︽2023 ᠣᠨ ᠤ ᠪᠷᠦ᠋ᠼᠧᠯ ᠡᠪᠡᠳᠴᠢᠨ ᠢ ᠰᠡᠷᠬᠡᠶᠢᠯᠡᠨ ᠬᠢᠵᠠᠭᠠᠷᠯᠠᠬᠤ ᠠᠵᠢᠯ ᠤᠨ ᠬᠡᠷᠡᠭᠵᠢᠬᠦᠯᠬᠦ ᠲᠦᠰᠦᠯ︾ ᠢ | ᠳᠠᠷᠤᠮᠠᠯᠯᠠᠨ ᠲᠠᠷᠬᠠᠭᠠᠬᠤ ᠲᠤᠬᠠᠢ ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | | ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠭ᠎ᠠ ᠮᠦᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ | ᠨᠢᠬᠡᠴᠡ᠄ | ᠡᠳᠦᠬᠡ ︽ᠣᠲᠤᠭ ᠤᠨ ᠡᠮᠦᠨᠡᠲᠦ ᠬᠤᠰᠢᠭᠤᠨ ᠤ 2023 ᠣᠨ ᠤ ᠪᠷᠦ᠋ᠼᠧᠯ ᠡᠪᠡᠳᠴᠢᠨ ᠢ ᠰᠡᠷᠬᠡᠶᠢᠯᠡᠨ ᠬᠢᠵᠠᠭᠠᠷᠯᠠᠬᠤ ᠠᠵᠢᠯ ᠤᠨ ᠬᠡᠷᠡᠭᠵᠢᠬᠦᠯᠬᠦ | ᠲᠦᠰᠦᠯ︾ ᠢ ᠬᠤᠰᠢᠭᠤ ᠠᠷᠠᠳ ᠤᠨ ᠵᠠᠰᠠᠭ ᠤᠨ ᠣᠷᠳᠣᠨ ᠤ 2023 ᠣᠨ ᠤ 5 ᠣᠳᠠᠭᠠᠨ ᠤ ᠪᠠᠶᠢᠩᠭᠤ ᠶᠢᠨ ᠬᠤᠷᠠᠯ ᠢᠶᠠᠷ ᠰᠣᠳᠣᠯᠣᠨ ᠵᠦᠪᠰᠢᠶᠡᠷᠡᠬᠦᠯᠦᠭᠡᠳ | ᠳᠠᠷᠤᠮᠠᠯᠯᠠᠨ ᠲᠠᠷᠬᠠᠭᠠᠯ᠎ᠠ᠂ ᠪᠤᠲᠠᠲᠤ ᠪᠠᠶᠢᠳᠠᠯ ᠲᠠᠢ ᠪᠠᠨ ᠣᠶᠠᠯᠳᠣᠭᠤᠯᠵᠣ᠂ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠰᠦᠬᠡᠢ᠃ | | ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2023 ᠣᠨ ᠤ 5 ᠰᠠᠷ᠎ᠠ ᠶᠢᠨ 17 ᠤ ᠡᠳᠦᠷ | | | 2023 ᠣᠨ ᠤ ᠪᠷᠦ᠋ᠼᠧᠯ ᠡᠪᠡᠳᠴᠢᠨ ᠢ ᠰᠡᠷᠬᠡᠶᠢᠯᠡᠨ ᠬᠢᠵᠠᠭᠠᠷᠯᠠᠬᠤ ᠠᠵᠢᠯ ᠤᠨ ᠬᠡᠷᠡᠭᠵᠢᠬᠦᠯᠬᠦ ᠲᠦᠰᠦᠯ | | ︽ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠠᠮᠢᠲᠠᠨ ᠤ ᠬᠢᠵᠢᠭ ᠢ ᠰᠡᠷᠬᠡᠶᠢᠯᠡᠬᠦ ᠬᠠᠤᠯᠢ︾᠂ ︽ᠪᠦᠬᠦᠳᠡ ᠨᠠᠶᠢᠷᠠᠮᠳᠠᠬᠤ ᠳᠣᠮᠳᠠᠳᠣ ᠠᠷᠠᠳ | ᠣᠯᠣᠰ ᠤᠨ ᠬᠠᠯᠳᠠᠪᠤᠷᠢᠲᠤ ᠡᠪᠡᠳᠴᠢᠨ ᠢ ᠰᠡᠷᠬᠡᠶᠢᠯᠡᠨ ᠵᠠᠰᠠᠬᠤ ᠬᠠᠤᠯᠢ︾ ᠵᠡᠷᠭᠡ ᠬᠠᠤᠯᠢ ᠴᠠᠭᠠᠵᠠ ᠳᠦᠷᠢᠮ ᠲᠤᠭᠲᠠᠭᠠᠯ ᠪᠠ ︽ᠪᠦᠬᠦ ᠣᠯᠣᠰ ᠤᠨ ᠮᠠᠯ ᠤᠨ | ᠬᠤᠭᠤᠷᠤᠨᠲᠤ ᠬᠦᠮᠦᠨ ᠮᠠᠯ ᠳᠤ ᠬᠠᠮᠲᠤ ᠨᠡᠷᠪᠡᠭᠳᠡᠬᠦ ᠡᠪᠡᠳᠴᠢᠨ ᠢ ᠰᠡᠷᠬᠡᠶᠢᠯᠡᠨ ᠵᠠᠰᠠᠬᠤ ᠲᠦᠯᠦᠪᠵᠢᠬᠦᠯᠬᠡ ︵2022 — 2030 ᠣᠨ︶︾᠂ ︽ᠮᠠᠯ ᠤᠨ | ᠪᠷᠦ᠋ᠼᠧᠯ ᠡᠪᠡᠳᠴᠢᠨ ᠢ ᠰᠡᠷᠬᠡᠶᠢᠯᠡᠨ ᠬᠢᠵᠠᠭᠠᠷᠯᠠᠬᠤ ᠲᠠᠪᠤᠨ ᠵᠢᠯ ᠤᠨ ᠠᠵᠢᠯᠯᠠᠭ᠎ᠠ ᠶᠢᠨ ᠲᠦᠰᠦᠯ ︵2022 — 2026 ᠣᠨ︶︾ ᠵᠢᠴᠢ ᠦᠪᠡᠷᠲᠡᠭᠡᠨ | ᠵᠠᠰᠠᠬᠤ ᠣᠷᠣᠨ᠂ ᠬᠤᠲᠠ ᠶᠢᠨ ᠬᠠᠮᠢᠶ᠎ᠠ ᠪᠦᠬᠦᠢ ᠰᠢᠢᠳᠪᠦᠷᠢᠲᠦ ᠪᠠᠶᠢᠷᠢᠯᠠᠭᠤᠯᠤᠯᠲᠠ ᠶᠢ ᠣᠯᠠᠮ ᠲᠤᠤᠱᠯᠠᠭᠤᠯᠤᠨ ᠨᠠᠶᠢᠲᠠᠪᠤᠷᠢᠵᠢᠭᠤᠯᠵᠤ᠂ ︽ᠵᠠᠰᠠᠭ ᠤᠨ ᠣᠷᠳᠣᠨ | ᠬᠠᠷᠢᠭᠤᠴᠠᠬᠤ᠂ ᠰᠠᠯᠠᠭ᠎ᠠ ᠮᠦᠴᠢᠷ ᠬᠠᠮᠵᠢᠯᠴᠠᠬᠤ᠂ ᠪᠦᠬᠦ ᠨᠡᠶᠢᠬᠡᠮ ᠢᠶᠠᠷ ᠢᠶᠠᠨ ᠣᠷᠣᠯᠴᠠᠬᠤ︾ ᠶᠡᠷᠦᠩᠬᠡᠶᠢᠯᠡᠭᠰᠡᠨ ᠰᠡᠷᠬᠡᠶᠢᠯᠡᠯᠲᠡ ᠶᠢᠨ ᠲᠤᠭᠲᠠᠴᠠ ᠶᠢ ᠪᠠᠶᠢᠭᠤᠯᠵᠤ | ᠲᠡᠬᠦᠯᠳᠡᠷᠵᠢᠬᠦᠯᠦᠨ᠂ ᠮᠠᠨ ᠤ ᠬᠤᠰᠢᠭᠤᠨ ᠤ ᠪᠷᠦ᠋ᠼᠧᠯ ᠡᠪᠡᠳᠴᠢᠨ ᠢ ᠰᠡᠷᠬᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠵᠤ᠂ ᠠᠷᠠᠳ ᠣᠯᠠᠨ ᠤ ᠪᠡᠶ᠎ᠡ ᠮᠠᠬᠠᠪᠤᠳ | ᠤᠨ ᠡᠷᠡᠭᠦᠯ ᠮᠡᠨᠳᠦ ᠶᠢ ᠦᠨᠡᠨ ᠬᠦ ᠬᠠᠮᠠᠭᠠᠯᠠᠨ᠂ ᠮᠠᠯ ᠠᠵᠤ ᠠᠬᠤᠢ ᠶᠢᠨ ᠴᠢᠨᠠᠷᠯᠢᠭ ᠬᠦᠭᠵᠢᠯᠲᠡ ᠶᠢ ᠠᠬᠢᠭᠤᠯᠬᠤ ᠶᠢᠨ ᠲᠤᠰᠠᠳᠠ ᠣᠨᠴᠠᠭᠠᠶᠢᠯᠠᠨ ᠲᠤᠰ ᠲᠦᠰᠦᠯ | ᠢ ᠲᠤᠭᠲᠠᠭᠠᠪᠠ᠃ | ᠨᠢᠬᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ᠃ ᠶᠡᠷᠦᠩᠬᠡᠢ ᠱᠦᠵᠢ ᠰᠢ ᠶᠢᠨ ᠫᠢᠩ ᠤᠨ ᠣᠯᠣᠰ ᠤᠨ ᠠᠮᠢᠳᠣ ᠪᠣᠳᠠᠰ ᠤᠨ ᠠᠮᠣᠷ ᠳᠦᠪᠰᠢᠨ ᠤ ᠳᠦᠭᠰᠢᠬᠦᠷᠢ | ᠶᠢᠨ ᠰᠡᠷᠬᠡᠶᠢᠯᠡᠯ ᠡᠵᠡᠮᠳᠡᠯ ᠪᠠ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠵᠢᠭᠠᠪᠤᠷᠢ ᠶᠢᠨ ᠵᠤᠷᠢᠭ ᠰᠠᠨᠠᠭ᠎ᠠ ᠶᠢ ᠲᠤᠤᠱᠯᠠᠭᠤᠯᠵᠤ᠂ | ᠠᠷᠠᠳ ᠤᠨ ᠡᠷᠡᠬᠦᠯ ᠮᠡᠨᠳᠦ ᠪᠠᠷ ᠭᠤᠤᠯ ᠪᠤᠯᠭᠠᠨ᠂ ᠣᠷᠢᠳᠴᠢᠯᠠᠨ ᠰᠡᠷᠬᠡᠶᠢᠯᠡᠬᠦ ᠪᠠᠷ ᠭᠤᠤᠯ ᠪᠤᠯᠭᠠᠬᠤ᠂ ᠰᠡᠷᠬᠡᠶᠢᠯᠡᠨ ᠵᠠᠰᠠᠬᠤ ᠪᠠᠷ ᠴᠢᠭᠯᠡᠯᠲᠡ ᠪᠤᠯᠭᠠᠬᠤ ᠶᠢ | ᠪᠠᠷᠢᠮᠲᠠᠯᠠᠵᠤ᠂ ᠰᠠᠯᠠᠭ᠎ᠠ ᠮᠦᠴᠢᠷ ᠤᠨ ᠵᠤᠬᠢᠴᠠᠭᠤᠯᠭ᠎ᠠ ᠶᠢ ᠴᠢᠩᠭᠠᠳᠬᠠᠨ᠂ ᠡᠯ᠎ᠡ ᠲᠦᠷᠦᠯ ᠤᠨ ᠰᠡᠷᠬᠡᠶᠢᠯᠡᠨ ᠬᠢᠵᠠᠭᠠᠷᠯᠠᠬᠤ ᠠᠷᠭ᠎ᠠ ᠠᠪᠴᠠᠯ ᠢ | ᠨᠠᠶᠢᠲᠠᠪᠤᠷᠢᠵᠢᠭᠤᠯᠵᠤ᠂ ᠪᠷᠦ᠋ᠼᠧᠯ ᠡᠪᠡᠳᠴᠢᠨ ᠤ ᠬᠢᠵᠢᠭ ᠤᠨ ᠪᠠᠶᠢᠳᠠᠯ ᠢ ᠡᠷᠡᠰ ᠬᠢᠵᠠᠭᠠᠷᠯᠠᠨ᠂ ᠮᠠᠯ ᠠᠵᠤ ᠠᠬᠤᠢ ᠶᠢᠨ ᠴᠢᠨᠠᠷᠯᠢᠭ ᠬᠦᠭᠵᠢᠯᠲᠡ᠂ ᠣᠯᠠᠨ ᠨᠠᠶᠢᠲᠠ | ᠶᠢᠨ ᠡᠷᠡᠬᠦᠯ ᠬᠠᠮᠠᠭᠠᠯᠠᠯ ᠤᠨ ᠠᠮᠣᠷ ᠳᠦᠪᠰᠢᠨ ᠢ ᠪᠠᠲᠤᠯᠠᠵᠤ᠂ ᠠᠮᠣᠷ ᠠᠮᠤᠭᠤᠯᠠᠩ ᠤᠲᠤᠭ ᠤᠨ ᠡᠮᠦᠨᠡᠲᠦ ᠬᠤᠰᠢᠭᠤᠨ ᠤ ᠪᠠᠶᠢᠭᠤᠯᠤᠯᠲᠠ ᠶᠢ ᠠᠬᠢᠭᠤᠯᠬᠤ ᠳᠤ | ᠪᠠᠲᠤ ᠪᠠᠬᠢ ᠰᠠᠭᠤᠷᠢ ᠲᠠᠯᠪᠢᠨ᠎ᠠ᠃ | ︵ᠬᠤᠶᠠᠷ︶ ᠭᠤᠤᠯ ᠬᠠᠷᠠᠯᠲᠠ᠃ ᠲᠤᠬᠠᠢ ᠶᠢᠨ ᠭᠠᠵᠠᠷ ᠲᠤᠨᠢ ᠲᠤᠬᠢᠷᠠᠭᠤᠯᠬᠤ᠂ ᠬᠦᠮᠦᠨ ᠮᠠᠯ ᠳᠤ ᠵᠡᠷᠭᠡᠪᠡᠷ ᠶᠠᠪᠤᠭᠳᠠᠭᠤᠯᠬᠤ᠂ ᠲᠦᠷᠦᠯ ᠬᠤᠪᠢᠶᠠᠨ | ᠬᠠᠮᠢᠶᠠᠷᠬᠤ᠂ ᠨᠢᠬᠡᠳᠦᠯᠲᠡᠢ ᠠᠬᠢᠭᠤᠯᠬᠤ ᠰᠡᠷᠬᠡᠶᠢᠯᠡᠨ ᠬᠢᠵᠠᠭᠠᠷᠯᠠᠬᠤ ᠠᠷᠭ᠎ᠠ ᠪᠤᠳᠤᠯᠭ᠎ᠠ ᠪᠠᠷ ᠳᠠᠮᠵᠢᠭᠤᠯᠤᠨ᠂ ᠠᠮᠢᠲᠠᠨ ᠤ ᠡᠬᠡᠯᠢᠯᠡᠭᠡ᠂ ᠬᠢᠵᠢᠭ ᠪᠠᠶᠢᠴᠠᠭᠠᠯᠲᠠ ᠶᠢᠨ | ᠬᠢᠨᠠᠨ ᠬᠠᠮᠢᠶᠠᠷᠤᠯᠲᠠ᠂ ᠣᠬᠠᠭᠤᠯᠭ᠎ᠠ ᠬᠠᠮᠢᠶᠠᠷᠤᠯᠲᠠ᠂ ᠰᠠᠨᠠᠭᠠᠴᠢᠯᠠᠭ᠎ᠠ ᠲᠠᠢ ᠬᠢᠨᠠᠨ ᠡᠵᠡᠮᠰᠢᠯ᠂ ᠳᠦᠷᠢᠮᠵᠢᠬᠦᠨ ᠣᠨᠣᠰᠢᠯᠠᠯᠲᠠ᠂ ᠬᠠᠮᠢᠶᠠᠷᠤᠯᠲᠠ ᠶᠢᠨ ᠴᠢᠩᠭᠠᠳᠬᠠᠯ | ᠵᠡᠷᠭᠡ ᠶᠡᠷᠦᠩᠬᠡᠶᠢᠯᠡᠭᠰᠡᠨ ᠴᠢᠨᠠᠷᠲᠠᠢ ᠰᠡᠷᠬᠡᠶᠢᠯᠡᠨ ᠬᠢᠵᠠᠭᠠᠷᠯᠠᠬᠤ ᠠᠷᠭ᠎ᠠ ᠠᠪᠴᠠᠯ ᠢ ᠴᠢᠩᠭᠠᠳᠬᠠᠵᠤ᠂ ᠮᠠᠨ ᠤ ᠬᠤᠰᠢᠭᠤᠨ ᠤ ᠪᠤᠲᠠᠲᠤ ᠪᠠᠶᠢᠳᠠᠯ ᠳᠤ ᠳᠣᠬᠢᠷᠠᠭᠰᠠᠨ | ᠪᠷᠦ᠋ᠼᠧᠯ ᠡᠪᠡᠳᠴᠢᠨ ᠢ ᠶᠡᠷᠦᠩᠬᠡᠶᠢᠯᠡᠨ ᠰᠡᠷᠬᠡᠶᠢᠯᠡᠨ ᠵᠠᠰᠠᠬᠤ ᠵᠠᠭᠪᠤᠷ ᠢ ᠪᠦᠷᠢᠯᠳᠦᠬᠦᠯᠦᠨ᠎ᠡ᠃ 2023 ᠤᠨ ᠤ ᠰᠡᠬᠦᠯᠴᠢ ᠪᠤᠯᠬᠤ ᠳᠤ᠂ ᠪᠦᠬᠦ ᠬᠤᠰᠢᠭᠤᠨ ᠤ | ᠦᠬᠡᠷ᠂ ᠪᠤᠭ ᠮᠠᠯ ᠤᠨ ᠪᠷᠦ᠋ᠼᠧᠯ ᠡᠪᠡᠤᠨᠴᠢᠨ ᠤ ᠪᠤᠳᠠᠭᠠᠯᠢ ᠪᠠᠶ᠎ᠠ ᠶᠢᠨ ᠠᠷᠭ᠎ᠠ ᠴᠢᠨᠠᠷ ᠤᠨ ᠨᠤᠷᠮ᠎ᠠ ᠶᠢ ᠳᠤᠰᠪᠤᠷᠢ 1%᠂ 0.5% ᠠᠴᠠ ᠳᠤᠷᠤᠭᠰᠢ | ᠬᠢᠵᠠᠭᠠᠷᠯᠠᠵᠤ᠂ ᠦᠪᠡᠷᠳᠡᠬᠡᠨ ᠵᠠᠰᠠᠬᠤ ᠤᠷᠤᠨ ᠤ ᠪᠷᠦ᠋ᠼᠧᠯ ᠡᠪᠡᠤᠨᠴᠢᠨ ᠢ ᠰᠡᠷᠬᠡᠶᠢᠯᠡᠨ ᠬᠢᠵᠠᠭᠠᠷᠯᠠᠬᠤ ᠪᠠᠷᠢᠮᠵᠢᠶ᠎ᠠ ᠳᠤ ᠬᠦᠷᠬᠡᠨ᠎ᠡ᠃ ᠡᠬᠦᠯᠳᠡᠷ ᠤᠨ ᠮᠠᠯ ᠤᠨ | ᠳᠠᠯᠠᠪᠠᠢ᠂ ᠳᠡᠵᠢᠬᠡᠨ ᠦᠷᠡᠵᠢᠬᠦᠯᠬᠦ ᠳᠠᠯᠠᠪᠠᠢ ︵ᠡᠷᠤᠬᠡ︶ ᠶᠢ ᠪᠦᠬᠦᠨ ᠢ ᠴᠡᠪᠡᠷᠰᠢᠬᠦᠯᠤᠨᠠ᠃ ᠬᠦᠮᠤᠨ ᠤ ᠪᠷᠦ᠋ᠼᠧᠯ ᠡᠪᠡᠤᠨᠴᠢᠨ ᠤ ᠡᠬᠦᠰᠤᠯᠳᠠ ᠶᠢᠨ ᠨᠤᠷᠮ᠎ᠠ ᠶᠢ | 40/10 ᠲᠦᠮᠡ ᠠᠴᠠ ᠳᠤᠷᠤᠭᠰᠢ ᠬᠢᠵᠠᠭᠠᠷᠯᠠᠵᠤ᠂ ᠲᠦᠷᠬᠡᠨ ᠴᠢᠨᠠᠷᠳᠤ ᠬᠤᠭᠤᠴᠠᠭᠠᠨ ᠳᠠᠬᠢ ᠪᠷᠦ᠋ᠼᠧᠯ ᠡᠪᠡᠤᠨᠴᠢᠨ ᠤ ᠡᠪᠡᠤᠨᠴᠢᠳᠠᠨ ᠤ ᠲᠦᠷᠢᠮᠵᠢᠬᠦᠨ | ᠵᠠᠰᠠᠯᠳᠠ ᠶᠢᠨ ᠨᠤᠷᠮ᠎ᠠ ᠶᠢ 95% ᠠᠴᠠ ᠳᠡᠬᠡᠭᠰᠢ ᠬᠦᠷᠬᠡᠨ᠂ ᠡᠳᠡᠬᠡᠷᠡᠯᠳᠠ ᠶᠢᠨ ᠨᠤᠷᠮ᠎ᠠ ᠶᠢ 85% ᠠᠴᠠ ᠳᠡᠬᠡᠭᠰᠢ ᠬᠦᠷᠬᠡᠨ᠎ᠡ︔ ᠰᠢᠶᠠᠩ ᠪᠠᠯᠭᠠᠰᠤᠨ ᠤ | ᠤᠬᠠᠭᠤᠯᠭ᠎ᠠ ᠬᠦᠮᠤᠵᠢᠯ ᠤᠨ ᠪᠦᠷᠬᠦᠴᠠ ᠶᠢᠨ ᠨᠤᠷᠮ᠎ᠠ ᠶᠢ 100% ᠳᠤ ᠬᠦᠷᠬᠡᠵᠤ᠂ ᠰᠢᠶᠠᠩ ᠪᠠᠯᠭᠠᠰᠤᠨ ᠤ ᠤᠶᠢᠯᠡ ᠠᠵᠢᠯᠯᠠᠭ᠎ᠠ ᠪᠠᠷ ᠨᠦᠯᠤᠬᠡᠯᠡᠬᠦ ᠪᠦᠷᠬᠦᠴᠠ | ᠶᠢᠨ ᠨᠤᠷᠮ᠎ᠠ ᠶᠢ 80% ᠠᠴᠠ ᠳᠡᠬᠡᠭᠰᠢ ᠬᠦᠷᠬᠡᠨ᠎ᠡ᠃ ᠭᠤᠤᠯᠳᠠᠯᠭᠠᠳᠤ ᠠᠵᠢᠯ ᠮᠡᠷᠬᠡᠵᠢᠯ ᠤᠨ ᠬᠦᠮᠤᠰ ᠤᠨ ᠪᠷᠦ᠋ᠼᠧᠯ ᠡᠪᠡᠤᠨᠴᠢᠨ ᠢ ᠰᠡᠷᠬᠡᠶᠢᠯᠡᠨ ᠵᠠᠰᠠᠬᠤ | ᠮᠡᠳᠡᠯᠬᠡ ᠶᠢ ᠤᠶᠢᠯᠠᠭᠠᠬᠤ ᠨᠤᠷᠮ᠎ᠠ ᠶᠢ 90% ᠠᠴᠠ ᠳᠡᠬᠡᠭᠰᠢ ᠬᠦᠷᠬᠡᠨ᠎ᠡ᠃ ᠦᠪᠡᠷᠳᠡᠬᠡᠨ ᠵᠠᠰᠠᠬᠤ ᠤᠷᠤᠨ ᠤ ᠪᠷᠦ᠋ᠼᠧᠯ ᠡᠪᠡᠤᠨᠴᠢᠨ ᠢ ᠰᠡᠷᠬᠡᠶᠢᠯᠡᠨ | ᠬᠢᠵᠠᠭᠠᠷᠯᠠᠬᠤ ᠭᠤᠤᠯᠳᠠᠯᠭᠠᠳᠤ ᠬᠤᠰᠢᠭᠤ ᠳᠤᠭᠤᠷᠢᠭ ᠠᠴᠠ ᠭᠠᠷᠤᠨ᠎ᠠ᠃ | ᠬᠤᠶᠠᠷ᠂ ᠬᠡᠷᠡᠭᠵᠢᠬᠦᠯᠬᠦ ᠠᠯᠬᠤᠮ | ᠱᠠᠲᠤ ᠬᠤᠪᠢᠶᠠᠭᠰᠠᠨ ᠰᠡᠷᠬᠡᠶᠢᠯᠡᠨ ᠬᠢᠵᠠᠭᠠᠷᠯᠠᠬᠤ ᠠᠷᠭ᠎ᠠ ᠪᠤᠳᠣᠯᠭ᠎ᠠ ᠶᠢ ᠬᠡᠷᠡᠭᠵᠢᠬᠦᠯᠵᠦ᠂ ᠡᠯ᠎ᠡ ᠱᠠᠲᠤ ᠦᠶ᠎ᠡ ᠶᠢᠨ ᠠᠵᠢᠯ ᠤᠨ ᠡᠬᠦᠷᠭᠡ ᠶᠢ ᠯᠠᠪᠳᠠᠭᠤᠨ | ᠪᠠᠲᠤᠲᠠᠢ ᠦᠷᠨᠢᠬᠦᠯᠦᠨ᠂ ᠵᠢᠯ ᠤᠨ ᠰᠡᠷᠬᠡᠶᠢᠯᠡᠨ ᠬᠢᠵᠠᠭᠠᠷᠯᠠᠬᠤ ᠬᠠᠷᠠᠯᠲᠠ ᠶᠢ ᠬᠤᠭᠤᠴᠠᠭ᠎ᠠ ᠶᠤᠰᠤᠭᠠᠷ ᠪᠡᠶᠡᠯᠡᠬᠦᠯᠦᠨ᠎ᠡ᠃ | ᠨᠢᠬᠡᠳᠤᠬᠡᠷ ᠱᠠᠳᠤ᠄ 4 ᠰᠠᠷ᠎ᠠ ᠶᠢᠨ 30 ᠤ ᠡᠳᠤᠷ ᠠᠴᠠ ᠡᠮᠤᠨ᠎ᠡ ᠮᠠᠯ ᠤᠨ ᠪᠷᠦ᠋ᠼᠧᠯ ᠡᠪᠡᠤᠨᠴᠢᠨ ᠤ ᠳᠠᠬᠤᠯ ᠡᠪᠡᠤᠨᠴᠢᠨ ᠤ ᠰᠤᠳᠤᠯᠤᠯ ᠤᠨ ᠪᠠᠶᠢᠴᠠᠭᠠᠯᠳᠠ | ᠶᠢᠨ ᠠᠵᠢᠯ ᠢ ᠳᠠᠭᠤᠰᠬᠠᠨ᠎ᠠ︔ | ᠬᠤᠶᠠᠳᠤᠭᠠᠷ ᠱᠠᠳᠤ᠄ 10 ᠰᠠᠷ᠎ᠠ ᠶᠢᠨ 31 ᠤ ᠡᠳᠤᠷ ᠠᠴᠠ ᠡᠮᠤᠨ᠎ᠡ ᠮᠠᠯ ᠤᠨ ᠪᠷᠦ᠋ᠼᠧᠯ ᠡᠪᠡᠤᠨᠴᠢᠨ ᠤ ᠰᠢᠯᠭᠠᠨ ᠪᠠᠶᠢᠴᠠᠭᠠᠯᠳᠠ ᠵᠢᠴᠢ ᠠᠷᠭ᠎ᠠ ᠴᠢᠨᠠᠷᠳᠠᠢ | ᠮᠠᠯ ᠢ ᠠᠯᠠᠵᠤ ᠨᠢᠳᠤᠯᠬᠤ᠂ ᠬᠦᠨᠦᠬᠡᠯ ᠦᠬᠡᠢ ᠰᠢᠢᠤᠨᠪᠤᠷᠢᠯᠡᠬᠦ ᠠᠵᠢᠯ ᠢ ᠪᠡᠶᠡᠯᠡᠬᠦᠯᠤᠨ᠎ᠠ︔ | ᠭᠤᠷᠪᠠᠳᠤᠭᠠᠷ ᠱᠠᠳᠤ᠄ 11 ᠰᠠᠷ᠎ᠠ ᠶᠢᠨ 30 ᠤ ᠡᠳᠤᠷ ᠠᠴᠠ ᠡᠮᠤᠨ᠎ᠡ ᠮᠠᠯ ᠤᠨ ᠪᠷᠦ᠋ᠼᠧᠯ ᠡᠪᠡᠤᠨᠴᠢᠨ ᠤ ᠰᠢᠨ᠎ᠡ ᠬᠠᠭᠤᠴᠢᠨ ᠬᠢᠵᠢᠭ ᠤᠨ ᠴᠡᠭ ᠢ | ᠠᠷᠢᠭᠤᠤᠨᠬᠠᠵᠤ ᠢᠷᠡᠯᠳᠠ ᠶᠢ ᠤᠰᠠᠤᠨᠬᠠᠬᠤ ᠠᠵᠢᠯ ᠢ ᠪᠡᠶᠡᠯᠡᠬᠦᠯᠤᠨ᠎ᠠ︔ | ᠲᠦᠷᠪᠡᠳᠤᠬᠡᠷ ᠱᠠᠳᠤ᠄ 12 ᠰᠠᠷ᠎ᠠ ᠶᠢᠨ 31 ᠤ ᠡᠳᠤᠷ ᠠᠴᠠ ᠡᠮᠤᠨ᠎ᠡ ᠮᠠᠯ ᠤᠨ ᠪᠷᠦ᠋ᠼᠧᠯ ᠡᠪᠡᠤᠨᠴᠢᠨ ᠤ ᠮᠠᠲ᠋ᠧᠷᠢᠶᠡᠯ ᠤᠨ ᠡᠮᠬᠢᠯᠡᠯ ᠢ ᠳᠠᠭᠤᠰᠬᠠᠵᠤ᠂ | ᠳ᠋ᠦᠩᠨᠡᠨ ᠦᠨᠡᠯᠡᠬᠦ ᠠᠵᠢᠯ ᠢ ᠰᠠᠶᠢᠳᠤᠷ ᠬᠢᠨ᠎ᠠ᠃ | ᠭᠤᠷᠪᠠ᠂ ᠰᠡᠷᠬᠡᠶᠢᠯᠡᠨ ᠬᠢᠵᠠᠭᠠᠷᠯᠠᠬᠤ ᠠᠷᠭ᠎ᠠ ᠠᠪᠴᠠᠯ | ︵ᠨᠢᠬᠡ︶ ᠮᠠᠯ ᠤᠨ ᠪᠷᠦ᠋ᠼᠧᠯ ᠡᠪᠡᠤᠨᠴᠢᠨ ᠢ ᠰᠡᠷᠬᠡᠶᠢᠯᠡᠨ ᠬᠢᠵᠠᠭᠠᠷᠯᠠᠬᠤ ᠠᠷᠭ᠎ᠠ ᠠᠪᠴᠠᠯ | 1. ᠬᠢᠨᠠᠨ ᠪᠠᠶᠢᠴᠠᠭᠠᠯᠲᠠ ᠪᠠᠨ ᠴᠢᠩᠭᠠᠳᠬᠠᠨ᠎ᠠ᠃ ᠪᠦᠬᠦ ᠬᠤᠰᠢᠭᠤᠨ ᠤ ᠪᠷᠦ᠋ᠼᠧᠯ ᠡᠪᠡᠳᠴᠢᠨ ᠢ ᠬᠢᠨᠠᠨ ᠪᠠᠶᠢᠴᠠᠭᠠᠬᠤ ᠠᠵᠢᠯ ᠢ ᠪᠦᠬᠦᠯᠢ ᠴᠣᠭᠴᠠ ᠪᠠᠷ | ᠬᠦᠨᠵᠡᠬᠡᠢ ᠦᠷᠨᠢᠬᠦᠯᠦᠨ᠂ ᠪᠠᠯᠭᠠᠰᠣ᠂ ᠭᠠᠴᠠᠭ᠎ᠠ ᠲᠤᠰᠬᠤᠨ᠂ ᠡᠷᠦᠬᠡ᠂ ᠮᠠᠯ ᠢ ᠣᠷᠬᠢᠭᠳᠠᠭᠤᠯᠬᠤ ᠦᠬᠡᠢ ᠪᠦᠬᠦ ᠲᠠᠯ᠎ᠠ ᠶᠢᠨ ᠬᠢᠨᠠᠨ ᠪᠠᠶᠢᠴᠠᠭᠠᠯᠲᠠ ᠶᠢ ᠪᠠᠲᠤᠯᠠᠨ᠎ᠠ᠃ | ᠡᠯ᠎ᠡ ᠪᠠᠯᠭᠠᠰᠣ ᠶᠢᠨ ᠬᠢᠨ ᠪᠦᠬᠦ ᠬᠤᠰᠢᠭᠤᠨ ᠤ 180 ᠬᠢᠵᠢᠭ ᠰᠡᠷᠬᠡᠶᠢᠯᠡᠭᠴᠢ ︵ᠣᠯᠵᠠᠴᠢ ᠪᠠᠯᠭᠠᠰᠣ 42 ᠬᠦᠮᠦᠨ᠂ ᠪᠤᠷᠤᠪᠠᠯᠭᠠᠰᠣ ᠪᠠᠯᠭᠠᠰᠣ 65 ᠬᠦᠮᠦᠨ᠂ | ᠱᠠᠩᠬᠠᠢ ᠶᠢᠨ ᠰᠦᠮ᠎ᠡ ᠪᠠᠯᠭᠠᠰᠣ 31 ᠬᠦᠮᠦᠨ᠂ ᠨᠠᠩᠰᠣ ᠪᠠᠯᠭᠠᠰᠣ 42 ᠬᠦᠮᠦᠨ︶ ᠶᠢᠨ ᠬᠠᠮᠢᠶᠠᠷᠤᠯᠲᠠ ᠶᠢ ᠴᠢᠩᠭᠠᠳᠬᠠᠵᠤ᠂ ᠦᠯᠢᠭᠡᠷ ᠠᠪᠬᠤ᠂ ᠪᠠᠶᠢᠴᠠᠭᠠᠬᠤ᠂ | ᠠᠷᠢᠯᠭᠠᠬᠤ᠂ ᠬᠦᠨᠦᠬᠡᠯ ᠦᠬᠡᠶᠢᠳᠡᠬᠦᠯᠦᠨ ᠰᠢᠢᠳᠪᠦᠷᠢᠯᠡᠬᠦ᠂ ᠠᠷᠢᠭᠤᠳᠬᠠᠬᠤ ᠢᠷᠡᠯᠲᠡ ᠶᠢ ᠣᠰᠠᠳᠬᠠᠬᠤ ᠵᠡᠷᠭᠡ ᠠᠵᠢᠯ ᠢ ᠰᠠᠶᠢᠲᠤᠷ ᠬᠢᠨ᠂ ᠮᠠᠯ ᠤᠨ ᠪᠷᠦ᠋ᠼᠧᠯ | ᠡᠪᠡᠤᠨᠴᠢᠨ ᠤ ᠳᠠᠬᠤᠯ ᠡᠪᠡᠳᠴᠢᠨ ᠤ ᠪᠠᠶᠢᠴᠠᠭᠠᠯᠲᠠ ᠶᠢ ᠰᠠᠷ᠎ᠠ ᠪᠦᠷᠢ ᠵᠤᠬᠢᠶᠠᠨ ᠪᠠᠶᠢᠭᠤᠯᠤᠨ ᠦᠷᠨᠢᠬᠦᠯᠵᠦ᠂ ᠲᠡᠵᠢᠬᠡᠨ ᠦᠷᠡᠵᠢᠬᠦᠯᠬᠦ ᠰᠠᠭᠤᠷᠢ ᠮᠡᠳᠡᠭᠡ ᠵᠠᠩᠭᠢ᠂ | ᠳᠠᠬᠤᠯ ᠡᠪᠡᠳᠴᠢᠨ ᠤ ᠰᠣᠳᠣᠯᠣᠯ ᠤᠨ ᠪᠠᠶᠢᠴᠠᠭᠠᠯᠲᠠ ᠪᠠ ᠬᠢᠨᠠᠨ ᠡᠵᠡᠮᠰᠢᠯ ᠤᠨ ᠲᠤᠭ᠎ᠠ ᠪᠠᠷᠢᠮᠲᠠ᠂ ᠮᠡᠳᠡᠭᠡ ᠵᠠᠩᠭᠢ ᠶᠢᠨ ᠲᠤᠲᠤᠭᠠᠲᠤ ᠬᠠᠷᠢᠯᠴᠠᠭ᠎ᠠ ᠶᠢ ᠬᠦᠢᠴᠡᠳ | ᠠᠰᠢᠭᠯᠠᠨ᠂ ᠬᠠᠷᠢᠶ᠎ᠠ ᠭᠠᠵᠠᠷ ᠤᠨ ᠬᠢᠵᠢᠭ ᠤᠨ ᠬᠦᠳᠡᠯᠦᠩᠭᠦᠢ ᠪᠠᠶᠢᠳᠠᠯ ᠪᠠ ᠬᠢᠵᠢᠭ ᠡᠪᠡᠳᠴᠢᠨ ᠤ ᠳᠡᠯᠭᠡᠷᠡᠯᠲᠡ ᠶᠢᠨ ᠳᠦᠭᠰᠢᠬᠦᠷᠢ ᠳᠤ ᠦᠨᠡᠯᠡᠯᠲᠡ ᠪᠠ | ᠣᠷᠢᠳᠴᠢᠯᠠᠨ ᠰᠡᠷᠡᠮᠵᠢᠯᠡᠬᠦᠯᠦᠯ ᠬᠢᠨ᠎ᠡ᠃ ᠱᠠᠭᠠᠷᠳᠠᠯᠭ᠎ᠠ ᠶᠤᠰᠤᠭᠠᠷ ᠬᠠᠪᠤᠷ ᠨᠠᠮᠤᠷ ᠲᠤ ᠲᠦᠪᠯᠡᠷᠡᠬᠦᠯᠦᠨ ᠡᠬᠡᠯᠢᠯᠡᠬᠦ ᠶᠢᠨ ᠬᠠᠮᠲᠤ ᠦᠯᠢᠭᠡᠷ ᠬᠡᠪ ᠤᠨ ᠬᠢᠨᠠᠨ | ᠡᠵᠡᠮᠰᠢᠯ ᠢ ᠴᠢᠩᠭᠠᠳᠬᠠᠵᠤ᠂ ᠵᠢᠯ ᠤᠨ ᠲᠤᠲᠤᠷ᠎ᠠ ᠡᠬᠦᠯᠳᠡᠷ ᠤᠨ ᠮᠠᠯ ᠤᠨ ᠲᠠᠯᠠᠪᠠᠢ᠂ ᠲᠡᠵᠢᠬᠡᠨ ᠦᠷᠡᠵᠢᠬᠦᠯᠬᠦ ᠲᠠᠯᠠᠪᠤᠷ ︵ᠡᠷᠦᠬᠡ︶ ᠤᠨ ᠬᠢᠨᠠᠨ ᠡᠵᠡᠮᠰᠢᠯ ᠤᠨ | ᠪᠦᠬᠦ ᠪᠦᠷᠬᠦᠴᠡ ᠶᠢ ᠪᠡᠶᠡᠯᠡᠬᠦᠯᠦᠨ᠂ ᠠᠷᠭ᠎ᠠ ᠴᠢᠨᠠᠷᠲᠠᠢ ᠠᠮᠢᠲᠠᠨ ᠢ ᠢᠯᠡᠷᠡᠬᠦᠯᠪᠡᠯ᠂ ᠬᠦᠨᠦᠬᠡᠯ ᠦᠬᠡᠶᠢᠳᠡᠬᠦᠯᠬᠦ ᠱᠠᠭᠠᠷᠳᠠᠯᠭ᠎ᠠ ᠶᠤᠰᠤᠭᠠᠷ ᠰᠢᠢᠳᠪᠦᠷᠢᠯᠡᠨ᠎ᠡ᠃ | 2. ᠰᠢᠯᠵᠢᠬᠦᠯᠦᠨ ᠲᠡᠭᠡᠭᠡᠪᠦᠷᠢᠯᠡᠯᠲᠡ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠮᠡᠳᠡᠬᠦᠯᠦᠯᠲᠡ᠂ | ᠣᠷᠣᠭᠤᠯᠬᠤ ᠮᠡᠳᠡᠬᠦᠯᠦᠯᠲᠡ ᠶᠢᠨ ᠳᠦᠷᠢᠮ ᠢ ᠴᠢᠩᠭ᠎ᠠ ᠨᠠᠶᠢᠲᠠᠪᠤᠷᠢᠵᠢᠭᠤᠯᠵᠤ᠂ ᠮᠣᠵᠢ ᠠᠯᠣᠰᠯᠠᠭᠰᠠᠨ ᠡᠬᠦᠯᠳᠡᠷ ᠤᠨ ᠪᠤᠶᠤ ᠰᠠᠭᠠᠯᠢ ᠶᠢᠨ ᠠᠮᠢᠲᠠᠨ ᠤ | ᠲᠡᠭᠡᠭᠡᠪᠦᠷᠢᠯᠡᠯᠲᠡ᠂ ᠲᠡᠬᠡᠬᠡᠪᠦᠷᠢᠯᠡᠯᠲᠡ ᠶᠢᠨ ᠲᠡᠷᠬᠡ ᠮᠠᠰᠢᠨ ᠵᠢᠴᠢ ᠫᠠᠨᠽᠠᠯᠠᠨ ᠲᠡᠬᠡᠬᠡᠪᠦᠷᠢᠯᠡᠬᠦ ᠵᠠᠭᠤᠴᠢᠯᠠᠭᠴᠢ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠨ᠂ ᠡᠯ᠎ᠡ | ᠪᠠᠯᠭᠠᠰᠣᠨ ᠤ ᠵᠠᠰᠠᠮᠠᠯ ᠵᠠᠮ ᠤᠨ ᠠᠮᠢᠲᠠᠨ ᠤ ᠡᠷᠡᠬᠦᠯ ᠬᠠᠮᠠᠭᠠᠯᠠᠯ ᠤᠨ ᠬᠢᠨᠠᠯᠲᠠ ᠪᠠᠶᠢᠴᠠᠭᠠᠯᠲᠠ ᠶᠢᠨ ᠦᠷᠲᠡᠭᠡ᠂ ᠶᠡᠭᠡ ᠰᠢᠬᠢᠷ ᠤᠨ ᠲᠤᠭᠲᠠᠭᠰᠠᠨ ᠵᠠᠮ ᠱᠣᠭᠤᠮ | ᠵᠢᠴᠢ 11 ᠪᠠᠶᠢᠴᠠᠭᠠᠯᠲᠠ ᠶᠢᠨ ᠴᠡᠭ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠠᠮᠠᠷᠬᠠᠨ ᠬᠠᠯᠳᠠᠪᠤᠷᠢᠯᠠᠭᠳᠠᠬᠤ ᠠᠮᠢᠲᠠᠨ ᠳᠦᠭᠰᠢᠬᠦᠷᠢᠲᠦ ᠭᠠᠵᠠᠷ ᠠᠴᠠ | ᠳᠦᠭᠰᠢᠬᠦᠷᠢ ᠪᠠᠭᠠᠲᠠᠢ ᠭᠠᠵᠠᠷ ᠲᠡᠶᠢᠰᠢ ᠰᠢᠯᠵᠢᠬᠦ ᠶᠢ ᠬᠤᠷᠢᠭᠯᠠᠨ᠎ᠠ᠃ ᠪᠷᠦ᠋ᠼᠧᠯ ᠡᠪᠡᠤᠨᠴᠢᠨ ᠤ ᠳᠦᠭᠰᠢᠬᠦᠷᠢ ᠶᠢᠨ ᠦᠨᠡᠯᠡᠯᠲᠡ ᠶᠢᠨ ᠬᠠᠮᠢᠶᠠᠷᠤᠯᠲᠠ ᠶᠢ ᠣᠯᠠᠮ | ᠲᠡᠬᠦᠯᠳᠡᠷᠵᠢᠬᠦᠯᠦᠨ᠂ ᠰᠢᠯᠵᠢᠬᠦᠯᠦᠨ ᠲᠡᠭᠡᠭᠡᠪᠦᠷᠢᠯᠡᠬᠦ ᠬᠠᠮᠢᠶᠠᠷᠤᠯᠲᠠ ᠶᠢᠨ ᠠᠷᠭ᠎ᠠ ᠠᠪᠴᠠᠯ ᠢ ᠲᠤᠲᠤᠷᠬᠠᠶᠢᠯᠠᠵᠤ᠂ ᠪᠷᠦ᠋ᠼᠧᠯ ᠡᠪᠡᠤᠨᠴᠢᠨ ᠤ ᠠᠷᠭ᠎ᠠ ᠴᠢᠨᠠᠷᠲᠠᠢ | ᠠᠮᠢᠲᠠᠨ ᠢ ᠠᠷᠠᠯᠵᠢᠶᠠᠯᠠᠬᠤ ᠶᠢ ᠪᠦᠲᠦᠮᠵᠢᠲᠡᠢ ᠬᠠᠮᠢᠶᠠᠷᠤᠨ ᠡᠵᠡᠮᠳᠡᠨ᠎ᠡ᠃ ᠭᠠᠳᠠᠷ ᠮᠣᠵᠢ ᠠᠴᠠ ᠮᠠᠨ ᠤ ᠣᠷᠣᠨ ᠳᠤ ᠣᠷᠣᠵᠣ ᠢᠷᠡᠭᠰᠡᠨ ᠮᠠᠯ ᠣᠨᠤᠭ᠎ᠠ ᠪᠦᠬᠦᠨ ᠳᠤ | ᠡᠷᠬᠡᠪᠰᠢ ᠬᠠᠮᠢᠶ᠎ᠠ ᠪᠦᠬᠦᠢ ᠪᠠᠶᠢᠴᠠᠭᠠᠯᠲᠠ ᠶᠢᠨ ᠮᠡᠳᠡᠬᠦᠯᠦᠯᠲᠡ ᠶᠢ ᠳᠠᠭᠠᠯᠳᠣᠭᠤᠯᠣᠨ᠂ ᠠᠮᠢᠲᠠᠨ ᠤ ᠬᠢᠵᠢᠭ ᠤᠨ ᠪᠠᠶᠢᠳᠠᠯ ᠣᠷᠣᠨ ᠪᠦᠰᠡ ᠠᠯᠣᠰᠯᠠᠨ ᠳᠡᠯᠭᠡᠷᠡᠬᠦ ᠶᠢ | ᠴᠢᠩᠭ᠎ᠠ ᠰᠡᠷᠬᠡᠶᠢᠯᠡᠨ᠎ᠡ᠃ | 3. ᠠᠷᠢᠭᠤᠤᠨᠬᠠᠵᠤ ᠢᠷᠡᠯᠳᠠ ᠶᠢ ᠤᠰᠠᠤᠨᠬᠠᠬᠤ ᠶᠢ ᠴᠢᠩᠭᠠᠳᠬᠠᠨ᠎ᠠ᠃ ᠬᠤᠰᠢᠭᠤ ᠠᠮᠢᠲᠠᠨ ᠤ ᠬᠢᠵᠢᠭ ᠡᠪᠡᠳᠴᠢᠨ ᠢ ᠰᠡᠷᠬᠡᠶᠢᠯᠡᠨ ᠬᠢᠵᠠᠭᠠᠷᠯᠠᠬᠤ ᠲᠦᠪ ᠤᠨ | ᠬᠢᠨ ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠢ ᠵᠢᠯᠤᠭᠤᠳᠤᠨ ᠦᠬᠡᠷ ᠬᠤᠨᠢ ᠢᠮᠠᠭ᠎ᠠ ᠲᠡᠵᠢᠬᠡᠨ ᠦᠷᠡᠵᠢᠬᠦᠯᠬᠦ᠂ ᠰᠢᠯᠵᠢᠬᠦᠯᠦᠨ ᠲᠡᠭᠡᠭᠡᠪᠦᠷᠢᠯᠡᠬᠦ᠂ | ᠨᠢᠳᠣᠯᠬᠤ᠂ ᠬᠦᠨᠦᠬᠡᠯ ᠦᠬᠡᠶᠢᠳᠡᠬᠦᠯᠦᠨ ᠰᠢᠢᠳᠪᠦᠷᠢᠯᠡᠬᠦ ᠵᠡᠷᠭᠡ ᠭᠤᠤᠯᠳᠠᠯᠭᠠᠲᠤ ᠲᠠᠯᠠᠪᠤᠷ ᠪᠠ ᠭᠤᠭᠴᠤᠭᠠᠨ ᠤ ᠴᠡᠪᠡᠷᠯᠡᠯᠲᠡ᠂ ᠠᠷᠢᠭᠤᠳᠬᠠᠯ ᠤᠨ ᠲᠤᠰᠬᠠᠢ | ᠠᠵᠢᠯᠯᠠᠭᠠᠨ ᠢ ᠲᠤᠭᠲᠠᠭᠰᠠᠨ ᠬᠤᠭᠤᠴᠠᠭ᠎ᠠ ᠲᠠᠢ ᠪᠠᠷ ᠵᠤᠬᠢᠶᠠᠨ ᠪᠠᠶᠢᠭᠤᠯᠤᠨ ᠦᠷᠨᠢᠬᠦᠯᠵᠦ᠂ ᠪᠷᠦ᠋ᠼᠧᠯ ᠡᠪᠡᠤᠨᠴᠢᠨ ᠤ ᠰᠢᠨ᠎ᠡ ᠬᠠᠭᠤᠴᠢᠨ ᠬᠢᠵᠢᠭ ᠤᠨ ᠴᠡᠭ ᠪᠠ | ᠮᠠᠯ ᠤᠨ ᠬᠠᠰᠢᠶ᠎ᠠ᠂ ᠪᠠᠭᠠᠵᠢ ᠬᠡᠷᠡᠭᠰᠡᠯ᠂ ᠮᠠᠯ ᠤᠨ ᠬᠡᠪᠲᠡᠰᠢ᠂ ᠬᠦᠢᠯᠬᠡᠬᠡᠨ ᠤ ᠲᠠᠯᠠᠪᠤᠷ ᠵᠡᠷᠭᠡ ᠶᠢ ᠭᠤᠤᠯᠳᠠᠯᠭ᠎ᠠ ᠲᠠᠢ ᠠᠷᠢᠭᠤᠳᠬᠠᠵᠤ᠂ ᠪᠤᠲᠠᠲᠠᠢ ᠴᠠᠭ ᠤᠨ | ᠬᠤᠪᠢᠶᠠᠷᠢᠯᠠᠯ ᠭᠠᠷᠭᠠᠨ᠂ ᠠᠷᠢᠭᠤᠳᠬᠠᠬᠤ ᠠᠯᠬᠤᠮ ᠳᠠᠷᠠᠭ᠎ᠠ ᠶᠢ ᠳᠦᠷᠢᠮᠵᠢᠬᠦᠯᠵᠦ᠂ ᠬᠠᠯᠳᠠᠪᠤᠷᠢᠯᠠᠯ ᠤᠨ ᠢᠷᠡᠯᠲᠡ ᠶᠢ ᠪᠦᠲᠦᠮᠵᠢᠲᠡᠢ ᠠᠷᠢᠯᠭᠠᠨ᠎ᠠ᠃ ᠲᠡᠵᠢᠬᠡᠪᠦᠷᠢ | ᠶᠢᠨ ᠲᠠᠯᠠᠪᠤᠷ᠂ ᠨᠢᠳᠣᠯᠬᠤ ᠭᠠᠵᠠᠷ ᠵᠡᠷᠭᠡ ᠲᠠᠯᠠᠪᠤᠷ ᠢ ᠵᠢᠯᠤᠭᠤᠳᠤᠨ ᠠᠮᠢᠳᠣ ᠪᠣᠳᠠᠰ ᠤᠨ ᠠᠮᠣᠷ ᠳᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ | ᠲᠡᠬᠦᠯᠳᠡᠷᠵᠢᠬᠦᠯᠦᠨ᠂ ᠠᠵᠢᠯᠲᠠᠨ᠂ ᠪᠤᠳᠠᠰ ᠤᠨ ᠲᠤᠰᠠᠭᠠᠷᠯᠠᠯᠲᠠ ᠪᠠ ᠠᠷᠢᠭᠤᠳᠬᠠᠯ ᠤᠨ ᠠᠷᠭ᠎ᠠ ᠠᠪᠴᠠᠯ ᠢ ᠴᠢᠩᠭᠠᠳᠬᠠᠵᠤ᠂ ᠪᠤᠬᠢᠷᠳᠣᠭᠰᠠᠨ ᠲᠠᠯᠠᠪᠤᠷ᠂ ᠪᠠᠭᠠᠵᠢ | ᠬᠡᠷᠡᠭᠰᠡᠯ᠂ ᠡᠳ᠋ ᠪᠤᠳᠠᠰ ᠢ ᠴᠠᠭ ᠲᠤᠬᠠᠢ ᠳᠤᠨᠢ ᠲᠦᠢᠯᠪᠤᠷᠢᠲᠠᠢ ᠠᠷᠢᠭᠤᠳᠬᠠᠨ᠂ ᠠᠮᠢᠳᠣ ᠪᠤᠳᠠᠰ ᠤᠨ ᠠᠮᠣᠷ ᠳᠦᠪᠰᠢᠨ ᠢ ᠲᠠᠰᠣᠷᠠᠯᠲᠠ ᠦᠬᠡᠢ ᠳᠡᠭᠡᠭᠰᠢᠯᠡᠬᠦᠯᠦᠨ᠎ᠡ᠃ | | 4. ᠪᠷᠦ᠋ᠼᠧᠯ ᠡᠪᠡᠤᠨᠴᠢᠨ ᠢ ᠴᠡᠪᠡᠷᠰᠢᠬᠦᠯᠬᠦ ᠶᠢ ᠴᠢᠩᠭᠠᠳᠬᠠᠨ᠎ᠠ᠃ ︽ᠠᠮᠢᠲᠠᠨ ᠤ ᠬᠢᠵᠢᠭ ᠡᠪᠡᠳᠴᠢᠨ ᠢ ᠴᠡᠪᠡᠷᠰᠢᠬᠦᠯᠬᠦ ᠠᠵᠢᠯ ᠢ ᠠᠬᠢᠭᠤᠯᠬᠤ ᠲᠤᠬᠠᠢ | ᠬᠦᠳᠡᠭᠡ ᠲᠤᠰᠬᠤᠨ ᠤ ᠶᠠᠮᠣᠨ ᠤ ᠰᠠᠨᠠᠯ︾ ᠵᠡᠷᠭᠡ ᠪᠢᠴᠢᠭ ᠮᠡᠲ᠋ᠧᠷᠢᠶᠡᠯ ᠤᠨ ᠱᠠᠭᠠᠷᠳᠠᠯᠭ᠎ᠠ ᠶᠤᠰᠤᠭᠠᠷ᠂ ᠮᠠᠨ ᠤ ᠬᠤᠰᠢᠭᠤᠨ ᠤ ᠪᠤᠲᠠᠲᠤ ᠪᠠᠶᠢᠳᠠᠯ ᠲᠠᠢ | ᠣᠶᠠᠯᠳᠣᠭᠤᠯᠣᠨ᠂ ᠡᠬᠦᠯᠳᠡᠷ ᠤᠨ ᠮᠠᠯ ᠤᠨ ᠲᠠᠯᠠᠪᠠᠢ ᠪᠠ ᠲᠡᠵᠢᠬᠡᠪᠦᠷᠢ ᠶᠢᠨ ᠲᠠᠯᠠᠪᠤᠷ ︵ᠡᠷᠦᠬᠡ︶ ᠪᠠᠷ ᠭᠤᠤᠯᠳᠠᠯᠭ᠎ᠠ ᠪᠤᠯᠭᠠᠵᠤ᠂ ᠪᠦᠬᠦ ᠬᠤᠰᠢᠭᠤᠨ ᠤ ᠪᠷᠦ᠋ᠼᠧᠯ | ᠡᠪᠡᠤᠨᠴᠢᠨ ᠢ ᠴᠡᠪᠡᠷᠰᠢᠬᠦᠯᠬᠦ ᠠᠵᠢᠯ ᠢ ᠦᠷᠨᠢᠬᠦᠯᠦᠨ᠂ ᠲᠡᠵᠢᠬᠡᠪᠦᠷᠢ ᠶᠢᠨ ᠭᠤᠭᠴᠣᠭᠠᠨ ᠤ ᠪᠷᠦ᠋ᠼᠧᠯ ᠡᠪᠡᠤᠨᠴᠢᠨ ᠢ ᠰᠡᠷᠬᠡᠶᠢᠯᠡᠨ ᠬᠢᠵᠠᠭᠠᠷᠯᠠᠬᠤ ᠴᠢᠳᠠᠪᠤᠷᠢ ᠪᠠ | ᠶᠡᠷᠦᠩᠬᠡᠶᠢᠯᠡᠨ ᠰᠡᠷᠬᠡᠶᠢᠯᠡᠨ ᠬᠢᠵᠠᠭᠠᠷᠯᠠᠬᠤ ᠳᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠦᠨ᠎ᠡ᠃ | ︵ᠬᠤᠶᠠᠷ︶ ᠬᠦᠮᠤᠨ ᠤ ᠪᠷᠦ᠋ᠼᠧᠯ ᠡᠪᠡᠤᠨᠴᠢᠨ ᠢ ᠰᠡᠷᠬᠡᠶᠢᠯᠡᠨ ᠬᠢᠵᠠᠭᠠᠷᠯᠠᠬᠤ ᠠᠷᠭ᠎ᠠ ᠠᠪᠴᠠᠯ | 1. ᠤᠬᠠᠭᠤᠯᠭ᠎ᠠ ᠬᠦᠮᠤᠵᠢᠯ ᠢᠶᠠᠨ ᠴᠢᠩᠭᠠᠳᠬᠠᠨ᠎ᠠ᠃ ᠣᠯᠠᠮᠵᠢᠯᠠᠯᠲᠤ ᠣᠬᠠᠭᠤᠯᠭ᠎ᠠ ᠪᠠ ᠸᠢᠴᠠᠲ᠂ ᠪᠢᠴᠢᠯ ᠸᠢᠳᠢᠣ᠋ ᠵᠡᠷᠭᠡ ᠰᠢᠨ᠎ᠡ ᠵᠠᠭᠤᠴᠢᠯᠠᠭᠤᠷ ᠤᠨ | ᠤᠬᠠᠭᠤᠯᠭ᠎ᠠ ᠶᠢᠨ ᠠᠷᠭ᠎ᠠ ᠮᠠᠶ᠋ᠢᠭ ᠢ ᠬᠠᠷᠢᠯᠴᠠᠨ ᠣᠶᠠᠯᠳᠣᠭᠤᠯᠵᠣ᠂ ᠪᠷᠦ᠋ᠼᠧᠯ ᠡᠪᠡᠤᠨᠴᠢᠨ ᠤ ᠬᠤᠤᠷ ᠬᠦᠨᠦᠬᠡᠯ ᠪᠠ ᠣᠷᠢᠳᠴᠢᠯᠠᠨ ᠰᠡᠷᠬᠡᠶᠢᠯᠡᠬᠦ ᠠᠷᠭ᠎ᠠ ᠠᠪᠴᠠᠯ ᠢ | ᠦᠷᠬᠡᠨ ᠢᠶᠠᠷ ᠣᠬᠠᠭᠤᠯᠤᠨ᠂ ᠪᠠᠯᠭᠠᠰᠣ ᠪᠠᠷ ᠨᠢᠬᠡᠴᠢ ᠪᠤᠯᠭᠠᠵᠤ᠂ ᠣᠬᠠᠭᠤᠯᠭ᠎ᠠ ᠬᠦᠮᠦᠵᠢᠯ ᠤᠨ ᠪᠦᠬᠦ ᠪᠦᠷᠬᠦᠴᠡ ᠶᠢ ᠪᠡᠶᠡᠯᠡᠬᠦᠯᠦᠨ᠎ᠡ᠃ ᠮᠠᠯ ᠤᠨ ᠲᠡᠵᠢᠬᠡᠪᠦᠷᠢ᠂ | ᠮᠢᠬᠠᠨ ᠤ ᠦᠢᠯᠡᠳᠪᠦᠷᠢᠯᠡᠯ᠂ ᠪᠤᠯᠪᠠᠰᠣᠷᠠᠭᠤᠯᠤᠯᠲᠠ᠂ ᠪᠤᠷᠤᠯᠠᠭᠤᠯᠭ᠎ᠠ ᠵᠡᠷᠭᠡ ᠶᠢ ᠬᠢᠵᠦ ᠪᠠᠶᠢᠭ᠎ᠠ ᠭᠤᠤᠯᠳᠠᠯᠭᠠᠲᠤ ᠠᠵᠢᠯ ᠮᠡᠷᠬᠡᠵᠢᠯ ᠤᠨ ᠬᠦᠮᠦᠰ ᠲᠤ ᠴᠢᠭᠯᠡᠬᠦᠯᠦᠨ᠂ | ᠲᠦᠪᠯᠡᠷᠡᠩᠬᠦᠢ ᠪᠠᠷ ᠬᠦᠮᠦᠵᠢᠬᠦᠯᠬᠦ ᠪᠤᠶᠤ ᠨᠢᠭᠤᠷᠳᠠᠨ ᠬᠦᠮᠦᠵᠢᠬᠦᠯᠬᠦ ᠠᠷᠭ᠎ᠠ ᠮᠠᠶ᠋ᠢᠭ ᠢᠶᠠᠷ ᠪᠷᠦ᠋ᠼᠧᠯ ᠡᠪᠡᠤᠨᠴᠢᠨ ᠤ ᠰᠡᠷᠬᠡᠶᠢᠯᠡᠨ ᠵᠠᠰᠠᠯᠲᠠ ᠶᠢᠨ ᠣᠬᠠᠭᠤᠯᠭ᠎ᠠ | ᠬᠦᠮᠦᠵᠢᠯ ᠢ ᠦᠷᠨᠢᠬᠦᠯᠵᠦ᠂ ᠰᠡᠷᠬᠡᠶᠢᠯᠡᠨ ᠬᠠᠮᠠᠭᠠᠯᠠᠬᠤ ᠣᠬᠠᠮᠰᠠᠷ ᠢ ᠨᠢ ᠳᠡᠭᠡᠭᠰᠢᠯᠡᠬᠦᠯᠦᠨ᠎ᠡ᠃ ᠪᠦᠬᠦ ᠬᠤᠰᠢᠭᠤᠨ ᠤ ᠡᠯ᠎ᠡ ᠦᠨᠳᠦᠰᠦᠨ ᠱᠠᠲᠤᠨ ᠤ ᠡᠮᠴᠢᠯᠡᠭᠡ | ᠡᠷᠡᠬᠦᠯ ᠬᠠᠮᠠᠭᠠᠯᠠᠯ ᠤᠨ ᠪᠠᠶᠢᠭᠤᠯᠤᠮᠵᠢ ᠠᠴᠠ ᠪᠷᠦ᠋ᠼᠧᠯ ᠡᠪᠡᠤᠨᠴᠢᠨ ᠤ ᠰᠡᠵᠢᠭᠯᠡᠯᠲᠡᠢ ᠢᠯᠡᠷᠡᠯ ᠪᠠ ᠳᠠᠬᠤᠯ ᠡᠪᠡᠳᠴᠢᠨ ᠤ ᠰᠣᠳᠣᠯᠣᠯ ᠤᠨ ᠲᠡᠣᠬᠡ ᠲᠠᠢ | ᠡᠪᠡᠳᠴᠢᠲᠡᠨ ᠳᠤ ᠣᠬᠠᠭᠤᠯᠭ᠎ᠠ ᠬᠦᠮᠦᠵᠢᠯ ᠶᠠᠪᠤᠭᠳᠠᠭᠤᠯᠤᠨ᠂ ᠲᠡᠳᠡᠨ ᠢ ᠱᠠᠯᠠᠪᠳᠠᠭᠤᠯᠵᠤ ᠴᠠᠭ ᠲᠤᠬᠠᠢ ᠳᠤᠨᠢ ᠲᠤᠭᠲᠠᠭᠰᠠᠨ ᠡᠮᠴᠢᠯᠡᠬᠡᠨ ᠤ ᠪᠠᠶᠢᠭᠤᠯᠤᠮᠵᠢ | ︵ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ︶ ᠳᠤ ᠣᠨᠣᠰᠢᠯᠠᠭᠤᠯᠤᠨ᠂ ᠳᠦᠷᠢᠮᠵᠢᠭᠰᠡᠨ ᠣᠨᠣᠰᠢᠯᠠᠯᠲᠠ ᠵᠠᠰᠠᠯᠲᠠ ᠬᠢᠵᠦ᠂ ᠣᠨᠣᠰᠢᠯᠠᠯᠲᠠ ᠪᠠᠨ | ᠰᠠᠭᠠᠳᠠᠭᠤᠯᠤᠭᠰᠠᠨ ᠠᠴᠠ ᠣᠳᠠᠭᠠᠨ ᠴᠢᠨᠠᠷᠲᠠᠢ ᠡᠪᠡᠳᠴᠢᠨ ᠢᠯᠡᠷᠡᠬᠦ ᠶᠢ ᠪᠠᠭᠠᠰᠬᠠᠨ᠎ᠠ᠃ | 2. ᠤᠶᠢᠯᠡ ᠠᠵᠢᠯᠯᠠᠭ᠎ᠠ ᠪᠠᠷ ᠨᠦᠯᠤᠬᠡᠯᠡᠬᠦ ᠶᠢ ᠬᠡᠷᠡᠭᠵᠢᠬᠦᠯᠦᠨ᠎ᠡ᠃ ᠲᠤᠤᠷᠵᠢᠯ ᠬᠠᠮᠢᠶᠠᠷᠤᠯᠲᠠ ᠶᠢ ᠬᠡᠷᠡᠭᠵᠢᠬᠦᠯᠦᠨ᠂ ᠮᠠᠯᠴᠢᠨ ᠲᠠᠷᠢᠶᠠᠴᠢᠨ ᠳᠤ ᠪᠷᠦ᠋ᠼᠧᠯ | ᠡᠪᠡᠤᠨᠴᠢᠨ ᠤ ᠡᠷᠡᠬᠦᠯ ᠮᠡᠨᠳᠦ ᠶᠢᠨ ᠬᠠᠮᠢᠶᠠᠷᠤᠯᠲᠠ ᠶᠢ ᠶᠠᠪᠤᠭᠳᠠᠭᠤᠯᠵᠤ᠂ ᠦᠢᠯᠡ ᠠᠵᠢᠯᠯᠠᠭᠠᠨ ᠤ ᠨᠦᠯᠦᠬᠡᠯᠡᠯ ᠤᠨ ᠪᠤᠭᠤᠳᠠᠯ ᠲᠠᠷᠬᠠᠭᠠᠨ᠂ ᠦᠢᠯᠡᠳᠪᠦᠷᠢᠯᠡᠯ ᠤᠨ | ᠠᠵᠢᠯᠯᠠᠭᠠᠨ ᠳᠤ ᠬᠤᠪᠢ ᠬᠦᠮᠦᠨ ᠤ ᠰᠡᠷᠬᠡᠶᠢᠯᠡᠯᠲᠡ ᠬᠠᠮᠠᠭᠠᠯᠠᠯᠲᠠ ᠶᠢᠨ ᠠᠷᠭ᠎ᠠ ᠠᠪᠴᠠᠯ ᠢᠶᠠᠨ ᠴᠢᠩᠭᠠᠳᠬᠠᠵᠤ᠂ ᠪᠷᠦ᠋ᠼᠧᠯ ᠡᠪᠡᠤᠨᠴᠢᠨ ᠳᠡᠯᠭᠡᠷᠡᠬᠦ ᠵᠠᠮ ᠮᠦᠷ ᠢ | ᠳᠠᠰᠣᠯᠣᠨᠠ᠃ ᠭᠤᠤᠯᠳᠠᠯᠭᠠᠲᠤ ᠬᠦᠮᠦᠰ ᠤᠨ ᠡᠷᠡᠬᠦᠯ ᠮᠡᠨᠳᠦ ᠶᠢᠨ ᠳᠠᠩᠰᠠ ᠶᠢ ᠪᠠᠶᠢᠭᠤᠯᠤᠨ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨ᠎ᠡ ᠪᠡᠶ᠎ᠡ ᠶᠢᠨ | ᠪᠠᠶᠢᠴᠠᠭᠠᠯᠲᠠ ᠪᠠ ᠲᠦᠭᠰᠢᠬᠦᠷᠢᠲᠦ ᠠᠵᠢᠯᠯᠠᠭᠠᠨ ᠤ ᠬᠠᠮᠢᠶᠠᠷᠤᠯᠲᠠ ᠬᠢᠵᠦ᠂ ᠬᠦᠮᠦᠨ ᠠᠮᠢᠲᠠᠨ ᠬᠠᠮᠲᠤ ᠰᠠᠭᠤᠬᠤ᠂ ᠬᠠᠮᠠᠭᠠᠯᠠᠯᠲᠠ ᠦᠬᠡᠢ ᠪᠠᠷ ᠲᠦᠯ ᠲᠤᠰᠬᠤ᠂ | ᠲᠦᠬᠦᠬᠡᠢ ᠰᠦ ᠣᠣᠭᠤᠬᠤ ᠪᠤᠶᠤ ᠪᠤᠯᠤᠭᠰᠠᠨ ᠦᠬᠡᠢ ᠮᠢᠬ᠎ᠠ ᠢᠳᠡᠬᠦ᠂ ᠪᠤᠬᠢᠷᠳᠣᠯ ᠪᠤᠳᠠᠰ ᠲᠠᠢ ᠬᠦᠷᠦᠯᠴᠡᠬᠡᠳ ᠭᠠᠷ ᠤᠬᠢᠶᠠᠬᠤ ᠦᠬᠡᠢ ᠪᠠᠷ ᠬᠤᠭᠤᠯᠠ ᠢᠳᠡᠬᠦ | ᠵᠡᠷᠭᠡ ᠡᠷᠡᠬᠦᠯ ᠪᠣᠰᠣ ᠠᠮᠢᠳᠣᠷᠠᠯ ᠤᠨ ᠳᠠᠳᠬᠠᠯ ᠢ ᠦᠨᠡᠨ ᠬᠦ ᠬᠤᠪᠢᠷᠠᠭᠤᠯᠤᠨ᠎ᠠ᠃ ᠭᠤᠤᠯᠳᠠᠯᠭᠠᠲᠤ ᠠᠵᠢᠯ ᠮᠡᠷᠬᠡᠵᠢᠯ ᠤᠨ ᠬᠦᠮᠦᠰ ᠤᠨ ᠡᠷᠡᠬᠦᠯ ᠮᠡᠳᠦ ᠶᠢᠨ | ᠬᠠᠮᠠᠭᠠᠯᠠᠯᠲᠠ ᠶᠢᠨ ᠳᠦᠷᠢᠮ ᠢ ᠲᠤᠭᠲᠠᠭᠠᠨ᠂ ᠡᠷᠡᠬᠦᠯ ᠮᠡᠨᠳᠦ ᠶᠢᠨ ᠬᠠᠮᠢᠶᠠᠷᠤᠯᠲᠠ ᠶᠢ ᠲᠤᠭᠲᠠᠭᠰᠠᠨ ᠬᠤᠭᠤᠴᠠᠭ᠎ᠠ ᠲᠠᠢ ᠪᠠᠷ ᠶᠠᠪᠤᠭᠳᠠᠭᠤᠯᠵᠤ᠂ ᠪᠷᠦ᠋ᠼᠧᠯ | ᠡᠪᠡᠤᠨᠴᠢᠨ ᠬᠠᠯᠳᠠᠪᠤᠷᠢᠯᠠᠬᠤ ᠳᠣᠬᠢᠶᠠᠯ ᠢ ᠪᠠᠭᠠᠰᠬᠠᠨ᠎ᠠ᠃ | 3. ᠬᠢᠨᠠᠨ ᠪᠠᠶᠢᠴᠠᠭᠠᠵᠤ ᠰᠢᠯᠭᠠᠬᠤ ᠶᠢ ᠦᠷᠨᠢᠬᠦᠯᠦᠨ᠎ᠡ᠃ ︽ᠪᠦᠬᠦ ᠣᠯᠣᠰ ᠤᠨ ᠪᠷᠦ᠋ᠼᠧᠯ ᠡᠪᠡᠤᠨᠴᠢᠨ ᠢ ᠬᠢᠨᠠᠨ ᠰᠢᠯᠭᠠᠬᠤ ᠲᠦᠰᠦᠯ︾ ᠤᠨ | ᠱᠠᠭᠠᠷᠳᠠᠯᠭ᠎ᠠ ᠶᠤᠰᠤᠭᠠᠷ᠂ ᠪᠷᠦ᠋ᠼᠧᠯ ᠡᠪᠡᠤᠨᠴᠢᠨ ᠢ ᠬᠢᠨᠠᠨ ᠰᠢᠯᠭᠠᠬᠤ ᠠᠵᠢᠯ ᠢ ᠳᠦᠷᠢᠮᠵᠢᠬᠦᠨ ᠦᠷᠨᠢᠬᠦᠯᠬᠦ ᠰᠠᠭᠤᠷᠢᠨ ᠳᠡᠭᠡᠷ᠎ᠡ᠂ ᠬᠢᠨᠠᠨ ᠰᠢᠯᠭᠠᠬᠤ ᠬᠦᠷᠢᠶ᠎ᠡ | ᠬᠡᠪᠴᠢᠶ᠎ᠡ ᠪᠠ ᠲᠤᠭ᠎ᠠ ᠬᠡᠮᠵᠢᠶ᠎ᠡ ᠶᠢ ᠦᠷᠬᠡᠳᠬᠡᠨ᠎ᠡ᠃ 2023 ᠣᠨ ᠳᠤ ᠭᠤᠤᠯᠳᠠᠯᠭᠠᠲᠤ ᠠᠵᠢᠯ ᠮᠡᠷᠬᠡᠵᠢᠯ ᠤᠨ ᠠᠵᠢᠯᠲᠠᠨ 1000 ᠬᠦᠮᠦᠨ᠂ ᠴᠢᠰᠣᠨ | ᠴᠠᠶᠢᠪᠠᠩ ᠤᠨ ᠰᠣᠳᠣᠯᠣᠯ ᠤᠨ ᠪᠠᠶᠢᠴᠠᠭᠠᠯᠲᠠ 500 ᠬᠦᠮᠦᠨ ᠤ ᠬᠤᠪᠢ ᠬᠢᠨ᠎ᠡ᠃ ᠭᠤᠤᠯᠳᠠᠯᠭᠠᠲᠤ ᠠᠵᠢᠯ ᠮᠡᠷᠬᠡᠵᠢᠯ ᠤᠨ ᠬᠦᠮᠦᠰ ᠲᠤ ᠴᠢᠭᠯᠡᠬᠦᠯᠦᠨ ᠲᠤᠰᠬᠠᠢ | ᠲᠦᠷᠦᠯ ᠤᠨ ᠪᠠᠶᠢᠴᠠᠭᠠᠯᠲᠠ ᠶᠢᠨ ᠠᠵᠢᠯ ᠦᠷᠨᠢᠬᠦᠯᠵᠦ᠂ ᠠᠳᠠᠯᠢ ᠪᠤᠰᠤ ᠬᠦᠮᠦᠰ ᠤᠨ ᠳᠦᠭᠰᠢᠬᠦᠷᠢ ᠶᠢᠨ ᠬᠦᠴᠦᠨ ᠵᠦᠢᠯ᠂ ᠬᠠᠯᠳᠠᠪᠤᠷᠢᠯᠠᠯ ᠤᠨ ᠵᠠᠮ ᠮᠦᠷ᠂ | ᠣᠶᠢᠯᠠᠭᠠᠯᠲᠠ ᠶᠢᠨ ᠪᠠᠶᠢᠳᠠᠯ ᠪᠠ ᠳᠡᠯᠭᠡᠷᠡᠬᠦ ᠬᠠᠨᠳᠣᠰᠢ ᠶᠢ ᠵᠠᠳᠠᠯᠣᠨ᠎ᠠ᠃ | 4. ᠤᠨᠤᠰᠢᠯᠠᠨ ᠡᠮᠨᠡᠬᠦ ᠬᠠᠮᠢᠶᠠᠷᠤᠯᠳᠠ ᠪᠠᠨ ᠴᠢᠩᠭᠠᠳᠬᠠᠨ᠎ᠠ᠃ ᠬᠤᠰᠢᠭᠤ ᠡᠪᠡᠳᠴᠢᠨ ᠡᠮᠬᠡᠭ ᠢ ᠰᠡᠷᠬᠡᠶᠢᠯᠡᠨ ᠬᠢᠵᠠᠭᠠᠷᠯᠠᠬᠤ ᠲᠦᠪ᠂ ᠲᠤᠭᠲᠠᠭᠰᠠᠨ ᠡᠮᠨᠡᠯᠬᠡ | ᠶᠢᠨ ᠬᠤᠷᠢᠶ᠎ᠠ ᠪᠠ ᠦᠨᠳᠦᠰᠦᠨ ᠱᠠᠲᠤᠨ ᠤ ᠡᠮᠨᠡᠯᠬᠡ ᠶᠢᠨ ᠬᠤᠷᠢᠶ᠎ᠠ ᠭᠤᠷᠪᠠᠨ ᠱᠠᠲᠤᠨ ᠤ ᠰᠡᠷᠬᠡᠶᠢᠯᠡᠨ ᠵᠠᠰᠠᠯᠲᠠ ᠶᠢᠨ ᠲᠤᠤᠷ ᠤᠨ ᠳᠠᠪᠠᠭᠤᠯᠢᠭ ᠢ ᠬᠦᠢᠴᠡᠳ | ᠪᠠᠳᠠᠷᠠᠭᠤᠯᠵᠤ᠂ ︽ᠰᠡᠷᠬᠡᠶᠢᠯᠡᠬᠦ᠂ ᠡᠮᠨᠡᠬᠦ᠂ ᠬᠠᠮᠢᠶᠠᠷᠬᠤ︾ ᠭᠤᠷᠪᠠ ᠶᠢ ᠴᠤᠭᠴᠠᠵᠢᠭᠤᠯᠤᠨ ᠠᠪᠴᠠᠯᠳᠣᠭᠤᠯᠬᠤ ᠶᠢ ᠠᠬᠢᠭᠤᠯᠤᠨ᠎ᠠ᠃ ᠪᠠᠴᠢᠮ ᠴᠢᠨᠠᠷᠲᠠᠢ ᠪᠷᠦ᠋ᠼᠧᠯ | ᠡᠪᠡᠤᠨᠴᠢᠨ ᠤ ᠡᠪᠡᠳᠴᠢᠲᠡᠨ ᠢ ᠤᠨᠤᠰᠢᠯᠠᠬᠤ᠂ ᠮᠡᠳᠡᠬᠦᠯᠬᠦ ᠬᠠᠮᠢᠶᠠᠷᠤᠯᠲᠠ ᠶᠢ ᠴᠢᠩᠭᠠᠳᠬᠠᠨ᠂ ᠪᠦᠬᠦ ᠬᠤᠰᠢᠭᠤᠨ ᠤ ᠡᠯ᠎ᠡ ᠲᠦᠷᠦᠯ ᠤᠨ ᠡᠮᠴᠢᠯᠡᠬᠡᠨ ᠤ | ᠪᠠᠶᠢᠭᠤᠯᠤᠮᠵᠢ ᠠᠴᠠ ᠪᠷᠦ᠋ᠼᠧᠯ ᠡᠪᠡᠤᠨᠴᠢᠨ ᠤ ᠰᠡᠵᠢᠭᠯᠡᠯᠲᠡᠢ ᠡᠪᠡᠳᠴᠢᠲᠡᠨ ᠢ ᠢᠯᠡᠷᠡᠬᠦᠯᠦᠭᠰᠡᠨ ᠤ ᠳᠠᠷᠠᠭ᠎ᠠ᠂ ᠴᠠᠭ ᠲᠤᠬᠠᠢ ᠳᠤᠨᠢ ᠬᠤᠰᠢᠭᠤ ᠡᠮᠨᠡᠯᠬᠡ ᠶᠢᠨ | ᠬᠤᠷᠢᠶ᠎ᠠ ᠪᠤᠶᠤ ᠡᠪᠡᠳᠴᠢᠨ ᠡᠮᠬᠡᠭ ᠢ ᠰᠡᠷᠬᠡᠶᠢᠯᠡᠨ ᠬᠢᠵᠠᠭᠠᠷᠯᠠᠬᠤ ᠲᠦᠪ ᠲᠤ ᠰᠢᠯᠵᠢᠬᠦᠯᠦᠨ ᠣᠨᠣᠰᠢᠯᠠᠨ᠎ᠠ᠃ ᠣᠨᠣᠰᠢᠯᠠᠭᠳᠠᠭᠰᠠᠨ ᠪᠷᠦ᠋ᠼᠧᠯ ᠡᠪᠡᠤᠨᠴᠢᠨ ᠤ | ᠡᠪᠡᠳᠴᠢᠲᠡᠨ ᠢ ᠱᠠᠭᠠᠷᠳᠠᠯᠭ᠎ᠠ ᠶᠤᠰᠤᠭᠠᠷ ᠴᠠᠭ ᠲᠣᠬᠠᠢ ᠳᠤᠨᠢ ᠰᠦᠯᠵᠢᠶ᠎ᠡ ᠪᠠᠷ ᠰᠢᠭᠤᠳ ᠮᠡᠳᠡᠬᠦᠯᠵᠦ᠂ ᠨᠢᠭᠤᠬᠤ᠂ ᠰᠠᠭᠠᠲᠠᠭᠤᠯᠬᠤ᠂ ᠬᠡᠬᠡᠭᠳᠡᠬᠦᠯᠬᠦ ᠦᠵᠡᠭᠳᠡᠯ | ᠭᠠᠷᠭᠠᠵᠤ ᠪᠤᠯᠬᠤ ᠦᠬᠡᠢ᠃ ᠬᠤᠰᠢᠭᠤ ᠡᠮᠨᠡᠯᠭᠡ ᠶᠢᠨ ᠬᠤᠷᠢᠶ᠎ᠠ ᠠᠴᠠ ᠪᠷᠦ᠋ᠼᠧᠯ ᠡᠪᠡᠤᠨᠴᠢᠨ ᠤ ᠡᠪᠡᠳᠴᠢᠲᠡᠨ ᠢ ᠣᠯᠣᠰ ᠤᠨ ᠰᠢᠨ᠎ᠡ ᠬᠡᠪᠯᠡᠯ ᠤᠨ ︽ᠪᠷᠦ᠋ᠼᠧᠯ | ᠡᠪᠡᠤᠨᠴᠢᠨ ᠤ ᠣᠨᠣᠰᠢᠯᠠᠯᠲᠠ ᠪᠠ ᠰᠡᠷᠬᠡᠶᠢᠯᠡᠨ ᠡᠵᠡᠮᠳᠡᠬᠦ ᠲᠡᠪᠲᠡᠷ︾ ᠤᠨ ᠡᠮᠴᠢᠯᠡᠬᠦ ᠵᠠᠷᠴᠢᠮ ᠪᠠ ᠲᠦᠰᠦᠯ ᠶᠤᠰᠤᠭᠠᠷ ᠳᠦᠷᠢᠮᠵᠢᠬᠦᠨ ᠡᠮᠨᠡᠵᠦ᠂ ᠡᠳᠡᠭᠡᠷᠡᠬᠦᠯᠦᠯᠲᠡ | ᠶᠢᠨ ᠨᠣᠷᠮ᠎ᠠ ᠶᠢ ᠳᠡᠭᠡᠭᠰᠢᠯᠡᠬᠦᠯᠦᠨ᠂ ᠣᠳᠠᠭᠠᠨ ᠴᠢᠨᠠᠷᠲᠠᠢ ᠡᠪᠡᠳᠴᠢᠨ ᠤ ᠨᠣᠷᠮ᠎ᠠ ᠶᠢ ᠲᠤᠷᠤᠭᠰᠢᠯᠠᠭᠤᠯᠤᠨ᠎ᠠ᠃ ᠬᠤᠰᠢᠭᠤ ᠡᠪᠡᠳᠴᠢᠨ ᠡᠮᠬᠡᠭ ᠢ ᠰᠡᠷᠬᠡᠶᠢᠯᠡᠨ | ᠬᠢᠵᠠᠭᠠᠷᠯᠠᠬᠤ ᠲᠦᠪ ᠤᠨ ᠬᠢᠨ ᠦᠨᠳᠦᠰᠦᠨ ᠱᠠᠲᠤᠨ ᠤ ᠡᠮᠨᠡᠯᠭᠡ ᠶᠢᠨ ᠬᠤᠷᠢᠶ᠎ᠠ ᠶᠢ ᠵᠢᠯᠤᠭᠤᠳᠤᠨ ᠡᠪᠡᠳᠴᠢᠲᠡᠨ ᠭᠡᠷ ᠲᠤ ᠪᠠᠨ ᠰᠣᠪᠢᠯᠠᠬᠤ ᠬᠤᠭᠤᠴᠠᠭᠠᠨ ᠳᠠᠬᠢ | ᠡᠮᠴᠢᠯᠡᠬᠡᠨ ᠤ ᠮᠦᠷᠳᠡᠯᠲᠡ ᠪᠠ ᠡᠮ ᠤᠨ ᠬᠡᠷᠡᠭᠯᠡᠯᠲᠡ ᠶᠢᠨ ᠵᠢᠯᠤᠭᠤᠳᠤᠯᠭ᠎ᠠ ᠵᠡᠷᠭᠡ ᠠᠷᠭ᠎ᠠ ᠠᠪᠴᠠᠯ ᠢ ᠨᠠᠶᠢᠲᠠᠪᠤᠷᠢᠵᠢᠭᠤᠯᠤᠨ᠎ᠠ᠃ | 5. ᠡᠮ ᠡᠮᠨᠡᠯᠬᠡ ᠶᠢᠨ ᠳᠠᠭᠠᠤᠨᠬᠠᠯ ᠤᠨ ᠲᠦᠪᠰᠢᠨ ᠢᠶᠠᠨ ᠳᠡᠭᠡᠭᠰᠢᠯᠡᠬᠦᠯᠦᠨ᠎ᠡ᠃ ᠲᠤᠭᠲᠠᠭᠰᠠᠨ ᠡᠮᠴᠢᠯᠡᠬᠡᠨ ᠤ ᠪᠠᠶᠢᠭᠤᠯᠤᠮᠵᠢ ︵ᠬᠤᠰᠢᠭᠤ ᠡᠮᠨᠡᠯᠭᠡ ᠶᠢᠨ | ᠬᠤᠷᠢᠶ᠎ᠠ︶ ᠶᠢᠨ ᠬᠢᠨ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠨ᠂ ᠣᠨᠣᠰᠢᠯᠠᠯᠲᠠ ᠶᠢᠨ ᠨᠦᠬᠦᠴᠡᠯ ᠢᠶᠠᠨ ᠰᠠᠶᠢᠵᠢᠷᠠᠭᠤᠯᠵᠤ᠂ ᠪᠷᠦ᠋ᠼᠧᠯ ᠡᠪᠡᠤᠨᠴᠢᠨ ᠤ | ᠲᠤᠷᠰᠢᠯᠲᠠ ᠶᠢᠨ ᠲᠠᠰᠤᠭ ᠤᠨ ᠲᠦᠷᠦᠯ ᠵᠦᠢᠯ ᠤᠨ ᠪᠠᠶᠢᠴᠠᠭᠠᠯᠲᠠ ᠪᠠᠨ ᠲᠡᠬᠦᠯᠳᠡᠷᠵᠢᠬᠦᠯᠦᠨ᠂ ᠪᠷᠦ᠋ᠼᠧᠯ ᠡᠪᠡᠤᠨᠴᠢᠨ ᠤ ᠡᠪᠡᠳᠴᠢᠲᠡᠨ ᠳᠤ ᠳᠦᠷᠢᠮᠵᠢᠬᠦᠨ | ᠣᠨᠣᠰᠢᠯᠠᠯᠲᠠ ᠶᠢᠨ ᠦᠢᠯᠡᠴᠢᠯᠡᠭᠡ ᠬᠠᠩᠭᠠᠨ᠎ᠠ᠃ ᠪᠷᠦ᠋ᠼᠧᠯ ᠡᠪᠡᠤᠨᠴᠢᠨ ᠤ ᠡᠪᠡᠳᠴᠢᠲᠡᠨ ᠢ ᠡᠬᠦᠳᠡᠨ ᠡᠮᠨᠡᠯᠭᠡ ᠶᠢᠨ ᠣᠨᠴᠠ ᠣᠳᠠᠭᠠᠨ ᠴᠢᠨᠠᠷᠲᠠᠢ ᠡᠪᠡᠳᠴᠢᠨ ᠤ | ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠵᠣ᠂ ᠠᠵᠤ ᠠᠬᠤᠢ ᠶᠢᠨ ᠳᠠᠷᠤᠭᠠᠰᠣ ᠶᠢ ᠨᠢ ᠬᠦᠩᠭᠡᠯᠡᠨ᠂ ᠡᠪᠡᠳᠴᠢᠨ ᠢᠶᠠᠷ ᠶᠠᠳᠠᠭᠤᠷᠠᠬᠤ᠂ ᠳᠠᠬᠢᠨ ᠶᠠᠳᠠᠭᠤᠷᠠᠬᠤ | ᠪᠠᠶᠢᠳᠠᠯ ᠢᠯᠡᠷᠡᠬᠦ ᠠᠴᠠ ᠵᠠᠶᠢᠯᠠᠰᠬᠢᠨ᠎ᠠ᠃ | ᠳᠦᠷᠪᠡ᠂ ᠪᠠᠳᠤᠯᠠᠭ᠎ᠠ ᠶᠢᠨ ᠠᠷᠭ᠎ᠠ ᠠᠪᠴᠠᠯ | ︵ᠨᠢᠭᠡ︶ ᠵᠤᠬᠢᠶᠠᠨ ᠪᠠᠶᠢᠭᠤᠯᠤᠨ ᠣᠳᠣᠷᠢᠳᠬᠤ ᠪᠠᠨ ᠴᠢᠩᠭᠠᠳᠬᠠᠨ᠎ᠠ᠃ ᠪᠦᠬᠦ ᠬᠤᠰᠢᠭᠤᠨ ᠤ ᠪᠷᠦ᠋ᠼᠧᠯ ᠡᠪᠡᠤᠨᠴᠢᠨ ᠢ ᠰᠡᠷᠬᠡᠶᠢᠯᠡᠨ ᠬᠢᠵᠠᠭᠠᠷᠯᠠᠬᠤ ᠠᠵᠢᠯ | ᠤᠨ ᠤᠳᠤᠷᠢᠤᠨᠬᠤ ᠳᠤᠭᠤᠶᠢᠯᠠᠩ ᠢ ᠪᠠᠶᠢᠭᠤᠯᠤᠨ᠂ ᠪᠷᠦ᠋ᠼᠧᠯ ᠡᠪᠡᠤᠨᠴᠢᠨ ᠢ ᠰᠡᠷᠬᠡᠶᠢᠯᠡᠨ ᠬᠢᠵᠠᠭᠠᠷᠯᠠᠬᠤ ᠡᠯ᠎ᠡ ᠲᠦᠷᠤᠯ ᠤᠨ ᠠᠵᠢᠯ ᠤᠨ ᠡᠬᠦᠷᠬᠡ ᠶᠢ ᠨᠢᠬᠡᠳᠤᠯᠳᠠᠢ | ᠲᠦᠯᠤᠪᠵᠢᠬᠦᠯᠤᠨ ᠠᠬᠢᠭᠤᠯᠤᠨ᠎ᠠ᠃ ᠡᠯ᠎ᠡ ᠪᠠᠯᠭᠠᠰᠣ ᠶᠢᠨ ᠬᠢᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠣᠯᠠᠮ ᠪᠤᠲᠠᠲᠠᠶᠢᠵᠢᠭᠤᠯᠵᠤ᠂ | ᠦᠨᠳᠦᠰᠦᠨ ᠱᠠᠲᠤᠨ ᠤ ᠡᠩᠨᠡᠭᠡᠨ ᠤ ᠪᠠᠶᠢᠭᠤᠯᠤᠯᠲᠠ ᠪᠠᠨ ᠪᠠᠬᠢᠵᠢᠬᠦᠯᠵᠦ ᠴᠢᠩᠭᠠᠳᠬᠠᠨ᠂ ᠲᠤᠰ ᠵᠠᠰᠠᠭ ᠵᠠᠬᠢᠷᠭᠠᠨ ᠤ ᠬᠦᠷᠢᠶ᠎ᠡ ᠴᠠᠷᠠᠭᠠᠨ ᠳᠤ ᠠᠮᠢᠲᠠᠨ ᠲᠡᠵᠢᠬᠡᠵᠦ | ᠪᠠᠶᠢᠭ᠎ᠠ ᠪᠠᠶᠢᠭᠤᠯᠭ᠎ᠠ ᠪᠠ ᠬᠤᠪᠢ ᠬᠦᠮᠦᠨ ᠢ ᠴᠠᠭ ᠲᠤᠬᠠᠢ ᠳᠤᠨᠢ ᠵᠤᠬᠢᠶᠠᠨ ᠪᠠᠶᠢᠭᠤᠯᠤᠨ ᠡᠬᠡᠯᠢᠯᠡᠭᠡ ᠶᠢᠨ ᠪᠠᠶᠢᠴᠠᠭᠠᠯᠲᠠ᠂ ᠠᠷᠢᠭᠤᠳᠬᠠᠯ ᠢᠷᠡᠯᠲᠡ ᠶᠢᠨ | ᠣᠰᠠᠳᠬᠠᠯᠲᠠ᠂ ᠰᠢᠯᠵᠢᠬᠦᠯᠦᠨ ᠲᠡᠭᠡᠭᠡᠪᠦᠷᠢᠯᠡᠯᠲᠡ ᠶᠢᠨ ᠬᠠᠮᠢᠶᠠᠷᠤᠯᠲᠠ ᠵᠡᠷᠭᠡ ᠰᠡᠷᠬᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠨ᠎ᠡ᠃ ᠬᠤᠰᠢᠭᠤ ᠮᠠᠯ ᠲᠠᠷᠢᠶᠠᠯᠠᠩ᠂ | ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠰᠠᠯᠠᠭ᠎ᠠ ᠮᠦᠴᠢᠷ ᠤᠨ ᠬᠢᠨ ᠲᠤᠰ ᠭᠠᠵᠠᠷ ᠣᠷᠣᠨ ᠤ ᠰᠡᠷᠬᠡᠶᠢᠯᠡᠨ ᠬᠢᠵᠠᠭᠠᠷᠯᠠᠬᠤ ᠠᠵᠢᠯ ᠤᠨ ᠵᠤᠬᠢᠶᠠᠨ ᠪᠠᠶᠢᠭᠤᠯᠤᠯᠲᠠ | ᠬᠡᠷᠡᠭᠵᠢᠬᠦᠯᠦᠯᠲᠡ᠂ ᠮᠡᠷᠬᠡᠵᠢᠯ ᠤᠨ ᠵᠢᠯᠤᠭᠤᠳᠤᠯᠭ᠎ᠠ᠂ ᠱᠠᠭᠠᠷᠳᠠᠨ ᠪᠠᠶᠢᠴᠠᠭᠠᠯᠲᠠ ᠨᠡᠶᠢᠲᠡᠯᠡᠯᠲᠡ᠂ ᠬᠢᠨᠠᠨ ᠰᠢᠯᠭᠠᠯᠲᠠ ᠦᠨᠡᠯᠡᠯᠲᠡ ᠵᠡᠷᠭᠡ ᠬᠠᠮᠢᠶᠠᠷᠤᠯᠲᠠ ᠶᠢᠨ ᠠᠵᠢᠯ | ᠢ ᠦᠨᠡᠨ ᠬᠦ ᠡᠬᠦᠷᠭᠡᠯᠡᠵᠦ᠂ ᠠᠵᠢᠯ ᠤᠨ ᠬᠠᠮ ᠬᠦᠴᠦ ᠶᠢ ᠪᠦᠷᠢᠯᠳᠦᠬᠦᠯᠦᠨ᠂ ᠡᠯ᠎ᠡ ᠲᠦᠷᠤᠯ ᠤᠨ ᠰᠡᠷᠬᠡᠶᠢᠯᠡᠨ ᠬᠢᠵᠠᠭᠠᠷᠯᠠᠬᠤ ᠠᠷᠭ᠎ᠠ ᠠᠪᠴᠠᠯ ᠢ | ᠨᠠᠶᠢᠳᠠᠪᠤᠷᠢᠵᠢᠭᠤᠯᠵᠤ ᠪᠦᠳᠤᠮᠵᠢ ᠭᠠᠷᠭᠠᠬᠤ ᠶᠢ ᠪᠠᠳᠤᠯᠠᠨ᠎ᠠ᠃ | ︵ᠬᠤᠶᠠᠷ︶ ᠵᠠᠷᠣᠳᠠᠯ ᠤᠨ ᠣᠷᠣᠭᠤᠯᠣᠯᠲᠠ ᠶᠢ ᠪᠠᠲᠤᠯᠠᠨ᠎ᠠ᠃ ᠬᠤᠲᠠ ᠶᠢᠨ ᠲᠡᠰ ᠠᠴᠠ ᠳᠡᠭᠡᠭᠰᠢᠬᠢ ᠡᠳ᠋ ᠤᠨ ᠵᠠᠰᠠᠭ ᠤᠨ ᠣᠷᠣᠭᠤᠯᠣᠯᠲᠠ ᠶᠢᠨ ᠰᠠᠭᠤᠷᠢᠨ | ᠳᠡᠭᠡᠷ᠎ᠡ᠂ ᠬᠤᠰᠢᠭᠤ ᠡᠳ᠋ ᠤᠨ ᠵᠠᠰᠠᠭ ᠠᠴᠠ ᠬᠦᠢᠴᠡᠳ ᠪᠡᠯᠡ ᠮᠦᠩᠭᠦ ᠪᠠᠷ ᠪᠷᠦ᠋ᠼᠧᠯ ᠡᠪᠡᠤᠨᠴᠢᠨ ᠤ ᠰᠡᠷᠬᠡᠶᠢᠯᠡᠯᠲᠡ ᠶᠢ ᠪᠠᠲᠤᠯᠠᠨ᠎ᠠ᠃ ᠱᠠᠲᠤ ᠬᠤᠪᠢᠶᠠᠨ | ᠬᠠᠷᠢᠭᠤᠴᠠᠬᠤ ᠵᠠᠷᠴᠢᠮ ᠶᠤᠰᠤᠭᠠᠷ᠂ ᠡᠯ᠎ᠡ ᠪᠠᠯᠭᠠᠰᠣᠨ ᠤ ᠬᠢᠨ ᠵᠢᠯ ᠪᠦᠷᠢ ᠬᠢᠵᠢᠭ ᠤᠨ ᠪᠠᠶᠢᠳᠠᠯ ᠪᠠ ᠰᠡᠷᠬᠡᠶᠢᠯᠡᠨ ᠵᠠᠰᠠᠯᠲᠠ ᠶᠢᠨ ᠠᠵᠢᠯ ᠤᠨ ᠬᠡᠷᠡᠭᠴᠡᠭᠡ ᠪᠠᠨ | ᠦᠨᠳᠦᠰᠦᠯᠡᠨ᠂ ᠬᠦᠢᠴᠡᠳ ᠲᠦᠰᠦᠪ ᠢᠶᠠᠷ ᠪᠷᠦ᠋ᠼᠧᠯ ᠡᠪᠡᠤᠨᠴᠢᠨ ᠢ ᠰᠡᠷᠬᠡᠶᠢᠯᠡᠨ ᠬᠢᠵᠠᠭᠠᠷᠯᠠᠬᠤ ᠪᠡᠯᠡ ᠮᠦᠩᠭᠦ ᠶᠢ ᠭᠤᠶᠤᠴᠢᠯᠠᠵᠤ᠂ ᠪᠷᠦ᠋ᠼᠧᠯ ᠡᠪᠡᠤᠨᠴᠢᠨ ᠤ | ᠬᠢᠨᠠᠨ ᠪᠠᠶᠢᠴᠠᠭᠠᠯᠲᠠ᠂ ᠬᠢᠵᠢᠭ ᠤᠨ ᠪᠠᠶᠢᠳᠠᠯ ᠤᠨ ᠰᠢᠢᠳᠪᠦᠷᠢᠯᠡᠯᠲᠡ᠂ ᠠᠷᠢᠭᠤᠳᠬᠠᠯ ᠢᠷᠡᠯᠲᠡ ᠶᠢᠨ ᠣᠰᠠᠳᠬᠠᠯᠲᠠ᠂ ᠠᠵᠢᠯᠲᠠᠨ ᠤ ᠪᠤᠯᠪᠠᠰᠣᠷᠠᠯ᠂ ᠲᠤᠷᠰᠢᠯᠲᠠ | ᠶᠢᠨ ᠲᠠᠰᠤᠭ ᠤᠨ ᠳᠦᠬᠦᠭᠡᠷᠦᠮᠵᠢ ᠲᠤᠷᠰᠢᠭᠴᠢ ᠡᠮ ᠵᠢᠴᠢ ᠰᠡᠷᠬᠡᠶᠢᠯᠡᠯᠲᠡ ᠶᠢᠨ ᠪᠤᠳᠠᠰ ᠤᠨ ᠨᠦᠬᠦᠪᠦᠷᠢᠯᠡᠯ᠂ ᠪᠦᠲᠦᠮᠵᠢ ᠶᠢᠨ ᠪᠠᠶᠢᠴᠠᠭᠠᠯᠲᠠ ᠦᠨᠡᠯᠡᠯᠲᠡ ᠵᠡᠷᠭᠡ | ᠠᠵᠢᠯ ᠢ ᠦᠨᠡᠨ ᠬᠦ ᠪᠠᠲᠤᠯᠠᠨ᠎ᠠ᠃ ᠬᠤᠲᠠ ᠶᠢᠨ ᠲᠡᠰ ᠠᠴᠠ ᠳᠡᠭᠡᠭᠰᠢᠬᠢ ᠠᠮᠢᠲᠠᠨ ᠤ ᠬᠢᠵᠢᠭ ᠡᠪᠡᠳᠴᠢᠨ ᠤ ᠰᠡᠷᠬᠡᠶᠢᠯᠡᠯᠲᠡ ᠵᠡᠷᠭᠡ ᠨᠦᠬᠦᠪᠦᠷᠢ ᠵᠠᠷᠣᠳᠠᠯ ᠢ | ᠬᠦᠢᠴᠡᠳ ᠠᠰᠢᠭᠯᠠᠨ᠂ ᠦᠨᠢᠶᠡᠨ ᠤ ᠬᠤᠶᠠᠷ ᠡᠪᠡᠳᠴᠢᠨ ᠤ ᠰᠡᠷᠬᠡᠶᠢᠯᠡᠯᠲᠡ ᠶᠢ ᠰᠠᠶᠢᠲᠤᠷ ᠬᠢᠵᠦ᠂ ᠠᠯᠪᠠᠳᠠᠯᠭ᠎ᠠ ᠪᠠᠷ ᠠᠯᠠᠵᠤ ᠰᠢᠢᠳᠪᠦᠷᠢᠯᠡᠬᠦ ᠨᠦᠬᠦᠪᠦᠷᠢ ᠶᠢᠨ | ᠲᠦᠷᠦ ᠶᠢᠨ ᠪᠤᠳᠤᠯᠭ᠎ᠠ ᠶᠢ ᠨᠠᠶᠢᠲᠠᠪᠤᠷᠢᠵᠢᠭᠤᠯᠤᠨ᠂ ᠦᠨᠢᠶ᠎ᠡ᠂ ᠠᠯᠠᠰᠢᠨ ᠦᠬᠡᠷ ᠪᠠ ᠠᠯᠠᠰᠢᠨ ᠪᠤᠭ ᠮᠠᠯ ᠤᠨ ᠪᠷᠦ᠋ᠼᠧᠯ ᠡᠪᠡᠤᠨᠴᠢᠨ ᠤ ᠳᠠᠭᠠᠳᠬᠠᠯ ᠢ ᠲᠦᠷᠦ | ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠤᠨ ᠳᠠᠭᠠᠳᠬᠠᠯ ᠤᠨ ᠬᠡᠪᠴᠢᠶᠡᠨ ᠳᠤ ᠣᠷᠣᠭᠤᠯᠵᠣ᠂ ᠰᠡᠷᠬᠡᠶᠢᠯᠡᠨ ᠬᠢᠵᠠᠭᠠᠷᠯᠠᠬᠤ ᠠᠵᠢᠯ ᠤᠨ ᠣᠷᠣᠭᠰᠢᠲᠠᠢ | ᠶᠠᠪᠤᠭᠳᠠᠬᠤ ᠶᠢ ᠪᠠᠲᠤᠯᠠᠨ᠎ᠠ᠃ | ︵ᠭᠤᠷᠪᠠ︶ ᠬᠤᠯᠪᠤᠯᠭᠠᠨ ᠰᠡᠷᠬᠡᠶᠢᠯᠡᠵᠤ ᠬᠤᠯᠪᠤᠭᠠᠯᠠᠨ ᠬᠢᠵᠠᠭᠠᠷᠯᠠᠬᠤ ᠪᠠᠨ ᠴᠢᠩᠭᠠᠳᠬᠠᠨ᠎ᠠ᠃ ᠮᠠᠯ ᠲᠠᠷᠢᠶᠠᠯᠠᠩ ᠪᠤᠯᠤᠨ ᠡᠷᠡᠬᠦᠯ ᠬᠠᠮᠠᠭᠠᠯᠠᠯ ᠡᠷᠡᠬᠦᠯ ᠮᠡᠨᠳᠦ | ᠶᠢᠨ ᠰᠠᠯᠠᠭ᠎ᠠ ᠮᠦᠴᠢᠷ ᠤᠨ ᠬᠢᠨ ᠢᠳᠡᠪᠬᠢᠲᠡᠢ ᠪᠠᠷ ᠵᠠᠬ᠎ᠠ ᠳᠡᠯᠭᠡᠬᠦᠷ ᠤᠨ ᠬᠢᠨᠠᠨ ᠬᠠᠮᠢᠶᠠᠷᠤᠯᠲᠠ᠂ ᠲᠤᠲᠤᠭᠠᠲᠤ ᠶᠢ ᠬᠠᠮᠠᠭᠠᠯᠠᠬᠤ ᠵᠡᠷᠭᠡ ᠬᠠᠮᠢᠶ᠎ᠠ ᠪᠦᠬᠦᠢ ᠰᠠᠯᠠᠭ᠎ᠠ | ᠮᠦᠴᠢᠷ ᠲᠠᠢ ᠵᠤᠬᠢᠴᠠᠭᠤᠯᠵᠤ᠂ ᠬᠤᠯᠪᠤᠯᠭᠠᠨ ᠰᠡᠷᠬᠡᠶᠢᠯᠡᠵᠤ ᠬᠤᠯᠪᠤᠭᠠᠯᠠᠨ ᠬᠢᠵᠠᠭᠠᠷᠯᠠᠬᠤ ᠲᠤᠭᠲᠠᠴᠠ ᠪᠠ ᠬᠤᠯᠪᠤᠭᠠᠲᠤ ᠬᠤᠷᠠᠯ ᠤᠨ ᠳᠦᠷᠢᠮ ᠢ ᠪᠠᠶᠢᠭᠤᠯᠤᠨ᠂ | ᠠᠵᠢᠯ ᠤᠨ ᠬᠠᠷᠢᠯᠴᠠᠭ᠎ᠠ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠵᠦᠪᠳᠡᠯᠴᠡᠭᠡ᠂ ᠮᠡᠳᠡᠭᠡ ᠵᠠᠩᠭᠢ ᠶᠢᠨ ᠨᠡᠪᠲᠡᠷᠡᠯᠴᠡᠭᠡ᠂ ᠠᠷᠭ᠎ᠠ ᠠᠪᠴᠠᠯ ᠤᠨ | ᠨᠠᠶᠢᠲᠠᠪᠤᠷᠢᠵᠢᠭᠤᠯᠤᠯᠲᠠ ᠪᠠᠨ ᠴᠢᠩᠭᠠᠳᠬᠠᠨ᠎ᠠ᠃ ︽ᠲᠤᠤᠷ ᠰᠦᠯᠵᠢᠶ᠎ᠡ + ᠬᠢᠨᠠᠨ ᠬᠠᠮᠢᠶᠠᠷᠤᠯᠲᠠ︾ ᠶᠢ ᠬᠡᠷᠡᠭᠵᠢᠬᠦᠯᠦᠨ᠂ ᠮᠡᠳᠡᠭᠡ ᠵᠠᠩᠬᠢᠴᠢᠯᠠᠯᠲᠠ᠂ | ᠣᠶᠣᠨᠴᠢᠯᠠᠯᠲᠠ᠂ ᠳ᠋ᠠᠶᠢᠲ᠋ᠠ ᠵᠡᠷᠭᠡ ᠠᠷᠭ᠎ᠠ ᠪᠠᠷᠢᠯ ᠢᠶᠠᠷ ᠬᠢᠨᠠᠨ ᠬᠠᠮᠢᠶᠠᠷᠤᠯᠲᠠ ᠶᠢᠨ ᠦᠷ᠎ᠡ ᠠᠰᠢᠭ ᠪᠠ ᠬᠢᠷᠢ ᠳᠦᠪᠰᠢᠨ ᠢᠶᠠᠨ ᠳᠡᠭᠡᠭᠰᠢᠯᠡᠬᠦᠯᠦᠨ᠎ᠡ᠃ ᠬᠢᠵᠢᠭ ᠤᠨ | ᠪᠠᠶᠢᠳᠠᠯ ᠤᠨ ᠬᠤᠯᠪᠤᠭᠠᠲᠤ ᠪᠠᠶᠢᠴᠠᠭᠠᠯᠲᠠ ᠪᠠ ᠰᠢᠢᠳᠪᠦᠷᠢᠯᠡᠯᠲᠡ ᠶᠢᠨ ᠲᠤᠭᠲᠠᠴᠠ ᠶᠢ ᠪᠠᠶᠢᠭᠤᠯᠵᠦ᠂ ᠲᠤᠭᠲᠠᠮᠠᠯ ᠬᠤᠭᠤᠴᠠᠭ᠎ᠠ ᠲᠠᠢ ᠪᠠᠷ ᠪᠷᠦ᠋ᠼᠧᠯ ᠡᠪᠡᠤᠨᠴᠢᠨ ᠢ | ᠰᠡᠷᠬᠡᠶᠢᠯᠡᠨ ᠵᠠᠰᠠᠬᠤ ᠠᠵᠢᠯ ᠤᠨ ᠪᠠᠶᠢᠳᠠᠯ ᠢ ᠪᠠᠶᠢᠴᠠᠭᠠᠨ᠂ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠡᠯ᠎ᠡ ᠲᠦᠷᠦᠯ ᠤᠨ ᠠᠵᠢᠯ ᠢ ᠪᠦᠲᠦᠮᠵᠢᠲᠡᠢ | ᠠᠬᠢᠭᠤᠯᠤᠨ᠎ᠠ᠃ | ︵ᠳᠦᠷᠪᠡ︶ ᠮᠡᠷᠬᠡᠵᠢᠯ ᠤᠨ ᠲᠤᠯᠭᠠᠭᠤᠷᠢᠯᠠᠯ ᠢᠶᠠᠨ ᠳᠡᠭᠡᠭᠰᠢᠯᠡᠬᠦᠯᠦᠨ᠎ᠡ᠃ ᠮᠠᠯ ᠲᠠᠷᠢᠶᠠᠯᠠᠩ ᠤᠨ ᠰᠠᠯᠠᠭ᠎ᠠ ᠮᠦᠴᠢᠷ ᠤᠨ ᠬᠢᠨ ᠪᠷᠦ᠋ᠼᠧᠯ ᠡᠪᠡᠤᠨᠴᠢᠨ ᠢ | ᠰᠡᠷᠬᠡᠶᠢᠯᠡᠨ ᠬᠢᠵᠠᠭᠠᠷᠯᠠᠬᠤ ᠮᠡᠷᠬᠡᠵᠢᠯᠲᠡᠨ ᠤ ᠪᠦᠯᠬᠦᠮ ᠢ ᠪᠠᠶᠢᠭᠤᠯᠵᠤ᠂ ᠪᠷᠦ᠋ᠼᠧᠯ ᠡᠪᠡᠤᠨᠴᠢᠨ ᠢ ᠰᠡᠷᠬᠡᠶᠢᠯᠡᠨ ᠬᠢᠵᠠᠭᠠᠷᠯᠠᠬᠤ ᠮᠡᠷᠬᠡᠵᠢᠯᠲᠡᠨ ᠤ ᠯᠠᠪᠯᠠᠯᠲᠠ ᠶᠢᠨ | ᠳᠦᠷᠢᠮ ᠢ ᠪᠠᠶᠢᠭᠤᠯᠤᠨ᠂ ᠲᠤᠭᠲᠠᠮᠠᠯ ᠬᠤᠭᠤᠴᠠᠭ᠎ᠠ ᠲᠠᠢ ᠪᠠᠷ ᠬᠢᠵᠢᠭ ᠤᠨ ᠪᠠᠶᠢᠳᠠᠯ ᠤᠨ ᠳᠦᠭᠰᠢᠬᠦᠷᠢ ᠶᠢᠨ ᠵᠠᠳᠠᠯᠣᠯᠲᠠ ᠦᠨᠡᠯᠡᠯᠲᠡ ᠶᠢ ᠵᠤᠬᠢᠶᠠᠨ ᠪᠠᠶᠢᠭᠤᠯᠤᠨ | ᠶᠠᠪᠤᠭᠳᠠᠭᠤᠯᠵᠤ᠂ ᠠᠷᠭ᠎ᠠ ᠠᠪᠴᠠᠯ ᠪᠤᠳᠤᠯᠭ᠎ᠠ ᠶᠢ ᠰᠣᠳᠣᠯᠣᠨ ᠳᠣᠷᠠᠳᠣᠨ᠎ᠠ᠃ ᠪᠷᠦ᠋ᠼᠧᠯ ᠡᠪᠡᠤᠨᠴᠢᠨ ᠢ ᠰᠡᠷᠬᠡᠶᠢᠯᠡᠨ ᠬᠢᠵᠠᠭᠠᠷᠯᠠᠬᠤ ᠪᠠᠴᠢᠮ ᠪᠠᠶᠢᠳᠠᠯ ᠢ | ᠠᠷᠭᠠᠴᠠᠬᠤ ᠲᠤᠬᠠᠢ ᠮᠡᠷᠬᠡᠵᠢᠯ ᠤᠨ ᠡᠩᠨᠡᠭᠡ ᠶᠢ ᠪᠠᠶᠢᠭᠤᠯᠤᠨ᠂ ᠰᠡᠷᠬᠡᠶᠢᠯᠡᠯᠲᠡ ᠶᠢᠨ ᠡᠩᠨᠡᠭᠡᠨ ᠤ ᠪᠠᠶᠢᠭᠤᠯᠤᠯᠲᠠ ᠪᠠ ᠮᠡᠷᠬᠡᠵᠢᠯ ᠤᠨ ᠠᠵᠢᠯᠲᠠᠨ ᠤ | ᠬᠦᠮᠦᠵᠢᠬᠦᠯᠦᠯᠲᠡ ᠶᠢ ᠴᠢᠩᠭᠠᠳᠬᠠᠵᠣ᠂ ᠰᠡᠷᠬᠡᠶᠢᠯᠡᠯᠲᠡ ᠶᠢᠨ ᠳᠦᠪᠰᠢᠨ ᠪᠠ ᠦᠢᠯᠡᠴᠢᠯᠡᠬᠡᠨ ᠤ ᠴᠢᠳᠠᠪᠤᠷᠢ ᠪᠠᠨ ᠳᠡᠭᠡᠭᠰᠢᠯᠡᠬᠦᠯᠦᠨ᠎ᠡ᠃ | ︵ᠲᠠᠪᠤ︶ ᠬᠢᠨᠠᠨ ᠵᠢᠯᠤᠭᠤᠳᠴᠣ ᠦᠨᠡᠯᠡᠬᠦ ᠪᠠᠨ ᠴᠢᠩᠭᠠᠳᠬᠠᠨ᠎ᠠ᠃ ᠮᠠᠯ ᠲᠠᠷᠢᠶᠠᠯᠠᠩ ᠪᠠ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠰᠠᠯᠠᠭ᠎ᠠ ᠮᠦᠴᠢᠷ ᠤᠨ | ᠬᠢᠨ ᠱᠠᠭᠠᠷᠳᠠᠨ ᠵᠢᠯᠤᠭᠤᠳᠬᠤ ᠪᠠᠨ ᠴᠢᠩᠭᠠᠳᠬᠠᠵᠤ᠂ ᠲᠤᠭᠲᠠᠮᠠᠯ ᠪᠤᠶᠤ ᠲᠤᠭᠲᠠᠮᠠᠯ ᠪᠤᠰᠤ ᠬᠤᠭᠤᠴᠠᠭ᠎ᠠ ᠲᠠᠢ ᠪᠠᠷ ᠪᠷᠦ᠋ᠼᠧᠯ ᠡᠪᠡᠤᠨᠴᠢᠨ ᠢ ᠰᠡᠷᠬᠡᠶᠢᠯᠡᠨ | ᠬᠢᠵᠠᠭᠠᠷᠯᠠᠬᠤ ᠠᠵᠢᠯ ᠤᠨ ᠵᠢᠯᠤᠭᠤᠳᠤᠯᠭ᠎ᠠ ᠦᠨᠡᠯᠡᠯᠲᠡ ᠶᠢ ᠵᠤᠬᠢᠶᠠᠨ ᠪᠠᠶᠢᠭᠤᠯᠵᠤ ᠦᠷᠨᠢᠬᠦᠯᠦᠨ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠬᠦᠯᠦᠨ | ᠰᠢᠢᠳᠪᠦᠷᠢᠯᠡᠵᠦ᠂ ᠨᠢᠬᠡᠳᠦᠯᠲᠡᠢ ᠲᠦᠯᠦᠪᠵᠢᠬᠦᠯᠦᠨ ᠵᠤᠬᠢᠴᠠᠭᠤᠯᠬᠤ ᠪᠠᠨ ᠴᠢᠩᠭᠠᠳᠬᠠᠨ᠂ ᠠᠵᠢᠯ ᠤᠨ ᠨᠠᠶᠢᠲᠠᠪᠤᠷᠢᠵᠢᠭᠤᠯᠤᠯᠲᠠ ᠶᠢ ᠠᠬᠢᠭᠤᠯᠤᠨ᠎ᠠ᠃ ᠪᠦᠬᠦ | ᠬᠤᠰᠢᠭᠤᠨ ᠤ ᠪᠷᠦ᠋ᠼᠧᠯ ᠡᠪᠡᠤᠨᠴᠢᠨ ᠢ ᠰᠡᠷᠬᠡᠶᠢᠯᠡᠨ ᠬᠢᠵᠠᠭᠠᠷᠯᠠᠬᠤ ᠠᠵᠢᠯ ᠳᠤ ᠵᠢᠯ ᠪᠦᠷᠢ 1 ᠣᠳᠠᠭ᠎ᠠ ᠶᠡᠷᠦᠩᠬᠡᠶᠢᠯᠡᠭᠰᠡᠨ ᠦᠨᠡᠯᠡᠯᠲᠡ ᠬᠢᠵᠦ᠂ ᠡᠯ᠎ᠡ ᠪᠠᠯᠭᠠᠰᠣᠨ | ᠤ ᠠᠵᠢᠯ ᠤᠨ ᠨᠠᠶᠢᠲᠠᠪᠤᠷᠢᠵᠢᠭᠤᠯᠤᠯᠲᠠ ᠶᠢᠨ ᠪᠠᠶᠢᠳᠠᠯ ᠢ ᠰᠣᠩᠭᠤᠨ ᠪᠠᠶᠢᠴᠠᠭᠠᠬᠤ ᠶᠢᠨ ᠬᠠᠮᠲᠤ ᠦᠨᠡᠯᠡᠯᠲᠡ ᠶᠢᠨ ᠳ᠋ᠦᠩ ᠢ ᠪᠦᠬᠦ ᠬᠤᠰᠢᠭᠤᠨ ᠳᠤ ᠨᠡᠶᠢᠲᠡᠯᠡᠨ᠎ᠡ᠃ | | ᠳᠠᠭᠠᠯᠳᠣᠭᠤᠯᠣᠯ᠄ 1. ᠣᠲᠤᠭ ᠤᠨ ᠡᠮᠦᠨᠡᠲᠦ ᠬᠤᠰᠢᠭᠤᠨ ᠤ ᠪᠷᠦ᠋ᠼᠧᠯ ᠡᠪᠡᠤᠨᠴᠢᠨ ᠢ ᠰᠡᠷᠬᠡᠶᠢᠯᠡᠨ ᠬᠢᠵᠠᠭᠠᠷᠯᠠᠬᠤ ᠠᠵᠢᠯ ᠤᠨ ᠤᠳᠤᠷᠢᠤᠨᠬᠤ ᠳᠤᠭᠤᠶᠢᠯᠠᠩ | 2. ᠠᠮᠢᠲᠠᠨ ᠤ ᠪᠷᠦ᠋ᠼᠧᠯ ᠡᠪᠡᠤᠨᠴᠢᠨ ᠢ ᠬᠢᠨᠠᠨ ᠰᠢᠯᠭᠠᠬᠤ ᠶᠠᠪᠤᠴᠠ ᠶᠢᠨ ᠵᠢᠷᠤᠭ ︵ᠳᠣᠪᠴᠢᠯᠠᠪᠠ︶ | 3. ᠬᠦᠮᠦᠨ ᠤ ᠪᠷᠦ᠋ᠼᠧᠯ ᠡᠪᠡᠤᠨᠴᠢᠨ ᠢ ᠣᠨᠣᠰᠢᠯᠠᠨ ᠡᠮᠨᠡᠬᠦ ᠶᠠᠪᠤᠴᠠ ︵ᠳᠣᠪᠴᠢᠯᠠᠪᠠ︶ | | | ᠳᠠᠭᠠᠯᠳᠣᠭᠤᠯᠣᠯ 1 | ᠣᠲᠤᠭ ᠤᠨ ᠡᠮᠦᠨᠡᠲᠦ ᠬᠤᠰᠢᠭᠤᠨ ᠤ ᠪᠷᠦ᠋ᠼᠧᠯ ᠡᠪᠡᠤᠨᠴᠢᠨ ᠢ ᠰᠡᠷᠬᠡᠶᠢᠯᠡᠨ ᠬᠢᠵᠠᠭᠠᠷᠯᠠᠬᠤ ᠠᠵᠢᠯ ᠤᠨ ᠤᠳᠤᠷᠢᠤᠨᠬᠤ ᠳᠤᠭᠤᠶᠢᠯᠠᠩ | | ᠵᠤᠬᠢᠶᠠᠨ ᠪᠠᠶᠢᠭᠤᠯᠤᠨ ᠣᠳᠣᠷᠢᠳᠬᠤ ᠪᠠ ᠨᠢᠬᠡᠳᠦᠯᠲᠡᠢ ᠲᠦᠯᠦᠪᠵᠢᠬᠦᠯᠦᠨ ᠵᠤᠬᠢᠴᠠᠭᠤᠯᠬᠤ ᠶᠢ ᠴᠢᠩᠭᠠᠳᠬᠠᠬᠤ ᠶᠢᠨ ᠲᠤᠰᠠᠳᠠ᠂ ᠣᠲᠤᠭ ᠤᠨ ᠡᠮᠦᠨᠡᠲᠦ | ᠬᠤᠰᠢᠭᠤᠨ ᠤ ᠪᠷᠦ᠋ᠼᠧᠯ ᠡᠪᠡᠤᠨᠴᠢᠨ ᠢ ᠰᠡᠷᠬᠡᠶᠢᠯᠡᠨ ᠬᠢᠵᠠᠭᠠᠷᠯᠠᠬᠤ ᠠᠵᠢᠯ ᠤᠨ ᠤᠳᠤᠷᠢᠤᠨᠬᠤ ᠳᠤᠭᠤᠶᠢᠯᠠᠩ ᠢ ᠣᠨᠴᠠᠭᠠᠶᠢᠯᠠᠨ ᠪᠠᠶᠢᠭᠤᠯᠪᠠ᠂ ᠪᠤᠲᠠᠲᠠᠢ | ᠪᠦᠷᠢᠯᠳᠦᠬᠦᠨ ᠳᠣᠣᠷ᠎ᠠ ᠮᠡᠳᠦ᠄ | ᠳᠣᠭᠤᠶᠢᠯᠠᠩ ᠤᠨ ᠳᠠᠷᠤᠭ᠎ᠠ᠄ ᠶᠠᠩ ᠶᠢᠩ ᠰᠢᠨ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ | ᠳᠣᠭᠤᠶᠢᠯᠠᠩ ᠤᠨ ᠳᠡᠳ᠋ ᠳᠠᠷᠤᠭ᠎ᠠ᠄ ᠶᠢᠦ ᠵᠢᠶᠠᠨ ᠴᠢᠩ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠹᠧᠩ ᠴᠦᠨ ᠬᠤᠸᠠ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠪᠦᠷᠢᠯᠳᠦᠬᠦᠨ᠄ ᠰᠢᠦᠢ ᠭᠤᠸᠠᠩ ᠯᠢᠶᠠᠩ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠳᠠᠷᠤᠭ᠎ᠠ | ᠰᠧ ᠪᠤᠤ ᠳ᠋ᠦᠩ ᠬᠤᠰᠢᠭᠤ ᠡᠳ᠋ ᠤᠨ ᠵᠠᠰᠠᠭ ᠤᠨ ᠳᠣᠪᠴᠢᠶᠠᠨ ᠳᠠᠷᠤᠭ᠎ᠠ | ᠰᠦᠨ ᠱᠣ᠋ ᠶᠣᠸᠡᠨ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠣᠪᠴᠢᠶᠠᠨ ᠳᠠᠷᠤᠭ᠎ᠠ | ᠡᠾᠧ ᠹᠦ᠋ ᠶᠦᠨ ᠬᠤᠰᠢᠭᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠤᠨ ᠡᠷᠬᠢᠯᠡᠭᠴᠢ | ᠭᠤᠤ ᠵᠤᠤ ᠸᠧᠢ ᠣᠨᠵᠠᠴᠢ ᠪᠠᠯᠭᠠᠰᠣᠨ ᠤ ᠪᠠᠯᠭᠠᠰᠣᠨ ᠳᠠᠷᠤᠭ᠎ᠠ | ᠪᠠᠶᠠᠨᠵᠢᠷᠭᠠᠯ ᠱᠠᠩᠬᠠᠢ ᠶᠢᠨ ᠰᠦᠮ᠎ᠡ ᠪᠠᠯᠭᠠᠰᠣᠨ ᠤ ᠪᠠᠯᠭᠠᠰᠣᠨ ᠳᠠᠷᠤᠭ᠎ᠠ | ᠦᠨᠡᠨᠴᠢ ᠪᠤᠷᠤᠪᠠᠯᠭᠠᠰᠣ ᠪᠠᠯᠭᠠᠰᠣᠨ ᠤ ᠪᠠᠯᠭᠠᠰᠣᠨ ᠳᠠᠷᠤᠭ᠎ᠠ | ᠸᠠᠩ ᠸᠧᠢ ᠨᠠᠩᠰᠣ ᠪᠠᠯᠭᠠᠰᠣᠨ ᠤ ᠪᠠᠯᠭᠠᠰᠣᠨ ᠳᠠᠷᠤᠭ᠎ᠠ | ᠠᠭᠤᠯᠠ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠤ ᠳᠡᠳ᠋ ᠳᠠᠷᠤᠭ᠎ᠠ | ᠸᠠᠩ ᠷᠧᠨ ᠴᠧᠩ ᠬᠤᠰᠢᠭᠤ ᠡᠪᠡᠳᠴᠢᠨ ᠡᠮᠬᠡᠭ ᠢ ᠰᠡᠷᠬᠡᠶᠢᠯᠡᠨ ᠬᠢᠵᠠᠭᠠᠷᠯᠠᠬᠤ ᠲᠦᠪ ᠤᠨ ᠡᠷᠬᠢᠯᠡᠭᠴᠢ | ᠨᠠᠰᠣᠨᠴᠢᠮᠡᠭ ᠬᠤᠰᠢᠭᠤ ᠠᠮᠢᠲᠠᠨ ᠤ ᠬᠢᠵᠢᠭ ᠡᠪᠡᠳᠴᠢᠨ ᠢ ᠣᠷᠢᠳᠴᠢᠯᠠᠨ ᠰᠡᠷᠬᠡᠶᠢᠯᠡᠨ ᠬᠢᠵᠠᠭᠠᠷᠯᠠᠬᠤ ᠲᠦᠪ ᠤᠨ ᠡᠷᠬᠢᠯᠡᠭᠴᠢ | ᠣᠳᠣᠷᠢᠳᠬᠤ ᠳᠣᠭᠤᠶᠢᠯᠠᠩ ᠤᠨ ᠬᠤᠰᠢᠭᠤ ᠠᠮᠢᠲᠠᠨ ᠤ ᠪᠷᠦ᠋ᠼᠧᠯ ᠡᠪᠡᠤᠨᠴᠢᠨ ᠢ ᠰᠡᠷᠬᠡᠶᠢᠯᠡᠨ ᠬᠢᠵᠠᠭᠠᠷᠯᠠᠬᠤ ᠠᠵᠢᠯ ᠤᠨ ᠤᠳᠤᠷᠢᠤᠨᠬᠤ ᠳᠤᠭᠤᠶᠢᠯᠠᠩ ᠤᠨ | ᠠᠯᠪᠠᠨ ᠭᠡᠷ ᠢ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠳᠤ ᠳᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠰᠢᠦᠢ ᠭᠤᠸᠠᠩ ᠯᠢᠶᠠᠩ | ᠬᠠᠪᠰᠣᠷᠭᠠᠨ᠎ᠠ︔ ᠬᠦᠮᠦᠨ ᠤ ᠪᠷᠦ᠋ᠼᠧᠯ ᠡᠪᠡᠤᠨᠴᠢᠨ ᠢ ᠰᠡᠷᠬᠡᠶᠢᠯᠡᠨ ᠬᠢᠵᠠᠭᠠᠷᠯᠠᠬᠤ ᠠᠵᠢᠯ ᠤᠨ ᠤᠳᠤᠷᠢᠤᠨᠬᠤ ᠳᠤᠭᠤᠶᠢᠯᠠᠩ ᠤᠨ ᠠᠯᠪᠠᠨ ᠭᠡᠷ ᠢ ᠬᠤᠰᠢᠭᠤ ᠡᠷᠡᠬᠦᠯ | ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠳᠤ ᠪᠠᠶᠢᠷᠢᠯᠠᠭᠤᠯᠤᠨ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠡᠾᠧ ᠹᠦ᠋ ᠶᠦᠨ ᠬᠠᠪᠰᠣᠷᠭᠠᠵᠤ᠂ ᠠᠯᠪᠠᠨ ᠭᠡᠷ | ᠤᠨ ᠡᠳᠦᠷ ᠲᠤᠲᠤᠮ ᠤᠨ ᠣᠴᠢᠷ ᠶᠠᠪᠤᠳᠠᠯ ᠪᠠ ᠣᠳᠣᠷᠢᠳᠬᠤ ᠳᠣᠭᠤᠶᠢᠯᠠᠩ ᠠᠴᠠ ᠲᠤᠰᠢᠶᠠᠨ ᠬᠦᠢᠴᠡᠳᠬᠡᠬᠦᠯᠦᠭᠰᠡᠨ ᠪᠤᠰᠣᠳ ᠠᠵᠢᠯ ᠢ ᠪᠤᠲᠠᠲᠠᠢ ᠬᠠᠷᠢᠭᠤᠴᠠᠨ | ᠵᠤᠬᠢᠴᠠᠭᠤᠯᠤᠨ᠎ᠠ᠃ | ᠬᠤᠰᠢᠭᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ᠄ ᠬᠦᠮᠦᠨ ᠤ ᠪᠷᠦ᠋ᠼᠧᠯ ᠡᠪᠡᠤᠨᠴᠢᠨ ᠤ ᠰᠡᠷᠬᠡᠶᠢᠯᠡᠨ ᠵᠠᠰᠠᠯᠲᠠ ᠪᠠ ᠬᠢᠨᠠᠯᠲᠠ ᠬᠠᠮᠢᠶᠠᠷᠤᠯᠲᠠ ᠶᠢᠨ | ᠠᠵᠢᠯ ᠢ ᠬᠠᠷᠢᠭᠤᠴᠠᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠢᠳᠡᠪᠬᠢᠲᠡᠢ ᠪᠠᠷ ᠵᠤᠬᠢᠴᠠᠭᠤᠯᠵᠦ ᠪᠷᠦ᠋ᠼᠧᠯ ᠡᠪᠡᠤᠨᠴᠢᠨ ᠤ ᠰᠡᠷᠬᠡᠶᠢᠯᠡᠨ ᠵᠠᠰᠠᠯᠲᠠ ᠶᠢᠨ | ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠨ᠂ ᠪᠷᠦ᠋ᠼᠧᠯ ᠡᠪᠡᠤᠨᠴᠢᠨ ᠤ ᠲᠤᠭᠲᠠᠭᠰᠠᠨ ᠡᠮᠨᠡᠯᠬᠡ ᠶᠢᠨ ᠪᠠᠶᠢᠭᠤᠯᠤᠮᠵᠢ᠂ ᠦᠨᠳᠦᠰᠦᠨ ᠱᠠᠲᠤᠨ ᠤ ᠡᠮᠴᠢᠯᠡᠭᠡ | ᠡᠷᠡᠬᠦᠯ ᠬᠠᠮᠠᠭᠠᠯᠠᠯ ᠤᠨ ᠪᠠᠶᠢᠭᠤᠯᠤᠮᠵᠢ᠂ ᠡᠪᠡᠳᠴᠢᠨ ᠡᠮᠬᠡᠭ ᠢ ᠣᠷᠢᠳᠴᠢᠯᠠᠨ ᠰᠡᠷᠬᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠠᠵᠢᠯ ᠤᠨ ᠬᠤᠪᠢᠶᠠᠷᠢᠯᠠᠯ | ᠲᠤᠲᠤᠷᠬᠠᠢ᠂ ᠵᠤᠬᠢᠴᠠᠭᠤᠯᠤᠯᠲᠠ ᠬᠠᠮᠵᠢᠯᠴᠠᠭᠠᠨ ᠤ ᠰᠡᠷᠬᠡᠶᠢᠯᠡᠨ ᠵᠠᠰᠠᠯᠲᠠ ᠶᠢᠨ ᠦᠢᠯᠡᠴᠢᠯᠡᠬᠡᠨ ᠤ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ᠎ᠠ᠃ | ᠬᠤᠰᠢᠭᠤ ᠡᠳ᠋ ᠤᠨ ᠵᠠᠰᠠᠭ ᠤᠨ ᠳᠣᠪᠴᠢᠶ᠎ᠠ᠄ ᠪᠷᠦ᠋ᠼᠧᠯ ᠡᠪᠡᠤᠨᠴᠢᠨ ᠢ ᠰᠡᠷᠬᠡᠶᠢᠯᠡᠨ ᠬᠢᠵᠠᠭᠠᠷᠯᠠᠬᠤ ᠲᠤᠰᠬᠠᠢ ᠪᠡᠯᠡ ᠮᠦᠩᠭᠦᠨ ᠤ ᠬᠠᠮᠢᠶᠠᠷᠤᠯᠲᠠ᠂ ᠬᠢᠨᠠᠨ | ᠪᠠᠶᠢᠴᠠᠭᠠᠯᠲᠠ ᠪᠠ ᠪᠦᠲᠦᠮᠵᠢ ᠶᠢᠨ ᠦᠨᠡᠯᠡᠯᠲᠡ ᠶᠢ ᠬᠠᠷᠢᠭᠤᠴᠠᠨ᠎ᠠ᠃ | ᠬᠤᠰᠢᠭᠤ ᠵᠠᠬ᠎ᠠ ᠳᠡᠯᠭᠡᠬᠦᠷ ᠤᠨ ᠬᠢᠨᠠᠯᠲᠠ ᠬᠠᠮᠢᠶᠠᠷᠤᠯᠲᠠ ᠶᠢᠨ ᠳᠣᠪᠴᠢᠶ᠎ᠠ᠄ ᠪᠦᠬᠦ ᠬᠤᠰᠢᠭᠤᠨ ᠤ ᠮᠠᠯ ᠲᠠᠷᠢᠶᠠᠯᠠᠩ ᠤᠨ ᠪᠦᠲᠦᠬᠡᠭᠳᠡᠬᠦᠨ ᠤ ᠵᠠᠬ᠎ᠠ ᠳᠡᠯᠭᠡᠭᠦᠷ | ᠤᠨ ᠬᠢᠨᠠᠨ ᠬᠠᠮᠢᠶᠠᠷᠤᠯᠲᠠ ᠶᠢ ᠬᠠᠷᠢᠭᠤᠴᠠᠵᠤ᠂ ᠪᠠᠶᠢᠴᠠᠭᠠᠭᠳᠠᠭᠰᠠᠨ ᠦᠬᠡᠢ ᠮᠠᠯ ᠠᠵᠤ ᠠᠬᠤᠢ ᠶᠢᠨ ᠪᠦᠲᠦᠬᠡᠭᠳᠡᠬᠦᠨ ᠵᠠᠬ᠎ᠠ ᠳᠡᠯᠬᠡᠬᠦᠷ ᠲᠤ ᠣᠷᠣᠬᠤ ᠶᠢ ᠴᠢᠩᠭ᠎ᠠ | ᠰᠡᠷᠬᠡᠶᠢᠯᠡᠨ᠎ᠡ᠃ | ᠬᠤᠰᠢᠭᠤ ᠮᠠᠯ ᠲᠠᠷᠢᠶᠠᠯᠠᠩ ᠤᠨ ᠳᠣᠪᠴᠢᠶ᠎ᠠ᠄ ᠠᠮᠢᠲᠠᠨ ᠤ ᠪᠷᠦ᠋ᠼᠧᠯ ᠡᠪᠡᠤᠨᠴᠢᠨ ᠢ ᠰᠡᠷᠬᠡᠶᠢᠯᠡᠨ ᠬᠢᠵᠠᠭᠠᠷᠯᠠᠬᠤ ᠲᠦᠰᠦᠯ ᠲᠤᠭᠲᠠᠭᠠᠬᠤ ᠶᠢ ᠬᠠᠷᠢᠭᠤᠴᠠᠵᠤ᠂ | ᠠᠮᠢᠲᠠᠨ ᠤ ᠬᠢᠵᠢᠭ ᠡᠪᠡᠳᠴᠢᠨ ᠤ ᠬᠢᠨᠠᠨ ᠡᠵᠡᠮᠰᠢᠯ᠂ ᠬᠢᠨᠠᠨ ᠰᠢᠯᠭᠠᠯᠲᠠ᠂ ᠣᠨᠣᠰᠢᠯᠠᠯᠲᠠ᠂ ᠳᠠᠬᠤᠯ ᠡᠪᠡᠳᠴᠢᠨ ᠤ ᠰᠣᠳᠣᠯᠣᠯ ᠤᠨ ᠪᠠᠶᠢᠴᠠᠭᠠᠯᠲᠠ᠂ ᠬᠢᠵᠢᠭ ᠤᠨ | ᠪᠠᠶᠢᠳᠠᠯ ᠤᠨ ᠮᠡᠳᠡᠬᠦᠯᠦᠯᠲᠡ ᠵᠢᠴᠢ ᠪᠤᠰᠤᠳ ᠣᠷᠢᠳᠴᠢᠯᠠᠨ ᠰᠡᠷᠬᠡᠶᠢᠯᠡᠯᠲᠡ᠂ ᠡᠵᠡᠮᠳᠡᠯ᠂ ᠴᠡᠪᠡᠷᠰᠢᠬᠦᠯᠦᠯᠲᠡ᠂ ᠠᠷᠢᠯᠭᠠᠯᠲᠠ ᠵᠡᠷᠭᠡ ᠮᠡᠷᠬᠡᠵᠢᠯ ᠤᠨ ᠠᠵᠢᠯ ᠢ | ᠦᠷᠨᠢᠬᠦᠯᠦᠨ᠂ ᠲᠤᠬᠠᠶᠢᠯᠠᠭᠰᠠᠨ ᠠᠵᠢᠯ ᠤᠨ ᠪᠠᠶᠢᠴᠠᠭᠠᠯᠲᠠ᠂ ᠮᠡᠷᠬᠡᠵᠢᠯ ᠤᠨ ᠵᠢᠯᠤᠭᠤᠳᠤᠯᠭ᠎ᠠ᠂ ᠪᠦᠲᠦᠮᠵᠢ ᠶᠢᠨ ᠬᠢᠨᠠᠨ ᠰᠢᠯᠭᠠᠯᠲᠠ᠂ ᠪᠤᠳᠠᠰ ᠤᠨ ᠬᠠᠩᠭᠠᠯᠭ᠎ᠠ᠂ | ᠪᠡᠯᠡ ᠮᠦᠩᠬᠦᠨ ᠤ ᠬᠤᠷᠠᠮᠳᠣᠭᠤᠯᠭ᠎ᠠ ᠵᠡᠷᠭᠡ ᠠᠵᠢᠯ ᠢ ᠰᠠᠶᠢᠲᠤᠷ ᠬᠢᠨ᠎ᠡ᠃ | ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠄ ᠬᠠᠷᠢᠶ᠎ᠠ ᠭᠠᠵᠠᠷ ᠤᠨ ᠲᠤᠲᠤᠷᠠᠬᠢ ᠪᠷᠦ᠋ᠼᠧᠯ ᠡᠪᠡᠤᠨᠴᠢᠨ ᠢ ᠰᠡᠷᠬᠡᠶᠢᠯᠡᠨ ᠬᠢᠵᠠᠭᠠᠷᠯᠠᠬᠤ ᠠᠵᠢᠯ ᠳᠤ | ᠬᠠᠷᠢᠭᠤᠴᠠᠵᠤ᠂ ᠨᠢᠭᠡᠳᠦᠯᠲᠡᠢ ᠣᠳᠣᠷᠢᠳᠬᠤ ᠶᠢ ᠬᠡᠷᠡᠭᠵᠢᠬᠦᠯᠦᠨ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠤᠰᠤᠭᠠᠷ᠂ ᠪᠷᠦ᠋ᠼᠧᠯ ᠡᠪᠡᠤᠨᠴᠢᠨ | ᠤ ᠰᠡᠷᠬᠡᠶᠢᠯᠡᠯᠲᠡ ᠶᠢᠨ ᠣᠬᠠᠭᠤᠯᠭ᠎ᠠ ᠶᠢ ᠢᠳᠡᠪᠬᠢᠲᠡᠢ ᠪᠠᠷ ᠦᠷᠨᠢᠬᠦᠯᠦᠨ᠂ ᠣᠯᠠᠨ ᠲᠦᠮᠡᠨ ᠢ ᠵᠤᠬᠢᠶᠠᠨ ᠪᠠᠶᠢᠭᠤᠯᠵᠤ ᠠᠮᠢᠲᠠᠨ ᠤ ᠬᠢᠵᠢᠭ ᠡᠪᠡᠳᠴᠢᠨ ᠢ | ᠣᠷᠢᠳᠴᠢᠯᠠᠨ ᠰᠡᠷᠬᠡᠶᠢᠯᠡᠬᠦ᠂ ᠬᠢᠵᠠᠭᠠᠷᠯᠠᠨ ᠡᠵᠡᠮᠳᠡᠬᠦ᠂ ᠴᠡᠪᠡᠷᠰᠢᠬᠦᠯᠬᠦ᠂ ᠠᠷᠢᠯᠭᠠᠬᠤ ᠪᠠ ᠢᠷᠡᠯᠲᠡ ᠶᠢ ᠮᠦᠷᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠠᠮᠢᠲᠠᠨ ᠤ | ᠬᠢᠵᠢᠭ ᠡᠪᠡᠳᠴᠢᠨ ᠤ ᠬᠠᠮᠢᠶᠠᠷᠤᠯᠲᠠ ᠪᠠ ᠬᠢᠨᠠᠨ ᠪᠠᠶᠢᠴᠠᠭᠠᠯᠲᠠ ᠶᠢᠨ ᠠᠵᠢᠯ ᠢ ᠴᠢᠩᠭᠠᠳᠬᠠᠨ᠂ ᠪᠷᠦ᠋ᠼᠧᠯ ᠡᠪᠡᠤᠨᠴᠢᠨ ᠤ ᠦᠯᠢᠭᠡᠷ ᠠᠪᠬᠤ᠂ ᠪᠠᠶᠢᠴᠠᠭᠠᠬᠤ᠂ | ᠠᠷᠢᠯᠭᠠᠬᠤ᠂ ᠬᠦᠨᠦᠬᠡᠯ ᠦᠬᠡᠶᠢᠳᠡᠬᠦᠯᠦᠨ ᠰᠢᠢᠳᠪᠦᠷᠢᠯᠡᠬᠦ᠂ ᠠᠷᠢᠭᠤᠳᠬᠠᠬᠤ ᠢᠷᠡᠯᠲᠡ ᠶᠢ ᠣᠰᠠᠳᠬᠠᠬᠤ ᠵᠡᠷᠭᠡ ᠠᠵᠢᠯ ᠢ ᠶᠠᠪᠤᠭᠳᠠᠭᠤᠯᠵᠤ᠂ ᠬᠢᠨᠠᠨ ᠡᠵᠡᠮᠰᠢᠯ ᠢ | ᠬᠤᠭᠤᠴᠠᠭ᠎ᠠ ᠭᠤᠭᠴᠤᠭ᠎ᠠ ᠶᠤᠰᠤᠭᠠᠷ ᠪᠡᠶᠡᠯᠡᠬᠦᠯᠬᠦ ᠶᠢ ᠪᠠᠲᠤᠯᠠᠨ᠂ ᠡᠯ᠎ᠡ ᠲᠦᠷᠦᠯ ᠤᠨ ᠳᠣᠪᠣᠶᠢᠮ᠎ᠠ ᠠᠰᠠᠭᠤᠳᠠᠯ ᠢ ᠴᠠᠭ ᠲᠤᠬᠠᠢ ᠳᠤᠨᠢ ᠵᠤᠬᠢᠴᠠᠭᠤᠯᠣᠨ | ᠰᠢᠢᠳᠪᠦᠷᠢᠯᠡᠨ᠎ᠡ᠃ | | |