︽ᠣᠳᠤᠭ ᠤᠨ ᠡᠮᠦᠨᠡᠳᠦ ᠬᠤᠰᠢᠭᠤᠨ ᠤ ᠣᠯᠣᠰ ᠤᠨ ᠲᠡᠰ ᠤᠨ ︿ᠲᠦᠷᠪᠡᠨ ᠰᠠᠶᠢᠳᠡᠢ ᠬᠦᠳᠡᠭᠡ ᠲᠣᠰᠬᠤᠨ ᠤ | ᠵᠠᠮ﹀ ᠤᠨ ᠲᠠᠭᠤᠷᠢᠶᠠᠯ ᠰᠢᠶᠠᠨ ᠤ ᠴᠣᠭᠴᠠᠯᠠᠯᠳᠠ ᠶᠢᠨ ᠬᠡᠷᠡᠭᠵᠢᠭᠦᠯᠬᠦ ᠲᠦᠰᠦᠯ︾ ᠢ ᠳᠠᠷᠤᠮᠠᠯᠯᠠᠨ ᠲᠠᠷᠬᠠᠭᠠᠬᠤ | ᠲᠣᠬᠠᠢ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | | ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠠᠵᠣ ᠠᠬᠤᠶᠢᠯᠠᠯ ᠠᠵᠢᠯ ᠣᠶᠢᠯᠠᠰ ᠤᠨ | ᠨᠢᠭᠡᠴᠡ᠄ | ︽ᠣᠳᠤᠭ ᠤᠨ ᠡᠮᠦᠨᠡᠳᠦ ᠬᠤᠰᠢᠭᠤᠨ ᠤ ᠣᠯᠣᠰ ᠤᠨ ᠲᠡᠰ ᠤᠨ ︿ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ﹀ ᠤᠨ ᠲᠠᠭᠤᠷᠢᠶᠠᠯ ᠰᠢᠶᠠᠨ ᠤ | ᠴᠣᠭᠴᠠᠯᠠᠯᠳᠠ ᠶᠢᠨ ᠬᠡᠷᠡᠭᠵᠢᠭᠦᠯᠬᠦ ᠲᠦᠰᠦᠯ︾ ᠢ ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠦᠭᠡᠳ᠂ ᠡᠳᠦᠬᠡ ᠲᠠᠨᠠᠷ ᠲᠤ ᠳᠠᠷᠤᠮᠠᠯᠯᠠᠨ | ᠲᠠᠷᠬᠠᠭᠠᠯ᠎ᠠ᠂ ᠬᠢᠨᠠᠮᠠᠭᠠᠢ ᠵᠣᠬᠢᠶᠠᠨ ᠪᠠᠶᠢᠭᠤᠯᠣᠨ ᠬᠡᠷᠡᠭᠵᠢᠬᠦᠯᠰᠦᠬᠡᠢ᠃ | | | ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2023 ᠣᠨ ᠤ 3 ᠰᠠᠷ᠎ᠠ ᠶᠢᠨ 15 ᠤ ᠡᠳᠦᠷ | | ᠣᠳᠤᠭ ᠤᠨ ᠡᠮᠦᠨᠡᠳᠦ ᠬᠤᠰᠢᠭᠤᠨ ᠤ ᠣᠯᠣᠰ ᠤᠨ ᠲᠡᠰ ᠤᠨ ︿ᠲᠦᠷᠪᠡᠨ ᠰᠠᠶᠢᠳᠠᠢ ᠬᠦᠳᠡᠭᠡ | ᠲᠣᠰᠬᠤᠨ ᠤ ᠵᠠᠮ﹀ ᠤᠨ ᠲᠠᠭᠤᠷᠢᠶᠠᠯ ᠰᠢᠶᠠᠨ ᠤ ᠴᠣᠭᠴᠠᠯᠠᠯᠳᠠ ᠶᠢᠨ ᠬᠡᠷᠡᠭᠵᠢᠭᠦᠯᠬᠦ ᠲᠦᠰᠦᠯ | | | ᠶᠡᠷᠦᠩᠬᠡᠢ ᠱᠦᠵᠢ ᠰᠢ ᠶᠢᠨ ᠫᠢᠩ ᠤᠨ ︽ᠲᠦᠷᠪᠡᠨ ᠰᠠᠶᠢᠳᠠᠢ ᠬᠦᠳᠡᠭᠡ ᠲᠣᠰᠬᠤᠨ ᠵᠠᠮ︾ ᠤᠨ ᠪᠠᠶᠢᠭᠤᠯᠣᠯᠳᠠ ᠶᠢᠨ ᠴᠢᠬᠤᠯᠠ ᠵᠢᠭᠠᠪᠦᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠣᠣᠱᠯᠠᠭᠤᠯᠣᠨ᠂ ᠮᠠᠨ ᠤ ᠬᠤᠰᠢᠭᠤᠨ ᠤ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠤᠨ ᠴᠢᠨᠠᠷᠯᠢᠭ ᠬᠦᠭᠵᠢᠯᠳᠡ ᠶᠢᠨ | ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠵᠣ᠂ ᠬᠦᠳᠡᠭᠡ ᠲᠣᠰᠬᠤᠨ ᠤ ᠵᠠᠮ ᠤᠨ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ | ᠲᠣᠮᠳᠠᠬᠢ ᠰᠠᠭᠤᠷᠢ ᠴᠢᠨᠠᠷᠳᠠᠢ ᠲᠣᠯᠭᠠᠭᠤᠷᠢᠯᠠᠯ ᠤᠨ ᠣᠶᠢᠯᠠᠳᠦᠯ ᠢ ᠪᠠᠳᠠᠷᠠᠭᠤᠯᠬᠤ ᠶᠢᠨ ᠲᠣᠰᠠᠳᠠ᠂ ︽︿ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ﹀ ᠤᠨ | ᠪᠦᠬᠦ ᠣᠯᠣᠰ ᠤᠨ ᠲᠠᠭᠤᠷᠢᠶᠠᠯ ᠰᠢᠶᠠᠨ ᠤ ᠴᠣᠭᠴᠠᠯᠠᠯᠳᠠ ᠶᠢᠨ ᠬᠠᠮᠢᠶᠠᠷᠣᠯᠳᠠ ᠶᠢᠨ ᠠᠷᠭ᠎ᠠ︾ ︵ᠵᠠᠮ ᠬᠠᠷᠢᠯᠴᠠᠭ᠎ᠠ ᠵᠠᠰᠠᠮᠠᠯ ᠵᠠᠮ ᠲᠠᠷᠬᠠᠭᠠᠭᠰᠠᠨ ﹇2022﹈ | 111 ᠲᠣᠭᠠᠳᠦ︶ ᠪᠣᠯᠣᠨ ︽ᠵᠠᠮ ᠲᠡᠭᠡᠭᠡᠪᠦᠷᠢ ᠤᠨ ᠶᠠᠮᠣᠨ ᠤ ᠠᠯᠪᠠᠨ ᠲᠢᠩᠭᠢᠮ᠂ ᠬᠦᠳᠡᠭᠡ ᠠᠵᠣ ᠠᠬᠤᠢ ᠬᠦᠳᠡᠭᠡ ᠲᠣᠰᠬᠤᠨ ᠤ ᠶᠠᠮᠣᠨ ᠤ ᠠᠯᠪᠠᠨ ᠲᠢᠩᠭᠢᠮ᠂ | ᠣᠯᠣᠰ ᠤᠨ ᠰᠢᠣᠳᠠᠨ ᠲᠣᠪᠴᠢᠶ᠎ᠠ ᠶᠢᠨ ᠠᠯᠪᠠᠨ ᠭᠡᠷ᠂ ᠣᠯᠣᠰ ᠤᠨ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠲᠣᠪᠴᠢᠶ᠎ᠠ ᠶᠢᠨ ᠶᠡᠷᠦᠩᠬᠡᠶᠢᠯᠡᠭᠰᠡᠨ | ᠵᠣᠷᠭᠠᠨ ᠤ ︿2022 ᠣᠨ ᠤ ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ ᠤᠨ ᠪᠦᠬᠦ ᠣᠯᠣᠰ ᠤᠨ ᠲᠠᠭᠤᠷᠢᠶᠠᠯ ᠰᠢᠶᠠᠨ ᠤ ᠴᠣᠭᠴᠠᠯᠠᠯᠳᠠ ᠶᠢᠨ ᠪᠠᠶᠢᠭᠤᠯᠭ᠎ᠠ | ᠶᠢᠨ ᠨᠡᠷᠡᠰ﹀ ᠢ ᠨᠡᠶᠢᠳᠡᠯᠡᠭᠦ ᠲᠣᠬᠠᠢ ᠮᠡᠳᠡᠭᠳᠡᠯ︾ ︵ᠵᠠᠮ ᠬᠠᠷᠢᠯᠴᠠᠭ᠎ᠠ ᠠᠯᠪᠠᠨ ᠵᠠᠰᠠᠮᠠᠯ ᠵᠠᠮ ﹇2022﹈ 83 ᠲᠣᠭᠠᠳᠦ︶ ᠤᠨ ᠱᠠᠭᠠᠷᠳᠠᠯᠭ᠎ᠠ ᠶᠢ | ᠦᠨᠳᠦᠰᠦᠯᠡᠵᠣ᠂ ᠮᠠᠨ ᠤ ᠬᠤᠰᠢᠭᠤᠨ ᠤ ᠪᠣᠳᠠᠳᠦ ᠪᠠᠶᠢᠳᠠᠯ ᠲᠠᠢ ᠪᠠᠨ ᠣᠶᠠᠯᠳᠣᠭᠤᠯᠣᠨ᠂ ᠲᠣᠰ ᠲᠦᠰᠦᠯ ᠢ ᠲᠣᠭᠳᠠᠭᠠᠪᠠ᠃ | ᠨᠢᠭᠡ᠂ ᠦᠨᠳᠦᠰᠦᠨ ᠪᠠᠶᠢᠳᠠᠯ | ᠣᠳᠤᠭ ᠤᠨ ᠡᠮᠦᠨᠡᠳᠦ ᠬᠤᠰᠢᠭᠤ ᠦᠪᠦᠷ ᠮᠣᠩᠭᠤᠯ ᠱᠠᠨᠰᠢ ᠨᠢᠩᠰᠢᠶᠡ ᠭᠤᠷᠪᠠᠨ ᠮᠣᠵᠢ ᠣᠷᠣᠨ ᠤ ᠠᠭᠤᠯᠵᠠᠷ ᠲᠤ ᠪᠠᠶᠢᠷᠢᠯᠠᠵᠣ᠂ ᠪᠦᠬᠦ ᠬᠤᠰᠢᠭᠤᠨ ᠤ | ᠶᠡᠷᠦᠩᠬᠡᠢ ᠲᠠᠯᠠᠪᠠᠢ 1.218 ᠲᠦᠮᠡᠨ ᠲᠡᠭᠰᠢ ᠲᠦᠷᠪᠡᠯᠵᠢᠨ ᠺᠢᠯᠣᠮᠧᠲᠷ᠂ 4 ᠪᠠᠯᠭᠠᠰᠦ᠂ 1 ᠦᠪᠡᠷᠳᠡᠭᠡᠨ ᠵᠠᠰᠠᠬᠤ ᠣᠷᠣᠨ ᠤ ᠭᠤᠣᠯᠳᠠᠯᠭᠠᠳᠦ ᠠᠵᠣ | ᠣᠶᠢᠯᠠᠳᠪᠦᠷᠢ ᠶᠢᠨ ᠬᠦᠷᠢᠶᠡᠯᠡᠩ᠂ 68 ᠭᠠᠴᠠᠭ᠎ᠠ ᠲᠣᠰᠬᠤᠨ᠂ 17 ᠨᠡᠶᠢᠭᠡᠮ ᠲᠣᠭᠤᠷᠢᠭ᠂ ᠪᠠᠶᠢᠩᠭᠤ ᠰᠠᠭᠤᠭ᠎ᠠ 9.27 ᠲᠦᠮᠡᠨ ᠬᠦᠮᠦᠨ ᠠᠮᠠ ᠲᠠᠢ᠃ ᠵᠠᠰᠠᠮᠠᠯ | ᠵᠠᠮ ᠤᠨ ᠶᠡᠷᠦᠩᠬᠡᠢ ᠣᠷᠳᠦ 3825.081 ᠺᠢᠯᠣᠮᠧᠲᠷ᠂ ᠡᠬᠦᠨ ᠳᠤ ᠬᠦᠳᠡᠭᠡ ᠲᠣᠰᠬᠤᠨ ᠤ ᠵᠠᠰᠠᠮᠠᠯ ᠵᠠᠮ 3366 ᠺᠢᠯᠣᠮᠧᠲᠷ᠂ ᠬᠦᠳᠡᠭᠡ ᠲᠣᠰᠬᠤᠨ ᠤ | ᠵᠠᠰᠠᠮᠠᠯ ᠵᠠᠮ ᠤᠨ ᠡᠵᠡᠯᠡᠬᠦ ᠬᠠᠷᠢᠴᠠᠯ 88% ᠳᠤ ᠬᠦᠷᠴᠦ᠂ ᠵᠠᠰᠠᠮᠠᠯ ᠵᠠᠮ ᠤᠨ ᠨᠢᠭᠳᠠᠴᠠ ᠵᠠᠭᠤᠨ ᠲᠡᠭᠰᠢ ᠲᠦᠷᠪᠡᠯᠵᠢᠨ ᠺᠢᠯᠣᠮᠧᠲᠷ ᠪᠦᠷᠢ ᠳᠤ 31.4 | ᠺᠢᠯᠣᠮᠧᠲᠷ᠃ | ᠬᠤᠶᠠᠷ᠂ ᠵᠢᠯᠣᠭᠤᠳᠬᠤ ᠦᠵᠡᠯ ᠰᠠᠨᠠᠭ᠎ᠠ | ᠨᠠᠮ ᠤᠨ ᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ︽ᠬᠦᠳᠡᠭᠡ ᠲᠣᠰᠬᠤᠨ ᠤ ᠵᠠᠰᠠᠮᠠᠯ ᠵᠠᠮ ᠢ | ᠰᠠᠶᠢᠳᠦᠷ ᠪᠠᠶᠢᠭᠤᠯᠬᠤ᠂ ᠬᠠᠮᠢᠶᠠᠷᠬᠤ᠂ ᠬᠠᠮᠠᠭᠠᠯᠠᠬᠤ᠂ ᠡᠵᠡᠩᠨᠡᠬᠦ︾ ᠴᠢᠬᠤᠯᠠ ᠵᠢᠭᠠᠪᠦᠷᠢ ᠴᠣᠬᠤᠯᠠᠪᠦᠷᠢ ᠶᠢᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ | ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠤᠨ ᠪᠦᠬᠦ ᠣᠯᠣᠰ ᠤᠨ ᠲᠠᠭᠤᠷᠢᠶᠠᠯ ᠰᠢᠶᠠᠨ ᠤ ᠴᠢᠨᠠᠷᠯᠢᠭ ᠴᠣᠭᠴᠠᠯᠠᠯᠳᠠ ᠪᠠᠷ ᠬᠠᠷᠠᠯᠳᠠ ᠪᠠᠨ ᠪᠣᠯᠭᠠᠵᠣ᠂ | ︽ᠬᠤᠪᠢᠰᠬᠠᠯᠳᠦ ᠬᠦᠮᠦᠵᠢᠯ ᠢᠶᠠᠷ ᠬᠦᠳᠡᠯᠭᠡᠭᠦᠷ ᠪᠣᠯᠭᠠᠵᠣ᠂ ᠪᠣᠬᠢᠷᠳᠣᠯ ᠦᠭᠡᠢ ᠬᠦᠭᠵᠢᠭᠦᠯᠬᠦ︾ ᠪᠠᠷ ᠣᠳᠣᠷᠢᠳᠣᠮᠵᠢ ᠪᠣᠯᠭᠠᠨ᠂ ︽ᠨᠢᠭᠡ ᠲᠦᠷᠢᠮ | ᠲᠠᠪᠣᠵᠢᠭᠤᠯᠣᠯᠳᠠ ᠲᠠᠢ ᠠᠷᠠᠳ ᠢ ᠬᠠᠷᠠᠭᠠᠯᠵᠠᠬᠤ ᠬᠦᠳᠡᠭᠡ ᠲᠣᠰᠬᠤᠨ ᠤ ᠵᠠᠮ︾ ᠤᠨ ᠲᠦᠷᠪᠠᠨ ᠰᠠᠶᠢᠳᠠᠢ ᠬᠦᠳᠡᠭᠡ ᠲᠣᠰᠬᠤᠨ ᠤ ᠵᠠᠮ ᠤᠨ ᠨᠡᠷᠡᠳᠦ ᠲᠡᠮᠳᠡᠭ ᠢ | ᠬᠢᠯᠠᠯᠵᠢᠭᠤᠯᠵᠣ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠦᠷᠢᠮᠵᠢᠭᠦᠨ ᠬᠦᠭᠵᠢᠯᠳᠡ᠂ ᠵᠣᠬᠢᠴᠠᠩᠭᠤᠢ ᠬᠦᠭᠵᠢᠯᠳᠡ᠂ ᠪᠣᠬᠢᠷᠳᠣᠯ ᠦᠭᠡᠢ ᠬᠦᠭᠵᠢᠯᠳᠡ᠂ | ᠠᠶᠣᠯᠬᠦᠢ ᠬᠦᠭᠵᠢᠯᠳᠡ ᠪᠣᠯᠣᠨ ᠲᠠᠶᠢᠴᠢᠯᠠᠨ ᠲᠠᠭᠠᠭᠤᠯᠬᠤ ᠬᠦᠭᠵᠢᠯᠳᠡ ᠶᠢ ᠪᠦᠬᠦ ᠬᠦᠴᠦᠨ ᠢᠶᠠᠷ ᠠᠬᠢᠭᠤᠯᠣᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ | ᠤᠨ ᠪᠠᠶᠢᠭᠤᠯᠣᠯᠳᠠ ᠬᠠᠮᠢᠶᠠᠷᠣᠯᠳᠠ ᠠᠷᠠᠴᠢᠯᠠᠯᠳᠠ ᠡᠵᠡᠩᠨᠡᠯᠳᠡ ᠶᠢᠨ ᠵᠣᠬᠢᠴᠠᠩᠭᠤᠢ ᠦᠷᠭᠦᠯᠵᠢᠬᠦᠶᠢᠴᠡ ᠬᠦᠭᠵᠢᠯᠳᠡ ᠶᠢ ᠠᠬᠢᠭᠤᠯᠵᠣ᠂ ᠬᠦᠳᠡᠭᠡ ᠲᠣᠰᠬᠤᠨ ᠢ | ᠬᠦᠭᠵᠢᠭᠦᠯᠦᠨ ᠮᠠᠨᠳᠣᠭᠤᠯᠬᠤ ᠳᠤ ᠨᠡᠩ ᠬᠦᠴᠦᠷᠬᠡᠭ ᠵᠠᠮ ᠬᠠᠷᠢᠯᠴᠠᠭ᠎ᠠ ᠵᠠᠮ ᠲᠡᠭᠡᠭᠡᠪᠦᠷᠢ ᠶᠢᠨ ᠪᠠᠳᠣᠯᠠᠭ᠎ᠠ ᠬᠠᠩᠭᠠᠨ᠎ᠠ᠃ | ᠭᠤᠷᠪᠠ᠂ ᠠᠵᠢᠯ ᠤᠨ ᠬᠠᠷᠠᠯᠳᠠ | ︽ᠨᠢᠭᠡ ᠲᠦᠷᠢᠮ ᠲᠠᠪᠣᠵᠢᠭᠤᠯᠣᠯᠳᠠ ᠲᠠᠢ︾ ᠬᠠᠮᠢᠶᠠᠷᠣᠯᠳᠠ ᠶᠢᠨ ᠵᠠᠭᠪᠣᠷ᠂ ᠲᠣᠭᠳᠠᠯᠴᠠᠭ᠎ᠠ ᠲᠣᠭᠳᠠᠴᠠ ᠶᠢᠨ ᠲᠡᠭᠦᠯᠳᠡᠷᠵᠢᠭᠦᠯᠦᠯᠳᠡ᠂ ᠪᠡᠯᠡ ᠮᠦᠩᠭᠦᠨ ᠤ | ᠪᠠᠳᠣᠯᠠᠭ᠎ᠠ ᠶᠢᠨ ᠴᠢᠩᠭᠠᠳᠬᠠᠯᠳᠠ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠪᠣᠯᠣᠨ ᠠᠵᠣ ᠣᠶᠢᠯᠠᠰ ᠤᠨ ᠠᠭᠤᠰᠣᠯᠴᠠᠯ ᠬᠦᠭᠵᠢᠯᠳᠡ ᠶᠢᠨ ᠠᠬᠢᠭᠤᠯᠣᠯᠳᠠ | ᠵᠡᠷᠭᠡ ᠲᠦᠷᠪᠡᠨ ᠲᠠᠯ᠎ᠠ ᠶᠢᠨ ᠡᠭᠦᠷᠭᠡ ᠳᠤ ᠠᠩᠬᠠᠷᠣᠯ ᠢᠶᠠᠨ ᠲᠦᠪᠯᠡᠷᠡᠭᠦᠯᠦᠨ᠂ 2023 ᠣᠨ ᠤ ᠡᠴᠦᠰ ᠪᠣᠯᠳᠠᠯ᠎ᠠ ᠱᠠᠳᠦᠴᠢ ᠴᠢᠨᠠᠷᠳᠠᠢ ᠦᠷ᠎ᠡ ᠪᠦᠳᠦᠮᠵᠢ | ᠭᠠᠷᠭᠠᠵᠣ᠂ 2025 ᠣᠨ ᠤ ᠡᠴᠦᠰ ᠪᠣᠯᠳᠠᠯ᠎ᠠ ᠬᠠᠷᠢᠴᠠᠩᠭᠤᠢ ᠲᠡᠭᠦᠯᠳᠡᠷᠵᠢᠭᠰᠡᠨ ᠰᠢᠰᠲ᠋ᠧᠮᠳᠦ ᠴᠢᠨᠠᠷᠳᠠᠢ ᠦᠷ᠎ᠡ ᠪᠦᠳᠦᠮᠵᠢ ᠭᠠᠷᠭᠠᠨ᠎ᠠ᠃ ᠮᠠᠯᠵᠢᠬᠤ ᠲᠠᠷᠢᠶᠠᠯᠠᠬᠤ | ᠣᠷᠣᠨ ᠤ ᠵᠠᠰᠠᠮᠠᠯ ᠵᠠᠮ ᠤᠨ ᠵᠠᠩᠬᠢᠴᠢ ᠬᠠᠮᠢᠶᠠᠷᠣᠯᠳᠠ ᠶᠢᠨ ᠲᠦᠪᠰᠢᠨ ᠤ ᠲᠡᠭᠡᠭᠰᠢᠯᠡᠯᠳᠡ ᠶᠢ ᠠᠬᠢᠭᠤᠯᠣᠨ᠂ ᠬᠠᠮᠢᠶᠠᠷᠣᠯᠳᠠ ᠠᠷᠠᠴᠢᠯᠠᠨ ᠬᠠᠮᠠᠭᠠᠯᠠᠯᠳᠠ ᠶᠢᠨ ᠪᠡᠯᠡ | ᠮᠦᠩᠭᠦ ᠶᠢ ᠪᠠᠳᠣᠯᠠᠵᠣ᠂ ᠡᠳ᠋ ᠤᠨ ᠵᠠᠰᠠᠭ ᠤᠨ ᠣᠷᠣᠭᠤᠯᠣᠯᠳᠠ ᠶᠢᠨ ᠡᠷᠭᠡ ᠬᠠᠷᠢᠭᠤᠴᠠᠯᠭ᠎ᠠ ᠲᠣᠳᠣᠷᠬᠠᠢ᠂ ᠨᠡᠶᠢᠭᠡᠮ ᠤᠨ ᠬᠦᠴᠦᠨ ᠤ ᠢᠳᠡᠪᠬᠢ ᠣᠷᠣᠯᠴᠠᠯᠭ᠎ᠠ | ᠲᠠᠢ ᠠᠷᠠᠴᠢᠯᠠᠨ ᠬᠠᠮᠠᠭᠠᠯᠠᠯᠳᠠ ᠶᠢᠨ ᠰᠢᠨ᠎ᠡ ᠪᠠᠶᠢᠳᠠᠯ ᠢ ᠪᠦᠷᠢᠯᠳᠦᠭᠦᠯᠵᠣ᠂ ᠴᠢᠬᠤᠯᠠ ᠠᠵᠣ ᠣᠶᠢᠯᠠᠰ ᠤᠨ ᠭᠤᠭᠴᠤᠭ᠎ᠠ ᠶᠢ ᠵᠠᠮ ᠤᠨ ᠪᠠᠶᠢᠭᠤᠯᠣᠯᠳᠠ ᠲᠠᠢ | ᠠᠪᠴᠠᠯᠳᠣᠭᠤᠯᠬᠤ ᠡᠷᠴᠢᠮ ᠢ ᠴᠢᠩᠭᠠᠳᠬᠠᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠦᠳᠡᠭᠡ ᠲᠣᠰᠬᠤᠨ ᠤ ᠠᠵᠣ ᠠᠬᠤᠢ ᠳᠤ ᠣᠶᠢᠯᠡᠴᠢᠯᠡᠭᠦ᠂ | ᠬᠦᠳᠡᠭᠡ ᠲᠣᠰᠬᠤᠨ ᠤ ᠣᠨᠴᠠᠯᠢᠭᠳᠦ ᠠᠵᠣ ᠣᠶᠢᠯᠠᠰ ᠳᠤ ᠣᠶᠢᠯᠡᠴᠢᠯᠡᠭᠦ ᠴᠢᠳᠠᠪᠬᠢ ᠶᠢ ᠲᠡᠭᠡᠭᠰᠢᠯᠡᠭᠦᠯᠵᠣ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ + | ᠬᠤᠪᠢᠰᠬᠠᠯᠳᠦ ᠵᠢᠭᠤᠯᠴᠢᠯᠠᠯ + ᠠᠵᠣ ᠣᠶᠢᠯᠠᠰ ᠤᠨ ᠠᠭᠤᠰᠣᠯᠴᠠᠯ ᠬᠦᠭᠵᠢᠯᠳᠡ ᠶᠢ ᠪᠡᠶᠡᠯᠡᠭᠦᠯᠦᠨ᠎ᠡ᠃ ᠬᠠᠭᠤᠯᠪᠦᠷᠢᠯᠠᠵᠣ ᠪᠣᠯᠬᠤ᠂ ᠲᠦᠭᠡᠮᠡᠯᠵᠢᠭᠦᠯᠵᠣ ᠪᠣᠯᠬᠤ | ᠲᠡᠷᠢᠭᠦᠨ ᠤ ᠲᠣᠷᠰᠢᠯᠭ᠎ᠠ ᠪᠣᠯᠣᠨ ᠨᠡᠶᠢᠳᠡᠯᠢᠭ ᠦᠷ᠎ᠡ ᠪᠦᠳᠦᠮᠵᠢ ᠶᠢ ᠪᠦᠷᠢᠯᠳᠦᠭᠦᠯᠣᠨ᠂ ᠲᠠᠭᠤᠷᠢᠶᠠᠯ ᠲᠠᠶᠢᠴᠢᠯᠠᠨ ᠲᠠᠭᠠᠭᠤᠯᠬᠤ ᠣᠶᠢᠯᠠᠳᠣᠯ ᠢᠶᠠᠨ ᠬᠦᠢᠴᠡᠳ | ᠪᠠᠳᠠᠷᠠᠭᠤᠯᠣᠨ᠎ᠠ᠃ | ᠲᠦᠷᠪᠡ᠂ ᠠᠵᠢᠯ ᠤᠨ ᠡᠭᠦᠷᠭᠡ | ︵ᠨᠢᠭᠡ︶ ᠪᠠᠷᠢᠮᠵᠢᠶᠠᠴᠢᠯᠠᠨ ᠲᠦᠯᠦᠪᠵᠢᠭᠦᠯᠵᠣ᠂ ᠪᠡᠯᠡ ᠮᠦᠩᠭᠦ ᠶᠢ ᠪᠠᠳᠣᠯᠠᠨ ᠮᠠᠯᠴᠢᠨ ᠲᠠᠷᠢᠶᠠᠴᠢᠳ ᠤᠨ ᠬᠠᠮᠳᠦ ᠶᠢᠨ ᠴᠢᠨᠡᠭᠡᠯᠢᠭᠵᠡᠯ ᠳᠤ ᠬᠦᠴᠦᠨ | ᠨᠡᠮᠡᠷᠢᠯᠡᠨ᠎ᠡ | 1. ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠣᠣᠷᠵᠢᠯ ᠤᠨ ᠪᠦᠳᠦᠴᠡ ᠶᠢ ᠣᠯᠠᠮ ᠨᠢᠭᠡ ᠠᠯᠬᠤᠮ ᠲᠡᠭᠦᠯᠳᠡᠷᠵᠢᠭᠦᠯᠦᠨ᠂ ᠲᠦᠳᠡ ᠪᠦᠳᠦᠮᠵᠢᠳᠡᠢ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠭᠤᠣᠯᠯᠠᠭᠴᠢ ᠵᠠᠮ ᠤᠨ ᠲᠣᠣᠷ ᠢ ᠪᠠᠶᠢᠭᠤᠯᠣᠨ᠎ᠠ᠃ 2023 ᠣᠨ ᠤ ᠡᠴᠦᠰ ᠪᠣᠯᠳᠠᠯ᠎ᠠ᠂ 169.3 | ᠺᠢᠯᠣᠮᠧᠲᠷ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠰᠢᠨ᠎ᠡ ᠪᠠᠷ ᠦᠭᠡᠷᠡᠴᠢᠯᠡᠨ ᠪᠠᠶᠢᠭᠤᠯᠬᠤ ᠦᠷᠭᠡᠳᠬᠡᠨ ᠪᠠᠶᠢᠭᠤᠯᠬᠤ ᠶᠢ ᠪᠡᠶᠡᠯᠡᠭᠦᠯᠵᠣ᠂ ᠡᠭᠦᠨ ᠳᠤ | 51.2 ᠺᠢᠯᠣᠮᠧᠲᠷ ᠵᠠᠮ ᠤᠨ ᠭᠠᠳᠠᠷᠭᠤ ᠶᠢ ᠦᠷᠭᠡᠳᠬᠡᠨ᠂ 44.9 ᠺᠢᠯᠣᠮᠧᠲᠷ ᠠᠵᠣ ᠣᠶᠢᠯᠠᠰ ᠤᠨ ᠵᠠᠮ ᠢ ᠰᠢᠨ᠎ᠡ ᠪᠠᠷ ᠦᠭᠡᠷᠡᠴᠢᠯᠡᠨ ᠪᠠᠶᠢᠭᠤᠯᠵᠣ᠂ 12.2 | ᠺᠢᠯᠣᠮᠧᠲᠷ ᠲᠠᠷᠢᠶᠠᠯᠠᠩ ᠤᠨ ᠲᠠᠯᠠᠪᠠᠢ ᠶᠢᠨ ᠵᠠᠮ ᠢ ᠰᠢᠨ᠎ᠡ ᠪᠠᠷ ᠪᠠᠶᠢᠭᠤᠯᠣᠨ᠂ 22 ᠺᠢᠯᠣᠮᠧᠲᠷ ᠲᠣᠣᠷᠵᠢᠭᠤᠯᠣᠭᠰᠠᠨ ᠵᠠᠮ ᠢ ᠰᠢᠨ᠎ᠡ ᠪᠠᠷ ᠪᠠᠶᠢᠭᠤᠯᠵᠣ᠂ 39 | ᠺᠢᠯᠣᠮᠧᠲᠷ ᠵᠠᠮ ᠤᠨ ᠶᠠᠰᠦ ᠴᠢᠨᠠᠷ ᠢ ᠲᠡᠭᠡᠭᠰᠢᠯᠡᠭᠦᠯᠦᠨ ᠦᠭᠡᠷᠡᠴᠢᠯᠡᠨ᠎ᠡ︔ ᠰᠢᠨ᠎ᠡ ᠪᠠᠷ ᠦᠭᠡᠷᠡᠴᠢᠯᠡᠨ ᠪᠠᠶᠢᠭᠤᠯᠬᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ | ᠢ ᠲᠦᠷᠪᠡᠳᠦᠭᠡᠷ ᠲᠡᠰ ᠠᠴᠠ ᠲᠡᠭᠡᠭᠰᠢᠬᠢ ᠵᠠᠰᠠᠮᠠᠯ ᠵᠠᠮ ᠤᠨ ᠮᠡᠷᠭᠡᠵᠢᠯ ᠤᠨ ᠪᠠᠷᠢᠮᠵᠢᠶᠡᠨ ᠳᠤ ᠬᠦᠷᠭᠡᠨ᠂ ᠵᠠᠮ ᠬᠠᠷᠢᠯᠴᠠᠭᠠᠨ ᠤ ᠠᠮᠣᠷ ᠲᠦᠪᠰᠢᠨ᠂ ᠣᠰᠣ | ᠭᠠᠳᠠᠭᠰᠢᠯᠠᠭᠤᠯᠬᠤ ᠪᠠ ᠰᠡᠷᠭᠡᠶᠢᠯᠡᠨ ᠬᠠᠮᠠᠭᠠᠯᠠᠬᠤ ᠲᠦᠬᠦᠭᠡᠷᠦᠮᠵᠢ ᠶᠢ ᠵᠡᠷᠭᠡ ᠪᠠᠷ ᠪᠠᠶᠢᠭᠤᠯᠬᠤ ᠶᠢ ᠪᠡᠶᠡᠯᠡᠭᠦᠯᠵᠣ᠂ ᠪᠠᠶᠢᠭᠤᠯᠣᠯᠳᠠ᠂ ᠪᠠᠷᠢᠮᠵᠢᠶ᠎ᠡ ᠶᠢ ᠪᠠᠳᠣᠯᠠᠵᠣ᠂ | ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠳᠠᠭᠤᠵᠢᠭᠤᠯᠣᠯᠳᠠ ᠶᠢᠨ ᠨᠣᠷᠮ᠎ᠠ ᠶᠢ 100% ᠬᠦᠷᠭᠡᠨ᠂ ᠪᠠᠯᠭᠠᠰᠣᠨ ᠳᠤ | ᠬᠤᠶᠠᠳᠣᠭᠠᠷ ᠲᠡᠰ ᠤᠨ ᠵᠠᠮ ᠨᠡᠪᠳᠡᠷᠡᠭᠦᠯᠬᠦ ᠬᠠᠷᠢᠴᠠᠯ ᠢ 100% ᠬᠦᠷᠭᠡᠵᠣ᠂ ᠭᠠᠴᠠᠭ᠎ᠠ ᠲᠣᠰᠬᠤᠨ ᠤ ᠵᠠᠮ ᠨᠡᠪᠳᠡᠷᠡᠯᠭᠡ ᠶᠢᠨ ᠬᠠᠳᠠᠭᠤᠵᠢᠭᠤᠯᠣᠯᠳᠠ ᠶᠢᠨ ᠨᠣᠷᠮ᠎ᠠ | ᠶᠢ 100% ᠬᠦᠷᠭᠡᠬᠦ ᠶᠢ ᠪᠡᠶᠡᠯᠡᠭᠦᠯᠦᠨ᠎ᠡ᠃ | 2. ᠨᠡᠯᠢᠶᠡᠳ ᠠᠷᠪᠢᠨ ᠬᠦᠮᠦᠨ ᠠᠮᠠ ᠲᠠᠢ ᠠᠶᠢᠯ ᠲᠣᠰᠬᠤᠨ ᠤ ᠬᠠᠳᠠᠭᠤᠵᠢᠭᠤᠯᠣᠭᠰᠠᠨ ᠵᠠᠮ ᠨᠡᠪᠳᠡᠷᠡᠯᠭᠡ ᠶᠢᠨ ᠬᠠᠷᠢᠴᠠᠯ ᠢ ᠣᠯᠠᠮ ᠲᠡᠭᠡᠭᠰᠢᠯᠡᠭᠦᠯᠦᠨ᠂ | ᠨᠡᠪᠳᠡᠷᠡᠭᠦᠯᠬᠦ ᠬᠦᠨᠴᠡ ᠪᠣᠯᠣᠨ ᠣᠶᠢᠯᠡᠴᠢᠯᠡᠭᠡ ᠶᠢᠨ ᠬᠢᠷᠢ ᠲᠦᠪᠰᠢᠨ ᠢ ᠣᠯᠠᠮ ᠨᠢᠭᠡ ᠠᠯᠬᠤᠮ ᠲᠡᠭᠡᠭᠰᠢᠯᠡᠭᠦᠯᠦᠨ᠎ᠡ᠃ 2025 ᠣᠨ ᠤ ᠡᠴᠦᠰ ᠪᠣᠯᠳᠠᠯ᠎ᠠ᠂ | ᠨᠡᠯᠢᠶᠡᠳ ᠠᠷᠪᠢᠨ ᠬᠦᠮᠦᠨ ᠠᠮᠠ ᠲᠠᠢ ᠠᠶᠢᠯ ᠲᠣᠰᠬᠤᠨ ᠤ ᠵᠠᠮ ᠤᠨ ᠬᠠᠳᠠᠭᠤᠵᠢᠭᠤᠯᠣᠯᠳᠠ ᠶᠢᠨ ᠬᠠᠷᠢᠴᠠᠯ ᠢ ᠪᠦᠬᠦ ᠦᠪᠡᠷᠳᠡᠭᠡᠨ ᠵᠠᠰᠠᠬᠤ ᠣᠷᠣᠨ ᠤ ᠲᠣᠮᠳᠠᠴᠢ | ᠲᠦᠪᠰᠢᠨ ᠳᠤ ᠬᠦᠷᠭᠡᠨ᠎ᠡ᠃ | 3. 2023 ᠤᠨ ᠤ ᠬᠦᠳᠡᠭᠡ ᠲᠣᠰᠬᠤᠨ ᠤ ᠵᠠᠰᠠᠮᠠᠯ ᠵᠠᠮ ᠤᠨ ᠠᠮᠣᠷ ᠲᠦᠪᠰᠢᠨ ᠤ ᠲᠠᠯᠳᠠ ᠭᠡᠮ ᠤᠨ ᠵᠠᠰᠠᠯᠳᠠ ᠶᠢᠨ ᠨᠣᠷᠮ᠎ᠠ ᠶᠢ 100% ᠬᠦᠷᠭᠡᠨ᠂ | ᠬᠦᠨᠳᠦ ᠶᠡᠭᠡ ᠠᠴᠠ ᠲᠡᠭᠡᠭᠰᠢᠬᠢ ᠠᠮᠣᠷ ᠲᠦᠪᠰᠢᠨ ᠤ ᠬᠠᠷᠢᠭᠤᠴᠠᠯᠭ᠎ᠠ ᠶᠢᠨ ᠠᠳᠡᠯ ᠢ ᠪᠦᠳᠦᠮᠵᠢᠳᠡᠢ ᠡᠵᠡᠮᠳᠡᠵᠣ᠂ ᠨᠡᠯᠢᠶᠡᠳ ᠶᠡᠭᠡ ᠪᠠ ᠡᠩ ᠤᠨ ᠠᠳᠡᠯ ᠢ | ᠢᠯᠡᠷᠭᠡᠢ ᠪᠠᠭᠤᠷᠠᠭᠤᠯᠣᠨ᠎ᠠ᠃ | ︵ᠬᠤᠶᠠᠷ︶ ᠦᠭᠡᠷᠡᠴᠢᠯᠡᠯᠳᠡ ᠶᠢ ᠠᠬᠢᠭᠤᠯᠣᠨ᠂ ᠬᠠᠮᠢᠶᠠᠷᠣᠯᠳᠠ ᠶᠢ ᠰᠢᠨᠡᠴᠢᠯᠡᠵᠣ᠂ ᠵᠠᠰᠠᠯᠳᠠ ᠶᠢᠨ ᠪᠦᠳᠦᠮᠵᠢ ᠶᠢ ᠢᠯᠡᠷᠭᠡᠢ ᠲᠡᠭᠡᠭᠰᠢᠯᠡᠭᠦᠯᠦᠨ᠎ᠡ | 1. ᠬᠦᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠳᠠ ᠠᠷᠠᠴᠢᠯᠠᠯᠳᠠ ᠬᠠᠮᠠᠭᠠᠯᠠᠯᠳᠠ ᠶᠢᠨ ᠲᠣᠭᠳᠠᠴᠠ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠣᠨ᠂ | ᠪᠠᠯᠭᠠᠰᠣ᠂ ᠭᠠᠴᠠᠭ᠎ᠠ ᠲᠣᠰᠬᠤᠨ ᠬᠤᠶᠠᠷ ᠱᠠᠳᠣᠨ ᠤ ᠬᠠᠷᠢᠭᠤᠴᠠᠯᠭ᠎ᠠ ᠶᠢ ᠪᠣᠳᠠᠳᠠᠶᠢᠵᠢᠭᠤᠯᠣᠨ᠎ᠠ᠃ ᠬᠦᠳᠡᠭᠡ ᠲᠣᠰᠬᠤᠨ ᠤ ᠵᠠᠰᠠᠮᠠᠯ ᠵᠠᠮ ᠤᠨ ᠠᠵᠢᠯ ᠢ ᠬᠤᠰᠢᠭᠤ᠂ | ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠵᠢᠯ ᠤᠨ ᠠᠵᠢᠯ ᠤᠨ ᠬᠠᠷᠠᠯᠳᠠ ᠶᠢᠨ ᠬᠢᠨᠠᠨ ᠰᠢᠯᠭᠠᠯᠳᠠ ᠳᠤ ᠣᠷᠣᠭᠤᠯᠣᠨ᠂ ᠬᠤᠰᠢᠭᠤ᠂ ᠪᠠᠯᠭᠠᠰᠣ ᠠᠴᠠ | ᠬᠠᠮᠢᠶᠠᠷᠣᠯᠳᠠ ᠶᠢᠨ ᠪᠠᠳᠣᠯᠠᠭ᠎ᠠ᠂ ᠪᠡᠯᠡ ᠮᠦᠩᠭᠦᠨ ᠤ ᠪᠠᠳᠣᠯᠠᠭ᠎ᠠ᠂ ᠮᠡᠷᠭᠡᠵᠢᠯ ᠤᠨ ᠪᠠᠳᠣᠯᠠᠭ᠎ᠠ ᠶᠢᠨ ᠲᠣᠭᠳᠠᠴᠠᠯᠭᠠ ᠶᠢ ᠪᠠᠶᠢᠭᠤᠯᠣᠨ ᠲᠡᠭᠦᠯᠳᠡᠷᠵᠢᠭᠦᠯᠵᠣ᠂ | 2023 ᠣᠨ ᠳᠤ ᠬᠠᠮᠢᠶᠠᠷᠣᠯᠳᠠ ᠶᠢᠨ ᠲᠦᠷᠢᠮ ᠤᠨ ᠦᠭᠡᠷᠡᠴᠢᠯᠡᠯᠳᠡ ᠶᠢᠨ ᠪᠢᠴᠢᠭ ᠮᠡᠲ᠋ᠧᠷᠢᠶᠠᠯ ᠢ ᠲᠠᠷᠣᠢ ᠲᠦᠷᠭᠡᠨ ᠪᠦᠷᠢᠨᠰᠢᠭᠦᠯᠦᠨ᠂ ᠨᠡᠶᠢᠳᠡ ᠶᠢᠨ ᠡᠳ᠋ ᠤᠨ | ᠵᠠᠰᠠᠭ ᠤᠨ ᠣᠷᠣᠭᠤᠯᠣᠯᠳᠠ ᠪᠠᠷ ᠭᠤᠣᠯ ᠪᠣᠯᠭᠠᠭᠰᠠᠨ ᠬᠦᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠳᠠ ᠠᠷᠠᠴᠢᠯᠠᠯᠳᠠ ᠬᠠᠮᠠᠭᠠᠯᠠᠯᠳᠠ ᠶᠢᠨ ᠲᠣᠭᠳᠠᠴᠠ ᠶᠢ | ᠪᠦᠬᠦ ᠲᠠᠯ᠎ᠠ ᠪᠠᠷ ᠪᠠᠶᠢᠭᠤᠯᠣᠨ᠎ᠠ᠃ ᠬᠠᠮᠢᠶᠠᠷᠣᠯᠳᠠ ᠶᠢᠨ ᠪᠠᠶᠢᠭᠤᠯᠣᠮᠵᠢ ᠶᠢ ᠦᠨᠳᠦᠷ ᠪᠦᠳᠦᠮᠵᠢᠳᠡᠢ ᠠᠵᠢᠯᠯᠠᠭᠤᠯᠣᠨ᠂ ᠬᠤᠰᠢᠭᠤ᠂ ᠪᠠᠯᠭᠠᠰᠣᠨ ᠤ ᠬᠦᠳᠡᠭᠡ | ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠳᠠ ᠶᠢᠨ ᠪᠠᠶᠢᠭᠤᠯᠣᠮᠵᠢ᠂ ᠠᠵᠢᠯᠳᠡᠨ ᠢ ᠲᠣᠭᠳᠠᠪᠦᠷᠢᠵᠢᠭᠤᠯᠵᠣ᠂ ᠬᠠᠮᠢᠶᠠᠷᠣᠯᠳᠠ ᠶᠢᠨ ᠠᠵᠢᠯᠳᠠᠨ ᠤ ᠲᠣᠰᠢᠶᠠᠯ | ᠬᠠᠷᠢᠭᠤᠴᠠᠯᠭ᠎ᠠ ᠶᠢ ᠲᠣᠳᠣᠷᠬᠠᠢ ᠪᠣᠯᠭᠠᠵᠣ᠂ ᠠᠷᠠᠴᠢᠯᠠᠨ ᠬᠠᠮᠠᠭᠠᠯᠠᠬᠤ ᠲᠦᠬᠦᠭᠡᠷᠦᠮᠵᠢ ᠶᠢ ᠪᠦᠷᠢᠨ ᠭᠦᠢᠴᠡᠳ ᠪᠣᠯᠭᠠᠨ᠎ᠠ᠃ | 2. ᠬᠠᠣᠯᠢ ᠪᠠᠷ ᠵᠠᠮ ᠬᠠᠮᠢᠶᠠᠷᠬᠤ ᠶᠢ ᠪᠠᠷᠢᠮᠳᠠᠯᠠᠨ᠂ ᠵᠠᠰᠠᠮᠠᠯ ᠵᠠᠮ ᠤᠨ ᠬᠢᠨ ᠪᠠ ᠴᠠᠭᠳᠠᠭ᠎ᠠ ᠬᠤᠯᠪᠣᠭᠠᠯᠠᠨ ᠬᠠᠣᠯᠢ ᠬᠡᠷᠡᠭᠵᠢᠭᠦᠯᠬᠦ ᠪᠠᠶᠢᠩᠭᠤᠵᠢᠯᠠᠯᠳᠠ ᠶᠢ | ᠦᠷᠭᠦᠯᠵᠢᠯᠡᠨ ᠠᠬᠢᠭᠤᠯᠵᠣ᠂ ᠬᠡᠳᠦᠷᠡᠳᠡᠯ᠎ᠡ ᠠᠴᠢᠶᠠᠯᠠᠬᠤ ᠶᠢ ᠵᠠᠰᠠᠬᠤ ᠦᠨᠳᠦᠷ ᠲᠠᠷᠣᠯᠳᠠ ᠶᠢ ᠪᠠᠳᠣᠯᠠᠨ᠎ᠠ᠃ ᠬᠤᠰᠢᠭᠤ ᠵᠠᠮ ᠤᠨ ᠶᠠᠪᠣᠳᠠᠯ ᠤᠨ ᠠᠵᠢᠯᠳᠠᠨ ᠲᠠᠢ᠂ | ᠪᠠᠯᠭᠠᠰᠣ ᠬᠢᠨᠠᠨ ᠬᠠᠮᠢᠶᠠᠷᠣᠭᠴᠢ ᠲᠠᠢ᠂ ᠭᠠᠴᠠᠭ᠎ᠠ ᠲᠣᠰᠬᠤᠨ ᠵᠠᠮ ᠬᠠᠮᠠᠭᠠᠯᠠᠭᠴᠢ ᠲᠠᠢ ᠵᠠᠮ ᠤᠨ ᠡᠷᠬᠡ ᠶᠢ ᠬᠠᠮᠠᠭᠠᠯᠠᠬᠤ ᠡᠩᠨᠡᠭᠡ ᠶᠢ ᠣᠯᠠᠮ ᠪᠦᠷᠢᠨᠰᠢᠭᠦᠯᠵᠣ᠂ | ᠪᠠᠯᠭᠠᠰᠣ᠂ ᠭᠠᠴᠠᠭ᠎ᠠ ᠲᠣᠰᠬᠤᠨ ᠤ ᠬᠠᠮᠢᠶᠠᠷᠣᠯᠳᠠ ᠶᠢᠨ ᠪᠠᠶᠢᠭᠤᠯᠣᠮᠵᠢ ᠶᠢᠨ ᠪᠠᠶᠢᠷᠢᠯᠠᠭᠤᠯᠣᠯᠳᠠ᠂ ᠠᠵᠢᠯᠳᠠᠨ ᠤ ᠲᠣᠬᠢᠷᠠᠭᠤᠯᠭ᠎ᠠ ᠶᠢᠨ ᠨᠣᠷᠮ᠎ᠠ ᠶᠢ 100% | ᠬᠦᠷᠭᠡᠨ᠎ᠡ᠃ ᠵᠠᠮ ᠠᠷᠠᠴᠢᠯᠠᠨ ᠬᠠᠮᠠᠭᠠᠯᠠᠬᠤ ᠪᠠᠯᠭᠠᠰᠣᠨ ᠤ ᠲᠦᠷᠢᠮ ᠠᠷᠠᠳ ᠤᠨ ᠭᠡᠷ᠎ᠡ᠂ ᠭᠠᠴᠠᠭ᠎ᠠ ᠲᠣᠰᠬᠤᠨ ᠤ ᠲᠦᠷᠢᠮ ᠠᠷᠠᠳ ᠤᠨ ᠭᠡᠷ᠎ᠡ ᠳᠤ ᠴᠠᠭ ᠲᠣᠬᠠᠢ | ᠳᠤ ᠨᠢ ᠵᠠᠰᠠᠪᠦᠷᠢ ᠣᠷᠣᠭᠤᠯᠣᠨ᠂ ᠬᠦᠳᠡᠭᠡ ᠲᠣᠰᠬᠤᠨ ᠤ ᠵᠠᠰᠠᠮᠠᠯ ᠵᠠᠮ ᠤᠨ ᠣᠯᠠᠨ ᠢᠶᠠᠷ ᠢᠶᠠᠨ ᠬᠠᠮᠢᠶᠠᠷᠣᠨ ᠣᠯᠠᠨ ᠢᠶᠠᠷ ᠢᠶᠠᠨ ᠵᠠᠰᠠᠬᠤ ᠲᠣᠣᠷᠵᠢᠯ ᠶᠢ | ᠨᠢᠭᠳᠠᠷᠠᠭᠤᠯᠵᠣ᠂ ︽ᠬᠦᠨᠳᠡᠯᠡᠨ ᠴᠢᠭᠯᠡᠯ ᠢᠶᠠᠷ ᠵᠠᠬ᠎ᠠ ᠬᠦᠷᠬᠦ᠂ ᠭᠤᠯᠳᠦ ᠴᠢᠭᠯᠡᠯ ᠢᠶᠠᠷ ᠡᠴᠦᠰ ᠬᠦᠷᠬᠦ︾ ᠬᠠᠮᠢᠶᠠᠷᠣᠯᠳᠠ ᠠᠷᠠᠴᠢᠯᠠᠯᠳᠠ ᠶᠢᠨ ᠵᠣᠬᠢᠶᠠᠨ | ᠪᠠᠶᠢᠭᠤᠯᠣᠯᠳᠠ ᠶᠢᠨ ᠪᠦᠳᠦᠴᠡ ᠶᠢ ᠪᠦᠷᠢᠳᠦᠭᠦᠯᠦᠨ᠎ᠡ᠃ | 3. ︽ᠵᠠᠮ ᠤᠨ ᠲᠠᠷᠣᠭᠠᠴᠢ ᠶᠢᠨ ᠲᠦᠷᠢᠮ︾ ᠤᠨ ᠬᠠᠮᠢᠶᠠᠷᠣᠯᠳᠠ ᠶᠢᠨ ᠲᠣᠭᠳᠠᠴᠠ ᠶᠢ ᠲᠡᠭᠦᠯᠳᠡᠷᠵᠢᠭᠦᠯᠦᠨ᠂ ︽ᠵᠠᠮ ᠤᠨ ᠲᠠᠷᠣᠭᠠᠴᠢ ᠶᠢᠨ ᠲᠦᠷᠢᠮ︾ | ᠢᠶᠠᠷ ᠲᠡᠩᠭᠡᠯᠢᠭ ᠪᠣᠯᠭᠠᠵᠣ᠂ ᠬᠦᠳᠡᠭᠡ ᠲᠣᠰᠬᠤᠨ ᠤ ᠵᠠᠰᠠᠮᠠᠯ ᠵᠠᠮ ᠤᠨ ᠪᠠᠶᠢᠭᠤᠯᠣᠯᠳᠠ ᠶᠢᠨ ᠪᠠᠷᠢᠮᠵᠢᠶᠠᠴᠢᠯᠠᠯᠳᠠ᠂ ᠬᠠᠮᠢᠶᠠᠷᠣᠯᠳᠠ ᠶᠢᠨ ᠵᠠᠩᠬᠢᠴᠢᠯᠠᠯᠳᠠ᠂ | ᠠᠷᠠᠴᠢᠯᠠᠯᠳᠠ ᠬᠠᠮᠠᠭᠠᠯᠠᠯᠳᠠ ᠶᠢᠨ ᠲᠦᠷᠢᠮᠵᠢᠯᠡᠯᠳᠡ᠂ ᠬᠤᠳᠠ ᠬᠦᠳᠡᠭᠡ ᠶᠢᠨ ᠵᠠᠮ ᠬᠠᠷᠢᠯᠴᠠᠭᠠᠨ ᠤ ᠴᠣᠭᠴᠠᠵᠢᠯᠠᠯᠳᠠ᠂ ᠨᠡᠶᠢᠭᠡᠮ ᠤᠨ ᠣᠶᠢᠯᠡᠴᠢᠯᠡᠭᠡ ᠶᠢᠨ ᠣᠯᠠᠨ | ᠡᠰᠢᠵᠢᠭᠦᠯᠦᠯᠳᠡ ᠶᠢ ᠲᠠᠶᠢᠴᠢᠯᠠᠨ᠎ᠠ᠃ 2023 ᠣᠨ ᠳᠤ ᠬᠦᠳᠡᠭᠡ ᠲᠣᠰᠬᠤᠨ ᠤ ᠵᠠᠰᠠᠮᠠᠯ ᠵᠠᠮ ᠤᠨ ᠵᠠᠮ ᠤᠨ ᠲᠠᠷᠣᠭᠠᠴᠢ ᠶᠢᠨ ᠬᠠᠷᠢᠭᠤᠴᠠᠯᠭ᠎ᠠ᠂ ᠬᠠᠮᠳᠣᠷᠠᠯᠴᠠᠭ᠎ᠠ | ᠵᠣᠬᠢᠴᠠᠭᠤᠯᠭ᠎ᠠ᠂ ᠬᠢᠨᠠᠯᠳᠠ ᠪᠠᠶᠢᠴᠠᠭᠠᠯᠳᠠ ᠵᠡᠷᠭᠡ ᠠᠵᠢᠯ ᠤᠨ ᠲᠣᠭᠳᠠᠴᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠣᠨ᠂ ᠬᠦᠳᠡᠭᠡ ᠲᠣᠰᠬᠤᠨ ᠤ ᠵᠠᠰᠠᠮᠠᠯ ᠵᠠᠮ ᠤᠨ | ︽ᠬᠠᠮᠢᠶᠠᠷᠣᠯᠳᠠ ᠬᠠᠷᠢᠭᠤᠴᠠᠯᠭ᠎ᠠ︾ ᠶᠢᠨ ᠠᠵᠢᠯ ᠤᠨ ᠪᠠᠶᠢᠷᠢᠯᠠᠭᠤᠯᠣᠯᠳᠠ ᠶᠢ ᠪᠦᠬᠦ ᠲᠠᠯ᠎ᠠ ᠪᠠᠷ ᠪᠦᠷᠢᠯᠳᠦᠭᠦᠯᠦᠨ᠎ᠡ᠃ | 4. ᠮᠡᠳᠡᠭᠡ ᠵᠠᠩᠬᠢ ᠶᠢᠨ ᠮᠡᠷᠭᠡᠵᠢᠯ ᠤᠨ ᠬᠡᠷᠡᠭᠯᠡᠯᠳᠡ ᠶᠢ ᠠᠬᠢᠭᠤᠯᠣᠨ᠂ ᠵᠠᠩᠬᠢᠴᠢᠯᠠᠭᠰᠠᠨ ᠬᠠᠮᠢᠶᠠᠷᠣᠯᠳᠠ ᠶᠢ ᠠᠬᠢᠭᠤᠯᠣᠨ᠎ᠠ᠃ 5G᠂ ᠲᠣᠬᠢᠭᠤᠷ | ᠲᠣᠯᠤᠭ᠎ᠠ ᠲᠠᠭᠠᠭᠤᠯᠢ ᠣᠳᠦ᠂ ᠪᠣᠳᠠᠰ ᠤᠨ ᠰᠦᠯᠵᠢᠶ᠎ᠡ᠂ ᠳ᠋ᠠᠶᠢᠲᠨ ᠶᠢᠨ ᠵᠠᠩᠬᠢᠴᠢᠯᠠᠭᠰᠠᠨ ᠮᠡᠷᠭᠡᠵᠢᠯ ᠤᠨ ᠠᠷᠭ᠎ᠠ ᠪᠠᠷᠢᠯ ᠢ ᠢᠳᠡᠪᠬᠢᠳᠡᠢ ᠬᠡᠷᠡᠭᠯᠡᠨ᠂ ᠵᠠᠭᠠᠭ ᠰᠠᠪᠠ | ᠲᠠᠬᠢ ᠭᠠᠳᠠᠨ᠎ᠠ ᠠᠴᠠ ᠣᠷᠣᠵᠣ ᠭᠠᠷᠬᠤ ᠬᠦᠳᠡᠭᠡ ᠲᠣᠰᠬᠤᠨ ᠤ ᠵᠠᠰᠠᠮᠠᠯ ᠵᠠᠮ ᠳᠤ ︽ᠬᠤᠷᠢᠭ᠎ᠠ ᠶᠢᠨ ᠡᠯᠧᠺᠲᠷᠣᠨ ᠰᠡᠭᠦᠳᠡᠷᠯᠡᠯ︾᠂ ︽ᠠᠬᠤᠢ ᠲᠠᠯᠠᠪᠠᠢ ᠶᠢᠨ | ᠪᠣᠰᠣ ᠲᠠᠭᠠᠭᠠᠴᠠ ᠠᠴᠠ ᠬᠡᠳᠦᠷᠡᠭᠦᠯᠬᠦ ᠶᠢ ᠵᠠᠰᠠᠬᠤ ᠬᠠᠣᠯᠢ ᠬᠡᠷᠡᠭᠵᠢᠭᠦᠯᠬᠦ ᠴᠡᠭ︾ ᠣᠭᠰᠠᠷᠠᠨ ᠲᠣᠬᠢᠷᠠᠭᠤᠯᠵᠣ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ | ᠤᠨ ᠵᠠᠩᠬᠢᠴᠢᠯᠠᠭᠰᠠᠨ ᠬᠠᠮᠢᠶᠠᠷᠣᠯᠳᠠ ᠶᠢ ᠠᠬᠢᠭᠤᠯᠣᠨ᠎ᠠ᠃ ᠣᠷᠳᠣᠰ ᠬᠤᠳᠠ ᠶᠢᠨ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠰᠠᠮᠠᠯ ᠵᠠᠮ ᠤᠨ | ᠶᠡᠷᠦᠩᠬᠡᠶᠢᠯᠡᠭᠰᠡᠨ ᠬᠠᠮᠢᠶᠠᠷᠣᠯᠳᠠ ᠶᠢᠨ ᠲᠠᠪᠴᠠᠩ︾ ᠢ ᠠᠰᠢᠭᠯᠠᠨ᠂ ᠣᠶᠣᠨᠴᠢ ᠦᠵᠦᠭᠦᠷᠰᠢᠯ ᠤᠨ ᠪᠠᠶᠢᠴᠠᠭᠠᠯᠳᠠ᠂ ᠲᠠᠪᠴᠠᠩ ᠤᠨ ᠬᠠᠷᠢᠭᠤ ᠲᠣᠰᠬᠠᠯ ᠢ | ᠨᠢᠭᠡᠳᠦᠯᠳᠡᠢ ᠬᠤᠪᠢᠶᠠᠷᠢᠯᠠᠨ ᠲᠣᠬᠢᠷᠠᠭᠤᠯᠵᠣ ᠰᠢᠢᠳᠪᠦᠷᠢᠯᠡᠭᠦ ᠪᠢᠳᠡᠭᠦᠣ ᠴᠠᠭᠠᠷᠢᠭ ᠤᠨ ᠵᠠᠭᠪᠣᠷ ᠢᠶᠠᠷ ᠲᠠᠮᠵᠢᠭᠤᠯᠣᠨ ᠬᠦᠳᠡᠭᠡ ᠲᠣᠰᠬᠤᠨ ᠤ ᠵᠠᠰᠠᠮᠠᠯ ᠵᠠᠮ ᠤᠨ | ᠬᠦᠳᠡᠯᠦᠩᠬᠦᠢ᠂ ᠰᠢᠨᠵᠢᠯᠡᠭᠡ ᠮᠡᠷᠭᠡᠵᠢᠯ ᠪᠣᠯᠣᠨ ᠪᠠᠶᠢᠩᠭᠤᠵᠢᠭᠰᠠᠨ ᠬᠠᠮᠢᠶᠠᠷᠣᠯᠳᠠ ᠶᠢ ᠪᠡᠶᠡᠯᠡᠭᠦᠯᠦᠨ᠎ᠡ᠃ | 5. ᠬᠦᠳᠡᠭᠡ ᠲᠣᠰᠬᠤᠨ ᠤ ᠵᠠᠰᠠᠮᠠᠯ ᠵᠠᠮ ᠤᠨ ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ ᠶᠢᠨ ᠡᠷᠴᠢᠮ ᠢ ᠴᠢᠩᠭᠠᠳᠬᠠᠨ᠂ ᠠᠮᠣᠷ ᠲᠦᠪᠰᠢᠨ ᠤ ᠰᠠᠭᠠᠳ | ᠦᠭᠡᠢ ᠨᠡᠪᠳᠡᠷᠡᠯ ᠢ ᠪᠠᠳᠣᠯᠠᠨ᠎ᠠ᠃ ︽ᠬᠦᠳᠡᠭᠡ ᠲᠣᠰᠬᠤᠨ ᠤ ᠵᠠᠰᠠᠮᠠᠯ ᠵᠠᠮ ᠤᠨ ᠠᠮᠣᠷ ᠲᠦᠪᠰᠢᠨ ᠤ ᠬᠠᠮᠢᠶᠠᠷᠣᠯᠳᠠ ᠶᠢᠨ ᠲᠦᠷᠢᠮ︾ ᠢ ᠦᠨᠳᠦᠰᠦᠯᠡᠨ᠂ ᠬᠦᠳᠡᠭᠡ | ᠲᠣᠰᠬᠤᠨ ᠤ ᠵᠠᠰᠠᠮᠠᠯ ᠵᠠᠮ ᠤᠨ ᠶᠡᠷᠦᠩᠬᠡᠶᠢᠯᠡᠭᠰᠡᠨ ᠠᠮᠣᠷ ᠲᠦᠪᠰᠢᠨ᠂ ᠪᠠᠶᠢᠭᠤᠯᠣᠯᠳᠠ ᠶᠢᠨ ᠠᠮᠣᠷ ᠲᠦᠪᠰᠢᠨ᠂ ᠠᠷᠠᠴᠢᠯᠠᠯᠳᠠ ᠬᠠᠮᠠᠭᠠᠯᠠᠯᠳᠠ ᠶᠢᠨ ᠠᠮᠣᠷ | ᠲᠦᠪᠰᠢᠨ᠂ ᠬᠠᠣᠯᠢ ᠬᠡᠷᠡᠭᠵᠢᠭᠦᠯᠬᠦ ᠠᠮᠣᠷ ᠲᠦᠪᠰᠢᠨ᠂ ᠠᠶᠠᠨᠴᠢᠨ ᠪᠠᠷᠠᠭ᠎ᠠ ᠲᠡᠭᠡᠭᠡᠪᠦᠷᠢ ᠶᠢᠨ ᠠᠵᠢᠯᠯᠠᠮᠵᠢ ᠡᠵᠡᠩᠨᠡᠯᠳᠡ ᠤᠨ ᠠᠮᠣᠷ ᠲᠦᠪᠰᠢᠨ ᠤ ᠬᠢᠨᠠᠯᠳᠠ | ᠬᠠᠮᠢᠶᠠᠷᠣᠯᠳᠠ ᠶᠢ ᠴᠢᠩᠭᠠᠷᠠᠭᠤᠯᠵᠣ᠂ ᠬᠦᠳᠡᠭᠡ ᠲᠣᠰᠬᠤᠨ ᠤ ᠵᠠᠰᠠᠮᠠᠯ ᠵᠠᠮ ᠤᠨ ᠠᠮᠣᠷ ᠲᠦᠪᠰᠢᠨ ᠤ ᠬᠠᠮᠢᠶᠠᠷᠣᠯᠳᠠ ᠶᠢᠨ ᠲᠣᠰᠢᠶᠠᠯ ᠴᠢᠳᠠᠪᠬᠢ ᠶᠢ ᠪᠦᠬᠦ ᠲᠠᠯ᠎ᠠ | ᠪᠠᠷ ᠨᠠᠶᠢᠳᠠᠪᠦᠷᠢᠵᠢᠭᠤᠯᠣᠨ᠂ ᠬᠠᠷᠢᠭᠤᠴᠠᠯᠭ᠎ᠠ ᠡᠭᠦᠷᠭᠡ ᠶᠢ ᠲᠣᠳᠣᠷᠬᠠᠶᠢᠯᠠᠵᠣ᠂ ᠲᠣᠰ ᠲᠣᠰ ᠤᠨ ᠡᠭᠦᠷᠭᠡ ᠲᠣᠰᠢᠶᠠᠯ ᠢᠶᠠᠨ ᠭᠦᠢᠴᠡᠳᠬᠡᠨ᠂ ᠠᠵᠢᠯ ᠬᠤᠪᠢᠶᠠᠷᠢᠯᠠᠨ | ᠵᠣᠬᠢᠴᠠᠭᠤᠯᠵᠣ᠂ ᠠᠮᠣᠷ ᠲᠦᠪᠰᠢᠨ ᠤ ᠬᠠᠮᠢᠶᠠᠷᠣᠯᠳᠠ ᠶᠢᠨ ᠲᠦᠪᠰᠢᠨ ᠢ ᠦᠨᠡᠨ ᠬᠦ ᠲᠡᠭᠡᠭᠰᠢᠯᠡᠭᠦᠯᠦᠨ᠂ ᠬᠦᠳᠡᠭᠡ ᠲᠣᠰᠬᠤᠨ ᠤ ᠵᠠᠰᠠᠮᠠᠯ ᠵᠠᠮ ᠤᠨ ᠠᠮᠣᠷ | ᠲᠦᠪᠰᠢᠨ ᠤ ᠰᠠᠭᠠᠳ ᠦᠭᠡᠢ ᠨᠡᠪᠳᠡᠷᠡᠯ ᠢ ᠬᠠᠮᠠᠭᠠᠯᠠᠨ᠎ᠠ᠃ | ︵ᠭᠤᠷᠪᠠ︶ ᠰᠢᠢᠳᠪᠦᠷᠢᠳᠦ ᠪᠣᠳᠣᠯᠭ᠎ᠠ ᠶᠢ ᠰᠢᠨᠵᠢᠯᠡᠭᠦ ᠣᠬᠠᠭᠠᠨᠴᠢ ᠪᠠᠷ ᠲᠣᠭᠳᠠᠭᠠᠨ᠂ ᠠᠷᠠᠴᠢᠯᠠᠨ ᠬᠠᠮᠠᠭᠠᠯᠠᠬᠤ ᠶᠢ ᠲᠦᠷᠢᠮᠵᠢᠭᠦᠯᠵᠣ᠂ ᠬᠦᠳᠡᠭᠡ ᠲᠣᠰᠬᠤᠨ | ᠢ ᠬᠦᠭᠵᠢᠭᠦᠯᠦᠨ ᠮᠠᠨᠳᠣᠭᠤᠯᠬᠤ ᠶᠢ ᠪᠦᠬᠦ ᠲᠠᠯ᠎ᠠ ᠪᠠᠷ ᠠᠬᠢᠭᠤᠯᠣᠨ᠎ᠠ | 1. ᠬᠠᠮᠢᠶᠠᠷᠣᠯᠳᠠ ᠠᠷᠠᠴᠢᠯᠠᠯᠳᠠ ᠬᠠᠮᠠᠭᠠᠯᠠᠯᠳᠠ ᠶᠢᠨ ᠵᠠᠭᠪᠣᠷ ᠢ ᠰᠢᠨᠡᠴᠢᠯᠡᠨ᠎ᠡ᠃ ᠣᠳᠤᠭ ᠤᠨ ᠡᠮᠦᠨᠡᠳᠦ ᠬᠤᠰᠢᠭᠤᠨ ᠤ ᠭᠠᠵᠠᠷ ᠤᠨ ᠪᠠᠶᠢᠴᠠ ᠶᠢᠨ | ᠣᠨᠴᠠᠯᠢᠭ ᠢ ᠦᠨᠳᠦᠰᠦᠯᠡᠨ᠂ ᠬᠦᠳᠡᠭᠡ ᠲᠣᠰᠬᠤᠨ ᠤ ᠵᠠᠰᠠᠮᠠᠯ ᠵᠠᠮ ᠢ ᠣᠷᠣᠨ ᠬᠤᠪᠢᠶᠠᠨ ᠬᠠᠮᠢᠶᠠᠷᠴᠦ᠂ ᠵᠦᠷᠢᠶᠠᠴᠢᠯᠡᠭᠰᠡᠨ ᠠᠷᠠᠴᠢᠯᠠᠨ ᠬᠠᠮᠠᠭᠠᠯᠠᠬᠤ ᠵᠠᠭᠪᠣᠷ ᠢ | ᠪᠠᠶᠢᠭᠤᠯᠣᠨ᠎ᠠ᠃ ᠬᠦᠳᠡᠭᠡ ᠲᠣᠰᠬᠤᠨ᠂ ᠮᠠᠯᠵᠢᠬᠤ ᠣᠷᠣᠨ᠂ ᠬᠤᠳᠠ ᠶᠢᠨ ᠲᠡᠭᠦᠷᠭᠡ᠂ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠤ ᠬᠤᠪᠢᠶᠠᠷᠢᠯᠠᠯ ᠢᠶᠠᠷ | ᠲᠠᠷᠢᠶᠠᠨ ᠭᠠᠵᠠᠷ᠂ ᠨᠣᠳᠤᠭ ᠪᠡᠯᠴᠢᠭᠡᠷ᠂ ᠰᠢᠯᠢ ᠭᠠᠵᠠᠷ᠂ ᠡᠯᠡᠰᠦ ᠮᠠᠩᠬ᠎ᠠ ᠵᠡᠷᠭᠡ ᠭᠠᠵᠠᠷ ᠤᠨ ᠪᠠᠶᠢᠴᠠ ᠶᠢᠨ ᠬᠦᠴᠦᠨ ᠵᠣᠶᠢᠯ ᠢ ᠪᠣᠳᠣᠯᠬᠢᠯᠠᠨ᠂ ᠣᠨᠴᠠᠯᠢᠭᠳᠦ | ᠬᠠᠮᠢᠶᠠᠷᠣᠯᠳᠠ ᠶᠢᠨ ᠵᠠᠭᠪᠣᠷ ᠲᠤ ᠠᠩᠬᠠᠷᠣᠯ ᠢᠶᠠᠨ ᠲᠦᠪᠯᠡᠷᠡᠭᠦᠯᠵᠣ᠂ ᠪᠠᠯᠭᠠᠰᠦ ᠪᠣᠯᠭᠠᠨ 1 — 2 ᠭᠠᠴᠠᠭ᠎ᠠ ᠲᠣᠰᠬᠤᠨ ᠰᠣᠩᠭᠤᠨ ᠵᠦᠷᠢᠶᠡᠴᠢᠯᠡᠭᠰᠡᠨ | ᠬᠠᠮᠢᠶᠠᠷᠣᠯᠳᠠ ᠶᠢᠨ ᠲᠣᠷᠰᠢᠯᠳᠠ ᠶᠢᠨ ᠴᠡᠭ ᠪᠣᠯᠭᠠᠵᠣ᠂ ᠨᠡᠶᠢᠳᠡᠯᠢᠭ ᠲᠣᠷᠰᠢᠯᠭ᠎ᠠ ᠰᠦᠪᠡᠭᠴᠢᠯᠡᠨ ᠳ᠋ᠦᠩᠨᠡᠵᠣ᠂ ᠪᠦᠬᠦ ᠬᠤᠰᠢᠭᠤᠨ ᠳᠤ ᠲᠦᠭᠡᠮᠡᠯᠵᠢᠭᠦᠯᠦᠨ | ᠬᠡᠷᠡᠭᠯᠡᠨ᠎ᠡ᠃ | 2. ᠠᠷᠠᠴᠢᠯᠠᠨ ᠬᠠᠮᠠᠭᠠᠯᠠᠬᠤ ᠰᠢᠨ᠎ᠡ ᠣᠶᠢᠯᠠᠭᠠᠭᠳᠠᠬᠤᠨ ᠢ ᠪᠣᠢ ᠪᠣᠯᠭᠠᠨ᠎ᠠ᠃ ᠦᠨᠳᠦᠰᠦᠨ ᠱᠠᠳᠣᠨ ᠤ ᠠᠷᠠᠴᠢᠯᠠᠨ ᠬᠠᠮᠠᠭᠠᠯᠠᠬᠤ ᠡᠩᠨᠡᠭᠡ ᠶᠢᠨ ᠪᠠᠶᠢᠭᠤᠯᠣᠯᠳᠠ | ᠶᠢ ᠴᠢᠩᠭᠠᠳᠬᠠᠨ᠂ ᠣᠯᠠᠨ ᠲᠦᠮᠡᠨᠴᠢ ᠴᠢᠨᠠᠷᠳᠡᠢ ᠠᠷᠠᠴᠢᠯᠠᠨ ᠬᠠᠮᠠᠭᠠᠯᠠᠯᠳᠠ ᠶᠢ ᠠᠬᠢᠭᠤᠯᠵᠣ᠂ ᠬᠡᠷᠡᠭ ᠶᠠᠪᠣᠳᠠᠯ ᠤᠨ ᠲᠣᠭᠤᠷᠢᠨ ᠪᠠᠶᠢᠴᠠᠭᠠᠯᠳᠠ᠂ ᠡᠳᠦᠷ ᠲᠣᠳᠣᠮ | ᠤᠨ ᠬᠠᠮᠢᠶᠠᠷᠣᠯᠳᠠ ᠪᠠᠷ ᠭᠤᠣᠯ ᠠᠭᠤᠯᠭ᠎ᠠ ᠪᠣᠯᠭᠠᠭᠰᠠᠨ ᠲᠣᠰᠬᠠᠢ ᠬᠠᠮᠢᠶᠠᠷᠣᠭᠴᠢ ᠶᠢᠨ ᠡᠩᠨᠡᠭᠡ ᠪᠠᠶᠢᠭᠤᠯᠣᠨ᠎ᠠ᠃ ᠵᠠᠮ ᠲᠠᠭᠤ ᠶᠢᠨ ᠮᠠᠯᠴᠢᠨ ᠲᠠᠷᠢᠶᠠᠴᠢᠳ ᠢᠶᠠᠷ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠡᠳᠦᠷ ᠲᠣᠳᠣᠮ ᠤᠨ ᠠᠷᠠᠴᠢᠯᠠᠨ ᠬᠠᠮᠠᠭᠠᠯᠠᠬᠤ ᠠᠵᠢᠯ ᠢ ᠡᠭᠦᠷᠭᠡᠯᠡᠭᠦᠯᠵᠣ᠂ ᠮᠠᠯᠴᠢᠨ ᠲᠠᠷᠢᠶᠠᠴᠢᠳ ᠤᠨ ᠠᠵᠣ | ᠠᠬᠤᠢ ᠶᠢᠨ ᠣᠷᠣᠯᠭ᠎ᠠ ᠶᠢ ᠨᠡᠮᠡᠭᠳᠡᠭᠦᠯᠦᠨ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠳᠤ ᠬᠦᠴᠦᠨ ᠨᠡᠮᠡᠷᠢᠯᠡᠨ᠎ᠡ᠃ 2023 ᠣᠨ ᠳᠤ ᠬᠦᠳᠡᠭᠡ | ᠲᠣᠰᠬᠤᠨ ᠤ ᠵᠠᠰᠠᠮᠠᠯ ᠵᠠᠮ ᠤᠨ ᠲᠣᠰᠬᠠᠢ ᠬᠠᠮᠢᠶᠠᠷᠣᠭᠴᠢ ᠶᠢᠨ ᠡᠩᠨᠡᠭᠡ ᠶᠢ 120 ᠬᠦᠮᠦᠨ ᠳᠤ ᠬᠦᠷᠭᠡᠨ᠂ ᠬᠦᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠭ᠎ᠠ | ᠶᠢ 100% ᠳᠤ ᠬᠦᠷᠭᠡᠨ᠎ᠡ᠃ | 3. ᠪᠡᠯᠡ ᠮᠦᠩᠭᠦᠨ ᠤ ᠪᠠᠳᠣᠯᠠᠭ᠎ᠠ ᠶᠢ ᠴᠢᠩᠭᠠᠳᠬᠠᠨ᠎ᠠ᠃ ᠬᠦᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠡᠯᠡ ᠮᠦᠩᠭᠦᠨ ᠤ ᠪᠠᠳᠣᠯᠠᠭ᠎ᠠ | ᠶᠢᠨ ᠲᠣᠭᠳᠠᠴᠠ ᠶᠢ ᠪᠠᠶᠢᠭᠤᠯᠣᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠯᠳᠠ ᠶᠢᠨ ᠢᠮᠵᠧᠨᠧᠷᠢᠩ ᠪᠠ ᠡᠳᠦᠷ ᠲᠣᠳᠣᠮ ᠤᠨ ᠠᠷᠠᠴᠢᠯᠠᠨ | ᠬᠠᠮᠠᠭᠠᠯᠠᠯᠳᠠ ᠶᠢᠨ ᠲᠦᠬᠦᠷᠴᠢᠯᠡᠭᠰᠡᠨ ᠪᠡᠯᠡ ᠮᠦᠩᠭᠦ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠣ᠂ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠲᠦᠭᠦᠷᠴᠢᠯᠡᠯᠳᠡ | ᠶᠢᠨ ᠪᠡᠯᠡ ᠮᠦᠩᠭᠦ ᠶᠢ ᠦᠪᠡᠷᠳᠡᠭᠡᠨ ᠵᠠᠰᠠᠬᠤ ᠣᠷᠣᠨ᠂ ᠬᠤᠳᠠ᠂ ᠬᠤᠰᠢᠭᠤ ᠭᠤᠷᠪᠠᠨ ᠱᠠᠳᠣᠨ ᠤ ᠨᠡᠶᠢᠳᠡ ᠶᠢᠨ ᠡᠳ᠋ ᠤᠨ ᠵᠠᠰᠠᠭ ᠠᠴᠠ 25%᠂ 25%᠂ | 50% ᠶᠢᠨ ᠣᠷᠣᠭᠤᠯᠣᠯᠳᠠ ᠶᠢᠨ ᠬᠠᠷᠢᠴᠠᠯ ᠶᠣᠰᠣᠭᠠᠷ᠂ ᠡᠳᠦᠷ ᠲᠣᠳᠣᠮ ᠤᠨ ᠠᠷᠠᠴᠢᠯᠠᠨ ᠬᠠᠮᠠᠭᠠᠯᠠᠬᠤ ᠪᠡᠯᠡ ᠮᠦᠩᠭᠦ ᠶᠢ ︽1053︾ ᠶᠢᠨ ᠪᠠᠷᠢᠮᠵᠢᠶ᠎ᠠ | ᠶᠣᠰᠣᠭᠠᠷ 100% ᠪᠠᠷ ᠪᠠᠳᠣᠯᠠᠨ ᠨᠠᠶᠢᠳᠠᠪᠦᠷᠢᠵᠢᠭᠤᠯᠬᠤ ᠶᠢᠨ ᠬᠠᠮᠳᠦ ᠠᠷᠠᠴᠢᠯᠠᠨ ᠬᠠᠮᠠᠭᠠᠯᠠᠬᠤ ᠦᠪᠡᠷ ᠤᠨ ᠦᠷᠳᠡᠭ ᠤᠨ ᠬᠤᠪᠢᠷᠠᠯᠳᠠ᠂ ᠵᠠᠰᠠᠮᠠᠯ ᠵᠠᠮ ᠤᠨ | ᠵᠡᠷᠭᠡ ᠲᠡᠰ ᠲᠡᠪᠰᠢᠯᠳᠡ ᠶᠢᠨ ᠬᠦᠴᠦᠨ ᠵᠣᠶᠢᠯ ᠲᠠᠢ ᠬᠤᠯᠪᠣᠭᠳᠠᠯ ᠪᠦᠬᠦᠢ ᠬᠦᠳᠡᠯᠦᠩᠬᠦᠢ ᠲᠣᠬᠢᠷᠠᠭᠤᠯᠣᠯᠳᠠ ᠶᠢᠨ ᠲᠣᠭᠳᠠᠴᠠ ᠢ ᠪᠠᠶᠢᠭᠤᠯᠣᠨ᠎ᠠ︔ ᠠᠷᠠᠴᠢᠯᠠᠨ | ᠬᠠᠮᠠᠭᠠᠯᠠᠬᠤ ᠪᠡᠯᠡ ᠮᠦᠩᠭᠦᠨ ᠤ ᠬᠡᠷᠡᠭᠯᠡᠯᠳᠡ ᠬᠠᠮᠢᠶᠠᠷᠣᠯᠳᠠ ᠶᠢᠨ ᠲᠦᠷᠢᠮ ᠢ ᠲᠣᠭᠳᠠᠭᠠᠨ᠂ ᠠᠷᠠᠴᠢᠯᠠᠨ ᠬᠠᠮᠠᠭᠠᠯᠠᠬᠤ ᠪᠡᠯᠡ ᠮᠦᠩᠭᠦ ᠶᠢ ᠪᠦᠬᠦᠨ ᠢ ᠡᠳ᠋ ᠤᠨ | ᠵᠠᠰᠠᠭ ᠤᠨ ᠲᠦᠰᠦᠪ ᠲᠤ ᠣᠷᠣᠭᠤᠯᠵᠣ᠂ ᠬᠦᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | 4. ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠬᠡᠷᠡᠭᠵᠢᠭᠦᠯᠬᠦ ᠬᠦᠴᠦᠨ ᠢ ᠴᠢᠩᠭᠠᠳᠬᠠᠨ᠎ᠠ᠃ 2023 | ᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ ᠢ 200 ᠺᠢᠯᠣᠮᠧᠲᠷ ᠲᠤ ᠬᠦᠷᠭᠡᠨ᠎ᠡ᠃ ᠬᠤᠶᠢᠰᠢᠳᠠ ᠵᠢᠯ | ᠪᠦᠷᠢ ᠬᠤᠰᠢᠭᠤ ᠰᠢᠶᠠᠨ ᠤ ᠵᠠᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠬᠠᠷᠢᠴᠠᠯ ᠢ 10% ᠳᠤ ᠬᠦᠷᠭᠡᠨ᠂ ᠬᠦᠳᠡᠭᠡ ᠲᠣᠰᠬᠤᠨ ᠤ ᠵᠠᠮ ᠢ ᠠᠷᠠᠴᠢᠯᠠᠨ | ᠬᠠᠮᠠᠭᠠᠯᠠᠬᠤ ᠢᠨᠵᠧᠨᠧᠷᠢᠩ ᠤᠨ ᠬᠠᠷᠢᠴᠠᠯ ᠢ 6% ᠠᠴᠠ ᠲᠠᠪᠠᠭᠤᠯᠣᠨ᠎ᠠ᠃ | 5. ᠬᠦᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠯᠳᠠ ᠶᠢᠨ ᠶᠠᠰᠦ ᠴᠢᠨᠠᠷ ᠢᠶᠠᠷ ᠣᠳᠣᠷᠢᠳᠣᠮᠵᠢ ᠪᠣᠯᠭᠠᠨ᠂ ᠵᠠᠮ ᠤᠨ ᠪᠠᠶᠢᠳᠠᠯ ᠢ ᠦᠨᠡᠯᠡᠨ | ᠲᠣᠭᠳᠠᠭᠠᠬᠤ᠂ ᠣᠷᠢᠳᠴᠢᠯᠠᠨ ᠰᠡᠷᠭᠡᠶᠢᠯᠡᠵᠣ ᠠᠷᠠᠴᠢᠯᠠᠨ ᠬᠠᠮᠠᠭᠠᠯᠠᠬᠤ᠂ ᠪᠢᠴᠢᠯ ᠬᠦᠨᠦᠭᠡᠯ ᠢ ᠰᠢᠢᠳᠪᠦᠷᠢᠯᠡᠬᠦ ᠶᠢ ᠲᠦᠪᠯᠡᠷᠡᠩᠬᠦᠢ ᠦᠷᠨᠢᠭᠦᠯᠵᠣ᠂ ᠬᠦᠨᠦᠭᠡᠯ ᠤᠨ | ᠬᠦᠭᠵᠢᠯᠳᠡ ᠶᠢ ᠪᠠᠭᠠᠰᠬᠠᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠵᠣ᠂ ᠵᠠᠮ ᠤᠨ ᠭᠠᠳᠠᠷᠭᠤ | ᠶᠢᠨ ᠮᠡᠷᠭᠡᠵᠢᠯ ᠤᠨ ᠭᠦᠢᠴᠡᠳᠬᠡᠯ ᠲᠤᠭ᠎ᠠ ᠶᠢ ᠲᠣᠭᠳᠠᠭᠤᠨ ᠤ ᠲᠣᠮᠳᠠ ᠲᠡᠭᠡᠭᠰᠢᠯᠡᠭᠦᠯᠦᠨ᠎ᠡ᠃ 2023 ᠣᠨ ᠳᠤ ᠬᠦᠳᠡᠭᠡ ᠲᠣᠰᠬᠤᠨ ᠤ ᠵᠠᠰᠠᠮᠠᠯ ᠵᠠᠮ ᠤᠨ ᠣᠬᠢ | ᠰᠠᠶᠢᠨ ᠵᠠᠮ ᠳᠤ ᠬᠤᠰᠢᠭᠤᠨ ᠤ ᠵᠠᠮ ᠢ 80% ᠳᠤ ᠬᠦᠷᠭᠡᠨ᠂ ᠬᠦᠳᠡᠭᠡ ᠲᠣᠰᠬᠤᠨ ᠤ ᠵᠠᠮ ᠢ 70% ᠳᠤ ᠬᠦᠷᠭᠡᠨ᠎ᠡ᠃ ᠡᠭᠦᠨ ᠳᠤ ᠠᠦ᠋ᠲ᠋ᠣᠴᠢᠯᠠᠭᠰᠠᠨ | ᠪᠠᠶᠢᠴᠠᠭᠠᠯᠳᠠ ᠰᠢᠯᠭᠠᠯᠳᠠ ᠶᠢᠨ ᠬᠠᠷᠢᠴᠠᠯ ᠢ 60% ᠳᠤ ᠬᠦᠷᠭᠡᠨ᠎ᠡ᠃ | ︵ᠲᠦᠷᠪᠡ︶ ᠨᠢᠭᠡᠳᠦᠯᠳᠡᠢ ᠪᠠᠶᠢᠷᠢᠯᠠᠭᠤᠯᠣᠨ᠂ ᠦᠨᠳᠦᠷ ᠪᠦᠳᠦᠮᠵᠢᠳᠡᠢ ᠠᠵᠢᠯᠯᠠᠵᠣ᠂ ᠬᠤᠳᠠ ᠬᠦᠳᠡᠭᠡ ᠶᠢᠨ ᠵᠠᠮ ᠬᠠᠷᠢᠯᠴᠠᠭ᠎ᠠ ᠶᠢ ᠴᠣᠭᠴᠠᠵᠢᠭᠤᠯᠣᠨ | ᠡᠵᠡᠩᠨᠡᠨ᠎ᠡ | 1. ᠬᠦᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠨᠡᠪᠳᠡᠷᠡᠭᠦ ᠨᠦᠭᠦᠴᠡᠯ ᠢ ᠬᠤᠯᠪᠣᠭᠠᠯᠠᠨ ᠬᠢᠨᠠᠨ ᠬᠠᠷᠭᠤᠭᠤᠯᠬᠤ ᠲᠣᠭᠳᠠᠴᠠ ᠶᠢ ᠪᠠᠶᠢᠭᠤᠯᠣᠨ᠎ᠠ᠃ | ᠬᠦᠳᠡᠭᠡ ᠲᠣᠰᠬᠤᠨ ᠤ ᠬᠠᠭᠤᠴᠢᠷᠠᠭᠰᠠᠨ ᠠᠶᠠᠨᠴᠢᠳ ᠤ ᠮᠠᠰᠢᠨ ᠤ ᠰᠢᠭᠰᠢᠳᠡᠯ ᠢ ᠲᠦᠷᠭᠡᠳᠬᠡᠨ᠂ ᠠᠶᠠᠨᠴᠢᠳ ᠤᠨ ᠮᠠᠰᠢᠨ ᠤ ᠴᠢᠨᠰᠠᠭ᠎ᠠ ᠶᠢ ᠪᠦᠬᠦ ᠲᠠᠯ᠎ᠠ ᠪᠠᠷ | ᠲᠡᠭᠡᠭᠰᠢᠯᠡᠭᠦᠯᠵᠣ᠂ ᠵᠠᠮ᠂ ᠲᠡᠷᠭᠡ ᠨᠡᠪᠳᠡᠷᠡᠭᠦ ᠶᠢ ᠪᠠᠶᠠᠯᠠᠭᠦᠯᠦᠨ᠂ ᠬᠦᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠵᠠᠮ ᠱᠤᠭᠤᠮ ᠢ ᠨᠡᠪᠳᠡᠷᠡᠭᠦᠯᠬᠦ᠂ | ᠦᠯᠡᠳᠡᠭᠡᠬᠦ᠂ ᠰᠠᠶᠢᠳᠦᠷ ᠠᠰᠢᠭᠯᠠᠬᠤ ᠶᠢ ᠪᠠᠳᠣᠯᠠᠨ᠎ᠠ᠃ | 2. ᠠᠶᠠᠨᠴᠢᠳ ᠤᠨ ᠲᠡᠭᠡᠭᠡᠪᠦᠷᠢ ᠶᠢᠨ ᠣᠶᠢᠯᠡᠴᠢᠯᠡᠭᠡᠨ ᠤ ᠲᠡᠩᠴᠡᠭᠦᠷᠰᠢᠯᠡᠯᠳᠡ ᠶᠢᠨ ᠲᠦᠪᠰᠢᠨ ᠢ ᠲᠡᠭᠡᠭᠰᠢᠯᠡᠭᠦᠯᠦᠨ᠂ ᠨᠦᠭᠦᠴᠡᠯ ᠪᠦᠷᠢᠳᠦᠭᠰᠡᠨ ᠪᠠᠯᠭᠠᠰᠣ | ᠪᠣᠯᠣᠨ ᠪᠠᠶᠢᠭᠤᠯᠣᠮᠵᠢᠳᠦ ᠲᠣᠰᠬᠤᠨ ᠳᠤ ᠠᠶᠠᠨᠴᠢᠳ ᠤᠨ ᠲᠡᠷᠭᠡ ᠨᠡᠪᠳᠡᠷᠡᠭᠰᠡᠨ ᠦᠷ᠎ᠡ ᠪᠦᠳᠦᠮᠵᠢ ᠶᠢ ᠪᠠᠬᠢᠵᠢᠭᠦᠯᠦᠨ ᠦᠷᠭᠡᠳᠬᠡᠵᠣ᠂ ᠬᠦᠳᠡᠭᠡ ᠲᠣᠰᠬᠤᠨ ᠤ | ᠠᠶᠠᠨᠴᠢᠳ ᠤᠨ ᠲᠡᠷᠭᠡᠨ ᠤ ᠠᠮᠣᠷ ᠲᠦᠪᠰᠢᠨ ᠨᠡᠪᠳᠡᠷᠡᠭᠦ ᠨᠦᠭᠦᠴᠡᠯ ᠢ ᠰᠠᠶᠢᠵᠢᠷᠠᠭᠤᠯᠣᠨ᠂ ᠣᠶᠢᠯᠡᠴᠢᠯᠡᠭᠡᠨ ᠤ ᠬᠠᠩᠭᠠᠯᠭ᠎ᠠ ᠪᠠᠨ ᠰᠢᠯᠢᠳᠡᠭᠵᠢᠭᠦᠯᠵᠣ᠂ | ᠡᠷᠴᠢᠮᠵᠢᠭᠰᠡᠨ ᠬᠦᠭᠵᠢᠯᠳᠡ ᠶᠢ ᠠᠬᠢᠭᠤᠯᠣᠨ᠂ 3 ᠵᠣᠷᠪᠣᠰ ᠨᠡᠶᠢᠳᠡ ᠶᠢᠨ ᠮᠠᠰᠢᠨ ᠲᠡᠷᠭᠡᠨ ᠤ ᠵᠠᠮ ᠱᠣᠭᠤᠮ ᠢ ᠪᠠᠯᠭᠠᠰᠣ ᠭᠠᠴᠠᠭ᠎ᠠ ᠲᠣᠰᠬᠤᠨ ᠲᠡᠶᠢᠰᠢ | ᠣᠷᠳᠣᠳᠬᠠᠬᠤ ᠪᠠ ᠬᠦᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠣᠭᠤᠮ ᠢ ᠨᠡᠶᠢᠳᠡ ᠶᠢᠨ ᠮᠠᠰᠢᠨ ᠲᠡᠷᠭᠡᠨ ᠤ ᠵᠠᠮ ᠱᠣᠭᠤᠮ ᠪᠣᠯᠭᠠᠬᠤ | ᠦᠭᠡᠷᠡᠴᠢᠯᠡᠯᠳᠡ ᠶᠢ ᠡᠮᠬᠢ ᠲᠢᠭᠯᠢᠮ ᠲᠠᠢ ᠠᠬᠢᠭᠤᠯᠵᠣ᠂ ᠬᠤᠳᠠ ᠬᠦᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠲᠡᠩᠴᠡᠭᠦᠷᠢᠳᠦ ᠣᠶᠢᠯᠡᠴᠢᠯᠡᠭᠡᠨ ᠤ ᠬᠢᠷᠢ | ᠲᠦᠪᠰᠢᠨ ᠢ ᠲᠡᠭᠡᠭᠰᠢᠯᠡᠭᠦᠯᠦᠨ᠎ᠡ᠃ | 3. ᠪᠦᠬᠦ ᠣᠷᠣᠨ ᠤ ᠬᠤᠳᠠ ᠬᠦᠳᠡᠭᠡ ᠶᠢᠨ ᠵᠠᠮ ᠬᠠᠷᠢᠯᠴᠠᠭ᠎ᠠ ᠵᠠᠮ ᠲᠡᠭᠡᠭᠡᠪᠦᠷᠢ ᠶᠢᠨ ᠨᠢᠭᠡ ᠴᠣᠭᠴᠠᠵᠢᠭᠰᠠᠨ ᠲᠠᠭᠤᠷᠢᠶᠠᠯ ᠰᠢᠶᠠᠨ ᠤ ᠴᠣᠭᠴᠠᠯᠠᠯᠳᠠ ᠶᠢ | ᠭᠤᠶᠣᠴᠢᠯᠠᠨ ᠮᠡᠳᠡᠭᠦᠯᠦᠨ᠂ 2025 ᠣᠨ ᠳᠤ ᠵᠠᠮ ᠬᠠᠷᠢᠯᠴᠠᠭ᠎ᠠ ᠵᠠᠮ ᠲᠡᠭᠡᠭᠡᠪᠦᠷᠢ ᠶᠢᠨ ᠴᠣᠭᠴᠠᠭᠰᠠᠨ ᠪᠦᠬᠦ ᠣᠯᠣᠰ ᠤᠨ ᠲᠠᠭᠤᠷᠢᠶᠠᠯ ᠰᠢᠶᠠᠨ ᠤ ᠴᠣᠭᠴᠠᠯᠠᠯᠳᠠ | ᠶᠢ ᠭᠤᠶᠣᠴᠢᠯᠠᠵᠣ᠂ 5A ᠲᠡᠰ ᠤᠨ ᠬᠢᠷᠢ ᠲᠦᠪᠰᠢᠨ ᠳᠤ ᠬᠦᠷᠭᠡᠨ᠎ᠡ᠃ | 4. ᠬᠦᠳᠡᠭᠡ ᠲᠣᠰᠬᠤᠨ ᠤ ᠪᠣᠳᠠᠰ ᠤᠨ ᠭᠦᠢᠯᠭᠡᠭᠡᠨ ᠤ ᠲᠣᠣᠷ ᠢ ᠲᠡᠭᠦᠯᠳᠡᠷᠵᠢᠭᠦᠯᠦᠨ᠂ ᠬᠦᠳᠡᠭᠡ ᠲᠣᠰᠬᠤᠨ ᠤ ᠪᠣᠳᠠᠰ ᠤᠨ ᠭᠦᠢᠯᠭᠡᠭᠡᠨ ᠤ ᠣᠶᠢᠯᠡᠴᠢᠯᠡᠭᠡᠨ | ᠤ ᠨᠡᠷᠡᠳᠦ ᠲᠡᠮᠳᠡᠭ ᠢ ᠡᠭᠦᠳᠦᠨ᠎ᠡ᠃ ᠣᠳᠤᠭ ᠤᠨ ᠡᠮᠦᠨᠡᠳᠦ ᠬᠤᠰᠢᠭᠤᠨ ᠤ ᠪᠣᠳᠠᠰ ᠤᠨ ᠭᠦᠢᠯᠭᠡᠭᠡᠨ ᠤ ᠬᠦᠷᠢᠶᠡᠯᠡᠩ ᠲᠣᠭᠤᠷᠢᠭ ᠢᠶᠠᠷ ᠴᠦᠮ᠎ᠡ ᠪᠣᠯᠭᠠᠨ᠂ 42 | ᠮᠠᠯᠵᠢᠬᠤ ᠲᠠᠷᠢᠶᠠᠯᠠᠬᠤ ᠣᠷᠣᠨ ᠤ ᠪᠣᠳᠠᠰ ᠤᠨ ᠭᠦᠢᠯᠭᠡᠭᠡᠨ ᠤ ᠴᠡᠭ ᠢᠶᠠᠷ ᠭᠤᠣᠯ ᠴᠣᠭᠴᠠ ᠪᠣᠯᠭᠠᠵᠣ᠂ ᠰᠢᠣᠳᠠᠨ ᠬᠢᠬᠡᠳ ᠬᠠᠩᠭᠠᠨ ᠪᠣᠷᠣᠯᠠᠭᠤᠯᠬᠤ ᠣᠶᠢᠯᠡᠴᠢᠯᠡᠭᠡ | ᠨᠡᠭᠡᠭᠡᠨ᠂ ᠪᠠᠷᠠᠭ᠎ᠠ᠂ ᠲᠡᠭᠡᠭᠡᠪᠦᠷᠢ᠂ ᠬᠦᠮᠦᠷᠭᠡᠯᠡᠨ ᠬᠠᠳᠠᠭᠠᠯᠠᠬᠤ᠂ ᠲᠣᠬᠢᠷᠠᠭᠤᠯᠣᠨ ᠬᠦᠷᠭᠡᠬᠦ᠂ ᠢᠯᠭᠠᠬᠤ ᠶᠢ ᠨᠢᠭᠡ ᠴᠣᠭᠴᠠᠵᠢᠭᠤᠯᠣᠭᠰᠠᠨ ᠲᠦᠪᠯᠡᠷᠡᠭᠦᠯᠵᠣ | ᠲᠠᠷᠬᠠᠭᠠᠬᠤ ᠪᠣᠳᠠᠰ ᠤᠨ ᠭᠦᠢᠯᠭᠡᠭᠡᠨ ᠤ ᠲᠦᠪ ᠢ ᠪᠠᠶᠢᠭᠤᠯᠵᠣ᠂ ᠲᠠᠷᠢᠶᠠᠯᠠᠩ ᠣᠶᠢᠯᠠᠳᠪᠦᠷᠢᠯᠠᠯ ᠤᠨ ᠬᠡᠷᠡᠭᠰᠡᠯ᠂ ᠮᠠᠯ ᠲᠠᠷᠢᠶᠠᠯᠠᠩ ᠤᠨ ᠪᠦᠳᠦᠭᠳᠡᠭᠦᠨ ᠪᠣᠯᠣᠨ ᠡᠳᠦᠷ | ᠲᠣᠳᠣᠮ ᠤᠨ ᠬᠡᠷᠡᠭᠯᠡᠭᠡᠨ ᠤ ᠲᠠᠸᠠᠷ ᠢ ᠲᠣᠬᠢᠷᠠᠭᠤᠯᠣᠨ ᠬᠦᠷᠭᠡᠬᠦ ᠲᠠᠪᠴᠠᠩ ᠢ ᠪᠠᠶᠢᠭᠤᠯᠣᠨ᠂ ᠪᠦᠬᠦ ᠬᠤᠰᠢᠭᠤᠨ ᠤ 68 ᠭᠠᠴᠠᠭ᠎ᠠ ᠲᠣᠰᠬᠤᠨ ᠢ ᠬᠠᠮᠣᠷᠴᠦ᠂ | ᠬᠤᠰᠢᠭᠤ᠂ ᠪᠠᠯᠭᠠᠰᠣ᠂ ᠭᠠᠴᠠᠭ᠎ᠠ ᠲᠣᠰᠬᠤᠨ ᠭᠤᠷᠪᠠᠨ ᠱᠠᠳᠦ ᠶᠢ ᠪᠦᠷᠭᠦᠭᠰᠡᠨ ᠪᠣᠳᠠᠰ ᠤᠨ ᠭᠦᠢᠯᠭᠡᠭᠡᠨ ᠤ ᠲᠣᠣᠷ ᠢ ᠪᠠᠶᠢᠭᠤᠯᠣᠨ᠎ᠠ᠃ ︽ᠵᠠᠮ ᠬᠠᠷᠢᠯᠴᠠᠭ᠎ᠠ | ᠰᠢᠣᠳᠠᠨ ᠠᠭᠤᠰᠣᠯᠴᠠᠭᠰᠠᠨ᠂ ᠲᠡᠭᠡᠭᠡᠪᠦᠷᠢ ᠰᠢᠣᠳᠠᠨ ᠴᠣᠭᠴᠠᠵᠢᠭᠰᠠᠨ︾ ᠬᠦᠳᠡᠭᠡ ᠲᠣᠰᠬᠤᠨ ᠤ ᠪᠣᠳᠠᠰ ᠤᠨ ᠭᠦᠢᠯᠭᠡᠭᠡᠨ ᠤ ᠣᠶᠢᠯᠡᠴᠢᠯᠡᠭᠡ ᠶᠢᠨ ᠨᠡᠷᠡᠳᠦ | ᠲᠡᠮᠳᠡᠭ ᠢ ᠡᠭᠦᠳᠬᠦ ᠪᠠᠷ ᠮᠡᠳᠡᠭᠦᠯᠦᠨ ᠭᠤᠶᠣᠴᠢᠯᠠᠵᠣ᠂ ᠬᠦᠳᠡᠭᠡ ᠲᠣᠰᠬᠤᠨ ᠤ ᠪᠣᠳᠠᠰ ᠤᠨ ᠭᠦᠢᠯᠭᠡᠭᠡᠨ ᠤ ᠣᠶᠢᠯᠡᠴᠢᠯᠡᠭᠡ ᠶᠢᠨ ᠬᠢᠷᠢ ᠲᠦᠪᠰᠢᠨ ᠢ | ᠲᠡᠭᠡᠭᠰᠢᠯᠡᠭᠦᠯᠦᠨ᠎ᠡ᠃ | ︵ᠲᠠᠪᠤ︶ ᠵᠢᠱᠢᠶ᠎ᠡ ᠦᠵᠡᠭᠦᠯᠦᠨ ᠲᠠᠶᠢᠴᠢᠯᠠᠵᠣ᠂ ᠲᠣᠰᠬᠠᠢ ᠲᠦᠷᠦᠯ ᠢᠶᠠᠷ ᠲᠡᠭᠡᠭᠰᠢᠯᠡᠭᠦᠯᠦᠨ᠂ ᠴᠢᠨᠠᠷᠯᠢᠭ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ | ︾ ᠢ ᠪᠠᠶᠢᠭᠤᠯᠣᠨ᠎ᠠ | 1. ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠴᠡᠭᠴᠡᠯᠡᠯᠳᠡ᠂ ᠦᠵᠡᠰᠭᠦᠯᠡᠩᠳᠦ ᠰᠠᠶᠢᠬᠠᠨ ᠬᠦᠳᠡᠭᠡ ᠲᠣᠰᠬᠤᠨ ᠤ | ᠪᠠᠶᠢᠭᠤᠯᠣᠯᠳᠠ ᠳᠤ ᠲᠦᠰᠢᠭᠯᠡᠨ᠂ ︽ᠦᠵᠡᠰᠭᠦᠯᠡᠩᠳᠦ ᠰᠠᠶᠢᠬᠠᠨ ᠬᠦᠳᠡᠭᠡ ᠲᠣᠰᠬᠤᠨ ᠤ ᠵᠠᠮ︾ ᠤᠨ ᠪᠠᠶᠢᠭᠤᠯᠣᠯᠳᠠ ᠶᠢ ᠢᠳᠡᠪᠬᠢᠳᠡᠢ ᠦᠷᠨᠢᠭᠦᠯᠣᠨ᠎ᠡ᠃ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠣᠷᠴᠢᠨ ᠲᠣᠭᠤᠷᠢᠨ ᠤ ᠴᠡᠭᠴᠡᠯᠡᠯᠳᠡ ᠶᠢᠨ ᠠᠵᠢᠯ ᠤᠨ ᠲᠦᠰᠦᠯ ᠢ ᠰᠣᠳᠣᠯᠣᠨ ᠲᠣᠭᠳᠠᠭᠠᠵᠣ᠂ 2023 ᠣᠨ ᠤ | ᠰᠡᠭᠦᠯᠴᠢ ᠪᠣᠯᠬᠤ ᠳᠤ ᠨᠦᠭᠦᠴᠡᠯ ᠪᠦᠷᠢᠳᠦᠭᠰᠡᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠵᠠᠮ ᠪᠠ ᠲᠠᠷᠢᠶ᠎ᠠ ᠶᠢᠨ ᠬᠤᠪᠢᠶᠠᠷᠢᠯᠠᠯ᠂ ᠵᠠᠮ ᠪᠣᠯᠣᠨ ᠣᠷᠣᠨ | ᠰᠠᠭᠤᠴᠠ ᠶᠢᠨ ᠬᠤᠪᠢᠶᠠᠷᠢᠯᠠᠯ ᠢ ᠪᠦᠬᠦᠨ ᠢ ᠪᠡᠶᠡᠯᠡᠭᠦᠯᠦᠨ᠎ᠡ᠃ X663 ᠲᠦᠩᠽᠢ ᠠᠴᠠ ᠪᠣᠷᠣᠪᠠᠯᠭᠠᠰᠣ ᠬᠦᠷᠬᠦ᠂ X628 ᠨᠠᠩᠰᠦ ᠠᠴᠠ ᠪᠣᠷᠣᠪᠠᠯᠭᠠᠰᠣ ᠬᠦᠷᠬᠦ | 2 ᠵᠣᠷᠪᠣᠰ 85 ᠺᠢᠯᠣᠮᠧᠲᠷ ᠤᠨ ︽ᠦᠵᠡᠰᠭᠦᠯᠡᠩᠳᠦ ᠰᠠᠶᠢᠬᠠᠨ ᠬᠦᠳᠡᠭᠡ ᠲᠣᠰᠬᠤᠨ ᠤ ᠵᠠᠮ︾ ᠢ ᠪᠠᠶᠢᠭᠤᠯᠣᠨ᠎ᠠ᠃ ᠡᠯ᠎ᠡ ᠪᠠᠯᠭᠠᠰᠦᠨ ᠤ ᠵᠠᠰᠠᠭ ᠤᠨ ᠣᠷᠳᠣᠨ | ︽ᠦᠵᠡᠰᠭᠦᠯᠡᠩᠳᠦ ᠰᠠᠶᠢᠬᠠᠨ ᠬᠦᠳᠡᠭᠡ ᠲᠣᠰᠬᠤᠨ ᠤ ᠵᠠᠮ︾ ᠤᠨ ᠪᠠᠷᠢᠮᠵᠢᠶ᠎ᠡ ᠶᠢ ᠦᠨᠳᠦᠰᠦᠯᠡᠨ᠂ ︽ᠰᠠᠭᠠᠳ ᠦᠭᠡᠢ ᠠᠮᠣᠷ ᠲᠦᠪᠰᠢᠨ ᠴᠡᠪᠡᠷ ᠰᠠᠶᠢᠬᠠᠨ︾ | ᠬᠦᠳᠡᠭᠡ ᠲᠣᠰᠬᠤᠨ ᠤ ᠵᠠᠮ ᠤᠨ ᠴᠤᠭᠴᠠᠯᠠᠯᠳᠠ ᠶᠢ ᠵᠣᠬᠢᠶᠠᠨ ᠪᠠᠶᠢᠭᠤᠯᠣᠨ ᠦᠷᠨᠢᠭᠦᠯᠦᠨ᠎ᠡ᠃ 2025 ᠣᠨ ᠰᠡᠭᠦᠯᠴᠢ ᠪᠣᠯᠬᠤ ᠳᠤ ᠪᠦᠬᠦ ᠬᠤᠰᠢᠭᠤᠨ ᠤ | 60% ᠶᠢᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ︽ᠰᠠᠭᠠᠳ ᠦᠭᠡᠢ ᠠᠮᠣᠷ ᠲᠦᠪᠰᠢᠨ ᠴᠡᠪᠡᠷ ᠰᠠᠶᠢᠬᠠᠨ︾ ᠪᠠᠷᠢᠮᠵᠢᠶᠡᠨ ᠳᠤ ᠬᠦᠷᠭᠡᠬᠦ ᠪᠠᠷ | ᠴᠢᠷᠮᠠᠶᠢᠨ᠎ᠠ᠃ | 2. ᠵᠢᠱᠢᠶ᠎ᠡ ᠦᠵᠡᠭᠦᠯᠬᠦ ᠴᠣᠭᠴᠠᠯᠠᠯᠳᠠ ᠶᠢᠨ ᠠᠵᠢᠯᠯᠠᠭᠠᠨ ᠦᠷᠨᠢᠭᠦᠯᠦᠨ᠂ ᠵᠢᠱᠢᠶ᠎ᠡ ᠦᠵᠡᠭᠦᠯᠬᠦ ᠴᠣᠭᠴᠠᠯᠠᠯᠳᠠ ᠶᠢᠨ ᠠᠵᠢᠯ ᠢ ᠭᠦᠨᠵᠡᠭᠡᠶᠢᠷᠡᠭᠦᠯᠦᠨ᠎ᠡ᠃ | ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠤᠨ ᠲᠠᠭᠤᠷᠢᠶᠠᠯ ᠪᠠᠯᠭᠠᠰᠣ᠂ ᠲᠠᠭᠤᠷᠢᠶᠠᠯ ᠭᠠᠴᠠᠭ᠎ᠠ ᠲᠣᠰᠬᠤᠨ᠂ ᠲᠠᠭᠤᠷᠢᠶᠠᠯ ᠵᠠᠮ ᠤᠨ ᠪᠠᠶᠢᠭᠤᠯᠣᠯᠳᠠ ᠶᠢᠨ | ᠠᠵᠢᠯᠯᠠᠭᠠᠨ ᠤ ᠬᠡᠷᠡᠭᠵᠢᠭᠦᠯᠬᠦ ᠲᠦᠰᠦᠯ ᠢ ᠰᠣᠳᠣᠯᠣᠨ ᠲᠣᠭᠳᠠᠭᠠᠵᠣ᠂ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ | ᠪᠠᠶᠢᠭᠤᠯᠣᠯᠳᠠ ᠶᠢ ᠬᠡᠰᠡᠭᠯᠡᠯ ᠲᠠᠶᠢᠴᠢᠯᠠᠯᠳᠠ ᠠᠴᠠ ᠪᠦᠬᠦ ᠴᠠᠷᠠᠭᠠᠨ ᠤ ᠪᠠᠷᠢᠮᠵᠢᠶᠡᠨ ᠳᠤ ᠬᠦᠷᠭᠡᠬᠦ ᠲᠡᠶᠢᠰᠢ ᠬᠤᠪᠢᠷᠠᠭᠤᠯᠬᠤ ᠶᠢ ᠠᠬᠢᠭᠤᠯᠣᠨ᠎ᠠ᠃ ᠨᠢᠭᠡᠨᠳᠡ | ᠨᠡᠷᠡᠶᠢᠳᠦᠭᠰᠡᠨ ᠲᠠᠭᠤᠷᠢᠶᠠᠯ ᠪᠠᠯᠭᠠᠰᠣ᠂ ᠭᠠᠴᠠᠭ᠎ᠠ ᠲᠣᠰᠬᠤᠨ᠂ ᠵᠠᠮ ᠤᠨ ᠬᠠᠮᠢᠶᠠᠷᠣᠯᠳᠠ ᠶᠢ ᠴᠢᠩᠭᠠᠳᠬᠠᠨ᠂ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ | ᠤᠨ ᠲᠠᠭᠤᠷᠢᠶᠠᠯ ᠪᠠᠯᠭᠠᠰᠣ᠂ ᠭᠠᠴᠠᠭ᠎ᠠ ᠲᠣᠰᠬᠤᠨ᠂ ᠵᠠᠮ ᠤᠨ ᠴᠣᠭᠴᠠᠯᠠᠯᠳᠠ ᠶᠢ ᠦᠷᠭᠦᠯᠵᠢᠯᠡᠨ ᠠᠬᠢᠭᠤᠯᠵᠣ᠂ ᠵᠢᠱᠢᠶ᠎ᠡ ᠦᠵᠡᠭᠦᠯᠬᠦ ᠴᠣᠭᠴᠠᠯᠠᠯᠳᠠ ᠶᠢᠨ ᠦᠷ᠎ᠡ | ᠠᠰᠢᠭ ᠢ ᠦᠷᠭᠡᠳᠬᠡᠨ᠂ ᠵᠢᠱᠢᠶ᠎ᠡ ᠦᠵᠡᠭᠦᠯᠬᠦ ᠴᠣᠭᠴᠠᠯᠠᠯᠳᠠ ᠶᠢᠨ ᠶᠠᠰᠦ ᠴᠢᠨᠠᠷ ᠢ ᠲᠡᠭᠡᠭᠰᠢᠯᠡᠭᠦᠯᠣᠨ᠎ᠡ᠃ 2023 ᠣᠨ ᠳᠤ ᠬᠤᠰᠢᠭᠤ ᠲᠡᠰ ᠤᠨ 1 ᠲᠠᠭᠤᠷᠢᠶᠠᠯ | ᠪᠠᠯᠭᠠᠰᠣ᠂ 1 ᠲᠠᠭᠤᠷᠢᠶᠠᠯ ᠭᠠᠴᠠᠭ᠎ᠠ ᠲᠣᠰᠬᠤᠨ᠂ 6 ᠵᠣᠷᠪᠣᠰ ᠲᠠᠭᠤᠷᠢᠶᠠᠯ ᠵᠠᠮ ︵ᠰᠢᠶᠡᠨ ᠤ ᠵᠠᠮ᠂ ᠪᠠᠯᠭᠠᠰᠣᠨ ᠤ ᠵᠠᠮ᠂ ᠭᠠᠴᠠᠭ᠎ᠠ ᠲᠣᠰᠬᠤᠨ ᠵᠠᠮ ᠲᠣᠰ | ᠪᠦᠷᠢ 2 ᠵᠣᠷᠪᠣᠰ︶ ᠢ ᠪᠠᠶᠢᠭᠤᠯᠣᠨ᠎ᠠ᠃ | ︵ᠵᠢᠷᠭᠤᠭ᠎ᠠ︶ ᠬᠤᠪᠢᠰᠬᠠᠯᠳᠦ ᠬᠦᠮᠦᠵᠢᠯ ᠢᠶᠠᠷ ᠬᠦᠳᠡᠯᠭᠡᠭᠦᠷ ᠪᠣᠯᠭᠠᠨ᠂ ᠪᠣᠬᠢᠷᠳᠣᠯ ᠦᠭᠡᠢ ᠪᠠᠷ ᠬᠦᠭᠵᠢᠭᠦᠯᠵᠣ᠂ ︽ᠵᠠᠮ ᠬᠠᠷᠢᠯᠴᠠᠭᠠᠨ ᠤ ᠦᠷᠭᠡᠵᠢᠯ ᠠᠵᠣ | ᠠᠬᠤᠢ︾ ᠶᠢ ᠪᠦᠳᠦᠮᠵᠢᠳᠡᠢ ᠠᠬᠢᠭᠤᠯᠣᠨ᠎ᠠ | 1. ᠵᠠᠮ ᠬᠠᠷᠢᠯᠴᠠᠭᠠᠨ ᠤ ᠣᠳᠣᠷᠢᠳᠣᠮᠵᠢ ᠶᠢᠨ ᠴᠢᠨᠠᠷ ᠢ ᠬᠦᠢᠴᠡᠳ ᠪᠠᠳᠠᠷᠠᠭᠤᠯᠵᠣ᠂ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠢᠶᠠᠷ ᠬᠦᠳᠡᠭᠡ | ᠲᠣᠰᠬᠤᠨ ᠢ ᠬᠦᠭᠵᠢᠭᠦᠯᠦᠨ ᠮᠠᠨᠳᠣᠭᠤᠯᠬᠤ ᠪᠠᠶᠢᠭᠤᠯᠣᠯᠳᠠ ᠶᠢ ᠠᠬᠢᠭᠤᠯᠣᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠠᠶᠢᠭᠤᠯᠣᠯᠳᠠ ᠶᠢ | ︽ᠬᠤᠪᠢᠰᠬᠠᠯᠳᠦ ᠰᠣᠶᠣᠯ︾᠂ ︽ᠲᠠᠷᠢᠶᠠᠯᠠᠬᠤ ᠰᠣᠶᠣᠯ︾᠂ ᠠᠵᠣ ᠣᠶᠢᠯᠠᠰ ᠤᠨ ᠬᠦᠭᠵᠢᠯᠳᠡ ᠲᠠᠢ ᠣᠶᠠᠯᠳᠣᠭᠤᠯᠵᠣ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ | ᠵᠠᠮ ᠬᠢᠬᠡᠳ ᠰᠣᠶᠣᠯ᠂ ᠵᠢᠭᠤᠯᠴᠢᠯᠠᠯ᠂ ᠠᠵᠣ ᠣᠶᠢᠯᠠᠰ ᠤᠨ ᠠᠭᠤᠰᠣᠯᠴᠠᠯ ᠬᠦᠭᠵᠢᠯᠳᠡ ᠶᠢ ᠠᠬᠢᠭᠤᠯᠣᠨ᠂ ᠮᠠᠯᠵᠢᠬᠤ ᠲᠠᠷᠢᠶᠠᠯᠠᠬᠤ ᠣᠷᠣᠨ ᠤ ᠵᠠᠮ ᠵᠠᠰᠠᠮᠠᠯ ᠤᠨ | ᠲᠠᠭᠠᠯᠳᠠ ᠦᠷᠳᠡᠭ ᠢ ᠲᠡᠭᠡᠭᠰᠢᠯᠡᠭᠦᠯᠵᠣ᠂ ︽ᠵᠠᠮ ᠬᠠᠷᠢᠯᠴᠠᠭᠠᠨ ᠤ ᠦᠷᠭᠡᠵᠢᠯ ᠠᠵᠣ ᠠᠬᠤᠢ︾ ᠶᠢᠨ ᠪᠦᠳᠦᠮᠵᠢ ᠶᠢ ᠦᠷᠭᠡᠳᠬᠡᠨ᠎ᠡ᠃ | 2. ᠬᠤᠪᠢᠰᠬᠠᠯᠳᠦ ᠬᠦᠮᠦᠵᠢᠯ ᠤᠨ ᠵᠠᠮ ᠱᠣᠭᠤᠮ ᠢ ᠪᠦᠷᠢᠳᠦᠭᠦᠯᠦᠨ᠂ ᠬᠤᠪᠢᠰᠬᠠᠯᠳᠦ ᠰᠣᠶᠣᠯ ᠢ ᠲᠡᠯᠭᠡᠷᠡᠭᠦᠯᠦᠨ᠎ᠡ᠃ ᠪᠣᠷᠣᠪᠠᠯᠭᠠᠰᠣ ᠶᠢᠨ ᠦᠨᠳᠦᠰᠦᠳᠡᠨ ᠤ | ᠺᠠᠳ᠋ᠷᠴᠣᠳ ᠤᠨ ᠲᠡᠭᠡᠳᠦ ᠰᠣᠷᠭᠠᠭᠤᠯᠢ ᠪᠠᠷ ᠲᠡᠩᠭᠡᠯᠢᠭ ᠪᠣᠯᠭᠠᠨ᠂ ︽1 + 6︾ ᠬᠤᠪᠢᠰᠬᠠᠯᠳᠦ ᠵᠢᠭᠤᠯᠴᠢᠯᠠᠯ ᠤᠨ ᠡᠬᠢ ᠪᠠᠶᠠᠯᠢᠭ ᠪᠣᠯᠣᠨ ᠭᠠᠵᠠᠷ ᠣᠷᠣᠨ ᠤ | ᠦᠪᠡᠷᠮᠢᠴᠡ ᠣᠨᠴᠠᠯᠢᠭ᠂ ᠠᠷᠠᠳ ᠤᠨ ᠰᠠᠶᠢᠬᠠᠨ ᠵᠠᠩ ᠣᠶᠢᠯᠠ ᠳᠤ ᠲᠦᠰᠢᠭᠯᠡᠵᠣ᠂ X663 ᠲᠦᠩᠽᠢ ᠠᠴᠠ ᠪᠣᠷᠣᠪᠠᠯᠭᠠᠰᠣ ᠬᠦᠷᠬᠦ᠂ X628 ᠨᠠᠩᠰᠦ ᠠᠴᠠ | ᠪᠣᠷᠣᠪᠠᠯᠭᠠᠰᠣ ᠬᠦᠷᠬᠦ᠂ X611 ᠪᠣᠷᠣᠪᠠᠯᠭᠠᠰᠣ ᠠᠴᠠ ᠲᠠᠬᠢᠯᠳᠦ ᠬᠦᠷᠬᠦ ᠭᠤᠷᠪᠠᠨ ᠵᠣᠷᠪᠣᠰ ᠬᠤᠪᠢᠰᠬᠠᠯᠳᠦ ᠵᠢᠭᠤᠯᠴᠢᠯᠠᠯ ᠤᠨ ᠵᠠᠰᠠᠮᠠᠯ ᠵᠠᠮ ᠢ ᠴᠤᠭᠴᠠᠯᠠᠨ᠂ ᠵᠠᠮ | ᠲᠠᠭᠤ ᠶᠢᠨ 9 ᠬᠤᠪᠢᠰᠬᠠᠯᠳᠦ ᠵᠢᠭᠤᠯᠴᠢᠯᠠᠯ ᠤᠨ ᠴᠡᠭ᠂ 5 ᠬᠤᠪᠢᠰᠬᠠᠯᠳᠦ ᠬᠦᠮᠦᠵᠢᠯ ᠤᠨ ᠰᠣᠷᠣᠯᠴᠠᠯᠭ᠎ᠠ ᠰᠣᠳᠣᠯᠭᠠᠨ ᠤ ᠪᠡᠶᠡᠴᠢᠯᠡᠨ ᠣᠶᠢᠯᠠᠭᠠᠬᠤ ᠴᠡᠭ᠂ 18 | ᠡᠷᠦᠭᠡ ᠮᠠᠯᠴᠢᠨ ᠲᠠᠷᠢᠶᠠᠴᠢᠨ ᠠᠶᠢᠯ ᠤᠨ ᠪᠠᠶᠠᠰᠣᠯ ᠵᠢᠴᠢ ᠮᠠᠯ ᠲᠠᠷᠢᠶᠠᠯᠠᠩ ᠤᠨ ᠠᠵᠣ ᠣᠶᠢᠯᠠᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠳᠦᠮᠵᠢᠳᠡᠢ | ᠬᠤᠯᠪᠣᠨ ᠠᠪᠴᠠᠯᠳᠣᠭᠤᠯᠣᠨ᠎ᠠ᠃ 2023 ᠣᠨ ᠳᠤ 150 ᠲᠦᠮᠡᠨ ᠬᠦᠮᠦᠨ ᠣᠳᠠᠭ᠎ᠠ ᠪᠣᠯᠪᠠᠰᠣᠷᠠᠯ ᠰᠣᠳᠣᠯᠭ᠎ᠠ ᠰᠣᠷᠣᠯᠴᠠᠯᠭ᠎ᠠ ᠳᠤ ᠣᠷᠣᠯᠴᠠᠭᠰᠠᠳ ᠪᠠ | ᠵᠢᠭᠤᠯᠴᠢᠯᠠᠭᠰᠠᠳ ᠢ ᠬᠦᠯᠢᠶᠡᠨ ᠠᠪᠬᠤ ᠪᠠᠷ ᠲᠦᠯᠦᠪᠯᠡᠵᠣ᠂ ᠵᠢᠭᠤᠯᠴᠢᠯᠠᠯ ᠤᠨ ᠣᠷᠣᠯᠭ᠎ᠠ ᠶᠢ 6 ᠲᠦᠮᠡᠨ ᠲᠦᠬᠦᠷᠢᠭ ᠪᠡᠶᠡᠯᠡᠭᠦᠯᠦᠨ᠎ᠡ᠃ | 3. ᠵᠠᠮ ᠬᠠᠷᠢᠯᠴᠠᠭᠠᠨ ᠤ ᠰᠠᠭᠤᠷᠢ ᠶᠢ ᠪᠠᠬᠢᠵᠢᠭᠦᠯᠦᠨ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠳᠤ ᠬᠦᠴᠦᠨ ᠨᠡᠮᠡᠷᠢᠯᠡᠨ᠎ᠡ᠃ ᠬᠦᠳᠡᠭᠡ | ᠲᠣᠰᠬᠤᠨ ᠤ ᠵᠠᠰᠠᠮᠠᠯ ᠵᠠᠮ ᠢ ᠰᠠᠶᠢᠳᠦᠷ ᠬᠠᠮᠢᠶᠠᠷᠴᠦ᠂ ᠰᠠᠶᠢᠳᠦᠷ ᠬᠠᠮᠠᠭᠠᠯᠠᠨ ᠡᠵᠡᠩᠨᠡᠵᠣ᠂ 4 ᠪᠠᠯᠭᠠᠰᠣ᠂ 68 ᠭᠠᠴᠠᠭ᠎ᠠ ᠲᠣᠰᠬᠤᠨ ᠳᠤ ᠬᠦᠳᠡᠭᠡ ᠲᠣᠰᠬᠤᠨ ᠢ | ᠬᠦᠭᠵᠢᠭᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠬᠡᠷᠡᠭᠵᠢᠭᠦᠯᠦᠨ᠂ ᠮᠠᠯ ᠲᠠᠷᠢᠶᠠᠯᠠᠩ ᠬᠦᠳᠡᠭᠡ ᠲᠣᠰᠬᠤᠨ ᠤ ᠣᠳᠣᠬᠢᠴᠢᠯᠠᠯᠳᠠ ᠶᠢ ᠪᠡᠶᠡᠯᠡᠭᠦᠯᠬᠦ ᠳᠤ ᠵᠠᠮ | ᠬᠠᠷᠢᠯᠴᠠᠭᠠᠨ ᠤ ᠪᠠᠳᠣᠯᠠᠭ᠎ᠠ ᠬᠠᠩᠭᠠᠨ᠎ᠠ᠃ ᠵᠠᠰᠠᠮᠠᠯ ᠵᠠᠮ ᠲᠠᠭᠤ ᠶᠢᠨ 33190 ᠭᠠᠷᠣᠢ ᠡᠷᠦᠭᠡ ᠶᠢᠨ ᠮᠠᠯᠴᠢᠨ ᠲᠠᠷᠢᠶᠠᠴᠢᠨ ︽ᠲᠦᠷᠪᠡᠨ ᠰᠠᠶᠢᠳᠠᠢ ᠬᠦᠳᠡᠭᠡ | ᠲᠣᠰᠬᠤᠨ ᠤ ᠵᠠᠮ︾ ᠤᠨ ᠪᠠᠶᠢᠭᠤᠯᠣᠯᠳᠠ ᠳᠤ ᠲᠦᠰᠢᠭᠯᠡᠨ᠂ 2023 ᠣᠨ ᠳᠤ ᠴᠢᠨᠠᠷᠯᠢᠭ ᠮᠠᠯ ᠤᠨ ᠭᠠᠷᠭᠠᠯᠠᠳᠠ ᠪᠣᠯᠣᠨ ᠨᠣᠭᠤᠭ᠎ᠠ ᠵᠢᠮᠢᠰ ᠤᠨ ᠭᠠᠷᠣᠯᠳᠠ ᠶᠢ | ᠲᠣᠰ ᠲᠣᠰ 200 ᠲᠦᠮᠡᠨ ᠲᠣᠯᠣᠭᠠᠢ ᠪᠣᠯᠣᠨ 30 ᠲᠦᠮᠡᠨ ᠲᠣᠨ ᠳᠤ ᠬᠦᠷᠭᠡᠵᠣ᠂ ︽ᠣᠳᠤᠭ ᠤᠨ ᠡᠮᠦᠨᠡᠳᠦ ᠬᠤᠰᠢᠭᠤᠨ ᠤ ᠦᠬᠡᠷ ᠬᠤᠨᠢᠨ ᠮᠢᠬ᠎ᠠ︾᠂ | ︽ᠶᠡᠭᠡ ᠲᠣᠬᠤᠢ ᠶᠢᠨ ᠬᠡᠭᠡᠷ᠎ᠡ ᠶᠢᠨ ᠵᠢᠭᠠᠰᠦ︾᠂ ᠪᠣᠷᠣᠪᠠᠯᠭᠠᠰᠣ ᠪᠠᠯᠭᠠᠰᠣᠨ ᠤ ︽ᠶᠸᠣᠵᠸᠦ ᠲᠡᠮᠳᠡᠭᠳᠦ︾ ᠯᠠᠵᠣᠣ᠂ ︽ᠪᠢ ᠢᠦᠢ ᠲᠡᠮᠳᠡᠭᠳᠦ︾ ᠲᠠᠷᠪᠣᠰ ᠵᠡᠷᠭᠡ | ᠪᠣᠬᠢᠷᠳᠣᠯ ᠦᠭᠡᠢ ᠲᠠᠷᠢᠶᠠᠯᠠᠩ ᠤᠨ ᠪᠦᠳᠦᠭᠡᠭᠳᠡᠭᠦᠨ ᠤ ᠵᠢᠯ ᠤᠨ ᠪᠣᠷᠣᠯᠠᠭᠤᠯᠭ᠎ᠠ ᠶᠢ 25 ᠳ᠋ᠦᠩᠰᠢᠭᠤᠷ ᠲᠦᠭᠦᠷᠢᠭ ᠲᠤ ᠬᠦᠷᠭᠡᠵᠣ᠂ ᠲᠠᠬᠢᠯᠳᠦ ᠶᠢᠨ ᠠᠮᠢᠳᠦ ᠮᠠᠯ | ᠤᠨ ᠠᠷᠠᠯᠵᠢᠶᠠᠨ ᠤ ᠵᠠᠬ᠎ᠠ ᠲᠡᠯᠭᠡᠭᠦᠷ᠂ ᠪᠣᠷᠣᠪᠠᠯᠭᠠᠰᠣ ᠪᠠᠯᠭᠠᠰᠣ᠂ ᠣᠯᠵᠠᠴᠢ ᠪᠠᠯᠭᠠᠰᠣᠨ ᠤ ᠴᠣᠭᠯᠠᠭ᠎ᠠ ᠠᠷᠠᠯᠵᠢᠶᠠᠨ ᠤ ᠵᠠᠬ᠎ᠠ ᠲᠡᠯᠭᠡᠭᠦᠷ ᠵᠢᠴᠢ ᠵᠠᠮ ᠲᠠᠭᠤ ᠶᠢᠨ | ᠮᠠᠯ ᠲᠠᠷᠢᠶᠠᠯᠠᠩ ᠤᠨ ᠠᠵᠣ ᠣᠶᠢᠯᠠᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠠᠷᠠᠯᠵᠢᠶ᠎ᠠ ᠶᠢ ᠲᠠᠶᠢᠴᠢᠯᠠᠨ 28 ᠳ᠋ᠦᠩᠰᠢᠭᠤᠷ ᠲᠦᠭᠦᠷᠢᠭ ᠲᠤ | ᠬᠦᠷᠭᠡᠨ᠎ᠡ᠃ | ᠲᠠᠪᠤ᠂ ᠪᠠᠳᠣᠯᠠᠭ᠎ᠠ ᠶᠢᠨ ᠠᠷᠭ᠎ᠠ ᠠᠪᠴᠠᠯ | ︵ᠨᠢᠭᠡ︶ ᠵᠣᠬᠢᠶᠠᠨ ᠪᠠᠶᠢᠭᠤᠯᠣᠯᠳᠠ ᠪᠠᠷ ᠪᠠᠳᠣᠯᠠᠨ᠎ᠠ᠃ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠤᠨ ᠪᠦᠬᠦ ᠣᠯᠣᠰ ᠤᠨ ᠲᠠᠭᠤᠷᠢᠶᠠᠯ ᠰᠢᠶᠠᠨ | ᠤ ᠴᠣᠭᠴᠠᠯᠠᠯᠳᠠ ᠶᠢᠨ ᠠᠵᠢᠯ ᠤᠨ ᠣᠳᠣᠷᠢᠳᠬᠤ ᠲᠣᠭᠤᠶᠢᠯᠠᠩ ᠢ ᠪᠠᠶᠢᠭᠤᠯᠣᠨ᠂ ᠵᠠᠰᠠᠭ ᠤᠨ ᠣᠷᠳᠣᠨ ᠤ ᠬᠤᠰᠢᠭᠤ ᠲᠠᠷᠤᠭ᠎ᠠ ᠲᠣᠭᠤᠶᠢᠯᠠᠩ ᠤᠨ ᠲᠠᠷᠤᠭ᠎ᠠ ᠶᠢᠨ | ᠬᠠᠷᠢᠭᠤᠴᠠᠯᠭ᠎ᠠ ᠶᠢ ᠡᠭᠦᠷᠬᠡᠯᠡᠨ᠂ ᠵᠠᠮ ᠬᠠᠷᠢᠯᠴᠠᠭ᠎ᠠ ᠶᠢ ᠬᠤᠪᠢᠳᠠᠨ ᠬᠠᠮᠢᠶᠠᠷᠬᠤ ᠲᠡᠳ᠋ ᠬᠤᠰᠢᠭᠤ ᠲᠠᠷᠤᠭ᠎ᠠ ᠲᠣᠭᠤᠶᠢᠯᠠᠩ ᠤᠨ ᠲᠡᠳ᠋ ᠲᠠᠷᠤᠭ᠎ᠠ ᠶᠢᠨ ᠬᠠᠷᠢᠭᠤᠴᠠᠯᠭ᠎ᠠ | ᠶᠢ ᠡᠭᠦᠷᠭᠡᠯᠡᠵᠣ᠂ ᠵᠠᠮ ᠬᠠᠷᠢᠯᠴᠠᠭ᠎ᠠ ᠵᠠᠮ ᠲᠡᠭᠡᠭᠡᠪᠦᠷᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠦᠭᠡᠷᠡᠴᠢᠯᠡᠯᠳᠡ ᠬᠦᠭᠵᠢᠭᠦᠯᠦᠯᠳᠡ ᠶᠢᠨ ᠵᠦᠪᠯᠡᠯ᠂ | ᠰᠣᠶᠣᠯ ᠵᠢᠭᠤᠯᠴᠢᠯᠠᠯ ᠤᠨ ᠲᠣᠪᠴᠢᠶ᠎ᠠ᠂ ᠰᠣᠷᠭᠠᠨ ᠬᠦᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠪᠦᠯᠦᠭᠯᠡᠯ ᠤᠨ ᠬᠢᠵᠠᠭᠠᠷᠳᠦ | ᠺᠣᠮᠫᠠᠨᠢ᠂ ᠮᠠᠯ ᠲᠠᠷᠢᠶᠠᠯᠠᠩ ᠤᠨ ᠲᠣᠪᠴᠢᠶ᠎ᠡ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠬᠦᠭᠵᠢᠭᠦᠯᠦᠯᠳᠡ ᠶᠢᠨ ᠲᠦᠪ᠂ ᠰᠢᠣᠳᠠᠨ ᠺᠣᠮᠫᠠᠨᠢ᠂ | ᠲᠣᠳᠣᠭᠠᠳᠦ ᠶᠢ ᠬᠠᠮᠠᠭᠠᠯᠠᠬᠤ ᠲᠣᠪᠴᠢᠶ᠎ᠠ᠂ ᠪᠠᠴᠢᠮ ᠢ ᠠᠷᠭᠠᠴᠠᠬᠤ ᠬᠠᠮᠢᠶᠠᠷᠣᠯᠳᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ | ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠣᠢ ᠰᠢᠭᠤᠢ ᠨᠣᠳᠤᠭ ᠪᠡᠯᠴᠢᠭᠡᠷ ᠤᠨ ᠲᠣᠪᠴᠢᠶ᠎ᠠ᠂ ᠡᠯ᠎ᠡ ᠪᠠᠯᠭᠠᠰᠣᠨ ᠤ ᠭᠤᠣᠯ ᠬᠠᠷᠢᠭᠤᠴᠠᠯᠭᠠᠳᠠᠳ | ᠪᠦᠷᠢᠯᠳᠦᠭᠦᠨ ᠪᠣᠯᠵᠣ᠂ ᠬᠤᠰᠢᠭᠤ ᠵᠠᠮ ᠬᠠᠷᠢᠯᠴᠠᠭ᠎ᠠ ᠵᠠᠮ ᠲᠡᠭᠡᠭᠡᠪᠦᠷᠢ ᠶᠢᠨ ᠲᠣᠪᠴᠢᠶᠠᠨ ᠳᠤ ᠣᠳᠣᠷᠢᠳᠬᠤ ᠲᠣᠭᠤᠶᠢᠯᠠᠩ ᠤᠨ ᠠᠯᠪᠠᠨ ᠭᠡᠷ ᠭᠠᠷᠭᠠᠵᠣ᠂ | ᠬᠤᠰᠢᠭᠤ ᠵᠠᠮ ᠬᠠᠷᠢᠯᠴᠠᠭ᠎ᠠ ᠵᠠᠮ ᠲᠡᠭᠡᠭᠡᠪᠦᠷᠢ ᠶᠢᠨ ᠲᠣᠪᠴᠢᠶᠠᠨ ᠲᠠᠷᠤᠭ᠎ᠠ ᠠᠯᠪᠠᠨ ᠭᠡᠷ ᠤᠨ ᠡᠷᠬᠢᠯᠡᠭᠴᠢ ᠶᠢᠨ ᠲᠣᠰᠢᠶᠠᠯ ᠢ ᠬᠠᠪᠰᠣᠷᠭᠠᠨ᠂ ︽ᠲᠦᠷᠪᠠᠨ ᠰᠠᠶᠢᠳᠠᠢ | ᠬᠦᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠴᠣᠭᠴᠠᠯᠠᠯᠳᠠ ᠶᠢᠨ ᠴᠢᠬᠤᠯᠠ ᠪᠣᠳᠣᠯᠭ᠎ᠠ ᠠᠷᠭ᠎ᠠ ᠠᠪᠴᠠᠯ ᠢ ᠰᠣᠳᠣᠯᠣᠨ ᠲᠣᠭᠳᠠᠭᠠᠬᠤ ᠶᠢ ᠪᠣᠳᠠᠳᠠᠢ | ᠬᠠᠷᠢᠭᠤᠴᠠᠨ ᠵᠣᠬᠢᠶᠠᠨ ᠪᠠᠶᠢᠭᠤᠯᠵᠣ᠂ ᠬᠦᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠳᠠ ᠬᠠᠮᠠᠭᠠᠯᠠᠯᠳᠠ ᠶᠢᠨ ᠠᠵᠢᠯ ᠤᠨ ᠲᠣᠭᠳᠠᠴᠠ ᠲᠣᠭᠳᠠᠯᠴᠠᠭ᠎ᠠ ᠶᠢ | ᠲᠡᠭᠦᠯᠳᠡᠷᠵᠢᠭᠦᠯᠦᠨ᠂ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠣᠨ ᠰᠢᠢᠳᠪᠦᠷᠢᠯᠡᠵᠣ᠂ ᠴᠢᠬᠤᠯᠠ ᠶᠡᠭᠡ ᠠᠵᠢᠯ ᠢ ᠱᠠᠭᠠᠷᠳᠠᠨ ᠠᠬᠢᠭᠤᠯᠵᠣ᠂ ᠪᠡᠯᠡ ᠮᠦᠩᠭᠦᠨ ᠤ | ᠪᠠᠳᠣᠯᠠᠭ᠎ᠠ ᠶᠢ ᠨᠠᠶᠢᠳᠠᠪᠦᠷᠢᠵᠢᠭᠤᠯᠣᠨ᠂ ᠬᠠᠮᠢᠶ᠎ᠠ ᠪᠦᠬᠦᠢ ᠰᠠᠯᠠᠭ᠎ᠠ ᠮᠦᠴᠢᠷ ᠢ ᠱᠠᠭᠠᠷᠳᠠᠨ ᠡᠭᠦᠷᠭᠡ ᠬᠠᠷᠢᠭᠤᠴᠠᠯᠭ᠎ᠠ ᠶᠢ ᠨᠢ ᠦᠨᠡᠨ ᠬᠦ ᠭᠦᠢᠴᠡᠳᠬᠡᠭᠦᠯᠵᠣ᠂ ᠠᠵᠢᠯ | ᠤᠨ ᠨᠠᠶᠢᠳᠠᠪᠦᠷᠢᠵᠢᠭᠤᠯᠣᠯᠳᠠ ᠶᠢ ᠠᠬᠢᠭᠤᠯᠣᠨ᠎ᠠ᠃ ᠡᠭᠦᠨ ᠤ ᠬᠠᠮᠳᠦ᠂ ︽ᠰᠢᠶᠠᠨ ᠤ ᠵᠠᠮ ᠢ ᠰᠢᠶᠠᠨ ᠠᠴᠠ ᠬᠠᠮᠢᠶᠠᠷᠬᠤ᠂ ᠬᠦᠳᠡᠭᠡ ᠲᠣᠰᠬᠤᠨ ᠤ ᠵᠠᠮ ᠢ ᠬᠦᠳᠡᠭᠡ | ᠲᠣᠰᠬᠤᠨ ᠠᠴᠠ ᠬᠠᠮᠢᠶᠠᠷᠬᠤ︾ ᠵᠠᠷᠴᠢᠮ ᠢ ᠦᠳᠦᠰᠦᠯᠡᠨ᠂ ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ | ᠵᠠᠮ ᠤᠨ ᠬᠠᠮᠢᠶᠠᠷᠣᠯᠳᠠ ᠶᠢᠨ ᠡᠷᠭᠡ ᠪᠣᠯᠣᠨ ᠬᠠᠷᠢᠭᠤᠴᠠᠯᠭ᠎ᠠ ᠶᠢᠨ ᠲᠠᠩᠰᠠᠨ ᠪᠠᠶᠢᠭᠤᠯᠣᠨ᠎ᠠ᠃ | ᠡᠯ᠎ᠡ ᠪᠠᠯᠭᠠᠰᠣ ᠵᠢᠴᠢ ᠬᠠᠮᠢᠶ᠎ᠠ ᠪᠦᠬᠦᠢ ᠪᠠᠶᠢᠭᠤᠯᠭ᠎ᠠ ᠵᠣᠬᠢᠴᠠᠭᠤᠯᠭ᠎ᠠ ᠬᠠᠮᠳᠣᠷᠠᠯᠴᠠᠭ᠎ᠠ ᠪᠠᠨ ᠴᠢᠩᠭᠠᠳᠬᠠᠨ᠂ ᠠᠵᠢᠯ ᠤᠨ ᠬᠠᠮᠳᠣᠷᠠᠯ ᠬᠦᠴᠦᠨ ᠢ | ᠪᠦᠷᠢᠯᠳᠦᠭᠦᠯᠵᠣ᠂ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠤᠨ ᠪᠦᠬᠦ ᠣᠯᠣᠰ ᠤᠨ ᠲᠠᠭᠤᠷᠢᠶᠠᠯ ᠰᠢᠶᠠᠨ ᠤ ᠴᠣᠭᠴᠠᠯᠠᠯᠳᠠ ᠶᠢᠨ ᠠᠵᠢᠯ ᠢ | ᠯᠠᠪᠳᠠᠭᠤᠨ ᠪᠠᠳᠣᠳᠠᠢ ᠡᠮᠬᠢ ᠲᠢᠭᠯᠢᠮ ᠲᠠᠢ ᠠᠬᠢᠭᠤᠯᠣᠨ᠎ᠠ᠃ ᠬᠤᠰᠢᠭᠤ ᠵᠠᠮ ᠬᠠᠷᠢᠯᠴᠠᠭ᠎ᠠ ᠵᠠᠮ ᠲᠡᠭᠡᠭᠡᠪᠦᠷᠢ ᠶᠢᠨ ᠲᠣᠪᠴᠢᠶ᠎ᠠ ᠮᠠᠯᠵᠢᠬᠤ ᠲᠠᠷᠢᠶᠠᠯᠠᠬᠤ ᠣᠷᠣᠨ ᠤ | ᠵᠠᠰᠠᠮᠠᠯ ᠵᠠᠮ ᠤᠨ ᠪᠠᠶᠢᠭᠤᠯᠣᠯᠳᠠ ᠬᠠᠮᠢᠶᠠᠷᠣᠯᠳᠠ ᠠᠷᠠᠴᠢᠯᠠᠯᠳᠠ ᠠᠵᠢᠯᠯᠠᠮᠵᠢ ᠶᠢᠨ ᠲᠦᠯᠦᠪᠯᠡᠭᠡ ᠲᠣᠭᠳᠠᠭᠠᠯᠳᠠ᠂ ᠬᠡᠷᠡᠭᠵᠢᠭᠦᠯᠦᠯᠳᠡ ᠶᠢᠨ ᠪᠠᠶᠢᠳᠠᠯ ᠪᠣᠯᠣᠨ | ᠪᠠᠶᠢᠭᠤᠯᠣᠯᠳᠠ ᠠᠷᠠᠴᠢᠯᠠᠯᠳᠠ ᠬᠠᠮᠠᠭᠠᠯᠠᠯᠳᠠ ᠶᠢᠨ ᠴᠢᠨᠠᠷ ᠢ ᠬᠠᠷᠢᠭᠤᠴᠠᠵᠣ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠠᠶᠢᠭᠤᠯᠣᠯᠳᠠ᠂ ᠬᠠᠮᠢᠶᠠᠷᠣᠯᠳᠠ | ᠠᠷᠠᠴᠢᠯᠠᠯᠳᠠ ᠬᠠᠮᠠᠭᠠᠯᠠᠯᠳᠠ ᠶᠢᠨ ᠠᠵᠢᠯ ᠢ ᠵᠢᠯᠣᠭᠤᠳᠣᠨ ᠬᠢᠨᠠᠨ ᠪᠠᠶᠢᠴᠠᠭᠠᠵᠣ᠂ ᠨᠡᠶᠢᠳᠡ ᠶᠢᠨ ᠡᠳ᠋ ᠤᠨ ᠵᠠᠰᠠᠭ ᠤᠨ ︽ᠲᠦᠷᠪᠡᠨ ᠰᠠᠶᠢᠳᠠᠢ ᠬᠦᠳᠡᠭᠡ ᠲᠣᠰᠬᠤᠨ | ᠤ ᠵᠠᠮ︾ ᠤᠨ ᠪᠠᠶᠢᠭᠤᠯᠣᠯᠳᠠ ᠳᠤ ᠬᠡᠷᠡᠭᠯᠡᠭᠦ ᠪᠡᠯᠡ ᠮᠦᠩᠭᠦ ᠳᠤ ᠪᠦᠬᠦ ᠶᠠᠪᠣᠴᠠ ᠶᠢᠨ ᠲᠦᠰᠦᠪ ᠤᠨ ᠪᠦᠳᠦᠮᠵᠢ ᠶᠢᠨ ᠬᠠᠮᠢᠶᠠᠷᠣᠯᠳᠠ ᠶᠠᠪᠣᠭᠳᠠᠭᠤᠯᠣᠨ᠎ᠠ︔ | ᠬᠤᠰᠢᠭᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ | ᠲᠣᠪᠴᠢᠶ᠎ᠠ᠂ ᠣᠢ ᠰᠢᠭᠤᠢ ᠨᠣᠳᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠦᠴᠢᠷ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠳᠤ ᠬᠡᠷᠡᠭᠯᠡᠭᠦ ᠭᠠᠵᠠᠷ᠂ | ᠮᠡᠲ᠋ᠧᠷᠢᠶᠡᠯ ᠤᠨ ᠲᠠᠯᠠᠪᠠᠢ ᠶᠢ ᠬᠠᠷᠢᠭᠤᠴᠠᠵᠣ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠠᠷᠢᠯᠭ᠎ᠠ ᠶᠢᠨ ᠲᠦᠷᠦᠯ ᠵᠣᠶᠢᠯ ᠤᠨ ᠴᠣᠬᠤᠯᠠᠪᠦᠷᠢᠯᠠᠯᠳᠠ ᠶᠢ | ᠠᠬᠢᠭᠤᠯᠬᠤ ᠳᠤ ᠬᠠᠪᠰᠣᠷᠣᠯᠴᠠᠨᠠ︔ ᠬᠤᠰᠢᠭᠤ ᠲᠣᠳᠣᠭᠠᠳᠦ ᠶᠢ ᠬᠠᠮᠠᠭᠠᠯᠠᠬᠤ ᠲᠣᠪᠴᠢᠶ᠎ᠠ᠂ ᠪᠠᠴᠢᠮ ᠢ ᠠᠷᠭᠠᠴᠠᠬᠤ ᠬᠠᠮᠢᠶᠠᠷᠣᠯᠳᠠ ᠶᠢᠨ ᠲᠣᠪᠴᠢᠶ᠎ᠠ ᠮᠠᠯᠵᠢᠬᠤ | ᠲᠠᠷᠢᠶᠠᠯᠠᠬᠤ ᠣᠷᠣᠨ ᠤ ᠵᠠᠮ ᠤᠨ ᠵᠠᠮ ᠨᠡᠪᠳᠡᠷᠡᠯᠭᠡ ᠶᠢ ᠰᠢᠯᠭᠠᠨ ᠬᠤᠷᠢᠶᠠᠬᠤ ᠪᠠ ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ ᠶᠢᠨ ᠠᠵᠢᠯ ᠳᠤ ᠣᠷᠣᠯᠴᠠᠨ᠎ᠠ︔ | ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠠᠶᠢᠭᠤᠯᠣᠯᠳᠠ᠂ ᠬᠠᠮᠢᠶᠠᠷᠣᠯᠳᠠ᠂ ᠠᠷᠠᠴᠢᠯᠠᠯᠳᠠ ᠬᠠᠮᠠᠭᠠᠯᠠᠯᠳᠠ᠂ | ᠠᠵᠢᠯᠯᠠᠮᠵᠢ ᠡᠵᠡᠩᠨᠡᠯᠳᠡ ᠶᠢᠨ ᠪᠡᠯᠡ ᠮᠦᠩᠭᠦ ᠴᠣᠭᠯᠠᠭᠤᠯᠬᠤ ᠶᠢ ᠬᠠᠷᠢᠭᠤᠴᠠᠨ᠂ ᠡᠯ᠎ᠡ ᠱᠠᠳᠣᠨ ᠤ ᠨᠡᠶᠢᠳᠡ ᠶᠢᠨ ᠡᠳ᠋ ᠤᠨ ᠵᠠᠰᠠᠭ ᠠᠴᠠ ᠮᠠᠯᠵᠢᠬᠤ ᠲᠠᠷᠢᠶᠠᠯᠠᠬᠤ | ᠣᠷᠣᠨ ᠤ ᠵᠠᠰᠠᠮᠠᠯ ᠵᠠᠮ ᠳᠤ ᠬᠡᠷᠡᠭᠯᠡᠭᠦ ᠪᠡᠯᠡ ᠮᠦᠩᠭᠦᠨ ᠳᠤ ᠪᠦᠳᠦᠮᠵᠢ ᠶᠢᠨ ᠦᠨᠡᠯᠡᠯᠳᠡ ᠬᠢᠨ᠎ᠠ︔ ᠬᠤᠰᠢᠭᠤ ᠰᠣᠶᠣᠯ ᠵᠢᠭᠤᠯᠴᠢᠯᠠᠯ ᠤᠨ ᠲᠣᠪᠴᠢᠶ᠎ᠠ᠂ ᠰᠣᠷᠭᠠᠨ | ᠬᠦᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠪᠦᠯᠦᠭᠯᠡᠯ ᠤᠨ ᠬᠢᠵᠠᠭᠠᠷᠳᠦ ᠺᠣᠮᠫᠠᠨᠢ ᠬᠤᠪᠢᠰᠬᠠᠯᠳᠦ ᠵᠢᠭᠤᠯᠴᠢᠯᠠᠯ ᠤᠨ ᠵᠠᠰᠠᠮᠠᠯ ᠵᠠᠮ | ᠲᠠᠭᠤ ᠶᠢᠨ ᠵᠢᠭᠤᠯᠴᠢᠯᠠᠯ ᠤᠨ ᠴᠡᠭ ᠤᠨ ᠲᠦᠯᠦᠪᠵᠢᠭᠦᠯᠭᠡ ᠪᠠᠶᠢᠭᠤᠯᠣᠯᠳᠠ ᠪᠣᠯᠣᠨ ᠬᠤᠪᠢᠰᠬᠠᠯᠳᠦ ᠪᠣᠯᠪᠠᠰᠣᠷᠠᠯ ᠬᠦᠮᠦᠵᠢᠯ ᠳᠤ ᠬᠠᠮᠵᠢᠯᠴᠠᠬᠤ ᠶᠢ ᠬᠠᠷᠢᠭᠤᠴᠠᠨ᠎ᠠ︔ | ᠬᠤᠰᠢᠭᠤ ᠮᠠᠯ ᠲᠠᠷᠢᠶᠠᠯᠠᠩ ᠤᠨ ᠲᠣᠪᠴᠢᠶ᠎ᠠ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠠᠵᠢᠯ ᠣᠶᠢᠯᠠᠰ ᠤᠨ ᠲᠦᠪ ᠮᠠᠯᠵᠢᠬᠤ ᠲᠠᠷᠢᠶᠠᠯᠠᠬᠤ ᠣᠷᠣᠨ | ᠤ ᠵᠠᠰᠠᠮᠠᠯ ᠵᠠᠮ ᠤᠨ ᠣᠷᠴᠢᠨ ᠲᠣᠭᠤᠷᠢᠨ ᠤ ᠴᠡᠭᠴᠡᠯᠡᠯᠳᠡ ᠪᠣᠯᠣᠨ ᠮᠠᠯ ᠲᠠᠷᠢᠶᠠᠯᠠᠩ ᠤᠨ ᠠᠵᠣ ᠣᠶᠢᠯᠠᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠬᠦᠳᠡᠭᠡ | ᠲᠣᠰᠬᠤᠨ ᠤ ᠵᠠᠰᠠᠮᠠᠯ ᠵᠠᠮ ᠯᠤᠭ᠎ᠠ ᠪᠦᠳᠦᠮᠵᠢᠳᠡᠢ ᠠᠪᠴᠠᠯᠳᠣᠭᠤᠯᠬᠤ ᠠᠵᠢᠯ ᠢ ᠬᠠᠮᠵᠢᠯᠴᠠᠨ ᠠᠬᠢᠭᠤᠯᠬᠤ ᠶᠢ ᠬᠠᠷᠢᠭᠤᠴᠠᠨ᠎ᠠ︔ ᠰᠢᠣᠳᠠᠨ ᠤ ᠺᠣᠮᠫᠠᠨᠢ | ᠭᠤᠷᠪᠠᠳᠣᠭᠠᠷ ᠲᠡᠰ ᠤᠨ ᠪᠣᠳᠠᠰ ᠤᠨ ᠭᠦᠢᠯᠭᠡᠭᠡᠨ ᠤ ᠴᠡᠭ ᠤᠨ ᠪᠠᠶᠢᠭᠤᠯᠣᠯᠳᠠ ᠪᠣᠯᠣᠨ ︽ᠵᠠᠮ ᠬᠠᠷᠢᠯᠴᠠᠭ᠎ᠠ ᠰᠢᠣᠳᠠ ᠢ ᠠᠭᠤᠰᠣᠯᠴᠠᠭᠤᠯᠬᠤ᠂ ᠵᠠᠮ ᠲᠡᠭᠡᠭᠡᠪᠦᠷᠢ | ᠰᠢᠣᠳᠠᠨ ᠢ ᠴᠣᠭᠴᠠᠵᠢᠭᠤᠯᠬᠤ︾ ᠬᠦᠳᠡᠭᠡ ᠲᠣᠰᠬᠤᠨ ᠤ ᠪᠣᠳᠠᠰ ᠤᠨ ᠭᠦᠢᠯᠭᠡᠭᠡᠨ ᠤ ᠣᠶᠢᠯᠡᠴᠢᠯᠡᠭᠡ ᠶᠢᠨ ᠨᠡᠷᠡᠳᠦ ᠲᠡᠮᠳᠡᠭ ᠢ ᠡᠭᠦᠳᠬᠦ ᠳᠤ ᠬᠠᠮᠵᠢᠯᠴᠠᠬᠤ ᠶᠢ | ᠬᠠᠷᠢᠭᠤᠴᠠᠨ᠎ᠠ︔ ᠡᠯ᠎ᠡ ᠪᠠᠯᠭᠠᠰᠣ ᠬᠠᠷᠢᠶᠠᠯᠠᠭᠳᠠᠬᠤ ᠬᠦᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠯᠳᠠ ᠬᠠᠮᠠᠭᠠᠯᠠᠯᠳᠠ ᠬᠠᠮᠢᠶᠠᠷᠣᠯᠳᠠ ᠶᠢ ᠬᠠᠷᠢᠭᠤᠴᠠᠨ᠂ | ᠪᠦᠬᠦ ᠣᠯᠣᠰ ᠤᠨ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠤᠨ ᠲᠠᠭᠤᠷᠢᠶᠠᠯ ᠰᠢᠶᠠᠨ ᠤ ᠪᠠᠶᠢᠭᠤᠯᠣᠯᠳᠠ ᠶᠢᠨ ᠬᠠᠮᠢᠶ᠎ᠠ ᠪᠦᠬᠦᠢ ᠠᠵᠢᠯ ᠳᠤ | ᠬᠠᠮᠵᠢᠯᠴᠠᠨ᠎ᠠ᠃ | ︵ᠬᠤᠶᠠᠷ︶ ᠪᠡᠯᠡ ᠮᠦᠩᠭᠦ ᠶᠢ ᠪᠠᠳᠣᠯᠠᠨ᠎ᠠ᠃ ︽ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠣᠯᠳᠠ ᠠᠷᠠᠴᠢᠯᠠᠯᠳᠠ ᠬᠠᠮᠠᠭᠠᠯᠠᠯᠳᠠ ᠶᠢᠨ | ᠲᠣᠭᠳᠠᠴᠠ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠲᠣᠬᠠᠢ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠦᠪᠦᠷ ᠵᠠᠰᠠᠭ ᠠᠯᠪᠠᠨ ᠲᠠᠷᠬᠠᠭᠠᠭᠰᠠᠨ ﹇2020﹈ 14 ᠲᠣᠭᠠᠳᠦ︶ ᠤᠨ ᠱᠠᠭᠠᠷᠳᠠᠯᠭ᠎ᠠ ᠶᠢ ᠦᠨᠳᠦᠰᠦᠯᠡᠨ᠂ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠣᠯᠳᠠ ᠠᠷᠠᠴᠢᠯᠠᠯᠳᠠ ᠬᠠᠮᠠᠭᠠᠯᠠᠯᠳᠠ ᠶᠢᠨ ᠪᠡᠯᠡ ᠮᠦᠩᠭᠦ ᠲᠤᠭ᠎ᠠ ᠶᠢ ᠶᠣᠰᠣᠭᠠᠷ ᠣᠷᠣᠨᠵᠢᠭᠤᠯᠣᠨ | ᠨᠠᠶᠢᠳᠠᠪᠦᠷᠢᠵᠢᠭᠤᠯᠣᠨ᠎ᠠ᠃ 2023 ᠣᠨ ᠳᠤ ᠬᠦᠳᠡᠭᠡ ᠲᠣᠰᠬᠤᠨ ᠤ ᠵᠠᠰᠠᠮᠠᠯ ᠵᠠᠮ ᠤᠨ ᠡᠳᠦᠷ ᠲᠣᠳᠣᠮ ᠤᠨ ᠠᠷᠠᠴᠢᠯᠠᠯᠳᠠ ᠬᠠᠮᠠᠭᠠᠯᠠᠯᠳᠠ ᠶᠢᠨ ᠪᠡᠯᠡ ᠮᠦᠩᠭᠦ | ᠶᠢᠨ ᠣᠷᠣᠭᠤᠯᠣᠯᠳᠠ ᠶᠢᠨ ᠡᠷᠴᠢᠮ ᠢ ᠴᠢᠩᠭᠠᠳᠬᠠᠨ᠂ ᠨᠠᠶᠢᠳᠠᠪᠦᠷᠢᠵᠢᠭᠤᠯᠪᠠᠰᠦ ᠵᠣᠬᠢᠬᠤ ᠪᠡᠯᠡ ᠮᠦᠩᠭᠦ 1294 ᠲᠦᠮᠡᠨ ᠲᠦᠬᠦᠷᠢᠭ᠂ ᠪᠦᠬᠦ ᠵᠢᠯ ᠤᠨ ᠡᠳᠦᠷ | ᠲᠣᠳᠣᠮ ᠤᠨ ᠠᠷᠠᠴᠢᠯᠠᠯᠳᠠ ᠬᠠᠮᠠᠭᠠᠯᠠᠯᠳᠠ ᠶᠢᠨ ᠪᠡᠯᠡ ᠮᠦᠩᠭᠦ 1300 ᠲᠦᠮᠡᠨ ᠲᠦᠬᠦᠷᠢᠭ ᠢ ᠲᠣᠳᠠᠭᠤᠯᠣᠯ ᠦᠭᠡᠢ ᠣᠷᠣᠨᠵᠢᠭᠤᠯᠣᠨ᠎ᠠ᠃ | ︵ᠭᠤᠷᠪᠠ︶ ᠪᠠᠷᠢᠯᠭ᠎ᠠ ᠶᠢᠨ ᠠᠵᠢᠯ ᠢ ᠲᠦᠷᠢᠮᠵᠢᠭᠦᠯᠦᠨ᠎ᠡ᠃ ᠵᠢᠱᠢᠶ᠎ᠡ ᠦᠵᠡᠭᠦᠯᠬᠦ ᠴᠣᠭᠴᠠᠯᠠᠯᠳᠠ ᠶᠢᠨ ᠶᠡᠷᠦᠩᠬᠡᠢ ᠴᠣᠭᠴᠠ ᠶᠢᠨ ᠬᠠᠷᠠᠯᠳᠠ ᠡᠭᠦᠷᠭᠡ ᠶᠢ | ᠦᠨᠳᠦᠰᠦᠯᠡᠨ᠂ ᠱᠠᠳᠦ ᠱᠠᠳᠦ ᠪᠠᠷ ᠬᠠᠷᠢᠭᠤᠴᠠᠯᠭ᠎ᠠ ᠶᠢᠨ ᠪᠢᠴᠢᠭ ᠲᠣᠭᠳᠠᠭᠠᠵᠣ᠂ ᠵᠠᠮ ᠬᠠᠷᠢᠯᠴᠠᠭ᠎ᠠ ᠵᠠᠮ ᠲᠡᠭᠡᠭᠡᠪᠦᠷᠢ ᠶᠢᠨ ᠶᠠᠮᠣᠨ᠂ ᠦᠪᠡᠷᠳᠡᠭᠡᠨ ᠵᠠᠰᠠᠬᠤ ᠣᠷᠣᠨ | ᠤ ᠵᠠᠮ ᠬᠠᠷᠢᠯᠴᠠᠭ᠎ᠠ ᠵᠠᠮ ᠲᠡᠭᠡᠭᠡᠪᠦᠷᠢ ᠶᠢᠨ ᠲᠢᠩᠬᠢᠮ ᠤᠨ ᠲᠦᠷᠢᠮᠵᠢᠭᠦᠯᠬᠦ ᠲᠡᠰ ᠲᠠᠷᠠᠭᠠᠯᠠᠯ ᠤᠨ ᠱᠠᠭᠠᠷᠳᠠᠯᠭ᠎ᠠ ᠶᠢ ᠴᠢᠩᠭ᠎ᠠ ᠵᠢᠷᠣᠮᠯᠡᠵᠣ᠂ ᠪᠠᠷᠢᠮᠵᠢᠶᠠᠵᠢᠭᠰᠠᠨ | ᠲᠦᠯᠦᠪᠯᠡᠭᠡ᠂ ᠲᠦᠷᠢᠮᠵᠢᠭᠰᠡᠨ ᠬᠢᠨᠠᠨ ᠪᠠᠶᠢᠴᠠᠭᠠᠯᠳᠠ᠂ ᠢᠯᠡ ᠲᠠᠭᠠᠭᠠᠴᠢᠯᠠᠯᠳᠠ᠂ ᠲᠣᠰᠬᠠᠢ ᠮᠡᠷᠭᠡᠵᠢᠭᠰᠡᠨ ᠪᠠᠷᠢᠯᠭ᠎ᠠ ᠶᠢᠨ ᠠᠵᠢᠯ᠂ ᠨᠡᠶᠢᠭᠡᠮᠴᠢᠯᠡᠭᠰᠡᠨ ᠬᠢᠨᠠᠨ | ᠲᠠᠯᠪᠢᠯᠳᠠ ᠶᠢ ᠦᠨᠡᠨᠬᠦ ᠪᠡᠶᠡᠯᠡᠭᠦᠯᠦᠨ᠎ᠡ᠃ | ︵ᠲᠦᠷᠪᠡ︶ ᠪᠠᠶᠢᠴᠠᠭᠠᠯᠳᠠ ᠬᠢᠵᠣ ᠬᠢᠨᠠᠯᠳᠠ ᠲᠠᠯᠪᠢᠨ᠎ᠠ᠃ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠴᠣᠭᠴᠠᠯᠠᠯᠳᠠ | ᠶᠢᠨ ᠠᠵᠢᠯ ᠢ ᠬᠤᠰᠢᠭᠤᠨ ᠠᠴᠠ ᠪᠠᠯᠭᠠᠰᠣᠨ ᠳᠤ ᠬᠠᠨᠳᠣᠭᠤᠯᠣᠭᠰᠠᠨ ︽ᠲᠠᠪᠦ ᠶᠢ ᠨᠢᠭᠡ ᠴᠣᠭᠴᠠᠵᠢᠭᠤᠯᠬᠤ︾ ᠪᠦᠳᠦᠮᠵᠢ ᠶᠢᠨ ᠰᠢᠯᠭᠠᠯᠳᠠ ᠳᠤ ᠣᠷᠣᠭᠤᠯᠣᠨ᠂ | ᠣᠯᠠᠷᠢᠯ᠂ ᠵᠢᠯ ᠤᠨ ᠡᠴᠦᠰ ᠲᠤ ᠬᠠᠮᠢᠶ᠎ᠠ ᠪᠦᠬᠦᠢ ᠰᠠᠯᠠᠭ᠎ᠠ ᠮᠦᠴᠢᠷ ᠢ ᠵᠣᠬᠢᠶᠠᠨ ᠪᠠᠶᠢᠭᠤᠯᠣᠨ ᠡᠯ᠎ᠡ ᠪᠠᠯᠭᠠᠰᠣᠨ ᠤ ᠠᠵᠢᠯ ᠤᠨ ᠨᠠᠶᠢᠳᠠᠪᠦᠷᠢᠵᠢᠭᠤᠯᠣᠯᠳᠠ ᠶᠢᠨ | ᠪᠠᠶᠢᠳᠠᠯ ᠳᠤ ᠬᠢᠨᠠᠨ ᠰᠢᠯᠭᠠᠯᠳᠠ ᠶᠠᠪᠣᠭᠳᠠᠭᠤᠯᠵᠣ᠂ ᠬᠢᠨᠠᠨ ᠰᠢᠯᠭᠠᠯᠳᠠ ᠶᠢᠨ ᠦᠷ᠎ᠡ ᠳ᠋ᠦᠩ ᠢ ᠨᠡᠶᠢᠳᠡᠯᠡᠨ᠎ᠡ᠃ ᠬᠢᠨᠠᠨ ᠪᠠᠶᠢᠴᠠᠭᠠᠯᠳᠠ ᠳᠤ ᠠᠬᠤᠢ ᠲᠠᠯᠠᠪᠠᠢ ᠳᠤ | ᠪᠠᠶᠢᠴᠠᠭᠠᠬᠤ᠂ ᠬᠡᠮᠵᠢᠭᠦᠷᠯᠢᠭ ᠢᠶᠠᠷ ᠬᠡᠮᠵᠢᠬᠦ᠂ ᠲᠣᠳᠣᠭᠠᠳᠦ ᠶᠢᠨ ᠮᠡᠲ᠋ᠧᠷᠢᠶᠡᠯ ᠢ ᠪᠠᠶᠢᠴᠠᠭᠠᠬᠤ ᠵᠢᠴᠢ ᠵᠠᠮ ᠤᠨ ᠪᠠᠶᠢᠳᠠᠯ ᠤᠨ ᠶᠠᠰᠦ ᠴᠢᠨᠠᠷ ᠢ ᠪᠠᠶᠢᠴᠠᠭᠠᠨ ᠦᠨᠡᠯᠡᠬᠦ | ᠶᠢ ᠬᠠᠷᠢᠯᠴᠠᠨ ᠣᠶᠠᠯᠳᠣᠭᠤᠯᠬᠤ ᠠᠷᠭ᠎ᠠ ᠶᠢ ᠬᠡᠷᠡᠭᠵᠢᠭᠦᠯᠦᠨ᠎ᠡ᠃ ᠬᠢᠨᠠᠨ ᠰᠢᠯᠭᠠᠯᠳᠠ ᠶᠢᠨ ᠪᠠᠶᠢᠴᠠᠭᠠᠯᠳᠠ ᠳᠤ ᠡᠩ ᠤᠨ ᠴᠠᠭ ᠤᠨ ᠰᠣᠭᠤᠯᠣᠨ ᠪᠠᠶᠢᠴᠠᠭᠠᠯᠳᠠ | ᠪᠣᠯᠣᠨ ᠵᠢᠯ ᠤᠨ ᠡᠴᠦᠰ ᠤᠨ ᠬᠢᠨᠠᠨ ᠰᠢᠯᠭᠠᠯᠳᠠ ᠶᠢ ᠣᠶᠠᠯᠳᠣᠭᠤᠯᠵᠣ᠂ ᠡᠩ ᠤᠨ ᠴᠠᠭ ᠤᠨ ᠰᠣᠭᠤᠯᠣᠨ ᠪᠠᠶᠢᠴᠠᠭᠠᠯᠳᠠ ᠶᠢ ᠣᠯᠠᠷᠢᠯ ᠪᠦᠷᠢ 1 ᠣᠳᠠᠭ᠎ᠠ | ᠶᠠᠪᠣᠭᠳᠠᠭᠤᠯᠣᠨ᠂ ᠣᠳᠠᠭ᠎ᠠ ᠪᠦᠷᠢ 1 —2 ᠪᠠᠯᠭᠠᠰᠣ ᠶᠢ ᠰᠣᠭᠤᠯᠣᠨ ᠪᠠᠶᠢᠴᠠᠭᠠᠵᠣ᠂ ᠵᠠᠷᠴᠢᠮ ᠲᠡᠭᠡᠷ᠎ᠡ ᠪᠠᠨ ᠪᠠᠯᠭᠠᠰᠦ ᠪᠦᠷᠢ ᠶᠢ ᠵᠢᠯ ᠪᠣᠯᠭᠠᠨ ᠠᠳᠠᠭ ᠲᠤ | ᠪᠠᠨ 2 ᠣᠳᠠᠭ᠎ᠠ ᠪᠠᠶᠢᠴᠠᠭᠠᠨ᠎ᠠ᠃ ᠰᠢᠶᠠᠨ ᠤ ᠵᠠᠮ ᠤᠨ ᠲᠣᠭᠳᠠᠮᠠᠯ ᠬᠤᠭᠤᠴᠠᠭᠠᠳᠦ ᠪᠠᠶᠢᠴᠠᠭᠠᠯᠳᠠ ᠶᠢ ᠣᠯᠠᠷᠢᠯ ᠪᠦᠷᠢ 1 ᠣᠳᠠᠭ᠎ᠠ ᠶᠠᠪᠣᠭᠳᠠᠭᠤᠯᠣᠨ᠂ ᠠᠷᠠᠴᠢᠯᠠᠨ | ᠬᠠᠮᠠᠭᠠᠯᠠᠬᠤ ᠪᠦᠬᠦ ᠵᠠᠮ ᠤᠨ ᠣᠷᠳᠦ ᠶᠢ 100% ᠪᠠᠷ ᠪᠠᠶᠢᠴᠠᠭᠠᠵᠣ᠂ ᠰᠢᠯᠭᠠᠨ ᠦᠨᠡᠯᠡᠯᠳᠡ ᠶᠢᠨ ᠶᠡᠷᠦᠩᠬᠡᠢ ᠬᠤᠪᠢ 100 ᠬᠤᠪᠢ᠂ 4 ᠣᠯᠠᠷᠢᠯ ᠤᠨ | ᠪᠠᠶᠢᠴᠠᠭᠠᠯᠳᠠ ᠦᠨᠡᠯᠡᠯᠳᠡ ᠶᠢᠨ ᠲᠡᠭᠰᠢᠳᠬᠡᠯ ᠬᠤᠪᠢ ᠪᠠᠷ ᠵᠢᠯ ᠤᠨ ᠡᠴᠦᠰ ᠤᠨ ᠰᠢᠯᠭᠠᠯᠳᠠ ᠳᠤ ᠬᠤᠪᠢ ᠣᠯᠭᠤᠨ᠎ᠠ︔ ᠬᠦᠳᠡᠭᠡ ᠲᠣᠰᠬᠤᠨ ᠤ ᠵᠠᠮ ᠤᠨ | ᠲᠣᠭᠳᠠᠮᠠᠯ ᠬᠤᠭᠤᠴᠠᠭᠠᠳᠦ ᠪᠠᠶᠢᠴᠠᠭᠠᠯᠳᠠ ᠶᠢ ᠬᠠᠭᠠᠰ ᠵᠢᠯ ᠳᠤ 1 ᠣᠳᠠᠭ᠎ᠠ ᠶᠠᠪᠣᠭᠳᠠᠭᠤᠯᠣᠨ᠂ ᠪᠠᠶᠢᠴᠠᠭᠠᠨ ᠰᠢᠯᠭᠠᠯᠳᠠ ᠶᠢᠨ ᠪᠦᠬᠦ ᠣᠷᠳᠦ ᠡᠯ᠎ᠡ ᠪᠠᠯᠭᠠᠰᠣᠨ ᠤ | ᠠᠷᠠᠴᠢᠯᠠᠨ ᠬᠠᠮᠠᠭᠠᠯᠠᠬᠤ ᠶᠡᠷᠦᠩᠬᠡᠢ ᠵᠠᠮ ᠤᠨ 60% ᠠᠴᠠ ᠲᠣᠣᠷ᠎ᠠ ᠪᠠᠶᠢᠯᠭᠠᠬᠤ ᠦᠭᠡᠢ᠂ ᠰᠢᠯᠭᠠᠨ ᠦᠨᠡᠯᠡᠯᠳᠡ ᠶᠢᠨ ᠶᠡᠷᠦᠩᠬᠡᠢ ᠬᠤᠪᠢ 100 ᠬᠤᠪᠢ᠂ ᠬᠠᠭᠠᠰ | ᠵᠢᠯ ᠤᠨ ᠰᠢᠯᠭᠠᠨ ᠦᠨᠡᠯᠡᠯᠳᠡ ᠶᠢᠨ ᠬᠤᠪᠢ 40% ᠶᠢ ᠡᠵᠡᠯᠡᠵᠣ᠂ ᠵᠢᠯ ᠤᠨ ᠡᠴᠦᠰ ᠤᠨ ᠶᠡᠷᠦᠩᠬᠡᠢ ᠦᠨᠡᠯᠡᠯᠳᠡ 60% ᠶᠢ ᠡᠵᠡᠯᠡᠨ᠎ᠡ᠃ | ︵ᠲᠠᠪᠤ︶ ᠱᠠᠩᠨᠠᠵᠣ ᠲᠣᠷᠭᠠᠬᠤ ᠠᠷᠭ᠎ᠠ ᠬᠡᠷᠡᠭᠵᠢᠭᠦᠯᠦᠨ᠎ᠡ᠃ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠴᠣᠭᠴᠠᠯᠠᠯᠳᠠ | ᠶᠢᠨ ᠰᠢᠯᠭᠠᠯᠳᠠ ᠶᠢᠨ ᠦᠷ᠎ᠡ ᠪᠦᠳᠦᠮᠵᠢ ᠶᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠣᠯᠳᠠ ᠠᠷᠠᠴᠢᠯᠠᠯᠳᠠ ᠬᠠᠮᠠᠭᠠᠯᠠᠯᠳᠠ ᠶᠢᠨ ᠨᠦᠬᠦᠪᠦᠷᠢ | ᠶᠢᠨ ᠪᠡᠯᠡ ᠮᠦᠩᠭᠦ ᠲᠠᠢ ᠬᠤᠯᠪᠣᠭᠳᠠᠭᠤᠯᠣᠨᠠ᠃ ᠬᠠᠷᠠᠯᠳᠠ ᠡᠭᠦᠷᠭᠡ ᠪᠠᠨ ᠨᠡᠯᠢᠶᠡᠳ ᠲᠠᠪᠠᠭᠤᠯᠢᠭ ᠪᠡᠶᠡᠯᠡᠭᠦᠯᠣᠨ 85 ᠠᠴᠠ ᠲᠡᠭᠡᠭᠰᠢ ᠬᠤᠪᠢ ᠣᠯᠣᠭᠰᠠᠨ ᠪᠠᠶᠢᠪᠠᠯ | ᠨᠦᠬᠦᠪᠦᠷᠢ ᠶᠢᠨ ᠪᠡᠯᠡ ᠮᠦᠩᠭᠦ ᠢ ᠪᠦᠬᠦᠨ ᠢ ᠣᠯᠭᠤᠬᠤ ᠮᠦᠷᠳᠡᠭᠡᠨ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠤᠨ ᠬᠤᠰᠢᠭᠤ ᠲᠡᠰ ᠤᠨ ᠲᠠᠭᠤᠷᠢᠶᠠᠯ | ᠪᠠᠯᠭᠠᠰᠣ ᠪᠠᠷ ᠭᠤᠶᠣᠴᠢᠯᠠᠨ ᠮᠡᠳᠡᠭᠦᠯᠵᠣ ᠪᠣᠯᠣᠨ᠎ᠠ︔ 75 ᠬᠤᠪᠢ ᠠᠴᠠ ᠲᠡᠭᠡᠭᠰᠢ 85 ᠬᠤᠪᠢ ᠠᠴᠠ ᠲᠣᠷᠣᠭᠰᠢ ᠪᠠᠶᠢᠪᠠᠯ ᠨᠦᠬᠦᠪᠦᠷᠢ ᠶᠢᠨ ᠪᠡᠯᠡ ᠮᠦᠩᠭᠦᠨ ᠤ | 90% ᠶᠢ ᠣᠯᠭᠤᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠯᠳᠠ ᠬᠠᠮᠠᠭᠠᠯᠠᠯᠳᠠ ᠬᠠᠮᠢᠶᠠᠷᠣᠯᠳᠠ ᠶᠢᠨ ᠦᠨᠳᠦᠰᠦᠨ ᠳᠤ ᠪᠠᠨ ᠬᠢᠷᠢ | ᠲᠡᠩᠴᠡᠭᠰᠡᠨ ᠪᠠᠯᠭᠠᠰᠦ ᠪᠠᠷ ᠦᠨᠡᠯᠡᠨ᠎ᠡ︔ 75 ᠬᠤᠪᠢ ᠠᠴᠠ ᠲᠣᠷᠣᠭᠰᠢ ᠪᠠᠶᠢᠪᠠᠯ ᠨᠦᠬᠦᠪᠦᠷᠢ ᠶᠢᠨ ᠪᠡᠯᠡ ᠮᠦᠩᠭᠦᠨ ᠤ 60% ᠶᠢ ᠣᠯᠭᠤᠨ᠂ ᠵᠠᠷᠯᠠᠨ | ᠰᠢᠭᠦᠮᠵᠢᠯᠡᠵᠣ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠣᠨ᠎ᠠ᠃ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠤᠨ ᠬᠤᠰᠢᠭᠤ ᠲᠡᠰ ᠤᠨ | ᠲᠠᠭᠤᠷᠢᠶᠠᠯ ᠪᠠᠯᠭᠠᠰᠣ᠂ ᠭᠠᠴᠠᠭ᠎ᠠ ᠲᠣᠰᠬᠤᠨ ᠢᠶᠠᠷ ᠦᠨᠡᠯᠡᠭᠳᠡᠪᠡᠯ ᠪᠡᠯᠡ ᠮᠦᠩᠭᠦᠨ ᠤ ᠱᠠᠩᠨᠠᠯ ᠣᠯᠭᠤᠨ᠂ ᠬᠦᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠳᠠ | ᠠᠷᠠᠴᠢᠯᠠᠯᠳᠠ ᠬᠠᠮᠠᠯᠭᠠᠯᠠᠳᠠ ᠳᠤ ᠬᠡᠷᠡᠭᠯᠡᠨ᠎ᠡ᠃ |