠠᠵᠤ᠂ ᠰᠣᠶᠣᠯ ᠵᠢᠭᠤᠯᠴᠢᠯᠠᠯ ᠤᠨ ᠠᠭᠤᠰᠣᠯᠴᠠᠯ ᠤᠨ ᠶᠠᠰᠣ ᠴᠢᠨᠠᠷ ᠢ ᠳᠡᠭᠡᠭᠰᠢᠯᠡᠬᠦᠯᠦᠨ ᠦᠷ᠎ᠡ ᠠᠰᠢᠭ ᠢ ᠨᠡᠮᠡᠭᠳᠡᠬᠦᠯᠪᠡ᠃ ︽ᠬᠤᠪᠢᠰᠬᠠᠯᠲᠤ ᠬᠦᠮᠦᠵᠢᠯ +︾ ᠡᠵᠡᠩᠨᠡᠯᠲᠡ ᠶᠢᠨ ᠦᠵᠡᠯᠲᠡ ᠶᠢ ᠪᠠᠷᠢᠮᠲᠠᠯᠠᠵᠤ᠂ ᠪᠣᠷᠣᠪᠠᠯᠭᠠᠰᠣ ᠶᠢᠨ ᠬᠤᠪᠢᠰᠬᠠᠯᠲᠤ ᠬᠦᠮᠦᠵᠢᠯ ᠤᠨ ᠰᠠᠭᠤᠷᠢᠨ ᠭᠠᠵᠠᠷ ᠲᠤ ᠲᠦᠰᠢᠭᠯᠡᠨ᠂ ᠰᠣᠶᠣᠯ ᠤᠨ ᠡᠬᠢ ᠰᠣᠷᠪᠣᠯᠵᠢ ᠶᠢ ᠬᠦᠨᠵᠡᠬᠡᠢ ᠠᠭᠤᠲᠠᠯᠠᠵᠣ᠂ ᠬᠤᠪᠢᠰᠬᠠᠯᠲᠤ ᠬᠦᠮᠦᠵᠢᠯ ᠤᠨ ᠪᠤᠯᠪᠠᠰᠣᠷᠠᠯ᠂ ᠬᠤᠪᠢᠰᠬᠠᠯᠲᠤ ᠬᠦᠮᠦᠵᠢᠯ ᠤᠨ ᠰᠣᠳᠣᠯᠭ᠎ᠠ ᠰᠣᠷᠣᠯᠴᠠᠯᠭ᠎ᠠ᠂ ᠬᠤᠪᠢᠰᠬᠠᠯᠲᠤ ᠵᠢᠭᠤᠯᠴᠢᠯᠠᠯ ᠤᠨ ᠵᠡᠷᠭᠡ ᠲᠡᠰ ᠪᠠ ᠠᠭᠤᠯᠤᠭᠳᠠᠬᠤᠨ ᠢ ᠦᠷᠬᠦᠯᠵᠢᠬᠦᠶᠢᠴᠡ ᠳᠡᠭᠡᠭᠰᠢᠯᠡᠬᠦᠯᠦᠨ᠂ ᠬᠤᠪᠢᠰᠬᠠᠯᠲᠤ ᠰᠣᠶᠣᠯ ᠤᠨ ᠣᠯᠠᠮᠵᠢᠯᠠᠯ ᠤᠨ ᠣᠷᠣᠨ ᠢ ᠴᠣᠭᠴᠠᠯᠠᠪᠠ᠃ ᠣᠷᠳᠣᠰ ᠬᠤᠲᠠ ᠶᠢᠨ ᠣᠯᠣᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠤᠨ ᠣᠷᠳᠣᠨ ᠤ ᠡᠷᠦᠬᠡ ᠶᠢ ᠰᠡᠬᠦᠵᠦ᠂ ᠨᠠᠮ ᠤᠨ ᠰᠣᠷᠭᠠᠭᠤᠯᠢ ᠶᠢᠨ ᠰᠢᠨ᠎ᠡ ᠲᠤᠭᠤᠷᠢᠭ ᠤᠨ ᠭᠤᠤᠯ ᠴᠤᠭᠴᠠ ᠪᠠᠷᠢᠯᠭ᠎ᠠ ᠳᠠᠭᠤᠰᠣᠨ᠂ ᠪᠠᠶᠠᠨ ᠰᠢᠪᠡᠷ ᠤᠨ ᠬᠤᠪᠢᠰᠬᠠᠯᠲᠤ ᠬᠦᠮᠦᠵᠢᠯ ᠤᠨ ᠰᠤᠳᠤᠯᠭ᠎ᠠ ᠰᠤᠷᠤᠯᠴᠠᠯᠭ᠎ᠠ ᠶᠢᠨ ᠰᠠᠭᠤᠷᠢᠨ ᠭᠠᠵᠠᠷ᠂ ᠪᠠᠶᠠᠨ ᠤᠰᠤ ᠶᠢᠨ ︽ᠮᠠᠯᠵᠢᠯ ᠤᠨ ᠳᠠᠭᠤᠯᠠᠯ︾ ᠪᠠᠭᠤᠴᠠ ᠰᠣᠶᠣᠯ ᠵᠢᠭᠤᠯᠴᠢᠯᠠᠯ ᠰᠤᠳᠤᠯᠭ᠎ᠠ ᠰᠤᠷᠤᠯᠴᠠᠯᠭ᠎ᠠ ᠶᠢᠨ ᠰᠢᠨ᠎ᠡ ᠵᠠᠭᠪᠤᠷ ᠢ ᠨᠡᠬᠡᠬᠡᠵᠤ᠂ ᠪᠤᠷᠤᠪᠠᠯᠭᠠᠰᠣ ᠶᠢᠨ ᠬᠤᠪᠢᠰᠬᠠᠯᠲᠤ ᠰᠣᠶᠣᠯ ᠵᠢᠭᠤᠯᠴᠢᠯᠠᠯ ᠤᠨ ᠣᠷᠣᠨ ᠢ ᠪᠦᠬᠦ ᠣᠷᠣᠨ ᠤ ᠵᠢᠭᠤᠯᠴᠢᠯᠠᠯ ᠤᠨ ᠰᠦᠯᠵᠢᠶᠡᠴᠢᠨ ᠤ ᠡᠷᠬᠡᠪᠰᠢ ᠬᠦᠷᠬᠦ ᠬᠠᠯᠠᠮᠰᠢᠯ ᠴᠡᠭ ᠪᠠ ᠦᠪᠡᠷᠲᠡᠭᠡᠨ ᠵᠠᠰᠠᠬᠤ ᠤᠷᠤᠨ ᠤ ᠠᠷᠪᠠᠨ ᠶᠡᠭᠡ ᠬᠤᠪᠢᠰᠬᠠᠯ ᠤᠨ ᠰᠣᠳᠣᠨ ᠵᠢᠭᠤᠯᠴᠢᠯᠠᠯ ᠤᠨ ᠱᠣᠭᠤᠮ ᠳᠤ ᠪᠠᠭᠲᠠᠭᠠᠨ᠂ ᠬᠤᠪᠢᠰᠬᠠᠯᠲᠤ ᠵᠢᠭᠤᠯᠴᠢᠯᠠᠯ ᠪᠠ ᠠᠮᠢ ᠠᠬᠤᠶᠢᠴᠢ ᠵᠢᠭᠤᠯᠴᠢᠯᠠᠯ᠂ ᠰᠤᠳᠤᠯᠭ᠎ᠠ ᠰᠤᠷᠤᠯᠴᠠᠯᠭ᠎ᠠ ᠶᠢᠨ ᠵᠢᠭᠤᠯᠴᠢᠯᠠᠯ ᠤᠨ ᠠᠬᠢᠭᠤᠯᠤᠯᠲᠠ ᠶᠢ ᠬᠠᠷᠢᠯᠴᠠᠨ ᠠᠭᠤᠰᠣᠯᠴᠠᠭᠤᠯᠵᠤ᠂ ᠪᠦᠬᠦ ᠵᠢᠯ ᠳᠤ ᠰᠣᠷᠣᠯᠴᠠᠭᠴᠢᠳ ᠪᠠ ᠵᠢᠭᠤᠯᠴᠢᠯᠠᠭᠴᠢᠳ  ᠢ ᠨᠡᠶᠢᠲᠡ 115 ᠲᠦᠮᠡᠨ ᠬᠦᠮᠦᠨ ᠣᠳᠠᠭ᠎ᠠ ᠬᠦᠯᠢᠶᠡᠵᠦ ᠠᠪᠤᠨ᠂ 4.6 ᠳ᠋ᠦᠩᠰᠢᠭᠤᠷ ᠲᠦᠬᠦᠷᠢᠭ ᠤᠨ ᠣᠷᠣᠯᠭ᠎ᠠ ᠡᠭᠦᠳᠪᠡ᠃ ᠬᠢᠵᠢᠭ ᠤᠨ ᠪᠠᠶᠢᠳᠠᠯ ᠤᠨ ᠨᠦᠯᠦᠬᠡᠯᠡᠯ ᠢ ᠢᠳᠡᠪᠬᠢᠲᠡᠢ ᠪᠠᠷ ᠠᠷᠭᠠᠴᠠᠵᠤ᠂ ᠬᠡᠷᠡᠭᠯᠡᠭᠡ  ᠶᠢ ᠠᠬᠢᠭᠤᠯᠬᠤ ᠠᠵᠢᠯᠯᠠᠭ᠎ᠠ ᠶᠢ ᠶᠠᠪᠤᠭᠳᠠᠭᠤᠯᠤᠨ᠂ ᠵᠠᠬ᠎ᠠ ᠳᠡᠯᠭᠡᠬᠦᠷ ᠤᠨ ᠢᠲᠡᠭᠡᠯ ᠵᠤᠷᠢᠭ ᠢ ᠣᠷᠮᠠᠰᠢᠭᠤᠯᠵᠤ᠂ ᠡᠯ᠎ᠡ ᠲᠦᠷᠦᠯ ᠤᠨ ᠪᠠᠶᠠᠷ ᠤᠨ ᠡᠳᠦᠷ ᠤᠨ ᠣᠷᠮᠠᠰᠢᠭᠤᠯᠤᠨ ᠪᠤᠷᠤᠯᠠᠭᠤᠯᠬᠤ ᠠᠵᠢᠯᠯᠠᠭ᠎ᠠ ᠶᠢ 36 ᠣᠳᠠᠭ᠎ᠠ ᠵᠤᠬᠢᠶᠠᠨ ᠪᠠᠶᠢᠭᠤᠯᠤᠨ᠂ ᠡᠯᠪᠡᠭ ᠬᠤᠷᠢᠶᠠᠯᠲᠠ ᠶᠢᠨ ᠨᠠᠶᠢᠷ᠂ ᠮᠦᠰᠦ ᠴᠠᠰᠣᠨ ᠤ ᠨᠠᠶᠢᠷ ᠨᠠᠭᠠᠳᠣᠮ ᠵᠡᠷᠭᠡ ᠲᠤᠮᠤ ᠬᠡᠯᠪᠡᠷᠢ ᠶᠢᠨ ᠭᠤᠤᠯ ᠰᠡᠳᠦᠪᠲᠦ ᠠᠵᠢᠯᠯᠠᠭᠠᠨ ᠢ 21 ᠣᠳᠠᠭ᠎ᠠ ᠡᠷᠬᠢᠯᠡᠵᠦ᠂ ᠰᠣᠶᠣᠯ ᠢᠶᠠᠷ ᠠᠷᠠᠳ ᠢ ᠬᠠᠷᠠᠭᠠᠯᠵᠠᠬᠤ ᠠᠵᠢᠯᠯᠠᠭᠠᠨ ᠢ 500 ᠭᠠᠷᠤᠢ ᠣᠳᠠᠭ᠎ᠠ ᠦᠷᠨᠢᠬᠦᠯᠦᠨ᠂ ᠮᠠᠯᠴᠢᠨ ᠲᠠᠷᠢᠶᠠᠴᠢᠨ ᠣᠯᠠᠨ ᠲᠦᠮᠡᠨ 25 ᠲᠦᠮᠡᠨ ᠬᠦᠮᠦᠨ ᠣᠳᠠᠭ᠎ᠠ ᠤᠷᠤᠯᠴᠠᠪᠠ᠃ ᠰᠦᠯᠵᠢᠶᠡᠨ ᠬᠤᠳᠠᠯᠳᠤᠭ᠎ᠠ ᠶᠢ ᠬᠦᠳᠡᠭᠡ ᠲᠤᠰᠬᠤᠨ ᠳᠤ ᠬᠦᠨᠵᠡᠬᠡᠶᠢᠷᠡᠬᠦᠯᠵᠤ᠂ ᠭᠠᠴᠠᠭ᠎ᠠ ᠲᠤᠰᠬᠤᠨ ᠤ ᠰᠦᠯᠵᠢᠶᠡᠨ ᠬᠤᠳᠠᠯᠳᠣᠭᠠᠨ ᠤ ᠦᠢᠯᠡᠴᠢᠯᠡᠭᠡᠨ ᠤ ᠦᠷᠲᠡᠭᠡ ᠶᠢ 30 ᠪᠠᠶᠢᠭᠤᠯᠤᠨ᠂ ᠠᠷᠠᠯᠵᠢᠶ᠎ᠠ ᠬᠤᠳᠠᠯᠳᠤᠭ᠎ᠠ᠂ ᠪᠤᠳᠠᠰ ᠤᠨ ᠬᠦᠢᠯᠭᠡᠭᠡ᠂ ᠡᠷᠡᠬᠦᠯᠵᠢᠯ ᠰᠣᠪᠢᠯᠠᠯ ᠵᠡᠷᠭᠡ ᠠᠵᠤ ᠦᠢᠯᠡᠰ ᠢ ᠣᠯᠠᠮ ᠬᠦᠭᠵᠢᠬᠦᠯᠦᠨ ᠪᠤᠵᠠᠭᠠᠶᠢᠷᠠᠭᠤᠯᠵᠤ᠂ ᠭᠤᠷᠪᠠᠳᠣᠭᠠᠷ ᠠᠵᠤ ᠦᠢᠯᠡᠰ ᠤᠨ ᠨᠡᠮᠡᠭᠳᠡᠯ ᠦᠷᠲᠡᠭ 45.7 ᠳ᠋ᠦᠩᠰᠢᠭᠤᠷ ᠲᠦᠬᠦᠷᠢᠭ ᠲᠤ ᠬᠦᠷᠦᠨ᠂ 3% ᠪᠠᠷ ᠨᠡᠮᠡᠭᠳᠡᠪᠡ᠃     ᠨᠢᠭᠡ ᠵᠢᠯ ᠤᠨ ᠲᠤᠷᠰᠢ᠂ ᠪᠢᠳᠡ ᠦᠬᠡᠷᠡᠴᠢᠯᠡᠯᠲᠡ ᠰᠢᠨᠡᠴᠢᠯᠡᠯᠲᠡ ᠶᠢ ᠪᠠᠷᠢᠮᠲᠠᠯᠠᠵᠤ᠂ ᠬᠦᠭᠵᠢᠯᠲᠡ ᠶᠢᠨ ᠣᠷᠴᠢᠨ ᠢ ᠠᠯᠬᠤᠮ ᠠᠯᠬᠤᠮ ᠢᠶᠠᠷ ᠰᠢᠯᠢᠳᠡᠭᠵᠢᠬᠦᠯᠪᠡ᠃ ᠬᠦᠭᠵᠢᠯᠲᠡ ᠶᠢᠨ ᠬᠦᠴᠢᠷ ᠠᠰᠠᠭᠤᠳᠠᠯ ᠤᠨ ᠲᠤᠭᠤᠷᠢᠨ ᠳᠤ ᠲᠤᠲᠤᠭᠠᠲᠤ ᠦᠬᠡᠷᠡᠴᠢᠯᠡᠯᠲᠡ ᠬᠢᠬᠦ ᠶᠢ ᠵᠤᠷᠢᠭᠲᠠᠢ ᠪᠠᠷ ᠬᠡᠷᠡᠭᠵᠢᠬᠦᠯᠵᠦ᠂ ᠭᠤᠤᠯᠳᠠᠯᠭᠠᠲᠤ ᠣᠷᠣᠨ ᠬᠡᠪᠴᠢᠶ᠎ᠡ ᠪᠠ ᠵᠠᠩᠭᠢᠯᠠᠭ᠎ᠠ ᠶᠢᠨ ᠭᠤᠭᠴᠣᠭᠠᠨ ᠳᠤ ᠰᠢᠪᠲᠤᠯᠤᠯᠲᠠ ᠭᠠᠷᠭᠠᠬᠤ ᠪᠠᠷ ᠰᠦᠪᠡᠭᠴᠢᠯᠡᠨ᠂ 165 ᠲᠦᠷᠦᠯ ᠤᠨ ᠦᠭᠡᠷᠡᠴᠢᠯᠡᠯᠲᠡ  ᠶᠢᠨ ᠡᠭᠦᠷᠭᠡ ᠶᠢ ᠪᠦᠬᠦᠨ ᠢ ᠪᠡᠶᠡᠯᠡᠬᠦᠯᠪᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠲᠡ ᠶᠢ ᠬᠦᠨᠵᠡᠬᠡᠢ ᠠᠬᠢᠭᠤᠯᠪᠠ᠃ ᠨᠢᠭᠡ ᠣᠴᠢᠷ ᠶᠠᠪᠤᠳᠠᠯ ᠢ ᠨᠢᠬᠡᠯᠡ ᠣᠳᠠᠭ᠎ᠠ ᠳᠡᠬᠡᠷ᠎ᠡ ᠬᠦᠢᠴᠡᠳᠬᠡᠬᠦ᠂ ᠦᠢᠯᠡᠴᠢᠯᠡᠬᠡᠨ ᠤ ᠣᠴᠢᠷ ᠶᠠᠪᠤᠳᠠᠯ ᠢ ᠰᠦᠯᠵᠢᠶᠡᠨ ᠳᠡᠭᠡᠷ᠎ᠡ ᠬᠦᠢᠴᠡᠳᠬᠡᠬᠦ᠂ ᠪᠡᠯᠡ ᠣᠷᠣᠭᠤᠯᠣᠯᠲᠠ ᠶᠢᠨ ᠲᠦᠷᠦᠯ ᠵᠦᠢᠯ ᠢ ᠬᠠᠪᠰᠣᠷᠣᠨ ᠬᠦᠢᠴᠡᠳᠬᠡᠬᠦ᠂ ᠠᠷᠠᠳ ᠲᠤ ᠳᠦᠬᠦᠮ ᠦᠵᠡᠬᠦᠯᠬᠦ ᠬᠠᠯᠠᠮᠰᠢᠯ ᠣᠲᠠᠰᠣ ᠶᠢᠨ ︽ᠬᠦᠰᠡᠯ ᠱᠠᠭᠠᠷᠳᠠᠯᠭ᠎ᠠ ᠶᠢ ᠳᠠᠷᠣᠢ ᠳᠤᠨᠢ ᠬᠦᠢᠴᠡᠳᠬᠡᠬᠦ︾  ᠶᠢ ᠪᠦᠬᠦ ᠲᠠᠯ᠎ᠠ ᠪᠠᠷ ᠦᠷᠨᠢᠬᠦᠯᠦᠨ᠂ ᠠᠮᠠᠯᠠᠯᠲᠠ ᠬᠦᠢᠴᠡᠳᠬᠡᠬᠦ ᠴᠠᠭ ᠤᠨ ᠬᠢᠵᠠᠭᠠᠷᠯᠠᠯ ᠤᠨ ᠠᠪᠴᠢᠯᠲᠠ ᠶᠢᠨ ᠬᠠᠷᠢᠴᠠᠯ 81% ᠳᠤ ᠬᠦᠷᠴᠦ᠂ 145 ᠲᠦᠷᠦᠯ  ᠤᠨ ︽ᠨᠢᠬᠡ ᠶᠠᠪᠤᠳᠠᠯ︾ ᠢ ᠨᠢᠬᠡ ᠬᠦᠰᠦᠨᠦᠭᠲᠦ ᠪᠠᠷ ᠭᠤᠶᠤᠴᠢᠯᠠᠬᠤ᠂ ᠨᠢᠭᠡᠯᠡ ᠣᠳᠠᠭ᠎ᠠ ᠳᠤ ᠰᠢᠢᠳᠪᠦᠷᠢᠯᠡᠬᠦ ᠶᠢ ᠪᠡᠶᠡᠯᠡᠬᠦᠯᠦᠨ᠂ ᠰᠦᠯᠵᠢᠶᠡᠨ ᠳᠡᠭᠡᠷ᠎ᠡ ᠬᠦᠢᠴᠡᠳᠬᠡᠬᠦ᠂ ᠭᠠᠷ ᠤᠳᠠᠰᠤ ᠪᠠᠷ ᠬᠦᠢᠴᠡᠳᠬᠡᠬᠦ ᠣᠴᠢᠷ ᠶᠠᠪᠤᠳᠠᠯ ᠢ 99% ᠳᠤ ᠬᠦᠷᠭᠡᠵᠦ᠂ ᠠᠷᠠᠳ ᠲᠤ ᠳᠦᠬᠦᠮ ᠦᠵᠡᠬᠦᠯᠬᠦ ᠬᠠᠯᠠᠮᠰᠢᠯ ᠣᠲᠠᠰᠣ ᠶᠢᠨ ︽ᠬᠦᠰᠡᠯ ᠱᠠᠭᠠᠷᠳᠠᠯᠭ᠎ᠠ ᠶᠢ ᠳᠠᠷᠣᠢ ᠳᠤᠨᠢ ᠬᠦᠢᠴᠡᠳᠬᠡᠬᠦ︾ ᠰᠢᠢᠳᠪᠦᠷᠢᠯᠡᠯᠲᠡ ᠶᠢᠨ ᠬᠠᠭᠤᠳᠠᠰᠣ 4500 ᠣᠷᠴᠢᠮ ᠬᠦᠷᠦᠨ᠂ ᠬᠦᠯᠢᠶᠡᠯᠳᠠ ᠶᠢᠨ ᠨᠣᠷᠮ᠎ᠠ᠂ ᠰᠢᠢᠳᠪᠦᠷᠢᠯᠡᠯᠲᠡ ᠶᠢᠨ ᠨᠣᠷᠮ᠎ᠠ᠂ ᠬᠠᠨᠣᠮᠵᠢ ᠶᠢᠨ ᠨᠣᠷᠮ᠎ᠠ ᠶᠢᠨ ᠶᠡᠷᠦᠩᠬᠡᠢ ᠨᠡᠷᠡᠰ ᠤᠨ ᠵᠢᠭᠰᠠᠭᠠᠯᠳᠠ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠪᠠᠶᠢᠷᠢᠯᠠᠪᠠ᠃ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠳᠦᠪᠰᠢᠨ ᠢ ᠦᠷᠬᠦᠯᠵᠢᠯᠡᠨ ᠳᠡᠭᠡᠭᠰᠢᠯᠡᠬᠦᠯᠪᠡ᠃ ᠲᠦᠪ᠂ ᠦᠪᠡᠷᠲᠡᠭᠡᠨ ᠵᠠᠰᠠᠬᠤ ᠣᠷᠣᠨ ᠪᠠ ᠬᠤᠲᠠ ᠶᠢᠨ ᠠᠵᠤ ᠠᠬᠤᠢ ᠶᠢᠨ ᠶᠡᠭᠡ ᠲᠠᠯ᠎ᠠ ᠶᠢ ᠯᠠᠪᠳᠠᠭᠤᠨ ᠪᠠᠲᠤᠲᠠᠢ ᠲᠤᠭᠲᠠᠪᠤᠷᠢᠵᠢᠭᠤᠯᠬᠤ ᠡᠯ᠎ᠡ ᠲᠦᠷᠦᠯ ᠤᠨ ᠰᠢᠢᠳᠪᠦᠷᠢ ᠪᠠᠶᠢᠷᠢᠯᠠᠭᠤᠯᠤᠯᠲᠠ ᠶᠢ ᠬᠦᠨᠵᠡᠬᠡᠢ ᠨᠠᠶᠢᠳᠠᠪᠤᠷᠢᠵᠢᠭᠤᠯᠤᠨ᠂ ᠳᠠᠪᠰᠢᠩᠭᠤᠢ ᠲᠠᠢ ᠬᠠᠷᠢᠴᠠᠭᠤᠯᠤᠨ ᠲᠡᠷᠢᠬᠦᠨ ᠤ ᠬᠤᠳᠠᠯᠳᠤᠭ᠎ᠠ ᠡᠵᠡᠩᠨᠡᠬᠦ ᠣᠷᠴᠢᠨ ᠢ ᠪᠦᠷᠢᠯᠳᠤᠬᠦᠯᠬᠦ 200 ᠵᠣᠷᠪᠣᠰ ᠢ ᠳᠤᠭᠳᠠᠭᠠᠵᠤ᠂ ᠣᠯᠠᠨ ᠠᠷᠭ᠎ᠠ ᠠᠪᠴᠠᠯ ᠢᠶᠠᠷ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠨ᠂ 20 ᠳ᠋ᠦᠩᠰᠢᠭᠤᠷ ᠲᠦᠬᠦᠷᠢᠭ ᠰᠢᠬᠠᠮ ᠭᠠᠶᠢᠯᠢ ᠪᠤᠴᠠᠭᠠᠬᠤ ᠶᠢ ᠪᠡᠶᠡᠯᠡᠬᠦᠯᠵᠦ ᠂ ᠳᠣᠮᠳᠠ ᠪᠠᠭ᠎ᠠ ᠵᠢᠵᠢᠭ ᠠᠵᠤ ᠠᠬᠤᠶᠢᠯᠠᠯ ᠳᠤ 17.5 ᠳ᠋ᠦᠩᠰᠢᠭᠤᠷ ᠲᠦᠬᠦᠷᠢᠭ ᠤᠨ ᠵᠢᠬᠡᠯᠡᠯᠭᠡ ᠦᠭᠬᠦᠨ᠂ ᠵᠠᠬ᠎ᠠ ᠳᠡᠯᠬᠡᠬᠦᠷ ᠤᠨ ᠭᠤᠤᠯ ᠴᠤᠭᠴᠠ 1082 ᠡᠷᠦᠬᠡ ᠰᠢᠨ᠎ᠡ ᠪᠠᠷ ᠨᠡᠮᠡᠭᠳᠡᠪᠡ᠃ᠴᠢᠲᠠᠪᠤᠷᠢᠲᠠᠨ ᠢᠶᠠᠷ ᠳᠠᠶᠢᠴᠢᠯᠠᠭᠤᠯᠤᠨ ᠰᠢᠨᠡᠴᠢᠯᠡᠯ ᠢᠶᠠᠷ ᠬᠦᠳᠡᠯᠬᠡᠬᠦᠷ ᠪᠤᠯᠭᠠᠪᠠ᠃ ︽ᠰᠢᠨᠵᠢᠯᠡᠭᠡ ᠮᠡᠷᠬᠡᠵᠢᠯ ᠢᠶᠠᠷ ᠦᠪᠦᠷ ᠮᠣᠩᠭᠤᠯ ᠢᠶᠠᠨ ᠬᠦᠭᠵᠢᠬᠦᠯᠬᠦ︾ ᠠᠵᠢᠯᠯᠠᠭ᠎ᠠ ᠪᠠ ︽ᠴᠢᠳᠠᠪᠤᠷᠢᠲᠠᠨ ᠤ ᠰᠢᠨ᠎ᠡ ᠪᠣᠳᠣᠯᠭ᠎ᠠ ᠶᠢᠨ 30 ᠵᠣᠷᠪᠣᠰ︾ ᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠤᠨ᠂ ᠴᠢᠳᠠᠪᠤᠷᠢᠲᠠᠨ ᠤ ᠰᠢᠨᠵᠢᠯᠡᠭᠡ ᠮᠡᠷᠭᠡᠵᠢᠯ ᠤᠨ ᠰᠢᠨ᠎ᠡ ᠡᠬᠦᠳᠦᠯᠲᠡ ᠶᠢᠨ ᠰᠠᠭᠤᠷᠢᠨ ᠭᠠᠵᠠᠷ᠂ ᠴᠦᠯᠡᠷᠭᠡᠭ ᠬᠡᠬᠡᠷ᠎ᠡ ᠶᠢᠨ ᠠᠮᠢ ᠠᠬᠤᠢ ᠶᠢᠨ ᠦᠢᠯᠡᠳᠪᠦᠷᠢᠯᠡᠯ ᠤᠨ ᠶᠠᠰᠣ ᠴᠢᠨᠠᠷ ᠤᠨ ᠮᠡᠷᠭᠡᠵᠢᠯ ᠤᠨ ᠰᠢᠨ᠎ᠡ ᠶᠢ ᠡᠬᠦᠳᠬᠦ ᠰᠠᠭᠤᠷᠢᠨ ᠭᠠᠵᠠᠷ ᠢ ᠠᠰᠢᠭᠯᠠᠯᠲᠠ ᠳᠤ ᠣᠷᠣᠭᠤᠯᠵᠣ᠂ ᠱᠠᠩᠬᠠᠢ ᠶᠢᠨ ᠰᠦᠮ᠎ᠡ ᠠᠭᠤᠷᠬᠠᠢ ᠶᠢᠨ ᠦᠢᠯᠡᠰ ᠤᠨ ᠺᠣᠮᠫᠠᠨᠢ ᠶᠢᠨ ᠠᠺᠠᠳᠧᠮᠢᠴᠢ ᠡᠷᠳᠡᠮᠲᠡᠨ ᠤ ᠠᠵᠢᠯ ᠤᠨ ᠦᠷᠲᠡᠭᠡ ᠶᠢ ᠨᠣᠲᠠᠯᠠᠨ᠂ 6 ᠨᠡᠷᠡᠲᠡᠢ ᠪᠠᠭᠰᠢ᠂ ᠨᠡᠷᠡᠲᠦ ᠡᠮᠴᠢ ᠶᠢᠨ ᠠᠵᠢᠯᠯᠠᠬᠤ ᠦᠷᠲᠡᠭᠡ ᠪᠠᠶᠢᠭᠤᠯᠵᠤ᠂ 2 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠨᠣᠲᠠᠯᠠᠨ᠂ 55 ᠴᠢᠳᠠᠪᠤᠷᠢᠲᠠᠨ ᠤ ᠪᠦᠯᠬᠦᠮ᠂ 36 ᠴᠢᠲᠠᠪᠤᠷᠢᠲᠠᠨ ᠤ ᠠᠴᠢᠶᠠᠯᠠᠭᠴᠢ ᠳᠠᠪᠴᠠᠩ ᠢ ᠪᠤᠶᠢᠵᠢᠭᠤᠯᠵᠤ᠂ ᠴᠢᠳᠠᠪᠤᠷᠢᠲᠠᠨ ᠣᠷᠢᠵᠦ ᠡᠯᠰᠡᠬᠦ ︽ᠬᠤᠤᠰ ᠵᠠᠭᠤ ᠶᠢᠨ ᠠᠵᠢᠯᠯᠠᠭ᠎ᠠ︾  ᠶᠢ ᠠᠮᠵᠢᠯᠲᠠᠲᠠᠢ ᠪᠡᠶᠡᠯᠡᠬᠦᠯᠦᠨ᠂ 137 ᠪᠠᠭᠰᠢ᠂ 213 ᠡᠮ ᠡᠮᠨᠡᠯᠭᠡ ᠡᠷᠡᠬᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ ᠢ ᠡᠯᠰᠡᠵᠦ᠂ 44 ᠮᠠᠰᠲ᠋ᠧᠷ ᠰᠣᠳᠣᠯᠬᠤ ᠰᠣᠷᠣᠭᠴᠢ ᠶᠢ ᠣᠷᠣᠭᠤᠯᠵᠣ ᠠᠪᠴᠢᠷᠠᠨ᠂ ᠴᠢᠳᠠᠪᠤᠷᠢᠲᠠᠨ ᠤ ᠲᠤᠯᠭᠠᠭᠤᠷᠢᠯᠠᠯ ᠢ ᠢᠯᠡᠳᠲᠡ ᠴᠢᠩᠭᠠᠷᠠᠭᠤᠯᠪᠠ᠃ ᠲᠤᠰᠬᠠᠢ ᠲᠦᠷᠦᠯ ᠤᠨ ᠴᠡᠭᠴᠡᠯᠡᠯᠲᠡ ᠶᠢ ᠪᠦᠲᠦᠮᠵᠢᠲᠡᠢ ᠪᠡᠶᠡᠯᠡᠬᠦᠯᠪᠡ᠃ ᠣᠯᠣᠰ ᠲᠦᠷᠦ ᠶᠢᠨ ᠲᠠᠯ᠎ᠠ ᠠᠴᠠ ᠦᠵᠡᠬᠦ᠂ ᠣᠯᠣᠰ ᠲᠦᠷᠦ ᠶᠢᠨ ᠲᠠᠯ᠎ᠠ ᠠᠴᠠ ᠰᠢᠢᠳᠪᠦᠷᠢᠯᠡᠬᠦ ᠶᠢ ᠪᠠᠷᠢᠮᠲᠠᠯᠠᠵᠤ᠂ ᠣᠢ ᠰᠢᠭᠤᠢ ᠨᠣᠲᠤᠭ ᠪᠡᠯᠴᠢᠭᠡᠷ ᠤᠨ ᠲᠤᠰᠬᠠᠢ ᠴᠡᠭᠴᠡᠯᠡᠯᠲᠡ ᠶᠢᠨ ᠠᠵᠢᠯ ᠤᠨ ᠡᠬᠦᠷᠭᠡ ᠶᠢ ᠪᠦᠬᠦ ᠬᠤᠲᠠ ᠳᠤ ᠳᠡᠷᠢᠬᠦᠯᠡᠵᠤ ᠪᠡᠶᠡᠯᠡᠬᠦᠯᠦᠨ᠂ ᠠᠮᠣ ᠪᠣᠳᠠᠭᠠᠨ ᠤ ᠬᠤᠳᠠᠯᠳᠣᠨ ᠠᠪᠤᠯᠲᠠ ᠪᠤᠷᠤᠯᠠᠭᠤᠯᠭ᠎ᠠ ᠶᠢᠨ ᠬᠦᠷᠢᠶ᠎ᠡ ᠬᠡᠪᠴᠢᠶᠡᠨ ᠳᠠᠬᠢ ᠢᠯᠵᠡᠷᠡᠯ  ᠤᠨ ᠠᠰᠠᠭᠤᠳᠠᠯ ᠤᠨ ᠲᠤᠰᠬᠠᠢ ᠴᠡᠭᠴᠡᠯᠡᠯᠲᠡ ᠪᠠ ᠨᠡᠬᠡᠬᠡᠯᠳᠠ ᠶᠢᠨ ᠣᠷᠣᠨ ᠤ ︽ᠬᠡᠷᠡᠭ ᠢᠶᠠᠷ ᠦᠬᠡᠷᠡᠴᠢᠯᠡᠯᠲᠡ ᠶᠢ ᠠᠬᠢᠭᠤᠯᠬᠤ︾ ᠠᠵᠢᠯᠯᠠᠭ᠎ᠠ ᠶᠢ ᠠᠮᠵᠢᠯᠲᠠᠲᠠᠢ ᠪᠡᠶᠡᠯᠡᠬᠦᠯᠵᠦ᠂ ᠨᠡᠬᠦᠷᠡᠰᠦᠨ ᠤ ᠴᠠᠷᠠᠭᠠᠨ ᠳᠤ ᠬᠤᠯᠪᠤᠭᠳᠠᠬᠤ ᠪᠡᠯᠡ ᠮᠦᠩᠭᠦ ᠶᠢ 7.3 ᠳ᠋ᠦᠩᠰᠢᠭᠤᠷ ᠲᠦᠬᠦᠷᠢᠭ ᠨᠡᠬᠡᠮᠵᠢᠯᠡᠨ ᠬᠤᠷᠢᠶᠠᠪᠠ︔ ︽ᠲᠠᠪᠤ ᠶᠢ ᠲᠤᠶᠢᠯᠪᠤᠷᠢᠲᠠᠢ ᠰᠢᠢᠳᠪᠦᠷᠢᠯᠡᠬᠦ︾ ᠠᠵᠢᠯᠯᠠᠭᠠᠨ ᠢ ᠬᠦᠨᠵᠡᠬᠡᠢ ᠦᠷᠨᠢᠬᠦᠯᠦᠨ᠂ ᠲᠡᠣᠬᠡ ᠶᠢᠨ ᠦᠯᠡᠳᠡᠭᠳᠡᠯ ᠠᠰᠠᠭᠤᠳᠠᠯ ᠢ ᠨᠢᠭᠡᠳᠦᠯᠲᠡᠢ ᠲᠦᠯᠦᠪᠵᠢᠬᠦᠯᠦᠨ ᠰᠢᠢᠳᠪᠦᠷᠢᠯᠡᠬᠦ ᠲᠤᠬᠢᠶᠠᠯ ᠤᠨ ᠬᠤᠭᠤᠴᠠᠭ᠎ᠠ ᠶᠢ ᠴᠢᠩᠭ᠎ᠠ ᠡᠵᠡᠮᠳᠡᠵᠦ᠂ ᠰᠣᠯᠠ ᠪᠠᠶᠢᠬᠤ ᠭᠠᠵᠠᠷ ᠰᠢᠷᠤᠢ ᠶᠢ ᠰᠢᠢᠳᠪᠦᠷᠢᠯᠡᠨ᠂ ᠳᠠᠷᠤᠭᠳᠠᠮᠠᠯ ᠪᠡᠯᠡ ᠮᠦᠩᠭᠦ ᠶᠢ ᠠᠮᠢᠳᠣᠯᠢᠭᠵᠢᠭᠤᠯᠵᠤ᠂ ᠣᠷᠬᠢᠭᠳᠠᠭᠰᠠᠨ ᠡᠬᠢ ᠰᠣᠷᠪᠣᠯᠵᠢ ᠶᠢ ᠰᠡᠷᠬᠦᠬᠡᠨ᠂ ᠴᠣᠬᠤᠯᠠᠪᠤᠷᠢᠯᠠᠯ ᠬᠦᠯᠢᠶᠡᠵᠦ ᠪᠠᠶᠢᠭ᠎ᠠ ᠲᠦᠷᠦᠯ ᠵᠦᠢᠯ ᠤᠨ ᠭᠠᠷᠳᠠᠮ ᠢ ᠲᠤᠶᠢᠯᠪᠤᠷᠢᠲᠠᠢ ᠰᠢᠢᠳᠪᠦᠷᠢᠯᠡᠵᠦ᠂ ᠠᠷᠪᠠᠨ ᠵᠢᠯ ᠰᠢᠬᠠᠮ  ᠤᠷᠬᠢᠭᠳᠠᠭᠰᠠᠨ ᠠᠷᠠᠳ ᠤᠨ ᠠᠮᠢᠳᠣᠷᠠᠯ ᠤᠨ 3 ᠲᠦᠷᠦᠯ ᠵᠦᠢᠯ ᠢ ᠳᠠᠬᠢᠨᠳᠠ ᠪᠦᠬᠦ ᠲᠠᠯ᠎ᠠ ᠪᠠᠷ ᠡᠬᠢᠯᠡᠬᠦᠯᠦᠨ᠂ ᠡᠬᠢ ᠰᠣᠷᠪᠣᠯᠵᠢ ᠶᠢ ᠡᠷᠴᠢᠮᠵᠢᠬᠦᠯᠦᠨ ᠭᠠᠮᠨᠠᠵᠤ ᠪᠦᠲᠦᠮᠵᠢᠲᠡᠢ ᠠᠰᠢᠭᠯᠠᠬᠤ ᠬᠢᠷᠢ ᠳᠦᠪᠰᠢᠨ ᠢ ᠲᠠᠰᠣᠷᠠᠯᠲᠠ ᠦᠬᠡᠢ ᠳᠡᠬᠡᠭᠰᠢᠯᠡᠬᠦᠯᠪᠡ᠃     ᠨᠢᠭᠡ ᠵᠢᠯ ᠤᠨ ᠲᠤᠷᠰᠢ᠂ ᠪᠢᠳᠡ ᠰᠠᠭᠤᠷᠢ ᠲᠦᠬᠦᠬᠡᠷᠤᠮᠵᠢ ᠶᠢ ᠳᠡᠷᠢᠬᠦᠨ ᠳᠤ ᠳᠠᠯᠪᠢᠬᠤ ᠶᠢ ᠪᠠᠷᠢᠮᠲᠠᠯᠠᠵᠤ᠂ ᠣᠷᠣᠰᠢᠨ ᠰᠠᠭᠤᠷᠢᠰᠢᠬᠤ ᠬᠢᠷᠢ ᠳᠦᠪᠰᠢᠨ ᠢ ᠲᠠᠰᠣᠷᠠᠯᠲᠠ ᠦᠬᠡᠢ ᠳᠡᠭᠡᠭᠰᠢᠯᠡᠬᠦᠯᠪᠡ᠃ ᠪᠠᠭ᠎ᠠ ᠪᠤᠯᠪᠠᠴᠤ ᠰᠣᠳᠣᠨ᠂ ᠪᠠᠭ᠎ᠠ ᠪᠤᠯᠪᠠᠴᠣ ᠭᠤᠴᠤ ᠣᠲᠤᠭ ᠤᠨ ᠡᠮᠦᠨᠡᠲᠦ ᠬᠤᠰᠢᠭᠤᠨ ᠤ ᠰᠢᠨ᠎ᠡ ᠪᠠᠶᠢᠳᠠᠯ ᠢᠶᠠᠨ ᠢᠯᠡᠷᠡᠬᠦᠯᠪᠡ᠃ ᠪᠦᠬᠦ ᠣᠯᠣᠰ ᠤᠨ ᠪᠤᠯᠪᠠᠰᠣᠨ ᠬᠤᠲᠠ ᠶᠢᠨ ᠴᠤᠭᠴᠠᠯᠠᠯᠲᠠ ᠶᠢᠨ ᠦᠷ᠎ᠡ ᠪᠦᠲᠦᠮᠵᠢ ᠶᠢ ᠦᠷᠬᠦᠯᠵᠢᠯᠡᠨ ᠪᠠᠬᠢᠵᠢᠬᠦᠯᠪᠡ᠃ ᠲᠦᠪ ᠤᠨ ᠤᠶᠤᠨ ᠤ ᠪᠤᠯᠪᠠᠰᠤᠨ ᠤ ᠠᠯᠪᠠᠨ ᠬᠡᠷ ᠤᠨ ᠳᠠᠬᠢᠨ ᠪᠠᠶᠢᠴᠠᠭᠠᠯᠳᠠ ᠰᠢᠯᠭᠠᠨ ᠬᠤᠷᠢᠶᠠᠯᠳᠠ ᠶᠢ ᠠᠮᠵᠢᠯᠳᠠᠳᠠᠢ ᠳᠤᠭᠤᠯᠵᠤ᠂ ᠣᠯᠠᠨ ᠨᠡᠶᠢᠲᠡ ᠶᠢᠨ 3 ᠲᠡᠷᠬᠡᠨ ᠵᠤᠭᠰᠣᠭᠠᠯ ᠢ ᠰᠢᠨ᠎ᠡ ᠪᠠᠷ ᠨᠡᠮᠡᠭᠳᠡᠬᠦᠯᠦᠨ᠂ ᠰᠣᠷᠭᠠᠭᠤᠯᠢ᠂ ᠡᠮᠨᠡᠯᠭᠡ ᠶᠢᠨ ᠬᠤᠷᠢᠶᠠᠨ ᠤ ᠣᠶᠢᠷ᠎ᠠ ᠬᠠᠪᠢ ᠳᠤ ᠲᠡᠷᠬᠡ ᠵᠤᠭᠰᠤᠭᠠᠬᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ︔ 3 ᠬᠠᠭᠤᠴᠢᠨ ᠰᠠᠭᠤᠭᠠᠯᠢ ᠲᠤᠭᠤᠷᠢᠭ᠂ 10 ᠺᠢᠯᠤᠮᠧᠲᠷ ᠤᠨ ᠲᠤᠯᠠᠭᠠᠯᠠᠭ᠎ᠠ ᠬᠠᠩᠭᠠᠬᠤ ᠲᠤᠤᠷ ᠬᠤᠭᠤᠯᠠᠢ ᠶᠢ ᠦᠬᠡᠷᠡᠴᠢᠯᠡᠵᠦ᠂ 36 ᠴᠠᠬᠢᠯᠭᠠᠨ ᠱᠠᠲᠤ ᠶᠢ ᠨᠡᠮᠡᠵᠦ ᠣᠭᠰᠠᠷᠠᠨ᠂ ᠰᠠᠭᠤᠭᠠᠯᠢ ᠠᠷᠠᠳ ᠤᠨ ᠰᠠᠭᠤᠷᠢᠰᠢᠬᠤ ᠨᠦᠬᠦᠴᠡᠯ ᠢ ᠦᠷᠬᠦᠯᠵᠢᠯᠡᠨ ᠰᠠᠶᠢᠵᠢᠷᠠᠭᠤᠯᠪᠠ︔ ᠬᠤᠲᠠ ᠪᠠᠯᠭᠠᠰᠣᠨ ᠤ ᠨᠤᠭᠤᠭᠠᠷᠠᠭᠤᠯᠤᠯᠲᠠ ᠶᠢᠨ ᠭᠠᠵᠠᠷ ᠤᠨ ᠪᠠᠶᠢᠷᠢᠯᠠᠭᠤᠯᠤᠯᠲᠠ ᠶᠢ ᠡᠷᠴᠢᠮᠲᠡᠢ ᠲᠦᠯᠦᠪᠵᠢᠬᠦᠯᠵᠦ᠂ 7 ︽ᠪᠢᠴᠢᠯ ᠴᠡᠴᠡᠷᠯᠢᠭ︾ ᠢ ᠪᠠᠶᠢᠭᠤᠯᠤᠨ᠂ 27 ᠲᠦᠮᠡᠨ ᠳᠡᠭᠰᠢ ᠳᠦᠷᠪᠡᠯᠵᠢᠨ ᠮᠧᠲᠷ ᠤᠨ ᠨᠤᠭᠤᠭᠠᠷᠠᠭᠤᠯᠤᠯᠲᠠ ᠶᠢᠨ ᠭᠠᠵᠠᠷ ᠢ ᠰᠢᠨ᠎ᠡ ᠪᠠᠷ ᠨᠡᠮᠡᠭᠳᠡᠬᠦᠯᠵᠦ᠂ ᠣᠯᠵᠠᠴᠢ ᠪᠠᠯᠭᠠᠰᠣᠨ ᠤ ᠬᠤᠶᠢᠲᠤ ᠭᠠᠷᠴᠠ ᠶᠢᠨ ᠠᠮᠢ ᠠᠬᠤᠢ ᠶᠢᠨ ᠨᠤᠭᠤᠭᠠᠷᠠᠭᠤᠯᠤᠯᠲᠠ ᠶᠢᠨ ᠢᠨᠵᠧᠨᠧᠷᠢᠩ ᠢ ᠪᠦᠬᠦ ᠲᠠᠯ᠎ᠠ ᠪᠠᠷ ᠪᠠᠷᠢᠯᠭ᠎ᠠ ᠳᠠᠭᠤᠰᠬᠠᠨ᠂ ᠣᠯᠣᠰ ᠤᠨ ᠴᠡᠴᠡᠷᠯᠢᠭᠵᠢᠬᠦᠯᠬᠡ ᠶᠢᠨ ᠬᠤᠲᠠ ᠶᠢᠨ ᠲᠠᠪᠲᠠᠨ ᠬᠢᠨᠠᠯᠲᠠ ᠶᠢ ᠠᠮᠵᠢᠯᠲᠠᠲᠠᠢ ᠪᠠᠷ ᠲᠤᠭᠤᠯᠵᠤ᠂ ᠭᠤᠯᠤᠮᠲᠠ ᠭᠠᠯ ᠰᠣᠶᠣᠯ ᠤᠨ ᠴᠡᠴᠡᠷᠯᠢᠭ ︽ᠦᠪᠦᠷ ᠮᠣᠩᠭᠤᠯ ᠤᠨ ᠬᠠᠮᠤᠭ ᠤᠨ ᠭᠤᠶᠤ ᠴᠡᠴᠡᠷᠯᠢᠭ︾ ᠢᠶᠠᠷ ᠴᠤᠯᠠᠯᠠᠭᠳᠠᠨ᠂ ᠰᠠᠭᠤᠭᠠᠯᠢ ᠠᠷᠠᠳ  ᠤᠨ ᠠᠮᠢ ᠠᠬᠤᠢ ᠣᠷᠴᠢᠨ ᠲᠤᠭᠤᠷᠢᠨ ᠤ ᠬᠡᠷᠡᠭᠴᠡᠭᠡ ᠶᠢ ᠠᠯᠬᠤᠮ ᠠᠯᠬᠤᠮ ᠢᠶᠠᠷ ᠬᠠᠩᠭᠠᠪᠠ᠃ ᠮᠡᠳᠡᠭᠡ ᠵᠠᠩᠭᠢ ᠴᠢᠮᠡᠭᠡ ᠬᠤᠯᠪᠤᠭᠠᠨ ᠤ ᠲᠤᠤᠷ ᠰᠦᠯᠵᠢᠶ᠎ᠡ ᠶᠢ ᠲᠠᠰᠣᠷᠠᠯᠲᠠ ᠦᠬᠡᠢ ᠳᠡᠭᠦᠯᠳᠡᠷᠵᠢᠬᠦᠯᠪᠡ᠃ ᠬᠤᠲᠠ ᠬᠦᠳᠡᠭᠡ ᠶᠢᠨ ᠲᠤᠤᠷ ᠰᠦᠯᠵᠢᠶᠡᠨ ᠤ ᠪᠦᠷᠬᠦᠴᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠠᠩᠬᠠᠨ ᠵᠢᠯ ᠤᠨ ᠪᠠᠶᠢᠭᠤᠯᠤᠯᠲᠠ ᠶᠢᠨ ᠡᠬᠦᠷᠭᠡ ᠶᠢ ᠪᠡᠶᠡᠯᠡᠬᠦᠯᠵᠦ᠂ 67 ᠴᠢᠮᠡᠭᠡ ᠬᠤᠯᠪᠤᠭᠠᠨ ᠤ. ᠦᠢᠯᠡᠴᠢᠯᠡᠬᠡᠨ ᠤ ᠦᠷᠲᠡᠭᠡ ᠶᠢ ᠰᠢᠨ᠎ᠡ ᠪᠠᠷ ᠪᠠᠶᠢᠭᠤᠯᠤᠨ᠂ ᠭᠤᠤᠯ ᠬᠤᠲᠠ ᠪᠠᠯᠭᠠᠰᠣᠨ ᠳᠤ 5G ᠳᠣᠬᠢᠶᠠᠨ ᠤ ᠪᠦᠬᠦ ᠪᠦᠷᠬᠦᠴᠡ ᠶᠢ ᠪᠡᠶᠡᠯᠡᠬᠦᠯᠵᠦ᠂ ᠭᠤᠤᠯᠳᠠᠯᠭᠠᠲᠤ ᠣᠷᠣᠨ ᠪᠦᠰᠡ ᠪᠠ ᠮᠠᠯᠵᠢᠬᠤ ᠲᠠᠷᠢᠶᠠᠯᠠᠬᠤ ᠤᠷᠤᠨ ᠤ ᠳᠣᠬᠢᠶᠠᠨ ᠤ ᠶᠠᠰᠣ ᠴᠢᠨᠠᠷ ᠢ ᠠᠯᠬᠤᠮ ᠠᠯᠬᠤᠮ ᠢᠶᠠᠷ ᠳᠡᠬᠡᠭᠰᠢᠯᠡᠬᠦᠯᠪᠡ᠃ ᠵᠠᠮ ᠬᠠᠷᠢᠯᠴᠠᠭᠠᠨ ᠤ ᠰᠠᠭᠤᠷᠢ ᠳᠦᠬᠦᠬᠡᠷᠦᠮᠵᠢ ᠶᠢ ᠲᠠᠰᠣᠷᠠᠯᠲᠠ ᠦᠬᠡᠢ ᠳᠡᠬᠦᠯᠳᠡᠷᠵᠢᠬᠦᠯᠪᠡ᠃ ᠰᠢᠨ᠎ᠡ  ᠪᠠᠷ ᠪᠠᠶᠢᠭᠤᠯᠤᠭᠰᠠᠨ᠂ ᠦᠭᠡᠷᠡᠴᠢᠯᠡᠵᠦ ᠦᠷᠬᠡᠳᠬᠡᠭᠰᠡᠨ ᠵᠠᠰᠠᠮᠠᠯ ᠵᠠᠮ ᠢ 221.6 ᠺᠢᠯᠤᠮᠧᠲᠷ ᠲᠤ ᠬᠦᠷᠭᠡᠨ᠂ ᠳᠤᠯᠢ ᠠᠴᠠ ᠨᠠᠩᠰᠤ ᠬᠦᠷᠬᠦ ᠨᠢᠬᠡᠳᠤᠬᠡᠷ ᠳᠡᠰ ᠤᠨ ᠵᠠᠰᠠᠮᠠᠯ ᠵᠠᠮ᠂ ᠪᠤᠷᠤᠪᠠᠯᠭᠠᠰᠣ ᠠᠴᠠ ᠳᠠᠬᠢᠯᠲᠤ ᠬᠦᠷᠬᠦ ᠬᠤᠪᠢᠰᠬᠠᠯᠲᠤ ᠵᠢᠭᠤᠯᠴᠢᠯᠠᠯ ᠤᠨ ᠵᠠᠰᠠᠮᠠᠯ ᠵᠠᠮ ᠤᠨ ᠪᠠᠷᠢᠯᠭ᠎ᠠ ᠶᠢ ᠳᠠᠭᠤᠰᠬᠠᠵᠤ᠂ 2022 ᠣᠨ ᠤ ︽ᠳᠦᠷᠪᠡᠨ ᠰᠠᠶᠢᠲᠠᠢ ᠬᠦᠳᠡᠭᠡ ᠲᠤᠰᠬᠤᠨ ᠤ ᠵᠠᠮ︾ ᠤᠨ ᠪᠦᠬᠦ ᠣᠯᠣᠰ ᠤᠨ ᠵᠢᠱᠢᠶ᠎ᠡ ᠦᠵᠡᠬᠦᠯᠬᠦ ᠰᠢᠶᠡᠨ ᠳᠤ ᠣᠷᠣᠪᠠ︔ ᠨᠡᠶᠢᠲᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠦᠭᠡᠷᠡᠴᠢᠯᠡᠵᠦ ᠦᠷᠭᠡᠳᠬᠡᠬᠦ ᠢᠨᠵᠧᠨᠧᠷᠢᠩ ᠤᠨ ᠪᠠᠷᠢᠯᠭ᠎ᠠ ᠶᠢ ᠪᠦᠬᠦ ᠲᠠᠯ᠎ᠠ ᠪᠠᠷ ᠳᠠᠭᠤᠰᠬᠠᠨ᠂ ᠨᠢᠬᠡ ᠪᠦᠯᠦᠭ ᠶᠡᠭᠡ᠂ ᠳᠤᠮᠳᠠ ᠵᠡᠷᠬᠡ ᠶᠢᠨ ᠬᠤᠲᠠ ᠬᠦᠷᠬᠦ ᠳᠠᠮᠵᠢᠭᠤᠯᠤᠯ ᠠᠶᠠᠯᠠᠯ ᠤᠨ ᠱᠣᠭᠤᠮ ᠢ ᠨᠡᠪᠲᠡᠷᠡᠬᠦᠯᠵᠦ᠂ ᠪᠦᠬᠦ ᠬᠤᠲᠠ ᠶᠢᠨ ︽ᠭᠤᠤᠯ ᠵᠠᠮ ᠰᠠᠯᠪᠤᠷᠢ ᠱᠣᠭᠤᠮ ᠨᠡᠪᠲᠡᠷᠡᠯᠴᠡᠭᠰᠡᠨ᠂ ᠪᠦᠬᠦ ᠲᠤᠤᠷ ᠬᠠᠷᠢᠯᠴᠠᠨ ᠬᠤᠯᠪᠤᠯᠳᠣᠭᠰᠠᠨ︾ ᠲᠤᠷᠰᠢᠯᠲᠠ ᠶᠢᠨ ᠴᠡᠭ ᠤᠨ ᠠᠩᠬᠠᠳᠣᠭᠠᠷ ᠨᠠᠶᠢᠲᠡᠮ ᠬᠡᠷᠡᠭᠯᠡᠬᠡᠨ ᠤ ᠨᠢᠰᠬᠡᠯ ᠤᠨ ᠪᠠᠭᠤᠳᠠᠯ ᠪᠤᠯᠵᠤ᠂ ᠣᠯᠵᠠᠴᠢ ᠠᠴᠠ ᠱᠠᠩᠬᠠᠢ  ᠶᠢᠨ ᠰᠦᠮ᠎ᠡ ᠬᠦᠷᠬᠦ ᠲᠡᠮᠦᠷ ᠵᠠᠮ᠂ ᠪᠠᠷᠠᠭᠤᠨ ᠪᠡᠶ᠎ᠡ ᠶᠢᠨ ᠲᠡᠮᠦᠷ ᠵᠠᠮ ᠤᠨ ᠲᠤᠰᠬᠠᠢ ᠱᠣᠭᠤᠮ᠂ ᠴᠠᠩ ᠴᠧᠩ ᠴᠠᠬᠢᠯᠭᠠᠨ ᠦᠢᠯᠡᠳᠪᠦᠷᠢ ᠶᠢᠨ ᠲᠡᠮᠦᠷ ᠵᠠᠮ ᠤᠨ ᠲᠤᠰᠬᠠᠢ ᠱᠣᠭᠤᠮ ᠤᠨ ᠡᠮᠦᠨᠡᠬᠢ ᠬᠤᠭᠤᠴᠠᠭᠠᠨ ᠤ ᠠᠵᠢᠯ ᠢ ᠦᠨᠳᠦᠰᠦᠨ ᠳᠤ ᠪᠠᠨ ᠪᠡᠶᠡᠯᠡᠬᠦᠯᠦᠨ᠂ ᠣᠯᠣᠰ ᠤᠨ ᠴᠠᠬᠢᠯᠭᠠᠨ ᠤ ᠱᠣᠸᠠᠩ ᠸᠧᠢ ᠴᠠᠬᠢᠯᠭᠠᠨ ᠦᠢᠯᠡᠳᠪᠦᠷᠢ ᠶᠢᠨ ᠲᠡᠮᠦᠷ ᠵᠠᠮ ᠤᠨ ᠲᠤᠰᠬᠠᠢ ᠱᠣᠭᠤᠮ ᠪᠦᠬᠦ ᠲᠠᠯ᠎ᠠ ᠪᠠᠷ ᠨᠡᠪᠲᠡᠷᠡᠪᠡ᠃ ᠣᠷᠣᠰᠢᠨ ᠰᠠᠭᠤᠷᠢᠰᠢᠬᠤ ᠣᠷᠴᠢᠨ ᠲᠤᠭᠤᠷᠢᠨ ᠢ ᠦᠷᠬᠦᠯᠵᠢᠯᠡᠨ ᠰᠠᠶᠢᠵᠢᠷᠠᠭᠤᠯᠪᠠ᠃ ︽ᠣᠲᠤᠭ ᠤᠨ ᠡᠮᠦᠨᠡᠲᠦ ᠬᠤᠰᠢᠭᠤᠨ ᠤ ᠬᠡᠢ ᠬᠠᠩᠭᠠᠯᠭ᠎ᠠ︾ ᠶᠢᠨ ᠢᠨᠵᠧᠨᠧᠷᠢᠩ᠂ ᠣᠷᠣᠰᠢᠨ ᠰᠠᠭᠤᠷᠢᠰᠢᠬᠤ ᠣᠷᠴᠢᠨ ᠤ ᠴᠡᠭᠴᠡᠯᠡᠯᠳᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠦᠨᠵᠡᠬᠡᠢ ᠬᠡᠷᠡᠭᠵᠢᠬᠦᠯᠦᠨ᠂ ᠭᠠᠴᠠᠭ᠎ᠠ ᠲᠤᠰᠬᠤᠨ ᠤ ᠲᠦᠯᠦᠪᠵᠢᠬᠦᠯᠬᠡ ᠶᠢᠨ ᠲᠤᠭᠤᠷᠪᠢᠯᠲᠡ ᠶᠢ ᠪᠡᠶᠡᠯᠡᠬᠦᠯᠵᠦ᠂ 2500 ᠡᠷᠦᠬᠡ ᠶᠢᠨ ᠨᠡᠬᠦᠷᠡᠰᠤᠨ ᠳᠣᠯᠠᠭᠠᠯᠠᠭ᠎ᠠ ᠶᠢ ᠴᠠᠬᠢᠯᠭᠠᠨ ᠳᠣᠯᠠᠭᠠᠯᠠᠭ᠎ᠠ ᠪᠤᠯᠭᠠᠬᠤ ᠦᠬᠡᠷᠡᠴᠢᠯᠡᠯᠲᠡ ᠶᠢ ᠬᠡᠷᠡᠭᠵᠢᠬᠦᠯᠤᠨ᠂ ᠡᠷᠦᠬᠡ ᠶᠢᠨ ᠵᠤᠷᠯᠤᠩ ᠤᠨ ᠦᠭᠡᠷᠡᠴᠢᠯᠡᠯᠲᠡ  ᠶᠢᠨ ᠡᠬᠦᠷᠬᠡ ᠶᠢ ᠪᠦᠬᠦ ᠳᠠᠯ᠎ᠠ ᠪᠠᠷ ᠪᠡᠶᠡᠯᠡᠬᠦᠯᠵᠤ᠂ 3 ᠬᠤᠭ ᠨᠤᠪᠰᠢ ᠪᠤᠯᠠᠬᠤ ᠭᠠᠵᠠᠷ᠂ 9 ᠬᠤᠭ ᠨᠣᠪᠰᠢ ᠰᠢᠯᠵᠢᠬᠦᠯᠬᠦ ᠦᠷᠲᠡᠭᠡ ᠶᠢ  ᠪᠠᠶᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠢ ᠴᠡᠪᠡᠷ ᠲᠢᠭᠯᠢᠮ ᠲᠠᠢ ᠪᠤᠯᠭᠠᠪᠠ᠃     ᠨᠢᠭᠡ ᠵᠢᠯ ᠤᠨ ᠲᠤᠷᠰᠢ᠂ ᠪᠢᠳᠡ ᠠᠮᠢ ᠠᠬᠤᠢ ᠶᠢ ᠲᠠᠷᠢᠬᠦᠨ ᠳᠤ ᠲᠠᠯᠪᠢᠬᠤ ᠶᠢ ᠪᠠᠷᠢᠮᠲᠠᠯᠠᠵᠤ᠂ ᠬᠦᠭᠵᠢᠯᠲᠡ ᠶᠢᠨ ᠦᠨᠳᠦᠰᠦ ᠰᠣᠷᠪᠣᠯᠵᠢ ᠶᠢ ᠨᠡᠩ ᠲᠤᠲᠤᠷᠠᠭᠤᠯᠪᠠ᠃ ᠠᠭᠤᠯᠠ ᠣᠰᠣ ᠣᠢ ᠲᠠᠷᠢᠶ᠎ᠠ ᠨᠠᠭᠤᠷ ᠡᠪᠡᠰᠦ ᠡᠯᠡᠰᠦ ᠶᠢ ᠴᠤᠭᠴᠠᠵᠢᠭᠤᠯᠤᠭᠰᠠᠨ ᠬᠠᠮᠠᠭᠠᠯᠠᠯᠲᠠ ᠪᠠ ᠰᠢᠰᠲ᠋ᠧᠮᠲᠦ ᠵᠠᠰᠠᠯᠲᠠ ᠶᠢ ᠨᠢᠭᠡᠳᠦᠯᠲᠡᠢ ᠲᠦᠯᠦᠪᠵᠢᠬᠦᠯᠪᠡ᠃ ᠪᠤᠬᠢᠷᠳᠣᠯ ᠤᠨ ᠵᠠᠰᠠᠯᠲᠠ ᠶᠢᠨ ᠡᠷᠴᠢᠮ ᠢ ᠦᠷᠬᠦᠯᠵᠢᠯᠡᠨ ᠴᠢᠩᠭᠠᠳᠬᠠᠪᠠ᠃ ᠬᠡᠣᠷᠰᠢᠬᠦᠯᠬᠦ ᠠᠵᠤ ᠠᠬᠤᠶᠢᠯᠠᠯ ᠤᠨ ᠮᠡᠷᠭᠡᠵᠢᠯ ᠤᠨ ᠦᠬᠡᠷᠡᠴᠢᠯᠡᠯᠲᠡ ᠶᠢ ᠪᠡᠶᠡᠯᠡᠬᠦᠯᠦᠨ᠂ ᠬᠡᠣᠷᠡᠰᠦᠨ ᠤ ᠵᠤᠤᠬ᠎ᠠ ᠶᠢᠨ ᠬᠠᠮᠤᠭ ᠳᠣᠣᠷ᠎ᠠ ᠭᠠᠳᠠᠭᠰᠢᠯᠠᠭᠤᠯᠤᠯᠲᠠ᠂ ᠬᠡᠣᠷᠡᠰᠦ ᠣᠨᠲᠠᠷᠠᠭᠠᠭᠰᠠᠨ ᠬᠠᠶᠠᠭᠳᠠᠮᠠᠯ ᠣᠰᠣᠨ ᠤ ᠳᠠᠬᠢᠨ ᠬᠡᠷᠡᠭᠯᠡᠯᠲᠡ ᠶᠢ ᠪᠡᠶᠡᠯᠡᠬᠦᠯᠵᠦ᠂ ᠬᠠᠲᠠᠭᠤ ᠪᠡᠶᠡᠲᠦ ᠬᠠᠶᠠᠭᠳᠠᠮᠠᠯ ᠪᠤᠳᠠᠰ ᠤᠨ ᠬᠡᠮᠵᠢᠶ᠎ᠡ ᠶᠢ ᠪᠠᠭᠠᠰᠬᠠᠨ ᠦᠢᠯᠡᠳᠪᠦᠷᠢᠯᠡᠬᠦ ᠶᠢ ᠠᠬᠢᠭᠤᠯᠤᠨ᠂ ᠲᠦᠪ ᠤᠨ ᠠᠮᠢ ᠠᠬᠤᠢ ᠣᠷᠴᠢᠨ ᠬᠠᠮᠠᠭᠠᠯᠠᠯᠲᠠ ᠶᠢᠨ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠤᠨ ᠰᠢᠢᠤᠨᠪᠤᠷᠢᠯᠡᠯᠳᠠ ᠶᠢ ᠠᠮᠵᠢᠯᠳᠠᠳᠠᠢ ᠪᠡᠶᠡᠯᠡᠬᠦᠯᠵᠤ᠂ ᠲᠦᠪᠯᠡᠷᠡᠩᠬᠦᠢ ᠮᠠᠶ᠋ᠢᠭ ᠤᠨ ᠣᠰᠣ ᠣᠮᠳᠠ ᠶᠢᠨ ᠡᠬᠢ ᠰᠣᠷᠪᠣᠯᠵᠢ ᠶᠢᠨ ᠭᠠᠵᠠᠷ ᠳᠣᠣᠷᠠᠬᠢ ᠣᠰᠣᠨ ᠤ ᠶᠠᠰᠣ ᠴᠢᠨᠠᠷ ᠤᠨ ᠪᠠᠷᠢᠮᠵᠢᠶᠠᠨ ᠤ ᠨᠣᠷᠮ᠎ᠠ ᠶᠢ 100% ᠳᠤ ᠬᠦᠷᠭᠡᠨ᠂ ᠪᠦᠬᠦ ᠬᠤᠰᠢᠭᠤᠨ ᠤ ᠠᠭᠠᠷ ᠤᠨ ᠣᠬᠢ ᠰᠠᠶᠢᠨ ᠪᠠᠶᠢᠬᠤ ᠡᠳᠦᠷ ᠤᠨ ᠲᠤᠭᠠᠨ ᠤ ᠬᠠᠷᠢᠴᠠᠯ 93.5% ᠳᠤ ᠬᠦᠷᠴᠦ᠂ ᠪᠤᠬᠢᠷᠳᠣᠯ ᠤᠨ ᠵᠠᠰᠠᠯᠲᠠ ᠶᠢᠨ ᠰᠢᠪᠲᠤᠯᠤᠯᠲᠠ  ᠶᠢᠨ ᠠᠵᠢᠯᠯᠠᠭ᠎ᠠ ᠶᠢᠨ ᠶᠡᠷᠦᠩᠬᠡᠶᠢᠯᠡᠭᠰᠡᠨ ᠰᠢᠯᠭᠠᠨ ᠦᠨᠡᠯᠡᠯᠲᠡ ᠳᠤ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠪᠠᠶᠢᠷᠢᠯᠠᠪᠠ᠃ ᠭᠠᠵᠠᠷ ᠳᠣᠣᠷᠠᠬᠢ ᠣᠰᠣᠨ ᠤ ᠬᠡᠲᠦ ᠠᠰᠢᠭᠯᠠᠯᠲᠠ ᠶᠢᠨ ᠵᠠᠰᠠᠯᠲᠠ ᠶᠢᠨ ᠪᠦᠲᠦᠮᠵᠢ ᠶᠢ ᠰᠠᠶᠢᠵᠢᠷᠠᠭᠤᠯᠪᠠ᠃ᠣᠰᠣᠨ ᠰᠣᠷᠪᠣᠯᠵᠢ ᠶᠢᠨ ᠭᠠᠵᠠᠷ ᠠᠴᠠ ᠨᠡᠬᠦᠯᠬᠡᠬᠦ᠂ ᠦᠨᠵᠢᠬᠦᠯᠦᠨ ᠲᠠᠷᠢᠬᠤ ᠶᠢ ᠬᠦᠬᠢᠬᠦᠯᠬᠦ᠂ ᠲᠠᠷᠢᠮᠠᠯ ᠤᠨ ᠪᠦᠲᠦᠴᠡ ᠶᠢ ᠲᠤᠬᠢᠷᠠᠭᠤᠯᠬᠤ ᠵᠡᠷᠭᠡ ᠶᠠᠷᠦᠩᠬᠡᠶᠢᠯᠡᠭᠰᠡᠨ ᠵᠠᠰᠠᠯᠲᠠ ᠶᠢᠨ ᠠᠷᠭ᠎ᠠ ᠠᠪᠴᠠᠯ ᠢ ᠬᠡᠷᠡᠭᠵᠢᠬᠦᠯᠦᠨ᠂ ᠲᠤᠭᠲᠠᠭᠠᠯ ᠳᠤ ᠦᠯᠦ ᠨᠡᠶᠢᠴᠡᠬᠦ 414 ᠮᠠᠰᠢᠨ ᠬᠤᠳᠳᠤᠭ ᠢ ᠬᠠᠣᠯᠢ ᠶᠤᠰᠤᠭᠠᠷ ᠪᠢᠲᠡᠬᠦᠮᠵᠢᠯᠡᠵᠦ᠂ 484 ᠰᠠᠭᠤᠷᠢ ᠬᠦᠯᠡᠮᠵᠢ ᠶᠢ ᠰᠢᠨ᠎ᠡ ᠪᠠᠷ ᠪᠠᠶᠢᠭᠤᠯᠤᠨ᠂ 4600 ᠮᠣ᠋ ᠣᠰᠣᠯᠠᠯᠲᠠ ᠶᠢᠨ ᠭᠠᠵᠠᠷ ᠢ ᠰᠣᠯᠢᠵᠦ᠂ 1 ᠲᠦᠮᠡᠨ ᠮᠣ᠋ ᠭᠠᠵᠠᠷ ᠲᠤ ᠦᠨᠵᠢᠬᠦᠯᠦᠨ ᠲᠠᠷᠢᠬᠤ ᠲᠦᠷᠦ ᠶᠢᠨ ᠪᠤᠳᠤᠯᠭ᠎ᠠ ᠶᠢ ᠨᠠᠶᠢᠲᠠᠪᠤᠷᠢᠵᠢᠭᠤᠯᠤᠨ᠂ 1000 ᠮᠣ᠋ ᠦᠨᠳᠦᠷ ᠪᠦᠲᠦᠮᠵᠢᠲᠡᠢ ᠠᠷᠪᠢᠲᠠᠢ ᠣᠰᠣᠯᠠᠯᠲᠠ ᠶᠢᠨ ᠭᠠᠵᠠᠷ ᠢ ᠬᠦᠭᠵᠢᠬᠦᠯᠵᠦ᠂ 35 ᠣᠰᠣᠨ ᠵᠤᠭᠤᠷᠢ᠂ 17 ᠣᠰᠣᠨ ᠬᠤᠳᠳᠤᠭ ᠢ ᠰᠢᠨ᠎ᠡ ᠪᠠᠷ ᠪᠠᠶᠢᠭᠤᠯᠵᠤ᠂ 109 ᠺᠢᠯᠣᠮᠧᠲᠷ ᠤᠨ ᠣᠰᠣ ᠬᠠᠩᠭᠠᠬᠤ ᠬᠤᠭᠤᠯᠠᠢ ᠶᠢ ᠳᠡᠪᠢᠰᠤᠨ᠂ ᠭᠤᠷᠪᠠᠳᠣᠭᠠᠷ ᠣᠯᠠᠷᠢᠯ ᠤᠨ ᠣᠯᠵᠠᠴᠢ ᠪᠠᠯᠭᠠᠰᠣᠨ ᠤ ᠭᠠᠵᠠᠷ ᠳᠣᠣᠷᠠᠬᠢ ᠣᠰᠣᠨ ᠤ ᠬᠡᠲᠦ ᠠᠰᠢᠭᠯᠠᠯᠲᠠ ᠶᠢᠨ ᠣᠷᠣᠨ ᠤ ᠣᠰᠣᠨ ᠳᠦᠪᠰᠢᠨ ᠠᠳᠠᠯᠢ ᠬᠤᠭᠤᠴᠠᠭᠠᠨ ᠤ ᠬᠢ ᠠᠴᠠ 2.8 ᠮᠧᠲᠷ ᠳᠡᠬᠡᠭᠰᠢᠯᠡᠵᠤ᠂ ᠳᠠᠬᠢᠯᠲᠤ ᠶᠢᠨ ᠭᠠᠵᠠᠷ ᠳᠣᠣᠷᠠᠬᠢ ᠣᠰᠣᠨ ᠤ ᠬᠡᠲᠦ ᠠᠰᠢᠭᠯᠠᠯᠲᠠ ᠶᠢᠨ ᠣᠷᠣᠨ ᠤ ᠣᠰᠣᠨ ᠳᠦᠪᠰᠢᠨ ᠠᠳᠠᠯᠢ ᠬᠤᠭᠤᠴᠠᠭᠠᠨ ᠤ ᠬᠢ ᠠᠴᠠ 3.3 ᠮᠧᠲᠷ ᠳᠡᠬᠡᠭᠰᠢᠯᠡᠨ᠂ ᠣᠰᠣ᠂ ᠭᠠᠵᠠᠷ ᠰᠢᠷᠤᠢ ᠶᠢ ᠪᠠᠭᠠᠰᠬᠠᠭᠰᠠᠨ ᠴᠤ ᠣᠷᠣᠯᠭ᠎ᠠ ᠪᠠᠭᠠᠰᠬᠤ ᠦᠬᠡᠢ ᠪᠠᠶᠢᠬᠤ ᠶᠢ ᠪᠡᠶᠡᠯᠡᠬᠦᠯᠪᠡ᠃ 3 ᠳ᠋ᠦᠩᠰᠢᠭᠤᠷ ᠲᠦᠬᠦᠷᠢᠭ  ᠰᠢᠬᠠᠮ ᠪᠡᠯᠡ ᠣᠷᠣᠭᠤᠯᠣᠨ᠂ ᠣᠯᠠᠨ ᠵᠢᠯ ᠲᠦᠯᠦᠪᠵᠢᠬᠦᠯᠦᠭᠰᠡᠨ ᠣᠯᠵᠠᠴᠢ ᠪᠠᠯᠭᠠᠰᠣᠨ ᠤ ᠭᠠᠵᠠᠷ ᠳᠣᠣᠷᠠᠬᠢ ᠣᠰᠣᠨ ᠤ ᠬᠡᠲᠦ ᠠᠰᠢᠭᠯᠠᠯᠲᠠ ︵ᠣᠰᠣᠨ ᠤ ᠠᠮᠢ ᠠᠬᠤᠢ︶ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠬᠦᠯᠵᠦ᠂ ᠪᠠᠷᠢᠯᠭ᠎ᠠ ᠶᠢᠨ ᠬᠡᠮᠵᠢᠶᠡᠨ ᠤ 60% ᠶᠢ ᠪᠡᠶᠡᠯᠡᠬᠦᠯᠪᠡ᠃ ᠠᠮᠢ ᠠᠬᠤᠢ ᠶᠢᠨ ᠬᠠᠮᠠᠭᠠᠯᠠᠯᠲᠠ ᠵᠠᠰᠠᠯᠲᠠ  ᠶᠢ ᠲᠠᠰᠣᠷᠠᠯᠲᠠ ᠦᠬᠡᠢ ᠴᠢᠩᠭᠠᠳᠬᠠᠪᠠ᠃ ᠣᠯᠣᠰ ᠤᠨ ᠬᠦᠷᠦᠰᠦ ᠰᠢᠷᠤᠢ ᠶᠢᠨ ᠬᠠᠮᠠᠭᠠᠯᠠᠯᠲᠠ᠂ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠪᠠ ᠰᠡᠷᠬᠦᠬᠡᠯᠲᠡ ᠵᠠᠰᠠᠯᠲᠠ ᠵᠡᠷᠭᠡ ᠴᠢᠬᠤᠯᠠ ᠶᠡᠭᠡ ᠢᠨᠵᠧᠨᠧᠷᠢᠩ ᠢ ᠬᠦᠨᠵᠡᠬᠡᠢ ᠬᠡᠷᠡᠭᠵᠢᠬᠦᠯᠵᠦ᠂ 15.2 ᠲᠦᠮᠡᠨ ᠮᠣ᠋ ᠣᠢ ᠰᠢᠭᠤᠢ ᠶᠢᠨ ᠠᠮᠢ ᠠᠬᠤᠢ ᠶᠢᠨ ᠪᠠᠶᠢᠭᠤᠯᠤᠯᠲᠠ᠂ 71.5 ᠲᠦᠮᠡᠨ ᠮᠣ᠋ ᠨᠣᠲᠤᠭ ᠪᠡᠯᠴᠢᠭᠡᠷ ᠤᠨ ᠠᠮᠢ ᠠᠬᠤᠢ ᠶᠢᠨ ᠪᠠᠶᠢᠭᠤᠯᠤᠯᠲᠠ ᠶᠢ ᠪᠡᠶᠡᠯᠡᠬᠦᠯᠦᠨ᠂ 2025 ᠲᠦᠮᠡᠨ ᠲᠦᠬᠦᠷᠢᠭ ᠪᠡᠯᠡ ᠣᠷᠣᠭᠤᠯᠵᠣ᠂ 3400 ᠮᠣ᠋ ᠠᠷᠪᠢᠲᠠᠢ ᠣᠰᠣᠯᠠᠯᠲᠠ ᠶᠢᠨ ᠠᠵᠤ ᠠᠬᠤᠢ ᠶᠢᠨ ᠵᠢᠱᠢᠶ᠎ᠡ ᠦᠵᠡᠬᠦᠯᠬᠦ ᠣᠢ ᠶᠢ ᠪᠠᠶᠢᠭᠤᠯᠵᠤ᠂ ᠠᠮᠢ ᠠᠬᠤᠢ ᠪᠠᠷ ᠠᠷᠠᠤᠨ ᠢ ᠴᠢᠨᠡᠭᠡᠯᠢᠭᠵᠢᠬᠦᠯᠬᠦ ᠪᠦᠲᠦᠮᠵᠢ ᠶᠢ ᠲᠠᠰᠣᠷᠠᠯᠲᠠ ᠦᠬᠡᠢ ᠢᠯᠡᠷᠡᠬᠦᠯᠪᠡ᠃     ᠨᠢᠬᠡ ᠵᠢᠯ ᠤᠨ ᠲᠣᠷᠰᠢ᠂  ᠪᠢᠳᠠ ᠬᠠᠮᠳᠣᠪᠡᠷ ᠪᠠᠶᠢᠭᠤᠯᠣᠨ ᠬᠠᠮᠳᠣ ᠡᠳ᠋ᠯᠡᠬᠦ ᠶᠢ ᠪᠠᠷᠢᠮᠳᠠᠯᠠᠵᠤ᠂ ᠠᠷᠠᠳ ᠤᠨ ᠠᠮᠢᠳᠤᠷᠠᠯ ᠤᠨ ᠠᠰᠢᠭ ᠵᠢᠷᠭᠠᠯ ᠢ ᠥᠷᠭᠦᠯᠵᠢᠯᠡᠭᠦᠯᠥᠨ ᠨᠡᠮᠡᠭᠳᠡᠭᠦᠯᠪᠡ᠃  ᠪᠡᠯᠡ ᠮᠦᠩᠬᠦᠨ ᠤ ᠪᠠᠲᠣᠯᠠᠭ᠎ᠠ ᠶᠢ ᠲᠠᠰᠣᠷᠠᠯᠲᠠ ᠦᠬᠡᠢ ᠴᠢᠩᠭᠠᠳᠬᠠᠪᠠ᠃  ᠬᠤᠰᠢᠭᠤ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠤᠨ ᠴᠠᠷᠠᠭᠠᠨ ᠳᠤ 25.5 ᠳ᠋ᠦᠩᠰᠢᠭᠤᠷ ᠲᠦᠬᠦᠷᠢᠭ ᠪᠡᠯᠡ ᠣᠷᠣᠭᠤᠯᠵᠣ᠂ ᠡᠯ᠎ᠡ ᠪᠠᠯᠭᠠᠰᠣ᠂ ᠨᠡᠶᠢᠬᠡᠮ ᠲᠣᠭᠤᠷᠢᠭ ᠭᠠᠴᠠᠭ᠎ᠠ ᠲᠣᠰᠬᠤᠨ ᠤ ᠠᠵᠢᠯ ᠤᠨ ᠵᠠᠷᠣᠳᠠᠯ ᠢ 2081 ᠲᠦᠮᠡᠨ ᠲᠦᠬᠦᠷᠢᠭ ᠨᠠᠶᠢᠲᠠᠪᠣᠷᠢᠵᠢᠭᠤᠯᠣᠨ᠂ ᠠᠵᠢᠯᠲᠠᠳ ᠤᠨ ᠬᠤᠶᠠᠷ ᠵᠢᠯ ᠤᠨ ᠴᠠᠯᠢᠩ ᠲᠠᠢ ᠠᠮᠠᠷᠠᠬᠤ ᠨᠦᠬᠦᠪᠣᠷᠢ ᠶᠢ 4995 ᠲᠦᠮᠡᠨ ᠲᠦᠬᠦᠷᠢᠭ ᠨᠦᠬᠦᠨ ᠣᠯᠭᠤᠵᠣ᠂ ︽ᠣᠯᠠᠨ ᠲᠣᠣᠷᠵᠢᠯ ᠢ ᠨᠢᠬᠡᠳᠬᠡᠬᠦ︾ ᠶᠢ ᠪᠡᠶᠡᠯᠡᠬᠦᠯᠣᠨ 489 ᠲᠣᠰᠬᠠᠢ ᠲᠣᠰᠢᠶᠠᠯᠲᠣ ᠪᠦᠬᠦ ᠲᠠᠯᠠᠴᠢ ᠲᠣᠣᠷᠵᠢᠯ ᠬᠡᠰᠢᠬᠦᠳ  ᠤᠨ ᠡᠩᠨᠡᠭᠡ ᠶᠢ ᠴᠡᠭᠴᠡᠵᠢᠬᠦᠯᠤᠨ᠂ 1268 ᠲᠦᠮᠡᠨ ᠲᠦᠬᠦᠷᠢᠭ ᠤᠨ ᠨᠦᠬᠦᠪᠣᠷᠢ ᠶᠢ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠴᠢᠨᠠᠷᠯᠢᠭ ᠬᠦᠭᠵᠢᠯᠳᠠ᠂ ᠠᠷᠠᠤᠨ ᠤᠨ ᠠᠮᠢᠳᠤᠷᠠᠯ ᠤᠨ ᠴᠢᠨᠠᠷ ᠰᠠᠶᠢᠳᠠᠢ ᠪᠠᠳᠤᠯᠠᠭ᠎ᠠ ᠳᠤ ᠪᠠᠳᠤ ᠰᠠᠭᠤᠷᠢ ᠳᠠᠯᠪᠢᠪᠠ᠃ ᠠᠷᠠᠳ ᠤᠨ ᠠᠮᠢᠳᠣᠷᠠᠯ ᠤᠨ ᠲᠦᠷᠦᠯ ᠵᠦᠢᠯ ᠢ ᠪᠦᠬᠦ ᠲᠠᠯ᠎ᠠ ᠪᠠᠷ ᠪᠡᠶᠡᠯᠡᠬᠦᠯᠪᠡ᠃ ᠠᠷᠠᠤᠨ ᠤᠨ ᠲᠦᠯᠤᠬᠡᠯᠡᠭᠴᠢᠤᠨ ᠠᠴᠠ ᠪᠢᠯᠧᠲ ᠦᠭᠴᠤ ᠲᠣᠭᠲᠠᠭᠠᠭᠰᠠᠨ ᠠᠷᠠᠤᠨ ᠤᠨ ᠠᠮᠢᠳᠤᠷᠠᠯ ᠤᠨ ᠪᠤᠳᠠᠳᠤ ᠶᠠᠪᠤᠳᠠᠯ ᠤᠨ 10 ᠲᠦᠷᠤᠯ ᠵᠦᠢᠯ ᠤᠨ 1.2 ᠳ᠋ᠥᠩᠰᠢᠭᠤᠷ ᠲᠥᠭᠦᠷᠢᠭ ᠪᠡᠯᠡ ᠶᠢ ᠣᠷᠣᠨᠵᠢᠭᠤᠯᠵᠣ᠂ ᠪᠦᠬᠦᠨ ᠢ ᠬᠤᠭᠤᠴᠠᠭ᠎ᠠ ᠶᠣᠰᠣᠭᠠᠷ ᠠᠰᠢᠭᠯᠠᠯᠲᠠ ᠳᠤ ᠣᠷᠣᠭᠤᠯᠪᠠ᠃ ᠨᠡᠶᠢᠬᠡᠮ ᠤᠨ ᠪᠠᠲᠣᠯᠠᠭ᠎ᠠ ᠶᠢ ᠲᠠᠰᠣᠷᠠᠯᠲᠠ ᠦᠬᠡᠢ ᠰᠢᠯᠢᠳᠡᠭᠵᠢᠬᠦᠯᠪᠡ᠃ ᠰᠢᠨ᠎ᠡ ᠪᠠᠷ 684 ᠬᠦᠮᠦᠨ ᠳᠤ ᠠᠵᠢᠯ ᠣᠯᠭᠤᠨ᠂ ᠬᠤᠲᠠ ᠪᠠᠯᠭᠠᠰᠣᠨ ᠤ ᠲᠠᠩᠰᠠᠯᠠᠭᠰᠠᠨ ᠠᠵᠢᠯ ᠠᠯᠲᠠᠯᠲᠠ ᠶᠢᠨ ᠨᠣᠷᠮ᠎ᠠ ᠬᠤᠲᠠ ᠶᠢᠨ ᠲᠣᠭᠲᠠᠭᠠᠭᠰᠠᠨ ᠬᠠᠷᠠᠯᠲᠠ ᠠᠴᠠ 1.4 ᠵᠠᠭᠤᠨ ᠤ ᠨᠢᠬᠡᠴᠢ ᠲᠣᠣᠷ᠎ᠠ ᠪᠣᠯᠵᠣ᠂ ᠦᠢᠯᠡᠰ ᠪᠣᠰᠬᠠᠬᠤ ᠲᠠᠭᠠᠭᠠᠯᠲᠠᠳᠣ ᠵᠢᠬᠡᠯᠡᠯᠬᠡ ᠪᠣᠯᠣᠨ ᠦᠢᠯᠡᠰ ᠪᠣᠰᠬᠠᠬᠤ ᠨᠦᠬᠦᠪᠣᠷᠢ ᠶᠢ 1795 ᠲᠦᠮᠡᠨ ᠲᠦᠬᠦᠷᠢᠭ ᠲᠠᠯᠪᠢᠨ᠂ ᠠᠵᠢᠯ ᠠᠯᠳᠠᠭᠰᠠᠳ ᠤᠨ ᠨᠦᠬᠦᠪᠣᠷᠢ᠂ ᠠᠵᠢᠯ ᠤᠨ ᠪᠠᠶᠢᠷᠢ ᠶᠢ ᠲᠣᠭᠲᠠᠪᠣᠷᠢᠵᠢᠭᠤᠯᠬᠤ ᠨᠦᠬᠦᠪᠣᠷᠢ᠂ ᠠᠵᠢᠯ ᠤᠨ ᠪᠠᠶᠢᠷᠢ ᠶᠢ ᠦᠷᠬᠡᠳᠬᠡᠬᠦ ᠨᠦᠬᠦᠪᠣᠷᠢ ᠶᠢ ᠪᠦᠬᠦᠨ ᠢᠶᠠᠷ ᠨᠦᠬᠦᠪᠣᠷᠢᠯᠡᠵᠣ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠦᠨᠳᠣᠰᠣᠨ ᠨᠠᠰᠣᠵᠢᠯ ᠤᠨ ᠲᠠᠭᠠᠳᠬᠠᠯ᠂ ᠡᠮ ᠡᠮᠴᠢᠯᠡᠬᠡᠨ ᠤ ᠲᠠᠭᠠᠳᠬᠠᠯ ᠤᠨ ᠦᠨᠳᠣᠰᠣᠨ ᠪᠦᠷᠬᠦᠴᠡ ᠶᠢ ᠪᠡᠶᠡᠯᠡᠬᠦᠯᠪᠡ᠃ ᠰᠤᠷᠭᠠᠨ ᠭᠥᠮᠥᠵᠢᠯ ᠤᠨ ᠦᠢᠯᠡᠰ ᠤᠨ ᠪᠠᠲᠣᠯᠠᠭ᠎ᠠ ᠶᠢ ᠢᠯᠡᠳᠲᠡ ᠲᠡᠬᠡᠭᠰᠢᠯᠡᠬᠦᠯᠪᠡ᠃ 4.4 ᠳ᠋ᠥᠩᠰᠢᠭᠤᠷ ᠲᠥᠭᠦᠷᠢᠭ ᠳᠤᠬᠢᠷᠠᠭᠤᠯᠤᠨ ᠰᠤᠷᠭᠠᠨ ᠬᠦᠮᠤᠵᠢᠯ ᠤᠨ ᠤᠶᠢᠯᠡᠰ ᠤᠨ ᠬᠦᠭᠵᠢᠯᠳᠠ  ᠶᠢ ᠳᠡᠮᠵᠢᠨ᠂ ᠬᠤᠰᠢᠭᠤ ᠨᠢᠬᠡᠳᠣᠭᠡᠷ ᠪᠠᠭ᠎ᠠ ᠰᠣᠷᠭᠠᠭᠤᠯᠢ ᠶᠢ ᠠᠰᠢᠭᠯᠠᠯᠲᠠ ᠳᠤ ᠣᠷᠣᠭᠤᠯᠣᠨ᠂ ᠬᠤᠰᠢᠭᠤ ᠬᠤᠶᠠᠳᠣᠭᠠᠷ ᠲᠣᠮᠳᠠᠳᠣ ᠰᠣᠷᠭᠠᠭᠤᠯᠢ᠂ ᠲᠣᠯᠣᠳᠣᠭᠠᠷ ᠬᠡᠤᠬᠡᠳ ᠤᠨ ᠴᠡᠴᠡᠷᠯᠢᠭ ᠤᠨ ᠪᠠᠶᠢᠭᠤᠯᠣᠯᠲᠠ ᠶᠢ ᠡᠮᠬᠢᠲᠡᠢ ᠠᠬᠢᠭᠤᠯᠪᠠ︔ ︽ᠣᠯᠣᠰ ᠤᠨ ᠰᠢᠶᠠᠨ ᠤ ᠬᠡᠪᠴᠢᠶᠡᠨ ᠤ ᠰᠣᠷᠬᠤ ᠨᠠᠰᠣᠨ ᠠᠴᠠ ᠡᠮᠣᠨᠡᠬᠢ ᠰᠣᠷᠭᠠᠨ ᠬᠦᠮᠦᠵᠢᠯ ᠤᠨ ᠲᠦᠬᠡᠮᠡᠯᠵᠢᠬᠦᠯᠣᠯᠲᠡ ᠨᠡᠶᠢᠳᠡᠮ ᠬᠠᠷᠠᠭᠠᠯᠵᠠᠯ︾ ᠤᠨ ᠦᠪᠡᠷᠲᠡᠬᠡᠨ ᠵᠠᠰᠠᠬᠤ ᠣᠷᠣᠨ ᠤ ᠰᠢᠯᠭᠠᠨ ᠬᠤᠷᠢᠶᠠᠯᠲᠠ ᠶᠢ ᠠᠮᠵᠢᠯᠲᠠᠲᠠᠢ ᠲᠣᠭᠤᠯᠵᠣ᠂ ᠠᠯᠪᠠᠨ ᠵᠢᠷᠣᠮ ᠤᠨ ᠰᠣᠷᠭᠠᠨ ᠬᠦᠮᠦᠵᠢᠯ  ᠤᠨ ᠱᠠᠲᠣᠨ ᠤ ᠬᠦᠮᠦᠨ ᠣᠯᠠᠨᠲᠠᠢ ᠠᠩᠬᠢ᠂ ᠰᠣᠷᠣᠭᠴᠢ ᠣᠯᠠᠨᠲᠠᠢ ᠰᠣᠷᠭᠠᠭᠤᠯᠢ ᠶᠢᠨ ᠠᠰᠠᠭᠤᠳᠠᠯ ᠢ ᠲᠦᠢᠯᠪᠣᠷᠢᠲᠠᠢ ᠰᠢᠢᠳᠪᠣᠷᠢᠯᠡᠪᠡ︔ ᠬᠤᠰᠢᠭᠤ ᠨᠢᠬᠡᠳᠣᠭᠡᠷ ᠲᠣᠮᠳᠠᠳᠣ ᠰᠣᠷᠭᠠᠭᠤᠯᠢ ᠪᠣᠯᠣᠨ ᠬᠤᠲᠠ ᠶᠢᠨ ᠨᠢᠬᠡᠳᠣᠭᠡᠷ ᠲᠣᠮᠳᠠᠳᠣ ᠰᠣᠷᠭᠠᠭᠤᠯᠢ ᠶᠢᠨ ᠬᠠᠮᠳᠣᠷᠠᠨ ᠪᠠᠶᠢᠭᠤᠯᠣᠯᠲᠠ ᠠᠩᠬ᠎ᠠ ᠪᠦᠲᠦᠮᠵᠢ ᠣᠯᠵᠣ᠂ ᠵᠢᠭᠠᠨ ᠰᠤᠷᠭᠠᠯᠳᠠ ᠶᠢᠨ ᠬᠠᠮᠢᠶᠠᠷᠣᠯᠲᠠ ᠶᠢᠨ ᠲᠦᠪᠰᠢᠨ ᠯᠠᠪᠳᠠᠭᠤᠨ ᠢᠶᠠᠷ ᠲᠡᠭᠡᠭᠰᠢᠯᠡᠨ᠂ ᠲᠡᠬᠡᠳᠣ ᠰᠢᠯᠭᠠᠯᠲᠠ ᠶᠢᠨ ᠵᠢᠩᠬᠢᠨᠢ ᠠᠩᠬᠢ  ᠶᠢᠨ ᠡᠯᠰᠡᠭᠳᠡᠯ ᠤᠨ ᠨᠣᠷᠮ᠎ᠠ ᠦᠷᠬᠦᠯᠵᠢᠯᠡᠨ ᠬᠠᠮᠤᠭ ᠰᠠᠶᠢᠨ ᠳᠡᠤᠬᠡᠨ ᠲᠦᠪᠰᠢᠨ ᠢᠶᠠᠨ ᠪᠠᠲᠣᠯᠠᠪᠠ︔ ᠰᠢᠨᠡᠴᠢᠯᠡᠯ ᠲᠠᠢ ᠪᠠᠷ ᠪᠠᠭᠰᠢ ᠶᠢ ᠬᠦᠨᠳᠣᠳᠬᠡᠨ ᠰᠣᠷᠭᠠᠨ ᠬᠦᠮᠦᠵᠢᠯ ᠢ ᠴᠢᠬᠤᠯᠠᠴᠢᠯᠠᠬᠤ ᠬᠤᠷᠢᠨ ᠵᠣᠷᠪᠣᠰ ᠪᠣᠯᠣᠨ ᠪᠠᠭᠰᠢᠨᠠᠷ ᠤᠨ ᠲᠠᠷᠣᠭᠠᠰᠣ ᠶᠢ ᠬᠦᠩᠬᠡᠷᠡᠬᠦᠯᠬᠦ ᠠᠷᠪᠠᠨ ᠳᠦᠷᠪᠡᠨ ᠵᠣᠷᠪᠣᠰ ᠢ ᠲᠣᠭᠲᠠᠭᠠᠨ᠂ ᠪᠦᠬᠦ ᠨᠡᠶᠢᠬᠡᠮ  ᠢᠶᠠᠷ ᠢᠶᠠᠨ ᠰᠣᠷᠭᠠᠨ ᠬᠦᠮᠦᠵᠢᠯ ᠤᠨ ᠬᠦᠭᠵᠢᠯᠲᠡ ᠶᠢ ᠲᠡᠮᠵᠢᠬᠦ ᠤᠬᠢ ᠰᠠᠶᠢᠨ ᠬᠡᠪ ᠰᠣᠷᠲᠠᠯ ᠢ ᠪᠦᠷᠢᠯᠳᠣᠬᠦᠯᠪᠡ᠃ ᠡᠮ ᠡᠮᠴᠢᠯᠡᠬᠡᠨ ᠤ ᠪᠠᠲᠣᠯᠠᠭ᠎ᠠ ᠶᠢᠨ ᠴᠢᠳᠠᠪᠣᠷᠢ  ᠶᠢ ᠦᠷᠬᠦᠯᠵᠢᠯᠡᠨ ᠲᠡᠬᠡᠭᠰᠢᠯᠡᠬᠦᠯᠪᠡ᠃ ᠬᠤᠰᠢᠭᠤ ᠠᠷᠠᠳ ᠤᠨ ᠡᠮᠨᠡᠯᠬᠡ ᠶᠢᠨ ᠬᠤᠷᠢᠶ᠎ᠠ ᠪᠦᠬᠦ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠥᠷᠪᠢᠰᠥᠯ ᠤᠨ ᠡᠪᠡᠳᠴᠢᠲᠡᠨ ᠢ ᠡᠮᠨᠡᠨ ᠵᠠᠰᠠᠬᠤ ᠠᠩᠬᠠᠳᠠᠭᠴᠢ ᠬᠤᠰᠢᠭᠤ ᠲᠡᠰ ᠤᠨ ᠲᠣᠭᠲᠠᠭᠰᠠᠨ ᠡᠮᠨᠡᠯᠬᠡ ᠪᠣᠯᠪᠠ︔ 1.8 ᠳ᠋ᠥᠩᠰᠢᠭᠤᠷ ᠲᠥᠭᠦᠷᠢᠭ ᠪᠡᠯᠡ ᠵᠠᠷᠤᠴᠠᠭᠤᠯᠤᠨ ᠬᠤᠰᠢᠭᠤ ᠡᠬᠡ ᠨᠢᠯᠬᠠᠰ ᠤᠨ ᠡᠷᠡᠬᠦᠯᠵᠢᠯ ᠤᠨ ᠬᠤᠷᠢᠶ᠎ᠠ᠂ ᠬᠤᠰᠢᠭᠤ ᠠᠷᠠᠳ ᠤᠨ ᠡᠮᠨᠡᠯᠬᠡ ᠶᠢᠨ ᠬᠤᠷᠢᠶ᠎ᠠ ᠶᠢᠨ ᠬᠠᠯᠳᠠᠪᠣᠷᠢᠲᠣ ᠡᠪᠡᠳᠴᠢᠨ ᠤ ᠠᠰᠠᠷ᠂ ᠱᠠᠩᠬᠠᠢ  ᠶᠢᠨ ᠰᠦᠮ᠎ᠡ ᠭᠤᠣᠯᠳᠠᠯᠭᠠᠲᠣ ᠡᠷᠡᠬᠦᠯ ᠬᠠᠮᠠᠭᠠᠯᠠᠯ ᠤᠨ ᠬᠤᠷᠢᠶ᠎ᠠ᠂ ᠬᠤᠰᠢᠭᠤ ᠮᠤᠩᠭᠤᠯ ᠡᠮᠨᠡᠯᠭᠡ ᠶᠢᠨ ᠬᠤᠷᠢᠶ᠎ᠠ ᠶᠢᠨ ᠬᠠᠯᠠᠭᠤᠷᠠᠯ ᠤᠨ ᠡᠬᠦᠳᠡᠨ ᠡᠮᠨᠡᠯᠬᠡ ᠶᠢ ᠠᠰᠢᠭᠯᠠᠯᠳᠠ ᠳᠤ ᠣᠷᠣᠭᠤᠯᠵᠣ᠂ ᠰᠢᠨ᠎ᠡ ᠪᠠᠷ ᠲᠣᠷᠰᠢᠯᠲᠠ ᠶᠢᠨ ᠴᠢᠩᠬᠡᠯᠢᠭ ᠢ 1 ᠂ PCR ᠲᠣᠷᠰᠢᠯᠲᠠ ᠶᠢᠨ ᠲᠠᠰᠤᠭ ᠢ 2 ᠪᠠᠶᠢᠭᠤᠯᠣᠨ᠂ ᠰᠢᠨ᠎ᠡ ᠲᠢᠲᠢᠮᠯᠢᠭ ᠠᠭᠤᠰᠬᠢᠨ ᠥᠷᠪᠢᠰᠥᠯ ᠤᠨ ᠸᠠᠺᠼᠢᠨ ᠢ 25 ᠲᠦᠮᠡᠨ ᠵᠡᠬᠦᠣ ᠲᠠᠷᠢᠵᠣ᠂ ᠲᠠᠷᠢᠯᠲᠠ ᠶᠢᠨ ᠨᠣᠷᠮ᠎ᠠ 103% ᠳᠤ ᠬᠦᠷᠦᠨ᠂ ᠬᠢᠵᠢᠭ ᠢ ᠰᠡᠷᠬᠡᠶᠢᠯᠡᠬᠦ ᠬᠠᠯᠬᠠᠪᠴᠢ ᠶᠢ ᠪᠦᠲᠦᠮᠵᠢᠲᠠᠢ ᠪᠦᠷᠢᠯᠳᠣᠬᠦᠯᠵᠤ᠂ ᠣᠯᠠᠨ ᠲᠦᠮᠡᠨ ᠤ ᠡᠷᠡᠬᠦᠯ ᠡᠩᠬᠡ ᠶᠢ ᠪᠠᠲᠣᠯᠠᠪᠠ᠃      ᠨᠢᠬᠡ ᠵᠢᠯ ᠤᠨ ᠲᠣᠷᠰᠢ᠂  ᠪᠢᠳᠠ ᠬᠠᠤᠯᠢ ᠶᠣᠰᠣᠭᠠᠷ ᠲᠣᠰᠢᠶᠠᠯ ᠢᠶᠠᠨ ᠬᠦᠢᠴᠡᠳᠬᠡᠬᠦ ᠶᠢ ᠪᠠᠷᠢᠮᠳᠠᠯᠠᠵᠤ᠂ ᠲᠣᠰ ᠪᠡᠶ᠎ᠡ ᠶᠢᠨ ᠪᠠᠶᠢᠭᠤᠯᠣᠯᠳᠠ ᠪᠠᠨ ᠲᠠᠰᠣᠷᠠᠯᠳᠠ ᠦᠭᠡᠢ ᠲᠡᠭᠡᠭᠰᠢᠯᠡᠭᠦᠯᠪᠡ᠃ ᠬᠤᠰᠢᠭᠤ ᠨᠠᠮ ᠤᠨ ᠬᠤᠷᠢᠶᠠᠨ ᠤ ᠡᠷᠴᠢᠳᠣ ᠣᠳᠣᠷᠢᠳᠣᠯᠭ᠎ᠠ  ᠲᠣᠣᠷ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠣᠯᠢ ᠶᠣᠰᠣᠨ ᠤ ᠬᠢᠨᠠᠯᠳᠠ ᠪᠣᠯᠣᠨ ᠬᠤᠰᠢᠭᠤ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠳᠠ ᠶᠢ ᠣᠬᠠᠮᠰᠠᠷ ᠠᠴᠠ ᠪᠠᠨ ᠬᠦᠯᠢᠶᠡᠵᠣ᠂ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠦᠷᠬᠡᠨ ᠲᠡᠯᠬᠡᠷᠡᠩᠬᠦᠢ ᠪᠠᠷ ᠰᠣᠨᠣᠰᠣᠨ᠂ 111 ᠬᠤᠪᠢ ᠠᠷᠠᠳ ᠤᠨ ᠲᠦᠯᠦᠭᠡᠯᠡᠭᠴᠢᠳ ᠤᠨ ᠰᠠᠨᠠᠯ ᠪᠣᠯᠣᠨ ᠣᠯᠣᠰ ᠲᠦᠷᠦ ᠶᠢᠨ ᠵᠦᠪᠯᠡᠯᠭᠡᠨ ᠤ ᠭᠡᠰᠢᠭᠦᠨ ᠤ ᠲᠣᠷᠠᠳᠣᠯᠭ᠎ᠠ ᠶᠢ ᠭᠦᠢᠴᠡᠳᠬᠡᠵᠣ᠂ ᠭᠦᠢᠴᠡᠳᠭᠡᠭᠰᠡᠨ ᠨᠣᠷᠮ᠎ᠠ 100%  ᠳᠤ ᠬᠦᠷᠦᠨ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤ ᠣᠯᠣᠰ ᠲᠦᠷᠦ ᠶᠢᠨ ᠵᠦᠪᠯᠡᠯᠭᠡᠨ ᠲᠠᠢ ᠬᠠᠮᠵᠢᠯᠴᠠᠨ 14 ᠣᠳᠠᠭ᠎ᠠ ᠪᠠᠶᠢᠴᠠᠭᠠᠨ ᠰᠣᠳᠣᠯᠣᠯᠲᠠ ᠬᠢᠵᠣ᠂ ᠲᠣᠰᠬᠠᠢ ᠰᠡᠳᠣᠪ ᠢᠶᠠᠷ ᠵᠠᠰᠠᠭ ᠤᠨ ᠣᠷᠳᠣᠨ ᠤ ᠠᠵᠢᠯ ᠢᠶᠠᠨ 17 ᠣᠳᠠᠭ᠎ᠠ ᠮᠡᠳᠡᠬᠦᠯᠪᠡ᠃ ᠵᠠᠰᠠᠭ ᠤᠨ ᠣᠷᠳᠣᠨ ᠤ ᠰᠢᠢᠳᠪᠣᠷᠢ ᠲᠣᠭᠲᠠᠭᠠᠯᠲᠠ ᠶᠢᠨ ᠲᠦᠪᠰᠢᠨ ᠢ ᠦᠨᠡᠨ ᠬᠦ ᠲᠡᠬᠡᠭᠰᠢᠯᠡᠬᠦᠯᠣᠨ᠂ ᠡᠮᠤᠨ᠎ᠡ ᠹᠷᠣᠨᠲ ᠲᠤ ᠠᠯᠪᠠᠯᠠᠵᠣ᠂ ᠦᠨᠳᠣᠰᠣᠨ ᠱᠠᠳᠣᠨ  ᠳᠤ ᠬᠡᠷᠡᠭᠴᠡᠭᠡ ᠱᠠᠭᠠᠷᠳᠠᠯᠭ᠎ᠠ ᠶᠢ ᠦᠢᠯᠠᠭᠠᠨ᠂ ᠪᠠᠭ ᠤᠨ ᠪᠦᠷᠢᠯᠳᠦᠬᠦᠨ ᠨᠦᠭᠦᠳ ᠪᠦᠬᠦ ᠵᠢᠯ ᠳᠤ 260 ᠭᠠᠷᠣᠢ ᠣᠳᠠᠭ᠎ᠠ ᠪᠠᠶᠢᠴᠠᠭᠠᠨ ᠰᠣᠳᠣᠯᠣᠯᠲᠠ ᠬᠢᠵᠣ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠬᠠᠮᠳᠣ ᠪᠠᠷ ᠵᠦᠪᠯᠡᠭᠰᠡᠨ 199 ᠵᠦᠢᠯᠡᠰ ᠢ ᠴᠦᠮ ᠬᠡᠷᠡᠭ ᠵᠦᠪᠯᠡᠬᠦ ᠬᠢᠨᠠᠨ ᠵᠦᠪᠰᠢᠶᠡᠷᠡᠯ ᠤᠨ ᠶᠠᠪᠣᠴᠠ ᠶᠣᠰᠣᠭᠠᠷ ᠬᠦᠢᠴᠡᠳᠬᠡᠨ᠂ ᠬᠠᠤᠯᠢ ᠳᠤ ᠨᠡᠶᠢᠴᠡᠬᠦ ᠴᠢᠨᠠᠷ ᠤᠨ ᠪᠠᠶᠢᠴᠠᠭᠠᠯᠲᠠ ᠶᠢ ᠪᠡᠶᠡᠯᠡᠬᠦᠯᠵᠣ᠂ 80 ᠴᠢᠬᠤᠯᠠ ᠶᠡᠭᠡ ᠰᠢᠢᠳᠪᠣᠷᠢ ᠲᠣᠭᠲᠠᠭᠠᠨ᠂ ᠬᠤᠭᠤᠴᠠᠭ᠎ᠠ ᠶᠣᠰᠣᠭᠠᠷ ᠮᠦᠷᠳᠡᠨ ᠰᠢᠪᠠᠳᠠᠭᠤᠯᠵᠣ ᠨᠠᠶᠢᠲᠠᠪᠣᠷᠢᠵᠢᠭᠤᠯᠪᠠ᠃ ᠦᠨᠳᠣᠰᠣᠲᠡᠨ ᠤ ᠪᠦᠯᠬᠦᠮᠳᠡᠯ ᠲᠠᠪᠰᠢᠯᠲᠠ ᠶᠢᠨ ᠴᠣᠭᠴᠠᠯᠠᠯᠲᠠ ᠶᠢ ᠯᠠᠪᠳᠠᠭᠤᠨ ᠪᠠᠲᠣᠲᠠᠢ ᠦᠷᠨᠢᠬᠦᠯᠵᠣ᠂ ᠲᠣᠮᠳᠠᠳᠣ ᠶᠢᠨ ᠦᠨᠳᠣᠰᠣᠲᠡᠨ ᠤ ᠬᠠᠮᠲᠣ ᠶᠢᠨ ᠴᠤᠭᠴᠠ ᠶᠢᠨ ᠣᠬᠠᠮᠰᠠᠷ ᠤᠨ ᠪᠠᠬᠢᠵᠢᠬᠦᠯᠣᠯᠲᠡ ᠶᠢ ᠪᠦᠬᠦ ᠠᠷᠠᠳ ᠤᠨ ᠣᠬᠠᠮᠰᠠᠷᠲᠣ ᠠᠵᠢᠯᠯᠠᠭ᠎ᠠ ᠪᠣᠯᠭᠠᠪᠠ᠃ ᠠᠶᠤᠯᠬᠦᠢ ᠤᠶᠢᠯᠡᠤᠨᠪᠤᠷᠢᠯᠡᠯ ᠤᠨ ᠳᠤᠰᠬᠠᠢ ᠴᠡᠭᠴᠡᠯᠡᠯᠳᠠ ᠶᠢᠨ ᠭᠤᠷᠪᠠᠨ ᠵᠢᠯ ᠤᠨ ᠠᠵᠢᠯᠯᠠᠭᠠᠨ ᠤ ᠡᠬᠦᠷᠬᠡ ᠶᠢ ᠪᠦᠬᠦ ᠳᠠᠯ᠎ᠠ ᠪᠠᠷ ᠪᠡᠶᠡᠯᠡᠬᠦᠯᠵᠤ᠂ ᠠᠶᠤᠯᠳᠠᠢ ᠬᠢᠮᠢ ᠶᠢᠨ ᠪᠤᠳᠠᠰ᠂ ᠬᠤᠳᠠ ᠪᠠᠯᠭᠠᠰᠤᠨ ᠤ ᠰᠢᠳᠠᠮᠠᠬᠠᠢ ᠬᠡᠢ᠂ ᠬᠤᠪᠢ ᠶᠢᠨ ᠬᠡᠷ ᠪᠠᠷᠢᠯᠭ᠎ᠠ᠂ ᠵᠠᠮ ᠬᠠᠷᠢᠯᠴᠠᠭ᠎ᠠ᠂ ᠭᠠᠯ ᠤᠨᠳᠠᠷᠠᠭᠠᠯᠳᠠ ᠵᠡᠷᠬᠡ ᠭᠤᠤᠯᠳᠠᠯᠭᠠᠳᠤ ᠴᠠᠷᠠᠭᠠᠨ ᠤ ᠳᠤᠰᠬᠠᠢ ᠴᠡᠭᠴᠡᠯᠡᠯᠳᠠ ᠪᠤᠳᠠᠳᠤ ᠪᠦᠳᠤᠮᠵᠢ ᠤᠯᠪᠠ᠃ ᠠᠮᠤᠷ ᠠᠮᠤᠭᠤᠯᠠᠩᠳᠤ ᠤᠳᠤᠭ ᠤᠨ ᠡᠮᠤᠨᠡᠳᠤ ᠬᠤᠰᠢᠭᠤᠨ ᠤ ᠪᠠᠶᠢᠭᠤᠯᠤᠯᠳᠠ  ᠶᠢ ᠬᠦᠨᠵᠡᠬᠡᠶᠢᠷᠡᠬᠦᠯᠤᠨ᠂ ᠬᠡᠷᠡᠭ ᠲᠤ ᠬᠤᠯᠪᠤᠭᠳᠠᠭᠰᠠᠨ ᠪᠡᠯᠡ ᠮᠦᠩᠬᠦ 1000 ᠲᠦᠮᠡᠨ ᠲᠦᠬᠦᠷᠢᠭ ᠲᠤ ᠬᠦᠷᠦᠭᠰᠡᠨ ᠶᠡᠯ᠎ᠡ ᠬᠢᠭᠰᠡᠨ  ᠡᠪᠰᠡᠯ ᠪᠦᠯᠦᠭ ᠤᠨ ᠬᠡᠷᠡᠭ  ᠢ ᠡᠪᠳᠡᠵᠤ᠂ ᠡᠷᠡᠬᠦᠤ ᠶᠢᠨ ᠬᠡᠷᠡᠭ ᠪᠤᠯᠤᠨ ᠬᠦᠴᠤᠷᠬᠡᠭᠯᠡᠯ ᠤᠨ ᠬᠡᠷᠡᠭ ᠤᠨ ᠳᠤᠭ᠎ᠠ ᠬᠡᠮᠵᠢᠶ᠎ᠡ ᠠᠳᠠᠯᠢ ᠬᠤᠭᠤᠴᠠᠭᠠᠨ ᠠᠴᠠ 57%᠂ 87% ᠪᠠᠷ ᠪᠠᠭᠤᠷᠠᠨ᠂ ᠲᠦᠪᠡᠭ ᠲᠠᠢ ᠪᠤᠳᠤᠯᠢᠶᠠᠨᠳᠠᠢ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠪᠦᠳᠤᠮᠵᠢᠳᠠᠢ ᠰᠢᠢᠤᠨᠪᠤᠷᠢᠯᠡᠪᠡ᠃ ︽ᠭᠤᠷᠪᠠᠨ ᠣᠯᠠᠨ᠂ ᠭᠤᠷᠪᠠᠨ ᠴᠦᠬᠡᠨ᠂ ᠭᠤᠷᠪᠠᠨ ᠣᠳᠠᠭᠠᠨ︾ ᠠᠰᠠᠭᠤᠳᠠᠯ ᠢ ᠶᠡᠬᠡᠪᠡᠷ ᠴᠡᠭᠴᠡᠯᠡᠨ᠂ ᠪᠢᠴᠢᠭ ᠮᠠᠲ᠋ᠧᠷᠢᠶᠠᠯ ᠬᠤᠷᠠᠯ ᠢ ᠪᠦᠬᠦ ᠲᠠᠯ᠎ᠠ ᠪᠠᠷ ᠰᠢᠯᠢᠳᠡᠭᠵᠢᠬᠦᠯᠣᠨ ᠴᠣᠮᠬᠠᠳᠬᠠᠵᠣ᠂  ᠲᠦᠪ ᠤᠨ ︽ᠨᠠᠢᠮᠠᠨ ᠲᠣᠭᠳᠠᠭᠠᠯ︾ ᠤᠨ ᠵᠣᠷᠢᠭ ᠰᠠᠨᠠᠭ᠎ᠠ ᠪᠣᠯᠣᠨ ᠬᠡᠷᠡᠭᠵᠢᠬᠦᠯᠬᠦ ᠨᠠᠷᠢᠨ ᠲᠦᠷᠢᠮ ᠢ ᠴᠢᠩᠭ᠎ᠠ ᠨᠢᠮᠪᠡᠢ ᠲᠣᠣᠱᠯᠠᠭᠤᠯᠣᠨ ᠨᠠᠶᠢᠳᠠᠪᠦᠷᠢᠵᠢᠭᠤᠯᠵᠣ᠂ ᠵᠠᠰᠠᠭ ᠵᠠᠬᠢᠷᠭᠠᠨ  ᠤ ᠬᠢᠨᠠᠨ ᠪᠠᠶᠢᠴᠠᠭᠠᠯᠲᠠ᠂ ᠬᠢᠨᠠᠨ ᠪᠣᠳᠣᠯᠲᠠ ᠶᠢᠨ ᠬᠢᠨᠠᠯᠲᠠ ᠪᠣᠯᠣᠨ ᠰᠠᠬᠢᠯᠭ᠎ᠠ ᠬᠡᠷᠡᠭᠵᠢᠬᠦᠯᠣᠯ ᠬᠠᠷᠢᠭᠤᠴᠠᠯᠭ᠎ᠠ ᠨᠡᠬᠡᠮᠵᠢᠯᠡᠯᠲᠡ ᠶᠢ ᠴᠢᠩᠭᠠᠳᠬᠠᠨ᠂ ᠵᠠᠰᠠᠭ ᠤᠨ ᠣᠷᠳᠣᠨ ᠤ ᠨᠠᠶᠢᠳᠠᠪᠣᠷᠢᠵᠢᠭᠤᠯᠣᠯᠲᠠ ᠶᠢᠨ ᠴᠢᠳᠠᠪᠣᠷᠢ ᠪᠠ ᠵᠠᠰᠠᠯᠲᠠ ᠶᠢᠨ ᠴᠢᠳᠠᠪᠣᠷᠢ ᠶᠢ ᠲᠠᠰᠣᠷᠠᠯᠲᠠ ᠦᠬᠡᠢ ᠲᠡᠬᠡᠭᠰᠢᠯᠡᠬᠦᠯᠪᠡ᠃      ᠡᠭᠦᠨ ᠠᠴᠠ ᠭᠠᠳᠠᠨ᠎ᠠ᠂ ᠣᠯᠣᠰ ᠤᠨ ᠪᠠᠳᠣᠯᠠᠨ ᠬᠠᠮᠠᠭᠠᠯᠠᠯᠳᠠ ᠶᠢᠨ ᠲᠠᠶᠢᠴᠢᠯᠠᠯᠳᠠ᠂ ᠴᠡᠷᠢᠭ ᠠᠴᠠ ᠬᠠᠯᠠᠭᠳᠠᠭᠰᠠᠳ᠂ ᠢᠳᠡᠬᠡᠨ ᠡᠮ ᠤᠨ ᠵᠦᠢᠯᠡᠰ ᠤᠨ ᠠᠮᠣᠷ ᠲᠦᠪᠰᠢᠨ᠂ ᠲᠤᠭ᠎ᠠ ᠪᠦᠷᠢᠳᠬᠡᠯ ᠲᠠᠩᠰᠠ ᠡᠪᠬᠡᠮᠡᠯ᠂  ᠴᠠᠭ ᠠᠭᠤᠷ ᠭᠠᠮᠰᠢᠭ ᠪᠠᠭᠠᠰᠬᠠᠯᠲᠠ᠂ ᠠᠵᠢᠯᠴᠢᠨ ᠵᠠᠯᠠᠭᠤᠴᠣᠳ ᠡᠮᠡᠭᠳᠡᠶᠢᠴᠣᠳ ᠬᠡᠤᠬᠡᠤᠨ᠂ ᠦᠨᠳᠣᠰᠣᠲᠡᠨ ᠱᠠᠰᠢᠨ ᠰᠣᠷᠲᠠᠬᠤᠨ᠂ ᠦᠳᠡᠭᠦᠰ ᠤᠨ ᠠᠵᠢᠯ ᠣᠶᠢᠯᠠᠰ ᠵᠡᠷᠭᠡ ᠡᠯ᠎ᠡ ᠲᠠᠯ᠎ᠠ ᠶᠢᠨ ᠠᠵᠢᠯ ᠲᠦᠷᠦᠯ ᠰᠢᠨ᠎ᠡ ᠠᠬᠢᠴᠠ ᠲᠠᠢ ᠪᠣᠯᠪᠠ᠃     ᠲᠦᠯᠦᠭᠡᠯᠡᠭᠴᠢᠳ ᠡ᠂᠂ ᠪᠦᠬᠦ ᠬᠤᠰᠢᠭᠤᠨ ᠤ ᠬᠦᠭᠵᠢᠯᠲᠡ ᠶᠢᠨ ᠠᠶᠠᠨ ᠳᠠᠬᠢ ᠠᠮᠵᠢᠯᠳᠠ ᠪᠦᠳᠦᠮᠵᠢ ᠪᠦᠬᠦᠨ ᠢ ᠴᠦᠮ ᠰᠢᠷᠭᠠᠭᠤ ᠬᠠᠳᠠᠭᠤᠵᠢᠯᠳᠠᠢ ᠴᠢᠷᠮᠠᠶᠢᠯᠭ᠎ᠠ ᠪᠠᠷ ᠣᠯᠣᠭᠰᠠᠨ ᠶᠣᠮ᠃ ᠡᠳᠡᠭᠡᠷ ᠠᠮᠵᠢᠯᠳᠠ ᠪᠦᠳᠦᠮᠵᠢ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠦ ᠣᠯᠣᠰ ᠤᠨ ᠣᠨᠴᠠᠯᠢᠭᠳᠦ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠭᠰᠡᠨ ᠤ ᠦᠷ᠎ᠡ ᠳ᠋ᠦᠩ ᠶᠣᠮ᠂ ᠮᠦᠨᠴᠦ ᠬᠤᠰᠢᠭᠤ ᠨᠠᠮ ᠤᠨ ᠬᠤᠷᠢᠶ᠎ᠠ ᠶᠢᠨ ᠵᠦᠪ ᠣᠳᠣᠷᠢᠳᠣᠯᠭ᠎ᠠ᠂ ᠰᠢᠨᠵᠢᠯᠡᠭᠦ ᠣᠬᠠᠭᠠᠨᠴᠢ ᠰᠢᠢᠳᠪᠦᠷᠢᠳᠦ ᠪᠣᠳᠣᠯᠭ᠎ᠠ ᠶᠢᠨ ᠦᠷ᠎ᠡ ᠳ᠋ᠦᠩ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠣᠯᠣᠰ ᠲᠦᠷᠦ ᠶᠢᠨ ᠵᠦᠪᠯᠡᠯᠭᠡᠨ ᠤ ᠬᠠᠯᠠᠮᠵᠢᠯᠠᠯ ᠲᠡᠮᠵᠢᠯᠭᠡ᠂ ᠪᠦᠳᠦᠮᠵᠢᠳᠡᠢ ᠬᠢᠨᠠᠯᠳᠠ ᠶᠢᠨ ᠦᠷ᠎ᠡ ᠳ᠋ᠦᠩ᠂ ᠪᠦᠬᠦ ᠬᠤᠰᠢᠭᠤ ᠪᠠᠷ  ᠢᠶᠠᠨ ᠪᠦᠯᠬᠦᠮᠳᠡᠨ ᠲᠡᠮᠡᠴᠡᠭᠰᠡᠨ ᠪᠣᠳᠠᠳᠦ ᠠᠮᠵᠢᠯᠳᠠ ᠶᠢᠨ ᠦᠷ᠎ᠡ ᠳ᠋ᠦᠩ ᠪᠣᠯᠬᠤ ᠶᠣᠮ᠃ ᠠᠳᠡ ᠪᠢ᠂ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠪᠦᠬᠦ ᠬᠤᠰᠢᠭᠤᠨ ᠤ ᠠᠷᠠᠳ ᠲᠦᠮᠡᠨ᠂ ᠠᠷᠠᠳ ᠤᠨ ᠲᠦᠯᠦᠭᠡᠯᠡᠭᠴᠢᠳ᠂ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ᠂ ᠣᠶᠢᠯᠠᠳᠪᠦᠷᠢ ᠬᠤᠳᠠᠯᠳᠣᠭᠠᠨ ᠤ ᠬᠤᠯᠪᠣᠭ᠎ᠠ ᠪᠣᠯᠣᠨ ᠨᠠᠮ ᠪᠦᠯᠦᠭ ᠤᠨ ᠪᠣᠰᠣ ᠬᠦᠮᠦᠰ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠣᠳ᠂ ᠠᠬᠠᠮᠠᠳ ᠨᠦᠬᠦᠳ᠂  ᠠᠷᠠᠳ  ᠤᠨ ᠴᠠᠭᠳᠠᠭ᠎ᠠ᠂ ᠬᠤᠰᠢᠭᠤᠨ ᠳᠤ ᠰᠠᠭᠤᠭ᠎ᠠ ᠴᠡᠷᠢᠭ ᠠᠩᠬᠢ ᠶᠢᠨ ᠲᠠᠷᠤᠭ᠎ᠠ ᠪᠠᠶᠢᠯᠳᠣᠭᠴᠢ᠂ ᠣᠳᠤᠭ ᠤᠨ ᠡᠮᠦᠨᠡᠳᠦ ᠬᠤᠰᠢᠭᠤᠨ ᠤ ᠦᠭᠡᠷᠡᠴᠢᠯᠡᠯᠳᠡ ᠬᠦᠭᠵᠢᠯᠳᠡ  ᠶᠢ ᠠᠩᠬᠠᠷᠣᠨ ᠬᠠᠯᠠᠮᠵᠢᠯᠠᠭᠰᠠᠭᠠᠷ ᠢᠷᠡᠭᠰᠡᠨ ᠨᠡᠶᠢᠭᠡᠮ ᠤᠨ ᠡᠯ᠎ᠡ ᠡᠳᠡᠭᠡᠳ ᠤᠨ ᠬᠢᠨ ᠳᠤ ᠴᠢᠩ ᠰᠡᠳᠬᠢᠯ ᠤᠨ ᠲᠠᠯᠠᠷᠬᠠᠯ ᠪᠣᠯᠣᠨ ᠡᠷᠬᠢᠮ ᠲᠡᠭᠡᠳᠦ ᠬᠦᠨᠳᠦᠳᠬᠡᠯ  ᠢᠶᠠᠨ ᠲᠡᠪᠰᠢᠭᠦᠯᠵᠣ ᠪᠠᠶᠢᠨ᠎ᠠ︕      ᠲᠦᠯᠦᠭᠡᠯᠡᠭᠴᠢᠳ ᠡ᠂ ᠣᠷᠣᠭᠰᠢᠯᠠᠯᠲᠠ ᠶᠢᠨ ᠵᠠᠮ ᠳᠤ ᠪᠡᠷᠬᠡ ᠲᠣᠯᠭᠠᠷᠠᠬᠤ ᠨᠢ ᠲᠠᠮᠵᠢᠭ ᠦᠬᠡᠢ ᠪᠣᠯᠬᠤᠷ ᠪᠢᠳᠠ ᠪᠦᠲᠦᠮᠵᠢ ᠪᠠᠨ ᠨᠤᠲᠠᠯᠠᠬᠤ ᠶᠢᠨ ᠬᠠᠮᠳᠣ ᠬᠡᠷᠡᠭᠴᠡᠭᠡ ᠠᠪᠴᠢᠭᠰᠠᠨ᠂ ᠬᠠᠩᠭᠠᠯᠭ᠎ᠠ ᠲᠠᠭᠠᠷᠢᠯᠲᠠ ᠳᠤ ᠣᠴᠠᠷᠠᠭᠰᠠᠨ᠂ ᠵᠢᠱᠢᠯᠲᠡ ᠪᠠᠭᠤᠷᠠᠭᠰᠠ ︽ᠭᠤᠷᠪᠠᠨ ᠲᠠᠪᠬᠤᠷ ᠲᠠᠷᠣᠭᠠᠰᠣ︾ ᠶᠢᠨ ᠦᠷᠬᠦᠯᠵᠢᠬᠦᠶᠢᠴᠡ ᠨᠡᠮᠡᠭᠳᠡᠯ᠂ ᠬᠤᠰᠢᠭᠤ ᠴᠠᠷᠠᠭᠠᠨ ᠤ ᠠᠵᠣ ᠠᠬᠤᠢ ᠨᠡᠶᠢᠬᠡᠮ ᠤᠨ ᠬᠦᠭᠵᠢᠯᠲᠡ ᠲᠣᠮᠳᠠ ᠣᠷᠣᠰᠢᠵᠣ ᠪᠦᠬᠦᠢ ᠬᠦᠴᠢᠷᠳᠠᠯ ᠪᠠ ᠠᠰᠠᠭᠤᠳᠠᠯ ᠢ ᠲᠠᠨᠢᠬᠤ ᠴᠢᠬᠤᠯᠠᠲᠠᠢ᠄ ᠠᠵᠣ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠤᠨ ᠠᠷᠭ᠎ᠠ ᠵᠠᠮ ᠲᠠᠩ ᠴᠣᠯᠭᠤᠢ᠂ ᠣᠷᠣᠯᠭ᠎ᠠ ᠵᠠᠷᠣᠯᠭ᠎ᠠ ᠶᠢᠨ ᠵᠦᠷᠢᠴᠡᠯ ᠲᠣᠪᠣᠶᠢᠮ᠎ᠠ᠂ ᠭᠤᠣᠯᠳᠠᠯᠭᠠᠲᠣ ᠵᠠᠷᠣᠯᠭ᠎ᠠ ᠶᠢ ᠪᠠᠲᠣᠯᠠᠬᠤ ᠲᠠᠷᠣᠯᠲᠠ ᠨᠡᠯᠢᠶᠡᠳ ᠶᠡᠭᠡ ᠪᠣᠢ︔ ᠨᠢᠬᠡᠳᠣᠭᠡᠷ ᠠᠵᠣ ᠦᠢᠯᠡᠰ ᠤᠨ ᠨᠡᠮᠡᠯᠲᠡ ᠦᠷᠲᠡᠭ ᠲᠣᠣᠷ᠎ᠠ ᠂ ᠬᠤᠶᠠᠳᠣᠭᠠᠷ ᠠᠵᠣ ᠦᠢᠯᠡᠰ ᠤᠨ ᠬᠡᠯᠬᠢᠶᠡᠵᠢᠯ ᠤᠬᠤᠷ᠂ ᠭᠤᠷᠪᠠᠳᠣᠭᠠᠷ ᠠᠵᠣ ᠦᠢᠯᠡᠰ ᠤᠨ ᠲᠠᠶᠢᠴᠢᠯᠠᠬᠤ ᠴᠢᠳᠠᠪᠣᠷᠢ ᠲᠣᠳᠠᠮᠠᠭ ᠪᠠᠶᠢᠭ᠎ᠠ ᠠᠵᠣ ᠦᠢᠯᠡᠰ ᠤᠨ ᠬᠦᠭᠵᠢᠯᠲᠠ ᠶᠢᠨ ᠪᠠᠶᠢᠳᠠᠯ ᠢᠶᠠᠨ ᠪᠠᠰᠠᠴᠦ ᠬᠤᠪᠢᠷᠠᠭᠤᠯᠵᠣ ᠲᠡᠶᠢᠯᠦᠭᠡᠳᠦᠢ ᠪᠣᠢ︔ ᠠᠮᠢ ᠠᠬᠤᠢ ᠶᠢᠨ ᠣᠷᠴᠢᠨ ᠬᠡᠪᠡᠷᠡᠭ ᠪᠠᠶᠢᠭ᠎ᠠ ᠨᠢ ᠮᠦᠨ ᠯᠠ ᠮᠠᠨ ᠤ ᠬᠤᠰᠢᠭᠤᠨ ᠤ ᠪᠣᠳᠠᠲᠣ ᠠᠬᠤᠢ ᠪᠠᠶᠢᠭᠰᠠᠭᠠᠷ ᠪᠣᠢ᠂ ᠨᠡᠶᠢᠲᠡ ᠶᠢᠨ ᠡᠬᠢ ᠰᠣᠷᠪᠣᠯᠵᠢ ᠶᠢᠨ ᠦᠢᠯᠡᠴᠢᠯᠡᠬᠡᠨ ᠤ ᠬᠠᠩᠭᠠᠯᠭ᠎ᠠ᠂ ᠨᠡᠶᠢᠬᠡᠮ ᠤᠨ ᠵᠠᠰᠠᠯᠲᠠ ᠶᠢᠨ ᠲᠦᠪᠰᠢᠨ  ᠨᠢ ᠠᠷᠠᠳ ᠲᠦᠮᠡᠨ ᠤ ᠬᠦᠰᠡᠯ ᠡᠷᠡᠮᠡᠯᠵᠡᠯ ᠯᠦᠭᠡ ᠪᠠᠰᠠ ᠨᠡᠯᠢᠶᠡᠳ ᠵᠦᠷᠢᠶ᠎ᠡ ᠲᠠᠢ ᠪᠣᠢ︔  ᠺᠠᠳ᠋ᠷ ᠤᠨ ᠡᠩᠨᠡᠬᠡᠨ ᠤ ᠲᠣᠰᠬᠠᠢ ᠮᠡᠷᠬᠡᠵᠢᠯ ᠤᠨ ᠬᠡᠪ ᠴᠢᠨᠰᠠᠭ᠎ᠠ᠂ ᠠᠵᠢᠯ ᠤᠨ ᠴᠢᠳᠠᠪᠣᠷᠢ ᠰᠢᠨ᠎ᠡ ᠬᠦᠭᠵᠢᠯᠲᠡ ᠶᠢᠨ ᠱᠠᠭᠠᠷᠳᠠᠯᠭ᠎ᠠ ᠲᠠᠢ ᠵᠣᠬᠢᠴᠠᠬᠤ ᠦᠬᠡᠢ ᠪᠣᠢ᠃ ᠡᠳᠡᠭᠡᠷ ᠠᠰᠠᠭᠤᠳᠠᠯ ᠳᠤ ᠬᠠᠨᠳᠣᠭᠤᠯᠣᠨ᠂ ᠪᠢᠳᠠ ᠨᠠᠮ᠂ ᠠᠷᠠᠳ ᠲᠦᠮᠡᠨ᠂ ᠬᠤᠰᠢᠭᠤᠨ ᠤ ᠬᠦᠭᠵᠢᠯᠲᠡ ᠳᠤ ᠬᠠᠷᠢᠭᠤᠴᠠᠬᠤ ᠣᠪᠣᠷ ᠪᠣᠯᠣᠨ ᠡᠬᠦᠷᠬᠡᠯᠡᠯ ᠤᠨ ᠵᠣᠷᠢᠭ ᠰᠠᠨᠠᠭ᠎ᠠ ᠪᠠᠷ ᠬᠤᠶᠢᠰᠢᠳᠠ ᠶᠢᠨ ᠠᠵᠢᠯ ᠲᠣᠮᠳᠠ ᠪᠠᠨ ᠦᠨᠡᠨ ᠬᠦ ᠪᠦᠳᠦᠮᠵᠢᠳᠡᠢ ᠰᠢᠢᠳᠪᠦᠷᠢᠯᠡᠨ᠎ᠡ      ᠬᠤᠶᠠᠷ᠂ 2023 ᠤᠨ ᠤ ᠠᠵᠢᠯ ᠤᠨ ᠳᠤᠬᠢᠷᠠᠭᠤᠯᠭ᠎ᠠ     2023 ᠤᠨ ᠪᠤᠯ ᠤᠳᠤᠭ ᠤᠨ ᠡᠮᠤᠨᠡᠳᠤ ᠬᠤᠰᠢᠭᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ  ᠪᠦᠬᠦ ᠳᠠᠯ᠎ᠠ ᠪᠠᠷ ᠳᠤᠤᠱᠯᠠᠭᠤᠯᠬᠤ ᠡᠬᠢᠯᠡᠯᠳᠠ ᠶᠢᠨ ᠵᠢᠯ᠂ ︽ᠲᠦᠷᠪᠡᠨ ᠤᠷᠤᠨ︾ ᠤ ᠪᠠᠶᠢᠭᠤᠯᠤᠯᠳᠠ ᠶᠢ ᠲᠦᠷᠬᠡᠤᠨᠬᠡᠨ ᠴᠢᠨᠠᠷᠯᠢᠭ ᠬᠦᠭᠵᠢᠯᠳᠠ ᠶᠢ ᠠᠬᠢᠭᠤᠯᠬᠤ ᠵᠠᠩᠬᠢᠯᠠᠭ᠎ᠠ ᠶᠢᠨ ᠵᠢᠯ ᠪᠤᠯᠬᠤᠷ ᠪᠢᠳᠠ ᠶᠡᠭᠡ ᠬᠠᠨᠳᠤᠰᠢ ᠶᠢ ᠡᠵᠡᠮᠳᠡᠬᠦ ᠳᠠᠯ᠎ᠠ ᠪᠠᠷ ᠤᠯᠤᠰ ᠲᠦᠷᠤ ᠶᠢᠨ ᠵᠢᠯᠤᠭᠤᠳᠤᠯᠭ᠎ᠠ ᠶᠢ ᠳᠤᠪᠤᠶᠢᠯᠭᠠᠵᠤ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠤᠷᠳᠤᠨ ᠤ ᠠᠵᠢᠯ ᠤᠨ ᠡᠯ᠎ᠡ ᠬᠦᠷᠢᠶ᠎ᠡ᠂ ᠡᠯ᠎ᠡ ᠳᠠᠯ᠎ᠠ᠂ ᠡᠯ᠎ᠡ ᠭᠤᠭᠴᠤᠭ᠎ᠠ ᠳᠤ ᠳᠤᠤᠱᠯᠠᠭᠤᠯᠤᠨ᠎ᠠ︔ ᠬᠦᠭᠵᠢᠯᠳᠠ ᠶᠢ ᠰᠦᠪᠡᠭᠴᠢᠯᠡᠬᠦ ᠳᠠᠯ᠎ᠠ ᠪᠠᠷ ᠪᠦᠬᠦ ᠳᠠᠯ᠎ᠠ ᠶᠢᠨ ᠬᠠᠷᠠᠴᠠ  ᠲᠠᠢ᠂ ᠪᠠᠳᠤ ᠵᠤᠭᠰᠤᠯᠳᠠ ᠲᠠᠢ᠂ ᠪᠠᠭᠳᠠᠭᠠᠮᠵᠢᠳᠤ ᠰᠡᠤᠨᠬᠢᠯ ᠲᠠᠢ᠂ ᠪᠤᠳᠠᠳᠤ ᠠᠷᠭ᠎ᠠ ᠲᠠᠢ ᠪᠠᠶᠢᠵᠤ᠂ ᠠᠵᠢᠯ ᠢᠶᠠᠨ ᠠᠬᠢᠭᠤᠯᠬᠤ ᠳᠠᠯ᠎ᠠ ᠪᠠᠷ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ᠂ ᠬᠢᠴᠢᠶᠡᠮᠵᠢ ᠲᠠᠢ᠂ ᠬᠤᠶᠢᠭᠤᠷᠢᠰᠢᠬᠤ ᠦᠬᠡᠢ᠂ ᠰᠤᠯᠠᠷᠠᠭᠤᠯᠬᠤ ᠦᠬᠡᠢ ᠪᠠᠷ ︽ᠭᠠᠷᠮᠠᠭᠠᠶᠢᠯᠠᠨ ᠲᠠᠪᠰᠢᠬᠤ ᠤᠳᠤᠭ ᠤᠨ ᠡᠮᠤᠨᠡᠳᠤ ᠬᠤᠰᠢᠭᠤᠨ︾ ᠤ ᠰᠢᠨ᠎ᠠ ᠠᠶᠠᠨ ᠳᠤ ᠴᠤᠭ ᠵᠢᠪᠬᠤᠭ᠎ᠠ ᠪᠠᠨ ᠢᠯᠡᠷᠡᠬᠦᠯᠤᠨ᠂ ᠡᠬᠦᠷᠬᠡ ᠬᠠᠷᠢᠭᠤᠴᠠᠯᠭ᠎ᠠ ᠪᠠᠨ ᠪᠢᠴᠢᠭᠯᠡᠰᠤᠬᠡᠢ︕     ᠦᠨᠤ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠤᠩᠬᠡᠢ ᠰᠡᠤᠨᠬᠢᠮᠵᠢ ᠪᠤᠯ᠄ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭᠳᠤ ᠨᠠᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ  ᠪᠠᠷ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠤᠩᠬᠡᠢ ᠱᠦᠵᠢ ᠶᠢᠨ ᠦᠪᠤᠷ ᠮᠤᠩᠭᠤᠯ ᠳᠤ ᠳᠤᠰᠢᠶᠠᠭᠰᠠᠨ ︽ᠳᠠᠪᠤᠨ ᠶᠡᠭᠡ ᠡᠬᠦᠷᠬᠡ︾ ᠪᠠ ︽ᠵᠢᠱᠢᠶᠡᠴᠢ ᠦᠪᠡᠷᠳᠡᠬᠡᠨ ᠵᠠᠰᠠᠬᠤ ᠤᠷᠤᠨ︾ ᠢ ᠪᠦᠬᠦ ᠳᠠᠯ᠎ᠠ ᠪᠠᠷ ᠪᠠᠶᠢᠭᠤᠯᠬᠤ ᠱᠠᠭᠠᠷᠳᠠᠯᠭ᠎ᠠ᠂ ᠬᠤᠳᠠ ᠶᠢᠨ ︽ᠭᠤᠷᠪᠠᠨ ᠲᠦᠷᠪᠡ︾ ᠶᠢᠨ ᠳᠡᠮᠡᠴᠡᠬᠦ ᠬᠠᠷᠠᠯᠳᠠ ᠶᠢ ᠬᠦᠨᠵᠡᠬᠡᠢ ᠳᠤᠤᠱᠯᠠᠭᠤᠯᠵᠤ ᠨᠠᠶᠢᠳᠠᠪᠤᠷᠢᠵᠢᠭᠤᠯᠤᠨ᠂ ᠲᠦᠪ᠂ ᠦᠪᠡᠷᠳᠡᠬᠡᠨ ᠵᠠᠰᠠᠬᠤ ᠤᠷᠤᠨ᠂ ᠬᠤᠳᠠ ᠪᠠ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠳᠠ ᠶᠤᠰᠤᠭᠠᠷ᠂ ᠰᠢᠨ᠎ᠠ ᠬᠦᠭᠵᠢᠯᠳᠠ ᠶᠢᠨ ᠦᠵᠡᠯᠳᠠ ᠶᠢ ᠪᠦᠷᠢᠨ ᠪᠦᠳᠤᠨ᠂ ᠨᠠᠷᠢᠯᠢᠭ ᠤᠨᠤᠪᠴᠢᠳᠠᠢ ᠪᠦᠬᠦ ᠳᠠᠯ᠎ᠠ ᠪᠠᠷ ᠳᠤᠤᠱᠯᠠᠭᠤᠯᠤᠨ᠂ ᠰᠢᠨ᠎ᠠ ᠬᠦᠭᠵᠢᠯᠳᠠ ᠶᠢᠨ ᠪᠠᠶᠢᠳᠠᠯ ᠢ ᠲᠦᠷᠬᠡᠨ ᠪᠦᠷᠢᠯᠳᠤᠬᠦᠯᠵᠤ᠂ ᠴᠢᠨᠠᠷᠯᠢᠭ ᠬᠦᠭᠵᠢᠯᠳᠠ ᠶᠢ ᠡᠷᠴᠢᠮᠳᠠᠢ ᠠᠬᠢᠭᠤᠯᠤᠨ᠂ ᠬᠢᠵᠢᠭ ᠤᠨ ᠪᠠᠶᠢᠳᠠᠯ ᠤᠨ ᠰᠡᠷᠬᠡᠶᠢᠯᠡᠯ ᠡᠵᠡᠮᠳᠡᠯ ᠪᠠ ᠠᠵᠤ ᠠᠬᠤᠢ ᠨᠠᠶᠢᠬᠡᠮ ᠤᠨ ᠬᠦᠭᠵᠢᠯᠳᠠ᠂ ᠬᠦᠭᠵᠢᠯᠳᠠ ᠪᠠ ᠳᠤᠭᠳᠠᠭᠤᠨ ᠢ ᠨᠠᠩ ᠰᠠᠶᠢᠳᠤᠷ ᠨᠢᠬᠡᠳᠤᠯᠳᠠᠢ ᠲᠦᠯᠤᠪᠯᠡᠵᠤ᠂ ᠦᠬᠡᠷᠡᠴᠢᠯᠡᠯᠳᠠ ᠨᠡᠬᠡᠬᠡᠯᠳᠠ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠤᠨ᠂ ᠵᠠᠬ᠎ᠠ ᠳᠡᠯᠬᠡᠬᠦᠷ ᠤᠨ ᠢᠳᠡᠬᠡᠯ ᠢ ᠶᠡᠬᠡᠪᠡᠷ ᠬᠦᠪᠴᠢᠯᠡᠵᠤ᠂  ᠳᠤᠭᠳᠠᠭᠤᠨ ᠤ ᠳᠤᠮᠳᠠ ᠤᠷᠤᠭᠰᠢᠯᠠᠬᠤ ᠰᠠᠭᠤᠷᠢᠨ ᠳᠡᠬᠡᠷ᠎ᠡ ᠯᠠᠪᠳᠠᠭᠤᠨ ᠲᠦᠷᠬᠡᠨ ᠴᠢᠨᠠᠷᠵᠢᠭᠤᠨ ᠢᠶᠠᠷ ᠳᠠᠪᠰᠢᠨ᠂ ᠨᠤᠴᠢᠳᠠᠢ  ᠲᠦᠭᠰᠢᠬᠦᠷᠢ ᠶᠢ ᠪᠦᠳᠤᠮᠵᠢᠳᠠᠢ ᠰᠡᠷᠬᠡᠶᠢᠯᠡᠨ ᠰᠢᠢᠤᠨᠪᠤᠷᠢᠯᠡᠵᠤ᠂ ᠠᠵᠤ ᠠᠬᠤᠢ ᠶᠢᠨ ᠡᠷᠬᠢᠯᠳᠠ ᠪᠦᠬᠦᠯᠢ ᠴᠤᠭᠴᠠ ᠪᠠᠷ ᠢᠶᠠᠨ ᠰᠠᠶᠢᠵᠢᠷᠠᠬᠤ ᠶᠢ ᠠᠬᠢᠭᠤᠯᠤᠨ᠂ ᠶᠠᠰᠤ ᠴᠢᠨᠠᠷ ᠤᠨ ᠪᠦᠳᠤᠮᠵᠢᠳᠠᠢ ᠳᠡᠬᠡᠭᠰᠢᠯᠡᠯᠳᠠ ᠪᠠ ᠳᠤᠭ᠎ᠠ ᠬᠡᠮᠵᠢᠶᠡᠨ ᠤ ᠳᠤᠬᠢᠷᠠᠮᠵᠢᠳᠠᠢ ᠨᠡᠮᠡᠭᠳᠡᠯ  ᠢ ᠪᠡᠶᠡᠯᠡᠬᠦᠯᠵᠤ᠂ ︽ᠲᠦᠷᠪᠡᠨ ᠤᠷᠤᠨ︾ ᠤ ᠪᠠᠶᠢᠭᠤᠯᠤᠯᠳᠠ ᠶᠢ ᠪᠠᠳᠤᠳᠠᠢ ᠠᠬᠢᠭᠤᠯᠤᠨ᠂ ︽ᠭᠠᠷᠮᠠᠭᠠᠶᠢᠯᠠᠨ ᠲᠠᠪᠰᠢᠬᠤ ᠤᠳᠤᠭ ᠤᠨ ᠡᠮᠤᠨᠡᠳᠤ ᠬᠤᠰᠢᠭᠤᠨ︾ ᠤ ᠰᠢᠨ᠎ᠠ ᠠᠶᠠᠨ ᠢ ᠪᠦᠬᠦ ᠳᠠᠯ᠎ᠠ ᠪᠠᠷ ᠡᠬᠢᠯᠡᠬᠦᠯᠤᠨ᠎ᠠ᠃     ᠡᠯ᠎ᠡ ᠬᠦᠴᠤᠨ ᠵᠦᠢᠯ ᠢ ᠶᠡᠷᠤᠩᠬᠡᠶᠢᠯᠡᠨ ᠪᠤᠳᠤᠯᠬᠢᠯᠠᠭᠠᠤᠨ ᠵᠢᠱᠢᠭᠰᠡᠨ ᠦᠨᠤ ᠵᠢᠯ ᠤᠨ ᠬᠦᠭᠵᠢᠯᠳᠠ ᠶᠢᠨ ᠭᠤᠤᠯ ᠬᠠᠷᠠᠯᠳᠠ ᠪᠤᠯ᠄ ᠭᠠᠵᠠᠷ ᠤᠷᠤᠨ ᠤ ᠤᠶᠢᠯᠡᠤᠨᠪᠤᠷᠢᠯᠡᠯ ᠤᠨ ᠶᠡᠷᠤᠩᠬᠡᠢ ᠦᠷᠳᠡᠭ ᠢ 300 ᠳ᠋ᠦᠩᠰᠢᠭᠤᠷ ᠲᠦᠬᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ︔ ᠳᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠶᠢ 130 ᠳ᠋ᠦᠩᠰᠢᠭᠤᠷ ᠲᠦᠬᠦᠷᠢᠭ ᠠᠴᠠ ᠳᠠᠪᠠᠭᠤᠯᠤᠨ᠎ᠠ︔ ᠡᠩ ᠤᠨ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢᠨ ᠨᠡᠮᠡᠭᠳᠡᠯ ᠢ 20 ᠳ᠋ᠦᠩᠰᠢᠭᠤᠷ ᠲᠦᠬᠦᠷᠢᠭ ᠠᠴᠠ ᠳᠠᠪᠠᠭᠤᠯᠤᠨ᠎ᠠ︔ ᠨᠠᠶᠢᠬᠡᠮ ᠤᠨ ᠬᠡᠷᠡᠭᠯᠡᠬᠡᠨ ᠤ ᠪᠤᠳᠠᠰ ᠤᠨ ᠵᠢᠵᠢᠭᠯᠡᠨ ᠪᠤᠷᠤᠯᠠᠭᠤᠯᠬᠤ ᠶᠡᠷᠤᠩᠬᠡᠢ ᠦᠷᠳᠡᠭ ᠢ 27.4 ᠳ᠋ᠦᠩᠰᠢᠭᠤᠷ ᠲᠦᠬᠦᠷᠢᠭ ᠲᠤ ᠬᠦᠷᠬᠡᠨ᠂ 4% ᠪᠠᠷ ᠨᠡᠮᠡᠭᠳᠡᠬᠦᠯᠤᠨ᠎ᠠ︔ ᠬᠤᠳᠠ ᠬᠦᠳᠡᠭᠡ ᠶᠢᠨ  ᠰᠠᠭᠤᠭᠠᠯᠢ ᠠᠷᠠᠤᠨ ᠤᠨ ᠬᠦᠮᠤᠨ ᠳᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠶᠢ 56833 ᠲᠦᠬᠦᠷᠢᠭ ᠪᠠ 27913 ᠲᠦᠬᠦᠷᠢᠭ ᠲᠤ ᠬᠦᠷᠬᠡᠵᠤ᠂ ᠳᠤᠰ ᠪᠦᠷᠢ 5% ᠪᠠ 7% ᠨᠡᠮᠡᠭᠳᠡᠬᠦᠯᠤᠨ᠎ᠠ ᠃ ᠳᠡᠬᠡᠷᠡᠬᠢ ᠬᠠᠷᠠᠯᠳᠠ ᠶᠢ ᠪᠡᠶᠡᠯᠡᠬᠦᠯᠬᠦ ᠳᠤ ᠳᠤᠤᠷᠠᠬᠢ 7 ᠲᠦᠷᠤᠯ ᠤᠨ ᠠᠵᠢᠯ ᠢ ᠭᠤᠤᠯᠳᠠᠯᠭ᠎ᠠ ᠲᠠᠢ ᠰᠠᠶᠢᠳᠤᠷ ᠠᠤᠨᠬᠤᠨ᠎ᠠ᠄     ︵ᠨᠢᠬᠡ︶ ᠲᠦᠷᠤᠯ ᠵᠦᠢᠯ ᠤᠨ ᠰᠢᠪᠳᠤᠯᠤᠯᠳᠠ ᠶᠢ ᠬᠦᠴᠤᠯᠡᠨ ᠴᠢᠩᠭᠠᠤᠨᠬᠠᠵᠤ᠂ ᠠᠵᠤ ᠤᠶᠢᠯᠡᠤᠨᠪᠤᠷᠢ ᠶᠢᠨ ᠬᠡᠯᠪᠡᠷᠢ  ᠶᠢ ᠬᠤᠪᠢᠷᠠᠭᠤᠯᠤᠨ ᠳᠡᠰ ᠳᠡᠪᠰᠢᠬᠦᠯᠬᠦ ᠶᠢ ᠠᠬᠢᠭᠤᠯᠤᠨ᠎ᠠ᠃ ᠤᠳᠤᠬᠢ ᠰᠠᠭᠤᠷᠢ ᠳᠠᠪᠠᠭᠤᠯᠢᠭ ᠲᠤ ᠪᠠᠨ ᠰᠠᠭᠤᠷᠢᠯᠠᠨ᠂ ᠠᠵᠤ ᠤᠶᠢᠯᠡᠰ ᠤᠨ ᠳᠡᠬᠡᠳᠤ ᠳᠡᠰᠵᠢᠭᠰᠡᠨ᠂ ᠪᠤᠬᠢᠷᠳᠤᠯ ᠦᠬᠡᠢ᠂ ᠤᠶᠤᠨᠴᠢᠯᠠᠭᠰᠠᠨ ᠬᠦᠭᠵᠢᠯᠳᠠ ᠶᠢ ᠠᠬᠢᠭᠤᠯᠵᠤ᠂ ᠤᠳᠤ ᠦᠶ᠎ᠡ ᠶᠢᠨ ᠡᠨᠧᠷᠬᠢ ᠬᠢᠮᠢ ᠶᠢᠨ ᠤᠶᠢᠯᠡᠤᠨᠪᠤᠷᠢ ᠶᠢᠨ ᠰᠢᠰᠲ᠋ᠧᠮ ᠢ ᠪᠦᠬᠦ ᠬᠦᠴᠤᠨ ᠢᠶᠠᠷ ᠪᠠᠶᠢᠭᠤᠯᠤᠨ᠎ᠠ᠃     ᠲᠦᠷᠤᠯ ᠵᠦᠢᠯ ᠢᠶᠠᠷ ᠳᠠᠶᠢᠴᠢᠯᠠᠨ ᠳᠠᠭᠠᠭᠤᠯᠬᠤ ᠶᠢ ᠳᠤᠪᠤᠶᠢᠯᠭᠠᠨ᠎ᠠ᠃ 500 ᠲᠦᠮᠡᠨ ᠲᠦᠬᠦᠷᠢᠭ ᠠᠴᠠ ᠳᠡᠬᠡᠭᠰᠢᠬᠢ 114 ᠴᠢᠬᠤᠯᠠ ᠶᠡᠭᠡ ᠲᠦᠷᠤᠯ ᠵᠦᠢᠯ ᠢ ᠬᠡᠷᠡᠭᠵᠢᠬᠦᠯᠵᠤ᠂ ᠲᠦᠷᠤᠯ ᠵᠦᠢᠯ ᠤᠨ ᠡᠮᠤᠨᠡᠬᠢ ᠬᠤᠭᠤᠴᠠᠭᠠᠨ ᠤ ᠠᠵᠢᠯ ᠢ ᠪᠤᠳᠠᠳᠠᠢ ᠠᠤᠨᠬᠤᠨ᠂ ᠲᠦᠷᠤᠯ ᠵᠦᠢᠯ ᠤᠨ ᠭᠠᠷ ᠬᠦᠢᠴᠡᠤᠨᠬᠡᠯ᠂ ᠪᠡᠯᠡ ᠤᠷᠤᠭᠤᠯᠤᠯᠳᠠ ᠶᠢᠨ ᠠᠬᠢᠴᠠ᠂ ᠪᠤᠳᠠᠳᠠᠢ ᠠᠬᠢᠴᠠ ᠶᠢᠨ ᠪᠦᠬᠦ ᠶᠠᠪᠤᠴᠠ ᠳᠤ ᠳᠤᠰᠬᠠᠢ ᠪᠠᠭ ᠠᠴᠠ ᠳᠤᠬᠢᠷᠠᠭᠤᠯᠵᠤ᠂ ︽ᠡᠪᠤᠯ ᠤᠨ ᠰᠡᠯᠡᠬᠦᠤ ᠴᠠᠭ︾ ᠢᠶᠠᠨ ᠶᠠᠭᠠᠷᠠᠤ ᠴᠠᠭ ᠪᠤᠯᠭᠠᠨ᠂ ᠴᠢᠬᠤᠯᠠ ᠶᠡᠭᠡ ᠲᠦᠷᠤᠯ ᠵᠦᠢᠯ ︽ᠬᠠᠪᠤᠷ ᠪᠤᠯᠤᠮᠠᠭᠴᠠ ᠠᠵᠢᠯ ᠢᠶᠠᠨ ᠡᠬᠢᠯᠡᠬᠦᠯᠬᠦ︾ ᠶᠢ ᠪᠡᠶᠡᠯᠡᠬᠦᠯᠵᠤ᠂ ᠰᠢᠨ᠎ᠠ ᠪᠠᠷ ᠪᠠᠶᠢᠭᠤᠯᠬᠤ ᠲᠦᠷᠤᠯ ᠵᠦᠢᠯ ᠤᠨ 80% ᠶᠢ ᠨᠢ 5 ᠰᠠᠷ᠎ᠠ ᠶᠢᠨ ᠰᠡᠬᠦᠯᠴᠢ ᠠᠴᠠ ᠡᠮᠤᠨ᠎ᠡ ᠪᠠᠷᠢᠯᠭ᠎ᠠ ᠡᠬᠢᠯᠡᠬᠦᠯᠬᠦ ᠨᠦᠬᠦᠴᠡᠯ ᠢ ᠪᠦᠷᠢᠯᠳᠤᠬᠦᠯᠤᠨ᠂ 8 ᠰᠠᠷ᠎ᠠ ᠶᠢᠨ ᠰᠡᠬᠦᠯᠴᠢ  ᠠᠴᠠ ᠡᠮᠤᠨ᠎ᠡ ᠪᠦᠬᠦᠨ ᠢ ᠡᠬᠢᠯᠡᠬᠦᠯᠤᠨ ᠪᠠᠶᠢᠭᠤᠯᠵᠤ᠂ ᠦᠨᠡᠨ ᠬᠦ ᠲᠦᠷᠤᠯ ᠵᠦᠢᠯ ᠤᠨ ᠳᠤᠯᠭᠠᠭᠤᠷᠢᠯᠠᠯ ᠢᠶᠠᠷ ᠠᠵᠤ ᠠᠬᠤᠢ ᠶᠢᠨ ᠬᠦᠭᠵᠢᠯᠳᠠ ᠶᠢᠨ ᠠᠴᠢᠶᠠᠯᠠᠬᠤ ᠴᠢᠳᠠᠪᠤᠷᠢ᠂ ᠳᠠᠳᠠᠬᠤ ᠬᠦᠴᠤᠨ ᠢ ᠳᠡᠬᠡᠭᠰᠢᠯᠡᠬᠦᠯᠤᠨ᠎ᠠ᠃     ᠲᠦᠷᠤᠯ ᠵᠦᠢᠯ ᠢ ᠨᠠᠶᠢᠳᠠᠪᠤᠷᠢᠵᠢᠭᠤᠯᠤᠨ ᠪᠦᠳᠤᠮᠵᠢ ᠭᠠᠷᠭᠠᠬᠤ ᠶᠢ ᠴᠢᠩᠭᠠᠤᠨᠬᠠᠨ᠎ᠠ᠃ ᠪᠦᠬᠦ ᠬᠤᠳᠠ ᠶᠢᠨ ︽ᠳᠡᠯᠡᠬᠡᠢ ᠶᠢᠨ ᠳᠡᠰ ᠤᠨ ᠲᠦᠷᠪᠡᠨ ᠠᠵᠤ ᠤᠶᠢᠯᠡᠰ︾ ᠢ ᠴᠤᠭᠴᠠᠯᠠᠬᠤ ᠬᠦᠭᠵᠢᠯᠳᠠ ᠶᠢᠨ ᠴᠢᠬᠤᠯᠠ ᠳᠤᠬᠢᠶᠠᠯ ᠢ ᠡᠵᠡᠮᠳᠡᠵᠤ᠂ ᠪᠦᠬᠦ ᠬᠤᠰᠢᠭᠤᠨ ᠤ ᠬᠦᠴᠤᠨ ᠢᠶᠠᠷ ︽ᠲᠦᠷᠪᠡᠨ ᠶᠡᠭᠡ ᠵᠠᠭᠤᠨ ᠳ᠋ᠦᠩᠰᠢᠭᠤᠷ  ᠤᠨ ᠲᠦᠷᠤᠯ ᠵᠦᠢᠯ︾ ᠤᠨ ᠪᠠᠶᠢᠭᠤᠯᠤᠯᠳᠠ ᠶᠢ ᠠᠬᠢᠭᠤᠯᠤᠨ᠂ 4GW ᠰᠢᠨ᠎ᠠ ᠡᠨᠧᠷᠬᠢ ᠶᠢᠨ ᠲᠦᠷᠤᠯ ᠵᠦᠢᠯ ᠢ ᠴᠠᠭ ᠳᠠᠷᠠᠭᠠᠯᠠᠯ ᠤᠨ ᠠᠬᠢᠴᠠ ᠶᠤᠰᠤᠭᠠᠷ ᠳᠤᠤᠷ ᠲᠤ ᠤᠷᠤᠨ ᠴᠠᠬᠢᠯᠭᠠᠨ ᠭᠠᠷᠭᠠᠬᠤ ᠶᠢ ᠪᠠᠳᠤᠯᠠᠵᠤ᠂ ᠷᠦᠨ ᠶᠠᠩ ᠤᠨ ᠨᠢᠬᠡᠳᠤᠬᠡᠷ ᠬᠤᠭᠤᠴᠠᠭᠠᠨ ᠤ ᠤᠯᠠᠨ ᠳᠡᠯᠡᠰᠳᠤ ᠴᠠᠬᠢᠭᠤᠷ ᠤᠨ ᠲᠦᠷᠤᠯ ᠵᠦᠢᠯ ᠢ ᠪᠠᠶᠢᠭᠤᠯᠵᠤ ᠠᠰᠢᠭᠯᠠᠯᠳᠠ ᠳᠤ ᠤᠷᠤᠭᠤᠯᠤᠨ᠂ ᠬᠤᠸᠠ ᠰᠢᠩ ᠤᠨ 40 ᠳ᠋ᠦᠩᠰᠢᠭᠤᠷ ᠺᠦᠪ ᠮᠧᠲᠷ ᠤᠨ ᠨᠡᠬᠦᠷᠡᠰᠤ ᠪᠠᠷ ᠰᠢᠳᠠᠮᠠᠬᠠᠢ ᠬᠡᠢ ᠤᠶᠢᠯᠡᠤᠨᠬᠦ ᠨᠢᠬᠡᠳᠤᠬᠡᠷ ᠬᠤᠭᠤᠴᠠᠭᠠᠨ ᠤ ᠲᠦᠷᠤᠯ ᠵᠦᠢᠯ ᠤᠨ ᠤᠶᠢᠯᠡᠤᠨᠪᠤᠷᠢ ᠶᠢᠨ ᠳᠤᠭᠤᠷᠢᠭ ᠤᠨ ᠪᠠᠷᠢᠯᠭ᠎ᠠ ᠶᠢ ᠳᠠᠭᠤᠰᠬᠠᠵᠤ᠂ ᠬᠠᠷᠴᠠᠭᠠᠢ ᠬᠦᠯᠦᠭ ᠨᠢᠬᠡᠳᠤᠬᠡᠷ ᠨᠤᠮᠧᠷᠳᠤ᠂ ᠪᠠᠯᠠᠩ ᠨᠡᠬᠦᠷᠡᠰᠤᠨ ᠠᠭᠤᠷᠬᠠᠢ ᠶᠢᠨ ᠲᠦᠷᠤᠯ ᠵᠦᠢᠯ ᠤᠨ ᠨᠡᠬᠦᠷᠡᠰᠤ ᠮᠠᠯᠳᠠᠬᠤ ᠦᠨᠡᠮᠯᠡᠯ ᠢ ᠤᠯᠤᠨ᠂ ᠦᠨᠡᠨ ᠬᠦ ᠴᠢᠬᠤᠯᠠ ᠶᠡᠭᠡ ᠲᠦᠷᠤᠯ ᠵᠦᠢᠯ ᠤᠨ ᠤᠷᠤᠨᠵᠢᠯᠳᠠ ᠠᠰᠢᠭᠯᠠᠯᠳᠠ ᠪᠠᠷ ᠳᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠶᠢᠨ ᠰᠢᠪᠳᠤᠯᠤᠯᠳᠠ ᠳᠡᠬᠡᠭᠰᠢᠯᠡᠯᠳᠠ ᠳᠤ ᠬᠦᠴᠤᠨ ᠨᠡᠮᠡᠷᠢᠯᠡᠨ᠎ᠡ᠃ ᠤᠯᠤᠰ ᠤᠨ ᠡᠨᠧᠷᠬᠢ ᠶᠢᠨ ᠱᠠᠩᠬᠠᠢ ᠶᠢᠨ ᠰᠦᠮ᠎ᠠ ᠴᠠᠬᠢᠯᠭᠠᠨ ᠤᠶᠢᠯᠡᠤᠨᠪᠤᠷᠢ᠂ ᠴᠠᠩ ᠴᠧᠩ ᠴᠠᠬᠢᠯᠭᠠᠨ ᠤᠶᠢᠯᠡᠤᠨᠪᠤᠷᠢ ᠶᠢᠨ 3 ᠰᠠᠭᠤᠷᠢ ᠮᠠᠰᠢᠨ ᠴᠤᠭᠴᠠᠯᠠᠪᠤᠷᠢ᠂ ᠤᠯᠤᠰ ᠤᠨ ᠴᠠᠬᠢᠯᠭᠠᠨ ᠤ ᠷᠦᠨ ᠶᠠᠩ ᠤᠨ 50 ᠲᠦᠮᠡᠨ ᠺᠢᠯᠤᠸᠠᠲ ᠤᠨ ᠰᠢᠨ᠎ᠠ ᠡᠨᠧᠷᠬᠢ ᠶᠢᠨ ᠲᠦᠷᠤᠯ ᠵᠦᠢᠯ᠂ 91 ᠰᠠᠶ᠎ᠠ ᠸᠠᠲ ᠤᠨ ᠳᠠᠷᠬᠠᠢ ᠮᠠᠶ᠋ᠢᠭ ᠤᠨ ᠨᠠᠷᠠᠨ ᠡᠨᠧᠷᠬᠢ ᠰᠠᠯᠬᠢᠨ ᠴᠠᠬᠢᠯᠭᠠᠨ ᠤ ᠲᠦᠷᠤᠯ ᠵᠦᠢᠯ ᠢ ᠪᠠᠶᠢᠭᠤᠯᠤᠨ ᠳᠤᠤᠷ ᠲᠤ ᠤᠷᠤᠭᠤᠯᠤᠨ᠎ᠠ︔ ᠾᠧᠩ ᠺᠦᠨ ᠬᠢᠮᠢ ᠶᠢᠨ ᠤᠶᠢᠯᠡᠤᠨᠪᠤᠷᠢ ᠶᠢᠨ ᠬᠤᠶᠠᠳᠤᠭᠠᠷ ᠬᠤᠭᠤᠴᠠᠭᠠᠨ ᠤ ᠲᠦᠷᠤᠯ ᠵᠦᠢᠯ ᠤᠨ ᠡᠨᠧᠷᠬᠢ ᠶᠢᠨ ᠬᠤᠷᠤᠭᠳᠠᠯ ᠤᠨ ᠬᠦᠢᠴᠡᠤᠨᠬᠡᠯ ᠢ ᠢᠳᠡᠪᠬᠢᠳᠠᠢ ᠴᠢᠷᠮᠠᠶᠢᠨ ᠤᠯᠵᠤ᠂ ᠤᠷᠤᠭᠰᠢᠳᠠᠢ ᠪᠠᠷ ᠬᠡᠷᠡᠭᠯᠡᠯᠳᠠ ᠳᠤ ᠤᠷᠤᠬᠤ ᠶᠢ ᠬᠦᠴᠤᠯᠡᠨ ᠠᠬᠢᠭᠤᠯᠤᠨ᠎ᠠ︔ ᠱᠧᠨ ᠨᠧᠩ ᠤᠨ 250 ᠰᠠᠶ᠎ᠠ ᠸᠠᠲ ᠤᠨ ᠨᠠᠷᠠᠨ ᠡᠨᠧᠷᠬᠢ ᠪᠠᠷ ᠤᠰᠤᠳᠦ᠋ᠷᠦᠭᠴᠢ ᠤᠶᠢᠯᠡᠤᠨᠬᠦ ᠲᠦᠷᠤᠯ ᠵᠦᠢᠯ᠂  ᠺᠧ ᠰᠧ ᠤᠨ 40 ᠲᠦᠮᠡᠨ ᠳᠤᠨ LNG ᠤᠨ ᠲᠦᠷᠤᠯ ᠵᠦᠢᠯ᠂ ᠲᠢᠶᠠᠨ ᠯᠢ ᠹᠧᠩ ᠤᠨ 60 ᠲᠦᠮᠡᠨ ᠲᠤᠨ LNG ᠤᠨ ᠲᠦᠷᠤᠯ ᠵᠦᠢᠯ ᠤᠨ ᠨᠢᠬᠡᠳᠤᠬᠡᠷ ᠬᠤᠭᠤᠴᠠᠭᠠᠨ ᠤ ᠪᠠᠷᠢᠯᠭ᠎ᠠ᠂ ᠶᠠ ᠬᠠᠢ ᠡᠨᠧᠷᠬᠢ ᠶᠢᠨ BOG ᠡᠾᠧᠯᠢ ᠤᠶᠢᠯᠡᠤᠨᠬᠦ ᠲᠦᠷᠤᠯ ᠵᠦᠢᠯ ᠵᠡᠷᠬᠡ ᠭᠤᠤᠯᠳᠠᠯᠭᠠᠳᠤ ᠲᠦᠷᠤᠯ ᠵᠦᠢᠯ ᠢ ᠪᠠᠶᠢᠭᠤᠯᠤᠨ ᠳᠠᠭᠤᠰᠬᠠᠵᠤ᠂ ᠵᠢᠯ  ᠤᠨ ᠳᠤᠳᠤᠷ᠎ᠠ ᠨᠡᠬᠦᠷᠡᠰᠤᠨ ᠭᠠᠷᠤᠯᠳᠠ ᠶᠢ 2200 ᠲᠦᠮᠡᠨ ᠳᠤᠨ᠂ ᠰᠢᠳᠠᠮᠠᠬᠠᠢ ᠬᠡᠢ ᠶᠢᠨ ᠭᠠᠷᠤᠯᠳᠠ ᠶᠢ 50 ᠳ᠋ᠦᠩᠰᠢᠭᠤᠷ ᠺᠦᠪ ᠮᠧᠲᠷ ᠲᠤ ᠬᠦᠷᠬᠡᠬᠦ ᠪᠠᠷ ᠴᠢᠷᠮᠠᠶᠢᠨ᠂ 300 ᠲᠦᠮᠡᠨ ᠺᠢᠯᠤᠸᠠᠲ ᠨᠡᠬᠦᠷᠡᠰᠤᠨ ᠴᠠᠬᠢᠯᠭᠠᠨ᠂ 484 ᠲᠦᠮᠡᠨ ᠺᠢᠯᠤᠸᠠᠲ ᠰᠢᠨ᠎ᠠ ᠡᠨᠧᠷᠬᠢ ᠶᠢ ᠳᠤᠤᠷ ᠲᠤ ᠨᠠᠶᠢᠯᠡᠬᠦᠯᠤᠨ᠎ᠠ᠃ ᠬᠤᠶᠠᠳᠤᠭᠠᠷ ᠠᠵᠤ ᠤᠶᠢᠯᠡᠰ ᠤᠨ ᠨᠡᠮᠡᠭᠳᠡᠯ ᠦᠷᠳᠡᠭ ᠢ 192 ᠳ᠋ᠦᠩᠰᠢᠭᠤᠷ ᠲᠦᠬᠦᠷᠢᠭ ᠪᠠᠶᠠᠯᠡᠬᠦᠯᠤᠨ᠂ 47% ᠤᠷᠴᠢᠮ ᠨᠡᠮᠡᠭᠳᠡᠬᠦᠯᠤᠨ᠎ᠠ᠃     ᠲᠦᠷᠤᠯ ᠵᠦᠢᠯ ᠤᠨ ᠲᠦᠬᠦᠷᠴᠢᠯᠠᠯᠳᠠ ᠤᠷᠳᠤᠤᠨᠬᠠᠯ ᠢ ᠳᠡᠬᠦᠯᠳᠡᠷᠵᠢᠬᠦᠯᠤᠨ᠎ᠠ᠃ ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠢᠶᠠᠷ ᠭᠤᠤᠯ ᠰᠠᠭᠤᠷᠢᠨ ᠪᠤᠯᠭᠠᠨ᠂ ᠪᠦᠬᠦ ᠬᠤᠰᠢᠭᠤᠨ ᠤ ᠡᠯ᠎ᠡ ᠬᠦᠴᠤᠨ ᠵᠦᠢᠯ ᠤᠨ ᠪᠠᠳᠤᠯᠠᠭ᠎ᠠ ᠶᠢ ᠬᠤᠷᠠᠮᠳᠤᠭᠤᠯᠵᠤ᠂ ᠲᠦᠷᠤ ᠶᠢᠨ ᠪᠤᠳᠤᠯᠭ᠎ᠠ ᠶᠢᠨ ᠳᠡᠮᠵᠢᠯᠬᠡ ᠶᠢ ᠠᠮᠢᠳᠤᠯᠢᠭ ᠰᠠᠶᠢᠳᠤᠷ ᠬᠡᠷᠡᠭᠯᠡᠨ᠂ ᠰᠢᠨ᠎ᠠ ᠡᠨᠧᠷᠬᠢ᠂ ᠪᠤᠬᠢᠷᠳᠤᠯ ᠦᠬᠡᠢ ᠤᠰᠤᠳᠦ᠋ᠷᠦᠭᠴᠢ ᠡᠨᠧᠷᠬᠢ ᠬᠠᠳᠠᠭᠠᠯᠠᠯᠳᠠ᠂ ᠨᠡᠬᠦᠷᠡᠰᠤ ᠪᠠᠷ ᠴᠢᠯᠠᠭᠤᠨ ᠳᠤᠰᠤ ᠤᠶᠢᠯᠡᠤᠨᠬᠦ ᠂ ᠳᠡᠬᠡᠳᠤ ᠮᠤᠯᠧᠺᠦ᠋ᠯᠳᠤ ᠰᠢᠨ᠎ᠠ ᠮᠠᠲ᠋ᠧᠷᠢᠶᠡᠯ ᠵᠡᠷᠬᠡ ᠲᠦᠷᠤᠯ ᠵᠦᠢᠯ ᠢ ᠪᠦᠬᠦ ᠬᠦᠴᠤᠨ ᠢᠶᠠᠷ ᠤᠷᠤᠭᠤᠯᠵᠤ᠂ ᠨᠡᠬᠦᠷᠡᠰᠤᠳᠦ᠋ᠷᠦᠭᠴᠢ ᠶᠢᠨ ᠳᠠᠪᠬᠤᠷ ᠢᠰᠤᠯ ᠢ ᠬᠤᠷᠠᠭᠤᠯᠬᠤ᠂ ᠠᠰᠢᠭᠯᠠᠬᠤ᠂ ᠪᠢᠳᠡᠬᠦᠮᠵᠢᠯᠡᠨ ᠬᠠᠳᠠᠭᠠᠯᠠᠬᠤ ᠤᠶᠢᠯᠡᠰ ᠤᠨ ᠳᠠᠭᠤᠷᠢᠶᠠᠯ ᠬᠦᠭᠵᠢᠯᠳᠠ ᠶᠢ ᠵᠤᠬᠢᠴᠠᠭᠤᠯᠵᠤ ᠠᠬᠢᠭᠤᠯᠤᠨ᠂ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠦᠬᠡᠷᠡᠴᠢᠯᠡᠯᠳᠠ ᠰᠢᠨᠡᠴᠢᠯᠡᠯᠳᠠ ᠶᠢᠨ ᠭᠤᠷᠪᠠᠨ ᠵᠢᠯ ᠤᠨ ᠰᠢᠪᠳᠤᠯᠤᠯᠳᠠ ᠶᠢᠨ ᠠᠵᠢᠯᠯᠠᠭ᠎ᠠ ᠶᠢ ᠬᠦᠨᠵᠡᠬᠡᠢ ᠠᠬᠢᠭᠤᠯᠵᠤ᠂ ᠤᠯᠤᠰ ᠤᠨ ᠦᠮᠴᠢᠯᠡᠯᠳᠤ ᠳᠠᠪᠴᠠᠩ ᠺᠤᠮᠫᠠᠨᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦᠯᠬᠦ ᠶᠢ ᠲᠦᠷᠬᠡᠤᠨᠬᠡᠨ᠂ ᠤᠷᠳᠤᠰ ᠤᠨ ᠪᠠᠷᠠᠭᠤᠨ ᠪᠡᠶ᠎ᠡ ᠶᠢᠨ ᠪᠤᠳᠠᠰ ᠤᠨ ᠬᠦᠢᠯᠬᠡᠬᠡᠨ ᠤ ᠺᠤᠮᠫᠠᠨᠢ ᠶᠢᠨ ᠨᠠᠶᠢᠯᠡᠮᠡᠯ ᠦᠮᠴᠢᠯᠡᠯ ᠤᠨ ᠲᠦᠷᠢᠮ ᠤᠨ ᠦᠬᠡᠷᠡᠴᠢᠯᠡᠯᠳᠠ ᠶᠢ ᠠᠬᠢᠭᠤᠯᠵᠤ᠂ ᠦᠪᠤᠷ ᠮᠤᠩᠭᠤᠯ ᠤᠨ ᠪᠠᠷᠠᠭᠤᠨ ᠪᠠᠶ᠎ᠡ ᠶᠢᠨ ᠠᠵᠤ ᠤᠶᠢᠯᠡᠤᠨᠪᠤᠷᠢ ᠶᠢᠨ ᠪᠦᠳᠤᠬᠡᠭᠳᠡᠬᠦᠨ ᠤ ᠬᠠᠳᠠᠭᠠᠯᠠᠯᠳᠠ ᠪᠤᠳᠠᠰ ᠤᠨ ᠬᠦᠢᠯᠬᠡᠬᠡᠨ ᠤ ᠰᠠᠭᠤᠷᠢᠨ ᠭᠠᠵᠠᠷ ᠢ ᠪᠠᠶᠢᠭᠤᠯᠤᠨ᠎ᠠ᠃     ︵ᠬᠤᠶᠠᠷ︶ ᠬᠦᠳᠡᠭᠡ ᠳᠤᠰᠬᠤᠨ ᠤ ᠬᠦᠴᠤᠷᠬᠡᠭᠵᠢᠯ ᠮᠠᠨᠳᠤᠯᠳᠠ ᠶᠢᠨ ᠳᠠᠭᠤᠷᠢᠶᠠᠯ ᠢ ᠬᠦᠴᠤᠯᠡᠨ ᠪᠤᠢ ᠪᠤᠯᠭᠠᠵᠤ᠂ ᠮᠠᠯ ᠳᠠᠷᠢᠶᠠᠯᠠᠩ ᠤᠨ ᠤᠶᠢᠯᠡᠰ ᠤᠨ ᠭᠠᠷᠤᠯᠳᠠ ᠶᠢ ᠨᠡᠮᠡᠭᠳᠡᠬᠦᠯᠤᠨ ᠴᠢᠨᠠᠷ ᠢ ᠳᠡᠬᠡᠭᠰᠢᠯᠡᠬᠦᠯᠬᠦ ᠶᠢ ᠠᠬᠢᠭᠤᠯᠤᠨ᠎ᠠ᠃ ︽ᠨᠢᠬᠡᠳᠤᠬᠡᠷ ᠠᠵᠤ ᠤᠶᠢᠯᠡᠰ ᠢ ᠳᠠᠬᠢᠨ ᠱᠤᠭᠤᠬᠤ︾  ᠱᠠᠭᠠᠷᠳᠠᠯᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ᠂ ︽ᠬᠦᠳᠡᠭᠡ ᠳᠤᠰᠬᠤᠨ ᠤ ᠬᠦᠴᠤᠷᠬᠡᠭᠵᠢᠯ ᠮᠠᠨᠳᠤᠯᠳᠠ ᠶᠢᠨ ᠳᠠᠭᠤᠷᠢᠶᠠᠯ ᠤᠷᠤᠨ︾ ᠤ ᠪᠠᠶᠢᠭᠤᠯᠤᠯᠳᠠ ᠶᠢ ᠲᠦᠷᠬᠡᠤᠨᠬᠡᠨ᠎ᠡ᠃     ᠮᠠᠯ ᠳᠠᠷᠢᠶᠠᠯᠠᠩ ᠤᠨ ᠠᠵᠤ ᠤᠶᠢᠯᠡᠰ ᠤᠨ ᠪᠦᠳᠤᠴᠠ ᠶᠢ ᠰᠢᠯᠢᠳᠡᠭᠵᠢᠬᠦᠯᠤᠨ᠎ᠠ᠃ ᠭᠠᠴᠠᠭ᠎ᠠ ᠳᠤᠰᠬᠤᠨ ᠤ ᠲᠦᠯᠤᠪᠵᠢᠬᠦᠯᠬᠡ ᠶᠢ ᠬᠦᠢᠴᠡᠤᠨ ᠰᠠᠶᠢᠳᠤᠷ ᠠᠰᠢᠭᠯᠠᠨ᠂ ︽ᠢᠳᠡᠰᠢᠨ ᠦᠬᠡᠷ ᠠᠯᠠᠰᠢᠨ ᠮᠠᠯ᠂ ᠢᠳᠡᠰᠢᠨ ᠨᠤᠭᠤᠭᠠᠨ ᠤ ᠳᠠᠷᠢᠯᠳᠠ᠂ ᠠᠮᠢ ᠠᠬᠤᠢ ᠶᠢᠨ ᠪᠠᠶᠢᠭᠤᠯᠤᠯᠳᠠ᠂ ᠨᠤᠤᠯᠤᠭᠤᠷ ᠤᠨ ᠢᠮᠠᠭᠠᠨ ᠤ ᠤᠶᠢᠯᠡᠰ᠂ ᠨᠠᠶᠢᠬᠡᠮᠴᠢᠯᠡᠭᠰᠡᠨ ᠤᠶᠢᠯᠡᠴᠢᠯᠡᠭᠡ︾ ᠵᠡᠷᠬᠡ ᠳᠠᠪᠤᠨ ᠶᠡᠭᠡ ᠠᠵᠤ ᠤᠶᠢᠯᠡᠰ ᠤᠨ ᠰᠦᠷᠦᠭᠵᠢᠯ ᠢ ᠪᠠᠶᠢᠭᠤᠯᠵᠤ᠂ ᠢᠳᠡᠰᠢᠨ ᠨᠤᠭᠤᠭᠠᠨ ᠤ ᠠᠵᠤ ᠤᠶᠢᠯᠡᠰ  ᠤᠨ ᠪᠦᠰᠠ᠂ ᠠᠯᠠᠰᠢᠨ ᠮᠠᠯ ᠳᠡᠵᠢᠬᠡᠨ ᠦᠷᠡᠵᠢᠬᠦᠯᠬᠦ ᠬᠦᠷᠢᠶᠡᠯᠡᠩ ᠳᠤᠭᠤᠷᠢᠭ᠂ ᠠᠯᠠᠰᠢᠨ ᠦᠬᠡᠷ ᠤᠨ ᠠᠵᠤ ᠤᠶᠢᠯᠡᠰ ᠤᠨ ᠪᠦᠰᠠ᠂ ᠨᠦᠬᠡᠴᠡᠯᠡᠨ ᠬᠠᠳᠠᠭᠠᠯᠠᠬᠤ ᠪᠤᠳᠠᠰ ᠤᠨ ᠬᠦᠢᠯᠬᠡᠬᠡᠨ ᠤ ᠬᠦᠷᠢᠶᠡᠯᠡᠩ ᠤᠨ ᠪᠠᠶᠢᠭᠤᠯᠤᠯᠳᠠ ᠶᠢ ᠲᠦᠷᠬᠡᠤᠨᠬᠡᠨ᠂ ᠰᠤᠷᠠᠭ ᠵᠠᠩᠬᠢ ᠶᠢᠨ ᠨᠠᠶᠢᠳᠠᠯᠠᠯᠳᠠ᠂ ᠵᠠᠬ᠎ᠠ ᠳᠡᠯᠬᠡᠬᠦᠷ ᠤᠨ ᠠᠷᠠᠯᠵᠢᠶ᠎ᠠ᠂ ᠨᠠᠷᠢᠯᠢᠭ ᠪᠤᠯᠪᠠᠰᠤᠷᠠᠭᠤᠯᠤᠯᠳᠠ᠂  ᠴᠢᠬᠢ ᠪᠤᠶᠢᠵᠢᠭᠤᠯᠤᠯᠳᠠ ᠶᠢᠨ ᠪᠠᠳᠤᠯᠠᠭ᠎ᠠ᠂ ᠨᠠᠶᠢᠬᠡᠮᠴᠢᠯᠡᠭᠰᠡᠨ ᠤᠶᠢᠯᠡᠴᠢᠯᠡᠭᠡ ᠶᠢ ᠨᠢᠬᠡ ᠴᠤᠭᠴᠠᠵᠢᠭᠤᠯᠤᠭᠰᠠᠨ ᠳᠠᠬᠢᠯᠳᠤ ᠶᠢᠨ ᠪᠦᠬᠦ ᠠᠵᠤ ᠤᠶᠢᠯᠡᠰ ᠢ ᠠᠭᠤᠰᠤᠯᠴᠠᠭᠤᠯᠤᠨ ᠬᠦᠭᠵᠢᠬᠦᠯᠬᠦ ᠳᠠᠭᠤᠷᠢᠶᠠᠯ ᠬᠦᠷᠢᠶᠡᠯᠡᠩ ᠢ ᠪᠠᠶᠢᠭᠤᠯᠤᠨ᠎ᠠ᠃ ᠮᠠᠯ ᠳᠠᠷᠢᠶᠠᠯᠠᠩ ᠤᠨ ᠤᠶᠢᠯᠡᠰ ᠤᠨ ᠴᠢᠨᠠᠷᠯᠢᠭ ᠬᠦᠭᠵᠢᠯᠳᠠ ᠶᠢ ᠳᠡᠤᠨᠬᠦᠬᠦ 5000 ᠲᠦᠮᠡᠨ ᠲᠦᠬᠦᠷᠢᠭ ᠤᠨ ᠲᠦᠷᠤ ᠶᠢᠨ ᠪᠤᠳᠤᠯᠭ᠎ᠠ ᠶᠢ ᠦᠷᠬᠦᠯᠵᠢᠯᠡᠨ ᠨᠠᠶᠢᠳᠠᠪᠤᠷᠢᠵᠢᠭᠤᠯᠤᠨ᠂ ᠭᠠᠴᠠᠭ᠎ᠠ ᠳᠤᠰᠬᠤᠨ ᠤ ᠬᠠᠮᠳᠤ ᠶᠢᠨ ᠤᠷᠤᠯᠭ᠎ᠠ  ᠶᠢ ᠪᠤᠵᠠᠭᠠᠶᠢᠷᠠᠭᠤᠯᠵᠤ᠂ 68 ᠭᠠᠴᠠᠭ᠎ᠠ ᠳᠤᠰᠬᠤᠨ ᠤ ᠬᠠᠮᠳᠤ ᠶᠢᠨ ᠠᠵᠤ ᠠᠬᠤᠢ ᠶᠢ ᠪᠦᠬᠦᠨ ᠢᠶᠠᠷ 20 ᠲᠦᠮᠡᠨ ᠲᠦᠬᠦᠷᠢᠭ ᠠᠴᠠ ᠳᠠᠪᠠᠭᠤᠯᠬᠤ ᠶᠢ ᠪᠠᠳᠤᠯᠠᠨ᠂ ᠠᠮᠤ ᠪᠤᠳᠠᠭᠠᠨ ᠤ ᠶᠡᠷᠤᠩᠬᠡᠢ ᠤᠨᠠᠯᠳᠠ ᠶᠢ 2.4 ᠳ᠋ᠦᠩᠰᠢᠭᠤᠷ ᠵᠢᠩ ᠠᠴᠠ ᠳᠡᠬᠡᠭᠰᠢ ᠳᠤᠭᠳᠠᠪᠤᠷᠢᠵᠢᠭᠤᠯᠵᠤ᠂ ᠠᠯᠠᠰᠢᠨ ᠦᠬᠡᠷ ᠢ ᠨᠡᠮᠡᠭᠳᠡᠬᠦᠯᠤᠨ 8.4 ᠲᠦᠮᠡᠨ ᠳᠤᠯᠤᠭᠠᠢ ᠳᠤ ᠬᠦᠷᠬᠡᠨ᠂ ᠮᠠᠯ ᠤᠨ ᠳᠤᠭ᠎ᠠ ᠶᠢ 200 ᠲᠦᠮᠡᠨ ᠳᠤᠯᠤᠭᠠᠢ ᠠᠴᠠ ᠳᠠᠪᠠᠭᠤᠯᠵᠤ᠂ ᠬᠠᠳᠠᠭᠠᠬᠤ ᠰᠤᠷᠭᠤᠭ ᠢᠶᠠᠷ ᠬᠠᠳᠠᠭᠠᠯᠠᠬᠤ ᠬᠤᠤᠰ ᠬᠡᠷᠡᠭᠴᠡᠬᠡᠨ ᠤ ᠯᠠᠵᠤᠤ ᠶᠢ 3.3 ᠲᠦᠮᠡᠨ ᠮᠤ᠋ ᠲᠠᠪᠠᠳᠠᠯ᠎ᠠ ᠲᠦᠬᠡᠮᠡᠯᠵᠢᠬᠦᠯᠤᠨ᠂ ᠳᠠᠷᠢᠵᠤ ᠳᠡᠵᠢᠬᠡᠵᠤ ᠦᠷᠡᠵᠢᠬᠦᠯᠬᠦ ᠪᠦᠳᠤᠴᠠ ᠶᠢ ᠤᠯᠠᠮ ᠰᠢᠯᠢᠳᠡᠭᠵᠢᠬᠦᠯᠤᠨ᠎ᠠ᠃     ᠮᠠᠯ ᠳᠠᠷᠢᠶᠠᠯᠠᠩ ᠤᠨ ᠤᠶᠢᠯᠡᠰ ᠤᠨ ᠬᠦᠭᠵᠢᠯᠳᠠ ᠶᠢᠨ ᠰᠡᠤᠨᠬᠢᠮᠵᠢ ᠶᠢ ᠬᠤᠪᠢᠷᠠᠭᠤᠯᠤᠨ᠎ᠠ᠃ ᠠᠵᠤ ᠤᠶᠢᠯᠡᠤᠨᠪᠤᠷᠢ ᠶᠢᠨ ᠰᠡᠤᠨᠬᠢᠮᠵᠢ ᠪᠠᠷ ᠤᠳᠤᠬᠢᠴᠢᠯᠠᠭᠰᠠᠨ ᠮᠠᠯ ᠳᠠᠷᠢᠶᠠᠯᠠᠩ ᠤᠨ ᠤᠶᠢᠯᠡᠰ ᠢ ᠬᠦᠭᠵᠢᠬᠦᠯᠬᠦ ᠶᠢ ᠪᠠᠷᠢᠮᠳᠠᠯᠠᠨ᠂ ᠤᠶᠢᠯᠡᠤᠨᠪᠤᠷᠢᠯᠡᠯ᠂ ᠠᠵᠤ ᠤᠶᠢᠯᠡᠰ᠂ ᠡᠵᠡᠩᠨᠡᠯᠳᠠ ᠭᠤᠷᠪᠠᠨ ᠶᠡᠭᠡ ᠰᠢᠰᠲ᠋ᠧᠮ ᠢ ᠳᠡᠬᠦᠯᠳᠡᠷᠵᠢᠬᠦᠯᠵᠤ᠂ ᠰᠢᠯᠢᠳᠡᠭ ᠡᠬᠦᠯᠳᠡᠷ᠂ ᠰᠠᠶᠢᠨ ᠳᠠᠷᠢᠶ᠎ᠠ᠂ ᠰᠢᠯᠢᠳᠡᠭ ᠠᠵᠤ ᠠᠬᠤᠶᠢᠯᠠᠯ᠂ ᠰᠠᠶᠢᠨ ᠲᠦᠷᠤ ᠶᠢᠨ ᠪᠤᠳᠤᠯᠭ᠎ᠠ᠂ ᠰᠢᠯᠢᠳᠡᠭ ᠴᠢᠳᠠᠪᠤᠷᠢᠳᠠᠨ ᠵᠡᠷᠬᠡ ᠳᠠᠪᠤᠨ ᠵᠠᠩᠬᠢᠯᠠᠭ᠎ᠠ ᠶᠢᠨ ᠭᠤᠭᠴᠤᠭ᠎ᠠ ᠶᠢ ᠪᠠᠳᠤ ᠡᠵᠡᠮᠳᠡᠨ᠂ ᠬᠡᠪᠴᠢᠶᠡᠵᠢᠯ ᠢᠶᠠᠨ ᠦᠷᠬᠡᠤᠨᠬᠡᠨ ᠰᠠᠭᠤᠷᠢ ᠪᠠᠨ ᠪᠠᠬᠢᠵᠢᠬᠦᠯᠵᠤ᠂ ᠬᠡᠯᠬᠢᠶᠡᠵᠢᠯ ᠢᠶᠠᠨ ᠤᠷᠳᠤᠤᠨᠬᠠᠨ ᠨᠡᠷᠡᠳᠤ ᠳᠡᠮᠳᠡᠭ ᠡᠬᠦᠤᠨᠴᠤ ᠳᠠᠭᠤᠷᠢᠶᠠᠯ ᠦᠵᠡᠬᠦᠯᠤᠨ᠂ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠪᠦᠳᠤᠮᠵᠢ ᠪᠠ ᠬᠦᠳᠡᠭᠡ ᠳᠤᠰᠬᠤᠨ ᠤ ᠬᠦᠴᠤᠷᠬᠡᠭᠵᠢᠯ ᠮᠠᠨᠳᠤᠯᠳᠠ ᠶᠢ ᠪᠦᠳᠤᠮᠵᠢᠳᠠᠢ ᠠᠪᠴᠠᠯᠳᠤᠭᠤᠯᠬᠤ ᠶᠢ ᠠᠬᠢᠭᠤᠯᠤᠨ᠎ᠠ᠃ ᠳ᠋ᠦᠩᠰᠢᠭᠤᠷ ᠲᠦᠬᠦᠷᠢᠭ ᠠᠴᠠ ᠳᠡᠬᠡᠭᠰᠢᠬᠢ ᠡᠳ᠋ ᠤᠨ ᠵᠠᠰᠠᠭ ᠤᠨ ᠪᠡᠯᠡ ᠮᠦᠩᠬᠦ ᠶᠢ ᠴᠡᠭᠴᠡᠵᠢᠬᠦᠯᠤᠨ᠂ 2023 ᠤᠨ ᠤ ᠬᠦᠳᠡᠭᠡ ᠳᠤᠰᠬᠤᠨ ᠤ ᠶᠡᠷᠤᠩᠬᠡᠶᠢᠯᠡᠭᠰᠡᠨ ᠴᠢᠨᠠᠷᠳᠠᠢ ᠦᠬᠡᠷᠡᠴᠢᠯᠠᠯᠳᠠ ᠶᠢᠨ ᠳᠤᠷᠰᠢᠯᠳᠠ ᠶᠢᠨ ᠴᠡᠭ ᠤᠨ 19 ᠳᠤᠷᠰᠢᠯᠳᠠ ᠶᠢᠨ ᠲᠦᠷᠤᠯ ᠵᠦᠢᠯ ᠢ ᠰᠠᠶᠢᠳᠤᠷ ᠨᠠᠶᠢᠳᠠᠪᠤᠷᠢᠵᠢᠭᠤᠯᠤᠨ᠂ 2023 ᠤᠨ ᠤ ᠬᠦᠳᠡᠭᠡ ᠳᠤᠰᠬᠤᠨ ᠤ ᠬᠦᠴᠤᠷᠬᠡᠭᠵᠢᠯ ᠮᠠᠨᠳᠤᠯᠳᠠ ᠶᠢᠨ 50 ᠲᠦᠷᠤᠯ ᠵᠦᠢᠯ ᠢ ᠬᠡᠷᠡᠭᠵᠢᠬᠦᠯᠵᠤ᠂ ᠮᠠᠯ ᠤᠨ ᠡᠬᠦᠯᠳᠡᠷ ᠤᠨ ᠰᠠᠶᠢᠵᠢᠷᠠᠭᠤᠯᠤᠯᠳᠠ᠂ ᠨᠤᠤᠯᠤᠭᠤᠷ ᠤᠨ ᠢᠮᠠᠭᠠᠨ ᠤ ᠤᠶᠢᠯᠡᠰ ᠤᠨ ᠬᠦᠭᠵᠢᠯᠳᠠ᠂ ᠮᠠᠯ ᠳᠠᠷᠢᠶᠠᠯᠠᠩ ᠤᠨ ᠪᠦᠳᠤᠬᠡᠭᠳᠡᠬᠦᠨ ᠤ ᠨᠠᠷᠢᠯᠢᠭ ᠪᠤᠯᠪᠠᠰᠤᠷᠠᠭᠤᠯᠤᠯᠳᠠ᠂ ᠮᠠᠯ ᠡᠮᠨᠡᠯᠬᠡ ᠳᠠᠷᠢᠶᠠᠯᠠᠩ ᠤᠨ ᠮᠡᠷᠬᠡᠵᠢᠯ ᠤᠨ ᠤᠶᠢᠯᠡᠴᠢᠯᠡᠭᠡ ᠵᠡᠷᠬᠡ ᠳᠡᠮᠵᠢᠯᠬᠡ ᠶᠢᠨ ᠲᠦᠷᠤ ᠶᠢᠨ ᠪᠤᠳᠤᠯᠭ᠎ᠠ  ᠶᠢ ᠤᠯᠠᠮ ᠨᠢᠬᠡ ᠠᠯᠬᠤᠮ ᠰᠢᠯᠢᠳᠡᠭᠵᠢᠬᠦᠯᠤᠨ᠂ ᠮᠠᠯᠵᠢᠬᠤ ᠳᠠᠷᠢᠶᠠᠯᠠᠬᠤ ᠤᠷᠤᠨ ᠤ ᠰᠤᠯᠠ ᠬᠦᠷᠤᠩᠬᠡ ᠶᠢ ᠠᠮᠢᠳᠤᠯᠢᠭᠵᠢᠭᠤᠯᠵᠤ᠂ ᠳᠠᠷᠢᠵᠤ ᠳᠡᠵᠢᠬᠡᠬᠦ ᠬᠠᠰᠢᠶ᠎ᠠ ᠰᠠᠷᠠᠪᠴᠢ᠂ ᠬᠦᠷᠤᠬᠡᠨ ᠬᠠᠳᠠᠭᠠᠯᠠᠵᠤ ᠰᠢᠨ᠎ᠠ ᠰᠤᠷᠭᠤᠭ ᠢ ᠪᠠᠳᠤᠯᠬᠠᠤ ᠬᠦᠮᠤᠷᠬᠡ ᠵᠡᠷᠬᠡ ᠨᠢᠬᠡᠨᠳᠠ  ᠪᠠᠶᠢᠭᠤᠯᠤᠭᠳᠠᠭᠰᠠᠨ ᠡᠬᠢ ᠪᠠᠶᠠᠯᠢᠭ ᠢ ᠰᠠᠶᠢᠳᠤᠷ ᠠᠰᠢᠭᠯᠠᠨ᠂ ᠮᠠᠯ ᠳᠠᠷᠢᠶᠠᠯᠠᠩ ᠤᠨ ᠠᠵᠤ ᠤᠶᠢᠯᠡᠰᠵᠢᠭᠰᠡᠨ᠂ ᠬᠡᠪᠴᠢᠶᠡᠵᠢᠭᠰᠡᠨ᠂ ᠡᠷᠴᠢᠮᠵᠢᠭᠰᠡᠨ ᠲᠦᠪᠰᠢᠨ ᠢ ᠳᠠᠰᠤᠷᠠᠯᠳᠠ ᠦᠬᠡᠢ ᠳᠡᠬᠡᠭᠰᠢᠯᠡᠬᠦᠯᠵᠤ᠂ ᠨᠢᠬᠡᠳᠤᠬᠡᠷ ᠠᠵᠤ ᠤᠶᠢᠯᠡᠰ ᠤᠨ ᠨᠡᠮᠡᠭᠳᠡᠯ ᠦᠷᠳᠡᠭ ᠢ 27 ᠳ᠋ᠦᠩᠰᠢᠭᠤᠷ ᠲᠦᠬᠦᠷᠢᠭ ᠪᠡᠶᠡᠯᠡᠬᠦᠯᠤᠨ᠂ 24% ᠤᠷᠴᠢᠮ ᠨᠡᠮᠡᠭᠳᠡᠬᠦᠯᠤᠨ᠎ᠠ᠃     ᠮᠠᠯ ᠳᠠᠷᠢᠶᠠᠯᠠᠩ ᠤᠨ ᠤᠶᠢᠯᠡᠰ ᠤᠨ ᠡᠵᠡᠩᠨᠡᠯᠳᠠ ᠶᠢᠨ ᠭᠤᠤᠯ ᠴᠤᠭᠴᠠ ᠶᠢ ᠪᠤᠵᠠᠭᠠᠶᠢᠷᠠᠭᠤᠯᠤᠨ᠎ᠠ᠃ ᠬᠤᠩ ᠶᠧ᠂ ᠾᠧᠩ ᠺᠧ᠂ ᠶᠢᠨ ᠨᠢᠦ᠂ ᠾᠧᠩ ᠰᠢᠨ ᠵᠡᠷᠬᠡ ᠠᠵᠤ ᠤᠶᠢᠯᠡᠰᠵᠢᠯᠳᠠ ᠶᠢᠨ ᠳᠤᠯᠤᠭᠠᠶᠢᠯᠠᠭᠴᠢ ᠠᠵᠤ ᠠᠬᠤᠶᠢᠯᠠᠯ ᠢ ᠢᠳᠡᠪᠬᠢᠳᠠᠢ ᠪᠤᠶᠢᠵᠢᠭᠤᠯᠤᠨ ᠳᠡᠤᠨᠬᠦᠵᠤ᠂ ᠯᠠᠵᠤᠤ ᠶᠢᠨ ᠤᠶᠢᠯᠡᠰ ᠤᠨ ᠨᠠᠷᠢᠯᠢᠭ ᠪᠤᠯᠪᠠᠰᠤᠷᠠᠭᠤᠯᠬᠤ ᠳᠤᠯᠤᠭᠠᠶᠢᠯᠠᠭᠴᠢ ᠠᠵᠤ ᠠᠬᠤᠶᠢᠯᠠᠯ ᠢ ᠬᠦᠮᠤᠵᠢᠬᠦᠯᠤᠨ᠂ 5 ᠳᠠᠭᠤᠷᠢᠶᠠᠯ ᠬᠤᠷᠰᠢᠶᠠᠵᠢᠯ᠂ 6 ᠬᠡᠷ ᠪᠦᠯᠢ ᠶᠢᠨ ᠮᠠᠯᠵᠢᠯ ᠤᠨ ᠳᠠᠯᠠᠪᠠᠢ᠂ 20 ᠤᠶᠤᠨᠴᠢ ᠮᠠᠯ ᠳᠠᠷᠢᠶᠠᠯᠠᠩ ᠤᠨ ᠡᠷᠤᠬᠡ ᠶᠢ ᠪᠤᠶᠢᠵᠢᠭᠤᠯᠵᠤ᠂ 10 ᠳᠠᠷᠢᠶᠠᠯᠠᠩ ᠤᠨ ᠮᠠᠰᠢᠨ ᠤ ᠤᠶᠢᠯᠡᠴᠢᠯᠡᠬᠡᠨ ᠤ ᠠᠩᠬᠢ᠂ 200 ᠮᠠᠰᠢᠨᠴᠢᠯᠠᠯᠳᠠ ᠶᠢᠨ ᠳᠠᠭᠤᠷᠢᠶᠠᠯ ᠡᠷᠤᠬᠡ ᠶᠢ ᠪᠠᠶᠢᠭᠤᠯᠤᠨ᠂  ᠠᠯᠠᠰᠢᠨ ᠦᠬᠡᠷ᠂ ᠠᠯᠠᠰᠢᠨ ᠮᠠᠯ ᠪᠠ ᠨᠤᠤᠯᠤᠭᠤᠷ ᠤᠨ ᠢᠮᠠᠭᠠᠨ ᠤ ᠳᠠᠭᠤᠷᠢᠶᠠᠯ ᠡᠷᠤᠬᠡ ᠶᠢ ᠰᠢᠨ᠎ᠠ ᠪᠠᠷ ᠳᠤᠰ ᠪᠦᠷᠢ 100 ᠬᠦᠮᠤᠵᠢᠬᠦᠯᠵᠤ᠂ ᠮᠠᠯ ᠢ ᠨᠢᠳᠤᠯᠵᠤ ᠪᠤᠯᠪᠠᠰᠤᠷᠠᠭᠤᠯᠬᠤ ᠠᠵᠤ ᠠᠬᠤᠶᠢᠯᠠᠯ ᠤᠨ ᠬᠦᠭᠵᠢᠯᠳᠠ ᠶᠢ ᠳᠡᠮᠵᠢᠨ᠂ ᠮᠠᠯ ᠨᠢᠳᠤᠯᠬᠤ ᠪᠠᠭᠳᠠᠭᠠᠮᠵᠢ ᠶᠢ 2.6 ᠲᠦᠮᠡᠨ ᠲᠤᠨ ᠳᠤ ᠬᠦᠷᠬᠡᠨ᠎ᠡ᠃ ᠨᠢᠬᠡᠳᠤᠯᠳᠠᠢ ᠡᠵᠡᠩᠨᠡᠯᠳᠠ ᠶᠢᠨ ᠵᠠᠭᠪᠤᠷ᠂ ᠨᠢᠬᠡᠳᠤᠯᠳᠠᠢ ᠰᠢᠯᠢᠳᠡᠭ ᠡᠬᠦᠯᠳᠠᠷ ᠤᠨ ᠬᠠᠩᠭᠠᠯᠭ᠎ᠠ᠂ ᠨᠢᠬᠡᠳᠤᠯᠳᠠᠢ ᠳᠠᠷᠢᠵᠤ ᠳᠡᠵᠢᠬᠡᠬᠦ ᠪᠠᠷᠢᠮᠵᠢᠶ᠎ᠠ᠂ ᠨᠢᠬᠡᠳᠤᠯᠳᠠᠢ ᠨᠡᠷᠡᠲᠦ ᠳᠡᠮᠳᠡᠭ ᠤᠨ ᠤᠬᠠᠭᠤᠯᠭ᠎ᠠ᠂ ᠨᠢᠬᠡᠳᠤᠯᠳᠠᠢ ᠪᠤᠷᠤᠯᠠᠭᠤᠯᠭ᠎ᠠ ᠶᠢᠨ ᠵᠠᠮ ᠮᠦᠷ ᠵᠡᠷᠬᠡ ︽ᠳᠠᠪᠤᠨ ᠨᠢᠬᠡᠳᠤᠯᠳᠠᠢ︾ ᠬᠠᠮᠢᠶᠠᠷᠤᠯᠳᠠ  ᠶᠢᠨ ᠵᠠᠭᠪᠤᠷ ᠢ ᠳᠡᠯᠬᠡᠷᠡᠬᠦᠯᠤᠨ᠂ ︽ᠠᠵᠤ ᠠᠬᠤᠶᠢᠯᠠᠯ + ᠨᠠᠮ ᠤᠨ ᠡᠬᠦᠷ + ᠬᠤᠷᠰᠢᠶᠠᠵᠢᠯ + ᠮᠠᠯᠴᠢᠨ ᠳᠠᠷᠢᠶᠠᠴᠢᠨ ᠡᠷᠤᠬᠡ︾ ᠶᠢᠨ ᠬᠤᠯᠪᠤᠭᠠᠯᠠᠨ ᠬᠦᠭᠵᠢᠬᠦ ᠵᠠᠭᠪᠤᠷ ᠢ ᠳᠡᠬᠦᠯᠳᠡᠷᠵᠢᠬᠦᠯᠵᠤ᠂ ︽ᠬᠠᠮᠳᠤᠷᠠᠯᠴᠠᠨ ᠠᠰᠢᠭ ᠤᠯᠬᠤ︾ ᠠᠰᠢᠭ ᠳᠤᠰᠠ ᠶᠢᠨ ᠬᠡᠯᠬᠢᠶᠡᠵᠢᠯ ᠤᠨ ᠵᠠᠭᠪᠤᠷ ᠢ ᠪᠦᠷᠢᠯᠳᠤᠬᠦᠯᠤᠨ᠂ ︽ᠤᠳᠤᠭ ᠤᠨ ᠡᠮᠤᠨᠡᠳᠤ ᠬᠤᠰᠢᠭᠤᠨ ᠤ ᠮᠠᠯ ᠤᠨ ᠮᠢᠬ᠎ᠠ︾᠂ ︽ᠶᠡᠭᠡ ᠳᠤᠬᠤᠢ ᠶᠢᠨ ᠬᠡᠬᠡᠷ᠎ᠡ ᠶᠢᠨ ᠵᠢᠭᠠᠰᠤ︾ ᠵᠡᠷᠬᠡ ᠨᠡᠷᠡᠳᠤ ᠳᠡᠮᠳᠡᠭ ᠤᠨ ᠠᠯᠳᠠᠷᠰᠢᠯ ᠢ ᠦᠷᠬᠦᠯᠵᠢᠯᠡᠨ ᠳᠡᠬᠡᠭᠰᠢᠯᠡᠬᠦᠯᠵᠤ᠂ ᠤᠳᠤᠭ ᠤᠨ ᠡᠮᠤᠨᠡᠳᠤ ᠬᠤᠰᠢᠭᠤᠨ ᠤ ᠰᠢᠷ᠎ᠠ ᠳᠤᠰᠤ᠂  ᠬᠠᠭᠤᠷᠤᠭᠰᠠᠨ ᠠᠮᠤ᠂ ᠭᠤᠱᠤᠭᠤᠨ ᠱᠦᠯᠤ ᠵᠡᠷᠬᠡ ᠰᠢᠨ᠎ᠠ ᠨᠡᠷᠡᠳᠤ ᠳᠡᠮᠳᠡᠭ ᠢ ᠬᠦᠮᠤᠵᠢᠬᠦᠯᠵᠤ ᠪᠤᠶᠢᠵᠢᠭᠤᠯᠤᠨ᠂ ᠬᠦᠳᠡᠭᠡ ᠳᠤᠰᠬᠤᠨ ᠤ ᠠᠵᠤ ᠤᠶᠢᠯᠡᠰ ᠤᠨ ᠬᠦᠴᠤᠷᠬᠡᠭᠵᠢᠯ ᠮᠠᠨᠳᠤᠯᠳᠠ ᠳᠤ ᠬᠦᠴᠤᠨ ᠨᠡᠮᠡᠷᠢᠯᠡᠨ᠎ᠡ᠃     ︵ᠭᠤᠷᠪᠠ︶ ᠰᠤᠳᠤᠯᠭ᠎ᠠ ᠰᠤᠷᠤᠯᠴᠠᠯᠭ᠎ᠠ ᠵᠢᠭᠤᠯᠴᠢᠯᠠᠯ ᠤᠨ ᠠᠭᠤᠰᠤᠯᠴᠠᠯ ᠢ ᠬᠦᠴᠤᠯᠡᠨ ᠲᠦᠷᠬᠡᠤᠨᠬᠡᠵᠤ᠂ ᠤᠶᠢᠯᠡᠴᠢᠯᠡᠬᠡᠨ ᠤ ᠤᠶᠢᠯᠡᠰ ᠤᠨ ᠳᠡᠰ ᠳᠡᠪᠰᠢᠯᠳᠠ ᠶᠢ ᠠᠬᠢᠭᠤᠯᠤᠨ᠎ᠠ᠃ ᠪᠦᠬᠦ ᠬᠤᠳᠠ ᠪᠠᠷ ᠢᠶᠠᠨ ᠮᠠᠨ ᠤ ᠬᠤᠰᠢᠭᠤᠨ ᠤ ᠬᠤᠪᠢᠰᠬᠠᠯᠳᠤ ᠰᠤᠶᠤᠯ ᠵᠢᠭᠤᠯᠴᠢᠯᠠᠯ ᠤᠨ ᠤᠶᠢᠯᠡᠰ ᠤᠨ ᠬᠡᠯᠬᠢᠶᠡᠵᠢᠯ ᠪᠠᠶᠢᠭᠤᠯᠬᠤ ᠶᠢ ᠳᠡᠮᠵᠢᠬᠦ ᠠᠰᠢᠭᠳᠠᠢ ᠳᠤᠬᠢᠶᠠᠯ ᠳᠤ ᠲᠦᠰᠢᠭᠯᠡᠨ᠂ ᠳᠤᠰᠬᠠᠢ ᠮᠡᠷᠬᠡᠰᠢᠭᠰᠡᠨ᠂ ᠤᠯᠠᠨ ᠶᠠᠩᠵᠤᠴᠢᠯᠠᠭᠰᠠᠨ ᠠᠵᠤ ᠤᠶᠢᠯᠡᠰ ᠤᠨ ᠬᠡᠯᠬᠢᠶᠡᠵᠢᠯ ᠢ ᠳᠠᠶᠢᠴᠢᠯᠡᠨ ᠪᠦᠷᠢᠯᠳᠤᠬᠦᠯᠵᠤ᠂ ᠬᠢᠵᠢᠭ ᠤᠨ ᠭᠤᠷᠪᠠᠨ ᠵᠢᠯ ᠤᠨ ᠨᠦᠯᠤᠬᠡ ᠶᠢ ᠠᠯᠢ ᠲᠦᠷᠬᠡᠨ ᠢᠶᠠᠷ ᠨᠦᠬᠦᠪᠤᠷᠢᠯᠡᠨ᠎ᠡ᠃     ︽ᠴᠡᠭ︾ ᠳᠡᠬᠡᠷ᠎ᠡ ᠰᠢᠪᠳᠤᠯᠤᠯᠳᠠ ᠭᠠᠷᠭᠠᠨ᠂ ᠠᠵᠤ ᠤᠶᠢᠯᠡᠰ ᠤᠨ ᠴᠢᠳᠠᠪᠬᠢ ᠶᠢ ᠳᠡᠬᠡᠭᠰᠢᠯᠡᠬᠦᠯᠤᠨ᠎ᠠ᠃ ᠬᠤᠪᠢᠰᠬᠠᠯᠳᠤ ᠬᠦᠮᠤᠵᠢᠯ ᠵᠢᠭᠤᠯᠴᠢᠯᠠᠯ ᠤᠨ ᠲᠦᠷᠤᠯ ᠵᠦᠢᠯ ᠤᠨ ᠪᠠᠶᠢᠭᠤᠯᠤᠯᠳᠠ ᠶᠢ ᠲᠦᠷᠬᠡᠤᠨᠬᠡᠨ ᠠᠬᠢᠭᠤᠯᠵᠤ᠂ ᠪᠤᠷᠤᠪᠠᠯᠭᠠᠰᠤ ᠶᠢᠨ ᠦᠵᠡᠭᠳᠡᠯᠳᠤ ᠮᠠᠶ᠋ᠢᠭ ᠤᠨ ᠵᠢᠭᠠᠨ ᠰᠤᠷᠭᠠᠯᠳᠠ ᠶᠢᠨ ᠤᠷᠳᠤᠨ᠂ ᠨᠠᠮ  ᠤᠨ ᠰᠣᠷᠭᠠᠭᠤᠯᠢ ᠶᠢᠨ ᠰᠢᠨ᠎ᠠ ᠳᠤᠭᠤᠷᠢᠭ᠂ ᠬᠤᠪᠢᠰᠬᠠᠯᠳᠤ ᠬᠦᠮᠤᠵᠢᠯ ᠤᠨ ᠰᠠᠭᠤᠷᠢᠨ ᠤ ᠰᠤᠳᠤᠯᠭ᠎ᠠ ᠰᠤᠷᠤᠯᠴᠠᠯᠭ᠎ᠠ ᠶᠢᠨ ᠲᠦᠷᠤᠯ ᠵᠦᠢᠯ᠂ ᠮᠦᠽᠸᠢ ᠵᠡᠷᠬᠡ ᠭᠤᠤᠯᠳᠠᠯᠭᠠᠳᠤ ᠲᠦᠷᠤᠯ ᠵᠦᠢᠯ ᠢ ᠪᠠᠶᠢᠭᠤᠯᠤᠨ᠂ ᠤᠳᠤᠭ ᠤᠨ ᠡᠮᠤᠨᠡᠳᠤ ᠬᠤᠰᠢᠭᠤᠨ ᠤ ᠬᠤᠪᠢᠰᠬᠠᠯᠳᠤ ᠵᠢᠭᠤᠯᠴᠢᠯᠠᠯ ᠤᠨ ᠠᠴᠢᠶᠠᠯᠠᠬᠤ ᠴᠢᠳᠠᠪᠤᠷᠢ᠂ ᠳᠠᠳᠠᠬᠤ ᠴᠢᠳᠠᠪᠤᠷᠢ᠂ ᠦᠷᠢᠰᠤᠯᠳᠤᠬᠦ ᠴᠢᠳᠠᠪᠤᠷᠢ ᠶᠢ ᠳᠡᠬᠡᠭᠰᠢᠯᠡᠬᠦᠯᠤᠨ᠎ᠠ᠃ ᠬᠤᠪᠢᠰᠬᠠᠯ ᠤᠨ ᠪᠠᠭᠤᠷᠢ ᠶᠢᠨ ᠬᠠᠮᠠᠭᠠᠯᠠᠯᠳᠠ ᠳᠡᠬᠡᠭᠰᠢᠯᠡᠬᠦᠯᠤᠯᠳᠠ ᠶᠢᠨ ᠠᠵᠢᠯ ᠢ ᠰᠠᠶᠢᠳᠤᠷ ᠬᠢᠵᠤ᠂ ᠬᠤᠪᠢᠰᠬᠠᠯᠳᠤ ᠵᠢᠭᠤᠯᠴᠢᠯᠠᠯ ᠤᠨ ᠲᠦᠬᠦᠷ ᠠᠵᠤ ᠤᠶᠢᠯᠡᠰ ᠪᠠ ᠪᠦᠳᠤᠬᠡᠯᠴᠢ ᠰᠤᠶᠤᠯ ᠤᠨ ᠪᠦᠳᠤᠬᠡᠭᠳᠡᠬᠦᠨ ᠢ ᠨᠡᠬᠡᠬᠡᠵᠤ ᠬᠦᠭᠵᠢᠬᠦᠯᠤᠨ᠂ ᠰᠤᠶᠤᠯ ᠵᠢᠭᠤᠯᠴᠢᠯᠠᠯ ᠤᠨ ᠬᠡᠷᠡᠭᠯᠡᠬᠡᠨ ᠤ ᠵᠦᠢᠯ ᠢ ᠪᠤᠶᠢᠵᠢᠭᠤᠯᠵᠤ᠂ ᠦᠨᠡᠨ ᠬᠦ ᠬᠤᠪᠢᠰᠬᠠᠯᠳᠤ ᠨᠡᠷᠡᠳᠤ ᠳᠡᠮᠳᠡᠭ ᠤᠨ ᠨᠦᠯᠤᠬᠡᠯᠡᠯ ᠤᠨ ᠬᠦᠴᠤᠨ ᠢ ᠤᠶᠢᠯᠡᠤᠨᠪᠤᠷᠢᠯᠡᠯ ᠤᠨ ᠬᠦᠴᠤᠨ ᠪᠤᠯᠭᠠᠵᠤ ᠬᠤᠪᠢᠷᠠᠭᠤᠯᠤᠨ᠂ ᠵᠢᠯ ᠤᠨ ᠳᠤᠳᠤᠷ᠎ᠠ ᠬᠦᠯᠢᠶᠡᠨ ᠠᠪᠬᠤ ᠰᠤᠷᠤᠯᠴᠠᠭᠴᠢᠤᠨ᠂ ᠵᠢᠭᠤᠯᠴᠢᠯᠠᠭᠰᠠᠤᠨ ᠢ 200 ᠲᠦᠮᠡᠨ ᠬᠦᠮᠤᠨ ᠤᠳᠠᠭ᠎ᠠ ᠠᠴᠠ ᠳᠠᠪᠠᠭᠤᠯᠤᠨ᠎ᠠ᠃     ︽ᠱᠤᠭᠤᠮ︾ ᠢ ᠤᠷᠳᠤᠤᠨᠬᠠᠨ᠂ ᠰᠤᠳᠤᠯᠭ᠎ᠠ ᠰᠤᠷᠤᠯᠴᠠᠯᠭ᠎ᠠ ᠶᠢᠨ ᠠᠮᠢᠳᠤᠯᠢᠭ ᠬᠦᠴᠤᠨ ᠢ ᠬᠦᠭᠵᠢᠬᠡᠨ᠎ᠡ᠃ ᠡᠯᠪᠡᠭ ᠪᠠᠶᠠᠯᠢᠭ ᠬᠤᠪᠢᠰᠬᠠᠯᠳᠤ ᠡᠬᠢ ᠪᠠᠶᠠᠯᠢᠭ ᠤᠨ ᠳᠠᠪᠠᠭᠤᠯᠢᠭ ᠢᠶᠠᠨ ᠬᠦᠢᠴᠡᠤᠨ ᠠᠰᠢᠭᠯᠠᠨ᠂ ︽ᠬᠤᠪᠢᠰᠬᠠᠯᠳᠤ ᠰᠤᠳᠤᠯᠭ᠎ᠠ ᠰᠤᠷᠤᠯᠴᠠᠯᠭ᠎ᠠ︾ ᠶᠢ ᠡᠬᠢ ᠪᠠᠶᠠᠯᠢᠭ ᠢ ᠠᠮᠢᠳᠤᠯᠢᠭᠵᠢᠭᠤᠯᠬᠤ᠂ ᠪᠦᠬᠦ ᠴᠠᠷᠠᠭ᠎ᠠ ᠶᠢ ᠳᠠᠶᠢᠴᠢᠯᠠᠬᠤ ᠭᠤᠤᠯᠳᠠᠯᠭ᠎ᠠ ᠪᠤᠯᠭᠠᠨ ᠠᠤᠨᠬᠤᠬᠤ ᠶᠢ ᠪᠠᠷᠢᠮᠳᠠᠯᠠᠵᠤ᠂ ᠬᠤᠪᠢᠰᠬᠠᠯᠳᠤ ᠬᠦᠮᠤᠵᠢᠯ ᠤᠨ ᠰᠤᠳᠤᠯᠭ᠎ᠠ ᠰᠤᠷᠤᠯᠴᠠᠯᠭ᠎ᠠ ᠶᠢᠨ 5 ᠪᠠᠶᠡᠴᠢᠯᠡᠨ ᠤᠶᠢᠯᠠᠭᠠᠬᠤ ᠴᠡᠭ᠂ 30 ᠳᠠᠭᠤᠷᠢᠶᠠᠯ ᠡᠷᠤᠬᠡ ᠶᠢ ᠪᠤᠶᠢᠵᠢᠭᠤᠯᠤᠨ᠂ ᠰᠤᠳᠤᠯᠭ᠎ᠠ ᠰᠤᠷᠤᠯᠴᠠᠯᠭ᠎ᠠ ᠶᠢᠨ ᠵᠢᠭᠤᠯᠴᠢᠯᠠᠯ ᠤᠨ 5 ᠰᠤᠳᠤᠨ ᠵᠠᠮ ᠱᠤᠭᠤᠮ ᠢ ᠪᠠᠶᠢᠭᠤᠯᠵᠤ ᠂ ᠪᠦᠬᠦ ᠴᠠᠷᠠᠭ᠎ᠠ ᠶᠢ ᠪᠦᠷᠬᠦᠭᠰᠡᠨ᠂ ᠭᠤᠤᠯ ᠰᠡᠳᠤᠪ ᠢ ᠳᠤᠪᠤᠶᠢᠯᠭᠠᠭᠰᠠᠨ ᠬᠤᠪᠢᠰᠬᠠᠯᠳᠤ ᠵᠢᠭᠤᠯᠴᠢᠯᠠᠯ ᠤᠨ ᠪᠦᠰᠠ ᠶᠢ ᠪᠦᠷᠢᠯᠳᠤᠬᠦᠯᠤᠨ᠂ ︽ᠤᠶᠢᠷ᠎ᠠ ᠬᠠᠪᠢ ᠶᠢᠨ ᠵᠢᠭᠤᠯᠴᠢᠯᠠᠯ︾᠂ ︽ᠤᠶᠢᠷ᠎ᠠ ᠵᠠᠮ ᠤᠨ ᠵᠢᠭᠤᠯᠴᠢᠯᠠᠯ︾ ᠵᠡᠷᠬᠡ ᠵᠢᠭᠤᠯᠴᠢᠯᠠᠯ ᠤᠨ ᠰᠢᠨ᠎ᠠ ᠵᠠᠭᠪᠤᠷ ᠢ ᠢᠳᠡᠪᠬᠢᠳᠠᠢ ᠡᠷᠢᠯᠬᠢᠯᠡᠵᠤ᠂ ᠴᠢᠳᠠᠪᠤᠷᠢ ᠪᠠᠷ ᠪᠦᠷᠢᠨ᠂ ᠳᠠᠪᠠᠭᠤᠯᠢᠭ ᠢᠶᠠᠷ ᠢᠯᠡᠷᠬᠡᠢ᠂ ᠤᠷᠴᠢᠨ ᠳᠤᠭᠤᠷᠢᠨ ᠢᠶᠠᠷ ᠳᠠᠪᠠᠭᠤᠯᠢᠭ ᠨᠢᠬᠡ ᠪᠦᠯᠦᠭ ᠰᠤᠳᠤᠨ ᠵᠢᠭᠤᠯᠴᠢᠯᠠᠯ ᠤᠨ ᠵᠠᠮ ᠱᠤᠭᠤᠮ ᠢ ᠪᠤᠢ ᠪᠤᠯᠭᠠᠨ᠎ᠠ᠃     ︽ᠨᠠᠶᠢᠳᠠᠮ︾ ᠳᠤ ᠨᠢ ᠠᠭᠤᠰᠤᠯᠴᠠᠭᠤᠯᠤᠨ᠂ ᠭᠤᠷᠪᠠᠳᠤᠭᠠᠷ ᠠᠵᠤ ᠤᠶᠢᠯᠡᠰ ᠢ ᠳᠠᠶᠢᠴᠢᠯᠠᠨ᠎ᠠ᠃ ︽ᠬᠡᠷᠡᠭᠯᠡᠭᠡ︾ ᠪᠠ ︽ᠡᠵᠡᠩᠨᠡᠯᠳᠠ︾ ᠶᠢᠨ ᠬᠤᠤᠰ ᠴᠢᠭᠯᠡᠯ ᠤᠨ ᠬᠦᠴᠤᠯᠡᠴᠠ ᠶᠢ ᠪᠠᠷᠢᠮᠳᠠᠯᠠᠵᠤ᠂ ᠬᠤᠳᠠ ᠶᠢᠨ ᠬᠦᠭᠵᠢᠶᠠᠨᠳᠤ ᠠᠭᠤᠷ ᠠᠮᠢᠰᠬᠤᠯ ᠢ ᠪᠦᠬᠦ ᠳᠠᠯ᠎ᠠ ᠪᠠᠷ ᠳᠡᠬᠡᠭᠰᠢᠯᠡᠬᠦᠯᠤᠨ᠂ ᠬᠡᠷᠡᠭᠯᠡᠭᠡ ᠶᠢ ᠠᠬᠢᠭᠤᠯᠬᠤ  ᠠᠵᠢᠯᠯᠠᠭ᠎ᠠ ᠶᠢ ᠬᠦᠨᠵᠡᠬᠡᠢ ᠦᠷᠨᠢᠬᠦᠯᠵᠤ᠂ ᠪᠡᠶ᠎ᠡ ᠶᠢᠨ ᠳᠠᠮᠢᠷ ᠤᠨ ᠡᠷᠡᠬᠦᠯᠵᠢᠯ ᠰᠤᠪᠢᠯᠠᠯ᠂ ᠠᠳᠠᠯ ᠠᠬᠤᠢ ᠶᠢᠨ ᠤᠶᠢᠯᠡᠴᠢᠯᠡᠭᠡ ᠵᠡᠷᠬᠡ ᠬᠡᠷᠡᠭᠯᠡᠬᠡᠨ ᠤ ᠬᠠᠯᠠᠮᠰᠢᠯ ᠴᠡᠭ  ᠢ ᠢᠳᠡᠪᠬᠢᠳᠠᠢ ᠪᠤᠶᠢᠵᠢᠭᠤᠯᠤᠨ᠂ ᠨᠠᠭᠠᠳᠤᠮ᠂  ᠳᠡᠷᠬᠡᠨ ᠤᠷᠤᠯᠳᠤᠭᠠᠨ᠂ ᠬᠤᠸᠠᠷ ᠫᠤᠤᠵᠢᠩ ᠵᠡᠷᠬᠡ ᠭᠤᠤᠯ ᠰᠡᠳᠤᠪᠳᠤ ᠰᠤᠶᠤᠯ ᠵᠢᠭᠤᠯᠴᠢᠯᠠᠯ ᠤᠨ ᠠᠵᠢᠯᠯᠠᠭ᠎ᠠ ᠶᠢ ᠰᠠᠶᠢᠳᠤᠷ ᠵᠤᠬᠢᠶᠠᠨ ᠪᠠᠶᠢᠭᠤᠯᠵᠤ᠂ ᠦᠵᠡᠮᠵᠢ ᠰᠤᠨᠢᠷᠬᠠᠬᠤ ᠵᠢᠭᠤᠯᠴᠢᠯᠠᠯ᠂ ᠪᠡᠶᠡᠴᠢᠯᠡᠨ ᠤᠶᠢᠯᠠᠭᠠᠬᠤ ᠵᠢᠭᠤᠯᠴᠢᠯᠠᠯ᠂ ᠬᠦᠳᠡᠭᠡ ᠨᠤᠳᠤᠭ ᠤᠨ ᠵᠢᠭᠤᠯᠴᠢᠯᠠᠯ ᠵᠡᠷᠬᠡ ᠤᠶᠢᠯᠡᠰ ᠢ ᠳᠠᠶᠢᠴᠢᠯᠠᠨ ᠬᠦᠭᠵᠢᠬᠦᠯᠤᠨ᠎ᠠ᠃ ᠬᠦᠷᠢᠶᠡᠯᠠᠩ ᠳᠤᠭᠤᠷᠢᠭ ᠤᠨ ᠤᠶᠢᠯᠡᠤᠨᠪᠤᠷᠢᠯᠡᠯ ᠤᠨ ᠬᠡᠷᠡᠭᠴᠡᠭᠡ ᠪᠠ ᠪᠠᠯᠭᠠᠰᠤᠨ ᠳᠤᠭᠤᠷᠢᠭ ᠤᠨ ᠠᠮᠢᠳᠤᠷᠠᠯ ᠤᠨ ᠱᠠᠭᠠᠷᠳᠠᠯᠭ᠎ᠠ ᠳᠤ ᠠᠩᠬᠠᠷᠤᠯ ᠢᠶᠠᠨ ᠲᠦᠪᠯᠡᠷᠡᠬᠦᠯᠤᠨ᠂ ᠮᠧᠬᠠᠨᠢᠭ ᠴᠠᠬᠢᠯᠭᠠᠨ ᠤ ᠰᠠᠯᠪᠢᠨ ᠵᠠᠰᠠᠯᠳᠠ᠂ ᠲᠦᠬᠦᠬᠡᠷᠤᠮᠵᠢ ᠶᠢᠨ ᠤᠶᠢᠯᠡᠤᠨᠬᠡᠯ᠂ ᠠᠷᠠᠯᠵᠢᠶ᠎ᠠ ᠬᠤᠳᠠᠯᠳᠤᠭ᠎ᠠ ᠪᠤᠳᠠᠰ ᠤᠨ ᠬᠦᠢᠯᠬᠡᠬᠡ᠂ ᠮᠦᠩᠬᠦᠨ ᠬᠦᠢᠯᠬᠡᠬᠡᠨ ᠤ ᠤᠶᠢᠯᠡᠴᠢᠯᠡᠭᠡ ᠵᠡᠷᠬᠡ ᠤᠶᠢᠯᠡᠤᠨᠪᠤᠷᠢᠯᠡᠯ ᠠᠮᠢᠳᠤᠷᠠᠯ ᠤᠨ ᠴᠢᠨᠠᠷᠳᠠᠢ ᠤᠶᠢᠯᠡᠴᠢᠯᠡᠬᠡᠨ ᠤ ᠤᠶᠢᠯᠡᠰ ᠢ ᠤᠯᠠᠮ ᠨᠢᠬᠡ ᠠᠯᠬᠤᠮ ᠲᠦᠬᠦᠷᠴᠢᠯᠡᠨ ᠳᠡᠬᠦᠯᠳᠡᠷᠵᠢᠬᠦᠯᠵᠤ᠂ ᠤᠷᠳᠤᠰ ᠤᠨ ᠪᠠᠷᠠᠭᠤᠨ ᠪᠡᠶ᠎ᠡ ᠶᠢᠨ ᠶᠡᠷᠤᠩᠬᠡᠶᠢᠯᠡᠭᠰᠡᠨ ᠪᠤᠳᠠᠰ ᠤᠨ ᠬᠦᠢᠯᠬᠡᠬᠡᠨ ᠤ ᠬᠦᠷᠢᠶᠡᠯᠠᠩ ︵ᠬᠤᠶᠠᠳᠤᠭᠠᠷ ᠬᠤᠭᠤᠴᠠᠭ᠎ᠠ︶ ᠤᠨ ᠲᠦᠷᠤᠯ ᠵᠦᠢᠯ ᠢᠶᠠᠷ ᠭᠠᠷᠳᠠᠴᠠ ᠪᠤᠯᠭᠠᠨ᠂ ᠤᠯᠵᠠᠴᠢ ᠠᠴᠠ ᠱᠠᠩᠬᠠᠢ ᠶᠢᠨ ᠰᠦᠮ᠎ᠠ ᠬᠦᠷᠬᠦ ᠳᠡᠮᠤᠷ ᠵᠠᠮ᠂ ᠪᠠᠷᠠᠭᠤᠨ ᠪᠡᠶ᠎ᠡ ᠶᠢᠨ ᠳᠡᠮᠤᠷ ᠵᠠᠮ  ᠤᠨ ᠳᠤᠰᠬᠠᠢ ᠱᠤᠭᠤᠮ ᠵᠡᠷᠬᠡ ᠨᠡᠬᠦᠷᠡᠰᠤᠨ ᠳᠡᠬᠡᠬᠡᠪᠤᠷᠢᠯᠠᠯᠳᠠ ᠶᠢᠨ ᠳᠤᠰᠬᠠᠢ ᠱᠤᠭᠤᠮ ᠤᠨ ᠪᠠᠶᠢᠭᠤᠯᠤᠯᠳᠠ ᠶᠢᠨ ᠠᠬᠢᠴᠠ ᠶᠢ ᠲᠦᠷᠬᠡᠤᠨᠬᠡᠵᠤ᠂ ᠨᠡᠬᠦᠷᠡᠰᠤᠨ ᠤ ᠳᠡᠬᠡᠬᠡᠪᠤᠷᠢᠯᠡᠯᠳᠠ ᠶᠢᠨ ᠬᠦᠴᠤ ᠶᠢ ᠰᠢᠨ᠎ᠠ ᠪᠠᠷ 6500 ᠲᠦᠮᠡᠨ ᠳᠤᠨ ᠨᠡᠮᠡᠭᠳᠡᠬᠦᠯᠤᠨ᠂ ᠬᠡᠷᠡᠭᠴᠡᠭᠡ ᠳᠤ ᠨᠢ ᠳᠤᠬᠢᠷᠠᠭᠤᠯᠤᠨ ᠨᠢᠬᠡ ᠪᠦᠯᠦᠭ ᠤᠰᠤ᠂ ᠴᠠᠬᠢᠯᠭᠠᠨ᠂ ᠳᠤᠤᠷ ᠬᠤᠭᠤᠯᠠᠢ᠂ ᠤᠰᠤᠨ ᠠᠭᠤᠷ᠂ ᠭᠠᠯ ᠤᠨᠳᠠᠷᠠᠭᠠᠯᠳᠠ ᠵᠡᠷᠬᠡ ᠪᠠᠳᠤᠯᠠᠭ᠎ᠠ ᠶᠢᠨ ᠢᠨᠵᠧᠨᠧᠷᠢᠩ ᠢ ᠲᠦᠬᠦᠷᠴᠢᠯᠡᠵᠤ᠂ ᠤᠶᠢᠯᠡᠤᠨᠪᠤᠷᠢᠯᠡᠯ ᠤᠨ ᠴᠢᠨᠠᠷᠳᠠᠢ ᠤᠶᠢᠯᠡᠴᠢᠯᠡᠬᠡᠨ ᠤ ᠤᠶᠢᠯᠡᠰ ᠨᠡᠮᠡᠭᠳᠡᠵᠤ ᠦᠷᠬᠡᠵᠢᠨ᠂ ᠠᠮᠢᠳᠤᠷᠠᠯ ᠤᠨ ᠴᠢᠨᠠᠷᠳᠠᠢ ᠤᠶᠢᠯᠡᠴᠢᠯᠡᠬᠡᠨ ᠤ ᠤᠶᠢᠯᠡᠰ ᠳᠡᠰ ᠳᠠᠪᠰᠢᠵᠤ᠂ ᠰᠢᠨ᠎ᠠ ᠪᠠᠷ ᠬᠦᠭᠵᠢᠭᠰᠡᠨ ᠤᠶᠢᠯᠡᠴᠢᠯᠡᠬᠡᠨ ᠤ ᠤᠶᠢᠯᠡᠰ ᠬᠦᠭᠵᠢᠨ ᠪᠤᠵᠠᠭᠠᠶᠢᠷᠠᠬᠤ ᠶᠢ ᠠᠬᠢᠭᠤᠯᠤᠨ᠎ᠠ᠃ ᠭᠤᠷᠪᠠᠳᠤᠭᠠᠷ ᠠᠵᠤ ᠤᠶᠢᠯᠡᠰ ᠤᠨ ᠨᠡᠮᠡᠭᠳᠡᠯ ᠦᠷᠳᠡᠭ ᠢ 81 ᠳ᠋ᠦᠩᠰᠢᠭᠤᠷ ᠲᠦᠬᠦᠷᠢᠭ ᠪᠡᠶᠡᠯᠡᠬᠦᠯᠤᠨ᠂ 24% ᠤᠷᠴᠢᠮ ᠨᠡᠮᠡᠭᠳᠡᠬᠦᠯᠤᠨ᠎ᠠ᠃     ︵ᠲᠦᠷᠪᠡ︶ ᠦᠬᠡᠷᠡᠴᠢᠯᠡᠯᠳᠠ ᠰᠢᠨᠡᠴᠢᠯᠡᠯᠳᠠ ᠨᠡᠬᠡᠬᠡᠯᠳᠠ ᠶᠢ ᠬᠦᠴᠤᠯᠡᠨ ᠬᠦᠨᠵᠡᠬᠡᠶᠢᠷᠡᠬᠦᠯᠵᠤ᠂ ᠬᠦᠭᠵᠢᠯᠳᠠ ᠶᠢᠨ ᠨᠢᠭᠤᠭᠳᠠᠮᠠᠯ ᠬᠦᠴᠤᠨ ᠢ ᠪᠠᠳᠠᠷᠠᠭᠤᠯᠬᠤ  ᠶᠢ ᠠᠬᠢᠭᠤᠯᠤᠨ᠎ᠠ᠃ ᠰᠠᠨᠠᠭᠠᠴᠢᠯᠠᠭ᠎ᠠ ᠠᠴᠠ ᠪᠠᠨ ᠳᠡᠷᠢᠬᠦᠨ ᠤ ᠬᠢ ᠲᠠᠢ ᠬᠠᠷᠢᠴᠠᠭᠤᠯᠤᠨ᠂ ᠡᠯ᠎ᠡ ᠱᠠᠳᠤᠨ ᠤ ᠲᠦᠷᠤ ᠶᠢᠨ ᠪᠤᠳᠤᠯᠭ᠎ᠠ ᠠᠷᠭ᠎ᠠ ᠠᠪᠴᠠᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠦᠬᠡᠷᠡᠴᠢᠯᠡᠯᠳᠠ ᠶᠢᠨ ᠰᠡᠤᠨᠬᠢᠮᠵᠢ᠂ ᠨᠡᠬᠡᠬᠡᠯᠳᠠ ᠶᠢᠨ ᠦᠵᠡᠯᠳᠠ ᠪᠠᠷ ᠬᠦᠭᠵᠢᠯᠳᠠ ᠶᠢ ᠰᠦᠪᠡᠭᠴᠢᠯᠡᠵᠤ ᠠᠬᠢᠭᠤᠯᠤᠨ᠂ ᠬᠦᠭᠵᠢᠯᠳᠠ ᠶᠢ ᠬᠢᠵᠠᠭᠠᠷᠯᠠᠵᠤ ᠪᠠᠶᠢᠭ᠎ᠠ ᠬᠦᠨ ᠳᠠᠪᠬᠤᠷᠭ᠎ᠠ ᠶᠢᠨ ᠠᠰᠠᠭᠤᠳᠠᠯ ᠢ ᠬᠦᠴᠤᠯᠡᠨ ᠰᠢᠢᠤᠨᠪᠤᠷᠢᠯᠡᠨ᠎ᠡ᠃     ᠠᠷᠠᠯᠵᠢᠶᠠᠴᠢᠨ ᠤᠷᠢᠵᠤ ᠪᠡᠯᠡ ᠳᠠᠳᠠᠬᠤ ᠪᠠᠨ ᠴᠢᠩᠭᠠᠤᠨᠬᠠᠨ᠂ ᠠᠷᠠᠯᠵᠢᠶ᠎ᠠ ᠡᠵᠡᠩᠨᠡᠯᠳᠠ ᠶᠢᠨ ᠤᠷᠴᠢᠨ ᠢ ᠰᠢᠯᠢᠳᠡᠭᠵᠢᠬᠦᠯᠤᠨ᠎ᠠ᠃ ᠦᠷᠬᠦᠯᠵᠢᠯᠡᠨ 3500 ᠲᠦᠮᠡᠨ ᠲᠦᠬᠦᠷᠢᠭ ᠤᠨ ᠠᠷᠠᠯᠵᠢᠶᠠᠴᠢᠨ ᠤᠷᠢᠬᠤ ᠵᠠᠷᠤᠳᠠᠯ ᠢ ᠳᠤᠰᠬᠠᠢ ᠳᠤᠬᠢᠷᠠᠭᠤᠯᠵᠤ᠂ ᠠᠵᠤ ᠤᠶᠢᠯᠡᠰ ᠤᠨ ᠰᠦᠷᠦᠭᠵᠢᠯ ᠪᠤᠶᠢᠵᠢᠭᠤᠯᠤᠯᠳᠠ ᠶᠢ ᠠᠬᠢᠭᠤᠯᠤᠨ᠂ ᠠᠵᠤ ᠤᠶᠢᠯᠡᠰ ᠤᠨ ᠬᠡᠯᠬᠢᠶᠡᠵᠢᠯ ᠢᠶᠠᠷ ᠠᠷᠠᠯᠵᠢᠶᠠᠴᠢᠨ ᠤᠷᠢᠬᠤ᠂ ᠳᠤᠰᠬᠠᠶᠢᠯᠠᠨ ᠤᠴᠢᠵᠤ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ  ᠶᠢ ᠬᠦᠨᠵᠡᠬᠡᠢ ᠦᠷᠨᠢᠬᠦᠯᠵᠤ᠂ ᠰᠢᠨ᠎ᠠ ᠡᠨᠧᠷᠬᠢ᠂ ᠦᠵᠤᠬᠦᠷᠰᠢᠯ ᠲᠦᠬᠦᠬᠡᠷᠤᠮᠵᠢ ᠶᠢᠨ ᠤᠶᠢᠯᠡᠤᠨᠬᠡᠯ ᠵᠡᠷᠬᠡ ᠭᠤᠤᠯᠳᠠᠯᠭᠠᠳᠤ ᠠᠵᠤ ᠤᠶᠢᠯᠡᠰ ᠤᠨ ᠬᠡᠯᠬᠢᠶᠡᠵᠢᠯ᠂ ᠷᠦᠨ ᠶᠠᠩ᠂ ᠬᠤᠸᠠ ᠰᠢᠩ᠂ ᠰᠢᠨ ᠸᠧᠨ ᠠᠭᠤᠷᠬᠠᠢ ᠶᠢᠨ ᠪᠦᠯᠦᠭᠯᠡᠯ᠂ ᠤᠯᠤᠰ ᠤᠨ ᠴᠠᠬᠢᠯᠭᠠᠨ ᠵᠡᠷᠬᠡ ᠵᠠᠩᠬᠢᠯᠠᠭ᠎ᠠ ᠶᠢᠨ ᠠᠵᠤ ᠠᠬᠤᠶᠢᠯᠠᠯ᠂ ᠪᠤᠬᠢᠷᠳᠤᠯ ᠦᠬᠡᠢ ᠤᠰᠤᠳᠦ᠋ᠷᠦᠭᠴᠢ ᠡᠨᠧᠷᠬᠢ ᠶᠢᠨ ᠬᠠᠳᠠᠭᠠᠯᠠᠯᠳᠠ᠂ ᠰᠢᠨ᠎ᠠ ᠡᠨᠧᠷᠬᠢ ᠶᠢᠨ ᠬᠦᠨᠳᠤ ᠠᠴᠢᠶᠠᠨ ᠤ ᠮᠠᠰᠢᠨ᠂ ᠰᠢᠨ᠎ᠠ ᠡᠨᠧᠷᠬᠢ ᠶᠢᠨ ᠲᠦᠬᠦᠬᠡᠷᠤᠮᠵᠢ ᠶᠢᠨ ᠤᠶᠢᠯᠡᠤᠨᠬᠡᠯ᠂ ᠬᠢᠮᠢ ᠶᠢᠨ ᠤᠶᠢᠯᠡᠤᠨᠪᠤᠷᠢᠯᠡᠯ ᠤᠨ ᠰᠢᠨ᠎ᠠ ᠮᠠᠲ᠋ᠧᠷᠢᠶᠡᠯ᠂ ᠬᠠᠳᠠᠭᠤ ᠬᠠᠶᠠᠭᠳᠠᠮᠠᠯ ᠪᠤᠳᠠᠰ ᠤᠨ ᠶᠡᠷᠤᠩᠬᠡᠶᠢᠯᠡᠭᠰᠡᠨ ᠠᠰᠢᠭᠯᠠᠯᠳᠠ ᠵᠡᠷᠬᠡ ᠭᠤᠤᠯᠳᠠᠯᠭᠠᠳᠤ ᠴᠢᠭᠯᠡᠯ ᠤᠨ ᠳᠤᠭᠤᠷᠢᠨ ᠳᠤ ᠲᠦᠷᠤᠯ ᠵᠦᠢᠯ ᠤᠨ ᠨᠦᠬᠡᠴᠠ ᠶᠢᠨ ᠬᠦᠮᠤᠷᠬᠡ ᠪᠠᠶᠢᠭᠤᠯᠤᠨ᠂ ᠨᠠᠷᠢᠯᠢᠭ ᠤᠨᠤᠪᠴᠢᠳᠠᠢ ᠪᠠᠷ ᠠᠷᠠᠯᠵᠢᠶᠠᠴᠢᠨ ᠤᠷᠢᠨ ᠪᠡᠯᠡ ᠳᠠᠳᠠᠵᠤ᠂ ᠰᠦᠯᠵᠢᠶᠡᠨ ᠳᠡᠬᠡᠷᠡᠬᠢ ᠰᠦᠯᠵᠢᠶᠡᠨ ᠳᠤᠤᠷᠠᠬᠢ ᠠᠷᠠᠯᠵᠢᠶᠠᠴᠢᠨ ᠤᠷᠢᠬᠤ ᠠᠵᠢᠯᠯᠠᠭ᠎ᠠ ᠶᠢ 4 ᠤᠳᠠᠭ᠎ᠠ ᠠᠴᠠ ᠳᠡᠬᠡᠭᠰᠢ ᠦᠷᠨᠢᠬᠦᠯᠤᠨ᠂ ᠲᠦᠷᠤᠯ ᠵᠦᠢᠯ ᠤᠨ ᠵᠦᠪᠯᠡᠯᠴᠡᠬᠡᠷ ᠤᠨ ᠶᠡᠷᠤᠩᠬᠡᠢ ᠦᠷᠳᠡᠭ᠂ ᠨᠠᠶᠢᠳᠠᠪᠤᠷᠢᠵᠢᠭᠤᠯᠤᠭᠰᠠᠨ ᠲᠦᠷᠤᠯ ᠵᠦᠢᠯ ᠤᠨ ᠳᠤᠭ᠎ᠠ ᠬᠡᠮᠵᠢᠶ᠎ᠡ᠂ ᠤᠷᠤᠨᠵᠢᠭᠰᠠᠨ ᠪᠡᠯᠡ ᠮᠦᠩᠬᠦᠨ ᠤ ᠨᠡᠮᠡᠭᠳᠡᠯ ᠢ 10% ᠠᠴᠠ ᠳᠠᠪᠠᠭᠤᠯᠤᠨ᠎ᠠ᠃ ︽ᠰᠦᠯᠵᠢᠶᠡᠨ ᠬᠤᠳᠠᠯᠳᠤᠭ᠎ᠠ ᠶᠢ ᠬᠦᠳᠡᠭᠡ ᠳᠤᠰᠬᠤᠨ ᠳᠤ ᠬᠦᠨᠵᠡᠬᠡᠶᠢᠷᠡᠬᠦᠯᠬᠦ︾ ᠶᠢ ᠬᠦᠨᠵᠡᠬᠡᠢ ᠬᠡᠷᠡᠭᠵᠢᠬᠦᠯᠤᠨ᠂ ᠰᠦᠯᠵᠢᠶᠡᠨ ᠬᠤᠳᠠᠯᠳᠤᠭᠠᠨ ᠲᠦᠪ ᠢ ᠰᠢᠨ᠎ᠠ ᠪᠠᠷ ᠪᠠᠶᠢᠭᠤᠯᠵᠤ᠂ ᠪᠠᠯᠭᠠᠰᠤ᠂ ᠭᠠᠴᠠᠭᠠᠨ ᠤ ᠳᠡᠰ ᠤᠨ ᠰᠦᠯᠵᠢᠶᠡᠨ ᠬᠤᠳᠠᠯᠳᠤᠭ᠎ᠠ ᠶᠢᠨ 23 ᠤᠶᠢᠯᠡᠴᠢᠯᠡᠬᠡᠨ ᠤ ᠴᠡᠭ ᠢ ᠰᠢᠨ᠎ᠠ ᠪᠠᠷ ᠪᠠᠶᠢᠭᠤᠯᠤᠨ᠎ᠠ᠃ ᠬᠠᠷᠢᠴᠠᠩᠭᠤᠢ ᠪᠠᠷ ᠲᠦᠪᠯᠡᠷᠡᠬᠦᠯᠦᠭᠰᠡᠨ ᠵᠠᠰᠠᠭ ᠵᠠᠬᠢᠷᠭᠠᠨ ᠤ ᠵᠦᠪᠰᠢᠶᠡᠷᠡᠯ ᠤᠨ ᠡᠷᠬᠡ ᠶᠢᠨ ᠦᠬᠡᠷᠡᠴᠢᠯᠡᠯᠳᠠ ᠳᠤᠷᠰᠢᠯᠳᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ᠂ ᠬᠤᠰᠢᠭᠤ ᠱᠠᠳᠤᠨ ᠤ ᠴᠢᠬᠤᠯᠠ ᠶᠡᠭᠡ ᠪᠡᠯᠡ ᠤᠷᠤᠭᠤᠯᠤᠯᠳᠠ ᠶᠢᠨ ᠲᠦᠷᠤᠯ ᠵᠦᠢᠯ ᠳᠤ ︽ᠨᠢᠬᠡᠤᠨᠬᠡᠨ ᠬᠤᠯᠪᠤᠭᠠᠯᠠᠵᠤ  ᠴᠤᠬᠤᠯᠠᠪᠤᠷᠢᠯᠠᠬᠤ ︾ ᠶᠢ ᠬᠡᠷᠡᠭᠵᠢᠬᠦᠯᠵᠤ᠂ ᠵᠦᠪᠰᠢᠶᠡᠷᠡᠯ ᠤᠨ ᠶᠠᠪᠤᠴᠠ ᠶᠢ ᠤᠯᠠᠮ ᠨᠢᠬᠡ ᠠᠯᠬᠤᠮ ᠴᠤᠮᠬᠠᠤᠨᠬᠠᠨ᠂ ᠵᠦᠪᠰᠢᠶᠡᠷᠡᠯ ᠤᠨ ᠪᠠᠷᠢᠮᠵᠢᠶ᠎ᠠ ᠶᠢ ᠲᠦᠷᠢᠮᠵᠢᠬᠦᠯᠵᠤ᠂ ᠵᠦᠪᠰᠢᠶᠡᠷᠡᠯ  ᠤᠨ ᠪᠦᠳᠤᠮᠵᠢ ᠶᠢ ᠳᠡᠬᠡᠭᠰᠢᠯᠡᠬᠦᠯᠤᠨ᠂ ᠵᠦᠪᠰᠢᠶᠡᠷᠡᠯ ᠤᠨ ᠤᠶᠢᠯᠡᠴᠢᠯᠡᠭᠡ ᠶᠢ ᠰᠢᠯᠢᠳᠡᠭᠵᠢᠬᠦᠯᠤᠨ᠎ᠠ᠃     ᠰᠢᠨᠡᠴᠢᠯᠡᠯᠳᠠ ᠶᠢᠨ ᠬᠦᠳᠡᠯᠬᠡᠭᠴᠢ ᠬᠦᠴᠤᠨ ᠢ ᠪᠠᠷᠢᠮᠳᠠᠯᠠᠨ᠂ ᠬᠦᠭᠵᠢᠯᠳᠠ ᠶᠢᠨ ᠠᠮᠢᠳᠤᠯᠢᠭ ᠬᠦᠴᠤᠨ ᠢ ᠴᠢᠩᠭᠠᠤᠨᠬᠠᠨ᠎ᠠ᠃ ᠳᠤᠮᠤ ᠳᠤᠮᠳᠠ ᠪᠠᠭ᠎ᠠ ᠠᠵᠤ ᠠᠬᠤᠶᠢᠯᠠᠯ ᠤᠨ ᠱᠠᠳᠤᠴᠢᠯᠠᠭᠰᠠᠨ ᠪᠤᠶᠢᠵᠢᠭᠤᠯᠤᠯᠳᠠ ᠶᠢᠨ ᠳᠤᠰᠬᠠᠢ ᠠᠵᠢᠯᠯᠠᠭ᠎ᠠ ᠶᠢ ᠦᠷᠨᠢᠬᠦᠯᠤᠨ᠂ ᠬᠠᠢ ᠴᠤᠸᠠᠨ ᠡᠨᠧᠷᠬᠢ᠂ ᠴᠠᠩ ᠴᠧᠩ ᠳᠠᠪᠤᠳᠤᠭᠠᠷ ᠠᠭᠤᠷᠬᠠᠢ ᠂ ᠴᠠᠩ ᠴᠧᠩ ᠵᠢᠷᠭᠤᠳᠤᠭᠠᠷ ᠠᠭᠤᠷᠬᠠᠢ᠂ ᠶᠠ ᠬᠠᠢ ᠡᠨᠧᠷᠬᠢ ᠵᠡᠷᠬᠡ 4 ᠠᠵᠤ ᠠᠬᠤᠶᠢᠯᠠᠯ ᠤᠨ ᠬᠡᠪᠴᠢᠶᠡᠵᠢᠯ ᠳᠠᠪᠰᠢᠯᠳᠠ ᠶᠢ ᠪᠦᠬᠦ ᠬᠦᠴᠤᠨ ᠢᠶᠠᠷ ᠳᠡᠮᠵᠢᠵᠤ᠂ ᠦᠪᠡᠷᠳᠡᠬᠡᠨ ᠵᠠᠰᠠᠬᠤ ᠤᠷᠤᠨ ᠤ ᠳᠡᠰ ᠤᠨ ᠳᠤᠰᠬᠠᠢ ᠨᠠᠷᠢᠯᠢᠭ ᠤᠨᠴᠠ ᠰᠢᠨ᠎ᠠ ᠠᠵᠤ ᠠᠬᠤᠶᠢᠯᠠᠯ ᠢ 1 ᠪᠤᠶᠢᠵᠢᠭᠤᠯᠤᠨ᠂ ᠳᠡᠬᠡᠳᠤ ᠰᠢᠨ᠎ᠠ ᠮᠡᠷᠬᠡᠵᠢᠯ ᠤᠨ ᠠᠵᠤ ᠠᠬᠤᠶᠢᠯᠠᠯ ᠢ ᠰᠢᠨ᠎ᠠ ᠪᠠᠷ 2 ᠨᠡᠮᠡᠭᠳᠡᠬᠦᠯᠵᠤ᠂ ᠠᠵᠤ ᠤᠶᠢᠯᠡᠤᠨᠪᠤᠷᠢ ᠶᠢᠨ ᠲᠦᠷᠤᠯ ᠤᠨ ᠠᠵᠤ ᠠᠬᠤᠶᠢᠯᠠᠯ ᠢ 2 ᠦᠷᠬᠡᠤᠨᠬᠡᠵᠤ ᠨᠡᠮᠡᠭᠳᠡᠬᠦᠯᠤᠨ᠂ ᠰᠢᠨᠡᠴᠢᠯᠡᠯᠳᠠ ᠶᠢᠨ ᠳᠠᠶᠢᠴᠢᠯᠠᠯᠳᠠ ᠪᠠᠷ ᠪᠦᠳᠤᠮᠵᠢᠳᠠᠢ ᠭᠠᠶᠢᠯᠢ ᠶᠢᠨ ᠢᠷᠡᠯᠳᠠ ᠶᠢ ᠨᠡᠮᠡᠭᠳᠡᠬᠦᠯᠵᠤ᠂ ᠨᠠᠩ ᠠᠷᠪᠢᠨ ᠰᠢᠨ᠎ᠠ ᠨᠡᠮᠡᠭᠳᠡᠯ ᠤᠨ ᠴᠡᠭ ᠢ ᠪᠦᠷᠢᠯᠳᠤᠬᠦᠯᠤᠨ᠎ᠠ᠃     ᠬᠦᠷᠢᠶᠡᠯᠡᠩ ᠳᠤᠭᠤᠷᠢᠭ ᠤᠨ ᠳᠠᠪᠴᠠᠩ ᠢ ᠪᠠᠬᠢᠵᠢᠬᠦᠯᠤᠨ᠂ ᠤᠷᠤᠨ ᠪᠦᠰᠠ ᠶᠢᠨ ᠬᠦᠭᠵᠢᠯᠳᠠ ᠳᠤ ᠠᠭᠤᠰᠤᠯᠴᠠᠨ᠎ᠠ᠃ ᠱᠠᠩᠬᠠᠢ ᠶᠢᠨ ᠰᠦᠮ᠎ᠠ ᠠᠵᠤ ᠠᠬᠤᠢ  ᠶᠢᠨ ᠨᠡᠬᠡᠬᠡᠯᠳᠠ ᠶᠢᠨ ᠤᠷᠤᠨ ᠤ ︽ᠬᠤᠶᠠᠳᠠᠬᠢ ᠤᠶᠢᠯᠡᠰ ᠪᠤᠰᠬᠠᠯᠳᠠ︾ ᠶᠢ ᠪᠦᠬᠦ ᠳᠠᠯ᠎ᠠ ᠪᠠᠷ ᠠᠬᠢᠭᠤᠯᠤᠨ᠂ ᠨᠠᠮ ᠤᠨ ᠪᠠᠶᠢᠭᠤᠯᠤᠯᠳᠠ ᠶᠢᠨ ᠬᠦᠳᠡᠯᠬᠡᠬᠦᠷ ᠬᠦᠴᠤᠨ᠂ ᠠᠵᠤ ᠤᠶᠢᠯᠡᠰ ᠤᠨ ᠰᠦᠷᠦᠭᠵᠢᠯ ᠤᠨ ᠪᠤᠶᠢᠵᠢᠭᠤᠯᠤᠯᠳᠠ᠂ ᠤᠷᠤᠨ ᠪᠦᠰᠠ ᠶᠢᠨ ᠬᠠᠮᠳᠤᠷᠠᠯᠴᠠᠭᠠᠨ ᠤ  ᠳᠠᠭᠤᠷᠢᠶᠠᠯ᠂ ᠬᠦᠷᠢᠶᠡᠯᠡᠩ ᠳᠤᠭᠤᠷᠢᠭ ᠤᠨ ᠲᠦᠬᠦᠷᠴᠢᠯᠡᠯ ᠵᠡᠷᠬᠡ ︽ᠲᠦᠷᠪᠡᠨ  ᠶᠡᠭᠡ ᠠᠵᠢᠯᠯᠠᠭ᠎ᠠ︾ ᠶᠢ ᠬᠡᠷᠡᠭᠵᠢᠬᠦᠯᠵᠤ᠂ ᠮᠤ᠋ ᠶᠢᠨ ᠤᠨᠠᠯᠳᠠ ᠶᠢᠨ ᠪᠦᠳᠤᠮᠵᠢ ᠶᠢᠨ ᠶᠡᠷᠤᠩᠬᠡᠶᠢᠯᠡᠭᠰᠡᠨ ᠦᠨᠡᠯᠡᠯᠳᠠ ᠵᠢᠴᠢ ᠬᠡᠷᠡᠭᠯᠡᠯᠳᠠ ᠶᠢ ᠴᠢᠩᠭᠠᠤᠨᠬᠠᠨ᠂ ᠬᠦᠬᠡᠬᠤᠳᠠ ᠪᠤᠭᠤᠳᠤ ᠤᠷᠳᠤᠰ ᠢᠷᠭᠠᠢ ᠳᠡᠮᠡᠬᠡᠳᠤ ᠶᠢᠨ ᠬᠤᠳᠠ ᠶᠢᠨ ᠰᠦᠷᠦᠭᠵᠢᠯ᠂ ᠬᠦᠬᠡᠬᠤᠳᠠ ᠪᠤᠭᠤᠳᠤ ᠤᠷᠳᠤᠰ ᠤᠯᠠᠭᠠᠨᠴᠠᠪ ᠤᠨ ᠵᠤᠬᠢᠴᠠᠩᠭᠤᠢ ᠬᠦᠭᠵᠢᠯᠳᠠ ᠳᠤ ᠬᠦᠨᠵᠡᠬᠡᠢ ᠠᠭᠤᠰᠤᠯᠴᠠᠵᠤ᠂ ᠢᠷᠭᠠᠢ ᠨᠢᠩᠳᠦ᠋ᠩ ᠡᠨᠧᠷᠬᠢ ᠬᠢᠮᠢ ᠶᠢᠨ ᠰᠠᠭᠤᠷᠢᠨ ᠯᠤᠭ᠎ᠠ ᠶᠢᠨ ᠰᠠᠭᠤᠷᠢ ᠲᠦᠬᠦᠬᠡᠷᠤᠮᠵᠢ ᠶᠢᠨ ᠨᠡᠪᠳᠡᠷᠡᠯᠴᠡᠯ᠂ ᠬᠤᠳᠠᠯᠳᠤᠭᠠᠴᠢᠨ ᠤᠷᠢᠵᠤ ᠪᠡᠯᠡ ᠳᠠᠳᠠᠬᠤ ᠬᠠᠮᠳᠤᠷᠠᠯᠴᠠᠭ᠎ᠠ᠂ ᠡᠨᠧᠷᠬᠢ ᠶᠢᠨ ᠬᠠᠩᠭᠠᠯᠭ᠎ᠠ ᠶᠢᠨ ᠪᠠᠳᠤᠯᠠᠭ᠎ᠠ᠂ ᠠᠵᠤ ᠤᠶᠢᠯᠡᠰ  ᠤᠨ ᠠᠭᠤᠰᠤᠯᠴᠠᠯ ᠬᠦᠭᠵᠢᠯᠳᠠ᠂ ᠠᠮᠢ ᠠᠬᠤᠢ ᠶᠢᠨ ᠬᠠᠮᠳᠤᠷᠠᠭᠰᠠᠨ ᠬᠠᠮᠠᠭᠠᠯᠠᠯᠳᠠ ᠵᠠᠰᠠᠯᠳᠠ ᠶᠢᠨ ᠳᠠᠯ᠎ᠠ ᠪᠠᠷ ᠬᠢ ᠬᠠᠮᠳᠤᠷᠠᠯᠴᠠᠭ᠎ᠠ ᠪᠠᠨ ᠦᠷᠬᠦᠯᠵᠢᠬᠦᠶᠢᠴᠠ ᠠᠬᠢᠭᠤᠯᠤᠨ᠂ ︽ᠤᠷᠤᠨ ᠠᠯᠤᠰᠯᠠᠭᠰᠠᠨ ᠠᠵᠤ ᠠᠬᠤᠢ︾ ᠶᠢ ᠰᠦᠪᠡᠭᠴᠢᠯᠡᠨ ᠬᠡᠷᠡᠭᠵᠢᠬᠦᠯᠵᠤ᠂ ︽ᠬᠦᠷᠢᠶᠡᠯᠡᠩ ᠳᠤᠳᠤᠷᠠᠬᠢ ᠬᠦᠷᠢᠶᠡᠯᠠᠩ︾ ᠢ ᠬᠠᠮᠳᠤ ᠪᠠᠷ ᠪᠠᠶᠢᠭᠤᠯᠤᠨ᠂ ᠤᠷᠤᠨ ᠪᠦᠰᠠ ᠶᠢᠨ ᠡᠬᠢ ᠪᠠᠶᠠᠯᠢᠭ ᠤᠨ ᠬᠦᠴᠤᠨ ᠵᠦᠢᠯ ᠤᠨ ᠲᠦᠪᠯᠡᠷᠡᠯ ᠤᠷᠤᠨ ᠢ ᠬᠦᠴᠤᠯᠡᠨ ᠪᠦᠷᠢᠯᠳᠤᠬᠦᠯᠵᠤ᠂ ᠵᠢᠯ ᠤᠨ ᠳᠤᠳᠤᠷ᠎ᠠ ᠬᠦᠷᠢᠶᠡᠯᠡᠩ ᠳᠤᠭᠤᠷᠢᠭ ᠤᠨ ᠠᠵᠤ ᠤᠶᠢᠯᠡᠤᠨᠪᠤᠷᠢ ᠶᠢᠨ ᠶᠡᠷᠤᠩᠬᠡᠢ ᠤᠶᠢᠯᠡᠤᠨᠪᠤᠷᠢᠯᠡᠯ ᠤᠨ ᠦᠷᠳᠡᠭ᠂ ᠪᠤᠷᠤᠯᠠᠭᠤᠯᠭ᠎ᠠ ᠶᠢᠨ ᠤᠷᠤᠯᠭ᠎ᠠ ᠶᠢ 300 ᠳ᠋ᠦᠩᠰᠢᠭᠤᠷ ᠲᠦᠬᠦᠷᠢᠭ ᠠᠴᠠ ᠳᠠᠪᠠᠭᠤᠯᠬᠤ ᠪᠠᠷ ᠴᠢᠷᠮᠠᠶᠢᠨ᠂ ᠠᠵᠤ ᠤᠶᠢᠯᠡᠤᠨᠪᠤᠷᠢ ᠶᠢᠨ ᠨᠡᠮᠡᠭᠳᠡᠯ ᠦᠷᠳᠡᠭ ᠢ 160 ᠳ᠋ᠦᠩᠰᠢᠭᠤᠷ ᠲᠦᠬᠦᠷᠢᠭ ᠲᠤ ᠬᠦᠷᠬᠡᠨ᠎ᠡ᠃     ︵ᠳᠠᠪᠤ︶ ᠠᠮᠤᠷ ᠲᠦᠪᠰᠢᠨ ᠤ ᠨᠤᠮᠢᠨ ᠬᠠᠯᠬᠠᠪᠴᠢ ᠶᠢ ᠬᠦᠴᠤᠯᠡᠨ ᠪᠦᠷᠢᠯᠳᠤᠬᠦᠯᠵᠤ᠂ ᠠᠮᠢ ᠠᠬᠤᠢ ᠶᠢᠨ ᠪᠤᠯᠪᠠᠰᠤᠨ ᠤ ᠬᠦᠭᠵᠢᠬᠦᠯᠤᠯᠳᠠ ᠶᠢ ᠠᠬᠢᠭᠤᠯᠤᠨ᠎ᠠ ᠃ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠬᠡᠢ ᠳᠤᠤᠱᠯᠠᠭᠤᠯᠤᠨ᠂ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠬᠦᠭᠵᠢᠬᠦᠯᠤᠯᠳᠠ ᠶᠢᠨ ᠠᠵᠢᠯ ᠢ ᠦᠷᠬᠦᠯᠵᠢᠬᠦᠶᠢᠴᠠ ᠰᠠᠶᠢᠳᠤᠷ ᠠᠤᠨᠬᠤᠨ᠎ᠠ᠃ ᠤᠷᠴᠢᠨ ᠳᠤᠭᠤᠷᠢᠨ ᠤ ᠳᠤᠪᠤᠶᠢᠮ᠎ᠠ ᠠᠰᠠᠭᠤᠳᠠᠯ ᠢ ᠰᠢᠢᠤᠨᠪᠤᠷᠢᠯᠡᠨ᠎ᠡ᠃ ᠠᠳᠠᠷ ᠬᠠᠭᠠᠯᠪᠤᠷᠢᠯᠠᠵᠤ ᠤᠰᠤᠯᠠᠯᠳᠠ ᠦᠷᠬᠡᠤᠨᠬᠡᠬᠦ᠂ ᠤᠢ ᠰᠢᠭᠤᠢ ᠨᠤᠳᠤᠭ ᠪᠡᠯᠴᠢᠬᠡᠷ ᠢ ᠡᠪᠳᠡᠬᠦ ᠵᠡᠷᠬᠡ ᠠᠮᠢ ᠠᠬᠤᠢ ᠤᠷᠴᠢᠨ ᠳᠤᠭᠤᠷᠢᠨ ᠤ ᠬᠠᠤᠯᠢ ᠳᠤᠭᠳᠠᠭᠠᠯ ᠵᠦᠷᠢᠴᠡᠭᠰᠡᠨ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠤᠬᠢᠯᠳᠠ ᠦᠭᠴᠤ᠂ ︽ᠤᠰᠤ ᠪᠠᠷ ᠲᠦᠷᠪᠡ ᠶᠢ ᠳᠤᠭᠳᠠᠭᠠᠬᠤ︾ ᠶᠢ ᠴᠢᠩᠭ᠎ᠠ ᠨᠠᠶᠢᠳᠠᠪᠤᠷᠢᠵᠢᠭᠤᠯᠤᠨ᠂ ᠤᠰᠤᠨ ᠰᠤᠷᠪᠤᠯᠵᠢ ᠶᠢᠨ ᠭᠠᠵᠠᠷ ᠤᠨ ᠬᠠᠮᠠᠭᠠᠯᠠᠯᠳᠠ᠂ ᠤᠰᠤᠨ ᠡᠬᠢ ᠰᠤᠷᠪᠤᠯᠵᠢ  ᠶᠢᠨ ᠬᠠᠮᠢᠶᠠᠷᠤᠯᠳᠠ᠂ ᠭᠠᠵᠠᠷ ᠳᠤᠤᠷᠠᠬᠢ ᠤᠰᠤᠨ ᠤ ᠬᠡᠳᠤ ᠬᠡᠷᠡᠭᠯᠡᠯᠳᠠ ᠶᠢ ᠳᠤᠪᠤᠶᠢᠮ᠎ᠠ ᠰᠠᠶᠢᠳᠤᠷ ᠠᠤᠨᠬᠤᠵᠤ᠂ ᠰᠢᠨ᠎ᠠ ᠪᠠᠷ 20 ᠬᠠᠪᠳᠠᠭᠠᠢ ᠲᠦᠷᠪᠡᠯᠵᠢᠨ ᠺᠢᠯᠤᠮᠧᠲᠷ ᠬᠦᠷᠤᠰᠤ ᠰᠢᠷᠤᠢ ᠶᠢᠨ ᠡᠪᠳᠡᠭᠳᠡᠯ ᠢ ᠵᠠᠰᠠᠨ᠂ ᠤᠯᠵᠠᠴᠢ ᠪᠠᠯᠭᠠᠰᠤ ᠶᠢᠨ ᠭᠠᠵᠠᠷ ᠳᠤᠤᠷᠠᠬᠢ ᠤᠰᠤᠨ ᠤ ᠬᠡᠳᠤ ᠬᠡᠷᠡᠭᠯᠡᠯᠳᠠ ︵ᠤᠰᠤᠨ ᠠᠮᠢ ᠠᠬᠤᠢ︶  ᠶᠢᠨ ᠶᠡᠷᠤᠩᠬᠡᠶᠢᠯᠡᠭᠰᠡᠨ ᠵᠠᠰᠠᠯᠳᠠ ᠶᠢᠨ ᠢᠨᠵᠧᠨᠧᠷᠢᠩ ᠢ ᠬᠤᠭᠤᠴᠠᠭ᠎ᠠ ᠶᠤᠰᠤᠭᠠᠷ ᠠᠰᠢᠭᠯᠠᠯᠳᠠ ᠳᠤ ᠤᠷᠤᠭᠤᠯᠵᠤ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠤᠯᠤᠨ ᠴᠢᠨᠠᠷᠯᠢᠭ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠭᠤᠤᠯ ᠭᠤᠷᠤᠬ᠎ᠠ ᠨᠠᠭᠤᠷ ᠪᠦᠷᠢᠳᠤ ᠶᠢᠨ ᠳᠠᠷᠤᠭᠠᠴᠢ ᠶᠢᠨ ᠲᠦᠷᠢᠮ ᠪᠤᠯᠤᠨ ᠤᠢ ᠶᠢᠨ ᠳᠠᠷᠤᠭᠠᠴᠢ ᠶᠢᠨ ᠲᠦᠷᠢᠮ ᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠤᠷᠴᠢᠨ ᠤ ᠠᠮᠤᠷ ᠲᠦᠪᠰᠢᠨ ᠢ ᠦᠨᠡᠨ ᠬᠦ ᠪᠠᠳᠤᠯᠠᠨ᠎ᠠ᠃     ᠪᠤᠬᠢᠷᠳᠤᠯ ᠢ ᠰᠡᠷᠬᠡᠶᠢᠯᠡᠨ ᠵᠠᠰᠠᠬᠤ ᠰᠢᠪᠳᠤᠯᠤᠯᠳᠠ ᠶᠢ ᠴᠢᠩᠭᠠᠤᠨᠬᠠᠨ᠎ᠠ᠃ ᠲᠦᠪ ᠪᠤᠯᠤᠨ ᠦᠪᠡᠷᠳᠡᠬᠡᠨ ᠵᠠᠰᠠᠬᠤ ᠤᠷᠤᠨ ᠤ ᠠᠮᠢ ᠠᠬᠤᠢ ᠤᠷᠴᠢᠨ ᠳᠤᠭᠤᠷᠢᠨ  ᠤ ᠱᠠᠭᠠᠷᠳᠠᠨ ᠪᠠᠶᠢᠴᠠᠭᠠᠯᠳᠠ ᠶᠢᠨ ᠬᠠᠷᠢᠭᠤ ᠳᠤᠰᠬᠠᠭᠰᠠᠨ ᠠᠰᠠᠭᠤᠳᠠᠯ ᠤᠨ ᠴᠡᠭᠴᠡᠯᠡᠯᠳᠠ ᠶᠢ ᠡᠷᠡᠰ ᠴᠢᠩᠭ᠎ᠠ ᠠᠤᠨᠬᠤᠵᠤ᠂ ᠤᠯᠤᠰ ᠤᠨ ᠠᠮᠢ ᠠᠬᠤᠢ ᠶᠢᠨ ᠪᠤᠯᠪᠠᠰᠤᠨ ᠤ ᠳᠠᠭᠤᠷᠢᠶᠠᠯ ᠬᠤᠰᠢᠭᠤ ᠶᠢᠨ ᠴᠤᠭᠴᠠᠯᠠᠯᠳᠠ ᠶᠢᠨ ᠦᠷ᠎ᠠ ᠪᠦᠳᠤᠬᠡᠯ ᠢ ᠪᠠᠬᠢᠵᠢᠬᠦᠯᠤᠨ᠂ ᠭᠤᠤᠯᠳᠠᠯᠭᠠᠳᠤ ᠤᠷᠤᠨ ᠪᠦᠰᠠ ᠶᠢᠨ ᠤᠷᠴᠢᠨ ᠳᠤᠭᠤᠷᠢᠨ ᠤ ᠵᠠᠰᠠᠯᠳᠠ ᠶᠢ ᠦᠷᠬᠦᠯᠵᠢᠬᠦᠶᠢᠴᠠ ᠶᠠᠪᠤᠭᠳᠠᠭᠤᠯᠵᠤ᠂ ᠠᠮᠢᠳᠤᠷᠠᠯ ᠤᠨ ᠬᠤᠭ ᠨᠤᠪᠰᠢ ᠶᠢ ᠰᠢᠳᠠᠭᠠᠬᠤ ᠳᠤᠷᠰᠢᠯᠳᠠ ᠶᠢᠨ ᠴᠡᠭ᠂ ᠬᠤᠭᠤᠯᠠ ᠪᠤᠳᠠᠭᠠᠨ ᠤ ᠦᠯᠡᠳᠡᠪᠤᠷᠢ  ᠶᠢ ᠡᠬᠢ ᠪᠠᠶᠠᠯᠢᠭᠵᠢᠭᠤᠯᠤᠭᠰᠠᠨ ᠠᠰᠢᠭᠯᠠᠯᠳᠠ ᠪᠤᠯᠤᠨ ᠬᠤᠭ ᠨᠤᠪᠰᠢ ᠶᠢᠨ ᠲᠦᠷᠤᠯ ᠬᠤᠪᠢᠶᠠᠯᠳᠠ ᠶᠢ ᠬᠡᠷᠡᠭᠵᠢᠬᠦᠯᠤᠨ᠂ ᠰᠠᠷᠨᠢᠬᠤ ᠴᠢᠨᠠᠷᠳᠠᠢ ᠤᠷᠭᠠᠨᠢᠭ ᠪᠤᠳᠠᠰ  ᠤᠨ ᠬᠦᠨᠵᠡᠬᠡᠢ ᠵᠠᠰᠠᠯᠳᠠ ᠪᠤᠯᠤᠨ ᠠᠵᠤ ᠤᠶᠢᠯᠡᠤᠨᠪᠤᠷᠢ ᠶᠢᠨ ᠬᠠᠳᠠᠭᠤ ᠬᠠᠶᠠᠭᠳᠠᠮᠠᠯ ᠢ ᠪᠠᠭᠠᠰᠬᠠᠬᠤ ᠶᠡᠷᠤᠩᠬᠡᠶᠢᠯᠡᠭᠰᠡᠨ ᠠᠰᠢᠭᠯᠠᠯᠳᠠ ᠶᠢᠨ ᠠᠬᠢᠴᠠ ᠶᠢ ᠲᠦᠷᠬᠡᠤᠨᠬᠡᠵᠤ᠂ ᠴᠡᠯᠮᠡᠭ ᠳᠡᠭᠷᠢ ᠴᠡᠩᠬᠡᠭ ᠤᠰᠤ ᠴᠡᠪᠡᠷ ᠬᠦᠷᠤᠰᠤ ᠶᠢᠨ ᠬᠠᠮᠠᠭᠠᠯᠠᠯᠳᠠ ᠶᠢ ᠬᠦᠨᠵᠡᠬᠡᠶᠢᠷᠡᠬᠦᠯᠤᠨ᠂ ᠤᠯᠠᠨ ᠡᠬᠢᠳᠤ ᠪᠤᠬᠢᠷᠳᠤᠯ᠂ ᠬᠦᠨᠳᠤ ᠳᠡᠮᠦᠷᠯᠢᠭ ᠪᠤᠯᠤᠨ ᠬᠦᠷᠤᠰᠤ ᠰᠢᠷᠤᠢ ᠶᠢᠨ ᠪᠤᠬᠢᠷᠳᠤᠯ᠂ ᠳᠤᠰᠤ ᠬᠡᠢ ᠶᠢᠨ ᠨᠡᠬᠡᠬᠡᠯᠳᠠ ᠶᠢᠨ ᠪᠤᠬᠢᠷᠳᠤᠯ ᠵᠡᠷᠬᠡ ᠬᠦᠷᠢᠶ᠎ᠡ ᠴᠠᠷᠠᠭᠠᠨ ᠤ ᠶᠡᠷᠤᠩᠬᠡᠶᠢᠯᠡᠭᠰᠡᠨ ᠵᠠᠰᠠᠯᠳᠠ ᠶᠢ ᠶᠠᠪᠤᠭᠳᠠᠭᠤᠯᠵᠤ᠂ ᠤᠰᠤᠨ ᠤ ᠴᠢᠨᠠᠷ᠂ ᠬᠦᠷᠤᠰᠤ ᠰᠢᠷᠤᠢ ᠪᠤᠯᠤᠨ ᠠᠭᠠᠷ ᠤᠨ ᠴᠢᠨᠰᠠᠭ᠎ᠠ ᠶᠢ ᠦᠷᠬᠦᠯᠵᠢᠯᠡᠨ ᠪᠠᠷᠢᠮᠵᠢᠶ᠎ᠠ ᠳᠤ ᠬᠦᠷᠬᠡᠨ᠎ᠡ᠃ ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠤᠯᠤᠰ ᠤᠨ ᠳᠡᠰ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠳᠠᠭᠤᠷᠢᠶᠠᠯ ᠤᠷᠤᠨ ᠴᠤᠭᠴᠠᠯᠠᠬᠤ  ᠶᠢ ᠠᠬᠢᠭᠤᠯᠤᠨ᠎ᠠ᠃     ᠠᠮᠢ ᠠᠬᠤᠢ ᠶᠢᠨ ᠨᠡᠬᠦᠷᠡᠰᠤᠳᠦ᠋ᠷᠦᠭᠴᠢ ᠶᠢᠨ ᠬᠤᠷᠠᠮᠳᠤᠭᠤᠯᠭ᠎ᠠ ᠶᠢᠨ ᠴᠢᠳᠠᠪᠤᠷᠢ ᠶᠢ ᠳᠡᠬᠡᠭᠰᠢᠯᠡᠬᠦᠯᠤᠨ᠎ᠠ᠃ ᠤᠨᠴᠠᠯᠢᠭᠳᠤ ᠤᠢ ᠵᠢᠮᠢᠰ ᠤᠨ ᠠᠵᠤ ᠤᠶᠢᠯᠡᠰ  ᠤᠨ ᠳᠠᠷᠢᠯᠳᠠ ᠶᠢᠨ ᠬᠡᠪᠴᠢᠶᠡᠵᠢᠯ ᠢ ᠳᠠᠰᠤᠷᠠᠯᠳᠠ ᠦᠬᠡᠢ ᠦᠷᠬᠡᠤᠨᠬᠡᠨ᠂ ᠭᠠᠵᠠᠷ ᠤᠷᠤᠨ ᠳᠤ ᠨᠢ ᠳᠤᠬᠢᠷᠠᠭᠤᠯᠤᠨ 4000 ᠮᠤ᠋ ᠤᠢ ᠶᠢᠨ ᠠᠵᠤ ᠠᠬᠤᠢ ᠶᠢ ᠬᠦᠭᠵᠢᠬᠦᠯᠵᠤ᠂ ᠤᠯᠤᠰ ᠤᠨ ᠨᠤᠳᠤᠭ ᠳᠡᠪᠢᠰᠬᠡᠷ ᠤᠨ ᠤᠶᠢᠵᠢᠭᠤᠯᠤᠯᠳᠠ ᠪᠤᠯᠤᠨ ᠨᠤᠳᠤᠭ ᠪᠡᠯᠴᠢᠬᠡᠷ ᠤᠨ ᠠᠮᠢ ᠠᠬᠤᠢ ᠶᠢᠨ ᠪᠠᠶᠢᠭᠤᠯᠤᠯᠳᠠ ᠶᠢ 38 ᠲᠦᠮᠡᠨ ᠮᠤ᠋ ᠬᠡᠷᠡᠭᠵᠢᠬᠦᠯᠤᠨ᠂ 60 ᠲᠦᠮᠡᠨ ᠮᠧᠲᠷ ᠳᠡᠮᠤᠷ ᠳᠤᠤᠷ ᠢᠶᠠᠷ 30 ᠲᠦᠮᠡᠨ ᠮᠤ᠋ ᠨᠤᠳᠤᠭ ᠪᠡᠯᠴᠢᠬᠡᠷ ᠢ ᠪᠢᠳᠡᠬᠦᠮᠵᠢᠯᠡᠬᠦ ᠲᠦᠷᠤᠯ ᠵᠦᠢᠯ ᠢ ᠬᠡᠷᠡᠭᠵᠢᠬᠦᠯᠵᠤ᠂ ᠮᠤᠤᠠᠤᠰᠤ ᠶᠢᠨ ᠡᠯᠡᠰᠤᠵᠢᠯ ᠤᠨ ᠶᠡᠷᠤᠩᠬᠡᠶᠢᠯᠡᠭᠰᠡᠨ ᠵᠠᠰᠠᠯᠳᠠ ᠶᠢᠨ ᠭᠤᠤᠯᠳᠠᠯᠭᠠᠳᠤ ᠲᠦᠷᠤᠯ ᠵᠦᠢᠯ ᠤᠨ ᠤᠷᠤᠨᠵᠢᠯᠳᠠ ᠬᠡᠷᠡᠭᠵᠢᠬᠦᠯᠤᠯᠳᠠ ᠶᠢ ᠠᠬᠢᠭᠤᠯᠤᠨ᠂ ᠤᠶᠢᠯᠡᠤᠨᠪᠤᠷᠢᠯᠡᠯ ᠬᠦᠭᠵᠢᠭᠰᠡᠨ᠂ ᠠᠮᠢᠳᠤᠷᠠᠯ ᠴᠢᠨᠡᠬᠡᠯᠢᠭᠵᠢᠭᠰᠡᠨ᠂ ᠠᠮᠢ ᠠᠬᠤᠢ ᠰᠠᠶᠢᠵᠢᠷᠠᠭᠰᠡᠨ ᠪᠤᠯᠪᠠᠰᠤᠨ ᠬᠦᠭᠵᠢᠯᠳᠠ ᠶᠢᠨ ᠰᠢᠨ᠎ᠠ ᠵᠠᠮ ᠢᠶᠠᠷ ᠵᠠᠮᠨᠠᠨ᠎ᠠ᠃     ︵ᠵᠢᠷᠭᠤᠭ᠎ᠠ︶ ᠤᠯᠠᠨ ᠲᠦᠮᠡᠨ ᠤ ᠰᠠᠭᠤᠷᠢᠰᠢᠯ ᠤᠨ ᠬᠠᠨᠤᠮᠵᠢ ᠶᠢ ᠬᠦᠴᠤᠯᠡᠨ ᠳᠡᠬᠡᠭᠰᠢᠯᠡᠬᠦᠯᠵᠤ᠂ ᠬᠤᠳᠠ ᠬᠦᠳᠡᠭᠡ ᠶᠢᠨ ᠴᠤᠭᠴᠠᠵᠢᠭᠰᠠᠨ ᠬᠦᠭᠵᠢᠯᠳᠠ ᠶᠢ ᠠᠬᠢᠭᠤᠯᠤᠨ᠎ᠠ᠃ ᠪᠦᠬᠦ ᠬᠤᠳᠠ ᠶᠢᠨ ︽ᠤᠯᠤᠰ ᠤᠨ ᠳᠡᠷᠢᠬᠦᠨ ᠤ ᠬᠤᠳᠠᠯᠳᠤᠭ᠎ᠠ ᠡᠵᠡᠩᠨᠡᠯᠳᠠ ᠶᠢᠨ ᠤᠷᠴᠢᠨ᠂ ᠤᠯᠤᠰ ᠤᠨ ᠳᠡᠷᠢᠬᠦᠨ ᠤ ᠬᠤᠳᠠ ᠪᠠᠯᠭᠠᠰᠤ ᠶᠢᠨ ᠬᠡᠪ ᠲᠦᠷᠬᠦ︾ ᠶᠢ ᠪᠦᠷᠢᠯᠳᠤᠬᠦᠯᠬᠦ ᠱᠠᠭᠠᠷᠳᠠᠯᠭ᠎ᠠ ᠲᠠᠢ ᠬᠠᠷᠢᠴᠠᠭᠤᠯᠤᠨ᠂ ᠳᠤᠳᠠᠭᠤᠳᠠᠯ ᠢ ᠨᠦᠬᠦᠪᠤᠷᠢᠯᠡᠬᠦ᠂ ᠪᠠᠭᠤᠷᠠᠢ ᠶᠢ ᠴᠢᠩᠭᠠᠤᠨᠬᠠᠬᠤ᠂ ᠬᠠᠮᠢᠶᠠᠷᠤᠯᠳᠠ ᠶᠢ ᠨᠠᠷᠢᠯᠢᠭᠵᠢᠭᠤᠯᠬᠤ᠂ ᠬᠡᠪ ᠴᠢᠨᠰᠠᠭ᠎ᠠ ᠶᠢ ᠳᠡᠬᠡᠭᠰᠢᠯᠡᠬᠦᠯᠬᠦ ᠪᠠᠷ ᠭᠠᠷᠳᠠᠴᠠ ᠪᠤᠯᠭᠠᠨ ᠪᠤᠯᠪᠠᠰᠤᠨ ᠬᠤᠳᠠ ᠶᠢᠨ ᠪᠠᠶᠢᠩᠭᠤᠵᠢᠭᠰᠠᠨ ᠴᠤᠭᠴᠠᠯᠠᠯᠳᠠ ᠶᠢᠨ ᠳᠤᠭᠳᠠᠴᠠ ᠶᠢ ᠪᠠᠶᠢᠭᠤᠯᠤᠨ ᠳᠡᠬᠦᠯᠳᠡᠷᠵᠢᠬᠦᠯᠤᠨ᠎ᠠ᠃     ᠥᠵᠥᠭᠦᠷ ᠲᠥᠯᠥᠪᠯᠡᠭᠡ ᠶᠢ ᠨᠠᠷᠢᠯᠢᠭᠵᠢᠭᠤᠯᠵᠤ᠂ ᠲᠥᠯᠥᠪᠵᠢᠭᠦᠯᠭᠡ ᠶᠢᠨ ᠰᠢᠰᠲ᠋ᠧᠮ ᠢ ᠲᠡᠭᠦᠯᠳᠡᠷᠵᠢᠭᠦᠯᠥᠨ᠎ᠡ᠃ ᠬᠤᠳᠠ ᠪᠠᠯᠭᠠᠰᠤᠨ ᠤ ᠤᠰᠤ ᠰᠢᠩᠭᠡᠭᠡᠵᠤ ᠨᠡᠪᠴᠢᠷᠡᠭᠦᠯᠭᠦ ᠴᠢᠳᠠᠮᠵᠢ ᠪᠠ ᠤᠶᠢᠵᠢᠭᠤᠯᠤᠯᠳᠠ ᠴᠡᠴᠡᠷᠯᠢᠭᠵᠢᠭᠦᠯᠭᠡ᠂ ᠥᠶᠡᠷ ᠰᠡᠷᠭᠡᠶᠢᠯᠡᠨ ᠤᠰᠤᠳᠤᠯ ᠵᠠᠯᠠᠬᠤ ᠴᠢᠳᠠᠮᠵᠢ᠂ ᠬᠤᠲᠠ ᠬᠥᠳᠡᠭᠡ ᠶᠢᠨ ᠰᠢᠲᠠᠮᠠᠬᠠᠢ ᠬᠡᠢ ᠬᠡᠷᠡᠭᠯᠡᠭᠦ ᠢᠵᠢ ᠲᠥᠰᠥᠪ ᠵᠡᠷᠭᠡ ᠲᠤᠰᠬᠠᠢ ᠲᠥᠯᠦᠪᠵᠢᠭᠦᠯᠭᠡ ᠨᠠᠶᠢᠷᠠᠭᠤᠯᠬᠤ ᠠᠵᠢᠯ ᠢ ᠡᠬᠢᠯᠡᠭᠦᠯᠵᠦ᠂ ᠬᠤᠲᠠ ᠪᠠᠯᠭᠠᠰᠤᠨ ᠤ ᠰᠠᠭᠤᠷᠢ ᠲᠥᠭᠦᠭᠡᠷᠤᠮᠵᠢ ᠶᠢᠨ ᠨᠡᠶᠢᠳᠡᠮ ᠪᠠᠶᠢᠴᠠᠭᠠᠯᠳᠠ ᠪᠠ ᠭᠠᠵᠠᠷ ᠳᠣᠣᠷᠠᠬᠢ ᠲᠤᠤᠷ ᠬᠤᠭᠤᠯᠠᠢ ᠶᠢᠨ ᠪᠡᠯᠡᠳᠬᠡᠮᠵᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠦᠨ᠂ ᠤᠯᠵᠠᠴᠢ ᠶᠢᠨ ᠪᠠᠯᠭᠠᠰᠤ ᠬᠡᠪᠴᠢᠶᠡᠨ᠎ᠡ ᠡᠵᠡᠮᠰᠢᠵᠤ ᠪᠤᠯᠬᠤᠶᠢᠴᠠ ᠨᠠᠷᠢᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠤᠭᠤᠷᠪᠢᠵᠤ᠂ ᠭᠠᠵᠠᠷ ᠰᠢᠷᠣᠢ ᠶᠢᠨ ᠡᠬᠢ ᠰᠤᠷᠪᠤᠯᠵᠢ ᠶᠢ ᠵᠣᠬᠢᠰᠲᠠᠢ ᠲᠤᠬᠢᠷᠠᠭᠤᠯᠤᠨ᠎ᠠ᠃ ᠵᠡᠭᠡᠯᠢ ᠳᠠᠭᠠᠤ ᠠᠰᠠᠷ ᠪᠠᠷᠢᠯᠭ᠎ᠠ ᠶᠢ ᠰᠢᠨᠡᠤᠨᠬᠡᠬᠦ ᠢᠨᠵᠧᠨᠧᠷᠢᠩ ᠢ ᠭᠡᠷᠡᠭᠵᠢᠭᠦᠯᠥᠨ᠂ ᠰᠠᠭᠤᠬᠤ ᠡᠵᠡᠩᠨᠡᠭᠦ ᠶᠢ ᠬᠤᠤᠰᠯᠠᠭᠤᠯᠤᠭᠰᠠᠨ ᠰᠠᠭᠤᠭᠠᠯᠢ ᠲᠤᠭᠤᠷᠢᠭ ᠤᠳ ᠢ ᠨᠡᠭᠡᠭᠡᠨ ᠬᠥᠭᠵᠢᠭᠦᠯᠵᠦ᠂ ᠴᠢᠨᠠᠷᠯᠢᠭ ᠠᠰᠠᠷ ᠪᠠᠷᠢᠯᠭ᠎ᠠ ᠶᠢᠨ ᠰᠥᠷᠥᠭᠵᠢᠯ ᠢ ᠴᠤᠭᠴᠠᠯᠠᠨ᠂ ᠬᠤᠳᠠ ᠪᠠᠯᠭᠠᠰᠤᠨ ᠤ ᠥᠵᠡᠮᠵᠢ ᠪᠠᠶᠢᠳᠠᠯ  ᠢ ᠰᠢᠨᠡᠳᠭᠡᠵᠤ ᠳᠦᠷᠢ ᠲᠥᠷᠬᠦ ᠶᠢ ᠨᠢ ᠰᠤᠳᠤᠵᠢᠭᠤᠯᠤᠨ᠎ᠠ᠃     ᠪᠠᠯᠭᠠᠰᠤᠨ ᠤ ᠬᠥᠭᠵᠢᠯᠲᠡ ᠶᠢ ᠳᠡᠮᠵᠢᠵᠦ᠂ ᠴᠢᠳᠠᠮᠵᠢ ᠪᠠ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠡᠯ᠎ᠡ ᠪᠠᠯᠭᠠᠰᠤ ᠶᠢᠨ ᠠᠵᠤ ᠤᠶᠢᠯᠡᠰ ᠤᠨ ᠰᠠᠭᠤᠷᠢ ᠪᠠ ᠳᠠᠪᠠᠭᠤᠯᠢᠭ ᠲᠤ ᠰᠠᠭᠤᠷᠢᠯᠠᠵᠤ᠂ ᠤᠯᠵᠠᠴᠢ ᠪᠠᠯᠭᠠᠰᠤᠨ ᠳᠤ ᠠᠵᠤ ᠦᠢᠯᠡᠰ ᠤᠨ ᠠᠭᠤᠰᠤᠯᠴᠠᠯ ᠢ ᠭᠥᠨᠵᠡᠭᠡᠶᠢᠷᠡᠭᠦᠯᠥᠨ᠂ ᠠᠵᠤ ᠦᠢᠯᠡᠰ ᠤᠨ ᠭᠡᠯᠬᠢᠶᠡᠵᠢᠯ ᠢ ᠤᠷᠳᠤᠳᠬᠠᠵᠤ᠂ ᠭᠡᠪᠴᠢᠶᠡᠵᠢᠭᠰᠡᠨ ᠲᠡᠷᠢᠬᠤ ᠲᠡᠵᠢᠭᠡᠭᠦ ᠥᠢᠯᠡᠰ ᠢ ᠲᠥᠪᠯᠡᠷᠡᠭᠦᠯᠥᠨ᠂ ᠬᠠᠩᠭᠠᠯᠭ᠎ᠠ ᠶᠢᠨ ᠴᠢᠳᠠᠪᠤᠷᠢ ᠶᠢ ᠨᠢ ᠲᠡᠭᠡᠭᠰᠢᠯᠡᠭᠦᠯᠥᠨ᠎ᠡ︔ ᠱᠠᠩᠬᠠᠢ ᠶᠢᠨ ᠰᠥᠮ᠎ᠡ ᠪᠠᠯᠭᠠᠰᠤᠨ ᠳᠤ ᠭᠤᠷᠪᠠᠨ ᠠᠵᠤ ᠦᠢᠯᠡᠰ ᠤᠨ ᠦᠢᠯᠡᠴᠢᠯᠡᠭᠡᠨ ᠤ ᠬᠦᠷᠢᠶᠡᠯᠡᠩ ᠴᠤᠭᠴᠠᠯᠠᠨ᠂ ᠠᠵᠤ ᠦᠢᠯᠡᠰ ᠢ ᠭᠥᠭᠵᠢᠭᠡᠵᠤ᠂ ᠤᠷᠤᠯᠭ᠎ᠠ ᠶᠢ ᠨᠡᠮᠡᠭᠳᠡᠭᠦᠯᠥᠨ᠂ ᠮᠠᠯᠴᠢᠨ ᠲᠠᠷᠢᠶᠠᠴᠢᠳ ᠤᠨ ᠠᠵᠢᠯ ᠤᠯᠤᠯᠳᠠ ᠶᠢ ᠨᠢ ᠳᠠᠶᠢᠴᠢᠯᠠᠨ᠎ᠠ︔ ᠪᠤᠷᠤᠪᠠᠯᠭᠠᠰᠤᠨ ᠳᠤ ᠥᠨᠳᠥᠷ ᠪᠠᠷᠢᠮᠵᠢᠶᠠᠲᠤ ᠮᠠᠯ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠣᠳᠣᠬᠢᠴᠢᠯᠠᠭᠰᠠᠨ ᠭᠥᠷᠥᠭᠡᠨ ᠲᠠᠮᠵᠢᠭᠤᠯᠬᠤ ᠭᠦᠢᠯᠭᠡᠭᠡᠨ ᠤ ᠬᠦᠷᠢᠶᠡᠯᠡᠩ ᠪᠠᠶᠢᠭᠤᠯᠬᠤ ᠶᠢ ᠳᠡᠮᠵᠢᠵᠦ᠂ ᠬᠥᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ᠂ ᠰᠤᠳᠤᠯᠭ᠎ᠠ ᠰᠤᠷᠤᠯᠴᠠᠯᠭ᠎ᠠ ᠬᠢᠭᠡᠳ ᠵᠢᠭᠤᠯᠴᠢᠯᠠᠯ ᠤᠨ ᠥᠢᠯᠡᠰ ᠢ ᠠᠭᠤᠰᠤᠯᠴᠠᠭᠤᠯᠤᠨ ᠭᠥᠭᠵᠢᠭᠦᠯᠥᠨ᠎ᠡ︔ ᠨᠠᠩᠰᠤ ᠪᠠᠯᠭᠠᠰᠤ ᠶᠢᠨ ︽ᠵᠠᠭᠤᠨ ᠲᠦᠮᠡᠨ ᠮᠦ ᠬᠠᠷᠭᠠᠨ᠎ᠠ ᠲᠠᠷᠢᠬᠤ ᠠᠵᠢᠯᠯᠠᠭ᠎ᠠ︾ ᠶᠢ ᠭᠥᠨᠵᠡᠭᠡᠶᠢᠷᠡᠭᠦᠯᠵᠤ᠂ ᠠᠯᠠᠰᠢᠨ ᠮᠠᠯ ᠤᠨ ᠡᠭᠦᠯᠳᠡᠷ ᠢ ᠰᠠᠶᠢᠵᠢᠷᠠᠭᠤᠯᠤᠨ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠪᠠᠯᠭᠠᠰᠤᠨ ᠤ ᠠᠵᠤ ᠠᠬᠤᠢ ᠶᠢᠨ ︽ᠣᠯᠠᠨ ᠦᠢᠯᠡᠰ ᠬᠠᠮᠳᠤᠳᠠ ᠬᠥᠭᠵᠢᠵᠤ ᠬᠠᠷᠢᠯᠴᠠᠨ ᠠᠬᠢᠭᠤᠯᠤᠭᠰᠠᠨ︾ ᠪᠠᠶᠢᠳᠠᠯ ᠢ ᠪᠣᠶ ᠪᠣᠯᠭᠠᠨ᠎ᠠ᠃     ᠰᠠᠭᠤᠷᠢ ᠳᠤᠲᠠᠭᠤᠳᠠᠯ ᠢ ᠨᠥᠬᠦᠪᠦᠷᠢᠯᠡᠵᠦ᠂ ᠪᠠᠶᠢᠭᠤᠯᠤᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ᠪᠣᠷᠣᠭᠠᠨ ᠤ ᠤᠰᠤ ᠪᠠ ᠪᠤᠬᠢᠷ ᠤᠰᠤ ᠭᠠᠳᠠᠭᠰᠢᠯᠠᠭᠤᠯᠬᠤ ᠲᠣᠣᠷ ᠬᠤᠭᠤᠯᠠᠢ ᠶᠢ 14 ᠺᠢᠯᠣᠮᠧᠲᠷ ᠳᠡᠪᠢᠰᠴᠦ᠂ ᠪᠣᠷᠣᠭᠠᠨ ᠤ ᠤᠯᠠᠷᠢᠯ ᠳᠤ ᠬᠢ ᠬᠤᠳᠠ ᠪᠠᠯᠭᠠᠰᠤᠨ ᠤ ᠤᠰᠤᠲᠤᠯ ᠤᠨ ᠠᠰᠠᠭᠤᠳᠠᠯ ᠢ ᠰᠢᠢᠳᠪᠦᠷᠢᠯᠡᠨ᠎ᠡ︔ ᠪᠢᠴᠢᠯ ᠴᠡᠴᠡᠷᠯᠢᠭ ᠢ ᠰᠢᠨ᠎ᠡ ᠪᠠᠷ 4 ᠪᠠᠶᠢᠭᠤᠯᠵᠤ᠂ ᠶᠠᠪᠠᠭᠠᠨ ᠠᠯᠬᠤᠯᠠᠬᠤ ᠰᠡᠯᠡᠬᠦᠴᠡᠯ ᠤᠨ ᠵᠠᠮ ᠢ 10 ᠺᠢᠯᠣᠮᠧᠲᠷ ᠨᠡᠮᠡᠵᠤ ᠲᠡᠪᠢᠰᠥᠨ᠂ ᠤᠯᠵᠠᠴᠢ ᠪᠠᠯᠭᠠᠰᠤ ᠶᠢᠨ ᠬᠤᠳᠠ ᠳᠤᠭᠤᠷᠢᠭᠰᠠᠨ ᠤᠢ ᠶᠢᠨ ᠪᠦᠰᠠ ᠶᠢ ᠡᠬᠢᠯᠡᠨ ᠪᠠᠶᠢᠭᠤᠯᠵᠤ᠂ 21 ᠲᠦᠮᠡᠨ ᠬᠠᠪᠳᠠᠭᠠᠢ ᠲᠦᠷᠪᠡᠯᠵᠢᠨ ᠮᠧᠲᠷ ᠴᠡᠴᠡᠷᠯᠢᠭᠵᠢᠭᠦᠯᠥᠯᠳᠡ ᠲᠠᠢ ᠤᠷᠴᠢᠨ ᠨᠡᠮᠡᠭᠳᠡᠭᠦᠯᠦᠨ᠎ᠡ︔ ᠤᠯᠠᠭᠠᠨ ᠰᠢᠨ᠎ᠠ ᠳᠤᠭᠤᠷᠢᠭ ᠠᠴᠠ ᠠᠵᠤ ᠤᠶᠢᠯᠡᠤᠨᠪᠤᠷᠢ ᠶᠢᠨ ᠬᠦᠷᠢᠶᠡᠯᠡᠩ ᠳᠤᠭᠤᠷᠢᠭ ᠬᠦᠷᠬᠦ ᠬᠤᠶᠠᠳᠤᠭᠠᠷ ᠳᠡᠰ ᠤᠨ ᠵᠠᠰᠠᠮᠠᠯ ᠵᠠᠮ ᠵᠡᠷᠬᠡ 9 ᠵᠤᠷᠪᠤᠰ ᠭᠤᠤᠯᠳᠠᠯᠭᠠᠳᠤ ᠵᠠᠮ ᠤᠨ ᠪᠠᠶᠢᠭᠤᠯᠤᠯᠳᠠ ᠶᠢᠨ ᠲᠦᠷᠤᠯ ᠵᠦᠢᠯ ᠢ ᠪᠦᠬᠦ ᠳᠠᠯ᠎ᠠ ᠪᠠᠷ ᠡᠬᠢᠯᠡᠬᠦᠯᠤᠨ᠂ ᠮᠠᠯᠵᠢᠬᠤ ᠳᠠᠷᠢᠶᠠᠯᠠᠬᠤ ᠤᠷᠤᠨ ᠤ ᠵᠠᠰᠠᠮᠠᠯ ᠵᠠᠮ ᠤᠨ ᠦᠬᠡᠷᠡᠴᠢᠯᠡᠯᠳᠠ ᠪᠠᠶᠢᠭᠤᠯᠤᠯᠳᠠ ᠶᠢᠨ ᠬᠦᠴᠤᠯᠡᠴᠠ ᠶᠢ ᠲᠦᠷᠬᠡᠤᠨᠬᠡᠵᠤ᠂ ︽ᠲᠦᠷᠪᠡᠨ ᠰᠠᠶᠢᠳᠠᠢ ᠬᠦᠳᠡᠭᠡ ᠳᠤᠰᠬᠤᠨ ᠤ ᠵᠠᠮ︾ ᠤᠨ ᠪᠦᠬᠦ ᠤᠯᠤᠰ ᠤᠨ ᠳᠠᠭᠤᠷᠢᠶᠠᠯ ᠰᠢᠶᠠᠨ ᠤ ᠴᠤᠭᠴᠠᠯᠠᠯᠳᠠ ᠶᠢᠨ ᠰᠢᠯᠭᠠᠨ ᠦᠨᠡᠯᠡᠯᠳᠠ ᠶᠢ ᠤᠷᠤᠭᠰᠢᠳᠠᠢ ᠳᠤᠭᠤᠯᠬᠤ ᠶᠢ ᠪᠠᠳᠤᠯᠠᠨ᠎ᠠ᠃ 4 ᠬᠠᠭᠤᠴᠢᠨ ᠰᠠᠭᠤᠭᠠᠯᠢ ᠲᠣᠭᠤᠷᠢᠭ ᠢ ᠦᠬᠡᠷᠡᠴᠢᠯᠡᠵᠤ᠂ 342 ᠲᠦᠬᠦᠷ ᠪᠠᠲᠤᠯᠠᠭ᠎ᠠ ᠶᠢᠨ ᠴᠢᠨᠠᠷ ᠲᠠᠢ ᠲᠦᠷᠢᠶᠡᠰᠦᠨ ᠰᠠᠭᠤᠴᠠ ᠪᠠᠶᠢᠭᠤᠯᠤᠨ᠂ ᠬᠡᠷᠡᠭᠴᠡᠭᠡ ᠱᠠᠭᠠᠷᠳᠠᠯᠭ᠎ᠠ ᠶᠢ ᠨᠢ ᠥᠨᠳᠥᠰᠥᠯᠡᠵᠤ ᠴᠠᠬᠢᠯᠭᠠᠨ ᠱᠠᠲᠤ ᠤᠭᠰᠠᠷᠠᠨ᠎ᠠ︔ ᠬᠤᠲᠠ ᠬᠥᠳᠡᠭᠡ ᠶᠢᠨ ᠠᠭᠤᠯᠵᠠᠷ ᠤᠷᠤᠨ ᠤ ᠣᠷᠴᠢᠨ ᠲᠣᠭᠤᠷᠢᠨ ᠢ ᠴᠡᠭᠴᠡᠯᠡᠵᠤ᠂ ᠮᠠᠰᠢᠨ ᠲᠡᠷᠭᠡᠨ ᠤ ᠰᠡᠯᠪᠢᠯᠳᠡ᠂ ᠪᠠᠷᠢᠯᠭ᠎ᠠ ᠶᠢᠨ ᠮᠠᠲ᠋ᠧᠷᠢᠶᠠᠯ᠂ ᠪᠠᠷᠠᠭᠠᠨ ᠤ ᠭᠦᠢᠯᠭᠡᠭᠡ᠂ ᠭᠠᠷ ᠲᠠᠮᠵᠢᠭᠰᠠᠨ ᠮᠠᠰᠢᠨ ᠤ ᠠᠷᠠᠯᠵᠢᠶ᠎ᠠ ᠵᠡᠷᠭᠡ ᠠᠵᠢᠯ ᠲᠥᠷᠥᠯ ᠢ ᠲᠥᠪᠯᠡᠷᠡᠭᠦᠯᠦᠨ ᠬᠠᠮᠢᠶᠠᠷᠬᠤ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠭᠠᠷᠭᠠᠨ᠂ ᠬᠤᠲᠠ ᠪᠠᠯᠭᠠᠰᠤᠨ ᠤ ᠨᠡᠶᠢᠲᠡ ᠶᠢᠨ ᠦᠢᠯᠡᠴᠢᠯᠡᠭᠡᠨ ᠤ ᠲᠥᠭᠦᠭᠡᠷᠤᠮᠵᠢ ᠶᠢ ᠰᠠᠶᠢᠵᠢᠷᠠᠭᠤᠯᠵᠤ᠂ ᠤᠶᠤᠨᠵᠢᠭᠰᠠᠨ ᠴᠢᠨᠠᠷᠵᠢᠭᠰᠠᠨ ᠬᠠᠮᠢᠶᠠᠷᠤᠯᠲᠠ ᠶᠢᠨ ᠲᠥᠪᠰᠢᠨ ᠢ ᠳᠡᠭᠡᠭᠰᠢᠯᠡᠭᠦᠯᠦᠨ᠎ᠡ᠃     ︵ᠳᠣᠯᠤᠭ᠎ᠠ︶ ᠠᠮᠢᠳᠤᠷᠠᠯ ᠤᠨ ᠬᠡᠷᠡᠭᠴᠡᠭᠡᠨ ᠤ ᠥᠢᠯᠡᠴᠢᠯᠡᠭᠡ ᠬᠠᠩᠭᠠᠯᠭ᠎ᠠ ᠶᠢ ᠬᠦᠴᠦᠯᠡᠨ ᠰᠢᠯᠢᠳᠡᠭᠵᠢᠭᠦᠯᠵᠦ᠂ ᠠᠷᠠᠳ ᠤᠨ ᠠᠮᠢᠳᠤᠷᠠᠯ ᠤᠨ ᠠᠰᠢᠭ ᠵᠢᠷᠭᠠᠯ ᠢ ᠰᠠᠶᠢᠵᠢᠷᠠᠭᠤᠯᠤᠨ᠎ᠠ᠃ ᠭᠥᠮᠥᠨ ᠠᠷᠠᠳ ᠢ ᠪᠠᠨ ᠢᠮᠠᠭᠳᠠ ᠲᠡᠷᠢᠭᠦᠨ ᠳᠤ ᠴᠢᠬᠤᠯᠠᠴᠢᠯᠠᠵᠤ᠂      ︽ᠤᠯᠠᠨ ᠲᠦᠮᠡᠨ ᠲᠤᠷᠠᠳᠤᠭᠰᠠᠨ ᠵᠥᠢᠯ ᠢ ᠲᠥᠯᠥᠭᠡᠯᠡᠭᠴᠢᠳ ᠲᠠᠰᠤᠯᠤᠨ ᠲᠤᠭᠳᠠᠭᠠᠵᠤ ᠵᠠᠰᠠᠭ ᠤᠨ ᠣᠷᠳᠣᠨ ᠭᠥᠢᠴᠡᠳᠭᠡᠭᠦ︾ ᠵᠢᠷᠤᠮ ᠢ ᠠᠰᠢᠳᠠ ᠪᠠᠷᠢᠮᠳᠠᠯᠠᠨ᠂ ᠠᠷᠠᠳ ᠤᠯᠠᠨ ᠤ ᠠᠮᠢᠳᠤᠷᠠᠯ ᠵᠢᠷᠭᠠᠯ ᠤᠨ ᠲᠤᠬᠠᠢ ᠭᠥᠰᠡᠯ ᠡᠷᠡᠮᠡᠯᠵᠡᠯ ᠢ ᠴᠢᠷᠮᠠᠶᠢᠨ ᠪᠡᠶᠡᠯᠡᠭᠦᠯᠥᠨ᠎ᠡ᠃     ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠳᠤᠯᠠᠭ᠎ᠠ ᠶᠢ ᠤᠷᠳᠤᠳᠠ ᠴᠢᠬᠤᠯᠠᠴᠢᠯᠠᠨ ᠪᠠᠷᠢᠮᠳᠠᠯᠠᠨ᠎ᠠ᠃ ᠣᠷᠣᠨ ᠰᠠᠭᠤᠴᠠ ᠶᠢᠨ ᠪᠠᠳᠤᠯᠠᠭ᠎ᠠ᠂ ᠰᠠᠭᠤᠷᠢ ᠲᠦᠬᠦᠬᠡᠷᠤᠮᠵᠢ᠂ ᠰᠤᠷᠭᠠᠨ ᠬᠥᠮᠦᠵᠢᠯ ᠤᠨ ᠴᠢᠨᠠᠷ ᠤᠨ ᠳᠡᠬᠡᠭᠰᠢᠯᠡᠬᠦᠯᠤᠯᠳᠠ ᠵᠡᠷᠭᠡ ᠭᠤᠤᠯᠳᠠᠯᠭ᠎ᠠ ᠶᠢᠨ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ 10 ᠲᠥᠷᠥᠯ ᠵᠥᠢᠯ ᠢ ᠦᠷᠭᠦᠯᠵᠢᠯᠡᠨ ᠭᠥᠢᠴᠡᠳᠭᠡᠵᠤ ᠪᠤᠳᠠᠳᠠᠶᠢᠵᠢᠭᠤᠯᠤᠨ᠂ ᠤᠯᠠᠨ ᠲᠦᠮᠡᠨ ᠤ ᠠᠩᠬᠠᠷᠤᠨ ᠬᠠᠯᠠᠮᠵᠢᠯᠠᠵᠤ ᠪᠤᠢ ᠣᠷᠣᠨ ᠰᠠᠭᠤᠴᠠ ᠪᠠ ᠰᠤᠷᠭᠠᠨ ᠬᠦᠮᠤᠵᠢᠯ ᠵᠡᠷᠭᠡ ᠶᠢᠨ ᠲᠠᠯ᠎ᠠ ᠳᠤ ᠬᠢ ᠪᠤᠳᠠᠳᠤ ᠠᠰᠠᠭᠤᠳᠠᠯ ᠤᠳ ᠢ ᠦᠨᠡᠨ ᠬᠦ ᠰᠢᠢᠳᠪᠦᠷᠢᠯᠡᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠬᠥᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠠᠢ ᠪᠦᠲᠦᠮᠵᠢᠲᠡᠢ ᠠᠪᠴᠠᠯᠳᠤᠭᠤᠯᠤᠨ᠂ ᠠᠵᠤ ᠦᠢᠯᠡᠰ ᠢᠶᠠᠷ ᠲᠤᠰᠠᠯᠠᠬᠤ᠂ ᠣᠷᠣᠨ ᠰᠠᠭᠤᠴᠠ ᠪᠠ ᠤᠰᠤ ᠤᠮᠳᠠ ᠶᠢᠨ ᠠᠮᠤᠷ ᠲᠦᠪᠰᠢᠨ ᠢ ᠨᠢ ᠰᠢᠢᠳᠪᠥᠷᠢᠯᠡᠭᠦ᠂ ᠨᠡᠶᠢᠭᠡᠮ ᠤᠨ ᠲᠤᠤᠷᠠᠳᠤ ᠪᠠᠲᠤᠯᠠᠭ᠎ᠠ ᠪᠠᠷ ᠲᠡᠳᠭᠦᠭᠦ ᠵᠡᠷᠭᠡ ᠪᠣᠳᠣᠯᠭ᠎ᠠ ᠪᠠᠷ ᠪᠣᠳᠠᠲᠠᠢ ᠨᠠᠶᠢᠳᠠᠪᠤᠷᠢᠵᠢᠭᠤᠯᠵᠤ᠂ ︽ᠳᠥᠷᠪᠡ ᠶᠢ ᠥᠯᠥ ᠰᠠᠯᠭᠠᠬᠤ︾ ᠠᠵᠢᠯ ᠤᠨ ᠱᠠᠭᠠᠷᠳᠠᠯᠭ᠎ᠠ ᠶᠣᠰᠣᠭᠠᠷ ᠮᠡᠷᠭᠡᠵᠢᠯ ᠪᠤᠳᠤᠯᠭ᠎ᠠ ᠪᠠᠷ ᠲᠡᠳᠬᠦᠬᠦ ᠪᠠ ᠵᠣᠷᠢᠭ ᠭᠥᠴᠥᠨ ᠢᠶᠠᠷ ᠲᠡᠳᠬᠦᠬᠦ ᠶᠢ ᠵᠡᠷᠭᠡ ᠪᠠᠷᠢᠮᠲᠠᠯᠠᠨ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠦᠳᠡᠯᠤᠩᠬᠦᠢ ᠬᠢᠨᠠᠯᠳᠠ ᠶᠢ ᠪᠠᠶᠢᠩᠭᠤᠵᠢᠭᠤᠯᠵᠤ᠂ ᠶᠠᠳᠠᠭᠤ ᠠᠴᠠ ᠠᠩᠭᠢᠵᠢᠷᠠᠭᠰᠠᠨ 648 ᠡᠷᠦᠬᠡ ᠬᠢᠭᠡᠳ ᠬᠢᠨᠠᠨ ᠲᠡᠳᠭᠦᠯᠭᠡ ᠳᠤ ᠪᠠᠶᠢᠭ᠎ᠠ 30 ᠡᠷᠦᠬᠡ ᠶᠢᠨ ᠣᠷᠣᠯᠭ᠎ᠠ ᠶᠢ ᠴᠢᠨᠠᠭᠰᠢᠳᠠ ᠲᠣᠭᠲᠠᠭᠤᠨ ᠨᠡᠮᠡᠭᠳᠡᠭᠦᠯᠥᠨ᠂ ᠬᠡᠪᠴᠢᠶᠡᠵᠢᠯ ᠶᠡᠭᠡᠳᠡᠢ ᠳᠠᠬᠢᠨ ᠶᠠᠳᠠᠭᠤᠷᠠᠯ ᠡᠭᠦᠰᠭᠦ ᠶᠢ ᠲᠠᠰᠤ ᠵᠤᠭᠰᠤᠭᠠᠨ᠎ᠠ᠃     ᠰᠤᠷᠭᠠᠨ ᠭᠥᠮᠥᠵᠢᠯ ᠢ ᠡᠩ ᠲᠡᠷᠢᠭᠦᠨ ᠳᠤ ᠭᠥᠭᠵᠢᠭᠦᠯᠭᠦ ᠶᠢ ᠭᠤᠶᠢᠪᠢᠯᠳᠠ ᠥᠭᠡᠢ ᠪᠠᠷᠢᠮᠳᠠᠯᠠᠨ᠎ᠠ᠃ ᠳ᠋ᠥᠩᠱᠧᠩ ᠪᠤᠯᠤᠨ ᠬᠢᠶ᠎ᠡ ᠪᠠᠭᠰᠢ ᠤᠷᠤᠨ ᠤ ᠰᠤᠷᠭᠠᠭᠤᠯᠢ ᠨᠤᠭᠤᠳ ᠯᠤᠭ᠎ᠠ ᠶᠢᠨ ᠬᠠᠮᠳᠤᠷᠠᠯᠴᠠᠭ᠎ᠠ ᠪᠠᠨ ᠨᠢᠭᠳᠠᠷᠠᠭᠤᠯᠤᠨ᠂ ᠨᠡᠩ ᠤᠯᠠᠨ ᠰᠤᠷᠭᠠᠨ ᠭᠥᠮᠥᠵᠢᠯ ᠤᠨ ᠰᠢᠯᠢᠳᠡᠭ ᠡᠬᠢ ᠰᠤᠷᠪᠤᠯᠵᠢ ᠤᠷᠢᠨ ᠠᠪᠴᠢᠷᠠᠨ᠎ᠠ᠃ ᠬᠤᠰᠢᠭᠤ ᠬᠤᠶᠠᠳᠤᠭᠠᠷ ᠲᠤᠮᠳᠠᠳᠤ ᠰᠤᠷᠭᠠᠭᠤᠯᠢ ᠪᠤᠯᠤᠨ ᠲᠤᠯᠤᠳᠤᠭᠠᠷ ᠬᠡᠥᠭᠡᠳ ᠤᠨ ᠴᠡᠴᠡᠷᠯᠢᠭ ᠢ ᠠᠰᠢᠭᠯᠠᠯᠳᠠ ᠳᠤ ᠤᠷᠤᠭᠤᠯᠤᠨ᠎ᠠ︔ ︽ᠰᠤᠷᠭᠠᠨ ᠬᠥᠮᠥᠵᠢᠯ ᠤᠨ ᠬᠠᠮᠢᠶᠠᠷᠤᠯᠳᠠ ᠶᠢᠨ ᠨᠠᠷᠢᠯᠢᠭᠵᠢᠭᠤᠯᠤᠯᠳᠠ ᠶᠢᠨ ᠤᠨ︾ ᠪᠠ ︽ᠵᠢᠭᠠᠨ ᠰᠤᠷᠭᠠᠯᠳᠠ ᠶᠢᠨ ᠬᠠᠮᠢᠶᠠᠷᠤᠯᠳᠠ ᠶᠢᠨ ᠲᠡᠭᠡᠭᠰᠢᠯᠡᠭᠦᠯᠥᠯᠳᠡ ᠶᠢᠨ ᠤᠨ︾ ᠤ ᠠᠵᠢᠯᠯᠠᠭ᠎ᠠ ᠶᠢ ᠥᠷᠨᠢᠭᠦᠯᠥᠨ᠂ ᠰᠤᠷᠭᠠᠨ ᠭᠥᠮᠥᠵᠢᠯ ᠤᠨ ᠠᠵᠢᠯᠳᠠᠳ ᠤᠨ ᠡᠩᠨᠡᠭᠡᠨ ᠤ ᠪᠠᠶᠢᠭᠤᠯᠤᠯᠳᠠ ᠪᠤᠯᠤᠨ ᠰᠤᠷᠳᠠᠯ ᠤᠨ ᠴᠡᠭᠴᠡᠯᠡᠯᠳᠡ ᠶᠢ ᠴᠢᠩᠭᠠᠳᠬᠠᠵᠤ᠂ ᠭᠥᠮᠥᠵᠢᠯ ᠰᠤᠷᠭᠠᠯᠳᠠ ᠶᠢᠨ ᠲᠥᠪᠰᠢᠨ ᠢ ᠤᠯᠠᠮ ᠢᠶᠠᠷ ᠲᠡᠭᠡᠭᠰᠢᠯᠡᠭᠦᠯᠵᠤ᠂ ᠤᠳᠤᠭ ᠤᠨ ᠡᠮᠥᠨᠡᠳᠤ ᠬᠤᠰᠢᠭᠤᠨ ᠤ ᠬᠡᠥᠭᠡᠳ ᠨᠢᠭᠡ ᠪᠥᠷᠢ ᠶᠢ ᠴᠥᠮ ᠬᠤᠰᠢᠭᠤ ᠨᠤᠳᠤᠭ ᠲᠤ ᠪᠠᠨ ᠰᠢᠯᠢᠳᠡᠭ ᠰᠤᠷᠭᠠᠨ ᠭᠥᠮᠥᠵᠢᠯ ᠭᠥᠷᠳᠡᠭᠦᠯᠭᠦ ᠪᠤᠯᠭᠠᠨ᠎ᠠ᠃     ᠲᠥᠭᠡᠮᠡᠯ ᠬᠠᠷᠠᠭᠠᠯᠵᠠᠯ ᠬᠢᠭᠡᠳ ᠬᠠᠮᠳᠤ ᠡᠳ᠋ᠯᠡᠯᠳᠡ ᠶᠢ ᠥᠷᠭᠦᠯᠵᠢᠳᠡ ᠪᠠᠷᠢᠮᠳᠠᠯᠠᠨ᠎ᠠ᠃ ᠲᠤᠭᠳᠠᠭᠤᠨ ᠢᠶᠠᠷ ᠠᠵᠢᠯ ᠤᠯᠬᠤ ᠲᠥᠷᠥ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠴᠢᠩᠭᠠᠳᠬᠠᠵᠤ᠂ ᠲᠡᠭᠡᠳᠤ ᠰᠤᠷᠭᠠᠭᠤᠯᠢ ᠲᠡᠭᠦᠰᠥᠭᠰᠡᠨ ᠤᠶᠤᠳᠠᠳ᠂ ᠴᠡᠷᠢᠭ ᠠᠴᠠ ᠬᠠᠯᠠᠭᠳᠠᠭᠰᠠᠳ ᠬᠢᠭᠡᠳ ᠠᠵᠢᠯ ᠤᠯᠬᠤ ᠳᠤ ᠭᠥᠴᠢᠷᠳᠡᠭᠰᠡᠳ ᠵᠡᠷᠭᠡ ᠭᠤᠤᠯᠳᠠᠯᠭᠠᠳᠤ ᠡᠳᠡᠭᠡᠳ ᠤᠨ ᠠᠵᠢᠯ ᠤᠯᠤᠯᠳᠠ ᠪᠠ ᠲᠠᠬᠢᠨ ᠠᠵᠢᠯ ᠤᠯᠤᠯᠳᠠ ᠳᠤ ᠭᠥᠴᠥᠯᠡᠨ᠂ ᠰᠤᠷᠭᠠᠨ ᠭᠥᠮᠥᠵᠢᠯ᠂ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤᠷᠢᠵᠤ ᠡᠯᠰᠡᠭᠦ ᠪᠠ ᠴᠢᠳᠠᠪᠤᠷᠢᠳᠠᠨ ᠢ ᠬᠦᠮᠤᠵᠢᠬᠦᠯᠤᠨ ᠪᠤᠯᠪᠠᠰᠤᠷᠠᠭᠤᠯᠬᠤ ᠬᠤᠶᠠᠷ ︽ᠬᠤᠤᠰ ᠵᠠᠭᠤ︾ ᠶᠢᠨ ᠢᠨᠵᠧᠨᠧᠷᠢᠩ ᠢ ᠰᠠᠶᠢᠳᠤᠷ ᠭᠡᠷᠡᠭᠵᠢᠭᠦᠯᠵᠤ᠂ ᠴᠢᠳᠠᠪᠤᠷᠢᠳᠠᠨ ᠤ ᠨᠡᠶᠢᠳᠡ ᠶᠢᠨ ᠰᠠᠭᠤᠴᠠ ᠶᠢ ᠪᠥᠳᠥᠭᠡᠵᠤ ᠠᠰᠢᠭᠯᠠᠨ ᠬᠡᠷᠡᠭᠴᠡᠭᠡ ᠶᠢ ᠪᠠᠳᠤᠯᠠᠨ᠂ ᠬᠤᠳᠠ ᠪᠠᠯᠭᠠᠰᠤᠨ ᠳᠤ 500 ᠭᠥᠮᠥᠨ ᠠᠴᠠ ᠲᠡᠭᠡᠭᠰᠢᠭᠢ ᠠᠵᠢᠯ ᠤᠯᠤᠯᠳᠠ ᠶᠢ ᠪᠡᠶᠡᠯᠡᠭᠦᠯᠵᠤ᠂ ᠲᠠᠩᠰᠠᠯᠠᠭᠰᠠᠨ ᠠᠵᠢᠯ ᠠᠯᠳᠠᠯᠳᠠ ᠶᠢᠨ ᠨᠤᠷᠮ᠎ᠠ ᠶᠢ ᠥᠷᠭᠦᠯᠵᠢᠯᠡᠨ ᠪᠠᠭᠤᠷᠠᠭᠤᠯᠬᠤ ᠶᠢ ᠠᠬᠢᠭᠤᠯᠤᠨ᠂ ︽ᠠᠷᠰᠠᠷ ᠠᠵᠢᠯ ᠤᠨ ᠤᠶᠢᠯᠡᠴᠢᠯᠡᠬᠡᠨ ᠤ ᠦᠷᠳᠡᠭᠡ︾ ᠶᠢ ᠪᠠᠶᠢᠭᠤᠯᠵᠤ᠂ ᠬᠦᠳᠡᠯᠮᠤᠷᠢ ᠬᠦᠴᠤ ᠶᠢᠨ ᠵᠠᠬ᠎ᠠ ᠳᠡᠯᠬᠡᠬᠦᠷ ᠢ ᠲᠦᠷᠢᠮᠵᠢᠬᠦᠯᠤᠨ᠂ ᠲᠦᠷ ᠴᠠᠭ ᠤᠨ ᠠᠵᠢᠯ ᠬᠢᠵᠤ ᠪᠠᠶᠢᠭ᠎ᠠ ᠬᠦᠮᠤᠰ ᠲᠤ ᠬᠠᠯᠠᠮᠵᠢᠳᠤ ᠪᠠᠳᠤᠯᠠᠭ᠎ᠠ ᠬᠠᠩᠭᠠᠨ᠎ᠠ︔ ᠨᠠᠶᠢᠭᠡᠮ ᠤᠨ ᠲᠠᠭᠠᠳᠬᠠᠯ ᠤᠨ ᠳᠤᠰᠢᠶᠠᠯᠳᠠ ᠶᠢ ᠥᠷᠭᠡᠳᠭᠡᠨ ᠰᠠᠭᠤᠷᠢ ᠮᠥᠩᠭᠦᠨ ᠤ ᠲᠤᠭᠳᠠᠭᠠᠯᠳᠠ ᠶᠢ ᠥᠰᠭᠡᠵᠤ᠂ ᠪᠥᠭᠦ ᠠᠷᠠᠳ ᠲᠠᠭᠠᠳᠬᠠᠯ ᠳᠤ ᠤᠷᠤᠬᠤ ᠲᠥᠯᠥᠪᠯᠡᠭᠡ ᠶᠢ ᠪᠡᠶᠡᠯᠡᠭᠦᠯᠥᠨ᠂ ᠰᠠᠭᠤᠭᠠᠯᠢ ᠠᠷᠠᠳ ᠢ ᠨᠠᠰᠤᠵᠢᠯ ᠤᠨ ᠲᠠᠭᠠᠳᠬᠠᠯ ᠪᠠ ᠡᠮ ᠡᠮᠴᠢᠯᠡᠭᠡᠨ ᠤ ᠲᠠᠭᠠᠳᠬᠠᠯ ᠳᠤ ᠪᠦᠬᠦᠨ ᠢ ᠤᠷᠤᠭᠤᠯᠬᠤ ᠶᠢ ᠪᠠᠳᠤᠯᠠᠨ᠎ᠠ︔ ᠭᠥᠴᠢᠷᠳᠡᠯ ᠲᠠᠢ ᠪᠠᠭᠤᠷᠠᠶᠢᠴᠤᠤᠯ ᠬᠢᠭᠡᠳ ᠡᠮᠡᠭᠳᠡᠶᠢᠴᠤᠳ ᠬᠡᠥᠭᠡᠳ ᠪᠠᠭᠠᠴᠤᠳ ᠵᠡᠷᠭᠡ ᠶᠢᠨ ᠠᠵᠢᠯ ᠢ ᠨᠢᠭᠡᠳᠥᠯᠳᠡᠢ ᠲᠥᠯᠥᠪᠵᠢᠭᠦᠯᠥᠨ ᠨᠡᠶᠢᠳᠡ ᠳᠤ ᠨᠢ ᠬᠠᠷᠠᠭᠠᠯᠵᠠᠵᠤ᠂ ᠠᠷᠠᠳ ᠤᠯᠠᠨ ᠤ ᠬᠠᠤᠯᠢ ᠶᠤᠰᠤᠨ ᠤ ᠡᠷᠭᠡ ᠠᠰᠢᠭ  ᠢ ᠬᠠᠮᠠᠭᠠᠯᠠᠨ᠂ ᠬᠤᠰᠢᠭᠤ ᠨᠤᠳᠤᠭ ᠤᠨ ᠭᠥᠮᠥᠨ ᠵᠤᠨ ᠢᠶᠠᠨ ᠠᠮᠤᠷ ᠠᠮᠤᠭᠤᠯᠠᠩ᠂ ᠰᠡᠳᠬᠢᠯ ᠲᠡᠨᠢᠭᠦᠨ ᠪᠠᠶᠢᠯᠭᠠᠬᠤ ᠶᠢ ᠬᠢᠴᠢᠶᠡᠨ᠎ᠡ᠃ ᠶᠡᠭᠡ ᠪᠠᠶᠢᠳᠠᠯ ᠤᠨ ᠲᠤᠭᠳᠠᠭᠤᠨ ᠢ ᠬᠠᠮᠠᠭᠠᠯᠠᠬᠤ ᠶᠢ ᠪᠠᠷᠢᠮᠳᠠᠯᠠᠨ᠎ᠠ᠃ ᠪᠥᠭᠦ ᠬᠤᠳᠠ ᠶᠢᠨ ᠨᠡᠶᠢᠭᠡᠮ ᠤᠨ ᠵᠠᠰᠠᠯᠳᠠ ᠶᠢᠨ ᠤᠳᠤᠬᠢᠴᠢᠯᠡᠭ᠌ᠰᠠᠨ ᠲᠤᠷᠰᠢᠯᠳᠠ ᠶᠢᠨ ᠴᠡᠭ  ᠤᠨ ᠪᠠᠶᠢᠭᠤᠯᠤᠯᠳᠠ ᠶᠢ ᠰᠠᠶᠢᠳᠤᠷ ᠬᠢᠵᠤ᠂ ᠬᠠᠤᠯᠢ ᠶᠤᠰᠤᠭᠠᠷ ᠬᠤᠰᠢᠭᠤ ᠪᠠᠨ ᠵᠠᠰᠠᠬᠤ ᠠᠵᠢᠯ ᠪᠠ ᠠᠮᠤᠷ ᠠᠮᠤᠭᠤᠯᠠᠩᠳᠤ ᠤᠳᠤᠭ ᠤᠨ ᠡᠮᠥᠨᠡᠳᠤ ᠬᠤᠰᠢᠭᠤᠨ ᠤ ᠪᠠᠶᠢᠭᠤᠯᠤᠯᠳᠠ ᠶᠢ ᠪᠥᠭᠦ ᠲᠠᠯ᠎ᠠ ᠪᠠᠷ ᠠᠬᠢᠭᠤᠯᠤᠨ᠂ ᠠᠶᠤᠯᠭᠦᠢ ᠥᠢᠯᠡᠳᠪᠥᠷᠢᠯᠡᠯ᠂ ᠢᠳᠡᠭᠡᠨ ᠡᠮ ᠤᠨ ᠵᠥᠢᠯᠡᠰ ᠤᠨ ᠠᠮᠤᠷ ᠲᠥᠪᠰᠢᠨ ᠬᠢᠭᠡᠳ ᠵᠠᠬᠢᠳᠠᠯ ᠰᠤᠷᠪᠤᠯᠵᠢᠯᠠᠭ᠎ᠠ ᠶᠢᠨ ᠠᠮᠤᠷ ᠲᠤᠭᠳᠠᠭᠤᠨ ᠤ ᠬᠠᠷᠢᠭᠤᠴᠠᠯᠭ᠎ᠠ ᠶᠢ ᠴᠢᠩᠭᠠᠳᠬᠠᠵᠤ᠂ ᠥᠨᠳᠥᠰᠥᠳᠡᠨ ᠱᠠᠰᠢᠨ ᠰᠤᠷᠳᠠᠬᠤᠨ ᠤ ᠠᠵᠢᠯ ᠪᠤᠯᠤᠨ ᠲᠤᠮᠳᠠᠳᠤ ᠶᠢᠨ ᠥᠨᠳᠥᠰᠥᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠬᠢᠵᠢᠭᠦᠯᠭᠦ ᠠᠵᠢᠯ ᠢ ᠬᠠᠤᠯᠢ ᠶᠤᠰᠤᠭᠠᠷ ᠰᠢᠢᠳᠪᠥᠷᠢᠯᠡᠨ᠂ ᠰᠥᠯᠵᠢᠶ᠎ᠡ ᠨᠧᠲ ᠤᠨ ᠶᠠᠷᠢᠶ᠎ᠠ ᠬᠡᠯᠡᠯᠴᠡᠭᠡᠨ ᠤ ᠬᠠᠮᠢᠶᠠᠷᠤᠯᠳᠠ ᠶᠢ ᠡᠷᠴᠢᠮᠵᠢᠭᠦᠯᠵᠤ᠂ ᠨᠡᠶᠢᠭᠡᠮ ᠨᠡᠶᠢᠳᠡ ᠶᠢᠨ ᠠᠮᠤᠷ ᠠᠮᠤᠭᠤᠯᠠᠩ ᠪᠠ ᠡᠩᠭᠡ ᠨᠠᠶᠢᠷᠠᠮᠳᠠᠯ ᠢ ᠬᠠᠮᠠᠭᠠᠯᠠᠨ᠎ᠠ᠃     ᠭᠤᠷᠪᠠ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠣᠯᠳᠠ ᠪᠠᠨ ᠴᠢᠩᠭᠠᠳᠬᠠᠨ᠎ᠠ     ᠲᠥᠯᠥᠭᠡᠯᠡᠭᠴᠢᠳ ᠡ᠂ ᠠᠷᠠᠤᠨ ᠤᠨ ᠵᠠᠰᠠᠭ ᠤᠨ ᠤᠷᠳᠤᠨ ᠤ ᠡᠷᠬᠡ ᠠᠷᠠᠤᠨ ᠲᠦᠮᠡᠨ ᠠᠴᠠ ᠢᠷᠡᠯᠳᠠᠳᠠᠢ᠂ ᠵᠦᠪᠬᠡᠨ ᠦᠨᠡᠨᠴᠢ ᠰᠢᠳᠤᠷᠭᠤ ᠪᠠᠷ ᠬᠤᠶᠢᠭᠤᠷᠢᠰᠢᠯ ᠦᠬᠡᠢ ᠠᠵᠢᠯᠯᠠᠪᠠᠯ ᠰᠠᠶ᠋ᠢ ᠴᠠᠭ ᠦᠶ᠎ᠡ᠂ ᠠᠷᠠᠤᠨ ᠲᠦᠮᠡᠨ ᠢ ᠬᠦᠰᠡᠷᠳᠡᠬᠦᠯᠬᠦ ᠦᠬᠡᠢ ᠶᠤᠮ᠃ ᠪᠢᠳᠠ ᠡᠷᠬᠡᠪᠰᠢ ᠢᠮᠠᠭᠳᠠ ︽ᠭᠤᠷᠪᠠᠨ ᠡᠷᠬᠡᠪᠰᠢ︾  ᠶᠢ ᠪᠠᠳᠤ ᠴᠡᠬᠡᠵᠢᠯᠡᠨ᠂ ︽ᠳᠤᠯᠤᠭᠠᠨ ᠳᠠᠶᠠᠭᠳᠠᠯ︾ ᠢ ᠤᠶᠢᠯᠡᠳᠤᠯᠬᠡᠵᠢᠬᠦᠯᠵᠤ᠂ ᠲᠤᠭᠳᠠᠭᠠᠭᠰᠠᠨ ᠬᠠᠷᠠᠯᠳᠠ ᠪᠠᠨ ᠪᠡᠶᠡᠯᠡᠭᠦᠯᠥᠨ᠂ ᠠᠮᠠᠯᠠᠭᠰᠠᠨ ᠪᠠᠳᠤᠯᠠᠯᠳᠠ ᠪᠠᠨ ᠭᠥᠢᠴᠡᠳᠭᠡᠵᠤ᠂ ᠠᠷᠠᠳ ᠤᠯᠠᠨ ᠤ ᠰᠡᠳᠬᠢᠯ ᠬᠠᠨᠤᠮᠵᠢᠳᠤ ᠵᠠᠰᠠᠭ ᠤᠨ ᠤᠷᠳᠤᠨ ᠢ ᠴᠢᠷᠮᠠᠶᠢᠨ ᠪᠠᠶᠢᠭᠤᠯᠤᠨ᠎ᠠ᠃     ᠪᠦᠬᠦ ᠳᠠᠯ᠎ᠠ ᠶᠢ ᠪᠤᠳᠤᠯᠬᠢᠯᠠᠨ᠂ ᠤᠯᠤᠰ ᠲᠦᠷᠤ ᠶᠢ ᠡᠷᠬᠢᠮᠯᠡᠵᠤ᠂ ᠦᠨᠡᠨᠴᠢ ᠰᠢᠳᠤᠷᠭᠤ ᠶᠢ ᠳᠡᠬᠡᠳᠤᠯᠡᠨ᠎ᠡ᠃ ᠰᠢ ᠶᠢᠨ ᠫᠢᠩ ᠤᠨ ᠳᠤᠮᠳᠠᠳᠤ ᠤᠯᠤᠰ ᠤᠨ ᠤᠨᠴᠠᠯᠢᠭᠳᠤ ᠨᠠᠶᠢᠬᠡᠮ ᠵᠢᠷᠤᠮ ᠤᠨ ᠦᠵᠡᠯ ᠰᠠᠨᠠᠭ᠎ᠠ ᠪᠠᠷ ᠭᠤᠶᠢᠪᠢᠰᠢ ᠦᠬᠡᠢ ᠵᠢᠯᠤᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠰᠤᠷᠤᠯᠴᠠᠵᠤ ᠳᠤᠤᠱᠯᠠᠭᠤᠯᠤᠨ᠂ ︽ᠬᠤᠶᠠᠷ ᠢ ᠳᠤᠭᠳᠠᠭᠠᠬᠤ︾ ᠶᠢ ᠰᠢᠳᠤᠷᠭᠤ ᠪᠠᠷ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾  ᠶᠢ ᠤᠬᠠᠮᠰᠠᠷ ᠠᠴᠠ ᠪᠠᠨ ᠪᠡᠶᠡᠯᠡᠬᠦᠯᠤᠨ᠂ ᠬᠤᠷᠴᠠ ᠰᠡᠷᠭᠡᠭ ᠤᠯᠤᠰ ᠲᠦᠷᠤ ᠶᠢᠨ ᠮᠠᠭᠠᠤᠨᠯᠠᠬᠤ ᠴᠢᠨᠠᠷ᠂ ᠬᠦᠨ ᠬᠦᠨᠵᠡᠬᠡᠢ ᠤᠯᠤᠰ ᠲᠦᠷᠤ ᠶᠢᠨ ᠤᠬᠠᠬᠤ ᠴᠢᠳᠠᠪᠤᠷᠢ᠂ ᠡᠷᠡᠰ ᠪᠠᠳᠤ ᠤᠯᠤᠰ ᠲᠦᠷᠤ ᠶᠢᠨ ᠬᠡᠷᠡᠭᠵᠢᠬᠦᠯᠬᠦ ᠴᠢᠳᠠᠪᠤᠷᠢ ᠪᠠᠷ ᠤᠯᠤᠰ ᠤᠨ ᠪᠤᠳᠤᠯᠭ᠎ᠠ ᠶᠢ ᠡᠩ ᠳᠡᠷᠢᠬᠦᠨ ᠳᠤ ᠨᠠᠶᠢᠳᠠᠪᠤᠷᠢᠵᠢᠭᠤᠯᠤᠨ ᠪᠤᠳᠠᠳᠠᠶᠢᠵᠢᠭᠤᠯᠤᠨ᠎ᠠ᠃     ᠬᠠᠤᠯᠢ ᠪᠠᠷ ᠵᠠᠰᠠᠬᠤ ᠶᠢ ᠳᠡᠬᠡᠳᠤᠯᠡᠨ᠂ ᠲᠦᠪ ᠭᠤᠤᠯᠴᠢ ᠶᠢ ᠡᠷᠬᠢᠮᠯᠡᠵᠤ᠂ ᠬᠢᠨᠠᠯᠳᠠ ᠶᠢ ᠬᠦᠯᠢᠶᠡᠨ᠎ᠡ᠃ ᠰᠢ ᠶᠢᠨ ᠫᠢᠩ ᠤᠨ ᠬᠠᠤᠯᠢ ᠵᠠᠰᠠᠯᠳᠠ ᠶᠢᠨ ᠦᠵᠡᠯ ᠰᠠᠨᠠᠭ᠎ᠠ ᠶᠢ ᠬᠦᠨᠵᠡᠬᠡᠢ ᠳᠤᠤᠱᠯᠠᠭᠤᠯᠵᠤ᠂ ︽ᠬᠠᠤᠯᠢ ᠪᠠᠷ ᠲᠤᠭᠳᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠡᠷᠬᠡᠪᠰᠢ ᠪᠡᠶᠡᠯᠡᠭᠦᠯᠥᠨ᠂ ᠬᠠᠤᠯᠢ ᠪᠠᠷ ᠲᠤᠭᠳᠠᠭᠠᠭᠰᠠᠨ ᠡᠷᠭᠡ ᠥᠭᠡᠢ ᠪᠤᠯ ᠭᠠᠷ ᠡᠰᠡ ᠲᠥᠷᠥᠭᠦ︾ ᠶᠢ  ᠪᠠᠳᠤ ᠴᠡᠬᠡᠵᠢᠯᠡᠵᠤ᠂ ᠬᠠᠤᠯᠢ ᠵᠠᠰᠠᠯᠳᠠ ᠶᠢᠨ ᠰᠠᠨᠠᠯ ᠰᠡᠳᠬᠢᠮᠵᠢ ᠪᠠ ᠠᠷᠭ᠎ᠠ ᠠᠪᠴᠠᠯ ᠢᠶᠠᠷ ᠠᠵᠢᠯᠯᠠᠨ᠎ᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ᠂ ᠠᠵᠢᠯ ᠬᠠᠷᠢᠭᠤᠴᠠᠯᠭ᠎ᠠ ᠶᠢᠨ ᠬᠢᠨᠠᠯᠳᠠ ᠵᠢᠴᠢ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠳᠠ ᠶᠢ ᠤᠬᠠᠮᠰᠠᠷ ᠠᠴᠠ ᠪᠠᠨ ᠬᠥᠯᠢᠶᠡᠵᠤ᠂ ᠠᠷᠠᠳ ᠤᠨ ᠲᠥᠯᠥᠭᠡᠯᠡᠭᠴᠢᠳ ᠤᠨ ᠰᠠᠨᠠᠯ ᠲᠤᠷᠠᠳᠤᠯᠭ᠎ᠠ ᠬᠢᠭᠡᠳ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠨᠠᠷᠢᠨ ᠨᠢᠭᠳᠠ ᠭᠥᠢᠴᠡᠳᠭᠡᠨ᠎ᠡ᠃ ᠵᠠᠰᠠᠭ ᠤᠨ ᠶᠠᠪᠤᠳᠠᠯ ᠤᠨ ᠢᠯᠡᠰᠢᠭᠦᠯᠥᠯᠳᠡ  ᠶᠢ ᠪᠠᠷᠢᠮᠵᠢᠶᠠᠴᠢᠯᠠᠬᠤ ᠪᠠᠶᠢᠭᠤᠯᠤᠯᠳᠠ ᠶᠢ ᠡᠷᠴᠢᠳᠠᠢ ᠠᠬᠢᠭᠤᠯᠵᠤ᠂ ᠡᠷᠭᠡ ᠮᠡᠳᠡᠯ ᠤᠨ ᠢᠯᠡ ᠲᠤᠳᠤ ᠬᠡᠷᠡᠭᠵᠢᠭᠦᠯᠥᠭᠳᠡᠭᠦ ᠶᠢ ᠪᠠᠳᠤᠯᠠᠨ᠎ᠠ᠃     ᠰᠡᠤᠨᠬᠢᠯ ᠠᠯᠰᠠᠭᠠᠯ ᠦᠬᠡᠢ ᠪᠠᠷ ᠬᠠᠷᠢᠭᠤᠴᠠᠯᠭ᠎ᠠ ᠪᠠᠨ ᠡᠬᠦᠷᠬᠡᠯᠡᠵᠤ᠂ ᠤᠭ ᠵᠤᠷᠢᠯᠳᠠ ᠪᠠᠨ ᠰᠠᠬᠢᠨ᠎ᠠ᠃ ᠤᠴᠢᠷ ᠶᠠᠪᠤᠳᠠᠯ ᠬᠢᠬᠦ ᠳᠤ ᠪᠠᠨ ᠠᠷᠠᠤᠨ ᠲᠦᠮᠡᠨ ᠤ ᠬᠠᠷᠠᠭᠠᠰᠤᠨ ᠠᠴᠠ ᠪᠤᠳᠤᠯᠬᠢᠯᠠᠵᠤ᠂ ᠠᠷᠠᠤᠨ ᠲᠦᠮᠡᠨ ᠤ ︽ᠪᠠᠴᠢᠮ ᠬᠦᠴᠢᠷ ᠵᠤᠪᠠᠨᠢᠯ ᠡᠷᠡᠮᠡᠯᠵᠡᠯ︾ ᠠᠰᠠᠭᠤᠳᠠᠯ ᠢ ᠬᠦᠴᠤᠯᠡᠵᠤ ᠰᠢᠢᠤᠨᠪᠤᠷᠢᠯᠡᠨ᠂ ︽ᠭᠤᠷᠪᠠᠨ ᠤᠯᠠᠨ᠂ ᠭᠤᠷᠪᠠᠨ ᠴᠦᠬᠡᠨ᠂ ᠭᠤᠷᠪᠠᠨ ᠤᠳᠠᠭᠠᠨ︾ ᠠᠰᠠᠭᠤᠳᠠᠯ ᠢ  ᠰᠢᠢᠤᠨᠪᠤᠷᠢᠯᠡᠵᠤ᠂ ᠬᠦᠴᠢᠷ ᠪᠡᠷᠬᠡ ᠶᠢ ᠰᠢᠪᠳᠤᠯᠬᠤ᠂ ᠬᠡᠷᠡᠭ ᠶᠠᠪᠤᠳᠠᠯ ᠪᠦᠳᠤᠬᠡᠬᠦ ᠳᠤ ᠳᠤᠯᠤᠭᠠᠶᠢᠯᠠᠨ᠂ ᠳᠤᠬᠢᠷᠠᠭᠤᠯᠤᠭᠰᠠᠨ ᠤᠴᠢᠷ ᠳᠤᠭᠳᠠᠭᠠᠭᠰᠠᠨ ᠶᠠᠪᠤᠳᠠᠯ ᠠᠮᠠᠯᠠᠭᠰᠠᠨ ᠵᠦᠢᠯᠡᠰ ᠢᠶᠠᠨ ᠳᠤᠤᠱᠳᠠᠢ ᠠᠤᠨᠬᠤᠨ ᠬᠦᠢᠴᠡᠤᠨᠬᠡᠵᠤ᠂ ᠠᠵᠢᠯ ᠢᠶᠠᠨ ᠲᠦᠷᠤᠯ ᠵᠦᠢᠯᠵᠢᠬᠦᠯᠬᠦ᠂ ᠲᠦᠷᠤᠯ ᠵᠦᠢᠯ ᠢ ᠨᠠᠷᠢᠨ ᠳᠠᠩᠰᠠᠵᠢᠭᠤᠯᠬᠤ᠂ ᠨᠠᠷᠢᠨ ᠳᠠᠩᠰᠠ ᠶᠢ ᠬᠠᠷᠢᠭᠤᠴᠠᠯᠭᠠᠵᠢᠭᠤᠯᠬᠤ ᠶᠢ ᠠᠬᠢᠭᠤᠯᠤᠨ᠂ ᠤᠴᠢᠷ ᠶᠠᠪᠤᠳᠠᠯ ᠢ ᠬᠠᠮᠢᠶᠠᠷᠬᠤ ᠬᠦᠮᠤᠨ ᠲᠠᠢ᠂ ᠬᠦᠮᠤᠨ ᠪᠤᠯᠭᠠᠨ ᠳᠤ ᠳᠤᠳᠤᠷᠬᠠᠢ ᠬᠠᠷᠢᠭᠤᠴᠠᠯᠭ᠎ᠠ ᠲᠠᠢ᠂ ᠬᠠᠷᠢᠭᠤᠴᠠᠯᠭ᠎ᠠ ᠪᠤᠯᠭᠠᠨ ᠳᠤ ᠬᠢᠵᠠᠭᠠᠷᠯᠠᠯ ᠲᠠᠢ ᠪᠠᠶᠢᠬᠤ ᠶᠢ ᠪᠡᠶᠡᠯᠡᠬᠦᠯᠵᠤ᠂ ᠵᠠᠰᠠᠭ ᠤᠨ ᠤᠷᠳᠤᠨ ᠤ ᠠᠵᠢᠯ ᠢ ᠳᠤᠤᠱᠳᠠᠢ ᠲᠤᠶᠢᠯᠪᠤᠷᠢᠳᠠᠢ ᠰᠢᠯᠢᠳᠡᠭᠵᠢᠬᠦᠯᠤᠨ᠎ᠠ᠃     ᠠᠷᠢᠭᠤᠨ ᠴᠢᠭᠡᠴᠢ ᠶᠢ ᠬᠢᠴᠢᠶᠡᠩᠬᠦᠶᠢᠯᠡᠵᠤ᠂ ᠰᠠᠬᠢᠯᠭ᠎ᠠ ᠪᠠᠳᠤ ᠶᠢ ᠴᠢᠩᠭᠠᠤᠨᠬᠠᠨ᠎ᠠ᠃ ᠲᠥᠪ ᠤᠨ ᠨᠠᠢᠮᠠᠨ ᠲᠤᠭᠳᠠᠭᠠᠯ ᠵᠢᠴᠢ ᠬᠡᠷᠡᠭᠵᠢᠬᠦᠯᠬᠦ ᠨᠠᠷᠢᠨ ᠲᠦᠷᠢᠮ  ᠤᠨ ᠵᠤᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠲᠥᠷᠪᠡᠨ ᠨᠠᠵᠠᠭᠠᠢ︾ ᠰᠤᠷᠳᠠᠯ ᠲᠠᠢ ᠵᠤᠭᠰᠤᠰᠢ ᠥᠭᠡᠢ ᠲᠡᠮᠡᠴᠡᠯ ᠬᠢᠨ᠎ᠠ᠃ ᠦᠵᠡᠯ ᠰᠠᠨᠠᠭᠠᠨ ᠤ ᠪᠤᠷᠳᠠᠭ ᠢᠶᠠᠨ ᠦᠷᠬᠦᠯᠵᠢ ᠴᠡᠪᠡᠷᠯᠡᠨ᠂ ᠰᠢᠨᠤᠯ ᠤᠨ ᠬᠡᠮ ᠬᠤᠤᠷ ᠢ ᠪᠠᠶᠢᠩᠭᠤ ᠰᠡᠤᠨᠬᠢᠵᠤ᠂ ᠠᠷᠪᠢᠯᠠᠵᠤ ᠭᠠᠮᠨᠠᠬᠤ ᠦᠵᠡᠯᠳᠠ ᠶᠢ ᠪᠠᠳᠤ ᠱᠤᠭᠤᠨ᠂ ᠲᠦᠰᠤᠪ ᠤᠨ ᠪᠦᠳᠤᠮᠵᠢ ᠶᠢᠨ ᠬᠠᠮᠢᠶᠠᠷᠤᠯᠳᠠ ᠶᠢ ᠴᠢᠩᠭᠠᠤᠨᠬᠠᠵᠤ᠂ ᠬᠢᠵᠠᠭᠠᠷ ᠲᠠᠢ ᠡᠳ᠋ ᠤᠨ ᠬᠦᠴᠤᠨ ᠢᠶᠠᠨ ᠬᠦᠭᠵᠢᠯᠳᠠ ᠶᠢᠨ ᠵᠠᠩᠬᠢᠯᠠᠭ᠎ᠠ᠂ ᠠᠷᠠᠤᠨ ᠤᠨ ᠠᠰᠢᠭ ᠵᠢᠷᠭᠠᠯ ᠤᠨ ᠨᠡᠮᠡᠭᠳᠡᠯ᠂ ᠠᠷᠠᠤᠨ ᠲᠦᠮᠡᠨ ᠳᠤ ᠤᠶᠢᠯᠡᠴᠢᠯᠡᠬᠦ ᠡᠴᠤᠰ ᠤᠨ ᠠᠯᠬᠤᠮ ᠳᠡᠬᠡᠷ᠎ᠡ ᠵᠠᠷᠤᠴᠠᠭᠤᠯᠤᠨ᠎ᠠ᠃ ᠡᠳ᠋ ᠤᠨ ᠵᠠᠰᠠᠭ ᠬᠢᠨᠠᠨ ᠪᠤᠳᠤᠯᠳᠠ ᠳᠤᠭ᠎ᠠ ᠪᠦᠷᠢᠤᠨᠬᠡᠯ ᠤᠨ ᠬᠢᠨᠠᠯᠳᠠ ᠶᠢ ᠴᠢᠩᠭᠠᠤᠨᠬᠠᠨ᠂ ᠴᠢᠬᠤᠯᠠ ᠢᠨᠵᠧᠨᠧᠷᠢᠩ᠂ ᠭᠤᠤᠯᠳᠠᠯᠭᠠᠳᠤ ᠴᠠᠷᠠᠭ᠎ᠠ᠂ ᠴᠢᠬᠤᠯᠠ ᠠᠵᠢᠯ ᠤᠨ ᠪᠠᠶᠢᠷᠢ ᠶᠢᠨ ᠴᠢᠬᠡᠴᠢ ᠵᠠᠰᠠᠭ ᠤᠨ ᠲᠦᠭᠰᠢᠬᠦᠷᠢ ᠶᠢ ᠪᠦᠳᠤᠮᠵᠢᠳᠠᠢ ᠰᠡᠷᠬᠡᠶᠢᠯᠡᠵᠤ᠂ ᠺᠠᠳ᠋ᠷ ᠠᠵᠢᠯᠳᠠᠳ ᠠᠷᠢᠭᠤᠨ ᠰᠢᠳᠤᠷᠭᠤ᠂ ᠵᠠᠰᠠᠭ ᠶᠠᠪᠤᠳᠠᠯ ᠠᠷᠢᠭᠤᠨ ᠴᠢᠭᠡᠴᠢ᠂ ᠤᠯᠤᠰ ᠲᠥᠷᠥ ᠠᠷᠢᠭᠤᠨ ᠲᠤᠩᠭᠠᠯᠠᠭ᠂ ᠨᠠᠶᠢᠬᠡᠮ ᠠᠷᠢᠭᠤᠨ ᠴᠡᠯᠮᠡᠭ ᠪᠠᠶᠢᠳᠠᠯ ᠢ  ᠦᠨᠡᠨ ᠬᠦ ᠪᠦᠷᠢᠯᠳᠤᠬᠦᠯᠤᠨ᠎ᠠ᠃     ᠲᠥᠯᠥᠭᠡᠯᠡᠭᠴᠢᠳ ᠡ᠂ ᠪᠥᠯᠭᠦᠮᠳᠡᠯ ᠨᠢᠭᠳᠠᠷᠠᠯ ᠭᠥᠴᠥᠨ ᠴᠢᠳᠠᠯ ᠢ ᠤᠨᠳᠤᠷᠤᠭᠤᠯᠵᠤ᠂ ᠪᠤᠳᠠᠳᠠᠢ ᠠᠵᠢᠯᠯᠠᠭ᠎ᠠ ᠢᠷᠡᠭᠡᠳᠥᠢ ᠶᠢᠨ ᠰᠠᠶᠢᠬᠠᠨ ᠢ ᠪᠥᠳᠥᠭᠡᠳᠡᠭ ᠶᠤᠮ᠃ ᠪᠢᠳᠠ ᠰᠢ ᠶᠢᠨ ᠫᠢᠩ ᠨᠦᠬᠦᠷ ᠢᠶᠠᠷ ᠲᠦᠪᠯᠡᠬᠦᠯᠦᠭᠰᠡᠨ ᠨᠠᠮ ᠤᠨ ᠲᠦᠪ ᠬᠤᠷᠢᠶᠠᠨ ᠤ ᠳᠤᠭᠤᠷᠢᠨ ᠳᠤ ᠪᠠᠳᠤ ᠪᠥᠯᠭᠦᠮᠳᠡᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠵᠠᠮᠴᠢᠯᠠᠭᠤᠯᠵᠤ᠂ ᠳᠡᠬᠡᠳᠤ  ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠰᠢᠭᠤ ᠨᠠᠮ ᠤᠨ ᠬᠤᠷᠢᠶᠠᠨ ᠤ ᠬᠦᠴᠤᠳᠤ ᠤᠳᠤᠷᠢᠳᠤᠯᠭ᠎ᠠ ᠳᠤᠤᠷ᠎ᠠ ︽ᠲᠥᠷᠪᠡᠨ ᠤᠷᠤᠨ︾ ᠤ ᠪᠠᠶᠢᠭᠤᠯᠤᠯᠳᠠ ᠶᠢ ᠪᠠᠳᠤᠳᠠᠢ ᠬᠡᠷᠡᠭᠵᠢᠬᠦᠯᠤᠨ᠂ ︽ᠬᠡᠯᠪᠡᠷᠢ ᠪᠠᠨ ᠬᠤᠪᠢᠷᠠᠭᠤᠯᠤᠨ ᠳᠠᠪᠰᠢᠬᠤ ᠵᠢᠯ ︾ ᠤᠨ ᠠᠵᠢᠯᠯᠠᠭ᠎ᠠ ᠶᠢ ᠪᠦᠬᠦ ᠳᠠᠯ᠎ᠠ ᠪᠠᠷ ᠡᠬᠢᠯᠡᠬᠦᠯᠵᠤ᠂ ᠢᠳᠡᠭᠡᠯ ᠢᠶᠠᠨ ᠬᠠᠮᠳᠤᠳᠬᠠᠨ ᠡᠷᠴᠢᠯᠡᠨ ᠤᠷᠤᠭᠰᠢᠯᠠᠵᠤ᠂ ︽ᠭᠠᠷᠮᠠᠭᠠᠶᠢᠯᠠᠨ ᠲᠠᠪᠰᠢᠬᠤ ᠤᠳᠤᠭ ᠤᠨ ᠡᠮᠥᠨᠡᠳᠤ ᠬᠤᠰᠢᠭᠤᠨ︾ ᠤ ᠪᠠᠨ ᠴᠤᠭᠴᠠᠯᠠᠯᠳᠠ ᠶᠢᠨ ᠲᠥᠯᠥᠭᠡᠨ᠎ᠡ ᠴᠢᠷᠮᠠᠶᠢᠨ ᠲᠡᠮᠡᠴᠡᠰᠥᠭᠡᠢ︕                          ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ ᠬᠢ ᠨᠡᠷᠡᠰ ᠤᠨ ᠲᠠᠶᠢᠯᠪᠤᠷᠢ     1. 2022 ᠣᠨ ᠤ ᠳᠣᠮᠳᠠᠳᠣ ᠣᠯᠣᠰ ᠤᠨ ᠪᠠᠷᠠᠭᠤᠨ ᠣᠷᠣᠨ ᠤ ᠵᠠᠭᠤᠨ ᠬᠦᠴᠦᠷᠬᠡᠭ ᠰᠢᠶᠡᠨ᠄ 2022 ᠣᠨ ᠤ 11 ᠰᠠᠷ᠎ᠠ ᠶᠢᠨ 8 ᠤ ᠡᠳᠦᠷ ᠦᠷᠢᠰᠦᠯᠳᠦᠬᠡᠨ ᠤ ᠬᠦᠴᠦ ᠣᠬᠠᠭᠠᠨᠲᠠᠳ ᠤᠨ ᠪᠠᠭ᠂ ᠪᠡᠭᠡᠵᠢᠩ ᠤᠨ ᠵᠦᠩ ᠰᠢᠨ ᠬᠤᠲᠠ ᠶᠢᠨ ᠲᠦᠯᠦᠪᠵᠢᠬᠦᠯᠦᠯᠲᠡ ᠲᠦᠰᠦᠪᠯᠡᠯ ᠤᠨ ᠰᠣᠳᠣᠯᠭᠠᠨ ᠤ ᠬᠦᠷᠢᠶᠡᠯᠡᠩ ᠵᠡᠷᠭᠡ ᠪᠠᠶᠢᠭᠤᠯᠤᠮᠵᠢ ᠠᠴᠠ ᠬᠠᠮᠲᠤᠷᠠᠨ ᠲᠤᠭᠤᠷᠪᠢᠭᠰᠡᠨ      ︽ᠳᠣᠮᠳᠠᠳᠣ ᠣᠯᠣᠰ ᠤᠨ ᠪᠠᠷᠠᠭᠤᠨ ᠣᠷᠣᠨ ᠤ ᠰᠢᠶᠡᠨ ᠤ ᠬᠦᠭᠵᠢᠯᠲᠡ ᠶᠢᠨ ᠬᠢᠨᠡᠨ ᠡᠵᠡᠮᠳᠡᠯ ᠤᠨ ᠮᠡᠳᠡᠬᠦᠯᠦᠯᠲᠡ 2022︾᠂ ︽2022 ᠣᠨ ᠤ ᠳᠣᠮᠳᠠᠳᠣ ᠣᠯᠣᠰ ᠤᠨ ᠪᠠᠷᠠᠭᠤᠨ ᠣᠷᠣᠨ ᠤ ᠵᠠᠭᠤᠨ ᠬᠦᠴᠦᠷᠭᠡᠭ ᠰᠢᠶᠡᠨ︾ ᠤ ᠨᠡᠷᠡᠰ ᠤᠨ ᠵᠢᠭᠰᠠᠭᠠᠯᠲᠠ ᠶᠢ ᠬᠠᠮᠲᠤ ᠳᠤ ᠨᠢ ᠨᠡᠶᠢᠲᠡᠯᠡᠵᠦ᠂ ᠣᠲᠤᠭ ᠤᠨ ᠡᠮᠦᠨᠡᠲᠦ ᠬᠤᠰᠢᠭᠤ ᠵᠢᠭᠰᠠᠭᠠᠯᠲᠠ ᠳᠤ ᠣᠷᠣᠪᠠ᠃     2. ︽ᠲᠠᠪᠤ ᠶᠢ ᠲᠦᠢᠯᠪᠤᠷᠢᠲᠠᠢ ᠰᠢᠢᠳᠪᠦᠷᠢᠯᠡᠬᠦ︾ ᠠᠵᠢᠯᠯᠠᠭ᠎ᠠ᠄ ᠪᠦᠬᠦ ᠣᠷᠣᠨ ᠤ ᠴᠤᠬᠤᠯᠠᠪᠤᠷᠢᠯᠠᠯ ᠬᠦᠯᠢᠶᠡᠵᠦ ᠪᠠᠶᠢᠭ᠎ᠠ ᠲᠦᠷᠦᠯ ᠵᠦᠢᠯ᠂ ᠰᠣᠯᠠ ᠪᠠᠶᠢᠬᠤ ᠭᠠᠵᠠᠷ ᠰᠢᠷᠤᠢ᠂ ᠳᠠᠷᠤᠭᠳᠠᠮᠠᠯ ᠪᠡᠯᠡ ᠮᠦᠩᠭᠦ᠂ ᠲᠤᠲᠠᠭᠤ ᠲᠤᠷᠭᠤᠨ ᠢᠨᠵᠧᠨᠧᠷᠢᠩ᠂ ᠨᠡᠭᠡᠭᠡᠯᠲᠡ ᠶᠢᠨ ᠣᠷᠣᠨ ᠤ ᠪᠠᠶᠢᠭᠤᠯᠤᠯᠲᠠ ᠵᠡᠷᠭᠡ ᠲᠠᠪᠤᠨ ᠲᠠᠯ᠎ᠠ ᠶᠢᠨ ᠪᠠᠶᠢᠴᠠᠭᠠᠯᠲᠠ ᠰᠢᠢᠳᠪᠦᠷᠢᠯᠡᠯᠲᠡ ᠶᠢᠨ ᠠᠵᠢᠯᠯᠠᠭ᠎ᠠ ᠶᠢ ᠵᠢᠭᠠᠵᠤ ᠪᠤᠢ᠃     3. ︽ᠪᠢᠴᠢᠯ ᠴᠡᠴᠡᠷᠯᠢᠭ︾᠄ ᠬᠤᠲᠠ ᠶᠢᠨ ᠲᠤᠮᠳᠠᠬᠢ ᠪᠠᠭᠠᠬᠠᠨ ᠭᠠᠵᠠᠷ ᠢ ᠨᠣᠭᠤᠭᠠᠵᠢᠭᠤᠯᠵᠣ᠂ ᠰᠢᠷᠡᠭᠡ ᠰᠠᠨᠳᠠᠯᠢ ᠲᠤᠬᠢᠷᠠᠭᠤᠯᠬᠤ ᠵᠡᠷᠭᠡ ᠠᠷᠠᠳ ᠲᠤ ᠳᠦᠬᠦᠮ ᠦᠵᠡᠬᠦᠯᠦᠭᠰᠡᠨ ᠦᠢᠯᠡᠴᠢᠯᠡᠭᠡᠨ ᠤ ᠳᠦᠬᠦᠬᠡᠷᠦᠮᠵᠢ ᠶᠢ ᠵᠢᠭᠠᠨ᠎ᠠ᠃     4. ︽ᠣᠯᠠᠨ ᠲᠤᠤᠷᠵᠢᠯ ᠢ ᠨᠢᠭᠡᠳᠬᠡᠬᠦ︾᠄ ᠪᠦᠬᠦ ᠬᠤᠰᠢᠭᠤᠨ ᠤ ᠡᠯ᠎ᠡ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ 1300 ᠭᠠᠷᠤᠢ ᠡᠳ᠋ ᠤᠨ ᠵᠠᠰᠠᠭ  ᠤᠨ ᠨᠦᠬᠦᠪᠦᠷᠢ ᠡᠳ᠋ᠯᠡᠬᠦ ᠦᠨᠳᠦᠰᠦᠨ ᠱᠠᠲᠤᠨ ᠤ ᠠᠵᠢᠯᠲᠠᠳ ᠢ ᠦᠨᠳᠦᠰᠦᠨ ᠱᠠᠲᠤᠨ ᠤ 489 ᠲᠤᠤᠷᠵᠢᠯ ᠬᠠᠮᠢᠶᠠᠷᠤᠯᠲᠠ ᠶᠢᠨ ᠬᠡᠰᠢᠬᠦᠨ ᠢᠶᠠᠷ ᠨᠢᠭᠡᠳᠦᠯᠲᠡᠢ ᠴᠡᠭᠴᠡᠵᠢᠬᠦᠯᠵᠦ᠂ ᠲᠤᠤᠷᠵᠢᠯ ᠳᠤ ᠬᠢ ᠶᠡᠷᠦᠩᠬᠡᠶᠢᠯᠡᠭᠰᠡᠨ ᠵᠠᠰᠠᠯᠲᠠ ᠲᠤᠭᠲᠠᠭᠤᠨ ᠤ ᠬᠠᠮᠠᠭᠠᠯᠠᠯᠲᠠ᠂ ᠨᠡᠶᠢᠬᠡᠮ ᠤᠨ ᠪᠠᠲᠤᠯᠠᠭ᠎ᠠ᠂ ᠪᠠᠴᠢᠮ ᠢ ᠠᠷᠭᠠᠴᠠᠬᠤ ᠬᠠᠮᠢᠶᠠᠷᠤᠯᠲᠠ᠂ ᠨᠡᠶᠢᠬᠡᠮ ᠤᠨ ᠠᠪᠤᠷᠠᠨ ᠲᠤᠰᠠᠯᠠᠯᠲᠠ ᠵᠡᠷᠭᠡ ᠠᠵᠢᠯ ᠢ ᠨᠢᠭᠡᠳᠦᠯᠲᠡᠢ ᠲᠦᠯᠦᠪᠵᠢᠬᠦᠯᠦᠨ᠂ ᠲᠣᠰᠬᠠᠢ ᠲᠣᠰᠢᠶᠠᠯᠲᠣ ᠪᠦᠬᠦ ᠲᠠᠯᠠᠴᠢ ᠲᠣᠣᠷᠵᠢᠯ ᠬᠡᠰᠢᠬᠦᠳ ᠤᠨ ᠡᠩᠨᠡᠭᠡ ᠶᠢ ᠪᠦᠬᠦ ᠲᠠᠯ᠎ᠠ ᠪᠠᠷ ᠪᠠᠶᠢᠭᠤᠯᠬᠤ ᠶᠢ ᠵᠢᠭᠠᠨ᠎ᠠ᠃     5. ︽ᠭᠤᠷᠪᠠᠨ ᠣᠯᠠᠨ᠂ ᠭᠤᠷᠪᠠᠨ ᠴᠦᠬᠡᠨ᠂ ᠭᠤᠷᠪᠠᠨ ᠣᠳᠠᠭᠠᠨ︾᠄ 2022 ᠣᠨ ᠤ 11 ᠰᠠᠷ᠎ᠠ ᠶᠢᠨ 5 ᠤ ᠡᠳᠦᠷ ᠠᠴᠠ 8 ᠤ ᠡᠳᠦᠷ ᠪᠤᠯᠲᠠᠯ᠎ᠠ ᠶᠠᠪᠤᠭᠳᠠᠭᠰᠠᠨ ᠨᠠᠮ ᠤᠨ ᠬᠤᠷᠢᠳᠣᠭᠠᠷ ᠶᠡᠭᠡ ᠬᠤᠷᠠᠯ ᠤᠨ ᠵᠤᠷᠢᠭ ᠰᠠᠨᠠᠭᠠᠨ ᠤ ᠲᠤᠰᠬᠠᠢ ᠰᠡᠳᠦᠪᠲᠦ ᠰᠣᠷᠣᠯᠴᠠᠬᠤ ᠠᠩᠬᠢ ᠵᠢᠴᠢ ᠨᠠᠮ ᠤᠨ ᠬᠤᠷᠢᠶᠠᠨ ᠤ ᠣᠨᠣᠯ  ᠤᠨ ᠰᠣᠷᠣᠯᠴᠠᠯᠭ᠎ᠠ ᠶᠢᠨ ᠭᠤᠤᠯ ᠳᠣᠭᠤᠶᠢᠯᠠᠩ ᠤᠨ ᠰᠣᠷᠣᠯᠴᠠᠯᠭ᠎ᠠ ᠶᠢᠨ ᠬᠤᠷᠠᠯ ᠳᠡᠭᠡᠷ᠎ᠡ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠩ ᠠᠴᠠ          ︽ᠭᠤᠷᠪᠠᠨ ᠣᠯᠠᠨ᠂ ᠭᠤᠷᠪᠠᠨ ᠴᠦᠬᠡᠨ᠂ ᠭᠤᠷᠪᠠᠨ ᠣᠳᠠᠭᠠᠨ︾ ᠤ ᠠᠰᠠᠭᠤᠳᠠᠯ ᠳᠤ ᠬᠠᠨᠳᠣᠭᠤᠯᠣᠨ᠂ ᠳᠦᠷᠢᠮᠵᠢᠬᠦᠯᠬᠦ᠂ ᠴᠣᠮᠬᠠᠳᠬᠠᠬᠤ᠂ ᠬᠤᠷᠳᠣᠳᠬᠠᠬᠤ ᠳᠡᠭᠡᠷ᠎ᠡ ᠬᠦᠴᠦᠯᠡᠬᠦ ᠬᠡᠷᠡᠭᠲᠡᠢ ᠬᠡᠵᠦ ᠳᠣᠷᠠᠳᠴᠠᠢ᠃ ︽ᠭᠤᠷᠪᠠᠨ ᠣᠯᠠᠨ︾ ᠬᠡᠳᠡᠭ ᠨᠢ ᠬᠤᠷᠠᠯ ᠣᠯᠠᠨ᠂ ᠠᠵᠢᠯᠯᠠᠭ᠎ᠠ ᠣᠯᠠᠨ᠂ ᠭᠠᠳᠠᠭᠰᠢ ᠭᠠᠷᠬᠤ ᠨᠢ ᠣᠯᠠᠨ ᠢ ᠵᠢᠭᠠᠵᠤ ᠪᠤᠢ︔ ︽ᠭᠤᠷᠪᠠᠨ ᠴᠦᠬᠡᠨ︾ ᠭᠡᠳᠡᠭ ᠨᠢ ᠪᠠᠶᠢᠴᠠᠭᠠᠨ ᠰᠣᠳᠣᠯᠣᠯᠲᠠ ᠶᠢᠨ ᠮᠡᠳᠡᠬᠦᠯᠦᠯᠲᠡ ᠴᠦᠬᠡᠨ᠂ ᠠᠵᠢᠯ ᠤᠨ ᠰᠡᠳᠬᠢᠮᠵᠢ ᠴᠦᠬᠡᠨ᠂ ᠪᠤᠲᠠᠲᠠᠢ ᠠᠰᠠᠭᠤᠳᠠᠯ ᠢ ᠰᠢᠢᠳᠪᠦᠷᠢᠯᠡᠬᠦ ᠨᠢ ᠴᠦᠬᠡᠨ ᠪᠠᠶᠢᠬᠤ ᠶᠢ ᠵᠢᠭᠠᠵᠤ ᠪᠤᠢ︔ ︽ᠭᠤᠷᠪᠠᠨ ᠣᠳᠠᠭᠠᠨ︾ ᠬᠡᠳᠡᠭ ᠨᠢ ᠰᠢᠢᠳᠪᠦᠷᠢ ᠪᠤᠳᠤᠯᠭ᠎ᠠ ᠲᠤᠭᠲᠠᠭᠠᠬᠤ ᠨᠢ ᠤᠳᠠᠭᠠᠨ᠂ ᠠᠵᠢᠯᠯᠠᠭ᠎ᠠ ᠠᠪᠬᠤ ᠨᠢ ᠤᠳᠠᠭᠠᠨ᠂ ᠦᠷ᠎ᠡ ᠳ᠋ᠦᠩ ᠨᠢ ᠤᠳᠠᠭᠠᠨ ᠪᠠᠶᠢᠬᠤ ᠶᠢ ᠵᠢᠭᠠᠵᠤ ᠪᠤᠢ᠃     6. ︽ᠲᠠᠪᠤᠨ ᠶᠡᠭᠡ ᠡᠬᠦᠷᠭᠡ︾᠄ ᠶᠡᠷᠦᠩᠬᠡᠢ ᠱᠦᠵᠢ ᠰᠢ ᠶᠢᠨ ᠫᠢᠩ ᠠᠴᠠ ᠦᠪᠦᠷ ᠮᠣᠩᠭᠤᠯ ᠳᠤ ᠲᠤᠰᠢᠶᠠᠨ ᠬᠦᠢᠴᠡᠳᠬᠡᠭᠦᠯᠦᠭᠰᠡᠨ ︽ᠲᠠᠪᠤᠨ ᠶᠡᠭᠡ ᠡᠬᠦᠷᠭᠡ︾᠂ ᠳᠠᠷᠤᠢ ᠦᠪᠦᠷ ᠮᠣᠩᠭᠤᠯ ᠢ ᠮᠠᠨ ᠤ ᠣᠯᠣᠰ ᠤᠨ ᠣᠮᠠᠷᠠᠲᠤ ᠣᠷᠣᠨ ᠤ ᠠᠮᠢ ᠠᠬᠤᠢ ᠶᠢᠨ ᠴᠢᠬᠤᠯᠠ ᠬᠠᠯᠬᠠᠪᠴᠢ᠂ ᠣᠮᠠᠷᠠᠲᠤ ᠬᠢᠯᠢ ᠶᠢᠨ ᠠᠮᠣᠷ ᠲᠤᠭᠲᠠᠭᠤᠨ ᠤ ᠬᠠᠯᠬᠠᠪᠴᠢ᠂ ᠣᠯᠣᠰ ᠤᠨ ᠴᠢᠬᠤᠯᠠ ᠡᠨᠧᠷᠬᠢ ᠪᠠ ᠪᠠᠶᠢᠯᠳᠣᠬᠤ ᠪᠣᠳᠣᠯᠭ᠎ᠠ ᠶᠢᠨ ᠡᠬᠢ ᠰᠣᠷᠪᠣᠯᠵᠢ ᠶᠢᠨ ᠰᠠᠭᠤᠷᠢᠨ᠂ ᠣᠯᠣᠰ ᠤᠨ ᠮᠠᠯ ᠲᠠᠷᠢᠶᠠᠯᠠᠩ  ᠤᠨ ᠴᠢᠬᠤᠯᠠ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ᠂ ᠣᠯᠣᠰ ᠤᠨ ᠣᠮᠠᠷᠠᠰᠢ ᠨᠡᠭᠡᠭᠡᠨ ᠬᠦᠭᠵᠢᠬᠦᠯᠬᠦ ᠴᠢᠬᠤᠯᠠ ᠲᠦᠷᠦᠬᠦᠴᠢ ᠦᠷᠲᠡᠭᠡ ᠪᠤᠯᠭᠠᠨ ᠪᠠᠶᠢᠭᠤᠯᠬᠤ ᠶᠢ ᠵᠢᠭᠠᠵᠤ ᠪᠤᠢ᠃     7. ︽ᠭᠤᠷᠪᠠᠨ ᠳᠦᠷᠪᠡ︾ ᠶᠢᠨ ᠲᠡᠮᠡᠴᠡᠬᠦ ᠬᠠᠷᠠᠯᠲᠠ᠄ ᠣᠷᠳᠣᠰ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ︽ᠲᠡᠯᠡᠬᠡᠢ  ᠶᠢᠨ ᠲᠡᠰ ᠤᠨ ᠳᠦᠷᠪᠡᠨ ᠠᠵᠤ ᠦᠢᠯᠡᠰ︾ ᠤᠨ ᠪᠠᠶᠢᠭᠤᠯᠤᠯᠲᠠ᠂ ᠳᠠᠷᠤᠢ ᠳᠡᠯᠡᠬᠡᠢ ᠶᠢᠨ ᠲᠡᠰ ᠤᠨ ᠡᠨᠧᠷᠬᠢ ᠶᠢᠨ ᠠᠵᠤ ᠦᠢᠯᠡᠰ᠂ ᠲᠡᠯᠡᠬᠡᠢ ᠶᠢᠨ ᠲᠡᠰ ᠤᠨ ᠣᠳᠣ ᠦᠶ᠎ᠡ ᠶᠢᠨ ᠨᠡᠬᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ᠂ ᠲᠡᠯᠡᠬᠡᠢ ᠶᠢᠨ ᠲᠡᠰ ᠤᠨ ᠰᠢᠨ᠎ᠡ ᠡᠨᠧᠷᠬᠢ ᠶᠢᠨ ᠲᠤᠨᠤᠭᠯᠠᠯ ᠦᠢᠯᠡᠳᠬᠦ ᠠᠵᠤ ᠦᠢᠯᠡᠰ᠂ ᠲᠡᠯᠡᠬᠡᠢ ᠶᠢᠨ ᠲᠡᠰ ᠤᠨ ᠢᠮᠠᠭᠠᠨ ᠨᠣᠣᠯᠣᠭᠤᠷ ᠤᠨ ᠠᠵᠤ ᠦᠢᠯᠡᠰ︔ ︽ᠣᠯᠣᠰ ᠤᠨ ᠳᠦᠷᠪᠡᠨ ᠬᠡᠪ ᠳᠠᠭᠤᠷᠢᠶᠠᠯ︾ ᠤᠨ ᠴᠣᠭᠴᠠᠯᠠᠯᠲᠠ᠂ ᠳᠠᠷᠤᠢ ᠠᠮᠢ ᠠᠬᠤᠢ ᠶᠢᠨ ᠵᠠᠰᠠᠯᠲᠠ ᠶᠢᠨ ᠳᠠᠭᠤᠷᠢᠶᠠᠯ᠂ ᠪᠤᠯᠪᠠᠰᠣᠨ ᠬᠤᠲᠠ ᠶᠢᠨ ᠴᠣᠭᠴᠠᠯᠠᠯᠲᠠ ᠶᠢᠨ ᠳᠠᠭᠤᠷᠢᠶᠠᠯ᠂ ᠬᠠᠮᠲᠤᠪᠡᠷ ᠴᠢᠨᠡᠬᠡᠯᠢᠭᠵᠢᠬᠦ ᠳᠠᠭᠤᠷᠢᠶᠠᠯ᠂ ᠬᠤᠲᠠ  ᠶᠢᠨ ᠣᠷᠣᠨ ᠪᠦᠰᠡ ᠶᠢᠨ ᠨᠡᠶᠢᠬᠡᠮ ᠤᠨ ᠵᠠᠰᠠᠯᠲᠠ ᠶᠢᠨ ᠳᠠᠭᠤᠷᠢᠶᠠᠯ︔ ︽  ᠪᠦᠬᠦ ᠣᠯᠣᠰ ᠤᠨ ᠳᠦᠷᠪᠡᠨ ᠲᠡᠷᠢᠬᠦᠨ︾ ᠤ ᠪᠠᠶᠢᠭᠤᠯᠤᠯᠲᠠ᠂ ᠳᠠᠷᠤᠢ ᠪᠦᠬᠦ ᠣᠯᠣᠰ  ᠤᠨ ᠲᠡᠷᠢᠬᠦᠨ ᠤ ᠠᠮᠢ ᠠᠬᠤᠢ ᠶᠢᠨ ᠰᠢᠨᠡᠴᠢᠯᠡᠯᠲᠡ᠂ ᠪᠦᠬᠦ ᠣᠯᠣᠰ ᠤᠨ ᠲᠡᠷᠢᠬᠦᠨ ᠤ ᠬᠤᠳᠠᠯᠳᠤᠭ᠎ᠠ ᠡᠵᠡᠩᠨᠡᠬᠦ ᠣᠷᠴᠢᠨ᠂ ᠪᠦᠬᠦ ᠣᠯᠣᠰ ᠤᠨ ᠲᠡᠷᠢᠬᠦᠨ ᠤ ᠬᠤᠲᠠ  ᠶᠢᠨ ᠬᠡᠪ ᠳᠦᠷᠬᠦ᠂ ᠪᠦᠬᠦ ᠣᠯᠣᠰ ᠤᠨ ᠲᠡᠷᠢᠬᠦᠨ ᠤ ᠺᠠᠳ᠋ᠷᠴᠣᠳ ᠤᠨ ᠡᠩᠨᠡᠭᠡ ᠶᠢ ᠪᠠᠶᠢᠭᠤᠯᠬᠤ ᠪᠠᠷ ᠳᠣᠷᠠᠳᠣᠭᠰᠠᠨ ᠢ ᠵᠢᠭᠠᠵᠤ ᠪᠤᠢ᠃     8. ︽ᠣᠰᠣ ᠪᠠᠷ ᠳᠦᠷᠪᠡ ᠶᠢ ᠲᠤᠭᠲᠠᠭᠠᠬᠤ︾᠄ ᠣᠰᠣ ᠪᠠᠷ ᠬᠤᠲᠠ᠂ ᠭᠠᠵᠠᠷ᠂ ᠬᠦᠮᠦᠨ᠂ ᠦᠢᠯᠡᠳᠪᠦᠷᠢᠯᠡᠯ ᠢ ᠲᠤᠭᠲᠠᠭᠠᠬᠤ ᠶᠢ ᠵᠢᠭᠠᠵᠤ ᠪᠤᠢ᠃     9. ︽ᠳᠦᠷᠪᠡ ᠶᠢ ᠬᠤᠪᠢᠷᠠᠭᠤᠯᠬᠤ ᠦᠬᠡᠢ︾᠄ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ︽ᠶᠠᠳᠠᠭᠤ ᠠᠴᠠ ᠠᠩᠬᠢᠵᠢᠷᠠᠪᠠᠴᠣ ᠲᠦᠷᠦ ᠶᠢᠨ ᠪᠤᠳᠤᠯᠭ᠎ᠠ ᠶᠢ ᠬᠤᠪᠢᠷᠠᠭᠤᠯᠬᠤ ᠦᠬᠡᠢ᠂ ᠡᠬᠦᠷᠭᠡ ᠬᠠᠷᠢᠭᠤᠴᠠᠯᠭ᠎ᠠ ᠶᠢ ᠬᠤᠪᠢᠷᠠᠭᠤᠯᠬᠤ ᠦᠬᠡᠢ᠂ ᠳᠠᠭᠠᠭᠠᠴᠢᠯᠠᠯᠲᠠ ᠳᠡᠳᠬᠦᠯᠲᠡ ᠶᠢ ᠬᠤᠪᠢᠷᠠᠭᠤᠯᠬᠤ ᠦᠬᠡᠢ᠂ ᠬᠢᠨᠠᠯᠲᠠ ᠬᠠᠮᠢᠶᠠᠷᠤᠯᠲᠠ ᠶᠢ ᠬᠤᠪᠢᠷᠠᠭᠤᠯᠬᠤ ᠦᠬᠡᠢ ᠪᠠᠶᠢᠬᠤ ᠶᠢ ᠵᠢᠭᠠᠵᠤ ᠪᠤᠢ᠃     10. ᠴᠢᠳᠠᠪᠤᠷᠢᠲᠠᠨ ᠢ ᠣᠷᠣᠭᠤᠯᠣᠨ ᠠᠪᠴᠢᠷᠠᠬᠤ᠂ ᠴᠢᠳᠠᠪᠤᠷᠢᠲᠠᠨ ᠢ ᠬᠦᠮᠦᠵᠢᠬᠦᠯᠦᠨ ᠪᠤᠯᠪᠠᠰᠣᠷᠠᠭᠤᠯᠬᠤ ᠬᠤᠶᠠᠷ ︽ᠬᠤᠤᠰ ᠵᠠᠭᠤ︾ ᠶᠢᠨ ᠢᠨᠵᠧᠨᠧᠷᠢᠩ ᠄ ᠴᠢᠳᠠᠪᠤᠷᠢᠲᠠᠨ ᠢ ᠣᠷᠣᠭᠤᠯᠣᠨ ᠠᠪᠴᠢᠷᠠᠬᠤ ︽ᠬᠤᠤᠰ ᠵᠠᠭᠤ ᠶᠢᠨ ᠠᠵᠢᠯᠯᠠᠭ᠎ᠠ︾ ᠬᠡᠳᠡᠭ ᠨᠢ ᠪᠦᠬᠦ ᠬᠤᠰᠢᠭᠤ ᠵᠢᠯ ᠪᠤᠯᠭᠠᠨ ᠵᠠᠭᠤᠨ ᠰᠢᠯᠢᠳᠡᠭ ᠪᠠᠭᠰᠢ ᠪᠠ ᠵᠠᠭᠤᠨ ᠰᠢᠯᠢᠳᠡᠭ ᠡᠮᠴᠢᠯᠡᠬᠡᠨ ᠤ ᠠᠵᠢᠯᠲᠠᠳ ᠢ ᠣᠷᠣᠭᠤᠯᠣᠨ ᠠᠪᠴᠢᠷᠠᠬᠤ ᠠᠵᠢᠯᠯᠠᠭ᠎ᠠ ᠶᠢ ᠵᠢᠭᠠᠵᠤ ᠪᠤᠢ︔ ᠴᠢᠳᠠᠪᠤᠷᠢᠲᠠᠨ ᠢ ᠬᠦᠮᠦᠵᠢᠬᠦᠯᠦᠨ ᠪᠤᠯᠪᠠᠰᠣᠷᠠᠭᠤᠯᠬᠤ ︽ᠬᠤᠤᠰ ᠵᠠᠭᠤ ᠶᠢᠨ ᠢᠨᠵᠧᠨᠧᠷᠢᠩ︾ ᠬᠡᠳᠡᠭ ᠨᠢ ᠵᠠᠭᠤᠨ ᠵᠠᠯᠠᠭᠤ ᠺᠠᠳ᠋ᠷᠴᠣᠳ ᠢ ᠦᠨᠳᠦᠰᠦᠨ ᠱᠠᠲᠤᠨ ᠳᠤ ᠬᠦᠨᠵᠡᠬᠡᠶᠢᠷᠡᠬᠦᠯᠬᠦ᠂ ᠵᠠᠭᠤᠨ ᠰᠢᠨᠵᠢᠯᠡᠭᠡ ᠮᠡᠷᠬᠡᠵᠢᠯ  ᠤᠨ ᠴᠢᠳᠠᠪᠤᠷᠢᠲᠠᠨ ᠢ ᠬᠦᠳᠡᠭᠡ ᠲᠤᠰᠬᠤᠨ ᠳᠤ ᠬᠦᠨᠵᠡᠬᠡᠶᠢᠷᠡᠬᠦᠯᠬᠦ ᠶᠢ ᠵᠢᠭᠠᠵᠤ ᠪᠤᠢ᠃     11. ︽ᠭᠤᠷᠪᠠᠨ ᠡᠷᠬᠡᠪᠰᠢ︾᠄ ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠣᠭᠠᠷ ᠶᠡᠭᠡ ᠬᠤᠷᠠᠯ ᠤᠨ ᠮᠡᠳᠡᠬᠦᠯᠦᠯᠲᠡ ᠳᠤ ᠪᠠᠨ ᠳᠣᠷᠠᠳᠣᠭᠰᠠᠨ ︽ᠪᠦᠬᠦ ᠨᠠᠮ ᠤᠨ ᠨᠦᠬᠦᠳ ᠡᠷᠬᠡᠪᠰᠢ ᠣᠭ ᠰᠠᠨᠠᠭ᠎ᠠ ᠪᠠᠨ ᠦᠯᠦ ᠮᠠᠷᠲᠠᠨ᠂ ᠡᠬᠦᠷᠭᠡ ᠬᠠᠷᠢᠭᠤᠴᠠᠯᠭ᠎ᠠ ᠪᠠᠨ ᠪᠠᠲᠤ  ᠴᠡᠭᠡᠵᠢᠯᠡᠵᠦ᠂ ᠡᠷᠬᠡᠪᠰᠢ ᠳᠠᠷᠤᠤ ᠬᠢᠴᠢᠶᠡᠩᠭᠦᠢ᠂ ᠲᠡᠰᠪᠤᠷᠢ ᠬᠠᠲᠠᠭᠤᠵᠢᠯᠲᠠᠢ ᠲᠡᠮᠡᠴᠡᠵᠦ᠂ ᠡᠷᠬᠡᠪᠰᠢ ᠵᠤᠷᠢᠭᠲᠠᠢ ᠴᠢᠳᠠᠮᠠᠭᠠᠢ ᠪᠠᠷ ᠲᠡᠮᠡᠴᠡᠵᠦ᠂ ᠲᠡᠣᠬᠡ ᠶᠢᠨ ᠢᠳᠡᠬᠡᠯ ᠵᠤᠷᠢᠭ ᠢᠶᠠᠨ ᠬᠦᠪᠴᠢᠯᠡᠵᠦ᠂ ᠲᠡᠣᠬᠡ ᠶᠢᠨ ᠰᠠᠨᠠᠭᠠᠴᠢᠯᠠᠭᠠᠲᠤ ᠣᠬᠠᠮᠰᠠᠷ ᠢᠶᠠᠨ ᠴᠢᠩᠭᠠᠳᠬᠠᠨ᠂ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭᠲᠤ ᠨᠡᠶᠢᠬᠡᠮ ᠵᠢᠷᠤᠮ ᠤᠨ ᠨᠡᠩ ᠬᠢᠯᠠᠯᠵᠠᠮ᠎ᠠ ᠬᠠᠭᠤᠳᠠᠰᠣ ᠶᠢ ᠪᠢᠴᠢᠭᠯᠡᠬᠦ ᠦᠬᠦᠯᠡᠯᠲᠡ ᠶᠢ ᠵᠢᠭᠠᠵᠤ ᠪᠤᠢ᠃     12. ︽ᠳᠣᠯᠤᠭ᠎ᠠ ᠶᠢ ᠲᠠᠶᠠᠭᠳᠠᠬᠤ︾᠄ 2022 ᠣᠨ ᠤ 12 ᠰᠠᠷ᠎ᠠ ᠶᠢᠨ 22 ᠤᠨ ᠡᠳᠦᠷ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠩ ᠠᠴᠠ ᠦᠪᠡᠷᠲᠡᠭᠡᠨ ᠵᠠᠰᠠᠬᠤ ᠤᠷᠤᠨ ᠤ ᠠᠷᠪᠠᠨ ᠨᠢᠬᠡᠳᠦᠬᠡᠷ ᠬᠤᠭᠤᠴᠠᠭᠠᠨ ᠤ ᠲᠠᠪᠤᠳᠣᠭᠠᠷ ᠣᠳᠠᠭᠠᠨ ᠤ ᠪᠦᠬᠦᠳᠡ ᠬᠤᠷᠠᠯᠳᠣᠭᠠᠨ ᠳᠡᠭᠡᠷᠡᠬᠢ ᠶᠠᠷᠢᠶᠠᠨ ᠳᠤ ᠪᠠᠨ ︽ᠳᠣᠯᠤᠭ᠎ᠠ ᠶᠢ ᠲᠠᠶᠠᠭᠳᠠᠬᠤ︾ ᠶᠢ ᠳᠣᠷᠠᠳᠴᠠᠢ᠂ ᠳᠠᠷᠤᠢ ︽ᠪᠤᠰᠣᠳ ᠤᠨ ᠬᠤᠶᠢᠨ᠎ᠠ ᠨᠢᠬᠡᠨᠲᠡ ᠰᠠᠭᠤᠭᠳᠠᠭᠰᠠᠨ︾ ᠬᠡᠬᠦ ᠪᠤᠳᠤᠯ᠂ ︽ᠬᠦᠭᠵᠢᠯᠲᠡ ᠶᠢ ᠠᠯᠭᠤᠷᠯᠠᠬᠤ︾ ᠦᠵᠡᠯ᠂ ︽ᠶᠠᠪᠤᠴᠠ ᠶᠢ ᠴᠢᠬᠤᠯᠠᠴᠢᠯᠠᠵᠤ ᠦᠷ᠎ᠡ ᠳ᠋ᠦᠩ ᠢ ᠣᠭᠤᠷᠬᠤ︾ ᠲᠦᠬᠡᠷᠢᠯ᠂ ︽ᠵᠣᠷ ᠦᠬᠡᠢ ᠪᠤᠯ ᠡᠮ ᠦᠭᠴᠦ ᠴᠢᠳᠠᠬᠤ ᠦᠬᠡᠢ︾ ᠬᠡᠪᠰᠢᠯ᠂ ︽ᠨᠢᠳᠣᠨ ᠡᠮᠦᠨᠡᠬᠢ ᠶᠢ ᠪᠠᠨ ᠯᠠ ᠬᠠᠷᠠᠵᠤ ᠠᠯᠣᠰ ᠢᠷᠡᠬᠡᠳᠦᠢ ᠶᠢ ᠪᠤᠳᠤᠯᠬᠢᠯᠠᠬᠤ ᠦᠬᠡᠢ︾ ᠬᠢᠳᠡᠯ᠂ ︽ᠨᠠᠷᠢᠨ ᠰᠢᠷᠢᠨ ᠢ ᠪᠤᠳᠣᠯᠬᠢᠯᠠᠬᠤ ᠦᠬᠡᠢ ᠬᠢᠷᠢ ᠪᠠᠷᠤᠭ ᠲᠠᠢ ᠪᠤᠯ ᠪᠤᠯᠴᠢᠬᠠᠬᠤ︾ ᠬᠡᠬᠦ ᠣᠪᠣᠷ ᠪᠠ ︽ᠦᠢᠯᠡᠳᠪᠦᠷᠢᠯᠡᠯ ᠢ ᠴᠢᠬᠤᠯᠠᠴᠢᠯᠠᠵᠤ ᠡᠵᠡᠩᠨᠡᠯᠲᠡ ᠶᠢ ᠬᠦᠩᠭᠡᠪᠴᠢᠯᠡᠬᠦ︾ ᠦᠵᠡᠯᠲᠡ ᠶᠢ ᠲᠠᠶᠠᠭᠳᠠᠬᠤ ᠶᠢ ᠵᠢᠭᠠᠵᠤ ᠪᠤᠢ᠃     ᠲᠤᠳᠤᠷᠬᠠᠶᠢᠯᠠᠯ᠄ ᠨᠡᠷᠡᠰ ᠤᠨ ᠲᠠᠶᠢᠯᠪᠣᠷᠢᠯᠠᠯ ᠢ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ 》 ᠳᠤ ᠢᠯᠡᠷᠡᠭᠰᠡᠨ ᠲᠠᠷᠠᠭᠠᠯᠠᠯ ᠢᠶᠠᠷ ᠨᠢ ᠵᠢᠭᠰᠠᠭᠠᠪᠠ᠃ 
ᠢᠷᠡᠯᠲᠡ᠄ ᠬᠤᠰᠢᠭᠤ ᠠᠷᠪᠠᠨ ᠨᠢᠬᠡᠳᠣᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠬᠤᠷᠠᠯᠳᠣᠭᠠᠨ