ᠣᠶᠢᠷ᠎ᠠ ᠶᠢᠨ ᠵᠢᠯ ᠠᠴᠠ ᠨᠠᠭᠠᠰᠢ᠂ ᠬᠤᠲᠠ᠂ ᠬᠤᠰᠢᠭᠤ ᠬᠤᠶᠠᠷ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠷᠴᠢᠲᠤ ᠣᠳᠣᠷᠢᠳᠣᠯᠭ᠎ᠠ ᠪᠠ | ᠡᠷᠴᠢᠮᠲᠡᠢ ᠳᠡᠮᠵᠢᠯᠭᠡ ᠳᠣᠣᠷ᠎ᠠ᠂ ᠨᠠᠩᠰᠣ ᠪᠠᠯᠭᠠᠰᠣ ᠬᠦᠳᠡᠭᠡ ᠲᠤᠰᠬᠤᠨ ᠤ ᠬᠦᠭᠵᠢᠯ ᠮᠠᠨᠳᠣᠯ ᠤᠨ ᠪᠠᠶᠢᠯᠳᠣᠬᠤ ᠪᠣᠳᠣᠯᠭ᠎ᠠ ᠶᠢ ᠬᠦᠨᠵᠡᠬᠡᠢ ᠬᠡᠷᠡᠭᠵᠢᠬᠦᠯᠵᠦ᠂ | ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ ᠤ ᠪᠠᠶᠢᠭᠤᠯᠤᠯᠲᠠ ᠶᠢ ᠦᠷᠬᠦᠯᠵᠢᠬᠦᠶᠢᠴᠡ ᠴᠢᠩᠭᠠᠳᠬᠠᠨ᠂ ᠮᠠᠯᠴᠢᠨ ᠲᠠᠷᠢᠶᠠᠴᠢᠨ ᠤ ᠠᠵᠢᠯ ᠤᠨ ᠴᠢᠯᠦᠬᠡᠨ ᠤ | ᠰᠣᠶᠣᠯ ᠤᠨ ᠠᠮᠢᠳᠣᠷᠠᠯ ᠤᠨ ᠰᠠᠭᠤᠷᠢ ᠳᠦᠬᠦᠬᠡᠷᠦᠮᠵᠢ ᠶᠢ ᠬᠦᠴᠦᠯᠡᠨ ᠳᠡᠬᠦᠯᠳᠡᠷᠵᠢᠬᠦᠯᠵᠦ᠂ ᠪᠦᠬᠦ ᠠᠷᠠᠳ ᠢᠶᠠᠷ ᠢᠶᠠᠨ ᠠᠯᠠᠭᠠᠳᠠᠬᠤ ᠪᠦᠮᠪᠦᠭᠡ ᠶᠢᠨ ᠬᠦᠳᠡᠯᠬᠡᠬᠡᠨ | ᠳᠤ ᠣᠷᠣᠯᠴᠠᠬᠤ ᠣᠬᠢ ᠰᠠᠶᠢᠨ ᠠᠭᠤᠷ ᠠᠮᠢᠰᠬᠤᠯ ᠢ ᠢᠳᠡᠪᠬᠢᠲᠡᠢ ᠪᠠᠷ ᠪᠤᠢ ᠪᠤᠯᠭᠠᠭᠠᠳ᠂ ᠠᠯᠠᠭᠠᠳᠠᠬᠤ ᠪᠦᠮᠪᠦᠭᠡ ᠶᠢᠨ ᠬᠦᠳᠡᠯᠬᠡᠬᠡᠨ ᠦᠷᠨᠢᠬᠦᠨ ᠬᠦᠭᠵᠢᠵᠦ᠂ | ᠠᠯᠠᠭᠠᠳᠠᠬᠤ ᠪᠦᠮᠪᠦᠭᠡ ᠶᠢᠨ ᠬᠠᠯᠠᠭᠤᠷᠠᠯ ᠨᠠᠩᠰᠣ ᠪᠠᠯᠭᠠᠰᠣᠨ ᠤ ᠭᠤᠴᠤ ᠨᠡᠷ᠎ᠡ ᠶᠢᠨ ᠬᠠᠭᠤᠳᠠᠰᠣ ᠪᠤᠯᠤᠭᠰᠠᠨ ᠪᠠᠶᠢᠨ᠎ᠠ᠃ | ᠦᠩᠭᠡᠷᠡᠭᠰᠡᠨ ᠨᠢᠬᠡ ᠵᠢᠯ ᠳᠤ᠂ ᠨᠠᠩᠰᠣ ᠪᠠᠯᠭᠠᠰᠣ ︽ᠠᠯᠠᠭᠠᠳᠠᠬᠤ ᠪᠦᠮᠪᠦᠭᠡ ᠶᠢᠨ ᠪᠡᠶ᠎ᠡ ᠲᠠᠮᠢᠷ ᠤᠨ ᠣᠨᠴᠠᠯᠢᠭᠲᠤ ᠪᠠᠯᠭᠠᠰᠣ︾ ᠶᠢᠨ ᠨᠡᠷᠡᠲᠦ ᠲᠡᠮᠲᠡᠭ ᠤᠨ | ᠪᠠᠶᠢᠭᠤᠯᠤᠯᠲᠠ ᠶᠢ ᠡᠷᠴᠢᠮᠲᠡᠢ ᠠᠳᠬᠤᠵᠤ᠂ ᠠᠯᠠᠭᠠᠳᠠᠬᠤ ᠪᠦᠮᠪᠦᠭᠡ ᠶᠢᠨ ᠰᠣᠶᠣᠯ ᠪᠡᠶ᠎ᠡ ᠲᠠᠮᠢᠷ ᠤᠨ ᠵᠤᠷᠢᠭ ᠰᠠᠨᠠᠭ᠎ᠠ ᠶᠢ ᠢᠳᠡᠪᠬᠢᠲᠡᠢ ᠪᠠᠷ ᠰᠣᠷᠲᠠᠯᠴᠢᠯᠠᠨ᠂ ᠪᠡᠶ᠎ᠡ | ᠲᠠᠮᠢᠷ ᠤᠨ ᠦᠢᠯᠡᠰ ᠪᠠ ᠪᠡᠶ᠎ᠡ ᠲᠠᠮᠢᠷ ᠤᠨ ᠰᠣᠶᠣᠯ ᠤᠨ ᠬᠦᠭᠵᠢᠯᠲᠡ ᠶᠢ ᠬᠦᠨᠵᠡᠬᠡᠢ ᠠᠬᠢᠭᠤᠯᠵᠤ᠂ ᠰᠠᠨᠠᠭᠠᠴᠢᠯᠠᠭ᠎ᠠ ᠠᠴᠠ ᠪᠠᠨ ᠲᠤᠭ ᠳᠠᠯᠪᠠᠭ᠎ᠠ ᠪᠠᠨ ᠦᠨᠳᠦᠷ | ᠮᠠᠨᠳᠣᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠣᠶᠣᠯ ᠢ ᠬᠦᠭᠵᠢᠬᠦᠯᠬᠦ᠂ ᠬᠡᠪ ᠳᠦᠷᠬᠦ ᠪᠠᠨ ᠢᠯᠡᠷᠡᠬᠦᠯᠬᠦ ᠡᠬᠦᠷᠭᠡ ᠬᠠᠷᠢᠭᠤᠴᠠᠯᠭ᠎ᠠ ᠪᠠᠨ | ᠡᠬᠦᠷᠭᠡᠯᠡᠨ᠂ ᠨᠠᠩᠰᠤ ᠪᠠᠯᠭᠠᠰᠣᠨ ᠤ ᠠᠯᠠᠭᠠᠳᠠᠬᠤ ᠪᠦᠮᠪᠦᠭᠡ ᠶᠢᠨ ᠪᠡᠶ᠎ᠡ ᠲᠠᠮᠢᠷ ᠤᠨ ᠰᠠᠭᠤᠷᠢ ᠳᠦᠬᠦᠬᠡᠷᠦᠮᠵᠢ ᠪᠠ ᠠᠯᠠᠭᠠᠳᠠᠬᠤ ᠪᠦᠮᠪᠦᠭᠡ ᠶᠢᠨ ᠬᠦᠳᠡᠯᠬᠡᠬᠡᠨ ᠤ | ᠦᠳᠬᠡᠨ ᠵᠤᠵᠠᠭᠠᠨ ᠰᠣᠶᠣᠯ ᠤᠨ ᠠᠭᠤᠷ ᠠᠮᠢᠰᠬᠤᠯ ᠤᠨ ᠣᠷᠣᠨ ᠪᠦᠰᠡ ᠶᠢᠨ ᠳᠠᠪᠠᠭᠤᠯᠢᠭ ᠲᠠᠢ ᠣᠶᠠᠯᠳᠣᠭᠤᠯᠵᠣ᠂ ᠠᠯᠠᠭᠠᠳᠠᠬᠤ ᠪᠦᠮᠪᠦᠭᠡ ᠶᠢᠨ ᠪᠡᠶ᠎ᠡ ᠲᠠᠮᠢᠷ | ᠤᠨ ᠣᠨᠴᠠᠯᠢᠭᠲᠤ ᠪᠠᠯᠭᠠᠰᠣ ᠶᠢ ᠢᠳᠡᠪᠬᠢᠲᠡᠢ ᠪᠠᠷ ᠴᠤᠭᠴᠠᠯᠠᠨ᠂ ᠠᠯᠠᠭᠠᠳᠠᠬᠤ ᠪᠦᠮᠪᠦᠭᠡ ᠶᠢᠨ ᠬᠦᠳᠡᠯᠬᠡᠬᠡᠨ ᠤ ᠦᠷᠨᠢᠬᠦᠨ ᠬᠦᠭᠵᠢᠯᠲᠡ ᠶᠢ ᠪᠦᠬᠦ ᠬᠦᠴᠦᠨ ᠢᠶᠠᠷ | ᠠᠬᠢᠭᠤᠯᠵᠤ᠂ ᠨᠠᠩᠰᠣ ᠪᠠᠯᠭᠠᠰᠣᠨ ᠤ ᠴᠢᠨᠠᠷᠯᠢᠭ ᠬᠦᠭᠵᠢᠯᠲᠡ ᠶᠢᠨ ᠪᠡᠯᠬᠡ ᠲᠡᠮᠲᠡᠭᠲᠦ ᠠᠵᠢᠯ ᠦᠢᠯᠡᠰ ᠪᠤᠯᠭᠠᠨ ᠠᠬᠢᠭᠤᠯᠪᠠ᠃ | ᠰᠠᠭᠤᠷᠢ ᠳᠦᠬᠦᠬᠡᠷᠦᠮᠵᠢ ᠶᠢ ᠲᠡᠬᠦᠯᠳᠡᠷᠵᠢᠬᠦᠯᠵᠦ᠂ ᠠᠯᠠᠭᠠᠳᠠᠬᠤ ᠪᠦᠮᠪᠦᠭᠡ ᠶᠢᠨ ᠬᠦᠳᠡᠯᠬᠡᠬᠡᠨ ᠤ ᠰᠠᠭᠤᠷᠢ ᠶᠢ ᠪᠠᠬᠢᠵᠢᠬᠦᠯᠪᠡ᠂ ᠠᠯᠠᠭᠠᠳᠠᠬᠤ ᠪᠦᠮᠪᠦᠭᠡ ᠶᠢᠨ | ᠰᠠᠭᠤᠷᠢ ᠳᠦᠬᠦᠬᠡᠷᠦᠮᠵᠢ ᠶᠢ ᠲᠠᠰᠣᠷᠠᠯᠲᠠ ᠦᠬᠡᠢ ᠨᠡᠮᠡᠭᠳᠡᠬᠦᠯᠬᠦ ᠪᠠ ᠲᠡᠬᠦᠯᠳᠡᠷᠵᠢᠬᠦᠯᠬᠦ ᠪᠠᠷ ᠳᠠᠮᠵᠢᠭᠤᠯᠤᠨ᠂ ᠡᠯ᠎ᠡ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ | ᠬᠢᠨ ᠦᠨᠳᠦᠰᠦᠨ ᠳᠤ ᠪᠠᠨ ᠨᠢᠬᠡ ᠠᠯᠠᠭᠠᠳᠠᠬᠤ ᠪᠦᠮᠪᠦᠭᠡ ᠶᠢᠨ ᠲᠠᠯᠠᠪᠤᠷ ᠲᠠᠢ ᠪᠠᠶᠢᠬᠤ ᠶᠢ ᠪᠠᠲᠤᠯᠠᠵᠤ᠂ ᠣᠯᠠᠨ ᠨᠠᠶᠢᠲᠠ ᠶᠢᠨ ᠪᠡᠶ᠎ᠡ ᠲᠠᠮᠢᠷ ᠤᠨ ᠰᠢᠰᠲ᠋ᠧᠮ ᠢ | ᠡᠳᠦᠷ ᠢᠷᠡᠬᠦᠶ᠎ᠡ ᠳᠡᠬᠦᠯᠳᠡᠷᠵᠢᠬᠦᠯᠪᠡ᠃ ᠣᠳᠣᠬᠠᠨ ᠳᠤ᠂ ᠪᠦᠬᠦ ᠪᠠᠯᠭᠠᠰᠣᠨ ᠳᠤ ᠨᠡᠶᠢᠲᠡ 24 ᠠᠯᠠᠭᠠᠳᠠᠬᠤ ᠪᠦᠮᠪᠦᠭᠡ ᠶᠢᠨ ᠲᠠᠯᠠᠪᠤᠷ᠂ 3 ᠠᠯᠠᠭᠠᠳᠠᠬᠤ ᠪᠦᠮᠪᠦᠭᠡ | ᠶᠢᠨ ᠣᠷᠳᠣᠨ ᠲᠠᠢ᠂ ᠲᠠᠯᠠᠪᠤᠷ ᠤᠨ ᠶᠡᠷᠦᠩᠬᠡᠢ ᠲᠠᠯᠠᠪᠠᠢ 7000 ᠭᠠᠷᠤᠢ ᠳᠡᠭᠰᠢ ᠳᠦᠷᠪᠡᠯᠵᠢᠨ ᠮᠧᠲᠷ᠂ 19 ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ | ᠮᠠᠯᠴᠢᠨ ᠲᠠᠷᠢᠶᠠᠴᠢᠨ ᠤ ᠠᠯᠠᠭᠠᠳᠠᠬᠤ ᠪᠦᠮᠪᠦᠭᠡ ᠶᠢᠨ ᠪᠡᠶ᠎ᠡ ᠲᠠᠮᠢᠷ ᠤᠨ ᠲᠠᠯᠠᠪᠤᠷ ᠤᠨ ᠪᠦᠷᠬᠦᠴᠡ 90% ᠳᠤ ᠬᠦᠷᠴᠦ᠂ ᠣᠯᠠᠨ ᠨᠠᠶᠢᠲᠠ ᠶᠢᠨ ᠪᠡᠶ᠎ᠡ ᠲᠠᠮᠢᠷ ᠤᠨ | ᠳᠦᠬᠦᠭᠡᠷᠦᠮᠵᠢ ᠪᠦᠬᠦᠨ ᠢ ᠲᠦᠯᠦᠪᠦᠷᠢ ᠦᠬᠡᠢ ᠪᠤᠶᠤ ᠳᠣᠣᠷ᠎ᠠ ᠵᠠᠷᠤᠳᠠᠯ ᠢᠶᠠᠷ ᠨᠡᠶᠢᠬᠡᠮ ᠳᠤ ᠨᠡᠭᠡᠭᠡᠨ᠂ ᠤᠯᠠᠨ ᠲᠦᠮᠡᠨ ᠤ ᠠᠯᠠᠭᠠᠳᠠᠬᠤ ᠪᠦᠮᠪᠦᠭᠡ ᠶᠢᠨ | ᠣᠷᠣᠯᠳᠣᠭᠠᠨ ᠳᠤ ᠣᠷᠣᠯᠴᠠᠬᠤ᠂ ᠠᠯᠠᠭᠠᠳᠠᠬᠤ ᠪᠦᠮᠪᠦᠭᠡ ᠨᠠᠭᠠᠳᠬᠤ᠂ ᠪᠡᠶ᠎ᠡ ᠴᠢᠬᠢᠷᠠᠭᠵᠢᠭᠤᠯᠬᠤ ᠬᠡᠷᠡᠭᠴᠡᠭᠡ ᠶᠢ ᠪᠦᠲᠦᠮᠵᠢᠲᠡᠢ ᠰᠢᠢᠳᠪᠦᠷᠢᠯᠡᠪᠡ᠃ | ᠤᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠨ᠂ ᠠᠯᠠᠭᠠᠳᠠᠬᠤ ᠪᠦᠮᠪᠦᠭᠡ ᠶᠢᠨ ᠰᠣᠶᠣᠯ ᠤᠨ ᠣᠬᠢ ᠰᠠᠶᠢᠨ ᠠᠭᠤᠷ ᠠᠮᠢᠰᠬᠤᠯ ᠢ ᠪᠤᠢ ᠪᠤᠯᠭᠠᠪᠠ᠃ | ᠠᠯᠠᠭᠠᠳᠠᠬᠤ ᠪᠦᠮᠪᠦᠭᠡ ᠶᠢᠨ ᠲᠠᠯᠠᠪᠤᠷ ᠤᠨ ᠬᠠᠮᠢᠶᠠᠷᠤᠯᠲᠠ ᠶᠢᠨ ᠳᠦᠷᠢᠮ ᠢ ᠲᠠᠰᠣᠷᠠᠯᠲᠠ ᠦᠬᠡᠢ ᠳᠡᠬᠦᠯᠳᠡᠷᠵᠢᠬᠦᠯᠵᠦ᠂ ᠣᠯᠠᠨ ᠨᠠᠶᠢᠲᠠ ᠶᠢᠨ ᠳᠠᠪᠴᠠᠩ᠂ ᠪᠢᠴᠢᠯᠭᠡ | ᠳᠠᠪᠴᠠᠩ ᠵᠡᠷᠭᠡ ᠪᠠᠷ ᠳᠠᠮᠵᠢᠭᠤᠯᠤᠨ᠂ ᠪᠦᠮᠪᠦᠭᠡ ᠪᠤᠯᠪᠠᠰᠣᠷᠠᠬᠤ᠂ ᠪᠦᠮᠪᠦᠭᠡ ᠨᠠᠭᠠᠳᠬᠤ᠂ ᠪᠦᠮᠪᠦᠭᠡ ᠶᠢᠨ ᠣᠷᠣᠯᠳᠣᠭᠠᠨ ᠦᠵᠡᠵᠦ ᠰᠣᠨᠢᠷᠬᠠᠬᠤ ᠪᠠ ᠦᠨᠡᠯᠡᠬᠦ | ᠵᠡᠷᠭᠡ ᠠᠯᠠᠭᠠᠳᠠᠬᠤ ᠪᠦᠮᠪᠦᠭᠡ ᠶᠢᠨ ᠬᠦᠳᠡᠯᠬᠡᠬᠡᠨ ᠤ ᠬᠠᠮᠢᠶ᠎ᠠ ᠪᠦᠬᠦᠢ ᠮᠡᠳᠡᠯᠬᠡ ᠶᠢ ᠪᠦᠬᠦ ᠲᠠᠯ᠎ᠠ ᠪᠠᠷ ᠣᠬᠠᠭᠤᠯᠵᠤ᠂ ︽ᠠᠯᠠᠭᠠᠳᠠᠬᠤ ᠪᠦᠮᠪᠦᠭᠡ ᠶᠢᠨ ᠰᠣᠨᠢᠷᠬᠠᠯᠲᠤ | ᠮᠡᠳᠡᠯᠬᠡ ᠶᠢᠨ ᠣᠷᠣᠯᠳᠣᠭᠠᠨ︾ ᠵᠡᠷᠭᠡ ᠣᠯᠠᠨ ᠲᠦᠮᠡᠨ ᠤ ᠦᠵᠡᠬᠦ ᠳᠣᠷᠠᠲᠠᠢ ᠣᠬᠠᠭᠤᠯᠭ᠎ᠠ ᠶᠢᠨ ᠰᠢᠷᠢᠰ ᠵᠡᠷ᠂ ᠪᠢᠴᠢᠯᠭᠡ ᠶᠢ ᠲᠦᠬᠡᠮᠡᠯᠵᠢᠬᠦᠯᠦᠨ᠂ ᠠᠯᠠᠭᠠᠳᠠᠬᠤ | ᠪᠦᠮᠪᠦᠭᠡ ᠶᠢᠨ ᠬᠠᠯᠠᠭᠤᠷᠠᠯ ᠢ ᠪᠤᠢ ᠪᠤᠯᠭᠠᠵᠤ᠂ ᠲᠠᠯ᠎ᠠ ᠨᠤᠲᠤᠭ ᠤᠨ ᠠᠯᠠᠭᠠᠳᠠᠬᠤ ᠪᠦᠮᠪᠦᠭᠡ ᠶᠢᠨ ᠬᠠᠯᠠᠭᠤᠷᠠᠯ ᠬᠡᠬᠦ ᠵᠤᠬᠢᠶᠠᠯ ᠨᠢ ᠰᠢᠨᠬᠤᠸᠠ ᠬᠤᠷᠢᠶ᠎ᠠ᠂ ᠠᠷᠠᠳ ᠤᠨ | ᠰᠦᠯᠵᠢᠶ᠎ᠡ ᠵᠡᠷᠭᠡ ᠡᠯ᠎ᠡ ᠵᠠᠭᠤᠴᠢᠯᠠᠭᠤᠷ ᠢᠶᠠᠷ ᠮᠡᠳᠡᠭᠡᠯᠡᠭᠳᠡᠭᠰᠡᠨ ᠤ ᠬᠠᠮᠲᠤ ᠡᠯ᠎ᠡ ᠲᠦᠷᠦᠯ ᠤᠨ ᠣᠬᠠᠭᠤᠯᠭ᠎ᠠ ᠶᠢᠨ ᠠᠵᠢᠯᠯᠠᠭ᠎ᠠ ᠶᠢ 20 ᠭᠠᠷᠤᠢ ᠣᠳᠠᠭ᠎ᠠ | ᠦᠷᠨᠢᠬᠦᠯᠦᠨ᠂ ︽ᠦᠵᠡᠰᠬᠦᠯᠡᠩᠲᠦ ᠨᠠᠩᠰᠣ︾ ᠵᠡᠷᠭᠡ ᠳᠠᠪᠴᠠᠩ ᠢᠶᠠᠷ 200 ᠭᠠᠷᠤᠢ ᠵᠤᠷᠪᠤᠰ ᠣᠬᠠᠭᠤᠯᠤᠨ ᠲᠦᠬᠡᠮᠡᠯᠵᠢᠬᠦᠯᠵᠦ᠂ ︽ᠭᠠᠴᠠᠭ᠎ᠠ ᠲᠤᠰᠬᠤᠨ ᠤ | ᠷᠠᠳᠢᠣ᠋︾᠂ ᠸᠢᠴᠠᠲ ᠬᠤᠯᠪᠤᠭ᠎ᠠ᠂ ︽ᠨᠡᠬᠦᠳᠡᠯ ᠺᠢᠨᠣ᠋ ᠣᠷᠳᠣᠨ︾ ᠵᠡᠷᠭᠡ ᠪᠢᠴᠢᠯᠬᠡ ᠶᠢᠨ ᠳᠠᠪᠴᠠᠩ ᠢᠶᠠᠷ ᠳᠠᠮᠵᠢᠭᠤᠯᠤᠨ ᠮᠠᠯᠴᠢᠨ ᠲᠠᠷᠢᠶᠠᠴᠢᠨ ᠳᠤ ᠠᠯᠠᠭᠠᠳᠠᠬᠤ | ᠪᠦᠮᠪᠦᠭᠡ ᠶᠢᠨ ᠬᠦᠳᠡᠯᠭᠡᠭᠡᠨ ᠤ ᠰᠢᠯᠢᠳᠡᠭ ᠪᠢᠴᠢᠯ ᠺᠢᠨᠣ᠋᠂ ᠣᠬᠤᠷ ᠹᠢᠯᠢᠮ ᠢ ᠲᠠᠨᠢᠯᠴᠠᠭᠤᠯᠤᠨ᠂ ᠣᠯᠠᠨ ᠲᠦᠮᠡᠨ ᠤ ᠠᠯᠠᠭᠠᠳᠠᠬᠤ ᠪᠦᠮᠪᠦᠭᠡ ᠶᠢᠨ ᠬᠦᠳᠡᠯᠭᠡᠭᠡᠨ ᠳᠤ | ᠪᠠᠭ᠋ᠠᠳᠣᠬᠤ ᠰᠡᠳᠬᠢᠯᠬᠡ ᠶᠢ ᠲᠠᠰᠣᠷᠠᠯᠲᠠ ᠦᠬᠡᠢ ᠬᠦᠭᠵᠢᠬᠡᠵᠦ᠂ ᠨᠡᠩ ᠣᠯᠠᠨ ᠪᠠᠭ᠋ᠠᠲᠠᠳ ᠤᠨ ᠠᠯᠠᠭᠠᠳᠠᠬᠤ ᠪᠦᠮᠪᠦᠭᠡ ᠶᠢᠨ ᠬᠦᠳᠡᠯᠭᠡᠭᠡᠨ ᠳᠤ ᠣᠷᠣᠯᠴᠠᠬᠤ ᠶᠢ | ᠣᠷᠮᠠᠰᠢᠭᠤᠯᠤᠨ᠂ ᠠᠯᠠᠭᠠᠳᠠᠬᠤ ᠪᠦᠮᠪᠦᠭᠡ ᠶᠢᠨ ᠰᠣᠶᠣᠯ ᠤᠨ ᠠᠭᠤᠷ ᠠᠮᠢᠰᠬᠤᠯ ᠢ ᠣᠯᠠᠮ ᠦᠳᠬᠡᠨ ᠵᠤᠵᠠᠭᠠᠨ ᠪᠤᠯᠭᠠᠪᠠ᠃ | ᠣᠯᠠᠨ ᠲᠦᠮᠡᠨ ᠤ ᠠᠯᠠᠭᠠᠳᠠᠬᠤ ᠪᠦᠮᠪᠦᠭᠡ ᠶᠢᠨ ᠬᠦᠳᠡᠯᠬᠡᠬᠡᠨ ᠢ ᠪᠦᠬᠦ ᠲᠠᠯ᠎ᠠ ᠪᠠᠷ ᠦᠷᠨᠢᠬᠦᠯᠵᠦ᠂ ᠠᠯᠠᠭᠠᠳᠠᠬᠤ ᠪᠦᠮᠪᠦᠭᠡ ᠶᠢᠨ ᠬᠠᠯᠠᠭᠤᠷᠠᠯ ᠢ ᠪᠤᠢ | ᠪᠤᠯᠭᠠᠪᠠ᠃ ᠪᠠᠯᠭᠠᠰᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠢᠯᠣᠭᠤᠳᠣᠯᠭ᠎ᠠ ᠳᠣᠣᠷ᠎ᠠ᠂ ᠭᠠᠴᠠᠭ᠎ᠠ ᠲᠤᠰᠬᠤᠨ ᠨᠡᠶᠢᠬᠡᠮ ᠲᠤᠭᠤᠷᠢᠭ ᠢᠶᠠᠷ ᠭᠤᠤᠯ | ᠴᠤᠭᠴᠠ ᠪᠤᠯᠭᠠᠨ᠂ ᠮᠠᠯᠵᠢᠯ ᠤᠨ ᠬᠤᠷᠰᠢᠶ᠎ᠠ ᠬᠤᠭᠤᠷᠤᠨᠲᠤᠬᠢ ᠠᠯᠠᠭᠠᠳᠠᠬᠤ ᠪᠦᠮᠪᠦᠭᠡ ᠶᠢᠨ ᠣᠷᠣᠯᠳᠣᠭᠠᠨ ᠢ ᠵᠠᠯᠭᠠᠭ᠎ᠠ ᠪᠠᠷ ᠦᠷᠨᠢᠬᠦᠯᠵᠦ᠂ ᠪᠠᠶᠠᠷ ᠳᠣᠷᠠᠰᠬᠠᠯ ᠤᠨ | ᠡᠳᠦᠷ ᠤᠳ ᠢᠶᠠᠷ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ᠬᠤᠭᠤᠷᠤᠨᠲᠤᠬᠢ ᠨᠦᠬᠦᠷᠰᠡᠭ ᠣᠷᠣᠯᠳᠣᠭᠠᠨ ᠪᠤᠯᠭᠠᠵᠤ ᠦᠷᠬᠡᠳᠬᠡᠨ᠂ ᠨᠡᠩ ᠤᠯᠠᠨ ᠠᠯᠠᠭᠠᠳᠠᠬᠤ | ᠪᠦᠮᠪᠦᠭᠡ ᠳᠤ ᠪᠠᠭ᠋ᠠᠲᠠᠢ ᠬᠦᠮᠦᠰ ᠣᠷᠣᠯᠴᠠᠬᠤ᠂ ᠣᠶᠢᠷ᠎ᠠ ᠬᠠᠪᠢ ᠶᠢᠨ ᠭᠠᠵᠠᠷ ᠣᠷᠣᠨ ᠤ ᠠᠵᠢᠯ ᠤᠨ ᠴᠢᠯᠦᠬᠡᠨ ᠤ ᠠᠯᠠᠭᠠᠳᠠᠬᠤ ᠪᠦᠮᠪᠦᠭᠡ ᠶᠢᠨ ᠠᠩᠬᠢ ᠶᠢ | ᠲᠠᠲᠠᠵᠣ᠂ ᠮᠠᠯᠴᠢᠨ ᠲᠠᠷᠢᠶᠠᠴᠢᠨ ᠢ ᠰᠠᠶᠢᠨ ᠳᠣᠷ᠎ᠠ ᠠᠴᠠ ᠪᠠᠨ ᠳᠣᠭᠤᠶᠢᠯᠠᠩ ᠪᠠᠶᠢᠭᠤᠯᠬᠤ᠂ ᠪᠠᠭ᠎ᠠ ᠬᠡᠪᠴᠢᠶᠠᠨ ᠤ ᠠᠯᠠᠭᠠᠳᠠᠬᠤ ᠪᠦᠮᠪᠦᠭᠡ ᠶᠢᠨ ᠤᠷᠤᠯᠳᠣᠭᠠᠨ | ᠶᠠᠪᠤᠭᠳᠠᠭᠤᠯᠬᠤ ᠶᠢ ᠵᠤᠷᠢᠭᠵᠢᠭᠤᠯᠪᠠ᠃ ᠣᠳᠣᠬᠠᠨ ᠪᠤᠯᠲᠠᠯ᠎ᠠ᠂ ᠪᠦᠬᠦ ᠪᠠᠯᠭᠠᠰᠣ ᠨᠡᠶᠢᠲᠡ 49 ᠠᠯᠠᠭᠠᠳᠠᠬᠤ ᠪᠦᠮᠪᠦᠭᠡ ᠶᠢᠨ ᠠᠩᠬᠢ᠂ 544 ᠨᠡᠷ᠎ᠡ ᠪᠦᠷᠢᠯᠳᠦᠬᠦᠨ | ᠲᠠᠢ᠂ ᠪᠦᠬᠦ ᠬᠤᠰᠢᠭᠤᠨ ᠤ ᠴᠢᠨᠠᠷᠲᠠᠢ ᠲᠤᠮᠤ ᠬᠡᠯᠪᠡᠷᠢ ᠶᠢᠨ ᠠᠯᠠᠭᠠᠳᠠᠬᠤ ᠪᠦᠮᠪᠦᠭᠡ ᠶᠢᠨ ᠣᠷᠣᠯᠳᠣᠭᠠᠨ ᠢ 1 ᠣᠳᠠᠭ᠎ᠠ᠂ ᠵᠠᠰᠠᠭ ᠤᠨ ᠣᠷᠳᠣᠨ ᠠᠴᠠ ᠵᠤᠬᠢᠶᠠᠨ | ᠪᠠᠶᠢᠭᠤᠯᠤᠭᠰᠠᠨ ᠺᠠᠳ᠋ᠷ ᠠᠵᠢᠯᠲᠠᠳ ᠤᠨ ᠠᠯᠠᠭᠠᠳᠠᠬᠤ ᠪᠦᠮᠪᠦᠭᠡ ᠶᠢᠨ ᠣᠷᠣᠯᠳᠣᠭᠠᠨ᠂ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ᠵᠤᠬᠢᠶᠠᠨ ᠪᠠᠶᠢᠭᠤᠯᠤᠭᠰᠠᠨ ︽ | ᠰᠡᠳᠬᠢᠯ ᠤᠨ ᠬᠤᠯᠪᠤᠭ᠎ᠠ︾ ᠬᠤᠨᠳᠠᠭᠠᠲᠤ ᠣᠷᠣᠯᠳᠣᠭᠠᠨ᠂ ᠢᠳᠡᠷ ᠨᠠᠰᠣᠲᠠᠶᠢᠴᠤᠳ ᠤᠨ ᠠᠯᠠᠭᠠᠳᠠᠬᠤ ᠪᠦᠮᠪᠦᠭᠡ ᠶᠢᠨ ᠣᠷᠣᠯᠳᠣᠭᠠᠨ᠂ ᠡᠮᠡᠭᠳᠡᠶᠢᠴᠣᠳ ᠤᠨ | ᠠᠯᠠᠭᠠᠳᠠᠬᠤ ᠪᠦᠮᠪᠦᠭᠡ ᠶᠢᠨ ᠤᠷᠣᠯᠳᠣᠭᠠᠨ᠂ ᠶᠢᠰᠦᠳᠦᠬᠡᠷ ᠬᠤᠭᠤᠴᠠᠭᠠᠨ ᠤ 50 ᠨᠠᠰᠣ ᠠᠴᠠ ᠳᠠᠪᠠᠭᠰᠠᠨ ᠮᠠᠯᠴᠢᠨ ᠲᠠᠷᠢᠶᠠᠴᠢᠨ ᠤ ᠠᠯᠠᠭᠠᠳᠠᠬᠤ ᠪᠦᠮᠪᠦᠭᠡ ᠶᠢᠨ | ᠤᠷᠣᠯᠳᠣᠭᠠᠨ ᠵᠡᠷᠭᠡ ᠳᠣᠮᠳᠠ ᠪᠠᠭ᠎ᠠ ᠬᠡᠯᠪᠡᠷᠢ ᠶᠢᠨ ᠠᠯᠠᠭᠠᠳᠠᠬᠤ ᠪᠦᠮᠪᠦᠭᠡ ᠶᠢᠨ ᠣᠷᠣᠯᠳᠣᠭᠠᠨ ᠢ 60 ᠭᠠᠷᠤᠢ ᠣᠳᠠᠭ᠎ᠠ ᠶᠠᠪᠤᠭᠳᠠᠭᠤᠯᠤᠨ 1200 ᠬᠦᠮᠦᠨ | ᠣᠳᠠᠭ᠎ᠠ ᠣᠷᠣᠯᠴᠠᠪᠠ᠃ | ᠲᠤᠮᠤ ᠬᠡᠯᠪᠡᠷᠢ ᠶᠢᠨ ᠠᠯᠠᠭᠠᠳᠠᠬᠤ ᠪᠦᠮᠪᠦᠭᠡ ᠶᠢᠨ ᠣᠷᠣᠯᠳᠣᠭᠠᠨ ᠢ ᠦᠷᠨᠢᠬᠦᠯᠵᠦ᠂ ︽ᠠᠯᠠᠭᠠᠳᠠᠬᠤ ᠪᠦᠮᠪᠦᠭᠡ ᠶᠢᠨ ᠪᠠᠯᠭᠠᠰᠣ︾ ᠶᠢᠨ ᠨᠡᠷᠡᠲᠦ ᠲᠡᠮᠲᠡᠭ ᠢ | ᠡᠬᠦᠳᠪᠡ᠃ ︽ᠪᠦᠬᠦ ᠠᠷᠠᠳ᠂ ᠠᠯᠠᠭᠠᠳᠠᠬᠤ ᠪᠦᠮᠪᠦᠭᠡ᠂ ᠳᠣᠣᠷ᠎ᠠ ᠨᠡᠬᠦᠷᠡᠰᠦᠳᠦ᠋ᠷᠦᠭᠴᠢᠲᠦ᠂ ᠪᠦᠯᠬᠦᠮᠳᠡᠯ ᠨᠦᠬᠦᠷᠯᠡᠯ᠂ ᠡᠷᠡᠭᠦᠯ ᠡᠩᠬᠡ︾ ᠲᠠᠪᠤᠨ ᠲᠠᠯ᠎ᠠ ᠶᠢᠨ | ᠲᠤᠭᠤᠷᠢᠨ ᠳᠤ ᠦᠨᠳᠦᠷ ᠪᠦᠲᠦᠮᠵᠢᠲᠦ ᠨᠡᠶᠢᠬᠡᠮ ᠤᠨ ᠵᠠᠰᠠᠯᠲᠠ ᠶᠢ ᠠᠬᠢᠭᠤᠯᠤᠨ᠂ ︽ᠦᠵᠡᠰᠬᠦᠯᠡᠩᠲᠦ ᠨᠠᠩᠰᠣ ᠶᠢᠨ ᠪᠦᠬᠦ ᠠᠷᠠᠳ ᠤᠨ ᠠᠯᠠᠭᠠᠳᠠᠬᠤ ᠪᠦᠮᠪᠦᠭᠡ︾ | ᠶᠢᠨ ᠰᠣᠶᠣᠯ ᠤᠨ ᠨᠡᠷᠡᠲᠦ ᠲᠡᠮᠲᠡᠭ ᠢ ᠪᠠᠶᠢᠭᠤᠯᠪᠠ᠃ ︽ᠬᠤᠷᠢᠳᠣᠭᠠᠷ ᠶᠡᠭᠡ ᠬᠤᠷᠠᠯ ᠢᠶᠠᠨ ᠣᠭᠲᠣᠨ᠂ ᠪᠡᠶ᠎ᠡ ᠪᠠᠨ ᠴᠢᠬᠢᠷᠠᠭᠵᠢᠭᠤᠯᠬᠤ︾ ᠣᠲᠤᠭ ᠤᠨ ᠡᠮᠦᠨᠡᠲᠦ | ᠬᠤᠰᠢᠭᠤᠨ ᠤ ᠮᠠᠯᠴᠢᠨ ᠲᠠᠷᠢᠶᠠᠴᠢᠨ ᠤ ᠠᠯᠠᠭᠠᠳᠠᠬᠤ ᠪᠦᠮᠪᠦᠭᠡ ᠶᠢᠨ ᠰᠣᠶᠣᠯ ᠤᠷᠠᠯᠢᠭ ᠤᠨ ᠨᠠᠶᠢᠷ ᠢ ᠠᠮᠵᠢᠯᠲᠠᠲᠠᠢ ᠶᠠᠪᠤᠭᠳᠠᠭᠤᠯᠵᠤ᠂ ᠣᠷᠣᠨ ᠨᠣᠲᠤᠭ ᠤᠨ | ᠣᠨᠴᠠᠯᠢᠭᠲᠤ ᠪᠡᠶ᠎ᠡ ᠲᠠᠮᠢᠷ ᠤᠨ ᠠᠵᠤ ᠦᠢᠯᠡᠰ ᠤᠨ ᠨᠡᠷᠡᠲᠦ ᠲᠡᠮᠲᠡᠭᠲᠦ ᠣᠷᠣᠯᠳᠣᠭᠠᠨ ᠢ ᠡᠷᠴᠢᠮᠲᠡᠢ ᠬᠦᠭᠵᠢᠬᠦᠯᠦᠨ᠂ ︽ᠠᠯᠠᠭᠠᠳᠠᠬᠤ ᠪᠦᠮᠪᠦᠭᠡ ᠶᠢᠨ ᠣᠨᠴᠠᠯᠢᠭᠲᠤ | ᠪᠠᠯᠭᠠᠰᠣ︾ ᠶᠢᠨ ᠨᠦᠯᠦᠬᠡᠯᠡᠯ ᠢ ᠣᠯᠠᠮ ᠦᠷᠬᠡᠳᠬᠡᠬᠦ ᠰᠠᠭᠤᠷᠢ ᠶᠢ ᠪᠠᠬᠢᠵᠢᠬᠦᠯᠪᠡ᠃ | ᠳᠠᠷᠠᠭ᠎ᠠ ᠠᠯᠬᠤᠮ ᠳᠤ᠂ ᠨᠠᠩᠰᠣ ᠪᠠᠯᠭᠠᠰᠣ ᠦᠷᠬᠦᠯᠵᠢᠯᠡᠨ ᠬᠦᠴᠦᠯᠡᠵᠦ᠂ ᠠᠯᠠᠭᠠᠳᠠᠬᠤ ᠪᠦᠮᠪᠦᠭᠡ ᠶᠢᠨ ᠰᠣᠶᠣᠯ ᠤᠨ ᠰᠠᠭᠤᠷᠢ ᠳᠦᠬᠦᠬᠡᠷᠦᠮᠵᠢ ᠶᠢᠨ | ᠪᠠᠶᠢᠭᠤᠯᠤᠯᠲᠠ ᠶᠢᠨ ᠲᠡᠬᠦᠯᠳᠡᠷᠵᠢᠬᠦᠯᠦᠯᠲᠡ᠂ ᠠᠯᠠᠭᠠᠳᠠᠬᠤ ᠪᠦᠮᠪᠦᠭᠡ ᠶᠢᠨ ᠰᠣᠶᠣᠯ ᠤᠨ ᠠᠭᠤᠲᠠᠯᠠᠯᠲᠠ ᠪᠠ ᠦᠷᠬᠡᠳᠬᠡᠯ᠂ ᠠᠯᠠᠭᠠᠳᠠᠬᠤ ᠪᠦᠮᠪᠦᠭᠡ ᠶᠢᠨ ᠰᠣᠶᠣᠯ | ᠤᠨ ᠠᠴᠢᠶᠠᠯᠠᠭᠴᠢ ᠶᠢᠨ ᠪᠠᠶᠠᠯᠢᠭᠵᠢᠭᠤᠯᠤᠯᠲᠠ᠂ ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠬᠦᠳᠡᠯᠬᠡᠬᠡᠨ ᠤ ᠣᠬᠠᠭᠤᠯᠭ᠎ᠠ ᠶᠢᠨ ᠳᠠᠪᠴᠠᠩ ᠤᠨ | ᠴᠤᠭᠴᠠᠯᠠᠯᠲᠠ᠂ ᠣᠷᠣᠯᠳᠣᠭᠠᠨ ᠤ ᠰᠢᠰᠲ᠋ᠧᠮᠲᠦ ᠴᠢᠨᠠᠷᠲᠠᠢ ᠬᠦᠭᠵᠢᠯᠲᠡ ᠶᠢᠨ ᠵᠠᠭᠪᠤᠷ ᠤᠨ ᠪᠠᠶᠢᠭᠤᠯᠤᠯᠲᠠ᠂ ᠠᠯᠠᠭᠠᠳᠠᠬᠤ ᠪᠦᠮᠪᠦᠭᠡ ᠶᠢᠨ ᠣᠷᠣᠯᠳᠣᠭᠠᠨ ᠤ | ᠲᠣᠰᠬᠠᠢ ᠮᠡᠷᠬᠡᠵᠢᠯ ᠤᠨ ᠴᠢᠨᠠᠷᠲᠠᠢ ᠬᠠᠮᠢᠶᠠᠷᠤᠯᠲᠠ ᠶᠢᠨ ᠵᠠᠭᠪᠤᠷ ᠵᠡᠷᠭᠡ ᠲᠠᠯ᠎ᠠ ᠪᠠᠷ ᠬᠦᠨᠵᠡᠬᠡᠢ ᠠᠭᠤᠲᠠᠯᠠᠵᠤ ᠨᠠᠷᠢᠯᠢᠭ ᠰᠣᠳᠣᠯᠣᠨ᠂ ᠠᠯᠠᠭᠠᠳᠠᠬᠤ ᠪᠦᠮᠪᠦᠭᠡ ᠶᠢᠨ | ᠰᠣᠶᠣᠯ ᠤᠨ ᠠᠭᠤᠯᠤᠭᠳᠠᠬᠤᠨ ᠢ ᠲᠠᠰᠣᠷᠠᠯᠲᠠ ᠦᠬᠡᠢ ᠲᠡᠬᠦᠯᠳᠡᠷᠵᠢᠬᠦᠯᠵᠦ᠂ ︽ᠨᠠᠩᠰᠣ ᠪᠠᠯᠭᠠᠰᠣᠨ ᠤ ᠠᠯᠠᠭᠠᠳᠠᠬᠤ ᠪᠦᠮᠪᠦᠭᠡ ᠶᠢᠨ ᠵᠣᠷᠢᠭ ᠰᠠᠨᠠᠭ᠎ᠠ︾ ᠶᠢ ᠪᠤᠢ | ᠪᠤᠯᠭᠠᠨ᠂ ᠪᠡᠶ᠎ᠡ ᠲᠠᠮᠢᠷ ᠢᠶᠠᠷ ᠠᠮᠢᠵᠢᠷᠠᠯ ᠤᠨ ᠬᠦᠴᠦᠨ ᠢ ᠳᠠᠶᠢᠴᠢᠯᠠᠵᠤ᠂ ᠪᠠᠯᠭᠠᠰᠣᠨ ᠤ ᠨᠦᠯᠦᠬᠡᠯᠡᠬᠦ ᠬᠦᠴᠦᠨ ᠪᠠ ᠠᠯᠳᠠᠷᠰᠢᠯ ᠢ ᠳᠡᠭᠡᠭᠰᠢᠯᠡᠬᠦᠯᠦᠨ᠂ ᠰᠣᠶᠣᠯ | ᠪᠡᠶ᠎ᠡ ᠲᠠᠮᠢᠷ ᠤᠨ ᠨᠦᠬᠦᠷᠰᠡᠭ ᠬᠤᠯᠪᠤᠭ᠎ᠠ ᠪᠠᠷ ᠪᠦᠯᠬᠦᠮᠳᠡᠯ ᠨᠢᠭᠲᠠᠷᠠᠯ ᠢ ᠬᠦᠨᠵᠡᠬᠡᠶᠢᠷᠡᠬᠦᠯᠵᠦ᠂ ᠮᠠᠯᠴᠢᠨ ᠲᠠᠷᠢᠶᠠᠴᠢᠨ ᠢ ᠳᠠᠶᠢᠴᠢᠯᠠᠵᠤ ᠪᠡᠶ᠎ᠡ ᠲᠠᠮᠢᠷ ᠤᠨ | ᠬᠦᠳᠡᠯᠭᠡᠭᠡᠨ ᠳᠤ ᠢᠳᠡᠪᠬᠢᠲᠡᠢ ᠪᠠᠷ ᠣᠷᠣᠯᠴᠠᠭᠤᠯᠤᠨ᠂ ᠡᠷᠡᠭᠦᠯ ᠡᠩᠬᠡ ᠪᠡᠶ᠎ᠡ ᠮᠠᠬᠠᠪᠤᠳ᠂ ᠣᠬᠢ ᠰᠠᠶᠢᠨ ᠬᠡᠪ ᠳᠦᠷᠬᠦ ᠪᠠᠷ ᠨᠢᠬᠡᠳᠦᠮᠡᠯ ᠹᠷᠣᠨᠲ ᠤᠨ ᠨᠡᠷᠡᠲᠦ | ᠲᠡᠮᠲᠡᠭ ᠢ ᠰᠢᠨᠡᠴᠢᠯᠡᠨ ᠪᠠᠶᠢᠭᠤᠯᠵᠤ᠂ ᠨᠠᠩᠰᠣ ᠪᠠᠯᠭᠠᠰᠣᠨ ᠤ ᠨᠢᠭᠡᠳᠦᠮᠡᠯ ᠹᠷᠣᠨᠲ ᠤᠨ ᠪᠦᠯᠬᠦᠮ ᠤᠨ ᠪᠦᠯᠬᠦᠮᠳᠡᠯ ᠨᠢᠭᠲᠠᠷᠠᠯ᠂ ᠣᠷᠣᠭᠰᠢᠯᠠᠯᠲᠠ ᠳᠠᠪᠰᠢᠯᠲᠠ ᠶᠢᠨ | ᠣᠬᠢ ᠰᠠᠶᠢᠨ ᠣᠶᠣᠨ ᠰᠠᠨᠠᠭᠠᠨ ᠤ ᠬᠡᠪ ᠳᠦᠷᠬᠦ ᠶᠢ ᠢᠯᠡᠷᠡᠬᠦᠯᠦᠭᠰᠡᠨ ᠭᠤᠴᠤ ᠨᠡᠷ᠎ᠡ ᠶᠢᠨ ᠬᠠᠭᠤᠳᠠᠰᠣ ᠶᠢ ᠪᠤᠢ ᠪᠤᠯᠭᠠᠨ᠎ᠠ᠃ |