ᠶᠡᠭᠡ ᠣᠰᠣ ᠭᠠᠴᠠᠭ᠎ᠠ ᠣᠯᠵᠠᠴᠢ ᠪᠠᠯᠭᠠᠰᠣᠨ ᠠᠴᠠ ᠬᠤᠶᠢᠰᠢ 15 ᠺᠢᠯᠣᠮᠧᠲᠷ ᠲᠤ ᠪᠠᠶᠢᠷᠢᠯᠠᠳᠠᠭ᠃ 1958 ᠣᠨ ᠳᠤ ᠶᠡᠭᠡ ᠣᠰᠣ ᠦᠢᠯᠡᠳᠪᠣᠷᠢᠯᠡᠯ | ᠤᠨ ᠶᠡᠭᠡ ᠪᠠᠷᠢᠭᠠᠳᠠ ᠪᠠᠶᠢᠭᠤᠯᠣᠭᠳᠠᠨ᠂ ᠮᠣᠭᠠᠶᠢᠲᠣ ᠠᠷᠠᠳ ᠤᠨ ᠨᠢᠬᠡᠳᠣᠯ ᠳᠤ ᠬᠠᠷᠢᠶᠠᠯᠠᠭᠳᠠᠵᠣ ᠪᠠᠶᠢᠪᠠ᠃ 1984 ᠣᠨ ᠳᠤ ᠭᠠᠴᠠᠭ᠎ᠠ ᠪᠣᠯᠭᠠᠨ | ᠦᠬᠡᠷᠡᠴᠢᠯᠡᠵᠣ᠂ 2005 ᠣᠨ ᠤ 6 ᠰᠠᠷ᠎ᠠ ᠳᠤ ᠨᠠᠩᠰᠣ ᠪᠠᠯᠭᠠᠰᠣᠨ ᠳᠤ ᠬᠠᠷᠢᠶᠠᠯᠠᠭᠤᠯᠣᠨ᠂ 2007 ᠣᠨ ᠤ 7 ᠰᠠᠷ᠎ᠠ ᠳᠤ ᠣᠯᠵᠠᠴᠢ ᠪᠠᠯᠭᠠᠰᠣᠨ ᠳᠤ | ᠬᠠᠷᠢᠶᠠᠯᠠᠭᠤᠯᠪᠠ᠃ 3 ᠮᠠᠯᠵᠢᠯ ᠤᠨ ᠬᠤᠷᠰᠢᠶ᠎ᠠ ᠲᠠᠢ᠂ ᠭᠠᠵᠠᠷ ᠰᠢᠷᠣᠢ ᠶᠢᠨ ᠶᠡᠷᠣᠩᠬᠡᠢ ᠲᠠᠯᠠᠪᠠᠢ 31.6 ᠲᠦᠮᠡᠨ ᠮᠣ᠋᠃ | ᠦᠢᠷ᠎ᠠ ᠶᠢᠨ ᠵᠢᠯ ᠳᠤ ᠶᠡᠭᠡ ᠣᠰᠣ ᠭᠠᠴᠠᠭᠠᠨ ᠤ ᠨᠠᠮ ᠤᠨ ᠡᠭᠦᠷ ︽ᠮᠠᠯ ᠠᠵᠤ ᠠᠬᠤᠢ ᠶᠢ ᠬᠦᠭᠵᠢᠭᠦᠯᠵᠦ ᠠᠷᠠᠳ ᠢᠶᠠᠨ ᠬᠠᠷᠠᠭᠠᠯᠵᠠᠬᠤ︾ ᠨᠠᠮ ᠤᠨ | ᠪᠠᠶᠢᠭᠤᠯᠤᠯᠲᠠ ᠶᠢᠨ ᠨᠡᠷᠡᠲᠤ ᠲᠡᠮᠲᠡᠭ ᠢᠶᠠᠷ ᠳᠠᠶᠢᠴᠢᠯᠠᠨ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ︽ᠭᠤᠷᠪᠠᠨ ᠲᠦᠪ᠂ ᠭᠤᠷᠪᠠᠨ ᠰᠠᠭᠤᠷᠢᠨ | ᠭᠠᠵᠠᠷ︾ ᠤᠨ ᠲᠦᠯᠦᠪᠵᠢᠭᠦᠯᠭᠡ ᠪᠠᠶᠢᠷᠢᠯᠠᠭᠤᠯᠤᠯᠲᠠ ᠶᠢᠨ ᠲᠤᠭᠤᠷᠢᠨ ᠳᠤ ᠶᠡᠭᠡ ᠤᠰᠤ ᠭᠠᠴᠠᠭ᠎ᠠ ᠪᠠᠨ ᠪᠦᠬᠦ ᠬᠤᠰᠢᠭᠤᠨ ᠤ ᠮᠠᠯ ᠲᠠᠷᠢᠶᠠᠯᠠᠩ ᠤᠨ ᠰᠢᠯᠢᠳᠡᠭ | ᠪᠦᠲᠦᠭᠡᠭᠳᠡᠬᠦᠨ ᠤ ᠭᠠᠷᠭᠠᠯᠲᠠ ᠶᠢᠨ ᠭᠠᠵᠠᠷ ᠪᠣᠯᠭᠠᠨ ᠪᠠᠶᠢᠭᠤᠯᠬᠤ ᠪᠠᠷ ᠬᠠᠷᠠᠯᠲᠠ ᠪᠣᠯᠭᠠᠵᠤ᠂ ︽ᠭᠤᠷᠪᠠᠵᠢᠭᠤᠯᠤᠯᠲᠠ ᠭᠤᠷᠪᠠᠨ ᠬᠢᠯᠬᠢᠶᠡᠵᠡᠯ ᠤᠯᠠᠨ ᠡᠰᠢᠲᠦ︾ | ᠠᠵᠢᠯ ᠤᠨ ᠵᠠᠭᠪᠤᠷ ᠢ ᠬᠡᠷᠡᠭᠵᠢᠭᠦᠯᠦᠨ᠂ ᠨᠠᠮ ᠤᠨ ᠡᠭᠦᠷ ᠳᠠᠶᠢᠴᠢᠯᠠᠬᠤ ᠳᠠᠪᠴᠠᠩ ᠲᠠᠢ᠂ ᠣᠯᠠᠨ ᠲᠦᠮᠡᠨ ᠦᠢᠯᠡᠰ ᠪᠦᠲᠦᠭᠡᠬᠦ ᠳᠠᠪᠴᠠᠩ ᠲᠠᠢ᠂ ᠨᠠᠮ ᠤᠨ | ᠭᠡᠰᠢᠭᠦᠳ ᠣᠯᠠᠨ ᠲᠦᠮᠡᠨ ᠬᠠᠮᠲᠤᠪᠡᠷ ᠠᠷᠠᠳ ᠢᠶᠠᠨ ᠴᠢᠨᠡᠭᠡᠯᠡᠭᠵᠢᠭᠦᠯᠵᠦ ᠭᠠᠴᠠᠭ᠎ᠠ ᠪᠠᠨ ᠬᠦᠭᠵᠢᠭᠦᠯᠬᠦ ᠣᠬᠢ ᠰᠠᠶᠢᠨ ᠲᠦᠯᠦᠪ ᠪᠠᠶᠢᠳᠠᠯ ᠢ ᠪᠦᠷᠢᠯᠳᠦᠭᠦᠯᠪᠡ᠃ |