ᠠᠷᠯᠠᠢ ᠭᠠᠴᠠᠭ᠎ᠠ ᠨᠠᠩᠰᠣ ᠪᠠᠯᠭᠠᠰᠣᠨ ᠠᠴᠠ ᠪᠠᠷᠠᠭᠤᠨ ᠬᠤᠶᠢᠰᠢ 73 ᠺᠢᠯᠦᠮᠧᠲᠷ ᠵᠠᠶᠢᠲᠠᠢ ᠪᠠᠶᠢᠷᠢᠯᠠᠵᠤ᠂ ᠨᠡᠶᠢᠲᠡᠯᠢᠭ ᠲᠠᠷᠢᠵᠤ ᠲᠡᠵᠢᠭᠡᠬᠦ ᠶᠢ | ᠣᠶᠠᠯᠳᠣᠭᠤᠯᠣᠭᠰᠠᠨ ᠮᠠᠯᠵᠢᠬᠤ ᠭᠠᠴᠠᠭ᠎ᠠ ᠪᠣᠯᠣᠨ᠎ᠠ᠂ ᠨᠣᠲᠤᠭ ᠪᠡᠯᠴᠢᠭᠡᠷ ᠤᠨ ᠶᠠᠷᠦᠩᠬᠡᠢ ᠲᠠᠯᠠᠪᠠᠢ 52 ᠲᠦᠮᠡᠨ ᠮᠣ᠋᠂ ᠡᠭᠦᠨ ᠳᠤ ᠲᠦᠪᠡᠳ ᠬᠠᠷᠭᠠᠨ᠎ᠠ ᠶᠢᠨ | ᠬᠠᠮᠠᠭᠠᠯᠠᠯᠲᠠ ᠶᠢᠨ ᠣᠷᠣᠨ 17 ᠲᠦᠮᠡᠨ ᠮᠣ᠋ ᠪᠠᠶᠢᠳᠠᠭ᠃ ᠨᠡᠶᠢᠲᠡ 192 ᠡᠷᠦᠬᠡ 506 ᠬᠦᠮᠦᠨ ᠠᠮᠠ ᠲᠠᠢ᠂ ᠪᠠᠶᠢᠩᠭᠤ ᠰᠠᠭᠤᠭ᠎ᠠ 123 ᠡᠷᠦᠬᠡ 358 | ᠬᠦᠮᠦᠨ᠂ ᠣᠳᠣ ᠪᠠᠶᠢᠭ᠎ᠠ ᠨᠠᠮ ᠤᠨ ᠬᠡᠰᠢᠭᠦᠨ 20 ᠬᠦᠮᠦᠨ᠂ ᠡᠮᠡᠭᠲᠡᠢ ᠨᠠᠮ ᠤᠨ ᠬᠡᠰᠢᠭᠦᠨ 3 ᠬᠦᠮᠦᠨ᠂ ᠬᠠᠷᠢᠶᠠᠨ ᠳᠤ ᠨᠢ 5 ᠮᠠᠯᠵᠢᠯ ᠤᠨ ᠬᠤᠷᠰᠢᠶ᠎ᠠ ᠲᠠᠢ᠃ | ᠡᠪᠡᠰᠦ ᠪᠣᠷᠳᠣᠭᠠᠨ ᠤ ᠰᠠᠭᠤᠷᠢᠨ ᠭᠠᠵᠠᠷ 24000 ᠮᠣ᠋᠂ ᠡᠭᠦᠨ ᠳᠤ ᠴᠢᠨᠡᠷ ᠰᠠᠶᠢᠲᠠᠢ ᠲᠡᠵᠢᠭᠡᠯ ᠡᠪᠡᠰᠦ 12000 ᠮᠣ᠋᠂ ᠮᠠᠯ ᠤᠨ ᠶᠠᠷᠦᠩᠬᠡᠢ ᠲᠤᠭ᠎ᠠ 5 ᠲᠦᠮᠡ | ᠭᠠᠷᠣᠢ ᠲᠤᠯᠣᠭᠠᠢ᠂ 2017 ᠣᠨ ᠤ ᠮᠠᠯᠴᠢᠨ ᠲᠠᠷᠢᠶᠠᠴᠢᠨ ᠤ ᠬᠦᠮᠦᠨ ᠳᠣᠮᠳᠠᠴᠢ ᠶᠢᠨ ᠣᠷᠣᠯᠭ᠎ᠠ 35000 ᠲᠦᠭᠦᠷᠢᠭ᠃ ᠤᠶᠢᠷ᠎ᠡ ᠶᠢᠨ ᠬᠤᠶᠠᠷ ᠵᠢᠯ ᠳᠤ | ᠭᠠᠴᠠᠭᠠᠨ ᠤ ᠬᠢᠨ ᠦᠪᠡᠷᠲᠡᠭᠡᠨ ᠵᠠᠰᠠᠬᠤ ᠣᠷᠣᠨ ᠤ ︽ᠦᠵᠡᠰᠬᠦᠯᠡᠩᠲᠦ ᠰᠠᠶᠢᠬᠠᠨ ᠬᠦᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ︾ ᠶᠢᠨ ᠢᠨᠵᠧᠨᠧᠷᠢᠩ ᠤᠨ | ᠠᠰᠢᠭᠲᠠᠢ ᠲᠤᠬᠢᠶᠠᠯ ᠢ ᠪᠠᠲᠣ ᠡᠵᠡᠮᠳᠡᠨ᠂ ᠭᠤᠷᠪᠠᠨ ᠭᠤᠣᠯᠳᠠᠯᠭᠠᠲᠣ ᠠᠵᠢᠯ ᠢ ᠨᠢᠭᠡᠳᠦᠯᠲᠡᠢ ᠲᠦᠯᠦᠪᠵᠢᠭᠦᠯᠦᠨ ᠠᠬᠢᠭᠤᠯᠵᠤ᠂ ᠠᠵᠤ ᠦᠢᠯᠡᠰ ᠤᠨ ᠰᠠᠭᠤᠷᠢ ᠲᠠᠢ᠂ | ᠣᠷᠣᠯᠭ᠎ᠠ ᠶᠢᠨ ᠨᠡᠮᠡᠭᠳᠡᠯ ᠤᠨ ᠬᠦᠳᠡᠯᠭᠡᠭᠴᠢ ᠬᠦᠴᠦᠨ ᠲᠠᠢ᠂ ᠨᠡᠶᠢᠲᠠ ᠶᠢᠨ ᠦᠢᠯᠡᠴᠢᠯᠡᠭᠡ ᠶᠢᠨ ᠲᠠᠪᠴᠠᠩ ᠲᠠᠢ᠂ ᠰᠠᠭᠤᠷᠢ ᠲᠦᠭᠦᠭᠡᠷᠦᠮᠵᠢ ᠶᠢᠨ ᠪᠠᠲᠤᠯᠠᠭ᠎ᠠ ᠲᠠᠢ | ᠣᠳᠣ ᠦᠶ᠎ᠡ ᠶᠢᠨ ᠰᠢᠨ᠎ᠡ ᠮᠠᠯᠵᠢᠬᠤ ᠣᠷᠣᠨ ᠢ ᠠᠩᠬ᠎ᠠ ᠠᠯᠬᠤᠮ ᠪᠠᠶᠢᠭᠤᠯᠣᠭᠰᠠᠨ ᠠᠴᠠ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠣᠷᠠᠯ ᠤᠨ ᠨᠦᠬᠦᠴᠡᠯ | ᠣᠷᠢᠳ ᠭᠠᠷᠤᠭ᠎ᠠ ᠦᠭᠡᠢ ᠬᠤᠪᠢᠷᠠᠯᠲᠠ ᠲᠠᠢ ᠪᠣᠯᠵᠠᠢ᠃ ᠨᠢᠭᠡ ᠳᠤ ᠰᠠᠭᠤᠷᠢ ᠲᠦᠭᠦᠭᠡᠷᠦᠮᠵᠢ ᠶᠢᠨ ᠲᠣᠲᠠᠭᠤᠳᠠᠯ ᠢ ᠨᠦᠬᠦᠪᠦᠷᠢᠯᠡᠪᠡ᠃ ᠣᠷᠢᠳ ᠬᠤᠵᠢᠳ 123 | ᠡᠷᠦᠬᠡ ᠳᠤ ᠠᠶᠣᠯᠭᠦᠢ ᠣᠣᠭᠤᠬᠤ ᠣᠰᠣᠨ ᠤ ᠢᠨᠵᠧᠨᠧᠷᠢᠩ ᠢ ᠬᠡᠷᠡᠭᠵᠢᠭᠦᠯᠦᠨ᠂ 123 ᠡᠷᠦᠬᠡ 358 ᠬᠦᠮᠦᠨ ᠲᠦᠭᠡᠭᠡᠯ ᠣᠰᠣ ᠬᠡᠷᠡᠭᠯᠡᠬᠦ ᠪᠣᠯᠪᠠ︔ 76 | ᠺᠢᠯᠦᠮᠧᠲᠷ ᠦᠨᠳᠦᠷ ᠬᠦᠴᠦᠳᠡᠯᠲᠦ᠂ 48 ᠺᠢᠯᠦᠮᠧᠲᠷ ᠳᠣᠣᠷ᠎ᠠ ᠬᠦᠴᠦᠳᠡᠯᠲᠦ ᠴᠠᠭᠢᠯᠭᠠᠨ ᠱᠣᠭᠤᠮ ᠢ ᠲᠠᠲᠠᠵᠤ᠂ ᠴᠠᠭᠢᠯᠭᠠᠨ ᠨᠠᠪᠲᠡᠷᠡᠭᠰᠡᠨ ᠨᠣᠷᠮ᠎ᠠ 100% ᠳᠤ | ᠬᠦᠷᠪᠡ︔ 3 ᠵᠣᠷᠪᠣᠰ 70.5 ᠺᠢᠯᠦᠮᠧᠲᠷ ᠭᠠᠴᠠᠭᠠᠨ ᠤ ᠲᠡᠰ ᠤᠨ ᠴᠠᠷᠳᠠᠮᠠᠯ ᠵᠠᠮ ᠢ ᠰᠢᠨ᠎ᠡ ᠪᠠᠷ ᠪᠠᠶᠢᠭᠤᠯᠵᠣ᠂ ᠭᠠᠴᠠᠭᠠᠨ ᠠᠴᠠ ᠭᠠᠷᠬᠤ᠂ ᠪᠠᠯᠭᠠᠰᠣᠨ ᠳᠤ | ᠣᠷᠣᠬᠤ᠂ ᠬᠤᠰᠢᠭᠤᠨ ᠳᠤ ᠬᠦᠷᠬᠦ ᠵᠠᠰᠠᠮᠠᠯ ᠵᠠᠮ ᠨᠡᠪᠲᠡᠷᠡᠪᠡ︔ 117 ᠡᠷᠦᠬᠡ ᠳᠤ ᠲᠧᠯᠸᠢᠰ ᠤᠨ ᠲᠤᠬᠢᠶ᠎ᠠ ᠶᠢ ᠡᠷᠦᠬᠡ ᠪᠣᠯᠭᠠᠨ ᠳᠤ ᠨᠡᠪᠲᠡᠷᠡᠭᠦᠯᠬᠦ | ᠢᠨᠵᠧᠨᠧᠷᠢᠩ ᠢ ᠬᠡᠷᠡᠭᠵᠢᠭᠦᠯᠦᠨ᠂ ᠮᠠᠯᠴᠢᠨ ᠲᠠᠷᠢᠶᠠᠴᠢᠨ ᠣᠳᠣᠨ ᠲᠧᠯᠸᠢᠰ ᠦᠵᠡᠵᠦ ᠳᠡᠶᠢᠯᠬᠦ ᠪᠠᠷ ᠦᠯᠦ ᠪᠠᠷᠠᠨ ᠬᠤᠰᠢᠭᠤᠨ ᠤ ᠦᠪᠡᠷᠲᠡᠭᠡᠨ ᠡᠷᠬᠢᠯᠡᠭᠰᠡᠨ | ᠲᠧᠯᠸᠢᠰ ᠫᠷᠤᠭ᠍ᠷᠠᠮ ᠢ ᠴᠣ᠋ ᠬᠦᠯᠢᠶᠠᠨ ᠦᠵᠡᠬᠦ ᠪᠣᠯᠪᠠ︔ ᠵᠤᠰᠠᠯᠠᠩ ᠮᠠᠶ᠋ᠢᠭ ᠤᠨ ᠣᠷᠣᠨ ᠰᠠᠭᠤᠴᠠ ᠶᠢ ᠰᠢᠨ᠎ᠡ ᠪᠠᠷ 43 ᠪᠠᠶᠢᠭᠤᠯᠣᠨ᠂ 21 ᠡᠷᠦᠬᠡ ᠶᠢᠨ ᠨᠣᠷᠠᠬᠤ | ᠠᠶᠤᠯᠲᠠᠢ ᠭᠡᠷ ᠪᠠᠶᠢᠰᠢᠩ ᠢ ᠦᠭᠡᠷᠡᠴᠢᠯᠡᠨ ᠰᠢᠨᠡᠳᠭᠡᠵᠦ᠂ 55 ᠡᠷᠦᠬᠡ ᠶᠢᠨ ᠡᠨᠧᠷᠬᠢ ᠠᠷᠪᠢᠯᠠᠬᠤ ᠦᠭᠡᠷᠡᠴᠢᠯᠡᠯᠲᠡ ᠶᠢ ᠪᠡᠶᠡᠯᠡᠭᠦᠯᠦᠨ᠂ ᠰᠢᠨ᠎ᠡ ᠪᠠᠷ 27 ᠬᠠᠰᠢᠶ᠎ᠠ | ᠰᠠᠷᠠᠪᠴᠢ ᠪᠠᠶᠢᠭᠤᠯᠪᠠ︔ ᠬᠦᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢ ᠦᠨᠳᠦᠰᠦᠨ ᠳᠤ ᠪᠠᠨ ᠪᠠᠶᠠᠯᠠᠭᠦᠯᠵᠦ᠂ ᠨᠠᠰᠣᠵᠢᠯ ᠤᠨ | ᠳᠠᠭᠠᠳᠬᠠᠯ ᠤᠨ ᠪᠠᠲᠤᠯᠠᠬᠤ ᠴᠢᠬᠤᠯᠠᠲᠠᠢ ᠪᠦᠬᠦᠳᠡ ᠶᠢ ᠪᠠᠲᠤᠯᠠᠭᠰᠠᠨ ᠠᠴᠠ ᠦᠷᠭᠡᠨ ᠤᠯᠠᠨ ᠮᠠᠯᠴᠢᠨ ᠲᠠᠷᠢᠶᠠᠴᠢᠨ ︽ᠪᠠᠭ᠎ᠠ ᠡᠪᠡᠳᠴᠢᠨ ᠢ ᠳᠡᠰᠪᠦᠷᠢᠯᠡᠵᠦ᠂ ᠶᠡᠭᠡ | ᠡᠪᠡᠳᠴᠢᠨ ᠳᠤ ᠠᠷᠭ᠎ᠠ ᠠᠯᠳᠠᠷᠠᠬᠤ︾ ᠭᠠᠴᠢᠭᠳᠠᠯ ᠠᠴᠠ ᠰᠠᠯᠣᠭᠰᠠᠨ ᠪᠠᠶᠢᠨ᠎ᠠ᠃ ᠬᠤᠶᠠᠷ ᠲᠤ ᠨᠡᠶᠢᠲᠡ ᠶᠢᠨ ᠦᠢᠯᠡᠴᠢᠯᠡᠬᠡᠨ ᠤ ᠲᠤᠲᠠᠭᠤᠳᠠᠯ ᠢ ᠨᠦᠬᠦᠪᠦᠷᠢᠯᠡᠪᠡ᠃ | ᠠᠶᠢᠯ ᠲᠤᠰᠬᠤᠨ ᠤ 3 ᠺᠢᠯᠦᠮᠧᠲᠷ ᠵᠡᠭᠡᠯᠢ ᠭᠤᠳᠣᠮᠵᠢ ᠂ ᠭᠠᠴᠠᠭᠠᠨ ᠤ 15000 ᠺᠦᠸᠠᠳ᠋ ᠮᠧᠲᠷ ᠠᠯᠪᠠᠯᠠᠬᠤ ᠭᠠᠵᠠᠷ ᠢ ᠬᠠᠲᠠᠭᠤᠵᠢᠭᠤᠯᠤᠨ ᠂ 20 ᠲᠦᠮᠡᠨ | ᠺᠦᠸᠠᠳ᠋ ᠮᠧᠲᠷ ᠨᠣᠭᠤᠭᠠᠵᠢᠭᠤᠯᠣᠯᠲᠠ ᠶᠢ ᠪᠠᠶᠠᠯᠠᠭᠦᠯᠵᠦ᠂ ᠨᠡᠶᠢᠲᠡ ᠶᠢᠨ ᠦᠢᠯᠡᠴᠢᠯᠡᠭᠡᠨ ᠤ ᠵᠡᠭᠡᠯᠢ ᠶᠢ ᠪᠠᠶᠢᠭᠤᠯᠪᠠ︔ 70 ᠺᠦᠸᠠᠳ᠋ ᠮᠧᠲᠷ ᠡᠷᠡᠭᠦᠯ | ᠬᠠᠮᠠᠭᠠᠯᠠᠯ ᠤᠨ ᠲᠠᠰᠤᠭ ᠢ ᠪᠠᠶᠢᠭᠤᠯᠵᠣ᠂ ᠡᠮᠴᠢ ᠰᠣᠪᠢᠯᠠᠭᠴᠢ ᠪᠠ ᠦᠷᠭᠦᠯᠵᠢ ᠬᠡᠷᠡᠭᠯᠡᠳᠡᠭ ᠡᠮ ᠢ ᠪᠦᠷᠢᠨ ᠪᠠᠯᠠᠳᠭᠡᠭᠡᠳ᠂ ᠣᠯᠠᠨ ᠲᠦᠮᠡᠨ ᠳᠤ ︽ᠪᠠᠭ᠎ᠠ | ᠡᠪᠡᠳᠴᠢᠨ ᠢ ᠭᠠᠴᠠᠭᠠᠨ ᠳᠤ ᠪᠠᠨ ᠡᠮᠨᠡᠬᠦ᠂ ᠲᠦᠷᠭᠡᠨ ᠡᠪᠡᠳᠴᠢᠲᠡᠨ ᠢ ᠡᠮᠨᠡᠯᠬᠡ ᠳᠤ ᠬᠦᠷᠭᠡᠬᠦ︾ ᠨᠦᠬᠦᠴᠡᠯ ᠲᠠᠢ ᠪᠣᠯᠭᠠᠪᠠ︔ 367 ᠺᠦᠸᠠᠳ᠋ ᠮᠧᠲᠷ | ᠰᠣᠶᠣᠯ ᠤᠨ ᠠᠵᠢᠯᠯᠠᠭᠠᠨ ᠤ ᠲᠦᠪ ᠪᠠ 400 ᠺᠦᠸᠠᠳ᠋ ᠮᠧᠲᠷ ᠠᠭᠤᠳᠠᠮ ᠲᠠᠯᠠᠪᠠᠢ ᠶᠢ ᠪᠠᠶᠢᠭᠤᠯᠵᠣ᠂ ᠣᠯᠠᠨ ᠲᠦᠮᠠᠨ ᠤ ᠠᠵᠢᠯ ᠤᠨ ᠴᠢᠯᠦᠬᠡᠨ ᠤ ᠰᠣᠶᠣᠯ ᠤᠨ | ᠠᠮᠢᠳᠣᠷᠠᠯ ᠳᠤ ᠨᠠᠶᠢᠲᠠᠪᠤᠷᠢᠲᠠᠢ ᠲᠠᠯᠠᠪᠣᠷ ᠬᠠᠩᠭᠠᠪᠠ︔ 2 ᠪᠠᠷᠢᠮᠵᠢᠶᠠᠵᠢᠭᠰᠠᠨ ᠬᠡᠲᠦ ᠳᠡᠯᠭᠡᠭᠦᠷ ᠢ ᠪᠠᠶᠢᠭᠤᠯᠵᠣ᠂ ᠣᠳᠣ ᠦᠶ᠎ᠡ ᠶᠢᠨ ᠮᠦᠩᠭᠦᠨ ᠬᠦᠢᠯᠭᠡᠭᠡᠨ ᠤ | ᠦᠢᠯᠡᠴᠢᠯᠡᠭᠡ ᠶᠢ ᠢᠵᠢ ᠪᠦᠷᠢᠳᠦᠭᠦᠯᠦᠨ᠂ ᠣᠯᠠᠨ ᠲᠦᠮᠡᠨ ᠤ ᠪᠠᠷᠠᠭ᠎ᠠ ᠬᠤᠳᠠᠯᠳᠣᠨ ᠠᠪᠬᠤ ᠪᠠ ᠵᠣᠭᠤᠰ ᠬᠠᠳᠠᠭᠠᠯᠠᠵᠤ ᠭᠠᠷᠭᠠᠬᠤ ᠳᠤ ᠳᠦᠭᠦᠮ ᠦᠵᠡᠭᠦᠯᠪᠡ᠃ |