ᠢᠮᠠᠭᠠᠯᠠᠢ ᠲᠣᠰᠬᠤᠨ ᠪᠣᠷᠣᠪᠠᠯᠭᠠᠰᠣ ᠪᠠᠯᠭᠠᠰᠣᠨ ᠤ ᠪᠠᠷᠠᠭᠤᠨ ᠬᠡᠰᠡᠭ ᠲᠤ ᠪᠠᠶᠢᠷᠢᠯᠠᠵᠣ᠂ ᠪᠠᠯᠭᠠᠰᠣᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠠᠴᠠ | 75 ᠺᠢᠯᠣᠮᠧᠲᠷ ᠵᠠᠶᠢᠲᠠᠢ᠂ ᠡᠮᠣᠨᠡᠰᠢ ᠪᠠᠨ ᠨᠢᠩᠰᠢᠶᠠ ᠶᠢᠨ ᠲᠡᠷᠬᠡ ᠰᠢᠶᠠᠨ ᠲᠠᠢ ᠬᠦᠷᠰᠢᠯᠡᠵᠣ᠂ ᠪᠠᠷᠠᠭᠤᠨᠰᠢ ᠪᠠᠨ ᠶᠡᠭᠡ ᠰᠢᠬᠢᠷ ᠲᠣᠰᠬᠤᠨ ᠲᠠᠢ ᠰᠠᠪᠠᠯᠠᠨ᠂ | ᠬᠤᠶᠢᠰᠢ ᠪᠠᠨ ᠣᠪᠣᠭᠠᠨ ᠬᠠᠲᠠᠭᠤ ᠲᠣᠰᠬᠤᠨ ᠲᠠᠢ ᠵᠠᠯᠭᠠᠯᠳᠣᠵᠣ᠂ ᠵᠡᠬᠦᠨᠰᠢ ᠪᠠᠨ ᠵᠡᠬᠡᠷᠬᠡᠨᠡᠳᠣ ᠲᠣᠰᠬᠤᠨ ᠲᠠᠢ ᠵᠠᠬ᠎ᠠ ᠨᠡᠶᠢᠯᠡᠨ᠎ᠡ᠃ ᠲᠣᠰᠬᠤᠨ ᠤ ᠬᠢᠵᠠᠭᠠᠷ ᠲᠤ | ᠭᠤᠷᠪᠠᠨ ᠵᠣᠷᠪᠣᠰ ᠡᠯᠡᠰᠣ ᠬᠤᠶᠠᠷ ᠵᠣᠷᠪᠣᠰ ᠲᠠᠯ᠎ᠠ ᠭᠠᠵᠠᠷ ᠠᠯᠭᠠᠰᠴᠣ᠂ ᠭᠠᠵᠠᠷ ᠤᠨ ᠪᠠᠶᠢᠴᠠ ᠨᠢ ᠴᠠᠶᠢᠳᠠᠮ ᠭᠠᠵᠠᠷ ᠢᠶᠠᠷ ᠭᠤᠣᠯᠯᠠᠨ᠎ᠠ᠃ ᠭᠠᠵᠠᠷ ᠰᠢᠷᠣᠢ ᠶᠢᠨ | ᠶᠡᠷᠣᠩᠬᠡᠢ ᠲᠠᠯᠠᠪᠠᠢ 8.17 ᠲᠦᠮᠡᠨ ᠮᠣ᠋᠂ ᠡᠬᠦᠨ ᠳᠤ ᠠᠰᠢᠭᠯᠠᠵᠣ ᠪᠣᠯᠬᠤ ᠨᠣᠲᠤᠭ ᠪᠡᠯᠴᠢᠬᠡᠷ 7 ᠲᠦᠮᠡᠨ ᠮᠣ᠋᠂ ᠣᠢ ᠶᠢᠨ ᠭᠠᠵᠠᠷ 0.8 ᠲᠦᠮᠡᠨ ᠮᠣ᠋᠂ ᠪᠦᠬᠦ | ᠲᠣᠰᠬᠤᠨ ᠳᠤ 4 ᠲᠠᠷᠢᠶᠠᠯᠠᠩ ᠤᠨ ᠬᠤᠷᠰᠢᠶ᠎ᠠ᠂ 263 ᠡᠷᠣᠬᠡ 632 ᠬᠦᠮᠦᠨ ᠠᠮᠠ ᠲᠠᠢ᠂ ᠡᠬᠦᠨ ᠳᠤ ᠪᠠᠶᠢᠩᠭᠤ ᠰᠠᠭᠤᠭ᠎ᠠ 116 ᠡᠷᠣᠬᠡ 337 ᠬᠦᠮᠦᠨ᠂ | ᠬᠦᠳᠡᠯᠮᠣᠷᠢ ᠬᠦᠴᠦ 273 ᠬᠦᠮᠦᠨ ᠂ 20 ᠨᠠᠮ ᠤᠨ ᠬᠡᠰᠢᠬᠦᠨ ᠲᠠᠢ᠂ ᠡᠬᠦᠨ ᠳᠤ ᠡᠮᠡᠭᠲᠡᠢ ᠨᠠᠮ ᠤᠨ ᠬᠡᠰᠢᠬᠦᠨ 3 ᠪᠣᠢ᠃ ᠢᠮᠠᠭᠠᠯᠠᠢ ᠲᠣᠰᠬᠤᠨ ᠭᠤᠣᠯᠳᠠᠭᠤ | ᠲᠠᠷᠢᠮᠠᠯ ᠪᠣᠯᠣᠨ ᠲᠡᠵᠢᠬᠡᠪᠣᠷᠢ ᠶᠢᠨ ᠦᠢᠯᠡᠰ ᠡᠷᠬᠢᠯᠡᠵᠣ᠂ ᠲᠠᠷᠢᠶᠠᠯᠠᠩ ᠢᠶᠠᠷ ᠭᠤᠣᠯ ᠪᠣᠯᠭᠠᠨ᠂ ᠮᠠᠯ ᠲᠠᠷᠢᠶᠠᠯᠠᠩ ᠢ ᠣᠶᠠᠯᠳᠣᠭᠤᠯᠣᠨ ᠬᠦᠭᠵᠢᠬᠦᠯᠵᠣ ᠪᠣᠢ᠃ | ᠣᠰᠣᠨ ᠭᠠᠵᠠᠷ ᠤᠨ ᠨᠡᠶᠢᠲᠡ ᠲᠠᠯᠠᠪᠠᠢ 10063 ᠮᠤ᠋᠂ ᠵᠢᠯ ᠤᠨ ᠠᠮᠣ ᠪᠣᠳᠠᠭᠠᠨ ᠤ ᠣᠨᠠᠯᠲᠠ 4025 ᠲᠣᠨ᠂ ᠴᠢᠨᠠᠷ ᠰᠠᠶᠢᠲᠠᠢ ᠡᠪᠡᠰᠣ 345 ᠮᠤ᠋᠂ | ᠣᠨᠴᠠᠯᠢᠭᠲᠣ ᠠᠵᠣ ᠠᠬᠤᠢ ᠶᠢᠨ ᠲᠠᠷᠢᠮᠠᠯ 3100 ᠮᠤ᠋᠂ ᠮᠠᠯ ᠤᠨ ᠶᠡᠷᠣᠩᠬᠡᠢ ᠲᠤᠭ᠎ᠠ 2.1 ᠲᠦᠮᠡᠨ ᠲᠣᠯᠣᠭᠠᠢ᠂ ᠠᠯᠠᠰᠢᠨ ᠮᠠᠯ ᠤᠨ ᠪᠠᠷᠢᠮᠵᠢᠶᠠᠵᠢᠭᠰᠠᠨ | ᠲᠡᠵᠢᠬᠡᠨ ᠦᠷᠡᠵᠢᠬᠦᠯᠬᠦ ᠲᠣᠭᠤᠷᠢᠭ 2᠂ ᠵᠠᠭᠪᠣᠷᠴᠢᠯᠠᠭᠰᠠᠨ ᠲᠡᠵᠢᠬᠡᠨ ᠦᠷᠡᠵᠢᠬᠦᠯᠬᠦ ᠡᠷᠣᠬᠡ 45 ᠪᠣᠢ᠃ ᠲᠣᠰᠬᠤᠨ ᠤ ᠵᠦᠪᠯᠡᠯ ᠤᠨ ᠠᠵᠢᠯᠯᠠᠭᠠᠨ ᠤ ᠭᠠᠵᠠᠷ | 140 ᠺᠦᠸᠠᠳ᠋ ᠮᠧᠲᠷ᠂ 2009 ᠣᠨ ᠳᠤ ᠠᠯᠣᠰ ᠡᠵᠡᠮᠰᠢᠯᠲᠣ ᠬᠦᠮᠦᠵᠢᠯ ᠤᠨ ᠲᠦᠬᠦᠬᠡᠷᠣᠮᠵᠢ ᠣᠭᠰᠠᠷᠠᠪᠠ᠃ ᠬᠠᠮᠲᠣ ᠶᠢᠨ ᠠᠵᠣ ᠠᠬᠤᠢ ︵ᠲᠠᠭᠠᠭᠠᠴᠢᠯᠠᠯᠲᠠ | ᠪᠠᠷ ᠭᠤᠣᠯ ᠪᠣᠯᠭᠠᠵᠣ ᠪᠣᠢ︶ ᠶᠢᠨ ᠵᠢᠯ ᠤᠨ ᠣᠷᠣᠯᠭ᠎ᠠ 0.95 ᠲᠦᠮᠡᠨ ᠲᠦᠬᠦᠷᠢᠭ᠃ | |