ᠰᠠᠶᠢᠬᠠᠨ ᠨᠡᠶᠢᠬᠡᠮ ᠲᠤᠭᠤᠷᠢᠭ 2012 ᠤᠨ ᠤ 10 ᠰᠠᠷ᠎ᠠ ᠳᠤ ᠪᠠᠶᠢᠭᠤᠯᠤᠭᠳᠠᠨ᠂ ᠬᠠᠷᠢᠶ᠎ᠠ ᠲᠤᠭᠤᠷᠢᠭ ᠤᠨ ᠲᠡᠯᠡᠪᠡᠢ 1.5 ᠳᠡᠭᠰᠢ ᠳᠦᠷᠪᠡᠯᠵᠢᠨ | ᠺᠢᠯᠤᠮᠧᠲᠷ᠂ ᠨᠡᠶᠢᠲᠡ 18 ᠰᠠᠭᠤᠭᠠᠯᠢ ᠠᠷᠠᠳ ᠤᠨ ᠲᠤᠭᠤᠷᠢᠭ ᠲᠠᠢ᠂ ᠨᠠᠶᠢᠬᠡᠮ ᠲᠤᠭᠤᠷᠢᠭ ᠤᠨ ᠦᠢᠯᠡᠴᠢᠯᠡᠭᠡᠨ ᠤ ᠭᠠᠵᠠᠷ 2700 ᠳᠡᠭᠰᠢ ᠳᠦᠷᠪᠡᠯᠵᠢᠨ ᠮᠧᠲᠷ᠂ | ᠬᠤᠰᠢᠭᠤᠨ ᠤ ᠠᠵᠢᠯᠲᠠᠨ ᠪᠠ ᠠᠵᠢᠯ ᠠᠴᠠ ᠪᠠᠨ ᠠᠮᠠᠷᠠᠭᠰᠠᠨ ᠠᠵᠢᠯᠲᠠᠨ ᠬᠠᠭᠠᠰ ᠬᠦᠮᠦᠨ ᠠᠮᠠ ᠶᠢ ᠡᠵᠡᠯᠡᠭᠰᠡᠨ ᠬᠤᠲᠠ ᠪᠠᠯᠭᠠᠰᠤᠨ ᠤ ᠦᠢᠯᠡᠴᠢᠯᠡᠭᠡᠨ ᠤ ᠬᠡᠯᠪᠡᠷᠢ | ᠶᠢᠨ ᠨᠠᠶᠢᠬᠡᠮ ᠲᠤᠭᠤᠷᠢᠭ ᠪᠣᠯᠣᠨ᠎ᠠ᠃ ᠣᠶᠢᠷ᠎ᠠ ᠶᠢᠨ ᠵᠢᠯ ᠳᠤ ᠨᠠᠶᠢᠬᠡᠮ ᠲᠤᠭᠤᠷᠢᠭ ᠤᠨ ᠬᠢᠨ ᠰᠠᠭᠤᠭᠠᠯᠢ ᠠᠷᠠᠳ ᠲᠤ ᠦᠢᠯᠡᠴᠢᠯᠡᠬᠦ ᠪᠠᠷ ᠦᠨᠳᠦᠰᠦ ᠪᠣᠯᠭᠠᠨ᠂ | ᠲᠤᠤᠷᠵᠢᠯ ᠬᠠᠮᠢᠶᠠᠷᠤᠯᠲᠠ ᠪᠠᠷ ᠠᠴᠢᠶᠠᠯᠠᠭᠴᠢ ᠪᠣᠯᠭᠠᠵᠤ᠂ ᠬᠠᠷᠢᠶ᠎ᠠ ᠲᠤᠭᠤᠷᠢᠭ ᠤᠨ ᠡᠬᠢ ᠰᠤᠷᠪᠤᠯᠵᠢ ᠶᠢᠨ ᠳᠠᠪᠠᠭᠤᠯᠢᠭ ᠢ ᠨᠢᠭᠡᠳᠬᠡᠨ᠂ ᠨᠠᠶᠢᠬᠡᠮ ᠲᠤᠭᠤᠷᠢᠭ ᠲᠤ | ᠰᠠᠭᠤᠭ᠎ᠠ ᠪᠠᠶᠢᠭᠤᠯᠭ᠎ᠠ ᠨᠢᠭᠡᠴᠡ᠂ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠣᠭᠠᠨ ᠤ ᠡᠷᠦᠬᠡ᠂ ᠨᠠᠶᠢᠬᠡᠮ ᠤᠨ ᠵᠤᠬᠢᠶᠠᠨ ᠪᠠᠶᠢᠭᠤᠯᠤᠯᠲᠠ᠂ ᠠᠲᠠᠯ | ᠠᠬᠤᠢ ᠶᠢᠨ ᠺᠤᠮᠫᠠᠨᠢ᠂ ᠦᠮᠴᠢᠲᠠᠨ ᠤ ᠵᠦᠪᠯᠠᠯ ᠵᠡᠷᠭᠡ ᠤᠯᠠᠨ ᠲᠠᠯ᠎ᠠ ᠶᠢᠨ ᠬᠦᠴᠦᠨ ᠢ ᠬᠦᠢᠴᠡᠳ ᠳᠠᠶᠢᠴᠢᠯᠠᠨ ᠨᠡᠶᠢᠬᠡᠮ ᠲᠤᠭᠤᠷᠢᠭ ᠤᠨ ᠬᠤᠯᠪᠤᠭᠠᠲᠤ ᠨᠠᠮ ᠤᠨ | ᠬᠤᠷᠢᠶ᠎ᠠ ᠶᠢ ᠪᠠᠶᠢᠭᠤᠯᠵᠤ᠂ ︽ᠡᠭᠡᠯᠵᠢᠯᠡᠨ ᠵᠢᠵᠢᠭᠦᠷᠯᠡᠬᠦ ᠱᠦᠵᠢ︾ ᠪᠠ ᠬᠤᠯᠪᠤᠭᠠᠲᠤ ᠬᠤᠷᠠᠯᠳᠣᠭᠠᠨ ᠤ ᠳᠦᠷᠢᠮ ᠢ ᠬᠡᠷᠡᠭᠵᠢᠭᠦᠯᠦᠨ᠂ ᠦᠮᠴᠢᠲᠡᠨ ᠤ ᠵᠦᠪᠯᠡᠯ | ᠤᠨ ᠨᠠᠮ ᠤᠨ ᠡᠭᠦᠷ ᠢ ᠪᠠᠶᠢᠭᠤᠯᠵᠤ᠂ ᠬᠠᠷᠢᠶ᠎ᠠ ᠲᠤᠭᠤᠷᠢᠭ ᠤᠨ ᠨᠠᠮ ᠤᠨ ᠭᠡᠰᠢᠭᠦᠨ᠂ ᠲᠤᠤᠷᠵᠢᠯ ᠬᠠᠮᠢᠶᠠᠷᠤᠯᠲᠠ ᠶᠢᠨ ᠭᠡᠰᠢᠭᠦᠨ ᠪᠠ ᠰᠠᠭᠤᠭᠠᠯᠢ ᠠᠷᠠᠳ ᠢ | ᠳᠠᠶᠢᠴᠢᠯᠠᠨ ᠨᠡᠶᠢᠬᠡᠮ ᠲᠤᠭᠤᠷᠢᠭ ᠤᠨ ᠪᠠᠶᠢᠭᠤᠯᠤᠯᠲᠠ ᠳᠤ ᠣᠷᠣᠯᠴᠠᠭᠤᠯᠤᠨ᠂ ︽5 + 3︾ ᠦᠢᠯᠡᠴᠢᠯᠡᠭᠡᠨ ᠤ ᠲᠤᠭᠲᠠᠯᠴᠠᠭ᠎ᠠ ᠶᠢ ᠪᠦᠷᠢᠯᠳᠦᠬᠦᠯᠵᠦ᠂ | ᠬᠠᠮᠲᠤᠷᠠᠨ ᠴᠤᠭᠴᠠᠯᠠᠬᠤ ᠬᠠᠮᠲᠤᠷᠠᠨ ᠵᠠᠰᠠᠬᠤ ᠬᠠᠮᠲᠤ ᠪᠠᠷ ᠡᠳ᠋ᠯᠡᠬᠦ ᠶᠢ ᠪᠡᠶᠡᠯᠡᠭᠦᠯᠪᠡ᠃ ᠰᠠᠶᠢᠬᠠᠨ ᠨᠡᠶᠢᠬᠡᠮ ᠲᠤᠭᠤᠷᠢᠭ ᠣᠷᠢᠳ ᠬᠤᠵᠢᠳ ᠦᠪᠡᠷᠲᠡᠭᠡᠨ ᠵᠠᠰᠠᠬᠤ | ᠣᠷᠣᠨ ᠤ ᠲᠡᠰ ᠤᠨ ᠵᠠᠮ ᠬᠠᠷᠢᠯᠴᠠᠭᠠᠨ ᠤ ᠠᠮᠤᠷ ᠳᠦᠪᠰᠢᠨ ᠤ ᠪᠤᠯᠪᠠᠰᠤᠨ ᠨᠠᠶᠢᠬᠡᠮ ᠲᠤᠭᠤᠷᠢᠭ᠂ ᠬᠤᠲᠠ ᠶᠢᠨ ᠲᠡᠰ ᠤᠨ ᠤᠯᠤᠰ ᠤᠨ ᠤᠯᠠᠨ ᠨᠠᠶᠢᠲᠠ ᠶᠢᠨ | ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠴᠤᠭᠴᠠᠯᠠᠯᠲᠠ ᠶᠢᠨ ᠰᠢᠯᠢᠳᠡᠭ ᠨᠡᠶᠢᠬᠡᠮ ᠲᠤᠭᠤᠷᠢᠭ᠂ ᠬᠤᠲᠠ ᠶᠢᠨ ᠲᠡᠰ ᠤᠨ ᠰᠢᠯᠢᠳᠡᠭ ᠡᠮᠡᠭᠲᠡᠶᠢᠴᠤᠳ ᠤᠨ | ᠠᠵᠢᠯᠯᠠᠭᠠᠨ ᠤ ᠭᠠᠵᠠᠷ᠂ ᠬᠤᠲᠠ ᠶᠢᠨ ᠲᠠᠪᠤᠨ ᠰᠠᠷ᠎ᠠ ᠶᠢᠨ ᠳᠦᠷᠪᠡᠨ ᠤ ᠤᠯᠠᠭᠠᠨ ᠲᠤᠭᠴᠢ ᠡᠪᠯᠡᠯ ᠤᠨ ᠡᠭᠦᠷ ᠪᠠ ᠠᠷᠪᠠᠨ ᠣᠳᠣᠨ ᠲᠡᠰ ᠤᠨ ᠨᠡᠶᠢᠬᠡᠮ ᠲᠤᠭᠤᠷᠢᠭ | ᠤᠨ ᠨᠠᠮ ᠤᠨ ᠡᠭᠦᠷ᠂ ᠪᠦᠬᠦ ᠣᠯᠣᠰ ᠤᠨ ᠪᠤᠯᠪᠠᠰᠤᠨ ᠬᠤᠲᠠ ᠶᠢᠨ ᠴᠤᠭᠴᠠᠯᠠᠯᠲᠠ ᠶᠢᠨ ᠲᠡᠷᠢᠭᠦᠨ ᠤ ᠬᠠᠮᠲᠤ ᠨᠡᠶᠢᠲᠡ᠂ ᠨᠠᠶᠢᠬᠡᠮ ᠤᠨ ᠵᠠᠰᠠᠯᠲᠠ ᠶᠢᠨ ᠲᠡᠷᠢᠭᠦᠨ ᠤ | ᠬᠠᠮᠲᠤ ᠨᠡᠶᠢᠲᠠ ᠵᠡᠷᠭᠡ ᠢᠷᠠᠭᠤ ᠠᠯᠳᠠᠷ ᠢ ᠬᠦᠷᠲᠡᠪᠡ᠃ |