ᠮᠠᠯᠠᠳ ᠭᠠᠴᠠᠭ᠎ᠠ
ᠨᠡᠶᠢᠲᠡᠯᠡᠭᠰᠡᠨ ᠴᠠᠭ᠄
2023/10/20
     ᠮᠠᠯᠠᠳ ᠭᠠᠴᠠᠭ᠎ᠠ ᠨᠠᠩᠰᠤ ᠪᠠᠯᠭᠠᠰᠤᠨ ᠠᠴᠠ ᠬᠤᠶᠢᠰᠢ 13 ᠺᠢᠯᠤᠮᠧᠲᠷ ᠲᠤ ᠪᠠᠶᠢᠷᠢᠯᠠᠨ᠂ ᠭᠠᠵᠠᠷ ᠰᠢᠷᠤᠢ ᠶᠢᠨ ᠶᠡᠷᠦᠩᠬᠡᠢ ᠲᠡᠯᠡᠪᠡᠢ 38.5 ᠲᠦᠮᠡᠨ ᠮᠤ᠋᠂ 4 ᠮᠠᠯᠵᠢᠯ ᠤᠨ ᠬᠤᠷᠰᠢᠶ᠎ᠠ ᠲᠠᠢ᠂ 1 ᠲᠠᠷᠢᠶᠠᠯᠠᠩ ᠤᠨ ᠲᠡᠯᠡᠪᠡᠢ ᠲᠠᠢ᠂ 173 ᠡᠷᠦᠬᠡ 623 ᠬᠦᠮᠦᠨ ᠠᠮᠠ ᠲᠠᠢ᠂ ᠮᠣᠩᠭᠤᠯ ᠦᠨᠳᠦᠰᠦᠲᠡᠨ ᠢᠶᠠᠷ ᠭᠤᠤᠯ ᠴᠤᠭᠴᠠ ᠪᠣᠯᠭᠠᠵᠤ᠂ ᠮᠠᠯ ᠠᠵᠤ ᠠᠬᠤᠢ ᠪᠠᠷ ᠭᠤᠤᠯ ᠪᠣᠯᠭᠠᠨ᠂ ᠮᠠᠯ ᠲᠠᠷᠢᠶᠠᠯᠠᠩ ᠢ ᠬᠠᠮᠲᠤ   ᠬᠦᠭᠵᠢᠬᠦᠯᠦᠭᠰᠡᠨ ᠭᠠᠴᠠᠭ᠎ᠠ ᠪᠣᠯᠣᠨ᠎ᠠ᠃ ᠮᠠᠯᠠᠳ ᠭᠠᠴᠠᠭ᠎ᠠ ᠠᠵᠤ ᠠᠬᠤᠢ ᠶᠢᠨ ᠬᠦᠭᠵᠢᠯᠲᠡ ᠶᠢ ᠲᠡᠷᠢᠬᠦᠨ ᠴᠢᠬᠤᠯᠠ ᠶᠠᠪᠤᠳᠠᠯ ᠪᠤᠯᠭᠠᠵᠤ᠂ ︽ᠨᠢᠭᠡ ᠪᠠᠷ ᠭᠤᠤᠯᠯᠠᠭᠤᠯᠵᠤ ᠬᠤᠶᠠᠷ ᠢᠶᠠᠷ ᠲᠠᠳ᠋ᠯᠡᠭᠦᠯᠬᠦ︾ ᠠᠵᠤ ᠦᠢᠯᠡᠰ ᠤᠨ ᠬᠦᠭᠵᠢᠯᠲᠡ ᠶᠢᠨ ᠵᠠᠭᠪᠤᠷ᠂ ᠳᠠᠷᠣᠢ ᠮᠠᠯ ᠠᠵᠤ ᠠᠬᠤᠢ ᠪᠠᠷ ᠭᠤᠤᠯ ᠠᠵᠤ ᠦᠢᠯᠡᠰ ᠪᠣᠯᠭᠠᠨ᠂ ᠲᠡᠵᠢᠭᠡᠯ ᠪᠣᠷᠳᠣᠭᠠᠨ ᠤ ᠲᠠᠷᠢᠮᠠᠯ ᠤᠨ ᠠᠵᠤ ᠦᠢᠯᠡᠰ ᠪᠠ ᠮᠠᠯ ᠲᠠᠷᠢᠶᠠᠯᠠᠩ ᠤᠨ ᠦᠢᠯᠡᠴᠢᠯᠡᠭᠡᠨ ᠤ ᠦᠢᠯᠡᠰ ᠢᠶᠠᠷ ᠲᠠᠳ᠋ᠯᠡᠭᠦᠯᠬᠦ ᠬᠦᠭᠵᠢᠯᠲᠡ ᠶᠢᠨ ᠵᠠᠭᠪᠤᠷ ᠢ ᠪᠦᠷᠢᠯᠳᠦᠬᠦᠯᠪᠡ᠃ ᠬᠡᠪᠴᠢᠶᠡᠵᠡᠯ ᠲᠡᠵᠢᠭᠡᠪᠦᠷᠢ ᠶᠢᠨ ᠡᠷᠦᠬᠡ ᠶᠢ 50 ᠡᠷᠦᠬᠡ ᠪᠣᠯᠭᠠᠨ ᠦᠷᠭᠡᠳᠬᠡᠵᠦ᠂ ᠠᠯᠠᠰᠢᠨ ᠮᠠᠯ ᠤᠨ ᠵᠢᠯ ᠤᠨ ᠭᠠᠷᠭᠠᠯᠲᠠ ᠶᠢ 15000 ᠲᠤᠯᠤᠭᠠᠢ ᠠᠴᠠ ᠳᠠᠪᠠᠭᠤᠯᠬᠤ᠂ ᠴᠢᠨᠠᠷ ᠰᠠᠶᠢᠲᠠᠢ ᠨᠤᠲᠤᠭ ᠪᠠᠯᠴᠢᠭᠡᠷ ᠤᠨ ᠡᠬᠢ ᠰᠤᠷᠪᠤᠯᠵᠢ ᠳᠤ ᠪᠠᠨ ᠲᠦᠰᠢᠭᠯᠡᠵᠦ᠂ ᠰᠢᠯᠢᠳᠡᠭ ᠲᠡᠵᠢᠭᠡᠯ ᠪᠣᠷᠳᠣᠭᠠᠨ ᠤ ᠲᠠᠷᠢᠮᠠᠯ ᠢ 10000 ᠮᠣ᠋ ᠳᠤ ᠬᠦᠷᠭᠡᠬᠦ᠂ ᠮᠠᠯ ᠤᠨ ᠠᠰᠢᠭ ᠰᠢᠮ᠎ᠡ ᠶᠢᠨ ᠰᠣᠯᠢᠯᠴᠠᠭ᠎ᠠ ᠪᠠ ᠲᠠᠷᠢᠶᠠᠯᠠᠩ ᠤᠨ ᠮᠠᠰᠢᠨᠴᠢᠯᠠᠯᠲᠠ ᠳᠤ ᠦᠢᠯᠡᠴᠢᠯᠡᠬᠦ ᠮᠠᠯᠴᠢᠨ ᠲᠠᠷᠢᠶᠠᠴᠢᠨ ᠤ ᠬᠠᠮᠲᠤᠷᠠᠯ ᠵᠣᠬᠢᠶᠠᠨ ᠪᠠᠶᠢᠭᠤᠯᠤᠯᠲᠠ ᠶᠢ 2 ᠪᠠᠶᠢᠭᠤᠯᠬᠤ ᠪᠠᠷ ᠲᠦᠯᠦᠪᠯᠡᠵᠦ᠂ ᠤᠯᠠᠮᠵᠢᠯᠠᠯᠲᠤ ᠮᠠᠯᠵᠢᠬᠤ ᠮᠡᠷᠭᠡᠵᠢᠯ ᠪᠠ ᠣᠳᠣ ᠦᠶ᠎ᠡ ᠶᠢᠨ ᠲᠡᠷᠢᠬᠦᠨ ᠤ ᠮᠡᠷᠭᠡᠵᠢᠯ ᠢ ᠤᠶᠠᠯᠳᠣᠭᠤᠯᠣᠨ᠂ ᠠᠵᠤ ᠦᠢᠯᠡᠰ ᠤᠨ ᠬᠦᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠭᠠᠴᠠᠭᠠᠨ ᠤ ᠮᠠᠯ ᠲᠠᠷᠢᠶᠠᠯᠠᠩ ᠤᠨ ᠦᠢᠯᠡᠰ ᠲᠤ ᠪᠠᠲᠤᠯᠠᠭ᠎ᠠ   ᠬᠠᠩᠭᠠᠵᠣ ᠪᠣᠢ᠃ ᠮᠠᠯᠠᠳ ᠨᠡᠶᠢᠬᠡᠮ ᠲᠤᠭᠤᠷᠢᠭ ᠳᠠᠬᠢ ᠪᠣᠷᠣᠪᠠᠭᠠᠲᠤᠷ᠂ ᠦᠯᠵᠡᠶᠢᠬᠤᠲᠤᠭ ᠤᠨ ᠲᠤᠷᠠᠰᠬᠠᠯ ᠤᠨ ᠬᠦᠷᠢᠶᠡᠯᠡᠩ ᠤᠨ ᠬᠤᠪᠢᠰᠬᠠᠯᠲᠤ ᠬᠦᠮᠦᠵᠢᠯ ᠤᠨ ᠰᠠᠭᠤᠷᠢᠨ ᠭᠠᠵᠠᠷ ᠪᠣᠯ ᠣᠲᠤᠭ ᠤᠨ ᠡᠮᠦᠨᠡᠲᠦ ᠬᠤᠰᠢᠭᠤᠨ ᠤ 1+6 ᠬᠤᠪᠢᠰᠬᠠᠯᠲᠤ ᠬᠦᠮᠦᠵᠢᠯ ᠤᠨ ᠵᠢᠭᠤᠯᠴᠢᠯᠠᠯ ᠤᠨ ᠴᠡᠭ ᠤᠨ ᠨᠢᠭᠡ ᠨᠢ ᠪᠣᠯᠣᠨ᠎ᠠ᠃ 2017 ᠣᠨ ᠳᠤ ᠮᠠᠯᠠᠳ ᠭᠠᠴᠠᠭ᠎ᠠ ᠲᠣᠰ ᠬᠤᠪᠢᠰᠬᠠᠯᠲᠤ ᠬᠦᠮᠦᠵᠢᠯ ᠤᠨ ᠰᠠᠭᠤᠷᠢᠨ ᠭᠠᠵᠠᠷ ᠲᠤ ᠲᠦᠰᠢᠭᠯᠡᠨ᠂ ︽ᠬᠤᠪᠢᠰᠬᠠᠯᠲᠤ ᠬᠦᠮᠦᠵᠢᠯ +︾ ᠣᠶᠢᠯᠭᠠᠭᠳᠠᠬᠤᠨ ᠢᠶᠠᠷ ᠬᠤᠪᠢᠰᠬᠠᠯᠲᠤ ᠬᠦᠮᠦᠵᠢᠯ᠂ ᠦᠨᠳᠦᠰᠦᠲᠡᠨ ᠤ ᠰᠤᠶᠤᠯ ᠢ ᠪᠡᠶᠡᠴᠢᠯᠡᠨ ᠦᠢᠯᠠᠭᠠᠬᠤ ᠦᠵᠡᠬᠦᠯᠬᠡ᠂ ᠦᠨᠳᠦᠰᠦᠲᠡᠨ ᠤ ᠢᠳᠡᠭᠡᠨ ᠤᠮᠳᠠᠭᠠᠨ ᠵᠡᠷᠭᠡ ᠠᠭᠤᠯᠭ᠎ᠠ ᠶᠢ ᠨᠢᠭᠡ ᠴᠤᠭᠴᠠᠵᠢᠭᠤᠯᠤᠭᠰᠠᠨ ᠪᠦᠬᠦ ᠬᠤᠰᠢᠭᠤᠨ ᠤ ᠬᠤᠪᠢᠰᠬᠠᠯᠲᠤ ᠬᠦᠮᠦᠵᠢᠯ ᠤᠨ ᠵᠢᠭᠤᠯᠴᠢᠯᠠᠯ ᠤᠨ ᠵᠠᠮ ᠱᠤᠭᠤᠮ ᠳᠡᠭᠡᠷᠡᠬᠢ ᠠᠵᠤ ᠠᠬᠤᠢ ᠶᠢᠨ ᠪᠦᠰᠡ ᠶᠢ ᠴᠤᠭᠴᠠᠯᠠᠵᠤ᠂ ᠭᠠᠴᠠᠭᠠᠨ ᠤ ᠰᠠᠭᠤᠭᠠᠯᠢ ᠠᠷᠠᠳ ᠤᠨ ᠬᠠᠮᠲᠤ ᠪᠠᠷ ᠴᠢᠨᠡᠭᠡᠯᠢᠭᠵᠢᠬᠦ ᠶᠢ ᠳᠠᠶᠢᠴᠢᠯᠠᠨ᠂ ᠭᠠᠴᠠᠭᠠᠨ ᠤ ᠪᠠᠨ ᠶᠡᠷᠦᠩᠬᠡᠶᠢᠯᠡᠭᠰᠡᠨ ᠪᠤᠲᠠᠲᠤ ᠬᠦᠴᠦᠨ ᠢ ᠳᠡᠭᠡᠭᠰᠢᠯᠡᠬᠦᠯᠵᠡᠢ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ