ᠮᠠᠯᠠᠳ ᠨᠡᠶᠢᠬᠡᠮ ᠲᠤᠭᠤᠷᠢᠭ ᠭᠤᠤᠯᠳᠠᠭᠤ ᠬᠤᠲᠠ ᠪᠠᠯᠭᠠᠰᠤ ᠮᠠᠯ ᠲᠠᠷᠢᠶᠠᠯᠠᠩ ᠤᠨ ᠦᠢᠯᠡᠰ ᠬᠠᠮᠲᠤ ᠣᠷᠣᠰᠢᠭᠰᠠᠨ᠂ ᠠᠷᠠᠯᠵᠢᠶ᠎ᠠ ᠮᠠᠶᠢᠮᠠᠢ᠂ ᠰᠡᠯᠡᠭᠦᠴᠡᠯ᠂ | ᠦᠢᠯᠡᠴᠢᠯᠡᠭᠡ᠂ ᠰᠠᠭᠤᠷᠢᠰᠢᠯ ᠢᠶᠠᠷ ᠨᠢᠭᠡ ᠴᠤᠭᠴᠠ ᠪᠤᠯᠭᠠᠭᠰᠠᠨ ᠰᠠᠭᠤᠭᠠᠯᠢ ᠣᠯᠠᠨ ᠲᠦᠮᠡᠨ ᠳᠤ ᠦᠢᠯᠡᠴᠢᠯᠡᠳᠠᠭ᠃ ᠬᠠᠷᠢᠶ᠎ᠠ ᠲᠤᠭᠤᠷᠢᠭ ᠤᠨ ᠶᠡᠷᠦᠩᠬᠡᠢ ᠲᠡᠯᠡᠪᠡᠢ | 2946 ᠮᠣ᠋᠂ ᠡᠷᠦᠬᠡ ᠠᠮᠠ ᠶᠢᠨ ᠪᠦᠷᠢᠳᠬᠡᠯ ᠳᠤ 133 ᠡᠷᠦᠬᠡ 215 ᠬᠦᠮᠦᠨ ᠲᠠᠢ᠃ ᠠᠮᠠᠨ ᠲᠤᠭ᠎ᠠ ᠲᠠᠢ ᠪᠠᠶᠢᠩᠭᠤ ᠰᠠᠭᠤᠭ᠎ᠠ 32 ᠡᠷᠦᠬᠡ 42 ᠬᠦᠮᠦᠨ᠃ | ᠰᠠᠭᠤᠭ᠎ᠠ ᠬᠦᠮᠦᠨ ᠠᠮᠠ 197 ᠡᠷᠦᠬᠡ 236 ᠬᠦᠮᠦᠨ᠂ ᠵᠢᠯ ᠤᠨ ᠶᠠᠪᠤᠭᠤᠯ ᠬᠦᠮᠦᠨ ᠠᠮᠠ 450 ᠬᠦᠮᠦᠨ᠂ ᠬᠤᠪᠢ ᠡᠵᠡᠩᠨᠡᠯᠲᠡ ᠶᠢᠨ ᠦᠢᠯᠡᠳᠪᠦᠷᠢ | ᠬᠤᠳᠠᠯᠳᠣᠭᠠᠨ ᠤ ᠡᠷᠦᠬᠡ ᠭᠤᠤᠯ ᠴᠣᠭᠴᠠ ᠪᠣᠯᠳᠠᠭ᠂ ᠨᠠᠶᠢᠬᠡᠮ ᠲᠤᠭᠤᠷᠢᠭ ᠤᠨ ᠨᠠᠮ ᠤᠨ ᠡᠭᠦᠷ ᠲᠤ 18 ᠨᠠᠮ ᠤᠨ ᠭᠡᠰᠢᠬᠦᠨ ᠲᠠᠢ᠂ ᠡᠭᠦᠨ ᠳᠤ ᠡᠮᠡᠭᠲᠡᠢ ᠨᠠᠮ | ᠤᠨ ᠭᠡᠰᠢᠬᠦᠨ 4 ᠬᠦᠮᠦᠨ᠂ ᠴᠦᠭᠡᠨ ᠲᠤᠭᠠᠲᠤ ᠦᠨᠳᠦᠰᠦᠲᠡᠨ ᠤ ᠨᠠᠮ ᠤᠨ ᠭᠡᠰᠢᠬᠦᠨ 16 ᠬᠦᠮᠦᠨ᠂ 35 ᠨᠠᠰᠤ ᠠᠴᠠ ᠳᠣᠷᠣᠭᠰᠢᠬᠢ ᠨᠠᠮ ᠤᠨ ᠭᠡᠰᠢᠬᠦᠨ 6 | ᠬᠦᠮᠦᠨ᠂ ᠲᠤᠰᠬᠠᠢ ᠮᠡᠷᠭᠡᠵᠢᠯ ᠤᠨ ᠳᠡᠭᠡᠳᠦ ᠰᠤᠷᠭᠠᠠᠭᠤᠯᠢ ᠠᠴᠠ ᠳᠡᠭᠡᠭᠰᠢᠬᠢ ᠰᠣᠷᠣᠯᠭ᠎ᠠ ᠶᠢᠨ ᠨᠠᠮᠲᠠᠷ ᠲᠠᠢ ᠨᠠᠮ ᠤᠨ ᠭᠡᠰᠢᠭᠦᠨ 7 ᠬᠦᠮᠦᠨ᠃ ᠲᠤᠰᠢᠶᠠᠯ ᠦᠭᠡᠢ | ᠨᠠᠮ ᠤᠨ ᠭᠡᠰᠢᠭᠦᠨ ᠤ ᠬᠠᠷᠢᠭᠤᠴᠠᠯᠭ᠎ᠠ ᠶᠢᠨ ᠲᠤᠭᠤᠷᠢᠭ 3᠂ ᠠᠵᠢᠯᠯᠠᠭᠠᠨ ᠤ ᠲᠠᠯᠠᠪᠡᠢ 432 ᠳᠡᠭᠰᠢ ᠳᠦᠷᠪᠡᠯᠵᠢᠨ ᠮᠧᠲᠷ᠂ ᠠᠯᠤᠰ ᠡᠵᠡᠮᠰᠢᠯ ᠤᠨ ᠰᠣᠷᠭᠠᠨ | ᠬᠦᠮᠦᠵᠢᠯ ᠤᠨ ᠲᠣᠨᠣᠭᠯᠠᠯ᠂ ᠪᠡᠶ᠎ᠡ ᠲᠠᠮᠢᠷ ᠤᠨ ᠳᠦᠬᠦᠭᠡᠷᠦᠮᠵᠢ᠂ ᠲᠦᠮᠡᠨ ᠲᠣᠰᠬᠤᠨ ᠤ ᠨᠣᠮ ᠤᠨ ᠦᠷᠦᠭᠡ ᠲᠠᠢ᠃ ᠨᠡᠶᠢᠬᠡᠮ ᠲᠤᠭᠤᠷᠢᠭ ᠤᠨ ᠬᠤᠶᠠᠷ ᠵᠦᠪᠯᠡᠯ | ᠤᠨ ᠪᠠᠭ ᠤᠨ ᠳᠣᠮᠳᠠᠴᠢ ᠨᠠᠰᠤ 46᠂ ᠬᠠᠮᠤᠭ ᠶᠡᠭᠡ ᠨᠢ 60 ᠨᠠᠰᠤ᠂ ᠬᠠᠮᠤᠭ ᠪᠠᠭ᠎ᠠ ᠨᠢ 27 ᠨᠠᠰᠤ ᠲᠠᠢ᠃ ᠨᠠᠶᠢᠬᠡᠮ ᠲᠤᠭᠤᠷᠢᠭ ᠤᠨ ᠬᠢᠨ ᠪᠣᠲᠠᠲᠠᠢ᠂ | ᠲᠤᠰᠠᠲᠠᠢ ᠪᠠ ᠣᠷᠢᠳᠠᠴᠢ ᠵᠠᠷᠴᠢᠮ ᠶᠤᠰᠤᠭᠠᠷ᠂ ︽ᠭᠤᠷᠪᠠᠨ ᠱᠠᠲᠤ ᠬᠤᠯᠪᠤᠭᠠᠯᠠᠨ ᠴᠤᠭᠴᠠᠯᠠᠬᠤ︾ ᠢᠨᠵᠧᠨᠧᠷᠢᠩ ᠵᠡᠷᠭᠡ ᠰᠢᠷᠢᠰ ᠴᠤᠭᠴᠠᠯᠠᠯᠲᠠ ᠪᠠ ᠰᠢᠨ᠎ᠡ ᠶᠢ | ᠡᠭᠦᠳᠬᠦ ᠠᠵᠢᠯᠯᠠᠭ᠎ᠠ ᠶᠢ ᠰᠠᠶᠢᠲᠤᠷ ᠬᠡᠷᠡᠭᠵᠢᠬᠦᠯᠦᠨ ᠪᠤᠲᠠᠲᠠᠶᠢᠵᠢᠭᠤᠯᠤᠭᠰᠠᠨ ᠰᠠᠭᠤᠷᠢᠨ ᠳᠡᠭᠡᠷ᠎ᠡ ᠨᠠᠶᠢᠬᠡᠮ ᠲᠤᠭᠤᠷᠢᠭ ᠤᠨ ᠬᠤᠶᠠᠷ ᠵᠦᠪᠯᠡᠯ ᠤᠨ ᠲᠤᠰᠢᠶᠠᠯ ᠤᠨ | ᠬᠤᠭᠤᠴᠠᠭᠠᠨ ᠳᠠᠬᠢ ᠬᠠᠷᠠᠯᠲᠠ ᠡᠭᠦᠷᠭᠡ ᠶᠢᠨ ᠬᠢᠨᠠᠨ ᠰᠢᠯᠭᠠᠬᠤ ᠲᠤᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠤᠰᠢᠶᠠᠯ ᠤᠨ ᠬᠤᠭᠤᠴᠠᠭᠠᠨ ᠳᠠᠬᠢ ᠠᠵᠤ | ᠠᠬᠤᠢ ᠶᠢᠨ ᠬᠦᠭᠵᠢᠯᠲᠡ ᠶᠢᠨ ᠬᠠᠷᠠᠯᠲᠠ᠂ ᠠᠵᠢᠯ ᠤᠨ ᠠᠷᠭ᠎ᠠ ᠠᠪᠴᠠᠯ᠂ ᠬᠤᠶᠠᠷ ᠵᠦᠪᠯᠡᠯ ᠤᠨ ᠺᠠᠳ᠋ᠷ ᠤᠨ ᠣᠯᠠᠨ ᠲᠦᠮᠡᠨ ᠳᠤ ᠪᠦᠲᠦᠭᠡᠭᠰᠡᠨ ᠪᠤᠲᠠᠲᠤ ᠶᠠᠪᠤᠳᠠᠯ᠂ | ᠦᠢᠯᠡᠴᠢᠯᠡᠭᠡᠨ ᠤ ᠪᠠᠶᠢᠳᠠᠯ ᠳᠤ ᠮᠦᠷᠳᠡᠨ ᠪᠠᠶᠢᠴᠠᠭᠠᠯᠲᠠ ᠶᠠᠪᠤᠭᠤᠯᠤᠨ᠂ ᠨᠡᠶᠢᠬᠡᠮ ᠲᠤᠭᠤᠷᠢᠭ ᠤᠨ ᠬᠤᠶᠠᠷ ᠵᠦᠪᠯᠡᠯ ᠤᠨ ᠪᠠᠭ ᠲᠤ ︽ᠨᠢᠭᠡ ᠶᠢ ᠮᠡᠳᠡᠭᠦᠯᠬᠦ ᠨᠢᠭᠡ | ᠶᠢ ᠰᠢᠯᠭᠠᠬᠤ ᠬᠤᠶᠠᠷ ᠢ ᠦᠨᠡᠯᠡᠬᠦ︾ ᠳᠦᠷᠢᠮ ᠢ ᠬᠡᠷᠡᠭᠵᠢᠬᠦᠯᠵᠦ᠂ ᠪᠠᠭ ᠤᠨ ᠲᠣᠲᠣᠭᠠᠲᠤ ᠶᠢᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠠᠢ᠃ |