ᠪᠠᠶᠠᠨ ᠨᠠᠶᠢᠬᠡᠮ ᠲᠤᠭᠤᠷᠢᠭ 2010 ᠤᠨ ᠤ 3 ᠰᠠᠷ᠎ᠠ ᠳᠤ ᠪᠠᠶᠢᠭᠤᠯᠤᠭᠳᠠᠵᠤ᠂ ︵ᠣᠣᠯ ᠤᠨ ᠪᠠᠶᠠᠨ ᠨᠡᠶᠢᠬᠡᠮ ᠲᠤᠭᠤᠷᠢᠭ 2001 ᠤᠨ ᠤ 9 ᠰᠠᠷ᠎ᠠ | ᠳᠤ ᠪᠠᠶᠢᠭᠤᠯᠤᠭᠳᠠᠨ᠂ ᠰᠡᠭᠦᠯᠡᠷ ᠨᠢ ᠠᠯᠪᠠᠯᠠᠬᠤ ᠭᠠᠵᠠᠷ ᠢᠶᠠᠨ ᠰᠢᠯᠵᠢᠭᠦᠯᠬᠦ ᠪᠠ ᠬᠠᠷᠢᠶ᠎ᠠ ᠲᠤᠭᠤᠷᠢᠭ ᠢ ᠬᠤᠪᠢᠷᠠᠭᠤᠯᠬᠤ ᠰᠢᠯᠲᠠᠭᠠᠨ ᠢᠶᠠᠷ ᠣᠯᠵᠠᠴᠢ ᠪᠠᠯᠭᠠᠰᠤᠨ ᠤ | ᠵᠡᠭᠦᠨ ᠬᠤᠶᠢᠲᠤ ᠭᠡᠰᠡᠭ ᠲᠤ ᠰᠢᠯᠵᠢᠭᠦᠯᠪᠡ︶᠂ ᠬᠠᠷᠢᠶ᠎ᠠ ᠲᠤᠭᠤᠷᠢᠭ ᠤᠨ ᠲᠡᠯᠡᠪᠡᠢ 2.3 ᠳᠡᠭᠰᠢ ᠳᠦᠷᠪᠡᠯᠵᠢᠨ ᠺᠢᠯᠤᠮᠧᠲᠷ᠂ 8 ᠰᠠᠭᠤᠭᠠᠯᠢ ᠠᠷᠠᠳ ᠤᠨ | ᠲᠤᠭᠤᠷᠢᠭ ᠲᠠᠢ᠂ ᠣᠲᠤᠭ ᠤᠨ ᠡᠮᠦᠨᠡᠲᠦ ᠬᠤᠰᠢᠭᠤᠨ ᠤ ᠨᠡᠭᠦᠨ ᠰᠢᠯᠵᠢᠭᠰᠡᠨ ᠮᠠᠯᠴᠢᠨ ᠲᠠᠷᠢᠶᠠᠴᠢᠨ ᠵᠢᠴᠢ ᠬᠢᠮᠳᠠ ᠲᠦᠷᠢᠶᠠᠰᠤᠨ ᠣᠷᠣᠨ ᠰᠠᠭᠤᠴᠠ᠂ ᠨᠠᠶᠢᠲᠠ | ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠪᠠᠷ ᠲᠦᠪᠯᠡᠷᠡᠭᠦᠯᠦᠨ ᠰᠠᠭᠤᠷᠢᠰᠢᠭᠤᠯᠤᠭᠰᠠᠨ ᠨᠠᠶᠢᠬᠡᠮ ᠲᠤᠭᠤᠷᠢᠭ ᠪᠣᠯᠣᠨ᠎ᠠ᠃ | ᠣᠶᠢᠷ᠎ᠠ ᠶᠢᠨ ᠵᠢᠯ ᠳᠤ ᠨᠠᠶᠢᠬᠡᠮ ᠲᠤᠭᠤᠷᠢᠭ ᠤᠨ ᠨᠠᠮ ᠤᠨ ᠡᠭᠦᠷ ᠤᠶᠤᠨᠴᠢ ᠨᠠᠮ ᠤᠨ ᠪᠠᠶᠢᠭᠤᠯᠤᠯᠲᠠ ᠪᠠᠷ ᠵᠢᠯᠤᠭᠤᠳᠤᠯᠭ᠎ᠠ ᠪᠤᠯᠭᠠᠨ᠂ ︽ᠨᠢᠭᠡ | ᠭᠤᠤᠯᠳᠠᠯᠭ᠎ᠠ ᠭᠤᠷᠪᠠᠨ ᠠᠭᠤᠰᠤᠯᠴᠠᠯ︾ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠭᠲᠠᠴᠠ ᠶᠢ ᠨᠠᠶᠢᠲᠠᠪᠤᠷᠢᠵᠢᠭᠤᠯᠬᠤ ᠠᠴᠠ ᠭᠠᠷᠳᠠᠵᠤ᠂ ᠵᠤᠬᠢᠶᠠᠨ | ᠪᠠᠶᠢᠭᠤᠯᠬᠤ ᠴᠢᠳᠠᠪᠤᠷᠢ ᠪᠠᠨ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠤᠯᠭᠠᠨ᠂ ︽ᠤᠶᠤᠨᠴᠢ ᠭᠡᠷ ᠪᠦᠯᠢ᠂ ᠵᠤᠯ ᠵᠢᠷᠭᠠᠯᠠᠩᠲᠤ ᠪᠠᠶᠠᠨ︾ ᠨᠠᠮ ᠤᠨ ᠪᠠᠶᠢᠭᠤᠯᠤᠯᠲᠠ ᠶᠢᠨ | ᠨᠡᠷᠡᠲᠦ ᠲᠡᠮᠲᠡᠭ ᠢ ᠡᠭᠦᠳᠴᠦ᠂ ︽ᠲᠠᠪᠤᠨ ᠬᠤᠯᠪᠤᠭᠠᠲᠤ︾ ᠵᠠᠭᠪᠤᠷ ᠢ ᠬᠡᠷᠡᠭᠵᠢᠭᠦᠯᠦᠨ᠂ ︽ᠲᠠᠪᠤ ᠲᠠᠢ ᠭᠡᠷ ᠣᠷᠣᠨ︾ ᠢ ᠬᠦᠴᠦᠯᠡᠨ ᠴᠤᠭᠴᠠᠯᠠᠵᠤ᠂ ᠤᠶᠤᠨᠴᠢ | ᠦᠢᠯᠡᠴᠢᠯᠡᠭᠡᠨ ᠤ ᠬᠡᠯᠪᠡᠷᠢ ᠶᠢᠨ ᠨᠠᠶᠢᠬᠡᠮ ᠲᠤᠭᠤᠷᠢᠭ ᠤᠨ ᠪᠠᠶᠢᠭᠤᠯᠤᠯᠲᠠ ᠶᠢ ᠠᠬᠢᠭᠤᠯᠪᠠ᠃ |