ᠭᠤᠷᠪᠠᠨ ᠪᠤᠯᠠᠭ ᠲᠤᠰᠬᠤᠨ ᠤᠯᠵᠠᠴᠢ ᠪᠠᠯᠭᠠᠰᠤᠨ ᠤ ᠪᠠᠷᠠᠭᠤᠨ ᠪᠡᠶ᠎ᠡ ᠳᠤ ᠪᠠᠶᠢᠷᠢᠯᠠᠵᠤ᠂ ᠲᠤᠰᠬᠤᠨ ᠤ ᠵᠦᠪᠯᠡᠯ ᠤᠯᠵᠠᠴᠢ ᠪᠠᠯᠭᠠᠰᠤᠨ ᠠᠴᠠ ᠪᠠᠷᠠᠭᠤᠨᠰᠢ 2 | ᠺᠢᠯᠤᠮᠧᠲᠷ ᠵᠠᠶᠢᠲᠠᠢ ᠭᠠᠵᠠᠷ ᠲᠤ ᠠᠯᠪᠠᠯᠠᠵᠤ ᠪᠠᠶᠢᠳᠠᠭ᠃ 1972 ᠤᠨ ᠳᠤ ᠭᠤᠷᠪᠠᠨ ᠪᠤᠯᠠᠭ ᠦᠢᠯᠡᠳᠪᠦᠷᠢᠯᠡᠯ ᠤᠨ ᠶᠡᠭᠡ ᠪᠠᠷᠢᠭᠠᠲᠠ ᠪᠠᠶᠢᠭᠤᠯᠤᠭᠳᠠᠨ᠂ 1984 | ᠣᠨ ᠳᠤ ᠭᠤᠷᠪᠠᠨ ᠪᠤᠯᠠᠭ ᠲᠤᠰᠬᠤᠨ ᠪᠣᠯᠭᠠᠨ ᠦᠭᠡᠷᠡᠴᠢᠯᠡᠪᠡ᠃ 5 ᠲᠠᠷᠢᠶᠠᠯᠠᠩ ᠤᠨ ᠬᠤᠷᠰᠢᠶ᠎ᠠ ᠲᠠᠢ᠂ ᠭᠠᠵᠠᠷ ᠰᠢᠷᠤᠢ ᠶᠢᠨ ᠶᠡᠷᠦᠩᠬᠡᠢ ᠲᠠᠯᠠᠪᠠᠢ 6.7 ᠲᠦᠮᠡᠨ | ᠮᠤ᠋᠂ ᠡᠭᠦᠨ ᠳᠤ ᠡᠯᠡᠰᠦ ᠮᠠᠩᠬ᠎ᠠ 0.7 ᠲᠦᠮᠡᠨ ᠮᠤ᠋᠂ ᠠᠰᠢᠭᠯᠠᠵᠤ ᠪᠤᠯᠬᠤ ᠭᠠᠵᠠᠷ ᠰᠢᠷᠤᠢ ᠶᠢᠨ ᠲᠠᠯᠠᠪᠠᠢ 6 ᠲᠦᠮᠡᠨ ᠮᠤ᠋᠂ ᠭᠠᠩ ᠬᠠᠭᠤᠷᠠᠢ ᠰᠢᠯᠢᠷᠬᠡᠭ ᠭᠠᠵᠠᠷ | ᠪᠤᠯᠤᠨ᠎ᠠ᠃ 1966 ᠤᠨ ᠳᠤ ᠪᠤᠷᠤᠪᠠᠯᠭᠠᠰᠤ ᠶᠢᠨ ᠶᠡᠭᠡ ᠲᠤᠬᠤᠢ᠂ ᠰᠤᠪᠠᠭ ᠤᠨ ᠵᠠᠳᠠᠭᠠᠢ᠂ ᠬᠠᠳ ᠤᠨ ᠠᠮᠠ ᠵᠡᠷᠭᠡ ᠭᠠᠵᠠᠷ ᠤᠨ ᠲᠠᠷᠢᠶᠠᠴᠢᠳ ᠦᠩ ᠰᠢᠮᠡᠯᠢᠭ | ᠭᠤᠷᠪᠠᠨ ᠪᠤᠯᠠᠭ ᠲᠤ ᠢᠷᠡᠵᠦ ᠠᠲᠠᠷ ᠨᠡᠭᠡᠭᠡᠨ ᠲᠠᠷᠢᠶ᠎ᠠ ᠲᠠᠷᠢᠭᠠᠳ᠂ ᠡᠯᠪᠡᠭ ᠬᠤᠷᠢᠶᠠᠯᠲᠠ ᠤᠯᠤᠭᠠᠳ ᠠᠳᠡ ᠰᠠᠭᠤᠷᠢᠰᠢᠵᠡᠢ᠃ ᠬᠠᠭᠠᠯᠪᠤᠷᠢᠯᠠᠭᠰᠠᠨ ᠲᠠᠯᠠᠪᠠᠢ | ᠶᠡᠬᠡᠳᠬᠦ ᠶᠢ ᠳᠠᠭᠠᠯᠳᠣᠨ ᠪᠠᠶᠢᠭᠠᠯᠢ ᠶᠢᠨ ᠣᠷᠭᠤᠮᠠᠯ ᠤᠨ ᠪᠦᠷᠬᠦᠪᠴᠢ ᠡᠪᠳᠡᠭᠳᠡᠭᠡᠳ᠂ ᠡᠳᠦᠷ ᠢᠷᠡᠬᠦᠶ᠎ᠡ ᠡᠯᠡᠰᠦᠵᠢᠭᠰᠡᠨ ᠠᠴᠠ ᠠᠷᠭ᠎ᠠ ᠪᠤᠰᠤ ᠠᠲᠠᠷ | ᠬᠠᠭᠠᠯᠪᠤᠷᠢᠯᠠᠬᠤ ᠶᠢ ᠪᠠᠭᠠᠰᠬᠠᠵᠠᠢ᠃ 1992 ᠤᠨ ᠳᠤ ᠴᠠᠬᠢᠯᠠᠭᠠᠨ ᠨᠡᠪᠲᠡᠷᠡᠭᠡᠳ ᠬᠤᠳᠳᠤᠭ ᠮᠠᠯᠲᠠᠵᠤ᠂ ᠣᠰᠣᠯᠠᠯᠲᠠ ᠶᠢᠨ ᠭᠠᠵᠠᠷ ᠲᠠᠷᠢᠭᠰᠠᠨ ᠠᠴᠠ | ᠲᠠᠷᠢᠶᠠᠴᠢᠳ ᠤᠨ ᠠᠮᠢᠳᠤᠷᠠᠯ ᠰᠠᠶᠢᠵᠢᠷᠠᠪᠠ᠃ 1998 ᠤᠨ ᠳᠤ ᠤᠰᠤᠨ ᠤ ᠡᠬᠢ ᠰᠤᠷᠪᠤᠯᠵᠢ ᠲᠤᠲᠠᠮᠠᠭ᠂ ᠤᠰᠤᠯᠠᠯᠲᠠ ᠶᠢᠨ ᠦᠪᠡᠷ ᠤᠨ ᠦᠷᠲᠡᠭ ᠦᠨᠳᠦᠷ᠂ | ᠲᠠᠷᠢᠶᠠᠯᠠᠩ ᠤᠨ ᠦᠢᠯᠡᠰ ᠤᠨ ᠠᠯᠤᠰ ᠤᠨ ᠬᠦᠭᠵᠢᠯᠲᠡ ᠳᠤ ᠲᠤᠬᠢᠷᠠᠬᠤ ᠦᠬᠡᠢ ᠪᠤᠲᠠᠲᠠᠢ ᠪᠠᠶᠢᠳᠠᠯ ᠢ ᠦᠨᠳᠦᠰᠦᠯᠡᠵᠦ᠂ ᠤᠯᠠᠨ ᠲᠦᠮᠡᠨ ᠢ ᠳᠠᠶᠢᠴᠢᠯᠠᠨ | ᠨᠡᠭᠦᠯᠭᠡᠨ ᠰᠢᠯᠵᠢᠭᠦᠯᠬᠦ ᠪᠣᠳᠣᠯᠭ᠎ᠠ ᠶᠢ ᠬᠡᠨᠷᠡᠭᠵᠢᠭᠦᠯᠦᠭᠡᠳ᠂ ᠲᠤᠰ ᠵᠢᠯ ᠳᠤ ᠪᠠᠨ 142 ᠡᠷᠦᠬᠡ 672 ᠮᠠᠯᠴᠢᠨ ᠲᠠᠷᠢᠶᠠᠴᠢᠨ ᠢ ᠨᠡᠭᠦᠯᠭᠡᠪᠡ᠃ 2000 ᠤᠨ ᠳᠤ | ᠬᠤᠶᠠᠳᠤᠭᠠᠷ ᠬᠤᠭᠤᠴᠠᠭᠠᠨ ᠤ ᠨᠡᠭᠦᠯᠭᠡᠨ ᠰᠢᠯᠵᠢᠭᠦᠯᠦᠯᠲᠡ ᠶᠢ ᠬᠡᠷᠡᠭᠵᠢᠭᠦᠯᠵᠦ᠂ ᠨᠠᠶᠢᠲᠠ 100 ᠡᠷᠦᠬᠡ 404 ᠮᠠᠯᠴᠢᠨ ᠲᠠᠷᠢᠶᠠᠴᠢᠨ ᠢ ᠨᠡᠭᠦᠯᠭᠡᠨ᠂ ᠪᠦᠬᠦ | ᠲᠤᠰᠬᠤᠨ ᠤ 85% ᠠᠴᠠ ᠳᠡᠭᠡᠭᠰᠢᠬᠢ ᠮᠠᠯᠴᠢᠨ ᠲᠠᠷᠢᠶᠠᠴᠢᠨ ᠡᠷᠦᠬᠡ ᠶᠢ ᠪᠠᠯᠭᠠᠰᠤᠨ ᠲᠤᠭᠤᠷᠢᠭ ᠪᠤᠯᠤᠨ ᠪᠠᠯᠭᠠᠰᠤᠨ ᠲᠡᠭᠦᠷᠭᠡ ᠳᠤ ᠰᠢᠯᠵᠢᠭᠦᠯᠪᠡ᠃ | ᠣᠶᠢᠷ᠎ᠠ ᠶᠢᠨ ᠵᠢᠯ ᠳᠤ ᠭᠤᠷᠪᠠᠨ ᠪᠤᠯᠠᠭ ᠲᠤᠰᠬᠤᠨ ᠤ ᠨᠠᠮ ᠤᠨ ᠡᠭᠦᠷ ᠪᠠᠯᠭᠠᠰᠤᠨ ᠤ ᠲᠡᠭᠦᠷᠭᠡ ᠳᠠᠬᠢ ᠣᠷᠣᠨ ᠪᠠᠶᠢᠷᠢᠰᠢᠯ᠂ ᠠᠵᠤ ᠦᠢᠯᠡᠰ ᠪᠠ ᠬᠦᠮᠦᠨ | ᠠᠮᠠ ᠲᠦᠪᠯᠡᠷᠡᠩᠭᠦᠢ ᠵᠡᠷᠭᠡ ᠳᠠᠪᠠᠭᠤᠯᠢᠭ ᠲᠤ ᠪᠠᠨ ᠰᠠᠭᠤᠷᠢᠯᠠᠨ᠂ ︽ᠨᠢᠭᠡ ᠬᠤᠶᠠᠷ ᠲᠠᠪᠤ︾ ᠨᠠᠮ ᠤᠨ ᠪᠠᠶᠢᠭᠤᠯᠤᠯᠲᠠ ᠶᠢᠨ ᠴᠢᠨᠡᠭᠡᠯᠢᠭᠵᠡᠯ ᠤᠨ ᠵᠠᠭᠪᠤᠷ ᠢ | ᠰᠦᠪᠡᠭᠴᠢᠯᠡᠨ ᠬᠡᠷᠡᠭᠵᠢᠭᠦᠯᠵᠦ᠂ ᠤᠶᠤᠨᠴᠢ ᠨᠠᠮ ᠤᠨ ᠪᠠᠶᠢᠭᠤᠯᠤᠯᠲᠠ ᠶᠢᠨ ᠳᠠᠶᠢᠴᠢᠯᠠᠯ ᠢᠶᠠᠷ ᠭᠤᠤᠯ ᠰᠢᠵᠢᠮ ᠪᠤᠯᠭᠠᠨ᠂ ︽ᠬᠤᠶᠠᠷ ᠢ ᠰᠣᠷᠣᠯᠴᠠᠵᠤ ᠬᠢᠷᠢ | ᠲᠡᠩᠴᠡᠭᠰᠡᠨ ᠨᠠᠮ ᠤᠨ ᠭᠡᠰᠢᠭᠦᠨ ᠪᠣᠯᠬᠤ︾ ᠬᠦᠮᠦᠵᠢᠯ ᠰᠣᠷᠣᠯᠴᠠᠯᠭ᠎ᠠ ᠶᠢ ᠯᠠᠪᠳᠠᠭᠤᠨ ᠪᠠᠲᠤᠲᠠᠢ ᠦᠷᠨᠢᠭᠦᠯᠵᠦ᠂ ᠪᠦᠬᠦ ᠨᠠᠮ ᠤᠨ ᠭᠡᠰᠢᠭᠦᠳ ᠢᠶᠠᠨ ᠳᠠᠶᠢᠴᠢᠯᠠᠨ | ᠠᠵᠤ ᠠᠬᠤᠢ ᠶᠢᠨ ᠬᠦᠭᠵᠢᠯᠲᠠ ᠶᠢ ᠠᠬᠢᠭᠤᠯᠬᠤ ᠬᠤᠰᠢᠭᠤᠴᠢ ᠪᠣᠯᠬᠤ ᠪᠠ ᠠᠵᠤ ᠦᠢᠯᠡᠰ ᠢᠶᠠᠷ ᠠᠷᠠᠳ ᠢᠶᠠᠨ ᠴᠢᠨᠡᠭᠡᠯᠢᠭᠵᠢᠬᠦᠯᠬᠦ ᠬᠤᠰᠢᠭᠤᠴᠢ ᠪᠤᠯᠬᠤ ᠪᠠᠷ | ᠴᠢᠷᠮᠠᠶᠢᠨ᠂ ︽ᠨᠢᠭᠡ ᠣᠷᠣᠨ ᠨᠢᠭᠡ ᠵᠡᠭᠡᠯᠢ ᠭᠤᠷᠪᠠᠨ ᠰᠠᠭᠤᠷᠢᠨ ᠭᠠᠵᠠᠷ︾ ᠤᠨ ᠲᠠᠪᠤᠨ ᠲᠦᠷᠦᠯ ᠤᠨ ᠪᠠᠶᠢᠭᠤᠯᠤᠯᠲᠠ ᠶᠢᠨ ᠡᠭᠦᠷᠭᠡ ︵︽ᠨᠢᠭᠡ ᠣᠷᠣᠨ︾ | ᠭᠡᠳᠡᠭ ᠪᠤᠯ ᠳᠠᠷᠤᠢ ᠠᠮᠢ ᠠᠬᠤᠢ ᠶᠢᠨ ᠠᠶᠠᠨᠳᠠᠭᠠᠨ ᠰᠡᠷᠭᠦᠯᠲᠡ ᠶᠢᠨ ᠣᠷᠣᠨ ᠢ ᠠᠰᠢᠭᠯᠠᠵᠤ᠂ ᠠᠮᠢ ᠠᠬᠤᠢ ᠶᠢᠨ ᠣᠷᠭᠤᠮᠠᠯ ᠤᠨ ᠪᠦᠷᠬᠦᠪᠴᠢ ᠶᠢ ᠰᠢᠨᠵᠢᠯᠠᠬᠦ | ᠤᠬᠠᠭᠠᠨᠴᠢ ᠵᠦᠢ ᠵᠤᠬᠢᠰᠲᠠᠢ ᠪᠠᠷ ᠬᠠᠮᠠᠭᠠᠯᠠᠨ᠂ ᠲᠦᠷᠦᠯ ᠵᠦᠢᠯ ᠤᠨ ᠣᠷᠣᠨ ᠢ ᠡᠮᠬᠢ ᠲᠠᠢ ᠠᠰᠢᠭᠯᠠᠨ᠎ᠠ︔ ︽ᠨᠢᠭᠡ ᠵᠡᠭᠡᠯᠢ︾ ᠭᠡᠳᠡᠭ ᠪᠤᠯ ᠳᠠᠷᠤᠢ ᠣᠯᠵᠠᠴᠢ | ᠠᠴᠠ ᠢᠷᠭᠠᠢ ᠬᠦᠷᠬᠦ ᠵᠠᠮ ᠲᠤᠯᠤᠨ ᠬᠤᠷᠰᠢᠶ᠎ᠠ ᠶᠢᠨ ᠳᠣᠮᠳᠠᠭᠤᠷ ᠦᠩᠭᠡᠷᠡᠵᠦ ᠪᠠᠶᠢᠭ᠎ᠠ ᠳᠠᠪᠠᠭᠤᠯᠢᠭ ᠢ ᠠᠰᠢᠭᠯᠠᠨ᠂ ᠲᠠᠷᠢᠶᠠᠯᠠᠩ ᠤᠨ ᠡᠳ᠋ ᠪᠠᠷᠠᠭᠠᠨ ᠤ | ᠦᠢᠯᠡᠴᠢᠯᠡᠭᠡᠨ ᠤ ᠵᠡᠭᠡᠯᠢ ᠶᠢ ᠪᠠᠶᠢᠭᠤᠯᠤᠨ᠎ᠠ︔ ︽ᠭᠤᠷᠪᠠᠨ ᠰᠠᠭᠤᠷᠢᠨ ᠭᠠᠵᠠᠷ︾ ᠭᠡᠳᠡᠭ ᠪᠤᠯ ᠳᠠᠷᠤᠢ ᠪᠤᠬᠢᠷᠳᠤᠯ ᠦᠭᠡᠢ ᠢᠳᠡᠰᠢᠨ ᠨᠤᠭᠤᠭᠠᠨ ᠤ ᠵᠢᠱᠢᠶ᠎ᠠ | ᠦᠵᠡᠭᠦᠯᠬᠦ ᠰᠠᠭᠤᠷᠢᠨ ᠭᠠᠵᠠᠷ᠂ ᠰᠡᠯᠡᠭᠦᠴᠡᠯ ᠵᠣᠭᠠᠴᠠᠯ ᠤᠨ ᠲᠠᠷᠢᠶᠠᠯᠠᠩ ᠤᠨ ᠦᠢᠯᠡᠰ ᠤᠨ ᠵᠢᠱᠢᠶ᠎ᠠ ᠦᠵᠡᠭᠦᠯᠬᠦ ᠰᠠᠭᠤᠷᠢᠨ ᠭᠠᠵᠠᠷ ᠪᠠ ᠣᠳᠣ ᠦᠶ᠎ᠡ ᠶᠢᠨ ᠮᠠᠯ | ᠲᠠᠷᠢᠶᠠᠯᠠᠩ ᠤᠨ ᠦᠢᠯᠡᠰ ᠤᠨ ᠮᠡᠷᠭᠡᠵᠢᠯ ᠤᠨ ᠪᠤᠯᠪᠠᠰᠤᠷᠠᠯ ᠳᠠᠳᠤᠯᠭ᠎ᠠ ᠶᠢᠨ ᠰᠠᠭᠤᠷᠢᠨ ᠭᠠᠵᠠᠷ ᠢ ᠪᠠᠶᠢᠭᠤᠯᠤᠨ᠎ᠠ︶ ᠪᠠᠨ ᠪᠦᠬᠦ ᠲᠠᠯ᠎ᠠ ᠪᠠᠷ ᠠᠬᠢᠭᠤᠯᠵᠤ᠂ 2016 | ᠤᠨ ᠳᠤ ᠪᠦᠬᠦ ᠬᠤᠲᠠ ᠶᠢᠨ ︽ᠲᠠᠪᠤᠨ ᠰᠠᠶᠢᠲᠠᠢ ᠭᠤᠷᠪᠠᠨ ᠳᠡᠭᠡᠭᠰᠢᠯᠡᠯᠲᠡ ᠲᠠᠢ︾ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠲᠠ ᠪᠠᠷ ᠦᠨᠡᠯᠡᠭᠳᠡᠪᠡ᠃ | | |