ᠬᠦᠬᠡᠲᠣᠯᠣᠭᠠᠢ ᠭᠠᠴᠠᠭ᠎ᠠ ᠪᠣᠷᠣᠪᠠᠯᠭᠠᠰᠣ ᠪᠠᠯᠭᠠᠰᠣᠨ ᠤ ᠵᠡᠬᠦᠨ ᠬᠤᠶᠢᠳᠣ ᠬᠡᠰᠡᠭ ᠲᠤ ᠪᠠᠶᠢᠷᠢᠯᠠᠵᠣ᠂ ᠭᠠᠵᠠᠷ ᠰᠢᠷᠣᠢ ᠶᠢᠨ ᠶᠡᠷᠣᠩᠬᠡᠢ ᠲᠠᠯᠠᠪᠠᠢ 19.4 | ᠲᠦᠮᠡᠨ ᠮᠣ᠋᠂ ᠣᠰᠣᠨ ᠭᠠᠵᠠᠷ 14800 ᠮᠣ᠋᠂ ᠬᠡᠬᠡᠷ᠎ᠡ ᠶᠢᠨ ᠰᠢᠬᠢᠷ ᠡᠪᠡᠰᠣ᠂ ᠲᠦᠪᠡᠳ ᠬᠠᠷᠭᠠᠨ᠎ᠠ ᠵᠡᠷᠬᠡ ᠬᠤᠪᠣᠷ ᠣᠷᠭᠤᠮᠠᠯ ᠲᠠᠢ᠂ ᠨᠡᠬᠦᠷᠡᠰᠣᠨ ᠡᠬᠢ | ᠪᠠᠶᠠᠯᠢᠭ ᠤᠨ ᠡᠯᠪᠡᠭ ᠪᠣᠯᠠᠭᠳᠠᠴᠠ ᠲᠠᠢ᠃ 4 ᠮᠠᠯᠵᠢᠯ ᠤᠨ ᠬᠤᠷᠰᠢᠶ᠎ᠠ᠂ 188 ᠡᠷᠣᠬᠡ 596 ᠬᠦᠮᠦᠨ ᠠᠮᠠ ᠲᠠᠢ᠂ ᠡᠬᠦᠨ ᠳᠤ ᠪᠠᠶᠢᠩᠭᠤ ᠰᠠᠭᠤᠭ᠎ᠠ 139 | ᠡᠷᠣᠬᠡ 434 ᠬᠦᠮᠦᠨ᠂ 30 ᠨᠠᠮ ᠤᠨ ᠬᠡᠰᠢᠬᠦᠨ ᠲᠠᠢ᠃ ᠮᠣᠩᠭᠤᠯ ᠦᠨᠳᠣᠰᠣᠲᠡᠨ 95% ᠠᠴᠠ ᠲᠡᠬᠡᠭᠰᠢᠬᠢ ᠶᠢ ᠡᠵᠡᠯᠡᠵᠣ᠂ ᠮᠠᠯ ᠠᠵᠣ ᠠᠬᠤᠢ ᠪᠠᠷ ᠭᠤᠣᠯ | ᠪᠣᠯᠭᠠᠨ᠂ ᠮᠠᠯ ᠲᠠᠷᠢᠶᠠᠯᠠᠩ ᠢ ᠵᠡᠷᠬᠡᠪᠡᠷ ᠬᠦᠭᠵᠢᠬᠦᠯᠣᠭ᠍ᠰᠡᠨ ᠦᠪᠡᠷᠲᠡᠬᠡᠨ ᠵᠠᠰᠠᠬᠤ ᠣᠷᠣᠨ ᠤ ᠰᠢᠨ᠎ᠡ ᠮᠠᠯᠵᠢᠬᠤ ᠣᠷᠣᠨ ᠪᠠᠶᠢᠭᠤᠯᠣᠯᠲᠠ ᠶᠢᠨ ᠵᠢᠱᠢᠶ᠎ᠡ ᠦᠵᠡᠬᠦᠯᠬᠦ | ᠭᠠᠴᠠᠭ᠎ᠠ ᠪᠣᠯᠣᠨ᠎ᠠ᠃ ᠭᠠᠴᠠᠭᠠᠨ ᠤ ᠪᠠᠨ ᠲᠠᠪᠠᠭᠤᠯᠢᠭ ᠢᠶᠠᠨ ᠦᠨᠳᠣᠰᠣᠯᠡᠨ ︽ᠮᠠᠯ ᠤᠨ ᠡᠬᠦᠯᠳᠡᠷ ᠨᠢᠬᠡᠳᠣᠯᠲᠠᠢ᠂ ᠮᠡᠷᠬᠡᠵᠢᠯ ᠤᠨ ᠲᠦᠷᠢᠮᠵᠢᠯ ᠨᠢᠬᠡᠳᠣᠯᠲᠠᠢ᠂ | ᠠᠷᠠᠴᠢᠯᠠᠯᠲᠠ ᠶᠢᠨ ᠠᠷᠭ᠎ᠠ ᠠᠪᠴᠠᠯ ᠨᠢᠬᠡᠳᠣᠯᠲᠠᠢ᠂ ᠡᠬᠦᠯᠳᠡᠷ ᠰᠠᠶᠢᠵᠢᠷᠠᠭᠤᠯᠣᠯᠲᠠ ᠨᠢᠬᠡᠳᠣᠯᠲᠠᠢ᠂ ᠪᠣᠯᠪᠠᠰᠣᠷᠠᠭᠤᠯᠣᠯᠲᠠ ᠨᠢᠬᠡᠳᠣᠯᠲᠠᠢ᠂ ᠪᠣᠷᠣᠯᠠᠭᠤᠯᠣᠯᠲᠠ | ᠨᠢᠬᠡᠳᠣᠯᠲᠠᠢ︾ ︵ᠵᠢᠷᠭᠤᠭᠠᠨ ᠨᠢᠬᠡᠳᠣᠯᠲᠠᠢ︶ ᠵᠠᠭᠪᠣᠷ ᠢᠶᠠᠷ ᠲᠦᠮᠡᠨ ᠲᠣᠯᠣᠭᠠᠢ ᠦᠬᠡᠷ ᠲᠡᠵᠢᠬᠡᠨ ᠦᠷᠡᠵᠢᠬᠦᠯᠬᠦ ᠰᠠᠭᠤᠷᠢᠨ ᠪᠠᠶᠢᠭᠤᠯᠵᠣ᠂ ︽ᠲᠡᠵᠢᠬᠡᠬᠦ ᠶᠢᠨ | ᠲᠦᠯᠦᠬᠡ ᠲᠠᠷᠢᠬᠤ᠂ ᠲᠠᠷᠢᠬᠤ ᠪᠠᠷ ᠲᠡᠵᠢᠬᠡᠬᠦ ᠶᠢ ᠠᠬᠢᠭᠤᠯᠬᠤ᠂ ᠲᠡᠵᠢᠬᠡᠬᠦ ᠪᠠᠷ ᠣᠷᠣᠯᠭ᠎ᠠ ᠪᠠᠨ ᠨᠡᠮᠡᠭᠳᠡᠬᠦᠯᠬᠦ︾ ᠬᠠᠷᠠᠯᠲᠠ ᠳᠤ ᠬᠦᠷᠬᠦ ᠮᠠᠯ ᠲᠠᠷᠢᠶᠠᠯᠠᠩ ᠤᠨ | ᠰᠢᠨᠵᠢᠯᠡᠬᠦ ᠣᠬᠠᠭᠠᠨᠴᠢ ᠬᠦᠭᠵᠢᠬᠦᠯᠣᠯᠲᠡ ᠶᠢᠨ ᠠᠷᠭ᠎ᠠ ᠬᠡᠯᠪᠡᠷᠢ ᠶᠢ ᠠᠪᠴᠣ ᠪᠣᠢ᠃ 2017 ᠣᠨ ᠳᠤ ᠭᠠᠴᠠᠭᠠᠨ ᠤ ᠬᠠᠮᠳᠣ ᠶᠢᠨ ᠠᠵᠣ ᠠᠬᠤᠢ ᠶᠢᠨ ᠣᠷᠣᠯᠭ᠎ᠠ | 12000 ᠲᠦᠬᠦᠷᠢᠭ᠂ ᠪᠠᠶᠢᠩᠭᠤ ᠰᠠᠭᠤᠭ᠎ᠠ ᠬᠦᠮᠦᠨ ᠠᠮᠠ ᠶᠢᠨ ᠡᠵᠡᠮᠳᠡᠵᠣ ᠪᠣᠯᠬᠤ ᠲᠣᠮᠳᠠᠴᠢ ᠣᠷᠣᠯᠭ᠎ᠠ 6000 ᠲᠦᠬᠦᠷᠢᠭ ᠲᠤ ᠬᠦᠷᠪᠡ᠃ |