ᠴᠠᠭᠠᠨ ᠬᠡᠷᠡᠮ ᠴᠡᠴᠡᠷᠯᠢᠭ ᠨᠡᠶᠢᠬᠡᠮ ᠲᠤᠭᠤᠷᠢᠭ
ᠨᠡᠶᠢᠲᠡᠯᠡᠭᠰᠡᠨ ᠴᠠᠭ᠄
2023/10/9
     ᠴᠠᠩᠴᠧᠩ ᠴᠡᠴᠡᠷᠯᠢᠭ ᠨᠡᠶᠢᠬᠡᠮ ᠲᠤᠭᠤᠷᠢᠭ ᠨᠢ 2010  ᠣᠨ ᠳᠤ ᠪᠠᠶᠢᠭᠤᠯᠣᠭᠳᠠᠨ᠂ ᠱᠠᠩᠬᠠᠢ ᠶᠢᠨ ᠰᠦᠮ᠎ᠡ ᠪᠠᠯᠭᠠᠰᠣᠨ ᠤ 11 ᠭᠠᠴᠠᠭ᠎ᠠ ᠲᠤᠰᠬᠤᠨ ᠤ  ᠨᠡᠭᠦᠳᠡᠯ ᠠᠷᠠᠳ ᠢᠶᠠᠷ ᠪᠦᠷᠢᠯᠳᠦᠭᠰᠡᠨ  ᠰᠢᠨ᠎ᠡ ᠮᠠᠶ᠋ᠢᠭ ᠤᠨ ᠬᠤᠲᠠ ᠪᠠᠯᠭᠠᠰᠣᠨ ᠤ ᠨᠡᠶᠢᠬᠡᠮ ᠲᠤᠭᠤᠷᠢᠭ ᠪᠣᠯᠣᠨ᠎ᠠ᠂ 1539 ᠡᠷᠦᠬᠡ 4900 ᠨᠡᠭᠦᠳᠡᠯ ᠠᠷᠠᠳ ᠂ 1050 ᠶᠠᠪᠤᠭᠤᠯ ᠬᠦᠮᠦᠨ ᠠᠮᠠ ᠲᠠᠢ᠃ ᠨᠡᠶᠢᠬᠡᠮ ᠲᠤᠭᠤᠷᠢᠭ ᠤᠨ ᠨᠠᠮ ᠤᠨ ᠡᠭᠦᠷ ᠣᠳᠣ 10 ᠨᠠᠮ ᠤᠨ ᠬᠡᠰᠢᠭᠦᠨ᠂ ᠨᠠᠰᠣ ᠠᠬᠢᠭᠰᠠᠨ ᠪᠡᠶ᠎ᠡ ᠮᠠᠭᠤᠲᠠᠢ ᠨᠠᠮ ᠤᠨ ᠬᠡᠰᠢᠭᠦᠨ 2 ᠪᠠᠶᠢᠨ᠎ᠠ᠃ ᠨᠡᠶᠢᠬᠡᠮ ᠲᠤᠭᠤᠷᠢᠭ ᠢᠳᠡᠪᠬᠢᠲᠡᠢ ᠪᠠᠷ ᠨᠠᠮ ᠤᠨ ᠬᠡᠰᠢᠭᠦᠨ ᠳᠤ ︽ᠬᠤᠶᠠᠷ ᠢ ᠰᠣᠷᠣᠯᠴᠠᠵᠤ ᠬᠢᠷᠢ ᠲᠡᠩᠴᠡᠭᠰᠡᠨ ᠨᠠᠮ ᠤᠨ ᠬᠡᠰᠢᠭᠦᠨ ᠪᠣᠯᠬᠤ︾ ᠰᠣᠷᠣᠯᠴᠠᠯᠭ᠎ᠠ ᠬᠦᠮᠦᠵᠢᠯ ᠤᠨ ᠨᠠᠷᠢᠯᠢᠭ ᠣᠬᠤᠷ  ᠮᠡᠳᠡᠭᠡ ᠶᠢ ᠨᠠᠶᠢᠷᠠᠭᠤᠯᠵᠣ᠂ ᠪᠢᠴᠢᠯ ᠸᠢᠳᠢᠣ᠋ ᠰᠢᠩᠭᠡᠭᠡᠨ ᠦᠢᠯᠡᠳᠦᠨ᠂ ᠢᠯᠵᠠᠷᠠᠯ ᠢ ᠡᠰᠡᠷᠭᠦᠴᠡᠬᠦ ᠰᠡᠷᠡᠮᠵᠢ ᠶᠢᠨ ᠬᠦᠮᠦᠵᠢᠯ ᠤᠨ ᠰᠠᠭᠤᠷᠢᠨ ᠭᠠᠵᠠᠷ ᠢ ᠵᠤᠬᠢᠶᠠᠨ ᠪᠠᠶᠢᠭᠤᠯᠤᠨ ᠲᠤᠭᠤᠷᠢᠨ ᠦᠵᠡᠭᠦᠯᠵᠦ᠂ ᠬᠤᠰᠢᠭᠤᠨ ᠤ ᠨᠠᠮ ᠤᠨ ᠰᠣᠷᠭᠠᠭᠤᠯᠢ ᠶᠢᠨ ᠯᠧᠺᠲ᠋ᠣᠷ ᠢ ᠣᠷᠢᠵᠣ ᠨᠡᠶᠢᠬᠡᠮ ᠲᠤᠭᠤᠷᠢᠭ ᠲᠤ ᠣᠬᠠᠭᠤᠯᠤᠨ ᠲᠠᠶᠢᠯᠪᠣᠷᠢᠯᠠᠬᠤ ᠠᠵᠢᠯ ᠢ ᠦᠷᠨᠢᠭᠦᠯᠦᠨ᠂  ᠬᠠᠷᠮᠠᠨ ᠪᠢᠴᠢᠭ ᠬᠢᠵᠦ᠂ ᠠᠬᠠᠮᠠᠳ ᠨᠠᠮ ᠤᠨ ᠬᠡᠰᠢᠭᠦᠨ ᠳᠤ ᠰᠣᠷᠣᠯᠴᠠᠯᠭ᠎ᠠ ᠬᠦᠷᠲᠡᠭᠡᠬᠦ ᠵᠡᠷᠭᠡ ᠠᠷᠭ᠎ᠠ ᠪᠠᠷ ᠤᠯᠠᠨ ᠬᠡᠯᠪᠡᠷᠢ ᠣᠯᠠᠨ ᠴᠢᠭᠯᠡᠯ ᠢᠶᠠᠷ ᠨᠡᠶᠢᠬᠡᠮ ᠲᠤᠭᠤᠷᠢᠭ ᠤᠨ ︽ᠬᠤᠶᠠᠷ ᠢ ᠰᠣᠷᠣᠯᠴᠠᠵᠤ ᠬᠢᠷᠢ ᠲᠡᠩᠴᠡᠭᠰᠡᠨ ᠨᠠᠮ ᠤᠨ ᠬᠡᠰᠢᠭᠦᠨ ᠪᠣᠯᠬᠤ︾ ᠰᠣᠷᠣᠯᠴᠠᠯᠭ᠎ᠠ ᠬᠦᠮᠦᠵᠢᠯ ᠢ ᠠᠬᠢᠭᠤᠯᠣᠨ᠎ᠠ᠃ ᠨᠡᠶᠢᠬᠡᠮ ᠲᠤᠭᠤᠷᠢᠭ ᠤᠨ ᠬᠠᠷᠢᠶᠠᠨ ᠳᠠᠬᠢ  ᠴᠠᠭᠠᠨ ᠬᠡᠷᠡᠮ ᠴᠡᠴᠡᠷᠯᠢᠭ ᠰᠠᠭᠤᠭᠠᠯᠢ ᠲᠤᠭᠤᠷᠢᠭ᠂ ᠰᠢᠨ᠎ᠡ ᠡᠷᠡᠮᠡᠯᠵᠡᠯ ᠰᠠᠭᠤᠭᠠᠯᠢ ᠲᠤᠭᠤᠷᠢᠭ᠂ ᠲᠢᠶᠠᠨ ᠵᠢᠶᠦ᠋ᠨ ᠰᠠᠭᠤᠭᠠᠯᠢ ᠲᠤᠭᠤᠷᠢᠭ᠂ ᠶᠢᠨ ᠰᠢᠦ ᠬᠤᠸᠠ ᠲᠢᠩ ᠰᠠᠭᠤᠭᠠᠯᠢ ᠲᠤᠭᠤᠷᠢᠭ᠂ ᠡᠵᠡᠨ ᠬᠤᠷᠤᠭ᠎ᠠ ᠴᠡᠴᠡᠷᠯᠢᠭ ᠰᠠᠭᠤᠭᠠᠯᠢ ᠲᠤᠭᠤᠷᠢᠭ᠂  ᠱᠧᠩ ᠱᠢ ᠴᠡᠴᠡᠷᠯᠢᠭ ᠰᠠᠭᠤᠭᠠᠯᠢ ᠲᠤᠭᠤᠷᠢᠭ ᠵᠡᠷᠭᠡ 6 ᠨᠡᠭᠦᠳᠡᠯ ᠠᠷᠠᠳ ᠤᠨ ᠰᠠᠭᠤᠭᠠᠯᠢ ᠲᠤᠭᠤᠷᠢᠭ ᠪᠠ  ᠢ ᠮᠧᠩ ᠰᠠᠭᠤᠭᠠᠯᠢ ᠲᠤᠭᠤᠷᠢᠭ᠂  ᠰᠢᠨ ᠺᠦᠸᠠᠩ ᠠᠭᠤᠷᠬᠠᠢ ᠶᠢᠨ ᠠᠵᠢᠯᠲᠠᠨ ᠤ ᠪᠠᠶᠢᠷᠢ᠂ ᠲᠢᠶᠧ ᠶᠤᠸᠠᠨ ᠰᠠᠭᠤᠭᠠᠯᠢ ᠲᠤᠭᠤᠷᠢᠭ᠂ ᠯᠦᠩ ᠴᠧᠨ ᠢ ᠡᠾ ᠶᠤᠸᠠᠨ ᠰᠠᠭᠤᠭᠠᠯᠢ ᠲᠤᠭᠤᠷᠢᠭ᠂ ᠰᠢᠨ ᠺᠦᠸᠠᠩ ᠰᠠᠭᠤᠭᠠᠯᠢ ᠲᠤᠭᠤᠷᠢᠭ᠂ ᠲᠠᠢ ᠱᠠᠨ ᠰᠠᠭᠤᠭᠠᠯᠢ ᠲᠤᠭᠤᠷᠢᠭ᠂ ᠵᠢᠶᠠ ᠶᠤᠸᠠᠨ ᠰᠠᠭᠤᠭᠠᠯᠢ ᠲᠤᠭᠤᠷᠢᠭ ᠵᠡᠷᠭᠡ 7  ᠠᠭᠤᠷᠬᠠᠢ ᠶᠢᠨ ᠣᠷᠣᠨ ᠤ ᠰᠠᠭᠤᠭᠠᠯᠢ ᠲᠤᠭᠤᠷᠢᠭ᠂ ᠬᠠᠮᠲᠤ ᠪᠠᠷ ᠰᠠᠭᠤᠷᠢᠰᠢᠨ ᠬᠠᠮᠲᠤ ᠪᠠᠷ ᠪᠠᠶᠢᠭᠤᠯᠬᠤ ᠨᠢᠭᠡᠴᠡ 8 ᠪᠠᠶᠢᠨ᠎ᠠ᠂ ᠦᠢᠯᠡᠴᠢᠯᠡᠭᠡᠨ ᠤ ᠬᠡᠪᠴᠢᠶ᠎ᠡ ᠨᠢ 11  ᠺᠦᠸᠠᠲ ᠺᠢᠯᠤᠮᠧᠲᠷ ᠳᠤ ᠬᠦᠷᠦᠨ᠎ᠡ᠃ ᠬᠠᠷᠢᠶᠠᠲᠤ ᠣᠷᠣᠨ ᠢ 13  ᠲᠤᠤᠷᠵᠢᠯ ᠬᠠᠮᠢᠶᠠᠷᠣᠯᠲᠠ ᠶᠢᠨ ᠣᠷᠣᠨ ᠬᠤᠪᠢᠶᠠᠵᠤ᠂  ︽365︾  ᠨᠠᠷᠢᠯᠢᠭᠵᠢᠭᠤᠯᠤᠭᠰᠠᠨ ᠦᠢᠯᠡᠴᠢᠯᠡᠭᠡᠨ ᠤ ᠬᠡᠪ ᠮᠠᠶ᠋ᠢᠭ ᠢ ᠬᠡᠷᠡᠭᠵᠢᠭᠦᠯᠦᠨ᠎ᠡ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ