ᠴᠦᠨ ᠶᠤᠸᠠᠨ ᠨᠠᠶᠢᠬᠡᠮ ᠲᠤᠭᠤᠷᠢᠭ
ᠨᠡᠶᠢᠲᠡᠯᠡᠭᠰᠡᠨ ᠴᠠᠭ᠄
2023/12/20
     ᠴᠦᠨ ᠶᠤᠸᠠᠨ ᠨᠠᠶᠢᠬᠡᠮ ᠲᠤᠭᠤᠷᠢᠭ ᠣᠯᠵᠠᠴᠢ ᠪᠠᠯᠭᠠᠰᠤᠨ ᠲᠤᠭᠤᠷᠢᠭ ᠤᠨ ᠪᠠᠷᠠᠭᠤᠨ ᠡᠮᠦᠨ᠎ᠡ ᠭᠡᠰᠡᠭ ᠲᠤ ᠪᠠᠶᠢᠷᠢᠯᠠᠵᠤ᠂ 2004 ᠤᠨ ᠤ 10 ᠰᠠᠷ᠎ᠠ ᠳᠤ ᠪᠢᠭᠤᠯᠤᠭᠳᠠᠪᠠ᠃ ᠡᠵᠡᠯᠡᠬᠦ ᠲᠡᠯᠡᠪᠡᠢ 1.87 ᠳᠡᠭᠰᠢ ᠳᠦᠷᠪᠡᠯᠵᠢᠨ ᠺᠢᠯᠤᠮᠧᠲᠷ᠂ 27 ᠰᠠᠭᠤᠭᠠᠯᠢ ᠠᠷᠠᠳ ᠤᠨ ᠲᠤᠭᠤᠷᠢᠭ ᠲᠠᠢ᠃ ᠴᠦᠨ ᠶᠤᠸᠠᠨ ᠨᠠᠶᠢᠬᠡᠮ ᠲᠤᠭᠤᠷᠢᠭ ᠲᠤᠰ ᠪᠡᠶ᠎ᠡ ᠶᠢᠨ ᠪᠤᠲᠠᠲᠠᠢ ᠲᠠᠢ ᠪᠠᠨ ᠤᠶᠠᠯᠳᠣᠭᠤᠯᠤᠨ᠂ ︽ᠨᠠᠰᠤᠲᠠᠶᠢᠴᠤᠳ ᠢᠶᠠᠨ ᠬᠦᠨᠳᠦᠯᠡᠵᠦ  ᠵᠡᠮᠳᠡᠭᠴᠣᠳ ᠢᠶᠠᠨ ᠬᠠᠪᠰᠤᠷᠬᠤ︾ ᠤᠨᠴᠠᠯᠢᠭᠲᠤ ᠦᠢᠯᠡᠴᠢᠯᠡᠭᠡ ᠶᠢᠨ ᠲᠤᠭᠤᠷᠢᠨ ᠳᠤ᠂ ᠬᠠᠷᠢᠶ᠎ᠠ ᠲᠤᠭᠤᠷᠢᠭ ᠤᠨ ᠰᠠᠭᠤᠭᠠᠯᠢ ᠠᠷᠠᠳ  ᠤᠨ ᠪᠤᠲᠠᠲᠤ ᠬᠡᠷᠡᠭᠴᠡᠭᠡ ᠶᠢ ᠰᠢᠢᠳᠪᠦᠷᠢᠯᠡᠬᠦ ᠵᠢᠴᠢ ᠨᠠᠰᠤᠲᠠᠶᠢᠴᠤᠳ ᠢ ᠬᠠᠯᠠᠮᠵᠢᠯᠠᠨ ᠳᠡᠳᠬᠦᠬᠦ ᠠᠵᠢᠯ ᠢᠶᠠᠷ ᠭᠠᠷᠳᠠᠴᠠ ᠪᠤᠯᠭᠠᠵᠤ᠂ ︽ᠨᠡᠢᠮᠠ ᠶᠢ  ᠬᠤᠯᠪᠣᠭᠠᠯᠠᠯ ᠵᠢᠷᠭᠤᠭᠠᠨ ᠰᠤᠷᠪᠤᠯᠵᠢᠯᠠᠭ᠎ᠠ ᠳᠦᠷᠪᠡᠨ ᠦᠢᠯᠡᠴᠢᠯᠡᠭᠡ︾ ᠶᠢᠨ ᠠᠵᠢᠯ ᠤᠨ ᠠᠷᠭ᠎ᠠ ᠪᠠᠷ ᠵᠤᠷᠢᠯᠭ᠎ᠠ ᠪᠠᠨ ᠪᠤᠯᠭᠠᠨ᠂ 365 ᠨᠠᠷᠢᠯᠢᠭᠴᠢᠯᠠᠭᠰᠠᠨ ᠦᠢᠯᠡᠴᠢᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠠᠶᠢᠲᠠ ᠶᠢᠨ ᠳᠦᠬᠦᠭᠡᠷᠦᠮᠵᠢ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠢᠷᠢ ᠳᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠲᠤᠤᠷᠵᠢᠯ ᠬᠠᠮᠢᠶᠠᠷᠤᠯᠲᠠ ᠶᠢ ᠬᠡᠷᠡᠭᠵᠢᠭᠦᠯᠵᠦ᠂ ᠨᠠᠷᠢᠯᠢᠭ ᠦᠢᠯᠡᠴᠢᠯᠡᠭᠡ ᠬᠠᠩᠭᠠᠨ᠂ ︽ᠰᠤᠶᠤᠯ  ᠢᠶᠠᠷ ᠨᠠᠰᠤᠵᠢᠯ ᠢ ᠠᠰᠠᠷᠠᠬᠤ︾ ᠪᠠᠷ ᠰᠠᠭᠤᠭᠠᠯᠢ ᠠᠷᠠᠳ ᠤᠨ ᠵᠤᠯ ᠵᠢᠷᠭᠠᠯ ᠤᠨ ᠢᠯᠡᠳᠭᠡᠮᠵᠢ ᠶᠢ ᠳᠡᠭᠡᠭᠰᠢᠯᠡᠭᠦᠯᠵᠦ᠂ ᠰᠠᠷ᠎ᠠ ᠰᠠᠷ᠎ᠠ ᠨᠠᠶᠢᠬᠡᠮ ᠲᠤᠭᠤᠷᠢᠭ ᠤᠨ ᠠᠵᠢᠯᠯᠠᠭ᠎ᠠ ᠦᠷᠨᠢᠭᠦᠯᠬᠦ ᠶᠢ ᠪᠠᠲᠤᠯᠠᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ