ᠣᠳᠤᠭ ᠡᠮᠦᠨᠡᠳᠦ ᠵᠠᠰᠠᠭ ᠲᠠᠷᠬᠠᠭᠠᠬᠤ ﹇2023﹈ 3 ᠲᠣᠭᠠᠳᠦ
ᠨᠡᠶᠢᠲᠡᠯᠡᠭᠰᠡᠨ ᠴᠠᠭ᠄
2023/12/8
                ︽ᠣᠳᠤᠭ ᠤᠨ ᠡᠮᠦᠨᠡᠳᠦ  ᠬᠤᠰᠢᠭᠤᠨ  ᠤ ᠣᠯᠣᠰ ᠤᠨ ᠲᠡᠰ ᠤᠨ ︿ᠲᠦᠷᠪᠡᠨ ᠰᠠᠶᠢᠳᠡᠢ ᠬᠦᠳᠡᠭᠡ ᠲᠣᠰᠬᠤᠨ ᠤ                 ᠵᠠᠮ﹀ ᠤᠨ ᠲᠠᠭᠤᠷᠢᠶᠠᠯ ᠰᠢᠶᠠᠨ ᠤ ᠴᠣᠭᠴᠠᠯᠠᠯᠳᠠ ᠶᠢᠨ  ᠬᠡᠷᠡᠭᠵᠢᠭᠦᠯᠬᠦ ᠲᠦᠰᠦᠯ︾ ᠢ ᠳᠠᠷᠤᠮᠠᠯᠯᠠᠨ  ᠲᠠᠷᠬᠠᠭᠠᠬᠤ                ᠲᠣᠬᠠᠢ   ᠣᠳᠤᠭ  ᠤᠨ  ᠡᠮᠦᠨᠡᠳᠦ   ᠬᠤᠰᠢᠭᠤᠨ  ᠤ  ᠠᠷᠠᠳ  ᠤᠨ  ᠵᠠᠰᠠᠭ  ᠤᠨ  ᠣᠷᠳᠣᠨ  ᠤ  ᠮᠡᠳᠡᠭᠳᠡᠯᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠠᠵᠣ ᠠᠬᠤᠶᠢᠯᠠᠯ ᠠᠵᠢᠯ ᠣᠶᠢᠯᠠᠰ ᠤᠨ ᠨᠢᠭᠡᠴᠡ᠄     ︽ᠣᠳᠤᠭ  ᠤᠨ ᠡᠮᠦᠨᠡᠳᠦ ᠬᠤᠰᠢᠭᠤᠨ ᠤ ᠣᠯᠣᠰ ᠤᠨ ᠲᠡᠰ ᠤᠨ ︿ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ﹀ ᠤᠨ ᠲᠠᠭᠤᠷᠢᠶᠠᠯ ᠰᠢᠶᠠᠨ ᠤ ᠴᠣᠭᠴᠠᠯᠠᠯᠳᠠ ᠶᠢᠨ ᠬᠡᠷᠡᠭᠵᠢᠭᠦᠯᠬᠦ ᠲᠦᠰᠦᠯ︾ ᠢ ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠦᠭᠡᠳ᠂ ᠡᠳᠦᠬᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠢ ᠵᠣᠬᠢᠶᠠᠨ ᠪᠠᠶᠢᠭᠤᠯᠣᠨ ᠬᠡᠷᠡᠭᠵᠢᠬᠦᠯᠰᠦᠬᠡᠢ᠃                                         ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                   2023 ᠣᠨ ᠤ 3 ᠰᠠᠷ᠎ᠠ ᠶᠢᠨ 15 ᠤ ᠡᠳᠦᠷ                   ᠣᠳᠤᠭ ᠤᠨ ᠡᠮᠦᠨᠡᠳᠦ ᠬᠤᠰᠢᠭᠤᠨ ᠤ ᠣᠯᠣᠰ ᠤᠨ ᠲᠡᠰ ᠤᠨ ︿ᠲᠦᠷᠪᠡᠨ ᠰᠠᠶᠢᠳᠠᠢ ᠬᠦᠳᠡᠭᠡ                   ᠲᠣᠰᠬᠤᠨ ᠤ ᠵᠠᠮ﹀ ᠤᠨ ᠲᠠᠭᠤᠷᠢᠶᠠᠯ ᠰᠢᠶᠠᠨ ᠤ ᠴᠣᠭᠴᠠᠯᠠᠯᠳᠠ ᠶᠢᠨ ᠬᠡᠷᠡᠭᠵᠢᠭᠦᠯᠬᠦ ᠲᠦᠰᠦᠯ     ᠶᠡᠷᠦᠩᠬᠡᠢ ᠱᠦᠵᠢ ᠰᠢ ᠶᠢᠨ ᠫᠢᠩ ᠤᠨ ︽ᠲᠦᠷᠪᠡᠨ ᠰᠠᠶᠢᠳᠠᠢ ᠬᠦᠳᠡᠭᠡ ᠲᠣᠰᠬᠤᠨ ᠵᠠᠮ︾ ᠤᠨ ᠪᠠᠶᠢᠭᠤᠯᠣᠯᠳᠠ ᠶᠢᠨ ᠴᠢᠬᠤᠯᠠ ᠵᠢᠭᠠᠪᠦᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠣᠨ᠂ ᠮᠠᠨ ᠤ ᠬᠤᠰᠢᠭᠤᠨ ᠤ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠤᠨ ᠴᠢᠨᠠᠷᠯᠢᠭ ᠬᠦᠭᠵᠢᠯᠳᠡ ᠶᠢᠨ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠵᠣ᠂ ᠬᠦᠳᠡᠭᠡ ᠲᠣᠰᠬᠤᠨ ᠤ ᠵᠠᠮ ᠤᠨ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠲᠣᠮᠳᠠᠬᠢ ᠰᠠᠭᠤᠷᠢ ᠴᠢᠨᠠᠷᠳᠠᠢ ᠲᠣᠯᠭᠠᠭᠤᠷᠢᠯᠠᠯ ᠤᠨ ᠣᠶᠢᠯᠠᠳᠦᠯ ᠢ ᠪᠠᠳᠠᠷᠠᠭᠤᠯᠬᠤ ᠶᠢᠨ ᠲᠣᠰᠠᠳᠠ᠂ ︽︿ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ﹀ ᠤᠨ ᠪᠦᠬᠦ ᠣᠯᠣᠰ ᠤᠨ ᠲᠠᠭᠤᠷᠢᠶᠠᠯ ᠰᠢᠶᠠᠨ ᠤ ᠴᠣᠭᠴᠠᠯᠠᠯᠳᠠ ᠶᠢᠨ ᠬᠠᠮᠢᠶᠠᠷᠣᠯᠳᠠ ᠶᠢᠨ ᠠᠷᠭ᠎ᠠ︾ ︵ᠵᠠᠮ ᠬᠠᠷᠢᠯᠴᠠᠭ᠎ᠠ ᠵᠠᠰᠠᠮᠠᠯ ᠵᠠᠮ ᠲᠠᠷᠬᠠᠭᠠᠭᠰᠠᠨ ﹇2022﹈ 111 ᠲᠣᠭᠠᠳᠦ︶ ᠪᠣᠯᠣᠨ ︽ᠵᠠᠮ ᠲᠡᠭᠡᠭᠡᠪᠦᠷᠢ ᠤᠨ ᠶᠠᠮᠣᠨ ᠤ ᠠᠯᠪᠠᠨ ᠲᠢᠩᠭᠢᠮ᠂ ᠬᠦᠳᠡᠭᠡ ᠠᠵᠣ ᠠᠬᠤᠢ ᠬᠦᠳᠡᠭᠡ ᠲᠣᠰᠬᠤᠨ ᠤ ᠶᠠᠮᠣᠨ ᠤ ᠠᠯᠪᠠᠨ ᠲᠢᠩᠭᠢᠮ᠂ ᠣᠯᠣᠰ ᠤᠨ ᠰᠢᠣᠳᠠᠨ ᠲᠣᠪᠴᠢᠶ᠎ᠠ ᠶᠢᠨ ᠠᠯᠪᠠᠨ ᠭᠡᠷ᠂ ᠣᠯᠣᠰ ᠤᠨ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠲᠣᠪᠴᠢᠶ᠎ᠠ ᠶᠢᠨ ᠶᠡᠷᠦᠩᠬᠡᠶᠢᠯᠡᠭᠰᠡᠨ ᠵᠣᠷᠭᠠᠨ ᠤ ︿2022 ᠣᠨ ᠤ ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ ᠤᠨ ᠪᠦᠬᠦ ᠣᠯᠣᠰ ᠤᠨ ᠲᠠᠭᠤᠷᠢᠶᠠᠯ ᠰᠢᠶᠠᠨ ᠤ ᠴᠣᠭᠴᠠᠯᠠᠯᠳᠠ ᠶᠢᠨ ᠪᠠᠶᠢᠭᠤᠯᠭ᠎ᠠ  ᠶᠢᠨ ᠨᠡᠷᠡᠰ﹀ ᠢ ᠨᠡᠶᠢᠳᠡᠯᠡᠭᠦ ᠲᠣᠬᠠᠢ ᠮᠡᠳᠡᠭᠳᠡᠯ︾ ︵ᠵᠠᠮ ᠬᠠᠷᠢᠯᠴᠠᠭ᠎ᠠ ᠠᠯᠪᠠᠨ ᠵᠠᠰᠠᠮᠠᠯ ᠵᠠᠮ ﹇2022﹈ 83 ᠲᠣᠭᠠᠳᠦ︶ ᠤᠨ ᠱᠠᠭᠠᠷᠳᠠᠯᠭ᠎ᠠ ᠶᠢ ᠦᠨᠳᠦᠰᠦᠯᠡᠵᠣ᠂ ᠮᠠᠨ ᠤ ᠬᠤᠰᠢᠭᠤᠨ ᠤ ᠪᠣᠳᠠᠳᠦ ᠪᠠᠶᠢᠳᠠᠯ ᠲᠠᠢ ᠪᠠᠨ ᠣᠶᠠᠯᠳᠣᠭᠤᠯᠣᠨ᠂ ᠲᠣᠰ ᠲᠦᠰᠦᠯ ᠢ ᠲᠣᠭᠳᠠᠭᠠᠪᠠ᠃     ᠨᠢᠭᠡ᠂ ᠦᠨᠳᠦᠰᠦᠨ ᠪᠠᠶᠢᠳᠠᠯ     ᠣᠳᠤᠭ ᠤᠨ ᠡᠮᠦᠨᠡᠳᠦ ᠬᠤᠰᠢᠭᠤ ᠦᠪᠦᠷ ᠮᠣᠩᠭᠤᠯ ᠱᠠᠨᠰᠢ ᠨᠢᠩᠰᠢᠶᠡ ᠭᠤᠷᠪᠠᠨ ᠮᠣᠵᠢ ᠣᠷᠣᠨ ᠤ ᠠᠭᠤᠯᠵᠠᠷ ᠲᠤ ᠪᠠᠶᠢᠷᠢᠯᠠᠵᠣ᠂ ᠪᠦᠬᠦ ᠬᠤᠰᠢᠭᠤᠨ ᠤ ᠶᠡᠷᠦᠩᠬᠡᠢ ᠲᠠᠯᠠᠪᠠᠢ 1.218 ᠲᠦᠮᠡᠨ ᠲᠡᠭᠰᠢ ᠲᠦᠷᠪᠡᠯᠵᠢᠨ ᠺᠢᠯᠣᠮᠧᠲᠷ᠂ 4 ᠪᠠᠯᠭᠠᠰᠦ᠂ 1 ᠦᠪᠡᠷᠳᠡᠭᠡᠨ ᠵᠠᠰᠠᠬᠤ ᠣᠷᠣᠨ ᠤ ᠭᠤᠣᠯᠳᠠᠯᠭᠠᠳᠦ ᠠᠵᠣ ᠣᠶᠢᠯᠠᠳᠪᠦᠷᠢ ᠶᠢᠨ ᠬᠦᠷᠢᠶᠡᠯᠡᠩ᠂ 68 ᠭᠠᠴᠠᠭ᠎ᠠ ᠲᠣᠰᠬᠤᠨ᠂ 17 ᠨᠡᠶᠢᠭᠡᠮ ᠲᠣᠭᠤᠷᠢᠭ᠂ ᠪᠠᠶᠢᠩᠭᠤ ᠰᠠᠭᠤᠭ᠎ᠠ 9.27 ᠲᠦᠮᠡᠨ ᠬᠦᠮᠦᠨ ᠠᠮᠠ ᠲᠠᠢ᠃ ᠵᠠᠰᠠᠮᠠᠯ ᠵᠠᠮ ᠤᠨ ᠶᠡᠷᠦᠩᠬᠡᠢ ᠣᠷᠳᠦ 3825.081 ᠺᠢᠯᠣᠮᠧᠲᠷ᠂ ᠡᠬᠦᠨ ᠳᠤ ᠬᠦᠳᠡᠭᠡ ᠲᠣᠰᠬᠤᠨ ᠤ ᠵᠠᠰᠠᠮᠠᠯ ᠵᠠᠮ 3366 ᠺᠢᠯᠣᠮᠧᠲᠷ᠂ ᠬᠦᠳᠡᠭᠡ ᠲᠣᠰᠬᠤᠨ ᠤ ᠵᠠᠰᠠᠮᠠᠯ ᠵᠠᠮ ᠤᠨ ᠡᠵᠡᠯᠡᠬᠦ ᠬᠠᠷᠢᠴᠠᠯ 88% ᠳᠤ ᠬᠦᠷᠴᠦ᠂ ᠵᠠᠰᠠᠮᠠᠯ ᠵᠠᠮ ᠤᠨ ᠨᠢᠭᠳᠠᠴᠠ ᠵᠠᠭᠤᠨ ᠲᠡᠭᠰᠢ ᠲᠦᠷᠪᠡᠯᠵᠢᠨ ᠺᠢᠯᠣᠮᠧᠲᠷ ᠪᠦᠷᠢ ᠳᠤ 31.4 ᠺᠢᠯᠣᠮᠧᠲᠷ᠃     ᠬᠤᠶᠠᠷ᠂ ᠵᠢᠯᠣᠭᠤᠳᠬᠤ ᠦᠵᠡᠯ ᠰᠠᠨᠠᠭ᠎ᠠ     ᠨᠠᠮ ᠤᠨ ᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ︽ᠬᠦᠳᠡᠭᠡ ᠲᠣᠰᠬᠤᠨ ᠤ ᠵᠠᠰᠠᠮᠠᠯ ᠵᠠᠮ ᠢ ᠰᠠᠶᠢᠳᠦᠷ ᠪᠠᠶᠢᠭᠤᠯᠬᠤ᠂ ᠬᠠᠮᠢᠶᠠᠷᠬᠤ᠂ ᠬᠠᠮᠠᠭᠠᠯᠠᠬᠤ᠂ ᠡᠵᠡᠩᠨᠡᠬᠦ︾ ᠴᠢᠬᠤᠯᠠ ᠵᠢᠭᠠᠪᠦᠷᠢ ᠴᠣᠬᠤᠯᠠᠪᠦᠷᠢ ᠶᠢᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠤᠨ ᠪᠦᠬᠦ ᠣᠯᠣᠰ ᠤᠨ ᠲᠠᠭᠤᠷᠢᠶᠠᠯ ᠰᠢᠶᠠᠨ ᠤ ᠴᠢᠨᠠᠷᠯᠢᠭ ᠴᠣᠭᠴᠠᠯᠠᠯᠳᠠ ᠪᠠᠷ ᠬᠠᠷᠠᠯᠳᠠ ᠪᠠᠨ ᠪᠣᠯᠭᠠᠵᠣ᠂ ︽ᠬᠤᠪᠢᠰᠬᠠᠯᠳᠦ ᠬᠦᠮᠦᠵᠢᠯ ᠢᠶᠠᠷ ᠬᠦᠳᠡᠯᠭᠡᠭᠦᠷ ᠪᠣᠯᠭᠠᠵᠣ᠂ ᠪᠣᠬᠢᠷᠳᠣᠯ ᠦᠭᠡᠢ ᠬᠦᠭᠵᠢᠭᠦᠯᠬᠦ︾ ᠪᠠᠷ ᠣᠳᠣᠷᠢᠳᠣᠮᠵᠢ ᠪᠣᠯᠭᠠᠨ᠂ ︽ᠨᠢᠭᠡ ᠲᠦᠷᠢᠮ ᠲᠠᠪᠣᠵᠢᠭᠤᠯᠣᠯᠳᠠ ᠲᠠᠢ ᠠᠷᠠᠳ ᠢ ᠬᠠᠷᠠᠭᠠᠯᠵᠠᠬᠤ ᠬᠦᠳᠡᠭᠡ ᠲᠣᠰᠬᠤᠨ ᠤ ᠵᠠᠮ︾ ᠤᠨ ᠲᠦᠷᠪᠠᠨ ᠰᠠᠶᠢᠳᠠᠢ ᠬᠦᠳᠡᠭᠡ ᠲᠣᠰᠬᠤᠨ ᠤ ᠵᠠᠮ ᠤᠨ ᠨᠡᠷᠡᠳᠦ ᠲᠡᠮᠳᠡᠭ ᠢ ᠬᠢᠯᠠᠯᠵᠢᠭᠤᠯᠵᠣ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠦᠷᠢᠮᠵᠢᠭᠦᠨ ᠬᠦᠭᠵᠢᠯᠳᠡ᠂ ᠵᠣᠬᠢᠴᠠᠩᠭᠤᠢ ᠬᠦᠭᠵᠢᠯᠳᠡ᠂ ᠪᠣᠬᠢᠷᠳᠣᠯ ᠦᠭᠡᠢ ᠬᠦᠭᠵᠢᠯᠳᠡ᠂ ᠠᠶᠣᠯᠬᠦᠢ ᠬᠦᠭᠵᠢᠯᠳᠡ ᠪᠣᠯᠣᠨ ᠲᠠᠶᠢᠴᠢᠯᠠᠨ ᠲᠠᠭᠠᠭᠤᠯᠬᠤ ᠬᠦᠭᠵᠢᠯᠳᠡ ᠶᠢ ᠪᠦᠬᠦ ᠬᠦᠴᠦᠨ ᠢᠶᠠᠷ ᠠᠬᠢᠭᠤᠯᠣᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ  ᠤᠨ ᠪᠠᠶᠢᠭᠤᠯᠣᠯᠳᠠ ᠬᠠᠮᠢᠶᠠᠷᠣᠯᠳᠠ ᠠᠷᠠᠴᠢᠯᠠᠯᠳᠠ ᠡᠵᠡᠩᠨᠡᠯᠳᠡ ᠶᠢᠨ ᠵᠣᠬᠢᠴᠠᠩᠭᠤᠢ ᠦᠷᠭᠦᠯᠵᠢᠬᠦᠶᠢᠴᠡ ᠬᠦᠭᠵᠢᠯᠳᠡ ᠶᠢ ᠠᠬᠢᠭᠤᠯᠵᠣ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠳᠤ ᠨᠡᠩ ᠬᠦᠴᠦᠷᠬᠡᠭ ᠵᠠᠮ ᠬᠠᠷᠢᠯᠴᠠᠭ᠎ᠠ ᠵᠠᠮ ᠲᠡᠭᠡᠭᠡᠪᠦᠷᠢ ᠶᠢᠨ ᠪᠠᠳᠣᠯᠠᠭ᠎ᠠ ᠬᠠᠩᠭᠠᠨ᠎ᠠ᠃     ᠭᠤᠷᠪᠠ᠂ ᠠᠵᠢᠯ ᠤᠨ ᠬᠠᠷᠠᠯᠳᠠ      ︽ᠨᠢᠭᠡ ᠲᠦᠷᠢᠮ ᠲᠠᠪᠣᠵᠢᠭᠤᠯᠣᠯᠳᠠ ᠲᠠᠢ︾ ᠬᠠᠮᠢᠶᠠᠷᠣᠯᠳᠠ ᠶᠢᠨ ᠵᠠᠭᠪᠣᠷ᠂ ᠲᠣᠭᠳᠠᠯᠴᠠᠭ᠎ᠠ ᠲᠣᠭᠳᠠᠴᠠ ᠶᠢᠨ ᠲᠡᠭᠦᠯᠳᠡᠷᠵᠢᠭᠦᠯᠦᠯᠳᠡ᠂ ᠪᠡᠯᠡ ᠮᠦᠩᠭᠦᠨ ᠤ ᠪᠠᠳᠣᠯᠠᠭ᠎ᠠ ᠶᠢᠨ ᠴᠢᠩᠭᠠᠳᠬᠠᠯᠳᠠ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠪᠣᠯᠣᠨ ᠠᠵᠣ ᠣᠶᠢᠯᠠᠰ ᠤᠨ ᠠᠭᠤᠰᠣᠯᠴᠠᠯ ᠬᠦᠭᠵᠢᠯᠳᠡ ᠶᠢᠨ ᠠᠬᠢᠭᠤᠯᠣᠯᠳᠠ ᠵᠡᠷᠭᠡ ᠲᠦᠷᠪᠡᠨ ᠲᠠᠯ᠎ᠠ ᠶᠢᠨ ᠡᠭᠦᠷᠭᠡ ᠳᠤ ᠠᠩᠬᠠᠷᠣᠯ ᠢᠶᠠᠨ ᠲᠦᠪᠯᠡᠷᠡᠭᠦᠯᠦᠨ᠂ 2023 ᠣᠨ ᠤ ᠡᠴᠦᠰ ᠪᠣᠯᠳᠠᠯ᠎ᠠ ᠱᠠᠳᠦᠴᠢ ᠴᠢᠨᠠᠷᠳᠠᠢ ᠦᠷ᠎ᠡ ᠪᠦᠳᠦᠮᠵᠢ ᠭᠠᠷᠭᠠᠵᠣ᠂ 2025 ᠣᠨ ᠤ ᠡᠴᠦᠰ ᠪᠣᠯᠳᠠᠯ᠎ᠠ ᠬᠠᠷᠢᠴᠠᠩᠭᠤᠢ ᠲᠡᠭᠦᠯᠳᠡᠷᠵᠢᠭᠰᠡᠨ ᠰᠢᠰᠲ᠋ᠧᠮᠳᠦ ᠴᠢᠨᠠᠷᠳᠠᠢ ᠦᠷ᠎ᠡ ᠪᠦᠳᠦᠮᠵᠢ ᠭᠠᠷᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠵᠠᠩᠬᠢᠴᠢ ᠬᠠᠮᠢᠶᠠᠷᠣᠯᠳᠠ ᠶᠢᠨ ᠲᠦᠪᠰᠢᠨ ᠤ ᠲᠡᠭᠡᠭᠰᠢᠯᠡᠯᠳᠡ ᠶᠢ ᠠᠬᠢᠭᠤᠯᠣᠨ᠂ ᠬᠠᠮᠢᠶᠠᠷᠣᠯᠳᠠ ᠠᠷᠠᠴᠢᠯᠠᠨ ᠬᠠᠮᠠᠭᠠᠯᠠᠯᠳᠠ ᠶᠢᠨ ᠪᠡᠯᠡ ᠮᠦᠩᠭᠦ ᠶᠢ ᠪᠠᠳᠣᠯᠠᠵᠣ᠂ ᠡᠳ᠋ ᠤᠨ ᠵᠠᠰᠠᠭ ᠤᠨ ᠣᠷᠣᠭᠤᠯᠣᠯᠳᠠ ᠶᠢᠨ ᠡᠷᠭᠡ ᠬᠠᠷᠢᠭᠤᠴᠠᠯᠭ᠎ᠠ ᠲᠣᠳᠣᠷᠬᠠᠢ᠂ ᠨᠡᠶᠢᠭᠡᠮ ᠤᠨ ᠬᠦᠴᠦᠨ ᠤ ᠢᠳᠡᠪᠬᠢ ᠣᠷᠣᠯᠴᠠᠯᠭ᠎ᠠ  ᠲᠠᠢ ᠠᠷᠠᠴᠢᠯᠠᠨ ᠬᠠᠮᠠᠭᠠᠯᠠᠯᠳᠠ ᠶᠢᠨ ᠰᠢᠨ᠎ᠡ ᠪᠠᠶᠢᠳᠠᠯ ᠢ ᠪᠦᠷᠢᠯᠳᠦᠭᠦᠯᠵᠣ᠂ ᠴᠢᠬᠤᠯᠠ ᠠᠵᠣ ᠣᠶᠢᠯᠠᠰ ᠤᠨ ᠭᠤᠭᠴᠤᠭ᠎ᠠ ᠶᠢ ᠵᠠᠮ ᠤᠨ ᠪᠠᠶᠢᠭᠤᠯᠣᠯᠳᠠ ᠲᠠᠢ ᠠᠪᠴᠠᠯᠳᠣᠭᠤᠯᠬᠤ ᠡᠷᠴᠢᠮ ᠢ ᠴᠢᠩᠭᠠᠳᠬᠠᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠦᠳᠡᠭᠡ ᠲᠣᠰᠬᠤᠨ ᠤ ᠠᠵᠣ ᠠᠬᠤᠢ ᠳᠤ ᠣᠶᠢᠯᠡᠴᠢᠯᠡᠭᠦ᠂ ᠬᠦᠳᠡᠭᠡ ᠲᠣᠰᠬᠤᠨ ᠤ ᠣᠨᠴᠠᠯᠢᠭᠳᠦ ᠠᠵᠣ ᠣᠶᠢᠯᠠᠰ ᠳᠤ ᠣᠶᠢᠯᠡᠴᠢᠯᠡᠭᠦ ᠴᠢᠳᠠᠪᠬᠢ ᠶᠢ ᠲᠡᠭᠡᠭᠰᠢᠯᠡᠭᠦᠯᠵᠣ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ + ᠬᠤᠪᠢᠰᠬᠠᠯᠳᠦ ᠵᠢᠭᠤᠯᠴᠢᠯᠠᠯ + ᠠᠵᠣ ᠣᠶᠢᠯᠠᠰ ᠤᠨ ᠠᠭᠤᠰᠣᠯᠴᠠᠯ ᠬᠦᠭᠵᠢᠯᠳᠡ ᠶᠢ ᠪᠡᠶᠡᠯᠡᠭᠦᠯᠦᠨ᠎ᠡ᠃ ᠬᠠᠭᠤᠯᠪᠦᠷᠢᠯᠠᠵᠣ ᠪᠣᠯᠬᠤ᠂ ᠲᠦᠭᠡᠮᠡᠯᠵᠢᠭᠦᠯᠵᠣ ᠪᠣᠯᠬᠤ ᠲᠡᠷᠢᠭᠦᠨ ᠤ ᠲᠣᠷᠰᠢᠯᠭ᠎ᠠ ᠪᠣᠯᠣᠨ ᠨᠡᠶᠢᠳᠡᠯᠢᠭ ᠦᠷ᠎ᠡ ᠪᠦᠳᠦᠮᠵᠢ ᠶᠢ ᠪᠦᠷᠢᠯᠳᠦᠭᠦᠯᠣᠨ᠂ ᠲᠠᠭᠤᠷᠢᠶᠠᠯ ᠲᠠᠶᠢᠴᠢᠯᠠᠨ ᠲᠠᠭᠠᠭᠤᠯᠬᠤ ᠣᠶᠢᠯᠠᠳᠣᠯ ᠢᠶᠠᠨ ᠬᠦᠢᠴᠡᠳ ᠪᠠᠳᠠᠷᠠᠭᠤᠯᠣᠨ᠎ᠠ᠃     ᠲᠦᠷᠪᠡ᠂ ᠠᠵᠢᠯ ᠤᠨ ᠡᠭᠦᠷᠭᠡ     ︵ᠨᠢᠭᠡ︶ ᠪᠠᠷᠢᠮᠵᠢᠶᠠᠴᠢᠯᠠᠨ ᠲᠦᠯᠦᠪᠵᠢᠭᠦᠯᠵᠣ᠂ ᠪᠡᠯᠡ ᠮᠦᠩᠭᠦ ᠶᠢ ᠪᠠᠳᠣᠯᠠᠨ ᠮᠠᠯᠴᠢᠨ ᠲᠠᠷᠢᠶᠠᠴᠢᠳ ᠤᠨ ᠬᠠᠮᠳᠦ ᠶᠢᠨ ᠴᠢᠨᠡᠭᠡᠯᠢᠭᠵᠡᠯ ᠳᠤ ᠬᠦᠴᠦᠨ ᠨᠡᠮᠡᠷᠢᠯᠡᠨ᠎ᠡ     1. ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠣᠣᠷᠵᠢᠯ ᠤᠨ ᠪᠦᠳᠦᠴᠡ ᠶᠢ ᠣᠯᠠᠮ ᠨᠢᠭᠡ ᠠᠯᠬᠤᠮ ᠲᠡᠭᠦᠯᠳᠡᠷᠵᠢᠭᠦᠯᠦᠨ᠂ ᠲᠦᠳᠡ ᠪᠦᠳᠦᠮᠵᠢᠳᠡᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠭᠤᠣᠯᠯᠠᠭᠴᠢ ᠵᠠᠮ ᠤᠨ ᠲᠣᠣᠷ ᠢ ᠪᠠᠶᠢᠭᠤᠯᠣᠨ᠎ᠠ᠃ 2023 ᠣᠨ ᠤ ᠡᠴᠦᠰ ᠪᠣᠯᠳᠠᠯ᠎ᠠ᠂ 169.3 ᠺᠢᠯᠣᠮᠧᠲᠷ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠰᠢᠨ᠎ᠡ ᠪᠠᠷ ᠦᠭᠡᠷᠡᠴᠢᠯᠡᠨ ᠪᠠᠶᠢᠭᠤᠯᠬᠤ ᠦᠷᠭᠡᠳᠬᠡᠨ ᠪᠠᠶᠢᠭᠤᠯᠬᠤ ᠶᠢ ᠪᠡᠶᠡᠯᠡᠭᠦᠯᠵᠣ᠂ ᠡᠭᠦᠨ ᠳᠤ 51.2 ᠺᠢᠯᠣᠮᠧᠲᠷ ᠵᠠᠮ ᠤᠨ ᠭᠠᠳᠠᠷᠭᠤ ᠶᠢ ᠦᠷᠭᠡᠳᠬᠡᠨ᠂ 44.9 ᠺᠢᠯᠣᠮᠧᠲᠷ ᠠᠵᠣ ᠣᠶᠢᠯᠠᠰ ᠤᠨ ᠵᠠᠮ ᠢ ᠰᠢᠨ᠎ᠡ ᠪᠠᠷ ᠦᠭᠡᠷᠡᠴᠢᠯᠡᠨ ᠪᠠᠶᠢᠭᠤᠯᠵᠣ᠂ 12.2 ᠺᠢᠯᠣᠮᠧᠲᠷ ᠲᠠᠷᠢᠶᠠᠯᠠᠩ ᠤᠨ ᠲᠠᠯᠠᠪᠠᠢ ᠶᠢᠨ ᠵᠠᠮ ᠢ ᠰᠢᠨ᠎ᠡ ᠪᠠᠷ ᠪᠠᠶᠢᠭᠤᠯᠣᠨ᠂ 22 ᠺᠢᠯᠣᠮᠧᠲᠷ ᠲᠣᠣᠷᠵᠢᠭᠤᠯᠣᠭᠰᠠᠨ ᠵᠠᠮ ᠢ ᠰᠢᠨ᠎ᠡ ᠪᠠᠷ ᠪᠠᠶᠢᠭᠤᠯᠵᠣ᠂ 39 ᠺᠢᠯᠣᠮᠧᠲᠷ ᠵᠠᠮ ᠤᠨ ᠶᠠᠰᠦ ᠴᠢᠨᠠᠷ ᠢ ᠲᠡᠭᠡᠭᠰᠢᠯᠡᠭᠦᠯᠦᠨ ᠦᠭᠡᠷᠡᠴᠢᠯᠡᠨ᠎ᠡ︔ ᠰᠢᠨ᠎ᠡ ᠪᠠᠷ ᠦᠭᠡᠷᠡᠴᠢᠯᠡᠨ ᠪᠠᠶᠢᠭᠤᠯᠬᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ  ᠢ ᠲᠦᠷᠪᠡᠳᠦᠭᠡᠷ ᠲᠡᠰ ᠠᠴᠠ ᠲᠡᠭᠡᠭᠰᠢᠬᠢ ᠵᠠᠰᠠᠮᠠᠯ ᠵᠠᠮ ᠤᠨ ᠮᠡᠷᠭᠡᠵᠢᠯ ᠤᠨ ᠪᠠᠷᠢᠮᠵᠢᠶᠡᠨ ᠳᠤ ᠬᠦᠷᠭᠡᠨ᠂ ᠵᠠᠮ ᠬᠠᠷᠢᠯᠴᠠᠭᠠᠨ ᠤ ᠠᠮᠣᠷ ᠲᠦᠪᠰᠢᠨ᠂ ᠣᠰᠣ ᠭᠠᠳᠠᠭᠰᠢᠯᠠᠭᠤᠯᠬᠤ ᠪᠠ ᠰᠡᠷᠭᠡᠶᠢᠯᠡᠨ ᠬᠠᠮᠠᠭᠠᠯᠠᠬᠤ ᠲᠦᠬᠦᠭᠡᠷᠦᠮᠵᠢ ᠶᠢ ᠵᠡᠷᠭᠡ ᠪᠠᠷ ᠪᠠᠶᠢᠭᠤᠯᠬᠤ ᠶᠢ ᠪᠡᠶᠡᠯᠡᠭᠦᠯᠵᠣ᠂ ᠪᠠᠶᠢᠭᠤᠯᠣᠯᠳᠠ᠂ ᠪᠠᠷᠢᠮᠵᠢᠶ᠎ᠡ ᠶᠢ ᠪᠠᠳᠣᠯᠠᠵᠣ᠂ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠳᠠᠭᠤᠵᠢᠭᠤᠯᠣᠯᠳᠠ ᠶᠢᠨ ᠨᠣᠷᠮ᠎ᠠ ᠶᠢ 100% ᠬᠦᠷᠭᠡᠨ᠂ ᠪᠠᠯᠭᠠᠰᠣᠨ ᠳᠤ ᠬᠤᠶᠠᠳᠣᠭᠠᠷ ᠲᠡᠰ ᠤᠨ ᠵᠠᠮ ᠨᠡᠪᠳᠡᠷᠡᠭᠦᠯᠬᠦ ᠬᠠᠷᠢᠴᠠᠯ ᠢ 100% ᠬᠦᠷᠭᠡᠵᠣ᠂ ᠭᠠᠴᠠᠭ᠎ᠠ ᠲᠣᠰᠬᠤᠨ ᠤ ᠵᠠᠮ ᠨᠡᠪᠳᠡᠷᠡᠯᠭᠡ ᠶᠢᠨ ᠬᠠᠳᠠᠭᠤᠵᠢᠭᠤᠯᠣᠯᠳᠠ ᠶᠢᠨ ᠨᠣᠷᠮ᠎ᠠ  ᠶᠢ 100% ᠬᠦᠷᠭᠡᠬᠦ ᠶᠢ ᠪᠡᠶᠡᠯᠡᠭᠦᠯᠦᠨ᠎ᠡ᠃     2. ᠨᠡᠯᠢᠶᠡᠳ ᠠᠷᠪᠢᠨ ᠬᠦᠮᠦᠨ ᠠᠮᠠ ᠲᠠᠢ ᠠᠶᠢᠯ ᠲᠣᠰᠬᠤᠨ ᠤ ᠬᠠᠳᠠᠭᠤᠵᠢᠭᠤᠯᠣᠭᠰᠠᠨ ᠵᠠᠮ ᠨᠡᠪᠳᠡᠷᠡᠯᠭᠡ ᠶᠢᠨ ᠬᠠᠷᠢᠴᠠᠯ ᠢ ᠣᠯᠠᠮ ᠲᠡᠭᠡᠭᠰᠢᠯᠡᠭᠦᠯᠦᠨ᠂ ᠨᠡᠪᠳᠡᠷᠡᠭᠦᠯᠬᠦ ᠬᠦᠨᠴᠡ ᠪᠣᠯᠣᠨ ᠣᠶᠢᠯᠡᠴᠢᠯᠡᠭᠡ ᠶᠢᠨ ᠬᠢᠷᠢ ᠲᠦᠪᠰᠢᠨ ᠢ ᠣᠯᠠᠮ ᠨᠢᠭᠡ ᠠᠯᠬᠤᠮ ᠲᠡᠭᠡᠭᠰᠢᠯᠡᠭᠦᠯᠦᠨ᠎ᠡ᠃ 2025 ᠣᠨ ᠤ ᠡᠴᠦᠰ ᠪᠣᠯᠳᠠᠯ᠎ᠠ᠂ ᠨᠡᠯᠢᠶᠡᠳ ᠠᠷᠪᠢᠨ ᠬᠦᠮᠦᠨ ᠠᠮᠠ ᠲᠠᠢ ᠠᠶᠢᠯ ᠲᠣᠰᠬᠤᠨ ᠤ ᠵᠠᠮ ᠤᠨ ᠬᠠᠳᠠᠭᠤᠵᠢᠭᠤᠯᠣᠯᠳᠠ ᠶᠢᠨ ᠬᠠᠷᠢᠴᠠᠯ ᠢ ᠪᠦᠬᠦ ᠦᠪᠡᠷᠳᠡᠭᠡᠨ ᠵᠠᠰᠠᠬᠤ ᠣᠷᠣᠨ ᠤ ᠲᠣᠮᠳᠠᠴᠢ ᠲᠦᠪᠰᠢᠨ ᠳᠤ ᠬᠦᠷᠭᠡᠨ᠎ᠡ᠃     3. 2023 ᠤᠨ ᠤ ᠬᠦᠳᠡᠭᠡ ᠲᠣᠰᠬᠤᠨ ᠤ ᠵᠠᠰᠠᠮᠠᠯ ᠵᠠᠮ ᠤᠨ ᠠᠮᠣᠷ ᠲᠦᠪᠰᠢᠨ ᠤ ᠲᠠᠯᠳᠠ ᠭᠡᠮ ᠤᠨ ᠵᠠᠰᠠᠯᠳᠠ ᠶᠢᠨ ᠨᠣᠷᠮ᠎ᠠ ᠶᠢ 100% ᠬᠦᠷᠭᠡᠨ᠂ ᠬᠦᠨᠳᠦ ᠶᠡᠭᠡ ᠠᠴᠠ ᠲᠡᠭᠡᠭᠰᠢᠬᠢ ᠠᠮᠣᠷ ᠲᠦᠪᠰᠢᠨ ᠤ ᠬᠠᠷᠢᠭᠤᠴᠠᠯᠭ᠎ᠠ ᠶᠢᠨ ᠠᠳᠡᠯ ᠢ ᠪᠦᠳᠦᠮᠵᠢᠳᠡᠢ ᠡᠵᠡᠮᠳᠡᠵᠣ᠂ ᠨᠡᠯᠢᠶᠡᠳ ᠶᠡᠭᠡ ᠪᠠ ᠡᠩ ᠤᠨ ᠠᠳᠡᠯ ᠢ ᠢᠯᠡᠷᠭᠡᠢ ᠪᠠᠭᠤᠷᠠᠭᠤᠯᠣᠨ᠎ᠠ᠃     ︵ᠬᠤᠶᠠᠷ︶ ᠦᠭᠡᠷᠡᠴᠢᠯᠡᠯᠳᠡ ᠶᠢ ᠠᠬᠢᠭᠤᠯᠣᠨ᠂ ᠬᠠᠮᠢᠶᠠᠷᠣᠯᠳᠠ ᠶᠢ ᠰᠢᠨᠡᠴᠢᠯᠡᠵᠣ᠂ ᠵᠠᠰᠠᠯᠳᠠ ᠶᠢᠨ ᠪᠦᠳᠦᠮᠵᠢ ᠶᠢ ᠢᠯᠡᠷᠭᠡᠢ ᠲᠡᠭᠡᠭᠰᠢᠯᠡᠭᠦᠯᠦᠨ᠎ᠡ     1. ᠬᠦᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠳᠠ ᠠᠷᠠᠴᠢᠯᠠᠯᠳᠠ ᠬᠠᠮᠠᠭᠠᠯᠠᠯᠳᠠ ᠶᠢᠨ ᠲᠣᠭᠳᠠᠴᠠ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠣᠨ᠂ ᠪᠠᠯᠭᠠᠰᠣ᠂ ᠭᠠᠴᠠᠭ᠎ᠠ ᠲᠣᠰᠬᠤᠨ ᠬᠤᠶᠠᠷ ᠱᠠᠳᠣᠨ ᠤ ᠬᠠᠷᠢᠭᠤᠴᠠᠯᠭ᠎ᠠ ᠶᠢ ᠪᠣᠳᠠᠳᠠᠶᠢᠵᠢᠭᠤᠯᠣᠨ᠎ᠠ᠃ ᠬᠦᠳᠡᠭᠡ ᠲᠣᠰᠬᠤᠨ ᠤ ᠵᠠᠰᠠᠮᠠᠯ ᠵᠠᠮ ᠤᠨ ᠠᠵᠢᠯ ᠢ ᠬᠤᠰᠢᠭᠤ᠂ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠵᠢᠯ ᠤᠨ ᠠᠵᠢᠯ ᠤᠨ ᠬᠠᠷᠠᠯᠳᠠ ᠶᠢᠨ ᠬᠢᠨᠠᠨ ᠰᠢᠯᠭᠠᠯᠳᠠ ᠳᠤ ᠣᠷᠣᠭᠤᠯᠣᠨ᠂ ᠬᠤᠰᠢᠭᠤ᠂ ᠪᠠᠯᠭᠠᠰᠣ ᠠᠴᠠ ᠬᠠᠮᠢᠶᠠᠷᠣᠯᠳᠠ ᠶᠢᠨ ᠪᠠᠳᠣᠯᠠᠭ᠎ᠠ᠂ ᠪᠡᠯᠡ ᠮᠦᠩᠭᠦᠨ ᠤ ᠪᠠᠳᠣᠯᠠᠭ᠎ᠠ᠂ ᠮᠡᠷᠭᠡᠵᠢᠯ ᠤᠨ ᠪᠠᠳᠣᠯᠠᠭ᠎ᠠ ᠶᠢᠨ ᠲᠣᠭᠳᠠᠴᠠᠯᠭ᠎ᠠ ᠶᠢ ᠪᠠᠶᠢᠭᠤᠯᠣᠨ ᠲᠡᠭᠦᠯᠳᠡᠷᠵᠢᠭᠦᠯᠵᠣ᠂ 2023 ᠣᠨ ᠳᠤ ᠬᠠᠮᠢᠶᠠᠷᠣᠯᠳᠠ ᠶᠢᠨ ᠲᠦᠷᠢᠮ ᠤᠨ ᠦᠭᠡᠷᠡᠴᠢᠯᠡᠯᠳᠡ ᠶᠢᠨ ᠪᠢᠴᠢᠭ ᠮᠡᠲ᠋ᠧᠷᠢᠶᠠᠯ ᠢ ᠲᠠᠷᠣᠢ ᠲᠦᠷᠭᠡᠨ ᠪᠦᠷᠢᠨᠰᠢᠭᠦᠯᠦᠨ᠂ ᠨᠡᠶᠢᠳᠡ ᠶᠢᠨ ᠡᠳ᠋ ᠤᠨ ᠵᠠᠰᠠᠭ ᠤᠨ ᠣᠷᠣᠭᠤᠯᠣᠯᠳᠠ ᠪᠠᠷ ᠭᠤᠣᠯ ᠪᠣᠯᠭᠠᠭᠰᠠᠨ ᠬᠦᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠳᠠ ᠠᠷᠠᠴᠢᠯᠠᠯᠳᠠ ᠬᠠᠮᠠᠭᠠᠯᠠᠯᠳᠠ ᠶᠢᠨ ᠲᠣᠭᠳᠠᠴᠠ ᠶᠢ ᠪᠦᠬᠦ ᠲᠠᠯ᠎ᠠ ᠪᠠᠷ ᠪᠠᠶᠢᠭᠤᠯᠣᠨ᠎ᠠ᠃ ᠬᠠᠮᠢᠶᠠᠷᠣᠯᠳᠠ ᠶᠢᠨ ᠪᠠᠶᠢᠭᠤᠯᠣᠮᠵᠢ ᠶᠢ ᠦᠨᠳᠦᠷ ᠪᠦᠳᠦᠮᠵᠢᠳᠡᠢ ᠠᠵᠢᠯᠯᠠᠭᠤᠯᠣᠨ᠂ ᠬᠤᠰᠢᠭᠤ᠂ ᠪᠠᠯᠭᠠᠰᠣᠨ ᠤ ᠬᠦᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠳᠠ ᠶᠢᠨ ᠪᠠᠶᠢᠭᠤᠯᠣᠮᠵᠢ᠂ ᠠᠵᠢᠯᠳᠡᠨ ᠢ ᠲᠣᠭᠳᠠᠪᠦᠷᠢᠵᠢᠭᠤᠯᠵᠣ᠂ ᠬᠠᠮᠢᠶᠠᠷᠣᠯᠳᠠ ᠶᠢᠨ ᠠᠵᠢᠯᠳᠠᠨ ᠤ ᠲᠣᠰᠢᠶᠠᠯ ᠬᠠᠷᠢᠭᠤᠴᠠᠯᠭ᠎ᠠ ᠶᠢ ᠲᠣᠳᠣᠷᠬᠠᠢ ᠪᠣᠯᠭᠠᠵᠣ᠂  ᠠᠷᠠᠴᠢᠯᠠᠨ ᠬᠠᠮᠠᠭᠠᠯᠠᠬᠤ ᠲᠦᠬᠦᠭᠡᠷᠦᠮᠵᠢ ᠶᠢ ᠪᠦᠷᠢᠨ ᠭᠦᠢᠴᠡᠳ ᠪᠣᠯᠭᠠᠨ᠎ᠠ᠃     2. ᠬᠠᠣᠯᠢ ᠪᠠᠷ ᠵᠠᠮ ᠬᠠᠮᠢᠶᠠᠷᠬᠤ ᠶᠢ ᠪᠠᠷᠢᠮᠳᠠᠯᠠᠨ᠂ ᠵᠠᠰᠠᠮᠠᠯ ᠵᠠᠮ ᠤᠨ ᠬᠢᠨ ᠪᠠ ᠴᠠᠭᠳᠠᠭ᠎ᠠ ᠬᠤᠯᠪᠣᠭᠠᠯᠠᠨ ᠬᠠᠣᠯᠢ ᠬᠡᠷᠡᠭᠵᠢᠭᠦᠯᠬᠦ ᠪᠠᠶᠢᠩᠭᠤᠵᠢᠯᠠᠯᠳᠠ ᠶᠢ ᠦᠷᠭᠦᠯᠵᠢᠯᠡᠨ ᠠᠬᠢᠭᠤᠯᠵᠣ᠂ ᠬᠡᠳᠦᠷᠡᠳᠡᠯ᠎ᠡ ᠠᠴᠢᠶᠠᠯᠠᠬᠤ ᠶᠢ ᠵᠠᠰᠠᠬᠤ ᠦᠨᠳᠦᠷ ᠲᠠᠷᠣᠯᠳᠠ ᠶᠢ ᠪᠠᠳᠣᠯᠠᠨ᠎ᠠ᠃ ᠬᠤᠰᠢᠭᠤ ᠵᠠᠮ ᠤᠨ ᠶᠠᠪᠣᠳᠠᠯ ᠤᠨ ᠠᠵᠢᠯᠳᠠᠨ ᠲᠠᠢ᠂ ᠪᠠᠯᠭᠠᠰᠣ ᠬᠢᠨᠠᠨ ᠬᠠᠮᠢᠶᠠᠷᠣᠭᠴᠢ ᠲᠠᠢ᠂ ᠭᠠᠴᠠᠭ᠎ᠠ ᠲᠣᠰᠬᠤᠨ ᠵᠠᠮ ᠬᠠᠮᠠᠭᠠᠯᠠᠭᠴᠢ ᠲᠠᠢ ᠵᠠᠮ ᠤᠨ ᠡᠷᠬᠡ ᠶᠢ ᠬᠠᠮᠠᠭᠠᠯᠠᠬᠤ ᠡᠩᠨᠡᠭᠡ ᠶᠢ ᠣᠯᠠᠮ ᠪᠦᠷᠢᠨᠰᠢᠭᠦᠯᠵᠣ᠂ ᠪᠠᠯᠭᠠᠰᠣ᠂ ᠭᠠᠴᠠᠭ᠎ᠠ ᠲᠣᠰᠬᠤᠨ ᠤ ᠬᠠᠮᠢᠶᠠᠷᠣᠯᠳᠠ ᠶᠢᠨ ᠪᠠᠶᠢᠭᠤᠯᠣᠮᠵᠢ ᠶᠢᠨ ᠪᠠᠶᠢᠷᠢᠯᠠᠭᠤᠯᠣᠯᠳᠠ᠂ ᠠᠵᠢᠯᠳᠠᠨ ᠤ ᠲᠣᠬᠢᠷᠠᠭᠤᠯᠭ᠎ᠠ ᠶᠢᠨ ᠨᠣᠷᠮ᠎ᠠ ᠶᠢ 100% ᠬᠦᠷᠭᠡᠨ᠎ᠡ᠃ ᠵᠠᠮ ᠠᠷᠠᠴᠢᠯᠠᠨ ᠬᠠᠮᠠᠭᠠᠯᠠᠬᠤ ᠪᠠᠯᠭᠠᠰᠣᠨ ᠤ ᠲᠦᠷᠢᠮ ᠠᠷᠠᠳ ᠤᠨ ᠭᠡᠷ᠎ᠡ᠂ ᠭᠠᠴᠠᠭ᠎ᠠ ᠲᠣᠰᠬᠤᠨ ᠤ ᠲᠦᠷᠢᠮ ᠠᠷᠠᠳ ᠤᠨ ᠭᠡᠷ᠎ᠡ ᠳᠤ ᠴᠠᠭ ᠲᠣᠬᠠᠢ  ᠳᠤ ᠨᠢ ᠵᠠᠰᠠᠪᠦᠷᠢ ᠣᠷᠣᠭᠤᠯᠣᠨ᠂ ᠬᠦᠳᠡᠭᠡ ᠲᠣᠰᠬᠤᠨ ᠤ ᠵᠠᠰᠠᠮᠠᠯ ᠵᠠᠮ ᠤᠨ ᠣᠯᠠᠨ ᠢᠶᠠᠷ ᠢᠶᠠᠨ ᠬᠠᠮᠢᠶᠠᠷᠣᠨ ᠣᠯᠠᠨ ᠢᠶᠠᠷ ᠢᠶᠠᠨ ᠵᠠᠰᠠᠬᠤ ᠲᠣᠣᠷᠵᠢᠯ ᠶᠢ ᠨᠢᠭᠳᠠᠷᠠᠭᠤᠯᠵᠣ᠂ ︽ᠬᠦᠨᠳᠡᠯᠡᠨ ᠴᠢᠭᠯᠡᠯ ᠢᠶᠠᠷ ᠵᠠᠬ᠎ᠠ ᠬᠦᠷᠬᠦ᠂ ᠭᠤᠯᠳᠦ ᠴᠢᠭᠯᠡᠯ ᠢᠶᠠᠷ ᠡᠴᠦᠰ ᠬᠦᠷᠬᠦ︾ ᠬᠠᠮᠢᠶᠠᠷᠣᠯᠳᠠ ᠠᠷᠠᠴᠢᠯᠠᠯᠳᠠ ᠶᠢᠨ ᠵᠣᠬᠢᠶᠠᠨ ᠪᠠᠶᠢᠭᠤᠯᠣᠯᠳᠠ ᠶᠢᠨ ᠪᠦᠳᠦᠴᠡ ᠶᠢ ᠪᠦᠷᠢᠳᠦᠭᠦᠯᠦᠨ᠎ᠡ᠃     3. ︽ᠵᠠᠮ ᠤᠨ ᠲᠠᠷᠣᠭᠠᠴᠢ ᠶᠢᠨ ᠲᠦᠷᠢᠮ︾ ᠤᠨ ᠬᠠᠮᠢᠶᠠᠷᠣᠯᠳᠠ ᠶᠢᠨ ᠲᠣᠭᠳᠠᠴᠠ ᠶᠢ ᠲᠡᠭᠦᠯᠳᠡᠷᠵᠢᠭᠦᠯᠦᠨ᠂ ︽ᠵᠠᠮ ᠤᠨ ᠲᠠᠷᠣᠭᠠᠴᠢ ᠶᠢᠨ ᠲᠦᠷᠢᠮ︾  ᠢᠶᠠᠷ ᠲᠡᠩᠭᠡᠯᠢᠭ ᠪᠣᠯᠭᠠᠵᠣ᠂ ᠬᠦᠳᠡᠭᠡ ᠲᠣᠰᠬᠤᠨ ᠤ ᠵᠠᠰᠠᠮᠠᠯ ᠵᠠᠮ ᠤᠨ ᠪᠠᠶᠢᠭᠤᠯᠣᠯᠳᠠ ᠶᠢᠨ ᠪᠠᠷᠢᠮᠵᠢᠶᠠᠴᠢᠯᠠᠯᠳᠠ᠂ ᠬᠠᠮᠢᠶᠠᠷᠣᠯᠳᠠ ᠶᠢᠨ ᠵᠠᠩᠬᠢᠴᠢᠯᠠᠯᠳᠠ᠂ ᠠᠷᠠᠴᠢᠯᠠᠯᠳᠠ ᠬᠠᠮᠠᠭᠠᠯᠠᠯᠳᠠ ᠶᠢᠨ ᠲᠦᠷᠢᠮᠵᠢᠯᠡᠯᠳᠡ᠂ ᠬᠤᠳᠠ ᠬᠦᠳᠡᠭᠡ ᠶᠢᠨ ᠵᠠᠮ ᠬᠠᠷᠢᠯᠴᠠᠭᠠᠨ ᠤ ᠴᠣᠭᠴᠠᠵᠢᠯᠠᠯᠳᠠ᠂ ᠨᠡᠶᠢᠭᠡᠮ ᠤᠨ ᠣᠶᠢᠯᠡᠴᠢᠯᠡᠭᠡ ᠶᠢᠨ ᠣᠯᠠᠨ ᠡᠰᠢᠵᠢᠭᠦᠯᠦᠯᠳᠡ ᠶᠢ ᠲᠠᠶᠢᠴᠢᠯᠠᠨ᠎ᠠ᠃ 2023 ᠣᠨ ᠳᠤ ᠬᠦᠳᠡᠭᠡ ᠲᠣᠰᠬᠤᠨ ᠤ ᠵᠠᠰᠠᠮᠠᠯ ᠵᠠᠮ ᠤᠨ ᠵᠠᠮ ᠤᠨ ᠲᠠᠷᠣᠭᠠᠴᠢ ᠶᠢᠨ ᠬᠠᠷᠢᠭᠤᠴᠠᠯᠭ᠎ᠠ᠂ ᠬᠠᠮᠳᠣᠷᠠᠯᠴᠠᠭ᠎ᠠ ᠵᠣᠬᠢᠴᠠᠭᠤᠯᠭ᠎ᠠ᠂ ᠬᠢᠨᠠᠯᠳᠠ ᠪᠠᠶᠢᠴᠠᠭᠠᠯᠳᠠ ᠵᠡᠷᠭᠡ ᠠᠵᠢᠯ ᠤᠨ ᠲᠣᠭᠳᠠᠴᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠣᠨ᠂ ᠬᠦᠳᠡᠭᠡ ᠲᠣᠰᠬᠤᠨ ᠤ ᠵᠠᠰᠠᠮᠠᠯ ᠵᠠᠮ ᠤᠨ ︽ᠬᠠᠮᠢᠶᠠᠷᠣᠯᠳᠠ ᠬᠠᠷᠢᠭᠤᠴᠠᠯᠭ᠎ᠠ︾ ᠶᠢᠨ ᠠᠵᠢᠯ ᠤᠨ ᠪᠠᠶᠢᠷᠢᠯᠠᠭᠤᠯᠣᠯᠳᠠ ᠶᠢ ᠪᠦᠬᠦ ᠲᠠᠯ᠎ᠠ ᠪᠠᠷ ᠪᠦᠷᠢᠯᠳᠦᠭᠦᠯᠦᠨ᠎ᠡ᠃     4. ᠮᠡᠳᠡᠭᠡ ᠵᠠᠩᠬᠢ ᠶᠢᠨ ᠮᠡᠷᠭᠡᠵᠢᠯ ᠤᠨ ᠬᠡᠷᠡᠭᠯᠡᠯᠳᠡ ᠶᠢ ᠠᠬᠢᠭᠤᠯᠣᠨ᠂ ᠵᠠᠩᠬᠢᠴᠢᠯᠠᠭᠰᠠᠨ ᠬᠠᠮᠢᠶᠠᠷᠣᠯᠳᠠ ᠶᠢ ᠠᠬᠢᠭᠤᠯᠣᠨ᠎ᠠ᠃ 5G᠂ ᠲᠣᠬᠢᠭᠤᠷ  ᠲᠣᠯᠤᠭ᠎ᠠ ᠲᠠᠭᠠᠭᠤᠯᠢ ᠣᠳᠦ᠂ ᠪᠣᠳᠠᠰ ᠤᠨ ᠰᠦᠯᠵᠢᠶ᠎ᠡ᠂ ᠳ᠋ᠠᠶᠢᠲᠨ ᠶᠢᠨ ᠵᠠᠩᠬᠢᠴᠢᠯᠠᠭᠰᠠᠨ ᠮᠡᠷᠭᠡᠵᠢᠯ ᠤᠨ ᠠᠷᠭ᠎ᠠ ᠪᠠᠷᠢᠯ ᠢ ᠢᠳᠡᠪᠬᠢᠳᠡᠢ ᠬᠡᠷᠡᠭᠯᠡᠨ᠂ ᠵᠠᠭᠠᠭ ᠰᠠᠪᠠ  ᠲᠠᠬᠢ ᠭᠠᠳᠠᠨ᠎ᠠ ᠠᠴᠠ ᠣᠷᠣᠵᠣ ᠭᠠᠷᠬᠤ ᠬᠦᠳᠡᠭᠡ ᠲᠣᠰᠬᠤᠨ ᠤ ᠵᠠᠰᠠᠮᠠᠯ ᠵᠠᠮ ᠳᠤ ︽ᠬᠤᠷᠢᠭ᠎ᠠ ᠶᠢᠨ ᠡᠯᠧᠺᠲᠷᠣᠨ ᠰᠡᠭᠦᠳᠡᠷᠯᠡᠯ︾᠂ ︽ᠠᠬᠤᠢ ᠲᠠᠯᠠᠪᠠᠢ ᠶᠢᠨ ᠪᠣᠰᠣ ᠲᠠᠭᠠᠭᠠᠴᠠ ᠠᠴᠠ ᠬᠡᠳᠦᠷᠡᠭᠦᠯᠬᠦ ᠶᠢ ᠵᠠᠰᠠᠬᠤ ᠬᠠᠣᠯᠢ ᠬᠡᠷᠡᠭᠵᠢᠭᠦᠯᠬᠦ ᠴᠡᠭ︾ ᠣᠭᠰᠠᠷᠠᠨ ᠲᠣᠬᠢᠷᠠᠭᠤᠯᠵᠣ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ  ᠤᠨ ᠵᠠᠩᠬᠢᠴᠢᠯᠠᠭᠰᠠᠨ ᠬᠠᠮᠢᠶᠠᠷᠣᠯᠳᠠ ᠶᠢ ᠠᠬᠢᠭᠤᠯᠣᠨ᠎ᠠ᠃ ᠣᠷᠳᠣᠰ ᠬᠤᠳᠠ ᠶᠢᠨ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠰᠠᠮᠠᠯ ᠵᠠᠮ ᠤᠨ ᠶᠡᠷᠦᠩᠬᠡᠶᠢᠯᠡᠭᠰᠡᠨ ᠬᠠᠮᠢᠶᠠᠷᠣᠯᠳᠠ ᠶᠢᠨ ᠲᠠᠪᠴᠠᠩ︾ ᠢ ᠠᠰᠢᠭᠯᠠᠨ᠂ ᠣᠶᠣᠨᠴᠢ ᠦᠵᠦᠭᠦᠷᠰᠢᠯ ᠤᠨ ᠪᠠᠶᠢᠴᠠᠭᠠᠯᠳᠠ᠂ ᠲᠠᠪᠴᠠᠩ ᠤᠨ ᠬᠠᠷᠢᠭᠤ ᠲᠣᠰᠬᠠᠯ ᠢ ᠨᠢᠭᠡᠳᠦᠯᠳᠡᠢ ᠬᠤᠪᠢᠶᠠᠷᠢᠯᠠᠨ ᠲᠣᠬᠢᠷᠠᠭᠤᠯᠵᠣ ᠰᠢᠢᠳᠪᠦᠷᠢᠯᠡᠭᠦ ᠪᠢᠳᠡᠭᠦᠣ ᠴᠠᠭᠠᠷᠢᠭ ᠤᠨ ᠵᠠᠭᠪᠣᠷ ᠢᠶᠠᠷ ᠲᠠᠮᠵᠢᠭᠤᠯᠣᠨ ᠬᠦᠳᠡᠭᠡ ᠲᠣᠰᠬᠤᠨ ᠤ ᠵᠠᠰᠠᠮᠠᠯ ᠵᠠᠮ ᠤᠨ ᠬᠦᠳᠡᠯᠦᠩᠬᠦᠢ᠂ ᠰᠢᠨᠵᠢᠯᠡᠭᠡ ᠮᠡᠷᠭᠡᠵᠢᠯ ᠪᠣᠯᠣᠨ ᠪᠠᠶᠢᠩᠭᠤᠵᠢᠭᠰᠠᠨ ᠬᠠᠮᠢᠶᠠᠷᠣᠯᠳᠠ ᠶᠢ ᠪᠡᠶᠡᠯᠡᠭᠦᠯᠦᠨ᠎ᠡ᠃     5. ᠬᠦᠳᠡᠭᠡ ᠲᠣᠰᠬᠤᠨ ᠤ ᠵᠠᠰᠠᠮᠠᠯ ᠵᠠᠮ ᠤᠨ ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ ᠶᠢᠨ ᠡᠷᠴᠢᠮ ᠢ ᠴᠢᠩᠭᠠᠳᠬᠠᠨ᠂ ᠠᠮᠣᠷ ᠲᠦᠪᠰᠢᠨ ᠤ ᠰᠠᠭᠠᠳ ᠦᠭᠡᠢ ᠨᠡᠪᠳᠡᠷᠡᠯ ᠢ ᠪᠠᠳᠣᠯᠠᠨ᠎ᠠ᠃ ︽ᠬᠦᠳᠡᠭᠡ ᠲᠣᠰᠬᠤᠨ ᠤ ᠵᠠᠰᠠᠮᠠᠯ ᠵᠠᠮ ᠤᠨ ᠠᠮᠣᠷ ᠲᠦᠪᠰᠢᠨ ᠤ ᠬᠠᠮᠢᠶᠠᠷᠣᠯᠳᠠ ᠶᠢᠨ ᠲᠦᠷᠢᠮ︾ ᠢ ᠦᠨᠳᠦᠰᠦᠯᠡᠨ᠂ ᠬᠦᠳᠡᠭᠡ ᠲᠣᠰᠬᠤᠨ ᠤ ᠵᠠᠰᠠᠮᠠᠯ ᠵᠠᠮ ᠤᠨ ᠶᠡᠷᠦᠩᠬᠡᠶᠢᠯᠡᠭᠰᠡᠨ ᠠᠮᠣᠷ ᠲᠦᠪᠰᠢᠨ᠂ ᠪᠠᠶᠢᠭᠤᠯᠣᠯᠳᠠ ᠶᠢᠨ ᠠᠮᠣᠷ ᠲᠦᠪᠰᠢᠨ᠂ ᠠᠷᠠᠴᠢᠯᠠᠯᠳᠠ ᠬᠠᠮᠠᠭᠠᠯᠠᠯᠳᠠ ᠶᠢᠨ ᠠᠮᠣᠷ ᠲᠦᠪᠰᠢᠨ᠂ ᠬᠠᠣᠯᠢ ᠬᠡᠷᠡᠭᠵᠢᠭᠦᠯᠬᠦ ᠠᠮᠣᠷ ᠲᠦᠪᠰᠢᠨ᠂ ᠠᠶᠠᠨᠴᠢᠨ ᠪᠠᠷᠠᠭ᠎ᠠ ᠲᠡᠭᠡᠭᠡᠪᠦᠷᠢ ᠶᠢᠨ ᠠᠵᠢᠯᠯᠠᠮᠵᠢ ᠡᠵᠡᠩᠨᠡᠯᠳᠡ ᠤᠨ ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ ᠶᠢ ᠴᠢᠩᠭᠠᠷᠠᠭᠤᠯᠵᠣ᠂ ᠬᠦᠳᠡᠭᠡ ᠲᠣᠰᠬᠤᠨ ᠤ ᠵᠠᠰᠠᠮᠠᠯ ᠵᠠᠮ ᠤᠨ ᠠᠮᠣᠷ ᠲᠦᠪᠰᠢᠨ ᠤ ᠬᠠᠮᠢᠶᠠᠷᠣᠯᠳᠠ ᠶᠢᠨ ᠲᠣᠰᠢᠶᠠᠯ ᠴᠢᠳᠠᠪᠬᠢ ᠶᠢ ᠪᠦᠬᠦ ᠲᠠᠯ᠎ᠠ  ᠪᠠᠷ ᠨᠠᠶᠢᠳᠠᠪᠦᠷᠢᠵᠢᠭᠤᠯᠣᠨ᠂ ᠬᠠᠷᠢᠭᠤᠴᠠᠯᠭ᠎ᠠ ᠡᠭᠦᠷᠭᠡ ᠶᠢ ᠲᠣᠳᠣᠷᠬᠠᠶᠢᠯᠠᠵᠣ᠂ ᠲᠣᠰ ᠲᠣᠰ ᠤᠨ ᠡᠭᠦᠷᠭᠡ ᠲᠣᠰᠢᠶᠠᠯ ᠢᠶᠠᠨ ᠭᠦᠢᠴᠡᠳᠬᠡᠨ᠂ ᠠᠵᠢᠯ ᠬᠤᠪᠢᠶᠠᠷᠢᠯᠠᠨ ᠵᠣᠬᠢᠴᠠᠭᠤᠯᠵᠣ᠂ ᠠᠮᠣᠷ ᠲᠦᠪᠰᠢᠨ ᠤ ᠬᠠᠮᠢᠶᠠᠷᠣᠯᠳᠠ ᠶᠢᠨ ᠲᠦᠪᠰᠢᠨ ᠢ ᠦᠨᠡᠨ ᠬᠦ ᠲᠡᠭᠡᠭᠰᠢᠯᠡᠭᠦᠯᠦᠨ᠂ ᠬᠦᠳᠡᠭᠡ ᠲᠣᠰᠬᠤᠨ ᠤ ᠵᠠᠰᠠᠮᠠᠯ ᠵᠠᠮ ᠤᠨ ᠠᠮᠣᠷ ᠲᠦᠪᠰᠢᠨ ᠤ ᠰᠠᠭᠠᠳ ᠦᠭᠡᠢ ᠨᠡᠪᠳᠡᠷᠡᠯ ᠢ ᠬᠠᠮᠠᠭᠠᠯᠠᠨ᠎ᠠ᠃     ︵ᠭᠤᠷᠪᠠ︶ ᠰᠢᠢᠳᠪᠦᠷᠢᠳᠦ ᠪᠣᠳᠣᠯᠭ᠎ᠠ ᠶᠢ ᠰᠢᠨᠵᠢᠯᠡᠭᠦ ᠣᠬᠠᠭᠠᠨᠴᠢ ᠪᠠᠷ ᠲᠣᠭᠳᠠᠭᠠᠨ᠂ ᠠᠷᠠᠴᠢᠯᠠᠨ ᠬᠠᠮᠠᠭᠠᠯᠠᠬᠤ ᠶᠢ ᠲᠦᠷᠢᠮᠵᠢᠭᠦᠯᠵᠣ᠂ ᠬᠦᠳᠡᠭᠡ ᠲᠣᠰᠬᠤᠨ  ᠢ ᠬᠦᠭᠵᠢᠭᠦᠯᠦᠨ ᠮᠠᠨᠳᠣᠭᠤᠯᠬᠤ ᠶᠢ ᠪᠦᠬᠦ ᠲᠠᠯ᠎ᠠ ᠪᠠᠷ ᠠᠬᠢᠭᠤᠯᠣᠨ᠎ᠠ     1. ᠬᠠᠮᠢᠶᠠᠷᠣᠯᠳᠠ ᠠᠷᠠᠴᠢᠯᠠᠯᠳᠠ ᠬᠠᠮᠠᠭᠠᠯᠠᠯᠳᠠ ᠶᠢᠨ ᠵᠠᠭᠪᠣᠷ ᠢ ᠰᠢᠨᠡᠴᠢᠯᠡᠨ᠎ᠡ᠃ ᠣᠳᠤᠭ ᠤᠨ ᠡᠮᠦᠨᠡᠳᠦ ᠬᠤᠰᠢᠭᠤᠨ ᠤ ᠭᠠᠵᠠᠷ ᠤᠨ ᠪᠠᠶᠢᠴᠠ ᠶᠢᠨ ᠣᠨᠴᠠᠯᠢᠭ ᠢ ᠦᠨᠳᠦᠰᠦᠯᠡᠨ᠂ ᠬᠦᠳᠡᠭᠡ ᠲᠣᠰᠬᠤᠨ ᠤ ᠵᠠᠰᠠᠮᠠᠯ ᠵᠠᠮ ᠢ ᠣᠷᠣᠨ ᠬᠤᠪᠢᠶᠠᠨ ᠬᠠᠮᠢᠶᠠᠷᠴᠦ᠂ ᠵᠦᠷᠢᠶᠠᠴᠢᠯᠡᠭᠰᠡᠨ ᠠᠷᠠᠴᠢᠯᠠᠨ ᠬᠠᠮᠠᠭᠠᠯᠠᠬᠤ ᠵᠠᠭᠪᠣᠷ ᠢ ᠪᠠᠶᠢᠭᠤᠯᠣᠨ᠎ᠠ᠃ ᠬᠦᠳᠡᠭᠡ ᠲᠣᠰᠬᠤᠨ᠂ ᠮᠠᠯᠵᠢᠬᠤ ᠣᠷᠣᠨ᠂ ᠬᠤᠳᠠ ᠶᠢᠨ ᠲᠡᠭᠦᠷᠭᠡ᠂ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠤ ᠬᠤᠪᠢᠶᠠᠷᠢᠯᠠᠯ ᠢᠶᠠᠷ ᠲᠠᠷᠢᠶᠠᠨ ᠭᠠᠵᠠᠷ᠂ ᠨᠣᠳᠤᠭ ᠪᠡᠯᠴᠢᠭᠡᠷ᠂ ᠰᠢᠯᠢ ᠭᠠᠵᠠᠷ᠂ ᠡᠯᠡᠰᠦ ᠮᠠᠩᠬ᠎ᠠ ᠵᠡᠷᠭᠡ ᠭᠠᠵᠠᠷ ᠤᠨ ᠪᠠᠶᠢᠴᠠ ᠶᠢᠨ ᠬᠦᠴᠦᠨ ᠵᠣᠶᠢᠯ ᠢ ᠪᠣᠳᠣᠯᠬᠢᠯᠠᠨ᠂ ᠣᠨᠴᠠᠯᠢᠭᠳᠦ ᠬᠠᠮᠢᠶᠠᠷᠣᠯᠳᠠ ᠶᠢᠨ ᠵᠠᠭᠪᠣᠷ ᠲᠤ ᠠᠩᠬᠠᠷᠣᠯ ᠢᠶᠠᠨ ᠲᠦᠪᠯᠡᠷᠡᠭᠦᠯᠵᠣ᠂ ᠪᠠᠯᠭᠠᠰᠦ ᠪᠣᠯᠭᠠᠨ 1 — 2 ᠭᠠᠴᠠᠭ᠎ᠠ ᠲᠣᠰᠬᠤᠨ ᠰᠣᠩᠭᠤᠨ ᠵᠦᠷᠢᠶᠡᠴᠢᠯᠡᠭᠰᠡᠨ ᠬᠠᠮᠢᠶᠠᠷᠣᠯᠳᠠ ᠶᠢᠨ ᠲᠣᠷᠰᠢᠯᠳᠠ ᠶᠢᠨ ᠴᠡᠭ ᠪᠣᠯᠭᠠᠵᠣ᠂ ᠨᠡᠶᠢᠳᠡᠯᠢᠭ ᠲᠣᠷᠰᠢᠯᠭ᠎ᠠ ᠰᠦᠪᠡᠭᠴᠢᠯᠡᠨ ᠳ᠋ᠦᠩᠨᠡᠵᠣ᠂ ᠪᠦᠬᠦ ᠬᠤᠰᠢᠭᠤᠨ ᠳᠤ ᠲᠦᠭᠡᠮᠡᠯᠵᠢᠭᠦᠯᠦᠨ ᠬᠡᠷᠡᠭᠯᠡᠨ᠎ᠡ᠃     2. ᠠᠷᠠᠴᠢᠯᠠᠨ ᠬᠠᠮᠠᠭᠠᠯᠠᠬᠤ ᠰᠢᠨ᠎ᠡ ᠣᠶᠢᠯᠠᠭᠠᠭᠳᠠᠬᠤᠨ ᠢ ᠪᠣᠢ ᠪᠣᠯᠭᠠᠨ᠎ᠠ᠃ ᠦᠨᠳᠦᠰᠦᠨ ᠱᠠᠳᠣᠨ ᠤ ᠠᠷᠠᠴᠢᠯᠠᠨ ᠬᠠᠮᠠᠭᠠᠯᠠᠬᠤ ᠡᠩᠨᠡᠭᠡ ᠶᠢᠨ ᠪᠠᠶᠢᠭᠤᠯᠣᠯᠳᠠ  ᠶᠢ ᠴᠢᠩᠭᠠᠳᠬᠠᠨ᠂ ᠣᠯᠠᠨ ᠲᠦᠮᠡᠨᠴᠢ ᠴᠢᠨᠠᠷᠳᠡᠢ ᠠᠷᠠᠴᠢᠯᠠᠨ ᠬᠠᠮᠠᠭᠠᠯᠠᠯᠳᠠ ᠶᠢ ᠠᠬᠢᠭᠤᠯᠵᠣ᠂ ᠬᠡᠷᠡᠭ ᠶᠠᠪᠣᠳᠠᠯ ᠤᠨ ᠲᠣᠭᠤᠷᠢᠨ ᠪᠠᠶᠢᠴᠠᠭᠠᠯᠳᠠ᠂ ᠡᠳᠦᠷ ᠲᠣᠳᠣᠮ  ᠤᠨ ᠬᠠᠮᠢᠶᠠᠷᠣᠯᠳᠠ ᠪᠠᠷ ᠭᠤᠣᠯ ᠠᠭᠤᠯᠭ᠎ᠠ ᠪᠣᠯᠭᠠᠭᠰᠠᠨ ᠲᠣᠰᠬᠠᠢ ᠬᠠᠮᠢᠶᠠᠷᠣᠭᠴᠢ ᠶᠢᠨ ᠡᠩᠨᠡᠭᠡ ᠪᠠᠶᠢᠭᠤᠯᠣᠨ᠎ᠠ᠃ ᠵᠠᠮ ᠲᠠᠭᠤ ᠶᠢᠨ ᠮᠠᠯᠴᠢᠨ ᠲᠠᠷᠢᠶᠠᠴᠢᠳ ᠢᠶᠠᠷ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠡᠳᠦᠷ ᠲᠣᠳᠣᠮ ᠤᠨ ᠠᠷᠠᠴᠢᠯᠠᠨ ᠬᠠᠮᠠᠭᠠᠯᠠᠬᠤ ᠠᠵᠢᠯ ᠢ ᠡᠭᠦᠷᠭᠡᠯᠡᠭᠦᠯᠵᠣ᠂ ᠮᠠᠯᠴᠢᠨ ᠲᠠᠷᠢᠶᠠᠴᠢᠳ ᠤᠨ ᠠᠵᠣ ᠠᠬᠤᠢ ᠶᠢᠨ ᠣᠷᠣᠯᠭ᠎ᠠ ᠶᠢ ᠨᠡᠮᠡᠭᠳᠡᠭᠦᠯᠦᠨ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠳᠤ ᠬᠦᠴᠦᠨ ᠨᠡᠮᠡᠷᠢᠯᠡᠨ᠎ᠡ᠃ 2023 ᠣᠨ ᠳᠤ ᠬᠦᠳᠡᠭᠡ ᠲᠣᠰᠬᠤᠨ ᠤ ᠵᠠᠰᠠᠮᠠᠯ ᠵᠠᠮ ᠤᠨ ᠲᠣᠰᠬᠠᠢ ᠬᠠᠮᠢᠶᠠᠷᠣᠭᠴᠢ ᠶᠢᠨ ᠡᠩᠨᠡᠭᠡ ᠶᠢ 120 ᠬᠦᠮᠦᠨ ᠳᠤ ᠬᠦᠷᠭᠡᠨ᠂ ᠬᠦᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠭ᠎ᠠ  ᠶᠢ 100% ᠳᠤ ᠬᠦᠷᠭᠡᠨ᠎ᠡ᠃     3. ᠪᠡᠯᠡ ᠮᠦᠩᠭᠦᠨ ᠤ ᠪᠠᠳᠣᠯᠠᠭ᠎ᠠ ᠶᠢ ᠴᠢᠩᠭᠠᠳᠬᠠᠨ᠎ᠠ᠃ ᠬᠦᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠡᠯᠡ ᠮᠦᠩᠭᠦᠨ ᠤ ᠪᠠᠳᠣᠯᠠᠭ᠎ᠠ  ᠶᠢᠨ ᠲᠣᠭᠳᠠᠴᠠ ᠶᠢ ᠪᠠᠶᠢᠭᠤᠯᠣᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠯᠳᠠ ᠶᠢᠨ ᠢᠮᠵᠧᠨᠧᠷᠢᠩ ᠪᠠ ᠡᠳᠦᠷ ᠲᠣᠳᠣᠮ ᠤᠨ ᠠᠷᠠᠴᠢᠯᠠᠨ ᠬᠠᠮᠠᠭᠠᠯᠠᠯᠳᠠ ᠶᠢᠨ ᠲᠦᠬᠦᠷᠴᠢᠯᠡᠭᠰᠡᠨ ᠪᠡᠯᠡ ᠮᠦᠩᠭᠦ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠣ᠂ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠲᠦᠭᠦᠷᠴᠢᠯᠡᠯᠳᠡ  ᠶᠢᠨ ᠪᠡᠯᠡ ᠮᠦᠩᠭᠦ ᠶᠢ ᠦᠪᠡᠷᠳᠡᠭᠡᠨ ᠵᠠᠰᠠᠬᠤ ᠣᠷᠣᠨ᠂ ᠬᠤᠳᠠ᠂ ᠬᠤᠰᠢᠭᠤ ᠭᠤᠷᠪᠠᠨ ᠱᠠᠳᠣᠨ ᠤ ᠨᠡᠶᠢᠳᠡ ᠶᠢᠨ ᠡᠳ᠋ ᠤᠨ ᠵᠠᠰᠠᠭ ᠠᠴᠠ 25%᠂ 25%᠂ 50% ᠶᠢᠨ ᠣᠷᠣᠭᠤᠯᠣᠯᠳᠠ ᠶᠢᠨ ᠬᠠᠷᠢᠴᠠᠯ ᠶᠣᠰᠣᠭᠠᠷ᠂ ᠡᠳᠦᠷ ᠲᠣᠳᠣᠮ ᠤᠨ ᠠᠷᠠᠴᠢᠯᠠᠨ ᠬᠠᠮᠠᠭᠠᠯᠠᠬᠤ ᠪᠡᠯᠡ ᠮᠦᠩᠭᠦ ᠶᠢ ︽1053︾ ᠶᠢᠨ ᠪᠠᠷᠢᠮᠵᠢᠶ᠎ᠠ ᠶᠣᠰᠣᠭᠠᠷ 100% ᠪᠠᠷ ᠪᠠᠳᠣᠯᠠᠨ ᠨᠠᠶᠢᠳᠠᠪᠦᠷᠢᠵᠢᠭᠤᠯᠬᠤ ᠶᠢᠨ ᠬᠠᠮᠳᠦ ᠠᠷᠠᠴᠢᠯᠠᠨ ᠬᠠᠮᠠᠭᠠᠯᠠᠬᠤ ᠦᠪᠡᠷ ᠤᠨ ᠦᠷᠳᠡᠭ ᠤᠨ ᠬᠤᠪᠢᠷᠠᠯᠳᠠ᠂ ᠵᠠᠰᠠᠮᠠᠯ ᠵᠠᠮ ᠤᠨ ᠵᠡᠷᠭᠡ ᠲᠡᠰ ᠲᠡᠪᠰᠢᠯᠳᠡ ᠶᠢᠨ ᠬᠦᠴᠦᠨ ᠵᠣᠶᠢᠯ ᠲᠠᠢ ᠬᠤᠯᠪᠣᠭᠳᠠᠯ ᠪᠦᠬᠦᠢ ᠬᠦᠳᠡᠯᠦᠩᠬᠦᠢ ᠲᠣᠬᠢᠷᠠᠭᠤᠯᠣᠯᠳᠠ ᠶᠢᠨ ᠲᠣᠭᠳᠠᠴᠠ ᠢ ᠪᠠᠶᠢᠭᠤᠯᠣᠨ᠎ᠠ︔ ᠠᠷᠠᠴᠢᠯᠠᠨ ᠬᠠᠮᠠᠭᠠᠯᠠᠬᠤ ᠪᠡᠯᠡ ᠮᠦᠩᠭᠦᠨ ᠤ ᠬᠡᠷᠡᠭᠯᠡᠯᠳᠡ ᠬᠠᠮᠢᠶᠠᠷᠣᠯᠳᠠ ᠶᠢᠨ ᠲᠦᠷᠢᠮ ᠢ ᠲᠣᠭᠳᠠᠭᠠᠨ᠂ ᠠᠷᠠᠴᠢᠯᠠᠨ ᠬᠠᠮᠠᠭᠠᠯᠠᠬᠤ ᠪᠡᠯᠡ ᠮᠦᠩᠭᠦ ᠶᠢ ᠪᠦᠬᠦᠨ ᠢ ᠡᠳ᠋ ᠤᠨ ᠵᠠᠰᠠᠭ ᠤᠨ ᠲᠦᠰᠦᠪ ᠲᠤ ᠣᠷᠣᠭᠤᠯᠵᠣ᠂ ᠬᠦᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃     4. ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠬᠡᠷᠡᠭᠵᠢᠭᠦᠯᠬᠦ ᠬᠦᠴᠦᠨ ᠢ ᠴᠢᠩᠭᠠᠳᠬᠠᠨ᠎ᠠ᠃ 2023 ᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ ᠢ 200 ᠺᠢᠯᠣᠮᠧᠲᠷ ᠲᠤ ᠬᠦᠷᠭᠡᠨ᠎ᠡ᠃ ᠬᠤᠶᠢᠰᠢᠳᠠ ᠵᠢᠯ ᠪᠦᠷᠢ ᠬᠤᠰᠢᠭᠤ ᠰᠢᠶᠠᠨ ᠤ ᠵᠠᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠬᠠᠷᠢᠴᠠᠯ ᠢ 10% ᠳᠤ ᠬᠦᠷᠭᠡᠨ᠂ ᠬᠦᠳᠡᠭᠡ ᠲᠣᠰᠬᠤᠨ ᠤ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠬᠠᠷᠢᠴᠠᠯ ᠢ 6% ᠠᠴᠠ ᠲᠠᠪᠠᠭᠤᠯᠣᠨ᠎ᠠ᠃     5. ᠬᠦᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠯᠳᠠ ᠶᠢᠨ ᠶᠠᠰᠦ ᠴᠢᠨᠠᠷ ᠢᠶᠠᠷ ᠣᠳᠣᠷᠢᠳᠣᠮᠵᠢ ᠪᠣᠯᠭᠠᠨ᠂ ᠵᠠᠮ ᠤᠨ ᠪᠠᠶᠢᠳᠠᠯ ᠢ ᠦᠨᠡᠯᠡᠨ ᠲᠣᠭᠳᠠᠭᠠᠬᠤ᠂ ᠣᠷᠢᠳᠴᠢᠯᠠᠨ ᠰᠡᠷᠭᠡᠶᠢᠯᠡᠵᠣ ᠠᠷᠠᠴᠢᠯᠠᠨ ᠬᠠᠮᠠᠭᠠᠯᠠᠬᠤ᠂ ᠪᠢᠴᠢᠯ ᠬᠦᠨᠦᠭᠡᠯ ᠢ ᠰᠢᠢᠳᠪᠦᠷᠢᠯᠡᠬᠦ ᠶᠢ ᠲᠦᠪᠯᠡᠷᠡᠩᠬᠦᠢ ᠦᠷᠨᠢᠭᠦᠯᠵᠣ᠂ ᠬᠦᠨᠦᠭᠡᠯ ᠤᠨ ᠬᠦᠭᠵᠢᠯᠳᠡ ᠶᠢ ᠪᠠᠭᠠᠰᠬᠠᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠵᠣ᠂ ᠵᠠᠮ ᠤᠨ ᠭᠠᠳᠠᠷᠭᠤ  ᠶᠢᠨ ᠮᠡᠷᠭᠡᠵᠢᠯ ᠤᠨ ᠭᠦᠢᠴᠡᠳᠬᠡᠯ ᠲᠤᠭ᠎ᠠ ᠶᠢ ᠲᠣᠭᠳᠠᠭᠤᠨ ᠤ ᠲᠣᠮᠳᠠ ᠲᠡᠭᠡᠭᠰᠢᠯᠡᠭᠦᠯᠦᠨ᠎ᠡ᠃ 2023 ᠣᠨ ᠳᠤ ᠬᠦᠳᠡᠭᠡ ᠲᠣᠰᠬᠤᠨ ᠤ ᠵᠠᠰᠠᠮᠠᠯ ᠵᠠᠮ ᠤᠨ ᠣᠬᠢ ᠰᠠᠶᠢᠨ ᠵᠠᠮ ᠳᠤ ᠬᠤᠰᠢᠭᠤᠨ ᠤ ᠵᠠᠮ ᠢ 80% ᠳᠤ ᠬᠦᠷᠭᠡᠨ᠂ ᠬᠦᠳᠡᠭᠡ ᠲᠣᠰᠬᠤᠨ ᠤ ᠵᠠᠮ ᠢ 70% ᠳᠤ ᠬᠦᠷᠭᠡᠨ᠎ᠡ᠃ ᠡᠭᠦᠨ ᠳᠤ ᠠᠦ᠋ᠲ᠋ᠣᠴᠢᠯᠠᠭᠰᠠᠨ ᠪᠠᠶᠢᠴᠠᠭᠠᠯᠳᠠ ᠰᠢᠯᠭᠠᠯᠳᠠ ᠶᠢᠨ ᠬᠠᠷᠢᠴᠠᠯ ᠢ 60% ᠳᠤ ᠬᠦᠷᠭᠡᠨ᠎ᠡ᠃     ︵ᠲᠦᠷᠪᠡ︶ ᠨᠢᠭᠡᠳᠦᠯᠳᠡᠢ ᠪᠠᠶᠢᠷᠢᠯᠠᠭᠤᠯᠣᠨ᠂ ᠦᠨᠳᠦᠷ ᠪᠦᠳᠦᠮᠵᠢᠳᠡᠢ ᠠᠵᠢᠯᠯᠠᠵᠣ᠂ ᠬᠤᠳᠠ ᠬᠦᠳᠡᠭᠡ ᠶᠢᠨ ᠵᠠᠮ ᠬᠠᠷᠢᠯᠴᠠᠭ᠎ᠠ ᠶᠢ ᠴᠣᠭᠴᠠᠵᠢᠭᠤᠯᠣᠨ ᠡᠵᠡᠩᠨᠡᠨ᠎ᠡ     1. ᠬᠦᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠨᠡᠪᠳᠡᠷᠡᠭᠦ ᠨᠦᠭᠦᠴᠡᠯ ᠢ ᠬᠤᠯᠪᠣᠭᠠᠯᠠᠨ ᠬᠢᠨᠠᠨ ᠬᠠᠷᠭᠤᠭᠤᠯᠬᠤ ᠲᠣᠭᠳᠠᠴᠠ ᠶᠢ ᠪᠠᠶᠢᠭᠤᠯᠣᠨ᠎ᠠ᠃ ᠬᠦᠳᠡᠭᠡ ᠲᠣᠰᠬᠤᠨ ᠤ ᠬᠠᠭᠤᠴᠢᠷᠠᠭᠰᠠᠨ ᠠᠶᠠᠨᠴᠢᠳ ᠤ ᠮᠠᠰᠢᠨ ᠤ ᠰᠢᠭᠰᠢᠳᠡᠯ ᠢ ᠲᠦᠷᠭᠡᠳᠬᠡᠨ᠂ ᠠᠶᠠᠨᠴᠢᠳ ᠤᠨ ᠮᠠᠰᠢᠨ ᠤ ᠴᠢᠨᠰᠠᠭ᠎ᠠ ᠶᠢ ᠪᠦᠬᠦ ᠲᠠᠯ᠎ᠠ ᠪᠠᠷ ᠲᠡᠭᠡᠭᠰᠢᠯᠡᠭᠦᠯᠵᠣ᠂ ᠵᠠᠮ᠂ ᠲᠡᠷᠭᠡ ᠨᠡᠪᠳᠡᠷᠡᠭᠦ ᠶᠢ ᠪᠠᠶᠠᠯᠠᠭᠦᠯᠦᠨ᠂ ᠬᠦᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠵᠠᠮ ᠱᠤᠭᠤᠮ ᠢ ᠨᠡᠪᠳᠡᠷᠡᠭᠦᠯᠬᠦ᠂ ᠦᠯᠡᠳᠡᠭᠡᠬᠦ᠂ ᠰᠠᠶᠢᠳᠦᠷ ᠠᠰᠢᠭᠯᠠᠬᠤ ᠶᠢ ᠪᠠᠳᠣᠯᠠᠨ᠎ᠠ᠃     2. ᠠᠶᠠᠨᠴᠢᠳ ᠤᠨ ᠲᠡᠭᠡᠭᠡᠪᠦᠷᠢ ᠶᠢᠨ ᠣᠶᠢᠯᠡᠴᠢᠯᠡᠭᠡᠨ ᠤ ᠲᠡᠩᠴᠡᠭᠦᠷᠰᠢᠯᠡᠯᠳᠡ ᠶᠢᠨ ᠲᠦᠪᠰᠢᠨ ᠢ ᠲᠡᠭᠡᠭᠰᠢᠯᠡᠭᠦᠯᠦᠨ᠂ ᠨᠦᠭᠦᠴᠡᠯ ᠪᠦᠷᠢᠳᠦᠭᠰᠡᠨ ᠪᠠᠯᠭᠠᠰᠣ ᠪᠣᠯᠣᠨ ᠪᠠᠶᠢᠭᠤᠯᠣᠮᠵᠢᠳᠦ ᠲᠣᠰᠬᠤᠨ ᠳᠤ ᠠᠶᠠᠨᠴᠢᠳ ᠤᠨ ᠲᠡᠷᠭᠡ ᠨᠡᠪᠳᠡᠷᠡᠭᠰᠡᠨ ᠦᠷ᠎ᠡ ᠪᠦᠳᠦᠮᠵᠢ ᠶᠢ ᠪᠠᠬᠢᠵᠢᠭᠦᠯᠦᠨ ᠦᠷᠭᠡᠳᠬᠡᠵᠣ᠂ ᠬᠦᠳᠡᠭᠡ ᠲᠣᠰᠬᠤᠨ ᠤ ᠠᠶᠠᠨᠴᠢᠳ ᠤᠨ ᠲᠡᠷᠭᠡᠨ ᠤ ᠠᠮᠣᠷ ᠲᠦᠪᠰᠢᠨ ᠨᠡᠪᠳᠡᠷᠡᠭᠦ ᠨᠦᠭᠦᠴᠡᠯ ᠢ ᠰᠠᠶᠢᠵᠢᠷᠠᠭᠤᠯᠣᠨ᠂ ᠣᠶᠢᠯᠡᠴᠢᠯᠡᠭᠡᠨ ᠤ ᠬᠠᠩᠭᠠᠯᠭ᠎ᠠ ᠪᠠᠨ ᠰᠢᠯᠢᠳᠡᠭᠵᠢᠭᠦᠯᠵᠣ᠂ ᠡᠷᠴᠢᠮᠵᠢᠭᠰᠡᠨ ᠬᠦᠭᠵᠢᠯᠳᠡ ᠶᠢ ᠠᠬᠢᠭᠤᠯᠣᠨ᠂ 3 ᠵᠣᠷᠪᠣᠰ ᠨᠡᠶᠢᠳᠡ ᠶᠢᠨ ᠮᠠᠰᠢᠨ ᠲᠡᠷᠭᠡᠨ ᠤ ᠵᠠᠮ ᠱᠣᠭᠤᠮ ᠢ ᠪᠠᠯᠭᠠᠰᠣ ᠭᠠᠴᠠᠭ᠎ᠠ ᠲᠣᠰᠬᠤᠨ ᠲᠡᠶᠢᠰᠢ ᠣᠷᠳᠣᠳᠬᠠᠬᠤ ᠪᠠ ᠬᠦᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠣᠭᠤᠮ ᠢ ᠨᠡᠶᠢᠳᠡ ᠶᠢᠨ ᠮᠠᠰᠢᠨ ᠲᠡᠷᠭᠡᠨ ᠤ ᠵᠠᠮ ᠱᠣᠭᠤᠮ ᠪᠣᠯᠭᠠᠬᠤ ᠦᠭᠡᠷᠡᠴᠢᠯᠡᠯᠳᠡ ᠶᠢ ᠡᠮᠬᠢ ᠲᠢᠭᠯᠢᠮ ᠲᠠᠢ ᠠᠬᠢᠭᠤᠯᠵᠣ᠂ ᠬᠤᠳᠠ ᠬᠦᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠲᠡᠩᠴᠡᠭᠦᠷᠢᠳᠦ ᠣᠶᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠦᠨ᠎ᠡ᠃     3. ᠪᠦᠬᠦ ᠣᠷᠣᠨ ᠤ ᠬᠤᠳᠠ ᠬᠦᠳᠡᠭᠡ ᠶᠢᠨ ᠵᠠᠮ ᠬᠠᠷᠢᠯᠴᠠᠭ᠎ᠠ ᠵᠠᠮ ᠲᠡᠭᠡᠭᠡᠪᠦᠷᠢ ᠶᠢᠨ ᠨᠢᠭᠡ ᠴᠣᠭᠴᠠᠵᠢᠭᠰᠠᠨ ᠲᠠᠭᠤᠷᠢᠶᠠᠯ ᠰᠢᠶᠠᠨ ᠤ ᠴᠣᠭᠴᠠᠯᠠᠯᠳᠠ ᠶᠢ ᠭᠤᠶᠣᠴᠢᠯᠠᠨ ᠮᠡᠳᠡᠭᠦᠯᠦᠨ᠂ 2025 ᠣᠨ ᠳᠤ ᠵᠠᠮ ᠬᠠᠷᠢᠯᠴᠠᠭ᠎ᠠ ᠵᠠᠮ ᠲᠡᠭᠡᠭᠡᠪᠦᠷᠢ ᠶᠢᠨ ᠴᠣᠭᠴᠠᠭᠰᠠᠨ ᠪᠦᠬᠦ ᠣᠯᠣᠰ ᠤᠨ ᠲᠠᠭᠤᠷᠢᠶᠠᠯ ᠰᠢᠶᠠᠨ ᠤ ᠴᠣᠭᠴᠠᠯᠠᠯᠳᠠ  ᠶᠢ ᠭᠤᠶᠣᠴᠢᠯᠠᠵᠣ᠂ 5A ᠲᠡᠰ ᠤᠨ ᠬᠢᠷᠢ ᠲᠦᠪᠰᠢᠨ ᠳᠤ ᠬᠦᠷᠭᠡᠨ᠎ᠡ᠃     4. ᠬᠦᠳᠡᠭᠡ ᠲᠣᠰᠬᠤᠨ ᠤ ᠪᠣᠳᠠᠰ ᠤᠨ ᠭᠦᠢᠯᠭᠡᠭᠡᠨ ᠤ ᠲᠣᠣᠷ ᠢ ᠲᠡᠭᠦᠯᠳᠡᠷᠵᠢᠭᠦᠯᠦᠨ᠂ ᠬᠦᠳᠡᠭᠡ ᠲᠣᠰᠬᠤᠨ ᠤ ᠪᠣᠳᠠᠰ ᠤᠨ ᠭᠦᠢᠯᠭᠡᠭᠡᠨ ᠤ ᠣᠶᠢᠯᠡᠴᠢᠯᠡᠭᠡᠨ  ᠤ ᠨᠡᠷᠡᠳᠦ ᠲᠡᠮᠳᠡᠭ ᠢ ᠡᠭᠦᠳᠦᠨ᠎ᠡ᠃ ᠣᠳᠤᠭ ᠤᠨ ᠡᠮᠦᠨᠡᠳᠦ ᠬᠤᠰᠢᠭᠤᠨ ᠤ ᠪᠣᠳᠠᠰ ᠤᠨ ᠭᠦᠢᠯᠭᠡᠭᠡᠨ ᠤ ᠬᠦᠷᠢᠶᠡᠯᠡᠩ ᠲᠣᠭᠤᠷᠢᠭ ᠢᠶᠠᠷ ᠴᠦᠮ᠎ᠡ ᠪᠣᠯᠭᠠᠨ᠂ 42 ᠮᠠᠯᠵᠢᠬᠤ ᠲᠠᠷᠢᠶᠠᠯᠠᠬᠤ ᠣᠷᠣᠨ ᠤ ᠪᠣᠳᠠᠰ ᠤᠨ ᠭᠦᠢᠯᠭᠡᠭᠡᠨ ᠤ ᠴᠡᠭ ᠢᠶᠠᠷ ᠭᠤᠣᠯ ᠴᠣᠭᠴᠠ ᠪᠣᠯᠭᠠᠵᠣ᠂ ᠰᠢᠣᠳᠠᠨ ᠬᠢᠬᠡᠳ ᠬᠠᠩᠭᠠᠨ ᠪᠣᠷᠣᠯᠠᠭᠤᠯᠬᠤ ᠣᠶᠢᠯᠡᠴᠢᠯᠡᠭᠡ ᠨᠡᠭᠡᠭᠡᠨ᠂ ᠪᠠᠷᠠᠭ᠎ᠠ᠂ ᠲᠡᠭᠡᠭᠡᠪᠦᠷᠢ᠂ ᠬᠦᠮᠦᠷᠭᠡᠯᠡᠨ ᠬᠠᠳᠠᠭᠠᠯᠠᠬᠤ᠂ ᠲᠣᠬᠢᠷᠠᠭᠤᠯᠣᠨ ᠬᠦᠷᠭᠡᠬᠦ᠂ ᠢᠯᠭᠠᠬᠤ ᠶᠢ ᠨᠢᠭᠡ ᠴᠣᠭᠴᠠᠵᠢᠭᠤᠯᠣᠭᠰᠠᠨ ᠲᠦᠪᠯᠡᠷᠡᠭᠦᠯᠵᠣ ᠲᠠᠷᠬᠠᠭᠠᠬᠤ ᠪᠣᠳᠠᠰ ᠤᠨ ᠭᠦᠢᠯᠭᠡᠭᠡᠨ ᠤ ᠲᠦᠪ ᠢ ᠪᠠᠶᠢᠭᠤᠯᠵᠣ᠂ ᠲᠠᠷᠢᠶᠠᠯᠠᠩ ᠣᠶᠢᠯᠠᠳᠪᠦᠷᠢᠯᠠᠯ ᠤᠨ ᠬᠡᠷᠡᠭᠰᠡᠯ᠂ ᠮᠠᠯ ᠲᠠᠷᠢᠶᠠᠯᠠᠩ ᠤᠨ ᠪᠦᠳᠦᠭᠳᠡᠭᠦᠨ ᠪᠣᠯᠣᠨ ᠡᠳᠦᠷ ᠲᠣᠳᠣᠮ ᠤᠨ ᠬᠡᠷᠡᠭᠯᠡᠭᠡᠨ ᠤ ᠲᠠᠸᠠᠷ ᠢ ᠲᠣᠬᠢᠷᠠᠭᠤᠯᠣᠨ ᠬᠦᠷᠭᠡᠬᠦ ᠲᠠᠪᠴᠠᠩ ᠢ ᠪᠠᠶᠢᠭᠤᠯᠣᠨ᠂ ᠪᠦᠬᠦ ᠬᠤᠰᠢᠭᠤᠨ ᠤ 68 ᠭᠠᠴᠠᠭ᠎ᠠ ᠲᠣᠰᠬᠤᠨ ᠢ ᠬᠠᠮᠣᠷᠴᠦ᠂ ᠬᠤᠰᠢᠭᠤ᠂ ᠪᠠᠯᠭᠠᠰᠣ᠂ ᠭᠠᠴᠠᠭ᠎ᠠ ᠲᠣᠰᠬᠤᠨ ᠭᠤᠷᠪᠠᠨ ᠱᠠᠳᠦ ᠶᠢ ᠪᠦᠷᠭᠦᠭᠰᠡᠨ ᠪᠣᠳᠠᠰ ᠤᠨ ᠭᠦᠢᠯᠭᠡᠭᠡᠨ ᠤ ᠲᠣᠣᠷ ᠢ ᠪᠠᠶᠢᠭᠤᠯᠣᠨ᠎ᠠ᠃ ︽ᠵᠠᠮ ᠬᠠᠷᠢᠯᠴᠠᠭ᠎ᠠ ᠰᠢᠣᠳᠠᠨ ᠠᠭᠤᠰᠣᠯᠴᠠᠭᠰᠠᠨ᠂ ᠲᠡᠭᠡᠭᠡᠪᠦᠷᠢ ᠰᠢᠣᠳᠠᠨ ᠴᠣᠭᠴᠠᠵᠢᠭᠰᠠᠨ︾  ᠬᠦᠳᠡᠭᠡ ᠲᠣᠰᠬᠤᠨ ᠤ ᠪᠣᠳᠠᠰ ᠤᠨ ᠭᠦᠢᠯᠭᠡᠭᠡᠨ ᠤ ᠣᠶᠢᠯᠡᠴᠢᠯᠡᠭᠡ ᠶᠢᠨ ᠨᠡᠷᠡᠳᠦ ᠲᠡᠮᠳᠡᠭ ᠢ ᠡᠭᠦᠳᠬᠦ ᠪᠠᠷ ᠮᠡᠳᠡᠭᠦᠯᠦᠨ ᠭᠤᠶᠣᠴᠢᠯᠠᠵᠣ᠂ ᠬᠦᠳᠡᠭᠡ ᠲᠣᠰᠬᠤᠨ ᠤ ᠪᠣᠳᠠᠰ ᠤᠨ ᠭᠦᠢᠯᠭᠡᠭᠡᠨ ᠤ ᠣᠶᠢᠯᠡᠴᠢᠯᠡᠭᠡ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃     ︵ᠲᠠᠪᠤ︶ ᠵᠢᠱᠢᠶ᠎ᠡ ᠦᠵᠡᠭᠦᠯᠦᠨ ᠲᠠᠶᠢᠴᠢᠯᠠᠵᠣ᠂ ᠲᠣᠰᠬᠠᠢ ᠲᠦᠷᠦᠯ ᠢᠶᠠᠷ ᠲᠡᠭᠡᠭᠰᠢᠯᠡᠭᠦᠯᠦᠨ᠂ ᠴᠢᠨᠠᠷᠯᠢᠭ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠢ ᠪᠠᠶᠢᠭᠤᠯᠣᠨ᠎ᠠ     1. ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠴᠡᠭᠴᠡᠯᠡᠯᠳᠡ᠂ ᠦᠵᠡᠰᠭᠦᠯᠡᠩᠳᠦ ᠰᠠᠶᠢᠬᠠᠨ ᠬᠦᠳᠡᠭᠡ ᠲᠣᠰᠬᠤᠨ ᠤ ᠪᠠᠶᠢᠭᠤᠯᠣᠯᠳᠠ ᠳᠤ ᠲᠦᠰᠢᠭᠯᠡᠨ᠂ ︽ᠦᠵᠡᠰᠭᠦᠯᠡᠩᠳᠦ ᠰᠠᠶᠢᠬᠠᠨ ᠬᠦᠳᠡᠭᠡ ᠲᠣᠰᠬᠤᠨ ᠤ ᠵᠠᠮ︾ ᠤᠨ ᠪᠠᠶᠢᠭᠤᠯᠣᠯᠳᠠ ᠶᠢ ᠢᠳᠡᠪᠬᠢᠳᠡᠢ ᠦᠷᠨᠢᠭᠦᠯᠣᠨ᠎ᠡ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠣᠷᠴᠢᠨ ᠲᠣᠭᠤᠷᠢᠨ ᠤ ᠴᠡᠭᠴᠡᠯᠡᠯᠳᠡ ᠶᠢᠨ ᠠᠵᠢᠯ ᠤᠨ ᠲᠦᠰᠦᠯ ᠢ ᠰᠣᠳᠣᠯᠣᠨ ᠲᠣᠭᠳᠠᠭᠠᠵᠣ᠂ 2023 ᠣᠨ ᠤ ᠰᠡᠭᠦᠯᠴᠢ ᠪᠣᠯᠬᠤ ᠳᠤ ᠨᠦᠭᠦᠴᠡᠯ ᠪᠦᠷᠢᠳᠦᠭᠰᠡᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠵᠠᠮ ᠪᠠ ᠲᠠᠷᠢᠶ᠎ᠠ ᠶᠢᠨ ᠬᠤᠪᠢᠶᠠᠷᠢᠯᠠᠯ᠂ ᠵᠠᠮ ᠪᠣᠯᠣᠨ ᠣᠷᠣᠨ ᠰᠠᠭᠤᠴᠠ ᠶᠢᠨ ᠬᠤᠪᠢᠶᠠᠷᠢᠯᠠᠯ ᠢ ᠪᠦᠬᠦᠨ ᠢ ᠪᠡᠶᠡᠯᠡᠭᠦᠯᠦᠨ᠎ᠡ᠃ X663 ᠲᠦᠩᠽᠢ ᠠᠴᠠ ᠪᠣᠷᠣᠪᠠᠯᠭᠠᠰᠣ ᠬᠦᠷᠬᠦ᠂ X628 ᠨᠠᠩᠰᠦ ᠠᠴᠠ ᠪᠣᠷᠣᠪᠠᠯᠭᠠᠰᠣ ᠬᠦᠷᠬᠦ 2 ᠵᠣᠷᠪᠣᠰ 85 ᠺᠢᠯᠣᠮᠧᠲᠷ ᠤᠨ ︽ᠦᠵᠡᠰᠭᠦᠯᠡᠩᠳᠦ ᠰᠠᠶᠢᠬᠠᠨ ᠬᠦᠳᠡᠭᠡ ᠲᠣᠰᠬᠤᠨ ᠤ ᠵᠠᠮ︾ ᠢ ᠪᠠᠶᠢᠭᠤᠯᠣᠨ᠎ᠠ᠃ ᠡᠯ᠎ᠡ ᠪᠠᠯᠭᠠᠰᠦᠨ ᠤ ᠵᠠᠰᠠᠭ ᠤᠨ ᠣᠷᠳᠣᠨ ︽ᠦᠵᠡᠰᠭᠦᠯᠡᠩᠳᠦ ᠰᠠᠶᠢᠬᠠᠨ ᠬᠦᠳᠡᠭᠡ ᠲᠣᠰᠬᠤᠨ ᠤ ᠵᠠᠮ︾ ᠤᠨ ᠪᠠᠷᠢᠮᠵᠢᠶ᠎ᠡ ᠶᠢ ᠦᠨᠳᠦᠰᠦᠯᠡᠨ᠂ ︽ᠰᠠᠭᠠᠳ ᠦᠭᠡᠢ ᠠᠮᠣᠷ ᠲᠦᠪᠰᠢᠨ ᠴᠡᠪᠡᠷ ᠰᠠᠶᠢᠬᠠᠨ︾ ᠬᠦᠳᠡᠭᠡ ᠲᠣᠰᠬᠤᠨ ᠤ ᠵᠠᠮ ᠤᠨ ᠴᠤᠭᠴᠠᠯᠠᠯᠳᠠ ᠶᠢ ᠵᠣᠬᠢᠶᠠᠨ ᠪᠠᠶᠢᠭᠤᠯᠣᠨ ᠦᠷᠨᠢᠭᠦᠯᠦᠨ᠎ᠡ᠃ 2025 ᠣᠨ ᠰᠡᠭᠦᠯᠴᠢ  ᠪᠣᠯᠬᠤ ᠳᠤ ᠪᠦᠬᠦ ᠬᠤᠰᠢᠭᠤᠨ ᠤ 60% ᠶᠢᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ︽ᠰᠠᠭᠠᠳ ᠦᠭᠡᠢ ᠠᠮᠣᠷ ᠲᠦᠪᠰᠢᠨ ᠴᠡᠪᠡᠷ ᠰᠠᠶᠢᠬᠠᠨ︾ ᠪᠠᠷᠢᠮᠵᠢᠶᠡᠨ ᠳᠤ ᠬᠦᠷᠭᠡᠬᠦ ᠪᠠᠷ ᠴᠢᠷᠮᠠᠶᠢᠨ᠎ᠠ᠃     2. ᠵᠢᠱᠢᠶ᠎ᠡ ᠦᠵᠡᠭᠦᠯᠬᠦ ᠴᠣᠭᠴᠠᠯᠠᠯᠳᠠ ᠶᠢᠨ ᠠᠵᠢᠯᠯᠠᠭᠠᠨ ᠦᠷᠨᠢᠭᠦᠯᠦᠨ᠂ ᠵᠢᠱᠢᠶ᠎ᠡ ᠦᠵᠡᠭᠦᠯᠬᠦ ᠴᠣᠭᠴᠠᠯᠠᠯᠳᠠ ᠶᠢᠨ ᠠᠵᠢᠯ ᠢ ᠭᠦᠨᠵᠡᠭᠡᠶᠢᠷᠡᠭᠦᠯᠦᠨ᠎ᠡ᠃ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠤᠨ ᠲᠠᠭᠤᠷᠢᠶᠠᠯ ᠪᠠᠯᠭᠠᠰᠣ᠂ ᠲᠠᠭᠤᠷᠢᠶᠠᠯ ᠭᠠᠴᠠᠭ᠎ᠠ ᠲᠣᠰᠬᠤᠨ᠂ ᠲᠠᠭᠤᠷᠢᠶᠠᠯ ᠵᠠᠮ ᠤᠨ ᠪᠠᠶᠢᠭᠤᠯᠣᠯᠳᠠ ᠶᠢᠨ ᠠᠵᠢᠯᠯᠠᠭᠠᠨ ᠤ ᠬᠡᠷᠡᠭᠵᠢᠭᠦᠯᠬᠦ ᠲᠦᠰᠦᠯ ᠢ ᠰᠣᠳᠣᠯᠣᠨ ᠲᠣᠭᠳᠠᠭᠠᠵᠣ᠂ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠪᠠᠶᠢᠭᠤᠯᠣᠯᠳᠠ ᠶᠢ ᠬᠡᠰᠡᠭᠯᠡᠯ ᠲᠠᠶᠢᠴᠢᠯᠠᠯᠳᠠ ᠠᠴᠠ ᠪᠦᠬᠦ ᠴᠠᠷᠠᠭᠠᠨ ᠤ ᠪᠠᠷᠢᠮᠵᠢᠶᠡᠨ ᠳᠤ ᠬᠦᠷᠭᠡᠬᠦ ᠲᠡᠶᠢᠰᠢ ᠬᠤᠪᠢᠷᠠᠭᠤᠯᠬᠤ ᠶᠢ ᠠᠬᠢᠭᠤᠯᠣᠨ᠎ᠠ᠃ ᠨᠢᠭᠡᠨᠳᠡ ᠨᠡᠷᠡᠶᠢᠳᠦᠭᠰᠡᠨ ᠲᠠᠭᠤᠷᠢᠶᠠᠯ ᠪᠠᠯᠭᠠᠰᠣ᠂ ᠭᠠᠴᠠᠭ᠎ᠠ ᠲᠣᠰᠬᠤᠨ᠂ ᠵᠠᠮ ᠤᠨ ᠬᠠᠮᠢᠶᠠᠷᠣᠯᠳᠠ ᠶᠢ ᠴᠢᠩᠭᠠᠳᠬᠠᠨ᠂ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠤᠨ ᠲᠠᠭᠤᠷᠢᠶᠠᠯ ᠪᠠᠯᠭᠠᠰᠣ᠂ ᠭᠠᠴᠠᠭ᠎ᠠ ᠲᠣᠰᠬᠤᠨ᠂ ᠵᠠᠮ ᠤᠨ ᠴᠣᠭᠴᠠᠯᠠᠯᠳᠠ ᠶᠢ ᠦᠷᠭᠦᠯᠵᠢᠯᠡᠨ ᠠᠬᠢᠭᠤᠯᠵᠣ᠂ ᠵᠢᠱᠢᠶ᠎ᠡ ᠦᠵᠡᠭᠦᠯᠬᠦ ᠴᠣᠭᠴᠠᠯᠠᠯᠳᠠ ᠶᠢᠨ ᠦᠷ᠎ᠡ ᠠᠰᠢᠭ ᠢ ᠦᠷᠭᠡᠳᠬᠡᠨ᠂ ᠵᠢᠱᠢᠶ᠎ᠡ ᠦᠵᠡᠭᠦᠯᠬᠦ ᠴᠣᠭᠴᠠᠯᠠᠯᠳᠠ ᠶᠢᠨ ᠶᠠᠰᠦ ᠴᠢᠨᠠᠷ ᠢ ᠲᠡᠭᠡᠭᠰᠢᠯᠡᠭᠦᠯᠣᠨ᠎ᠡ᠃ 2023 ᠣᠨ ᠳᠤ ᠬᠤᠰᠢᠭᠤ ᠲᠡᠰ ᠤᠨ 1 ᠲᠠᠭᠤᠷᠢᠶᠠᠯ ᠪᠠᠯᠭᠠᠰᠣ᠂ 1 ᠲᠠᠭᠤᠷᠢᠶᠠᠯ ᠭᠠᠴᠠᠭ᠎ᠠ ᠲᠣᠰᠬᠤᠨ᠂  6 ᠵᠣᠷᠪᠣᠰ ᠲᠠᠭᠤᠷᠢᠶᠠᠯ ᠵᠠᠮ  ︵ᠰᠢᠶᠡᠨ ᠤ ᠵᠠᠮ᠂ ᠪᠠᠯᠭᠠᠰᠣᠨ ᠤ ᠵᠠᠮ᠂ ᠭᠠᠴᠠᠭ᠎ᠠ ᠲᠣᠰᠬᠤᠨ ᠵᠠᠮ ᠲᠣᠰ ᠪᠦᠷᠢ 2 ᠵᠣᠷᠪᠣᠰ︶ ᠢ ᠪᠠᠶᠢᠭᠤᠯᠣᠨ᠎ᠠ᠃     ︵ᠵᠢᠷᠭᠤᠭ᠎ᠠ︶ ᠬᠤᠪᠢᠰᠬᠠᠯᠳᠦ ᠬᠦᠮᠦᠵᠢᠯ ᠢᠶᠠᠷ ᠬᠦᠳᠡᠯᠭᠡᠭᠦᠷ ᠪᠣᠯᠭᠠᠨ᠂ ᠪᠣᠬᠢᠷᠳᠣᠯ ᠦᠭᠡᠢ ᠪᠠᠷ ᠬᠦᠭᠵᠢᠭᠦᠯᠵᠣ᠂ ︽ᠵᠠᠮ ᠬᠠᠷᠢᠯᠴᠠᠭᠠᠨ ᠤ ᠦᠷᠭᠡᠵᠢᠯ ᠠᠵᠣ ᠠᠬᠤᠢ︾ ᠶᠢ ᠪᠦᠳᠦᠮᠵᠢᠳᠡᠢ ᠠᠬᠢᠭᠤᠯᠣᠨ᠎ᠠ     1. ᠵᠠᠮ ᠬᠠᠷᠢᠯᠴᠠᠭᠠᠨ ᠤ ᠣᠳᠣᠷᠢᠳᠣᠮᠵᠢ ᠶᠢᠨ ᠴᠢᠨᠠᠷ ᠢ ᠬᠦᠢᠴᠡᠳ ᠪᠠᠳᠠᠷᠠᠭᠤᠯᠵᠣ᠂ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠢᠶᠠᠷ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠪᠠᠶᠢᠭᠤᠯᠣᠯᠳᠠ ᠶᠢ ᠠᠬᠢᠭᠤᠯᠣᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠠᠶᠢᠭᠤᠯᠣᠯᠳᠠ ᠶᠢ ︽ᠬᠤᠪᠢᠰᠬᠠᠯᠳᠦ ᠰᠣᠶᠣᠯ︾᠂ ︽ᠲᠠᠷᠢᠶᠠᠯᠠᠬᠤ ᠰᠣᠶᠣᠯ︾᠂ ᠠᠵᠣ ᠣᠶᠢᠯᠠᠰ ᠤᠨ ᠬᠦᠭᠵᠢᠯᠳᠡ ᠲᠠᠢ ᠣᠶᠠᠯᠳᠣᠭᠤᠯᠵᠣ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠬᠢᠬᠡᠳ ᠰᠣᠶᠣᠯ᠂ ᠵᠢᠭᠤᠯᠴᠢᠯᠠᠯ᠂ ᠠᠵᠣ ᠣᠶᠢᠯᠠᠰ ᠤᠨ ᠠᠭᠤᠰᠣᠯᠴᠠᠯ ᠬᠦᠭᠵᠢᠯᠳᠡ ᠶᠢ ᠠᠬᠢᠭᠤᠯᠣᠨ᠂ ᠮᠠᠯᠵᠢᠬᠤ ᠲᠠᠷᠢᠶᠠᠯᠠᠬᠤ ᠣᠷᠣᠨ ᠤ ᠵᠠᠮ ᠵᠠᠰᠠᠮᠠᠯ ᠤᠨ ᠲᠠᠭᠠᠯᠳᠠ ᠦᠷᠳᠡᠭ ᠢ ᠲᠡᠭᠡᠭᠰᠢᠯᠡᠭᠦᠯᠵᠣ᠂ ︽ᠵᠠᠮ ᠬᠠᠷᠢᠯᠴᠠᠭᠠᠨ ᠤ ᠦᠷᠭᠡᠵᠢᠯ ᠠᠵᠣ ᠠᠬᠤᠢ︾ ᠶᠢᠨ ᠪᠦᠳᠦᠮᠵᠢ ᠶᠢ ᠦᠷᠭᠡᠳᠬᠡᠨ᠎ᠡ᠃     2. ᠬᠤᠪᠢᠰᠬᠠᠯᠳᠦ ᠬᠦᠮᠦᠵᠢᠯ ᠤᠨ ᠵᠠᠮ ᠱᠣᠭᠤᠮ ᠢ ᠪᠦᠷᠢᠳᠦᠭᠦᠯᠦᠨ᠂ ᠬᠤᠪᠢᠰᠬᠠᠯᠳᠦ ᠰᠣᠶᠣᠯ ᠢ ᠲᠡᠯᠭᠡᠷᠡᠭᠦᠯᠦᠨ᠎ᠡ᠃ ᠪᠣᠷᠣᠪᠠᠯᠭᠠᠰᠣ ᠶᠢᠨ ᠦᠨᠳᠦᠰᠦᠳᠡᠨ ᠤ ᠺᠠᠳ᠋ᠷᠴᠣᠳ ᠤᠨ ᠲᠡᠭᠡᠳᠦ ᠰᠣᠷᠭᠠᠭᠤᠯᠢ ᠪᠠᠷ ᠲᠡᠩᠭᠡᠯᠢᠭ ᠪᠣᠯᠭᠠᠨ᠂ ︽1 + 6︾ ᠬᠤᠪᠢᠰᠬᠠᠯᠳᠦ ᠵᠢᠭᠤᠯᠴᠢᠯᠠᠯ ᠤᠨ ᠡᠬᠢ ᠪᠠᠶᠠᠯᠢᠭ ᠪᠣᠯᠣᠨ ᠭᠠᠵᠠᠷ ᠣᠷᠣᠨ ᠤ ᠦᠪᠡᠷᠮᠢᠴᠡ ᠣᠨᠴᠠᠯᠢᠭ᠂ ᠠᠷᠠᠳ ᠤᠨ ᠰᠠᠶᠢᠬᠠᠨ ᠵᠠᠩ ᠣᠶᠢᠯᠠ ᠳᠤ ᠲᠦᠰᠢᠭᠯᠡᠵᠣ᠂ X663 ᠲᠦᠩᠽᠢ ᠠᠴᠠ ᠪᠣᠷᠣᠪᠠᠯᠭᠠᠰᠣ ᠬᠦᠷᠬᠦ᠂ X628 ᠨᠠᠩᠰᠦ ᠠᠴᠠ ᠪᠣᠷᠣᠪᠠᠯᠭᠠᠰᠣ ᠬᠦᠷᠬᠦ᠂ X611 ᠪᠣᠷᠣᠪᠠᠯᠭᠠᠰᠣ ᠠᠴᠠ ᠲᠠᠬᠢᠯᠳᠦ ᠬᠦᠷᠬᠦ ᠭᠤᠷᠪᠠᠨ ᠵᠣᠷᠪᠣᠰ ᠬᠤᠪᠢᠰᠬᠠᠯᠳᠦ ᠵᠢᠭᠤᠯᠴᠢᠯᠠᠯ ᠤᠨ ᠵᠠᠰᠠᠮᠠᠯ ᠵᠠᠮ ᠢ ᠴᠤᠭᠴᠠᠯᠠᠨ᠂ ᠵᠠᠮ ᠲᠠᠭᠤ ᠶᠢᠨ 9 ᠬᠤᠪᠢᠰᠬᠠᠯᠳᠦ ᠵᠢᠭᠤᠯᠴᠢᠯᠠᠯ ᠤᠨ ᠴᠡᠭ᠂ 5 ᠬᠤᠪᠢᠰᠬᠠᠯᠳᠦ ᠬᠦᠮᠦᠵᠢᠯ ᠤᠨ ᠰᠣᠷᠣᠯᠴᠠᠯᠭ᠎ᠠ ᠰᠣᠳᠣᠯᠭᠠᠨ ᠤ ᠪᠡᠶᠡᠴᠢᠯᠡᠨ ᠣᠶᠢᠯᠠᠭᠠᠬᠤ ᠴᠡᠭ᠂ 18 ᠡᠷᠦᠭᠡ ᠮᠠᠯᠴᠢᠨ ᠲᠠᠷᠢᠶᠠᠴᠢᠨ ᠠᠶᠢᠯ ᠤᠨ ᠪᠠᠶᠠᠰᠣᠯ ᠵᠢᠴᠢ ᠮᠠᠯ ᠲᠠᠷᠢᠶᠠᠯᠠᠩ ᠤᠨ ᠠᠵᠣ ᠣᠶᠢᠯᠠᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠳᠦᠮᠵᠢᠳᠡᠢ ᠬᠤᠯᠪᠣᠨ ᠠᠪᠴᠠᠯᠳᠣᠭᠤᠯᠣᠨ᠎ᠠ᠃ 2023 ᠣᠨ ᠳᠤ 150 ᠲᠦᠮᠡᠨ ᠬᠦᠮᠦᠨ ᠣᠳᠠᠭ᠎ᠠ ᠪᠣᠯᠪᠠᠰᠣᠷᠠᠯ ᠰᠣᠳᠣᠯᠭ᠎ᠠ ᠰᠣᠷᠣᠯᠴᠠᠯᠭ᠎ᠠ ᠳᠤ ᠣᠷᠣᠯᠴᠠᠭᠰᠠᠳ ᠪᠠ ᠵᠢᠭᠤᠯᠴᠢᠯᠠᠭᠰᠠᠳ ᠢ ᠬᠦᠯᠢᠶᠡᠨ ᠠᠪᠬᠤ ᠪᠠᠷ ᠲᠦᠯᠦᠪᠯᠡᠵᠣ᠂ ᠵᠢᠭᠤᠯᠴᠢᠯᠠᠯ ᠤᠨ ᠣᠷᠣᠯᠭ᠎ᠠ ᠶᠢ 6 ᠲᠦᠮᠡᠨ ᠲᠦᠬᠦᠷᠢᠭ ᠪᠡᠶᠡᠯᠡᠭᠦᠯᠦᠨ᠎ᠡ᠃     3. ᠵᠠᠮ ᠬᠠᠷᠢᠯᠴᠠᠭᠠᠨ ᠤ ᠰᠠᠭᠤᠷᠢ ᠶᠢ ᠪᠠᠬᠢᠵᠢᠭᠦᠯᠦᠨ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠳᠤ ᠬᠦᠴᠦᠨ ᠨᠡᠮᠡᠷᠢᠯᠡᠨ᠎ᠡ᠃ ᠬᠦᠳᠡᠭᠡ ᠲᠣᠰᠬᠤᠨ ᠤ ᠵᠠᠰᠠᠮᠠᠯ ᠵᠠᠮ ᠢ ᠰᠠᠶᠢᠳᠦᠷ ᠬᠠᠮᠢᠶᠠᠷᠴᠦ᠂ ᠰᠠᠶᠢᠳᠦᠷ ᠬᠠᠮᠠᠭᠠᠯᠠᠨ ᠡᠵᠡᠩᠨᠡᠵᠣ᠂ 4 ᠪᠠᠯᠭᠠᠰᠣ᠂ 68 ᠭᠠᠴᠠᠭ᠎ᠠ ᠲᠣᠰᠬᠤᠨ ᠳᠤ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠬᠡᠷᠡᠭᠵᠢᠭᠦᠯᠦᠨ᠂ ᠮᠠᠯ ᠲᠠᠷᠢᠶᠠᠯᠠᠩ ᠬᠦᠳᠡᠭᠡ ᠲᠣᠰᠬᠤᠨ ᠤ ᠣᠳᠣᠬᠢᠴᠢᠯᠠᠯᠳᠠ ᠶᠢ ᠪᠡᠶᠡᠯᠡᠭᠦᠯᠬᠦ ᠳᠤ ᠵᠠᠮ ᠬᠠᠷᠢᠯᠴᠠᠭᠠᠨ ᠤ ᠪᠠᠳᠣᠯᠠᠭ᠎ᠠ ᠬᠠᠩᠭᠠᠨ᠎ᠠ᠃ ᠵᠠᠰᠠᠮᠠᠯ ᠵᠠᠮ ᠲᠠᠭᠤ ᠶᠢᠨ 33190 ᠭᠠᠷᠣᠢ ᠡᠷᠦᠭᠡ ᠶᠢᠨ ᠮᠠᠯᠴᠢᠨ ᠲᠠᠷᠢᠶᠠᠴᠢᠨ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠤᠨ ᠪᠠᠶᠢᠭᠤᠯᠣᠯᠳᠠ ᠳᠤ ᠲᠦᠰᠢᠭᠯᠡᠨ᠂ 2023 ᠣᠨ ᠳᠤ ᠴᠢᠨᠠᠷᠯᠢᠭ ᠮᠠᠯ ᠤᠨ ᠭᠠᠷᠭᠠᠯᠠᠳᠠ ᠪᠣᠯᠣᠨ ᠨᠣᠭᠤᠭ᠎ᠠ ᠵᠢᠮᠢᠰ ᠤᠨ ᠭᠠᠷᠣᠯᠳᠠ ᠶᠢ ᠲᠣᠰ ᠲᠣᠰ 200 ᠲᠦᠮᠡᠨ ᠲᠣᠯᠣᠭᠠᠢ ᠪᠣᠯᠣᠨ 30 ᠲᠦᠮᠡᠨ ᠲᠣᠨ ᠳᠤ ᠬᠦᠷᠭᠡᠵᠣ᠂ ︽ᠣᠳᠤᠭ ᠤᠨ ᠡᠮᠦᠨᠡᠳᠦ ᠬᠤᠰᠢᠭᠤᠨ ᠤ ᠦᠬᠡᠷ ᠬᠤᠨᠢᠨ ᠮᠢᠬ᠎ᠠ︾᠂ ︽ᠶᠡᠭᠡ ᠲᠣᠬᠤᠢ ᠶᠢᠨ ᠬᠡᠭᠡᠷ᠎ᠡ ᠶᠢᠨ ᠵᠢᠭᠠᠰᠦ︾᠂ ᠪᠣᠷᠣᠪᠠᠯᠭᠠᠰᠣ ᠪᠠᠯᠭᠠᠰᠣᠨ ᠤ ︽ᠶᠸᠣᠵᠸᠦ ᠲᠡᠮᠳᠡᠭᠳᠦ︾ ᠯᠠᠵᠣᠣ᠂ ︽ᠪᠢ ᠢᠦᠢ ᠲᠡᠮᠳᠡᠭᠳᠦ︾ ᠲᠠᠷᠪᠣᠰ ᠵᠡᠷᠭᠡ ᠪᠣᠬᠢᠷᠳᠣᠯ ᠦᠭᠡᠢ ᠲᠠᠷᠢᠶᠠᠯᠠᠩ ᠤᠨ ᠪᠦᠳᠦᠭᠡᠭᠳᠡᠭᠦᠨ ᠤ ᠵᠢᠯ ᠤᠨ ᠪᠣᠷᠣᠯᠠᠭᠤᠯᠭ᠎ᠠ ᠶᠢ 25 ᠳ᠋ᠦᠩᠰᠢᠭᠤᠷ ᠲᠦᠭᠦᠷᠢᠭ ᠲᠤ ᠬᠦᠷᠭᠡᠵᠣ᠂ ᠲᠠᠬᠢᠯᠳᠦ ᠶᠢᠨ ᠠᠮᠢᠳᠦ ᠮᠠᠯ  ᠤᠨ ᠠᠷᠠᠯᠵᠢᠶᠠᠨ ᠤ ᠵᠠᠬ᠎ᠠ ᠲᠡᠯᠭᠡᠭᠦᠷ᠂ ᠪᠣᠷᠣᠪᠠᠯᠭᠠᠰᠣ ᠪᠠᠯᠭᠠᠰᠣ᠂ ᠣᠯᠵᠠᠴᠢ ᠪᠠᠯᠭᠠᠰᠣᠨ ᠤ ᠴᠣᠭᠯᠠᠭ᠎ᠠ ᠠᠷᠠᠯᠵᠢᠶᠠᠨ ᠤ ᠵᠠᠬ᠎ᠠ ᠲᠡᠯᠭᠡᠭᠦᠷ ᠵᠢᠴᠢ ᠵᠠᠮ ᠲᠠᠭᠤ ᠶᠢᠨ ᠮᠠᠯ ᠲᠠᠷᠢᠶᠠᠯᠠᠩ ᠤᠨ ᠠᠵᠣ ᠣᠶᠢᠯᠠᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠠᠷᠠᠯᠵᠢᠶ᠎ᠠ ᠶᠢ ᠲᠠᠶᠢᠴᠢᠯᠠᠨ 28 ᠳ᠋ᠦᠩᠰᠢᠭᠤᠷ ᠲᠦᠭᠦᠷᠢᠭ ᠲᠤ ᠬᠦᠷᠭᠡᠨ᠎ᠡ᠃     ᠲᠠᠪᠤ᠂ ᠪᠠᠳᠣᠯᠠᠭ᠎ᠠ ᠶᠢᠨ ᠠᠷᠭ᠎ᠠ ᠠᠪᠴᠠᠯ     ︵ᠨᠢᠭᠡ︶ ᠵᠣᠬᠢᠶᠠᠨ ᠪᠠᠶᠢᠭᠤᠯᠣᠯᠳᠠ ᠪᠠᠷ ᠪᠠᠳᠣᠯᠠᠨ᠎ᠠ᠃ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠤᠨ ᠪᠦᠬᠦ ᠣᠯᠣᠰ ᠤᠨ ᠲᠠᠭᠤᠷᠢᠶᠠᠯ ᠰᠢᠶᠠᠨ  ᠤ ᠴᠣᠭᠴᠠᠯᠠᠯᠳᠠ ᠶᠢᠨ ᠠᠵᠢᠯ ᠤᠨ ᠣᠳᠣᠷᠢᠳᠬᠤ ᠲᠣᠭᠤᠶᠢᠯᠠᠩ ᠢ ᠪᠠᠶᠢᠭᠤᠯᠣᠨ᠂ ᠵᠠᠰᠠᠭ ᠤᠨ ᠣᠷᠳᠣᠨ ᠤ ᠬᠤᠰᠢᠭᠤ ᠲᠠᠷᠤᠭ᠎ᠠ ᠲᠣᠭᠤᠶᠢᠯᠠᠩ ᠤᠨ ᠲᠠᠷᠤᠭ᠎ᠠ ᠶᠢᠨ ᠬᠠᠷᠢᠭᠤᠴᠠᠯᠭ᠎ᠠ ᠶᠢ ᠡᠭᠦᠷᠬᠡᠯᠡᠨ᠂ ᠵᠠᠮ ᠬᠠᠷᠢᠯᠴᠠᠭ᠎ᠠ ᠶᠢ ᠬᠤᠪᠢᠳᠠᠨ ᠬᠠᠮᠢᠶᠠᠷᠬᠤ ᠲᠡᠳ᠋ ᠬᠤᠰᠢᠭᠤ ᠲᠠᠷᠤᠭ᠎ᠠ ᠲᠣᠭᠤᠶᠢᠯᠠᠩ ᠤᠨ ᠲᠡᠳ᠋ ᠲᠠᠷᠤᠭ᠎ᠠ ᠶᠢᠨ ᠬᠠᠷᠢᠭᠤᠴᠠᠯᠭ᠎ᠠ  ᠶᠢ ᠡᠭᠦᠷᠭᠡᠯᠡᠵᠣ᠂ ᠵᠠᠮ ᠬᠠᠷᠢᠯᠴᠠᠭ᠎ᠠ ᠵᠠᠮ ᠲᠡᠭᠡᠭᠡᠪᠦᠷᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠦᠭᠡᠷᠡᠴᠢᠯᠡᠯᠳᠡ ᠬᠦᠭᠵᠢᠭᠦᠯᠦᠯᠳᠡ ᠶᠢᠨ ᠵᠦᠪᠯᠡᠯ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠰᠣᠷᠭᠠᠨ ᠬᠦᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠪᠦᠯᠦᠭᠯᠡᠯ ᠤᠨ ᠬᠢᠵᠠᠭᠠᠷᠳᠦ ᠺᠣᠮᠫᠠᠨᠢ᠂ ᠮᠠᠯ ᠲᠠᠷᠢᠶᠠᠯᠠᠩ ᠤᠨ ᠲᠣᠪᠴᠢᠶ᠎ᠡ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠬᠦᠭᠵᠢᠭᠦᠯᠦᠯᠳᠡ ᠶᠢᠨ ᠲᠦᠪ᠂ ᠰᠢᠣᠳᠠᠨ ᠺᠣᠮᠫᠠᠨᠢ᠂ ᠲᠣᠳᠣᠭᠠᠳᠦ ᠶᠢ ᠬᠠᠮᠠᠭᠠᠯᠠᠬᠤ ᠲᠣᠪᠴᠢᠶ᠎ᠠ᠂ ᠪᠠᠴᠢᠮ ᠢ ᠠᠷᠭᠠᠴᠠᠬᠤ ᠬᠠᠮᠢᠶᠠᠷᠣᠯᠳᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠣᠢ ᠰᠢᠭᠤᠢ ᠨᠣᠳᠤᠭ ᠪᠡᠯᠴᠢᠭᠡᠷ ᠤᠨ ᠲᠣᠪᠴᠢᠶ᠎ᠠ᠂ ᠡᠯ᠎ᠡ ᠪᠠᠯᠭᠠᠰᠣᠨ ᠤ ᠭᠤᠣᠯ ᠬᠠᠷᠢᠭᠤᠴᠠᠯᠭᠠᠳᠠᠳ ᠪᠦᠷᠢᠯᠳᠦᠭᠦᠨ ᠪᠣᠯᠵᠣ᠂ ᠬᠤᠰᠢᠭᠤ ᠵᠠᠮ ᠬᠠᠷᠢᠯᠴᠠᠭ᠎ᠠ ᠵᠠᠮ ᠲᠡᠭᠡᠭᠡᠪᠦᠷᠢ ᠶᠢᠨ ᠲᠣᠪᠴᠢᠶᠠᠨ ᠳᠤ ᠣᠳᠣᠷᠢᠳᠬᠤ ᠲᠣᠭᠤᠶᠢᠯᠠᠩ ᠤᠨ ᠠᠯᠪᠠᠨ ᠭᠡᠷ ᠭᠠᠷᠭᠠᠵᠣ᠂ ᠬᠤᠰᠢᠭᠤ ᠵᠠᠮ ᠬᠠᠷᠢᠯᠴᠠᠭ᠎ᠠ ᠵᠠᠮ ᠲᠡᠭᠡᠭᠡᠪᠦᠷᠢ ᠶᠢᠨ ᠲᠣᠪᠴᠢᠶᠠᠨ ᠲᠠᠷᠤᠭ᠎ᠠ ᠠᠯᠪᠠᠨ ᠭᠡᠷ ᠤᠨ ᠡᠷᠬᠢᠯᠡᠭᠴᠢ ᠶᠢᠨ ᠲᠣᠰᠢᠶᠠᠯ ᠢ ᠬᠠᠪᠰᠣᠷᠭᠠᠨ᠂ ︽ᠲᠦᠷᠪᠠᠨ ᠰᠠᠶᠢᠳᠠᠢ ᠬᠦᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠴᠣᠭᠴᠠᠯᠠᠯᠳᠠ ᠶᠢᠨ ᠴᠢᠬᠤᠯᠠ ᠪᠣᠳᠣᠯᠭ᠎ᠠ ᠠᠷᠭ᠎ᠠ ᠠᠪᠴᠠᠯ ᠢ ᠰᠣᠳᠣᠯᠣᠨ ᠲᠣᠭᠳᠠᠭᠠᠬᠤ ᠶᠢ ᠪᠣᠳᠠᠳᠠᠢ ᠬᠠᠷᠢᠭᠤᠴᠠᠨ ᠵᠣᠬᠢᠶᠠᠨ ᠪᠠᠶᠢᠭᠤᠯᠵᠣ᠂ ᠬᠦᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠳᠠ ᠬᠠᠮᠠᠭᠠᠯᠠᠯᠳᠠ ᠶᠢᠨ ᠠᠵᠢᠯ ᠤᠨ ᠲᠣᠭᠳᠠᠴᠠ ᠲᠣᠭᠳᠠᠯᠴᠠᠭ᠎ᠠ ᠶᠢ ᠲᠡᠭᠦᠯᠳᠡᠷᠵᠢᠭᠦᠯᠦᠨ᠂ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠣᠨ ᠰᠢᠢᠳᠪᠦᠷᠢᠯᠡᠵᠣ᠂ ᠴᠢᠬᠤᠯᠠ ᠶᠡᠭᠡ ᠠᠵᠢᠯ ᠢ ᠱᠠᠭᠠᠷᠳᠠᠨ ᠠᠬᠢᠭᠤᠯᠵᠣ᠂ ᠪᠡᠯᠡ ᠮᠦᠩᠭᠦᠨ ᠤ ᠪᠠᠳᠣᠯᠠᠭ᠎ᠠ ᠶᠢ ᠨᠠᠶᠢᠳᠠᠪᠦᠷᠢᠵᠢᠭᠤᠯᠣᠨ᠂ ᠬᠠᠮᠢᠶ᠎ᠠ ᠪᠦᠬᠦᠢ ᠰᠠᠯᠠᠭ᠎ᠠ ᠮᠦᠴᠢᠷ ᠢ ᠱᠠᠭᠠᠷᠳᠠᠨ ᠡᠭᠦᠷᠭᠡ ᠬᠠᠷᠢᠭᠤᠴᠠᠯᠭ᠎ᠠ ᠶᠢ ᠨᠢ ᠦᠨᠡᠨ ᠬᠦ ᠭᠦᠢᠴᠡᠳᠬᠡᠭᠦᠯᠵᠣ᠂ ᠠᠵᠢᠯ  ᠤᠨ ᠨᠠᠶᠢᠳᠠᠪᠦᠷᠢᠵᠢᠭᠤᠯᠣᠯᠳᠠ ᠶᠢ ᠠᠬᠢᠭᠤᠯᠣᠨ᠎ᠠ᠃ ᠡᠭᠦᠨ ᠤ ᠬᠠᠮᠳᠦ᠂ ︽ᠰᠢᠶᠠᠨ ᠤ ᠵᠠᠮ ᠢ ᠰᠢᠶᠠᠨ ᠠᠴᠠ ᠬᠠᠮᠢᠶᠠᠷᠬᠤ᠂ ᠬᠦᠳᠡᠭᠡ ᠲᠣᠰᠬᠤᠨ ᠤ ᠵᠠᠮ ᠢ ᠬᠦᠳᠡᠭᠡ ᠲᠣᠰᠬᠤᠨ ᠠᠴᠠ ᠬᠠᠮᠢᠶᠠᠷᠬᠤ︾ ᠵᠠᠷᠴᠢᠮ ᠢ ᠦᠳᠦᠰᠦᠯᠡᠨ᠂ ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠣᠯᠳᠠ ᠶᠢᠨ ᠡᠷᠭᠡ ᠪᠣᠯᠣᠨ ᠬᠠᠷᠢᠭᠤᠴᠠᠯᠭ᠎ᠠ ᠶᠢᠨ ᠲᠠᠩᠰᠠᠨ ᠪᠠᠶᠢᠭᠤᠯᠣᠨ᠎ᠠ᠃     ᠡᠯ᠎ᠡ ᠪᠠᠯᠭᠠᠰᠣ ᠵᠢᠴᠢ ᠬᠠᠮᠢᠶ᠎ᠠ ᠪᠦᠬᠦᠢ ᠪᠠᠶᠢᠭᠤᠯᠭ᠎ᠠ ᠵᠣᠬᠢᠴᠠᠭᠤᠯᠭ᠎ᠠ ᠬᠠᠮᠳᠣᠷᠠᠯᠴᠠᠭ᠎ᠠ ᠪᠠᠨ ᠴᠢᠩᠭᠠᠳᠬᠠᠨ᠂ ᠠᠵᠢᠯ ᠤᠨ ᠬᠠᠮᠳᠣᠷᠠᠯ ᠬᠦᠴᠦᠨ ᠢ ᠪᠦᠷᠢᠯᠳᠦᠭᠦᠯᠵᠣ᠂ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠤᠨ ᠪᠦᠬᠦ ᠣᠯᠣᠰ ᠤᠨ ᠲᠠᠭᠤᠷᠢᠶᠠᠯ ᠰᠢᠶᠠᠨ ᠤ ᠴᠣᠭᠴᠠᠯᠠᠯᠳᠠ ᠶᠢᠨ ᠠᠵᠢᠯ ᠢ ᠯᠠᠪᠳᠠᠭᠤᠨ ᠪᠠᠳᠣᠳᠠᠢ ᠡᠮᠬᠢ ᠲᠢᠭᠯᠢᠮ ᠲᠠᠢ ᠠᠬᠢᠭᠤᠯᠣᠨ᠎ᠠ᠃ ᠬᠤᠰᠢᠭᠤ ᠵᠠᠮ ᠬᠠᠷᠢᠯᠴᠠᠭ᠎ᠠ ᠵᠠᠮ ᠲᠡᠭᠡᠭᠡᠪᠦᠷᠢ ᠶᠢᠨ ᠲᠣᠪᠴᠢᠶ᠎ᠠ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠠᠶᠢᠭᠤᠯᠣᠯᠳᠠ ᠬᠠᠮᠢᠶᠠᠷᠣᠯᠳᠠ ᠠᠷᠠᠴᠢᠯᠠᠯᠳᠠ ᠠᠵᠢᠯᠯᠠᠮᠵᠢ ᠶᠢᠨ ᠲᠦᠯᠦᠪᠯᠡᠭᠡ ᠲᠣᠭᠳᠠᠭᠠᠯᠳᠠ᠂ ᠬᠡᠷᠡᠭᠵᠢᠭᠦᠯᠦᠯᠳᠡ ᠶᠢᠨ ᠪᠠᠶᠢᠳᠠᠯ ᠪᠣᠯᠣᠨ ᠪᠠᠶᠢᠭᠤᠯᠣᠯᠳᠠ ᠠᠷᠠᠴᠢᠯᠠᠯᠳᠠ ᠬᠠᠮᠠᠭᠠᠯᠠᠯᠳᠠ ᠶᠢᠨ ᠴᠢᠨᠠᠷ ᠢ ᠬᠠᠷᠢᠭᠤᠴᠠᠵᠣ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠠᠶᠢᠭᠤᠯᠣᠯᠳᠠ᠂ ᠬᠠᠮᠢᠶᠠᠷᠣᠯᠳᠠ ᠠᠷᠠᠴᠢᠯᠠᠯᠳᠠ ᠬᠠᠮᠠᠭᠠᠯᠠᠯᠳᠠ ᠶᠢᠨ ᠠᠵᠢᠯ ᠢ ᠵᠢᠯᠣᠭᠤᠳᠣᠨ ᠬᠢᠨᠠᠨ ᠪᠠᠶᠢᠴᠠᠭᠠᠵᠣ᠂ ᠨᠡᠶᠢᠳᠡ ᠶᠢᠨ ᠡᠳ᠋ ᠤᠨ ᠵᠠᠰᠠᠭ ᠤᠨ ︽ᠲᠦᠷᠪᠡᠨ ᠰᠠᠶᠢᠳᠠᠢ ᠬᠦᠳᠡᠭᠡ ᠲᠣᠰᠬᠤᠨ  ᠤ ᠵᠠᠮ︾ ᠤᠨ ᠪᠠᠶᠢᠭᠤᠯᠣᠯᠳᠠ ᠳᠤ ᠬᠡᠷᠡᠭᠯᠡᠭᠦ ᠪᠡᠯᠡ ᠮᠦᠩᠭᠦ ᠳᠤ ᠪᠦᠬᠦ ᠶᠠᠪᠣᠴᠠ ᠶᠢᠨ ᠲᠦᠰᠦᠪ ᠤᠨ ᠪᠦᠳᠦᠮᠵᠢ ᠶᠢᠨ ᠬᠠᠮᠢᠶᠠᠷᠣᠯᠳᠠ ᠶᠠᠪᠣᠭᠳᠠᠭᠤᠯᠣᠨ᠎ᠠ︔ ᠬᠤᠰᠢᠭᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠣᠢ ᠰᠢᠭᠤᠢ ᠨᠣᠳᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠦᠴᠢᠷ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠳᠤ ᠬᠡᠷᠡᠭᠯᠡᠭᠦ ᠭᠠᠵᠠᠷ᠂ ᠮᠡᠲ᠋ᠧᠷᠢᠶᠡᠯ ᠤᠨ ᠲᠠᠯᠠᠪᠠᠢ ᠶᠢ ᠬᠠᠷᠢᠭᠤᠴᠠᠵᠣ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠠᠷᠢᠯᠭ᠎ᠠ ᠶᠢᠨ ᠲᠦᠷᠦᠯ ᠵᠣᠶᠢᠯ ᠤᠨ ᠴᠣᠬᠤᠯᠠᠪᠦᠷᠢᠯᠠᠯᠳᠠ ᠶᠢ ᠠᠬᠢᠭᠤᠯᠬᠤ ᠳᠤ ᠬᠠᠪᠰᠣᠷᠣᠯᠴᠠᠨ᠎ᠠ︔ ᠬᠤᠰᠢᠭᠤ ᠲᠣᠳᠣᠭᠠᠳᠦ ᠶᠢ ᠬᠠᠮᠠᠭᠠᠯᠠᠬᠤ ᠲᠣᠪᠴᠢᠶ᠎ᠠ᠂ ᠪᠠᠴᠢᠮ ᠢ ᠠᠷᠭᠠᠴᠠᠬᠤ ᠬᠠᠮᠢᠶᠠᠷᠣᠯᠳᠠ ᠶᠢᠨ ᠲᠣᠪᠴᠢᠶ᠎ᠠ ᠮᠠᠯᠵᠢᠬᠤ ᠲᠠᠷᠢᠶᠠᠯᠠᠬᠤ ᠣᠷᠣᠨ ᠤ ᠵᠠᠮ ᠤᠨ ᠵᠠᠮ ᠨᠡᠪᠳᠡᠷᠡᠯᠭᠡ ᠶᠢ ᠰᠢᠯᠭᠠᠨ ᠬᠤᠷᠢᠶᠠᠬᠤ ᠪᠠ ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ ᠶᠢᠨ ᠠᠵᠢᠯ ᠳᠤ ᠣᠷᠣᠯᠴᠠᠨ᠎ᠠ︔ ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠠᠶᠢᠭᠤᠯᠣᠯᠳᠠ᠂ ᠬᠠᠮᠢᠶᠠᠷᠣᠯᠳᠠ᠂ ᠠᠷᠠᠴᠢᠯᠠᠯᠳᠠ ᠬᠠᠮᠠᠭᠠᠯᠠᠯᠳᠠ᠂ ᠠᠵᠢᠯᠯᠠᠮᠵᠢ ᠡᠵᠡᠩᠨᠡᠯᠳᠡ ᠶᠢᠨ ᠪᠡᠯᠡ ᠮᠦᠩᠭᠦ ᠴᠣᠭᠯᠠᠭᠤᠯᠬᠤ ᠶᠢ ᠬᠠᠷᠢᠭᠤᠴᠠᠨ᠂ ᠡᠯ᠎ᠡ ᠱᠠᠳᠣᠨ ᠤ ᠨᠡᠶᠢᠳᠡ ᠶᠢᠨ ᠡᠳ᠋ ᠤᠨ ᠵᠠᠰᠠᠭ ᠠᠴᠠ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠳᠤ ᠬᠡᠷᠡᠭᠯᠡᠭᠦ ᠪᠡᠯᠡ ᠮᠦᠩᠭᠦᠨ ᠳᠤ ᠪᠦᠳᠦᠮᠵᠢ ᠶᠢᠨ ᠦᠨᠡᠯᠡᠯᠳᠡ ᠬᠢᠨ᠎ᠠ︔ ᠬᠤᠰᠢᠭᠤ ᠰᠣᠶᠣᠯ ᠵᠢᠭᠤᠯᠴᠢᠯᠠᠯ ᠤᠨ ᠲᠣᠪᠴᠢᠶ᠎ᠠ᠂ ᠰᠣᠷᠭᠠᠨ ᠬᠦᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠪᠦᠯᠦᠭᠯᠡᠯ ᠤᠨ ᠬᠢᠵᠠᠭᠠᠷᠳᠦ ᠺᠣᠮᠫᠠᠨᠢ ᠬᠤᠪᠢᠰᠬᠠᠯᠳᠦ ᠵᠢᠭᠤᠯᠴᠢᠯᠠᠯ ᠤᠨ ᠵᠠᠰᠠᠮᠠᠯ ᠵᠠᠮ ᠲᠠᠭᠤ ᠶᠢᠨ ᠵᠢᠭᠤᠯᠴᠢᠯᠠᠯ ᠤᠨ ᠴᠡᠭ ᠤᠨ ᠲᠦᠯᠦᠪᠵᠢᠭᠦᠯᠭᠡ ᠪᠠᠶᠢᠭᠤᠯᠣᠯᠳᠠ ᠪᠣᠯᠣᠨ ᠬᠤᠪᠢᠰᠬᠠᠯᠳᠦ ᠪᠣᠯᠪᠠᠰᠣᠷᠠᠯ ᠬᠦᠮᠦᠵᠢᠯ ᠳᠤ ᠬᠠᠮᠵᠢᠯᠴᠠᠬᠤ ᠶᠢ ᠬᠠᠷᠢᠭᠤᠴᠠᠨ᠎ᠠ︔ ᠬᠤᠰᠢᠭᠤ ᠮᠠᠯ ᠲᠠᠷᠢᠶᠠᠯᠠᠩ ᠤᠨ ᠲᠣᠪᠴᠢᠶ᠎ᠠ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠠᠵᠢᠯ ᠣᠶᠢᠯᠠᠰ ᠤᠨ ᠲᠦᠪ ᠮᠠᠯᠵᠢᠬᠤ ᠲᠠᠷᠢᠶᠠᠯᠠᠬᠤ ᠣᠷᠣᠨ  ᠤ ᠵᠠᠰᠠᠮᠠᠯ ᠵᠠᠮ ᠤᠨ ᠣᠷᠴᠢᠨ ᠲᠣᠭᠤᠷᠢᠨ ᠤ ᠴᠡᠭᠴᠡᠯᠡᠯᠳᠡ ᠪᠣᠯᠣᠨ ᠮᠠᠯ ᠲᠠᠷᠢᠶᠠᠯᠠᠩ ᠤᠨ ᠠᠵᠣ ᠣᠶᠢᠯᠠᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠬᠦᠳᠡᠭᠡ ᠲᠣᠰᠬᠤᠨ ᠤ ᠵᠠᠰᠠᠮᠠᠯ ᠵᠠᠮ ᠯᠤᠭ᠎ᠠ ᠪᠦᠳᠦᠮᠵᠢᠳᠡᠢ ᠠᠪᠴᠠᠯᠳᠣᠭᠤᠯᠬᠤ ᠠᠵᠢᠯ ᠢ ᠬᠠᠮᠵᠢᠯᠴᠠᠨ ᠠᠬᠢᠭᠤᠯᠬᠤ ᠶᠢ ᠬᠠᠷᠢᠭᠤᠴᠠᠨ᠎ᠠ︔ ᠰᠢᠣᠳᠠᠨ ᠤ ᠺᠣᠮᠫᠠᠨᠢ ᠭᠤᠷᠪᠠᠳᠣᠭᠠᠷ ᠲᠡᠰ ᠤᠨ ᠪᠣᠳᠠᠰ ᠤᠨ ᠭᠦᠢᠯᠭᠡᠭᠡᠨ ᠤ ᠴᠡᠭ ᠤᠨ ᠪᠠᠶᠢᠭᠤᠯᠣᠯᠳᠠ ᠪᠣᠯᠣᠨ ︽ᠵᠠᠮ ᠬᠠᠷᠢᠯᠴᠠᠭ᠎ᠠ ᠰᠢᠣᠳᠠ ᠢ ᠠᠭᠤᠰᠣᠯᠴᠠᠭᠤᠯᠬᠤ᠂ ᠵᠠᠮ ᠲᠡᠭᠡᠭᠡᠪᠦᠷᠢ ᠰᠢᠣᠳᠠᠨ ᠢ ᠴᠣᠭᠴᠠᠵᠢᠭᠤᠯᠬᠤ︾ ᠬᠦᠳᠡᠭᠡ ᠲᠣᠰᠬᠤᠨ ᠤ ᠪᠣᠳᠠᠰ ᠤᠨ ᠭᠦᠢᠯᠭᠡᠭᠡᠨ ᠤ ᠣᠶᠢᠯᠡᠴᠢᠯᠡᠭᠡ ᠶᠢᠨ ᠨᠡᠷᠡᠳᠦ ᠲᠡᠮᠳᠡᠭ ᠢ ᠡᠭᠦᠳᠬᠦ ᠳᠤ ᠬᠠᠮᠵᠢᠯᠴᠠᠬᠤ ᠶᠢ ᠬᠠᠷᠢᠭᠤᠴᠠᠨ᠎ᠠ︔  ᠡᠯ᠎ᠡ ᠪᠠᠯᠭᠠᠰᠣ ᠬᠠᠷᠢᠶᠠᠯᠠᠭᠳᠠᠬᠤ ᠬᠦᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠯᠳᠠ ᠬᠠᠮᠠᠭᠠᠯᠠᠯᠳᠠ ᠬᠠᠮᠢᠶᠠᠷᠣᠯᠳᠠ ᠶᠢ ᠬᠠᠷᠢᠭᠤᠴᠠᠨ᠂ ᠪᠦᠬᠦ ᠣᠯᠣᠰ ᠤᠨ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠤᠨ ᠲᠠᠭᠤᠷᠢᠶᠠᠯ ᠰᠢᠶᠠᠨ ᠤ ᠪᠠᠶᠢᠭᠤᠯᠣᠯᠳᠠ ᠶᠢᠨ ᠬᠠᠮᠢᠶ᠎ᠠ ᠪᠦᠬᠦᠢ ᠠᠵᠢᠯ ᠳᠤ ᠬᠠᠮᠵᠢᠯᠴᠠᠨ᠎ᠠ᠃     ︵ᠬᠤᠶᠠᠷ︶ ᠪᠡᠯᠡ ᠮᠦᠩᠭᠦ ᠶᠢ ᠪᠠᠳᠣᠯᠠᠨ᠎ᠠ᠃ ︽ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠣᠯᠳᠠ ᠠᠷᠠᠴᠢᠯᠠᠯᠳᠠ ᠬᠠᠮᠠᠭᠠᠯᠠᠯᠳᠠ ᠶᠢᠨ ᠲᠣᠭᠳᠠᠴᠠ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠲᠣᠬᠠᠢ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠦᠪᠦᠷ ᠵᠠᠰᠠᠭ ᠠᠯᠪᠠᠨ ᠲᠠᠷᠬᠠᠭᠠᠭᠰᠠᠨ ﹇2020﹈ 14 ᠲᠣᠭᠠᠳᠦ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠣᠯᠳᠠ ᠠᠷᠠᠴᠢᠯᠠᠯᠳᠠ ᠬᠠᠮᠠᠭᠠᠯᠠᠯᠳᠠ ᠶᠢᠨ ᠪᠡᠯᠡ ᠮᠦᠩᠭᠦ ᠲᠤᠭ᠎ᠠ ᠶᠢ ᠶᠣᠰᠣᠭᠠᠷ ᠣᠷᠣᠨᠵᠢᠭᠤᠯᠣᠨ ᠨᠠᠶᠢᠳᠠᠪᠦᠷᠢᠵᠢᠭᠤᠯᠣᠨ᠎ᠠ᠃ 2023 ᠣᠨ ᠳᠤ ᠬᠦᠳᠡᠭᠡ ᠲᠣᠰᠬᠤᠨ ᠤ ᠵᠠᠰᠠᠮᠠᠯ ᠵᠠᠮ ᠤᠨ ᠡᠳᠦᠷ ᠲᠣᠳᠣᠮ ᠤᠨ ᠠᠷᠠᠴᠢᠯᠠᠯᠳᠠ ᠬᠠᠮᠠᠭᠠᠯᠠᠯᠳᠠ ᠶᠢᠨ ᠪᠡᠯᠡ ᠮᠦᠩᠭᠦ  ᠶᠢᠨ ᠣᠷᠣᠭᠤᠯᠣᠯᠳᠠ ᠶᠢᠨ ᠡᠷᠴᠢᠮ ᠢ ᠴᠢᠩᠭᠠᠳᠬᠠᠨ᠂ ᠨᠠᠶᠢᠳᠠᠪᠦᠷᠢᠵᠢᠭᠤᠯᠪᠠᠰᠦ ᠵᠣᠬᠢᠬᠤ ᠪᠡᠯᠡ ᠮᠦᠩᠭᠦ 1294 ᠲᠦᠮᠡᠨ ᠲᠦᠬᠦᠷᠢᠭ᠂ ᠪᠦᠬᠦ ᠵᠢᠯ ᠤᠨ ᠡᠳᠦᠷ ᠲᠣᠳᠣᠮ ᠤᠨ ᠠᠷᠠᠴᠢᠯᠠᠯᠳᠠ ᠬᠠᠮᠠᠭᠠᠯᠠᠯᠳᠠ ᠶᠢᠨ ᠪᠡᠯᠡ ᠮᠦᠩᠭᠦ 1300 ᠲᠦᠮᠡᠨ ᠲᠦᠬᠦᠷᠢᠭ ᠢ ᠲᠣᠳᠠᠭᠤᠯᠣᠯ ᠦᠭᠡᠢ ᠣᠷᠣᠨᠵᠢᠭᠤᠯᠣᠨ᠎ᠠ᠃     ︵ᠭᠤᠷᠪᠠ︶ ᠪᠠᠷᠢᠯᠭ᠎ᠠ ᠶᠢᠨ ᠠᠵᠢᠯ ᠢ ᠲᠦᠷᠢᠮᠵᠢᠭᠦᠯᠦᠨ᠎ᠡ᠃ ᠵᠢᠱᠢᠶ᠎ᠡ ᠦᠵᠡᠭᠦᠯᠬᠦ ᠴᠣᠭᠴᠠᠯᠠᠯᠳᠠ ᠶᠢᠨ ᠶᠡᠷᠦᠩᠬᠡᠢ ᠴᠣᠭᠴᠠ ᠶᠢᠨ ᠬᠠᠷᠠᠯᠳᠠ ᠡᠭᠦᠷᠭᠡ ᠶᠢ ᠦᠨᠳᠦᠰᠦᠯᠡᠨ᠂ ᠱᠠᠳᠦ ᠱᠠᠳᠦ ᠪᠠᠷ ᠬᠠᠷᠢᠭᠤᠴᠠᠯᠭ᠎ᠠ ᠶᠢᠨ ᠪᠢᠴᠢᠭ ᠲᠣᠭᠳᠠᠭᠠᠵᠣ᠂ ᠵᠠᠮ ᠬᠠᠷᠢᠯᠴᠠᠭ᠎ᠠ ᠵᠠᠮ ᠲᠡᠭᠡᠭᠡᠪᠦᠷᠢ ᠶᠢᠨ ᠶᠠᠮᠣᠨ᠂ ᠦᠪᠡᠷᠳᠡᠭᠡᠨ ᠵᠠᠰᠠᠬᠤ ᠣᠷᠣᠨ  ᠤ ᠵᠠᠮ ᠬᠠᠷᠢᠯᠴᠠᠭ᠎ᠠ ᠵᠠᠮ ᠲᠡᠭᠡᠭᠡᠪᠦᠷᠢ ᠶᠢᠨ ᠲᠢᠩᠬᠢᠮ ᠤᠨ ᠲᠦᠷᠢᠮᠵᠢᠭᠦᠯᠬᠦ ᠲᠡᠰ ᠲᠠᠷᠠᠭᠠᠯᠠᠯ ᠤᠨ ᠱᠠᠭᠠᠷᠳᠠᠯᠭ᠎ᠠ ᠶᠢ ᠴᠢᠩᠭ᠎ᠠ ᠵᠢᠷᠣᠮᠯᠡᠵᠣ᠂ ᠪᠠᠷᠢᠮᠵᠢᠶᠠᠵᠢᠭᠰᠠᠨ ᠲᠦᠯᠦᠪᠯᠡᠭᠡ᠂ ᠲᠦᠷᠢᠮᠵᠢᠭᠰᠡᠨ ᠬᠢᠨᠠᠨ ᠪᠠᠶᠢᠴᠠᠭᠠᠯᠳᠠ᠂ ᠢᠯᠡ ᠲᠠᠭᠠᠭᠠᠴᠢᠯᠠᠯᠳᠠ᠂ ᠲᠣᠰᠬᠠᠢ ᠮᠡᠷᠭᠡᠵᠢᠭᠰᠡᠨ ᠪᠠᠷᠢᠯᠭ᠎ᠠ ᠶᠢᠨ ᠠᠵᠢᠯ᠂ ᠨᠡᠶᠢᠭᠡᠮᠴᠢᠯᠡᠭᠰᠡᠨ ᠬᠢᠨᠠᠨ ᠲᠠᠯᠪᠢᠯᠳᠠ ᠶᠢ ᠦᠨᠡᠨᠬᠦ ᠪᠡᠶᠡᠯᠡᠭᠦᠯᠦᠨ᠎ᠡ᠃     ︵ᠲᠦᠷᠪᠡ︶ ᠪᠠᠶᠢᠴᠠᠭᠠᠯᠳᠠ ᠬᠢᠵᠣ ᠬᠢᠨᠠᠯᠳᠠ ᠲᠠᠯᠪᠢᠨ᠎ᠠ᠃ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠴᠣᠭᠴᠠᠯᠠᠯᠳᠠ  ᠶᠢᠨ ᠠᠵᠢᠯ ᠢ ᠬᠤᠰᠢᠭᠤᠨ ᠠᠴᠠ ᠪᠠᠯᠭᠠᠰᠣᠨ ᠳᠤ ᠬᠠᠨᠳᠣᠭᠤᠯᠣᠭᠰᠠᠨ ︽ᠲᠠᠪᠦ ᠶᠢ ᠨᠢᠭᠡ ᠴᠣᠭᠴᠠᠵᠢᠭᠤᠯᠬᠤ︾ ᠪᠦᠳᠦᠮᠵᠢ ᠶᠢᠨ ᠰᠢᠯᠭᠠᠯᠳᠠ ᠳᠤ ᠣᠷᠣᠭᠤᠯᠣᠨ᠂ ᠣᠯᠠᠷᠢᠯ᠂ ᠵᠢᠯ ᠤᠨ ᠡᠴᠦᠰ ᠲᠤ ᠬᠠᠮᠢᠶ᠎ᠠ ᠪᠦᠬᠦᠢ ᠰᠠᠯᠠᠭ᠎ᠠ ᠮᠦᠴᠢᠷ ᠢ ᠵᠣᠬᠢᠶᠠᠨ ᠪᠠᠶᠢᠭᠤᠯᠣᠨ ᠡᠯ᠎ᠡ ᠪᠠᠯᠭᠠᠰᠣᠨ ᠤ ᠠᠵᠢᠯ ᠤᠨ ᠨᠠᠶᠢᠳᠠᠪᠦᠷᠢᠵᠢᠭᠤᠯᠣᠯᠳᠠ ᠶᠢᠨ ᠪᠠᠶᠢᠳᠠᠯ ᠳᠤ ᠬᠢᠨᠠᠨ ᠰᠢᠯᠭᠠᠯᠳᠠ ᠶᠠᠪᠣᠭᠳᠠᠭᠤᠯᠵᠣ᠂ ᠬᠢᠨᠠᠨ ᠰᠢᠯᠭᠠᠯᠳᠠ ᠶᠢᠨ ᠦᠷ᠎ᠡ ᠳ᠋ᠦᠩ ᠢ ᠨᠡᠶᠢᠳᠡᠯᠡᠨ᠎ᠡ᠃ ᠬᠢᠨᠠᠨ ᠪᠠᠶᠢᠴᠠᠭᠠᠯᠳᠠ ᠳᠤ ᠠᠬᠤᠢ ᠲᠠᠯᠠᠪᠠᠢ ᠳᠤ ᠪᠠᠶᠢᠴᠠᠭᠠᠬᠤ᠂ ᠬᠡᠮᠵᠢᠭᠦᠷᠯᠢᠭ ᠢᠶᠠᠷ ᠬᠡᠮᠵᠢᠬᠦ᠂ ᠲᠣᠳᠣᠭᠠᠳᠦ ᠶᠢᠨ ᠮᠡᠲ᠋ᠧᠷᠢᠶᠡᠯ ᠢ ᠪᠠᠶᠢᠴᠠᠭᠠᠬᠤ ᠵᠢᠴᠢ ᠵᠠᠮ ᠤᠨ ᠪᠠᠶᠢᠳᠠᠯ ᠤᠨ ᠶᠠᠰᠦ ᠴᠢᠨᠠᠷ ᠢ ᠪᠠᠶᠢᠴᠠᠭᠠᠨ ᠦᠨᠡᠯᠡᠬᠦ  ᠶᠢ ᠬᠠᠷᠢᠯᠴᠠᠨ ᠣᠶᠠᠯᠳᠣᠭᠤᠯᠬᠤ ᠠᠷᠭ᠎ᠠ ᠶᠢ ᠬᠡᠷᠡᠭᠵᠢᠭᠦᠯᠦᠨ᠎ᠡ᠃ ᠬᠢᠨᠠᠨ ᠰᠢᠯᠭᠠᠯᠳᠠ ᠶᠢᠨ ᠪᠠᠶᠢᠴᠠᠭᠠᠯᠳᠠ ᠳᠤ ᠡᠩ ᠤᠨ ᠴᠠᠭ ᠤᠨ ᠰᠣᠭᠤᠯᠣᠨ ᠪᠠᠶᠢᠴᠠᠭᠠᠯᠳᠠ ᠪᠣᠯᠣᠨ ᠵᠢᠯ ᠤᠨ ᠡᠴᠦᠰ ᠤᠨ ᠬᠢᠨᠠᠨ ᠰᠢᠯᠭᠠᠯᠳᠠ ᠶᠢ ᠣᠶᠠᠯᠳᠣᠭᠤᠯᠵᠣ᠂ ᠡᠩ ᠤᠨ ᠴᠠᠭ ᠤᠨ ᠰᠣᠭᠤᠯᠣᠨ ᠪᠠᠶᠢᠴᠠᠭᠠᠯᠳᠠ ᠶᠢ ᠣᠯᠠᠷᠢᠯ ᠪᠦᠷᠢ 1 ᠣᠳᠠᠭ᠎ᠠ ᠶᠠᠪᠣᠭᠳᠠᠭᠤᠯᠣᠨ᠂ ᠣᠳᠠᠭ᠎ᠠ ᠪᠦᠷᠢ 1 —2 ᠪᠠᠯᠭᠠᠰᠣ ᠶᠢ ᠰᠣᠭᠤᠯᠣᠨ ᠪᠠᠶᠢᠴᠠᠭᠠᠵᠣ᠂ ᠵᠠᠷᠴᠢᠮ ᠲᠡᠭᠡᠷ᠎ᠡ ᠪᠠᠨ ᠪᠠᠯᠭᠠᠰᠦ ᠪᠦᠷᠢ ᠶᠢ ᠵᠢᠯ ᠪᠣᠯᠭᠠᠨ ᠠᠳᠠᠭ ᠲᠤ  ᠪᠠᠨ 2 ᠣᠳᠠᠭ᠎ᠠ ᠪᠠᠶᠢᠴᠠᠭᠠᠨ᠎ᠠ᠃ ᠰᠢᠶᠠᠨ ᠤ ᠵᠠᠮ ᠤᠨ ᠲᠣᠭᠳᠠᠮᠠᠯ ᠬᠤᠭᠤᠴᠠᠭᠠᠳᠦ ᠪᠠᠶᠢᠴᠠᠭᠠᠯᠳᠠ ᠶᠢ ᠣᠯᠠᠷᠢᠯ ᠪᠦᠷᠢ 1 ᠣᠳᠠᠭ᠎ᠠ ᠶᠠᠪᠣᠭᠳᠠᠭᠤᠯᠣᠨ᠂ ᠠᠷᠠᠴᠢᠯᠠᠨ ᠬᠠᠮᠠᠭᠠᠯᠠᠬᠤ ᠪᠦᠬᠦ ᠵᠠᠮ ᠤᠨ ᠣᠷᠳᠦ ᠶᠢ 100% ᠪᠠᠷ ᠪᠠᠶᠢᠴᠠᠭᠠᠵᠣ᠂ ᠰᠢᠯᠭᠠᠨ ᠦᠨᠡᠯᠡᠯᠳᠡ ᠶᠢᠨ ᠶᠡᠷᠦᠩᠬᠡᠢ ᠬᠤᠪᠢ 100 ᠬᠤᠪᠢ᠂ 4 ᠣᠯᠠᠷᠢᠯ ᠤᠨ ᠪᠠᠶᠢᠴᠠᠭᠠᠯᠳᠠ ᠦᠨᠡᠯᠡᠯᠳᠡ ᠶᠢᠨ ᠲᠡᠭᠰᠢᠳᠬᠡᠯ ᠬᠤᠪᠢ ᠪᠠᠷ ᠵᠢᠯ ᠤᠨ ᠡᠴᠦᠰ ᠤᠨ ᠰᠢᠯᠭᠠᠯᠳᠠ  ᠳᠤ ᠬᠤᠪᠢ ᠣᠯᠭᠤᠨ᠎ᠠ︔ ᠬᠦᠳᠡᠭᠡ ᠲᠣᠰᠬᠤᠨ ᠤ ᠵᠠᠮ ᠤᠨ ᠲᠣᠭᠳᠠᠮᠠᠯ ᠬᠤᠭᠤᠴᠠᠭᠠᠳᠦ ᠪᠠᠶᠢᠴᠠᠭᠠᠯᠳᠠ ᠶᠢ ᠬᠠᠭᠠᠰ ᠵᠢᠯ ᠳᠤ 1 ᠣᠳᠠᠭ᠎ᠠ ᠶᠠᠪᠣᠭᠳᠠᠭᠤᠯᠣᠨ᠂ ᠪᠠᠶᠢᠴᠠᠭᠠᠨ ᠰᠢᠯᠭᠠᠯᠳᠠ ᠶᠢᠨ ᠪᠦᠬᠦ ᠣᠷᠳᠦ ᠡᠯ᠎ᠡ ᠪᠠᠯᠭᠠᠰᠣᠨ ᠤ ᠠᠷᠠᠴᠢᠯᠠᠨ ᠬᠠᠮᠠᠭᠠᠯᠠᠬᠤ ᠶᠡᠷᠦᠩᠬᠡᠢ ᠵᠠᠮ ᠤᠨ 60% ᠠᠴᠠ ᠲᠣᠣᠷ᠎ᠠ ᠪᠠᠶᠢᠯᠭᠠᠬᠤ ᠦᠭᠡᠢ᠂ ᠰᠢᠯᠭᠠᠨ ᠦᠨᠡᠯᠡᠯᠳᠡ ᠶᠢᠨ ᠶᠡᠷᠦᠩᠬᠡᠢ ᠬᠤᠪᠢ 100 ᠬᠤᠪᠢ᠂ ᠬᠠᠭᠠᠰ ᠵᠢᠯ ᠤᠨ ᠰᠢᠯᠭᠠᠨ ᠦᠨᠡᠯᠡᠯᠳᠡ ᠶᠢᠨ ᠬᠤᠪᠢ 40% ᠶᠢ ᠡᠵᠡᠯᠡᠵᠣ᠂ ᠵᠢᠯ ᠤᠨ ᠡᠴᠦᠰ ᠤᠨ ᠶᠡᠷᠦᠩᠬᠡᠢ ᠦᠨᠡᠯᠡᠯᠳᠡ 60% ᠶᠢ ᠡᠵᠡᠯᠡᠨ᠎ᠡ᠃     ︵ᠲᠠᠪᠤ︶ ᠱᠠᠩᠨᠠᠵᠣ ᠲᠣᠷᠭᠠᠬᠤ ᠠᠷᠭ᠎ᠠ ᠬᠡᠷᠡᠭᠵᠢᠭᠦᠯᠦᠨ᠎ᠡ᠃ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠴᠣᠭᠴᠠᠯᠠᠯᠳᠠ  ᠶᠢᠨ ᠰᠢᠯᠭᠠᠯᠳᠠ ᠶᠢᠨ ᠦᠷ᠎ᠡ ᠪᠦᠳᠦᠮᠵᠢ ᠶᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠣᠯᠳᠠ ᠠᠷᠠᠴᠢᠯᠠᠯᠳᠠ ᠬᠠᠮᠠᠭᠠᠯᠠᠯᠳᠠ ᠶᠢᠨ ᠨᠦᠬᠦᠪᠦᠷᠢ  ᠶᠢᠨ ᠪᠡᠯᠡ ᠮᠦᠩᠭᠦ ᠲᠠᠢ ᠬᠤᠯᠪᠣᠭᠳᠠᠭᠤᠯᠣᠨ᠎ᠠ᠃ ᠬᠠᠷᠠᠯᠳᠠ ᠡᠭᠦᠷᠭᠡ ᠪᠠᠨ ᠨᠡᠯᠢᠶᠡᠳ ᠲᠠᠪᠠᠭᠤᠯᠢᠭ ᠪᠡᠶᠡᠯᠡᠭᠦᠯᠣᠨ 85 ᠠᠴᠠ ᠲᠡᠭᠡᠭᠰᠢ ᠬᠤᠪᠢ ᠣᠯᠣᠭᠰᠠᠨ ᠪᠠᠶᠢᠪᠠᠯ ᠨᠦᠬᠦᠪᠦᠷᠢ ᠶᠢᠨ ᠪᠡᠯᠡ ᠮᠦᠩᠭᠦ ᠢ ᠪᠦᠬᠦᠨ ᠢ ᠣᠯᠭᠤᠬᠤ ᠮᠦᠷᠳᠡᠭᠡᠨ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠤᠨ ᠬᠤᠰᠢᠭᠤ ᠲᠡᠰ ᠤᠨ ᠲᠠᠭᠤᠷᠢᠶᠠᠯ ᠪᠠᠯᠭᠠᠰᠣ ᠪᠠᠷ ᠭᠤᠶᠣᠴᠢᠯᠠᠨ ᠮᠡᠳᠡᠭᠦᠯᠵᠣ ᠪᠣᠯᠣᠨ᠎ᠠ︔ 75 ᠬᠤᠪᠢ ᠠᠴᠠ ᠲᠡᠭᠡᠭᠰᠢ 85 ᠬᠤᠪᠢ ᠠᠴᠠ ᠲᠣᠷᠣᠭᠰᠢ ᠪᠠᠶᠢᠪᠠᠯ ᠨᠦᠬᠦᠪᠦᠷᠢ ᠶᠢᠨ ᠪᠡᠯᠡ ᠮᠦᠩᠭᠦᠨ ᠤ 90% ᠶᠢ ᠣᠯᠭᠤᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠯᠳᠠ ᠬᠠᠮᠠᠭᠠᠯᠠᠯᠳᠠ ᠬᠠᠮᠢᠶᠠᠷᠣᠯᠳᠠ ᠶᠢᠨ ᠦᠨᠳᠦᠰᠦᠨ ᠳᠤ ᠪᠠᠨ ᠬᠢᠷᠢ ᠲᠡᠩᠴᠡᠭᠰᠡᠨ ᠪᠠᠯᠭᠠᠰᠦ ᠪᠠᠷ ᠦᠨᠡᠯᠡᠨ᠎ᠡ︔ 75 ᠬᠤᠪᠢ ᠠᠴᠠ ᠲᠣᠷᠣᠭᠰᠢ ᠪᠠᠶᠢᠪᠠᠯ ᠨᠦᠬᠦᠪᠦᠷᠢ ᠶᠢᠨ ᠪᠡᠯᠡ ᠮᠦᠩᠭᠦᠨ ᠤ 60% ᠶᠢ ᠣᠯᠭᠤᠨ᠂ ᠵᠠᠷᠯᠠᠨ ᠰᠢᠭᠦᠮᠵᠢᠯᠡᠵᠣ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠣᠨ᠎ᠠ᠃ ︽ᠲᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠤᠨ ᠬᠤᠰᠢᠭᠤ ᠲᠡᠰ ᠤᠨ ᠲᠠᠭᠤᠷᠢᠶᠠᠯ ᠪᠠᠯᠭᠠᠰᠣ᠂ ᠭᠠᠴᠠᠭ᠎ᠠ ᠲᠣᠰᠬᠤᠨ ᠢᠶᠠᠷ ᠦᠨᠡᠯᠡᠭᠳᠡᠪᠡᠯ ᠪᠡᠯᠡ ᠮᠦᠩᠭᠦᠨ ᠤ ᠱᠠᠩᠨᠠᠯ ᠣᠯᠭᠤᠨ᠂ ᠬᠦᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠳᠠ ᠠᠷᠠᠴᠢᠯᠠᠯᠳᠠ ᠬᠠᠮᠠᠯᠭᠠᠯᠠᠳᠠ ᠳᠤ ᠬᠡᠷᠡᠭᠯᠡᠨ᠎ᠡ᠃ 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠡᠲ᠋ᠧᠷᠢᠶᠡᠯ