ᠨᠠᠩᠰᠣ ᠭᠠᠴᠠᠭ᠎ᠠ
ᠨᠡᠶᠢᠲᠡᠯᠡᠭᠰᠡᠨ ᠴᠠᠭ᠄
2023/3/28
     ᠨᠠᠩᠰᠣ ᠭᠠᠴᠠᠭᠠᠨ ᠤ ᠠᠯᠪᠠᠯᠠᠬᠤ ᠭᠠᠵᠠᠷ ᠪᠠᠯᠭᠠᠰᠤᠨ ᠲᠤᠭᠤᠷᠢᠭ ᠤᠨ ᠪᠠᠶᠢᠭ᠎ᠠ ᠭᠠᠵᠠᠷ ᠲᠤ ᠪᠠᠶᠢᠷᠢᠯᠡᠵᠦ᠂ ᠬᠠᠷᠢᠶᠠᠨ ᠳᠤ ᠨᠢ 5 ᠮᠠᠯᠵᠢᠯ ᠤᠨ ᠬᠤᠷᠰᠢᠶ᠎ᠠ ᠲᠠᠢ᠂ ᠨᠡᠶᠢᠲᠡ 274 ᠡᠷᠦᠬᠡ 871 ᠬᠦᠮᠦᠨ ᠠᠮᠠ ᠲᠠᠢ᠂ ᠡᠭᠦᠨ ᠳᠤ  ᠪᠠᠶᠢᠩᠭᠤ ᠰᠠᠭᠤᠭ᠎ᠠ 202 ᠡᠷᠦᠬᠡ 774 ᠬᠦᠮᠦᠨ᠂ ᠮᠣᠩᠭᠤᠯ ᠦᠨᠳᠦᠰᠦᠲᠡᠨ ᠢᠶᠠᠷ ᠭᠤᠣᠯ ᠴᠣᠭᠴᠠ ᠪᠣᠯᠭᠠᠵᠣ᠂ ᠮᠠᠯ ᠠᠵᠣ ᠠᠬᠤᠢ ᠪᠠᠷ ᠭᠤᠣᠯ ᠪᠣᠯᠭᠠᠨ᠂ ᠮᠠᠯ ᠲᠠᠷᠢᠶᠠᠯᠠᠩ ᠢ ᠬᠠᠮᠲᠣ ᠬᠦᠭᠵᠢᠭᠦᠯᠦᠭᠰᠡᠨ ᠭᠠᠴᠠᠭ᠎ᠠ ᠪᠣᠯᠣᠨ᠎ᠠ᠃ ᠶᠡᠷᠦᠩᠬᠡᠢ ᠲᠠᠯᠠᠪᠠᠢ 48 ᠲᠦᠮᠡᠨ ᠮᠣ᠋᠂ ᠪᠦᠲᠦᠮᠵᠢᠲᠠᠢ ᠣᠰᠣᠯᠠᠯᠲᠠ ᠶᠢᠨ ᠲᠠᠯᠠᠪᠠᠢ 23000 ᠮᠤ᠋᠂ ᠮᠠᠯ ᠤᠨ ᠶᠡᠷᠦᠩᠬᠡᠢ ᠲᠤᠭ᠎ᠠ 28366 ᠲᠤᠯᠤᠭᠠᠢ᠂ ᠬᠦᠮᠦᠨ ᠳᠣᠮᠳᠠᠴᠢ ᠶᠢᠨ ᠣᠷᠣᠯᠭ᠎ᠠ 1.5 ᠲᠦᠮᠡᠨ ᠲᠦᠭᠦᠷᠢᠭ᠃ ᠶᠦᠩ ᠰᠢᠨ ᠮᠠᠯᠵᠢᠯ ᠤᠨ ᠬᠠᠮᠲᠤᠷᠠᠯ ᠬᠤᠷᠰᠢᠶ᠎ᠠ ᠪᠠᠶᠢᠭᠤᠯᠣᠨ᠂ ᠮᠠᠯᠴᠢᠨ ᠲᠠᠷᠢᠶᠠᠴᠢᠨ ᠳᠤ ᠮᠠᠯ ᠪᠣᠷᠣᠯᠠᠭᠤᠯᠬᠤ ᠦᠢᠯᠡᠴᠢᠯᠡᠭᠡ ᠬᠠᠩᠭᠠᠵᠣ᠂ ᠰᠢᠩ ᠮᠢᠨ ᠲᠠᠷᠢᠶᠠᠯᠠᠩ ᠤᠨ ᠮᠠᠰᠢᠨ ᠤ ᠦᠢᠯᠡᠴᠢᠯᠡᠬᠡᠨ ᠤ ᠠᠩᠬᠢ ᠪᠠᠶᠢᠭᠤᠯᠵᠣ᠂ ᠪᠦᠬᠦ ᠭᠠᠴᠠᠭᠠᠨ ᠤ ᠮᠠᠯᠴᠢᠨ ᠲᠠᠷᠢᠶᠠᠴᠢᠨ ᠳᠤ ᠬᠠᠭᠠᠯᠪᠤᠷᠢᠯᠠᠬᠤ᠂ ᠲᠠᠷᠢᠬᠤ  ᠦᠷᠡᠯᠡᠬᠦ ᠦᠢᠯᠡᠴᠢᠯᠡᠭᠡ ᠬᠠᠩᠭᠠᠵᠣ ᠪᠣᠢ᠃ ᠭᠠᠴᠠᠭᠠᠨ ᠳᠤ ᠲᠡᠵᠢᠭᠡᠯ ᠡᠪᠡᠰᠦ ᠪᠣᠷᠳᠤᠭ᠎ᠠ ᠪᠣᠯᠪᠠᠰᠣᠷᠠᠭᠤᠯᠬᠤ ᠦᠢᠯᠡᠳᠪᠦᠷᠢ ᠲᠠᠢ᠂ ᠴᠠᠬᠢᠯᠭᠠᠨ  ᠨᠡᠪᠲᠡᠷᠡᠭᠰᠡᠨ ᠨᠣᠷᠮ᠎ᠠ 97 % ᠠᠴᠠ ᠳᠠᠪᠠᠵᠣ᠂ ᠰᠢᠨ᠎ᠡ ᠪᠠᠷ ᠪᠠᠶᠢᠭᠤᠯᠣᠭᠰᠠᠨ ᠪᠠ ᠰᠢᠨᠡᠳᠭᠡᠨ ᠵᠠᠰᠠᠭᠰᠠᠨ ᠵᠠᠮ 29.1  ᠺᠢᠯᠦᠮᠧᠲᠷ ᠲᠤ ᠬᠦᠷᠪᠡ᠃
ᠢᠷᠡᠯᠲᠡ᠄ ᠲᠣᠰ ᠰᠦᠯᠵᠢᠶ᠎ᠡ